ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠭᠡᠨ ᠤ ᠨᠥᠬᠦᠪᠦᠷᠢ ᠭᠤᠶᠤᠴᠢᠯᠠᠬᠤ ᠶᠢ ᠭᠦᠢᠴᠡᠳᠬᠡᠬᠦ ᠦᠢᠯᠡᠴᠢᠯᠡᠭᠡᠨ ᠤ ᠰᠢᠰᠲ᠋ᠧᠮ  ᠳᠠᠬᠢ ᠦᠢᠯᠡᠳᠪᠦᠷᠢᠯᠡᠯ ᠤᠨ ᠠᠵᠤ ᠠᠬᠤᠶᠢᠯᠠᠯ ᠤᠨ ᠮᠡᠳᠡᠭᠡ ᠵᠠᠩᠭᠢ ᠶᠢᠨ ᠣᠷᠣᠭᠤᠯᠤᠯᠲᠠ ᠶᠢᠨ ᠪᠦᠷᠢᠨ ᠪᠦᠲᠦᠨ ᠴᠢᠨᠠᠷ ᠪᠠ ᠵᠢᠷᠤᠮᠵᠢᠯ ᠤᠨ ᠴᠢᠨᠠᠷ ᠤᠨ ᠬᠢᠨᠠᠨ ᠬᠠᠷᠭᠤᠭᠤᠯᠵᠤ ᠰᠤᠭᠤᠴᠢᠨ ᠪᠠᠶᠢᠴᠠᠭᠠᠭᠰᠠᠨ ᠪᠠᠶᠢᠳᠠᠯ ᠤᠨ ᠲᠤᠬᠠᠢ ᠮᠡᠳᠡᠭᠡᠯᠡᠯ
ᠨᠡᠶᠢᠲᠡᠯᠡᠭᠰᠡᠨ ᠴᠠᠭ᠄
2022/12/27
ᠲᠠᠷᠢᠶᠠᠯᠠᠩ ᠤᠨ ᠮᠠᠰᠢᠨ ᠤ ᠦᠢᠯᠡᠳᠪᠦᠷᠢᠯᠡᠯ ᠤᠨ ᠠᠵᠤ ᠠᠬᠤᠶᠢᠯᠠᠯ ᠤᠳ ᠄      ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠭᠡᠨ ᠤ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠭᠡᠨ ᠤ ᠨᠥᠬᠦᠪᠦᠷᠢ ᠭᠤᠶᠤᠴᠢᠯᠠᠬᠤ ᠶᠢ ᠭᠦᠢᠴᠡᠳᠬᠡᠬᠦ ᠦᠢᠯᠡᠴᠢᠯᠡᠭᠡᠨ ᠤ ᠰᠢᠰᠲ᠋ᠧᠮ ᠳᠠᠬᠢ ᠦᠢᠯᠡᠳᠪᠦᠷᠢᠯᠡᠯ ᠤᠨ ᠠᠵᠤ ᠠᠬᠤᠶᠢᠯᠠᠯ ᠤᠨ ᠣᠷᠣᠭᠤᠯᠬᠤ ᠮᠡᠳᠡᠭᠡ ᠵᠠᠩᠭᠢ ᠶᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠲᠤᠰᠠᠳᠠ᠂ ᠮᠠᠨ ᠤ ᠣᠷᠣᠨ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠭᠡᠨ ᠤ ᠨᠥᠬᠦᠪᠦᠷᠢ ᠭᠤᠶᠤᠴᠢᠯᠠᠬᠤ ᠶᠢ ᠭᠦᠢᠴᠡᠳᠬᠡᠬᠦ ᠦᠢᠯᠡᠴᠢᠯᠡᠭᠡᠨ ᠤ ᠰᠢᠰᠲ᠋ᠧᠮ ︵ 2021 ︱ 2023 ᠣᠨ︶ ᠳᠠᠬᠢ ᠦᠢᠯᠡᠳᠪᠦᠷᠢᠯᠡᠯ ᠤᠨ ᠠᠵᠤ ᠠᠬᠤᠶᠢᠯᠠᠯ ᠤᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ᠂ ᠭᠤᠣᠯ ᠠᠵᠢᠯ ᠡᠷᠬᠢᠯᠡᠭᠰᠡᠳ ᠤᠨ ᠮᠡᠳᠡᠭᠡ ᠵᠠᠩᠭᠢ ᠶᠢ ᠣᠷᠣᠭᠤᠯᠬᠤ ᠪᠦᠷᠢᠨ ᠪᠦᠲᠦᠨ ᠴᠢᠨᠠᠷ ᠪᠠ ᠵᠢᠷᠤᠮᠵᠢᠯ ᠤᠨ ᠴᠢᠨᠠᠷ ᠲᠤ ᠬᠢᠨᠠᠨ ᠬᠠᠷᠭᠤᠭᠤᠯᠵᠤ ᠰᠤᠭᠤᠴᠢᠨ ᠪᠠᠶᠢᠴᠠᠭᠠᠯᠲᠠ ᠬᠢᠪᠡ᠃ ᠲᠣᠰ ᠤᠳᠠᠭ᠎ᠠ ᠨᠡᠶᠢᠲᠡ 100 ᠲᠠᠷᠢᠶᠠᠯᠠᠩ ᠤᠨ ᠮᠠᠰᠢᠨ ᠤ ᠦᠢᠯᠡᠳᠪᠦᠷᠢᠯᠡᠯ ᠤᠨ ᠠᠵᠤ ᠠᠬᠤᠶᠢᠯᠠᠯ ᠢ ᠰᠤᠭᠤᠴᠢᠨ ᠪᠠᠶᠢᠴᠠᠭᠠᠵᠤ᠂ ᠬᠡᠰᠡᠭ ᠠᠵᠤ ᠠᠬᠤᠶᠢᠯᠠᠯ ᠤᠨ ᠮᠡᠳᠡᠭᠡ ᠵᠠᠩᠭᠢ ᠳᠤ ᠵᠢᠷᠤᠮᠵᠢᠯ ᠦᠭᠡᠢ ᠵᠡᠷᠭᠡ ᠠᠰᠠᠭᠤᠳᠠᠯ ᠣᠷᠣᠰᠢᠵᠤ ᠪᠠᠶᠢᠨ᠎ᠠ ︵ᠳᠠᠭᠠᠯᠳᠤᠭᠤᠯᠤᠯ ᠳᠤ ᠦᠵᠡᠭᠡᠷᠡᠢ ︶᠃ ᠬᠢᠨᠠᠨ ᠬᠠᠷᠭᠤᠭᠤᠯᠵᠤ ᠰᠤᠭᠤᠴᠢᠨ ᠪᠠᠶᠢᠴᠠᠭᠠᠭᠠᠳ ᠢᠯᠡᠷᠡᠭᠦᠯᠦᠭᠰᠡᠨ ᠠᠰᠠᠭᠤᠳᠠᠯ ᠢ ᠦᠨᠳᠦᠰᠦᠯᠡᠨ᠂ ᠡᠳᠦᠭᠡ ᠳᠣᠣᠷᠠᠬᠢ ᠮᠡᠲᠦ ᠠᠵᠢᠯ ᠤᠨ ᠱᠠᠭᠠᠷᠳᠠᠯᠭ᠎ᠠ ᠶᠢ ᠳᠤᠷᠠᠳᠪᠠ᠃      ᠨᠢᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠭᠡᠨ ᠤ ᠨᠥᠬᠦᠪᠦᠷᠢ ᠥᠭᠬᠦ ᠪᠠᠷ ᠭᠤᠶᠤᠴᠢᠯᠠᠬᠤ ᠦᠢᠯᠡᠴᠢᠯᠡᠭᠡᠨ ᠤ ᠰᠢᠰᠲ᠋ᠧᠮ ᠳᠤ ᠣᠷᠤᠭᠰᠠᠨ ᠦᠢᠯᠡᠳᠪᠦᠷᠢᠯᠡᠯ ᠤᠨ ᠠᠵᠤ ᠠᠬᠤᠶᠢᠯᠠᠯ ᠨᠢ᠂ ᠦᠢᠯᠡᠳᠬᠦᠨ ᠳᠤ ᠨᠥᠬᠦᠪᠦᠷᠢ ᠣᠯᠣᠭᠰᠠᠨ ᠡᠰᠡᠬᠦ ᠶᠢ ᠬᠠᠮᠢᠶᠠᠷᠤᠯ ᠦᠭᠡᠢ ᠪᠠᠷ ᠴᠥᠮ ᠡᠷᠬᠡᠪᠰᠢ ᠦᠢᠯᠡᠴᠢᠯᠡᠭᠡᠨ ᠤ ᠰᠢᠰᠲ᠋ᠧᠮ ᠳᠤ ᠣᠷᠣᠵᠤ ᠠᠵᠤ ᠠᠬᠤᠶᠢᠯᠠᠯ ᠤᠨ ᠮᠡᠳᠡᠭᠡ ᠵᠠᠩᠭᠢ ᠪᠠᠨ ᠴᠠᠭ ᠲᠤᠬᠠᠢ ᠳᠤ  ᠨᠢ ᠲᠡᠭᠦᠯᠳᠡᠷᠵᠢᠭᠦᠯᠬᠦ ᠬᠡᠷᠡᠭᠲᠡᠢ᠃      ᠬᠤᠶᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠭᠡᠨ ᠤ ᠨᠥᠬᠦᠪᠦᠷᠢ ᠭᠤᠶᠤᠴᠢᠯᠠᠬᠤ ᠶᠢ ᠭᠦᠢᠴᠡᠳᠬᠡᠬᠦ ᠦᠢᠯᠡᠴᠢᠯᠡᠭᠡᠨ ᠤ ᠰᠢᠰᠲ᠋ᠧᠮ ︵2021 ᠣᠨ ︱ 2023 ᠣᠨ︶ ᠳᠠᠬᠢ ︽ᠲᠠᠷᠢᠶᠠᠯᠠᠩ ᠤᠨ ᠮᠠᠰᠢᠨ ᠤ ᠦᠢᠯᠡᠳᠪᠦᠷᠢᠯᠡᠯ ︵ᠳᠠᠮᠵᠢᠭᠤᠯᠤᠨ ᠪᠣᠷᠣᠯᠠᠭᠤᠯᠬᠤ︶ ᠤᠨ ᠠᠵᠤ ᠠᠬᠤᠶᠢᠯᠠᠯ ᠤᠨ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠳᠤ ᠣᠷᠤᠯᠴᠠᠬᠤ ᠠᠮᠠᠯᠠᠯᠲᠠ ᠶᠢᠨ ᠪᠢᠴᠢᠭ︾᠂ ᠠᠵᠤ ᠠᠬᠤᠶᠢᠯᠠᠯ ᠨᠢ ᠰᠢᠰᠲ᠋ᠧᠮ ᠳᠤ ᠠᠵᠤ ᠠᠬᠤᠶᠢᠯᠠᠯ ᠤᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ᠂ ᠭᠤᠣᠯ ᠠᠵᠢᠯ ᠡᠷᠬᠢᠯᠡᠭᠰᠡᠳ ︵ᠭᠤᠣᠯᠳᠠᠭᠤ ᠶᠡᠷᠦᠩᠬᠡᠢ ᠳᠠᠭᠠᠭᠠᠮᠠᠯ᠂ ᠦᠢᠯᠡᠳᠪᠦᠷᠢᠯᠡᠵᠦ ᠦᠶᠯᠡᠳᠬᠦ᠂ ᠪᠣᠷᠣᠯᠠᠭᠤᠯᠬᠤ ᠵᠡᠷᠭᠡ ᠠᠵᠢᠯ ᠢ ᠬᠤᠪᠢᠳᠠᠨ ᠬᠠᠮᠢᠶᠠᠷᠴᠤ ᠪᠦᠬᠦᠢ ᠳᠡᠳ᠋ ᠶᠡᠷᠦᠩᠬᠡᠢ ᠳᠠᠭᠠᠭᠠᠮᠠᠯ ᠪᠠ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ᠂ ᠲᠤᠷᠰᠢᠯᠲᠠ ᠬᠢᠵᠦ ᠬᠢᠨᠠᠨ ᠲᠣᠭᠲᠠᠭᠠᠬᠤ᠂ ᠦᠢᠯᠡᠳᠬᠦᠨ ᠢ ᠭᠡᠷᠡᠴᠢᠯᠡᠬᠦ ᠵᠡᠷᠭᠡ ᠠᠵᠢᠯ ᠳᠤ ᠪᠣᠳᠠᠲᠠᠢ ᠣᠷᠣᠯᠴᠠᠵᠤ ᠪᠠᠶᠢᠭ᠎ᠠ ᠠᠵᠢᠯᠲᠠᠨ ᠠᠵᠢᠯᠴᠢᠨ ᠢ ᠪᠠᠭᠲᠠᠭᠠᠨ᠎ᠠ︶ ᠤᠨ ᠮᠡᠳᠡᠭᠡ ᠵᠠᠩᠭᠢ ᠶᠢ ᠣᠨᠣᠪᠴᠢᠲᠠᠶ ᠪᠥᠭᠡᠳ ᠪᠦᠷᠢᠨ ᠪᠦᠲᠦᠨ ᠲᠠᠭᠯᠠᠨ ᠪᠢᠴᠢᠬᠦ ᠬᠡᠷᠡᠭᠲᠡᠢ᠃ ᠮᠠᠨ ᠤ ᠣᠷᠣᠨ ᠤ ᠨᠥᠬᠦᠪᠦᠷᠢ ᠶᠢᠨ ᠲᠥᠷᠥ ᠶᠢᠨ ᠪᠣᠳᠣᠯᠭ᠎ᠠ ᠳᠤ ᠣᠷᠣᠯᠴᠠᠭᠰᠠᠨ ᠦᠢᠯᠡᠳᠪᠦᠷᠢᠯᠡᠯ ᠤᠨ ᠠᠵᠤ ᠠᠬᠤᠶᠢᠯᠠᠯ ᠪᠦᠬᠦᠨ ᠢ ᠲᠣᠭᠲᠠᠭᠠᠯ ᠶᠣᠰᠣᠭᠠᠷ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃      ᠭᠤᠷᠪᠠ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠭᠡᠨ ᠤ ᠨᠥᠬᠦᠪᠦᠷᠢ ᠭᠤᠶᠤᠴᠢᠯᠠᠬᠤ ᠶᠢ ᠭᠦᠢᠴᠡᠳᠬᠡᠬᠦ ᠦᠢᠯᠡᠴᠢᠯᠡᠭᠡᠨ ᠤ ᠰᠢᠰᠲ᠋ᠧᠮ ᠳᠤ᠂ ᠠᠵᠤ ᠠᠬᠤᠶᠢᠯᠠᠯ ᠤᠨ ᠮᠡᠳᠡᠭᠡ ᠵᠠᠩᠭᠢ ᠶᠢᠨ ᠣᠷᠣᠭᠤᠯᠤᠯᠲᠠ ᠶᠢᠨ ᠪᠦᠷᠢᠨ ᠪᠦᠲᠦᠨ ᠴᠢᠨᠠᠷ ᠪᠠ ᠵᠢᠷᠤᠮᠵᠢᠯᠳᠤ ᠴᠢᠨᠠᠷ ᠪᠣᠯ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠭᠡᠨ ᠤ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢᠨ ᠵᠢᠷᠤᠮᠵᠢᠯ ᠲᠠᠢ ᠪᠥᠭᠡᠳ ᠪᠦᠲᠦᠮᠵᠢᠲᠡᠶ ᠠᠮᠤᠷ ᠲᠦᠪᠰᠢᠨ ᠢᠶᠠᠷ ᠬᠡᠷᠡᠭᠵᠢᠭᠦᠯᠦᠭᠳᠡᠬᠦ ᠶᠢᠨ ᠴᠢᠬᠤᠯᠠ ᠪᠠᠲᠤᠯᠠᠭ᠎ᠠ ᠪᠣᠯᠣᠨ᠎ᠠ᠃ ᠡᠯ᠎ᠡ ᠲᠠᠷᠢᠶᠠᠯᠠᠩ ᠤᠨ ᠮᠠᠰᠢᠨ ᠤ ᠦᠢᠯᠡᠳᠪᠦᠷᠢᠯᠡᠯ ᠤᠨ ᠠᠵᠤ ᠠᠬᠤᠶᠢᠯᠠᠯ ᠤᠳ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠠᠮᠠᠯᠠᠯᠲᠠ ᠪᠠᠨ ᠴᠢᠩᠭ᠎ᠠ ᠭᠦᠢᠴᠡᠳᠬᠡᠨ ᠪᠡᠶᠡᠯᠡᠭᠦᠯᠵᠦ᠂ ᠲᠣᠰ ᠤᠳᠠᠭᠠᠨ ᠤ ᠰᠤᠭᠤᠴᠢᠨ ᠪᠠᠶᠢᠴᠠᠭᠠᠬᠤ ᠳᠤᠮᠳᠠ ᠢᠯᠡᠷᠡᠭᠦᠯᠦᠭᠰᠡᠨ ᠠᠰᠠᠭᠤᠳᠠᠯ ᠢ ᠢᠳᠡᠪᠬᠢᠲᠡᠢ ᠪᠠᠷ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ 2022 ᠣᠨ ᠤ 12 ᠰᠠᠷ᠎ᠠ ᠶᠢᠨ 31 ᠤ ᠡᠳᠦᠷ ᠠᠴᠠ ᠡᠮᠦᠨ᠎ᠡ ᠴᠡᠭᠴᠡᠯᠡᠨ ᠰᠠᠶᠢᠵᠢᠷᠠᠭᠤᠯᠵᠤ᠂ ᠬᠤᠭᠤᠴᠠᠭ᠎ᠠ ᠬᠡᠲᠦᠷᠡᠲᠡᠯ᠎ᠡ ᠴᠡᠭᠴᠡᠯᠡᠨ ᠰᠠᠶᠢᠵᠢᠷᠠᠭᠤᠯᠤᠭᠰᠠᠨ ᠦᠭᠡᠢ ᠠᠵᠤ ᠠᠬᠤᠶᠢᠯᠠᠯ ᠢ ᠬᠠᠮᠢᠶ᠎ᠠ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ ᠃      ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠦᠷᠢ ᠣᠯᠭᠤᠬᠤ ᠪᠠᠷ ᠭᠤᠶᠤᠴᠢᠯᠠᠬᠤ ᠦᠢᠯᠡᠴᠢᠯᠡᠭᠡᠨ ᠤ ᠰᠢᠰᠲ᠋ᠧᠮ ᠳᠤ ᠦᠢᠯᠡᠳᠪᠦᠷᠢᠯᠡᠯ ᠤᠨ ᠠᠵᠤ ᠠᠬᠤᠶᠢᠯᠠᠯ ᠤᠨ ᠮᠡᠳᠡᠭᠡ ᠵᠠᠩᠭᠢ ᠶᠢ ᠣᠷᠣᠭᠤᠯᠬᠤ ᠶᠢ ᠬᠢᠨᠠᠨ ᠬᠠᠷᠭᠤᠭᠤᠯᠵᠤ ᠰᠤᠭᠤᠴᠢᠨ ᠪᠠᠶᠢᠴᠠᠭᠠᠭᠰᠠᠨ ᠪᠠᠶᠢᠳᠠᠯ                         ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                         ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ                              2022 ᠣᠨ ᠤ 12 ᠰᠠᠷ᠎ᠠ ᠶᠢᠨ 23 ᠤ ᠡᠳᠦᠷ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号