ᠦᠬᠠᠢ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ︽ᠬᠤᠶᠠᠷ ᠰᠢᠯᠢᠳᠡᠭ︾ ᠤᠨ ᠠᠵᠢᠯ ᠤᠨ ᠲᠤᠬᠠᠢ ᠲᠤᠰᠬᠠᠢ ᠰᠡᠳᠦᠪᠲᠦ ᠬᠡᠯᠲᠡᠰ ᠡᠷᠭᠢᠯᠡᠪᠡ
ᠨᠡᠶᠢᠲᠡᠯᠡᠭᠰᠡᠨ ᠴᠠᠭ᠄
2022/12/27
      ᠦᠬᠠᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ ᠶᠢ ᠰᠢᠯᠢᠳᠡᠭᠵᠢᠭᠦᠯᠬᠦ ᠠᠵᠢᠯ ᠤᠨ ᠴᠤᠪᠤᠷᠠᠯ ᠢ ᠰᠢᠯᠢᠳᠡᠭᠵᠢᠭᠦᠯᠬᠦ ᠲᠤᠰᠬᠠᠢ ᠠᠵᠢᠯᠯᠠᠭ᠎ᠠ ᠶᠢ ᠥᠷᠨᠢᠭᠦᠯᠬᠦ ᠲᠤᠬᠠᠢ ᠡᠯ᠎ᠡ ᠵᠦᠢᠯ ᠤᠨ ᠡᠭᠦᠷᠭᠡ ᠶᠢᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 12 ᠰᠠᠷ᠎ᠠ ᠶᠢᠨ 20 ᠤ ᠡᠳᠦᠷ ᠦᠬᠠᠢ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ︽ᠬᠤᠶᠠᠷ ᠰᠢᠯᠢᠳᠡᠭ︾ ᠤᠨ ᠠᠵᠢᠯ ᠤᠨ ᠲᠤᠬᠠᠢ ᠲᠤᠰᠬᠠᠢ ᠰᠡᠳᠦᠪᠲᠦ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃      ᠬᠤᠷᠠᠯ ᠳᠡᠭᠡᠷ᠎ᠡ᠂ ᠲᠣᠪᠴᠢᠶ᠎ᠠ ᠶᠢᠨ ᠤᠳᠤᠷᠢᠳᠤᠯᠭ᠎ᠠ ︽︿ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠰᠢᠯᠢᠳᠡᠭᠵᠢᠭᠦᠯᠬᠦ ᠠᠵᠢᠯ ᠤᠨ ᠴᠤᠪᠤᠷᠠᠯ ᠢ ᠰᠢᠯᠢᠳᠡᠭᠵᠢᠭᠦᠯᠬᠦ﹀ ᠲᠤᠰᠬᠠᠢ ᠠᠵᠢᠯᠯᠠᠭ᠎ᠠ ᠶᠢ ᠥᠷᠨᠢᠭᠦᠯᠵᠦ ᠶᠡᠭᠡ ᠲᠠᠯ᠎ᠠ ᠳᠤ ᠦᠢᠯᠡᠴᠢᠯᠡᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠤᠬᠠᠢ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠭᠰᠠᠨ ᠤ ᠬᠠᠮᠲᠤ᠂ ᠦᠬᠠᠢ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠶᠢᠨ ︽ᠬᠤᠶᠠᠷ ᠰᠢᠯᠢᠳᠡᠭ︾ ᠤᠨ ᠠᠵᠢᠯ ᠢ ᠬᠡᠷᠬᠢᠨ ᠥᠷᠨᠢᠭᠦᠯᠬᠦ ᠲᠤᠬᠠᠢ ᠲᠤᠰᠬᠠᠢ ᠰᠡᠳᠦᠪᠲᠦ ᠪᠠᠶᠢᠷᠢᠯᠠᠭᠤᠯᠤᠯᠲᠠ ᠬᠢᠪᠡ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠠᠯᠠᠭ᠎ᠠ ᠲᠠᠰᠤᠭ᠂ ᠡᠯ᠎ᠡ ᠬᠤᠶᠠᠳᠤᠭᠠᠷ ᠳᠡᠰ ᠤᠨ ᠨᠢᠭᠡᠴᠢ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠬᠤᠶᠠᠷ ᠰᠢᠯᠢᠳᠡᠭ︾ ᠤᠨ ᠲᠤᠰᠬᠠᠢ ᠠᠵᠢᠯᠯᠠᠭ᠎ᠠ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠲᠣᠰ ᠤᠳᠠᠭᠠᠨ ᠤ ᠲᠤᠰᠬᠠᠢ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠬᠠᠤᠯᠢ ᠴᠠᠭᠠᠵᠠ ᠬᠠᠤᠯᠢ ᠲᠣᠭᠲᠠᠭᠠᠯ ᠪᠠ ︽ᠭᠤᠷᠪᠠ ᠶᠢ ᠲᠣᠭᠲᠠᠭᠠᠬᠤ︾ ᠲᠣᠭᠲᠠᠭᠠᠯ ᠢ ᠴᠢᠩᠭ᠎ᠠ ᠵᠢᠷᠤᠮᠯᠠᠨ᠂ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ ᠪᠠᠨ ᠬᠢᠨᠠᠮᠠᠭᠠᠢ ᠡᠮᠬᠢᠯᠡᠨ ᠳᠢᠭᠯᠡᠵᠦ᠂ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠪᠣᠶ ᠪᠣᠯᠭᠠᠵᠤ᠂ ︽ᠡᠷᠬᠡ ᠶᠢ ᠳᠣᠷᠣᠭᠰᠢ ᠪᠠᠭᠤᠯᠭᠠᠬᠤ᠂ ᠴᠢᠬᠤᠯᠠ ᠨᠥᠬᠦᠴᠡᠯ ᠢ ᠴᠣᠮᠬᠠᠳᠬᠠᠬᠤ᠂ ᠲᠠᠰ ᠳᠠᠷᠠᠭᠠᠯᠠᠯ ᠢ ᠳᠥᠭᠦᠮᠴᠢᠯᠡᠬᠦ᠂ ᠴᠠᠭ ᠤᠨ ᠬᠢᠵᠠᠭᠠᠷ ᠢ ᠪᠠᠭᠠᠰᠬᠠᠬᠤ︾ ᠳᠥᠷᠪᠡᠨ ᠲᠠᠯ᠎ᠠ ᠶᠢᠨ ᠲᠣᠭᠤᠷᠢᠨ ᠳᠤ᠂ ᠰᠠᠭᠤᠷᠢ ᠲᠤᠭ᠎ᠠ ᠶᠢ ᠠᠯᠢ ᠲᠦᠷᠭᠡᠨ ᠢᠶᠠᠷ ᠲᠣᠳᠣᠷᠬᠠᠢ ᠣᠶᠢᠯᠠᠭᠠᠵᠤ᠂ ᠦᠢᠯᠡᠴᠢᠯᠡᠭᠡ ᠶᠢ ᠳᠡᠭᠡᠭᠰᠢᠯᠡᠭᠦᠯᠬᠦ ᠴᠡᠭ ᠢ ᠡᠷᠢᠵᠦ᠂ ︽ᠬᠤᠶᠠᠷ ᠰᠢᠯᠢᠳᠡᠭ︾ ᠲᠤᠰᠬᠠᠢ ᠠᠵᠢᠯᠯᠠᠭ᠎ᠠ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠪᠡ ᠃ 
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号