2022 ᠣᠨ ᠤ ᠥᠪᠥᠷ ᠮᠣᠩᠭᠤᠯ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠵᠤᠷᠰᠢᠯ ᠤᠨ ᠬᠢᠨᠠᠨ ᠬᠡᠮᠵᠢᠯᠲᠡ ᠳᠤ ᠬᠢᠷᠢ ᠲᠡᠩᠴᠡᠭᠰᠡᠨ ᠨᠣᠷᠮ᠎ᠠ 99.4% ᠬᠦᠷᠪᠡ
ᠨᠡᠶᠢᠲᠡᠯᠡᠭᠰᠡᠨ ᠴᠠᠭ᠄
2022/12/27
      2022 ᠣᠨ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠠᠴᠠ ᠪᠥᠬᠦ ᠣᠷᠣᠨ ᠤ 12 ᠠᠶᠢᠮᠠᠭ ᠬᠤᠲᠠ ᠶᠢᠨ 101 ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠠᠵᠢᠯᠯᠠᠭ᠎ᠠ ᠲᠠᠢ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠵᠤᠷᠰᠢᠯ ᠤᠨ ᠬᠢᠨᠠᠨ ᠬᠡᠮᠵᠢᠯᠲᠡ ᠶᠢ ᠥᠷᠨᠢᠭᠦᠯᠪᠡ᠃ ᠨᠡᠶᠢᠲᠡ 1319 ᠲᠠᠷᠢᠮᠠᠯ ᠤᠨ ᠦᠢᠯᠡᠳᠪᠦᠷᠢᠯᠡᠬᠦ ᠠᠵᠤ ᠠᠬᠤᠶᠢᠯᠠᠯ᠂ ᠲᠤᠰᠬᠠᠢ ᠠᠵᠢᠯ ᠤᠨ ᠬᠤᠷᠰᠢᠶ᠎ᠠ ᠪᠠ ᠲᠠᠷᠠᠬᠠᠢ ᠡᠷᠦᠬᠡ᠂ 682 ᠠᠯᠠᠰᠢᠨ ᠤ ᠲᠠᠯᠠᠪᠠᠶ᠂ ᠲᠡᠵᠢᠭᠡᠨ ᠦᠷᠡᠵᠢᠭᠦᠯᠬᠦ ᠲᠠᠯᠠᠪᠠᠶ᠂ ᠲᠡᠵᠢᠭᠡᠨ ᠦᠷᠡᠵᠢᠭᠦᠯᠬᠦ ᠲᠣᠮᠣ ᠡᠷᠦᠬᠡ ᠪᠠ ᠲᠠᠷᠠᠬᠠᠢ ᠡᠷᠦᠬᠡ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠥᠯᠢᠭᠡᠷ ᠡᠳ᠋ ᠢ 9573 ᠪᠦᠯᠦᠭ ᠤᠳᠠᠭ᠎ᠠ ᠬᠢᠨᠠᠨ ᠬᠡᠮᠵᠢᠪᠡ᠃ 123 ᠲᠥᠷᠥᠯ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠬᠢᠨᠠᠨ ᠬᠡᠮᠵᠢᠵᠦ᠂ 98 ᠲᠥᠷᠥᠯ ᠤᠨ ᠲᠠᠷᠢᠶᠠᠯᠠᠩ ᠮᠠᠯ ᠤᠨ ᠡᠮ ᠤᠨ ᠦᠯᠡᠳᠡᠭᠳᠡᠯ ᠤᠨ ᠪᠣᠯᠵᠣᠯᠲᠤ ᠲᠤᠭ᠎ᠠ ᠶᠢ ᠬᠢᠨᠠᠨ ᠬᠡᠮᠵᠢᠵᠦ᠂ ᠬᠢᠨᠠᠨ ᠬᠡᠮᠵᠢᠯᠲᠡ ᠳᠤ ᠬᠢᠷᠢ ᠲᠡᠩᠴᠡᠭᠰᠡᠨ ᠨᠣᠷᠮ᠎ᠠ 99.4% ᠪᠠᠶᠢᠵᠤ᠂ ᠠᠳᠠᠯᠢ ᠬᠤᠭᠤᠴᠠᠭᠠᠨ ᠤ ᠬᠢ ᠲᠠᠢ ᠠᠳᠠᠯᠢ ᠪᠠᠶᠢᠨ᠎ᠠ᠃ ᠡᠭᠦᠨ ᠳᠤ᠂ ᠲᠠᠷᠢᠮᠠᠯ ᠤᠨ ᠦᠢᠯᠡᠰ ᠤᠨ ᠪᠦᠲᠦᠭᠡᠭᠳᠡᠬᠦᠨ ᠪᠠ ᠮᠠᠯ ᠵᠢᠭᠦᠷᠲᠡᠨ ᠤ ᠪᠦᠲᠦᠭᠡᠭᠳᠡᠬᠦᠨ ᠤ ᠬᠢᠷᠢ ᠲᠡᠩᠴᠡᠭᠰᠡᠨ ᠨᠣᠷᠮ᠎ᠠ ᠨᠢ ᠲᠣᠰ ᠲᠣᠰ 99.1% ᠪᠠ 99.8% ᠪᠠᠶᠢᠵᠤ᠂ ᠠᠳᠠᠯᠢ ᠬᠤᠭᠤᠴᠠᠭᠠᠨ ᠤ ᠬᠢ ᠲᠠᠢ ᠠᠳᠠᠯᠢ ᠪᠠᠶᠢᠨ᠎ᠠ᠃ ᠪᠥᠬᠦ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠪᠠᠶᠢᠳᠠᠯ ᠲᠣᠭᠲᠠᠭᠤᠨ ᠤ ᠳᠤᠮᠳᠠ ᠳᠡᠭᠡᠭᠰᠢᠯᠡᠯᠲᠡ ᠲᠠᠢ ᠪᠠᠶᠢᠨ᠎ᠠ᠃      ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠶᠡᠷᠦᠩᠬᠡᠢ ᠱᠦᠵᠢ ᠰᠢ ᠶᠢᠨ ᠫᠢᠩ ᠤᠨ ᠢᠳᠡᠭᠡᠨ ᠤ ᠠᠮᠤᠷ ᠲᠦᠪᠰᠢᠨ ᠤ ︽ᠳᠥᠷᠪᠡᠨ ᠬᠠᠮᠤᠭ ᠤᠨ ᠴᠢᠩᠭ᠎ᠠ︾ ᠶᠢᠨ ᠲᠤᠬᠠᠢ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ  ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠶᠠᠰᠤ ᠴᠢᠨᠠᠷ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤᠯᠠᠬᠤ᠂ ᠴᠢᠳᠠᠪᠤᠷᠢ ᠶᠢ ᠳᠡᠭᠡᠭᠰᠢᠯᠡᠭᠦᠯᠦᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠪᠣᠬᠢᠷᠳᠤᠯ ᠦᠭᠡᠢ ᠦᠢᠯᠡᠳᠪᠦᠷᠢᠯᠡᠯ   ᠳᠤ ᠦᠨᠳᠦᠷ ᠪᠠᠷᠢᠮᠵᠢᠶ᠎ᠠ ᠲᠤᠬᠳᠠᠭᠠᠬᠤ ︾ ᠪᠠᠷ ᠭᠤᠣᠯ ᠰᠢᠵᠢᠮ ᠪᠣᠯᠭᠠᠵᠤ᠂︽ᠦᠢᠯᠡᠳᠪᠦᠷᠢᠯᠡᠵᠦ ᠭᠠᠷᠭᠠᠬᠤ︾ ᠪᠠ ︽ᠬᠠᠮᠢᠶᠠᠷᠴᠤ ᠭᠠᠷᠭᠠᠬᠤ︾ ᠶᠢ ᠣᠷᠭᠠᠨᠢᠭ ᠢᠶᠠᠷ ᠤᠶᠠᠯᠳᠤᠭᠤᠯᠬᠤ ᠶᠢ ᠠᠬᠢᠭᠤᠯᠤᠨ᠂ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠡᠷᠴᠢᠮ ᠢ ᠴᠢᠩᠭᠠᠷᠠᠭᠤᠯᠵᠤ᠂ ᠦᠢᠯᠡᠳᠪᠦᠷᠢᠯᠡᠯ ᠤᠨ ᠡᠬᠢ ᠡᠭᠦᠰᠦᠯ ᠤᠨ ᠬᠠᠮᠢᠶᠠᠷᠤᠯᠲᠠ ᠡᠵᠡᠮᠳᠡᠯ ᠢ ᠴᠢᠩᠭᠠᠷᠠᠭᠤᠯᠤᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ︽ᠭᠤᠷᠪᠠᠨ ᠪᠦᠲᠦᠭᠡᠭᠳᠡᠬᠦᠨ ᠨᠢᠭᠡ ᠢᠯᠡᠷᠬᠡᠶᠢᠯᠡᠯᠲᠦ ︾ ᠶᠢᠨ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ᠠᠷᠠᠳ ᠣᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠥᠬᠦ ᠬᠦᠴᠦᠨ ᠢᠶᠠᠷ ᠢᠶᠠᠨ ᠪᠠᠲᠤᠯᠠᠵᠤ ᠪᠤᠢ ᠃ 
 1.png
            ᠨᠢᠭᠡ ᠳᠤ ︽ᠴᠠᠭᠠᠵᠠ ᠠᠴᠠ ᠵᠦᠷᠢᠴᠡᠬᠦ ᠶᠢ ᠵᠠᠰᠠᠵᠤ᠂ ᠡᠮ ᠤᠨ ᠦᠯᠡᠳᠡᠭᠳᠡᠯ ᠢ ᠬᠢᠵᠠᠭᠠᠷᠯᠠᠨ᠂ ᠳᠡᠭᠡᠭᠰᠢᠯᠡᠯᠲᠡ ᠶᠢ ᠠᠬᠢᠭᠤᠯᠬᠤ︾ ᠠᠵᠢᠯᠯᠠᠭ᠎ᠠ   ᠶᠢ ᠢᠳᠡᠪᠬᠢᠲᠡᠢ ᠲᠤᠯᠬᠢᠨ ᠠᠬᠢᠭᠤᠯᠪᠠ᠃ 7912 ᠲᠠᠷᠢᠶᠠᠯᠠᠩ ᠮᠠᠯ ᠤᠨ ᠡᠮ ᠤᠨ ᠦᠢᠯᠡᠳᠪᠦᠷᠢᠯᠡᠨ ᠡᠵᠡᠩᠨᠡᠵᠦ ᠬᠡᠷᠡᠭᠯᠡᠵᠦ ᠪᠠᠶᠢᠭ᠎ᠠ ᠠᠵᠤ ᠠᠬᠤᠶᠢᠯᠠᠯ ᠢ ᠪᠠᠶᠢᠴᠠᠭᠠᠵᠤ᠂ 276 ᠠᠰᠠᠭᠤᠳᠠᠯ ᠢ ᠢᠯᠡᠷᠡᠭᠦᠯᠦᠨ ᠰᠢᠢᠳᠪᠦᠷᠢᠯᠡᠵᠦ᠂ 2154 ᠪᠦᠯᠦᠭ ᠲᠠᠷᠢᠶᠠᠯᠠᠩ ᠮᠠᠯ ᠤᠨ ᠡᠮ ᠢ ᠰᠤᠭᠤᠴᠢᠨ ᠪᠠᠶᠢᠴᠠᠭᠠᠵᠤ᠂ 8 ᠬᠢᠷᠢ ᠲᠡᠩᠴᠡᠭᠦ ᠦᠭᠡᠢ ᠦᠢᠯᠡᠳᠬᠦᠨ ᠢ ᠰᠢᠢᠳᠪᠦᠷᠢᠯᠡᠪᠡ︔ ᠳᠠᠩᠰᠠᠯᠠᠭᠤᠯᠤᠨ ᠬᠠᠮᠢᠶᠠᠷᠤᠭᠰᠠᠨ 10552 ᠭᠤᠣᠯᠳᠠᠯᠭ᠎ᠠ ᠲᠠᠢ ᠲᠦᠷᠦᠯ ᠵᠦᠢᠯ ᠤᠨ ᠦᠢᠯᠡᠳᠪᠦᠷᠢᠯᠡᠯ ᠤᠨ ᠭᠤᠣᠯ ᠴᠣᠭᠴᠠ ᠳᠤ ︽ 11 ᠭᠤᠣᠯᠳᠠᠯᠭ᠎ᠠ ᠲᠠᠢ ᠲᠦᠷᠦᠯ ᠵᠦᠢᠯ ᠤᠨ ᠶᠠᠰᠤ ᠴᠢᠨᠠᠷ ᠤᠨ ᠠᠮᠤᠷ ᠲᠦᠪᠰᠢᠨ ᠢ ᠬᠠᠮᠢᠶᠠᠷᠤᠨ ᠡᠵᠡᠮᠳᠡᠬᠦ ᠮᠡᠷᠭᠡᠵᠢᠯ ᠤᠨ ᠵᠢᠯᠤᠭᠤᠳᠬᠤ ᠰᠠᠨᠠᠯ ︾ ᠂ ︽ ᠢᠳᠡᠭᠡᠨ ᠤ ᠳᠣᠲᠣᠷᠠᠬᠢ ᠲᠠᠷᠢᠶᠠᠨ ᠡᠮ ᠤᠨ ᠬᠠᠮᠤᠭ ᠤᠨ ᠶᠡᠭᠡ ᠦᠯᠡᠳᠡᠭᠳᠡᠯ ᠤᠨ ᠬᠢᠵᠠᠭᠠᠷ ᠬᠡᠮᠵᠢᠶ᠎ᠡ ︾ ᠪᠣᠯᠣᠨ ︽ ᠢᠳᠡᠭᠡᠨ ᠤ ᠳᠣᠲᠣᠷᠠᠬᠢ ᠬᠠᠮᠤᠭ ᠤᠨ ᠶᠡᠭᠡ ᠮᠠᠯ ᠤᠨ ᠡᠮ ᠤᠨ ᠦᠯᠡᠳᠡᠭᠳᠡᠯ ᠤᠨ ᠬᠢᠵᠠᠭᠠᠷ ᠬᠡᠮᠵᠢᠶ᠎ᠡ ︾  ᠶᠢᠨ ᠪᠠᠷᠢᠮᠵᠢᠶ᠎ᠠ ᠶᠢᠨ  ᠲᠤᠳᠤᠷᠠᠬᠠᠢ ᠬᠠᠭᠤᠳᠠᠰᠤ ᠶᠢᠨ ᠵᠢᠯᠤᠭᠤᠳᠬᠤ ᠦᠢᠯᠡᠴᠢᠯᠡᠭᠡ ᠶᠢ ᠥᠷᠨᠢᠭᠦᠯᠪᠡ ᠃ ᠸᠢᠴᠠᠲ ᠪᠤᠶᠤ  ᠲᠤᠳᠤᠷᠠᠬᠠᠢ ᠬᠠᠭᠤᠳᠠᠰᠤ ᠪᠠᠷ ᠳᠠᠮᠵᠢᠭᠤᠯᠤᠨ 8.2 ᠲᠦᠮᠡᠨ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠲᠤᠬᠠᠢ ᠶᠢᠨ ᠲᠠᠯᠠᠪᠤᠷ ᠲᠤ 11 ᠲᠥᠷᠥᠯ ᠵᠦᠢᠯ ᠤᠨ ᠳᠤᠮᠳᠠ ᠵᠢᠵᠢᠭ ᠳᠠᠷᠢᠵᠤ ᠲᠡᠵᠢᠭᠡᠬᠦ ᠭᠤᠣᠯ ᠴᠣᠭᠴᠠ ᠶᠢᠨ 2838 ᠡᠷᠦᠬᠡ ᠶᠢ ᠵᠢᠭᠠᠨ ᠵᠢᠯᠣᠭᠤᠳᠪᠠ᠃ ᠲᠥᠪᠯᠡᠷᠡᠭᠦᠯᠦᠨ ᠵᠠᠰᠠᠬᠤ ᠪᠠᠷ ᠳᠡᠮᠵᠢᠨ᠂ ᠭᠤᠣᠯᠳᠠᠯᠭ᠎ᠠ ᠲᠠᠢ ᠵᠠᠰᠠᠭᠰᠠᠨ ᠡᠭᠦᠯᠳᠡᠷ ᠤᠨ ᠭᠤᠭᠤᠳ᠂ ᠴᠤᠭᠤᠷ ᠨᠣᠭᠤᠭ᠎ᠠ ᠶᠢᠨ ᠬᠢᠨᠠᠨ ᠬᠡᠮᠵᠢᠯᠲᠡ ᠶᠢᠨ ᠬᠢᠷᠢ ᠲᠡᠩᠴᠡᠭᠰᠡᠨ ᠨᠣᠷᠮ᠎ᠠ ᠲᠣᠰ ᠲᠣᠰ 98%᠂ 94.2% ᠪᠠᠶᠢᠵᠤ᠂ ᠠᠳᠠᠯᠢ ᠬᠤᠭᠤᠴᠠᠭᠠᠨ ᠤ  ᠬᠢ ᠠᠴᠠ 5.9 ᠵᠠᠭᠤᠨ ᠤ ᠨᠢᠭᠡᠴᠢ ᠪᠠ 0.6 ᠵᠠᠭᠤᠨ ᠤ ᠨᠢᠭᠡᠴᠢ ᠳᠡᠭᠡᠭᠰᠢᠯᠡᠪᠡ︔ ᠲᠠᠬᠢᠶᠠᠨ ᠥᠨᠳᠡᠭᠡ ᠶᠢᠨ ᠬᠢᠨᠠᠨ ᠬᠡᠮᠵᠢᠯᠲᠡ ᠳᠤ ᠬᠢᠷᠢ ᠲᠡᠩᠴᠡᠭᠰᠡᠨ ᠨᠣᠷᠮ᠎ᠠ 99.5% ᠪᠠᠶᠢᠵᠤ᠂ ᠠᠳᠠᠯᠢ ᠬᠤᠭᠤᠴᠠᠭᠠᠨ ᠤ ᠬᠢ ᠠᠴᠠ 1.4 ᠵᠠᠭᠤᠨ ᠤ ᠨᠢᠭᠡᠴᠢ ᠳᠡᠭᠡᠭᠰᠢᠯᠡᠵᠦ᠂ ᠦᠬᠡᠷ ᠬᠤᠨᠢᠨ ᠮᠢᠬ᠎ᠠ ᠶᠢᠨ ᠬᠢᠨᠠᠨ ᠬᠡᠮᠵᠢᠯᠲᠡ ᠳᠤ ᠬᠢᠷᠢ ᠲᠡᠩᠴᠡᠭᠰᠡᠨ ᠨᠣᠷᠮ᠎ᠠ 99.8% ᠪᠠᠶᠢᠵᠤ᠂ ᠠᠳᠠᠯᠢ ᠬᠤᠭᠤᠴᠠᠭᠠᠨ ᠤ ᠬᠢ ᠲᠠᠢ ᠠᠳᠠᠯᠢ ᠪᠠᠶᠢᠵᠤ᠂ ᠭᠤᠷᠪᠠᠨ ᠵᠢᠯ ᠤᠨ ᠠᠵᠢᠯᠯᠠᠭ᠎ᠠ ᠳᠤ ᠠᠩᠬ᠎ᠠ ᠠᠯᠬᠤᠮ ᠤᠨ ᠦᠷ᠎ᠡ ᠪᠦᠲᠦᠮᠵᠢ ᠣᠯᠣᠭᠰᠠᠨ ᠪᠠᠶᠢᠨ᠎ᠠ᠃ 
2.png
       ᠬᠤᠶᠠᠷ ᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠣᠥᠷᠵᠢᠭᠤᠯᠤᠭᠰᠠᠨ ᠬᠠᠮᠢᠶᠠᠷᠤᠯᠲᠠ ᠶᠢ ᠶᠡᠬᠡᠪᠡᠷ ᠠᠬᠢᠭᠤᠯᠪᠠ ᠃ ᠪᠥᠬᠦ ᠣᠷᠣᠨ ᠤ ᠬᠢᠨᠠᠨ ᠬᠠᠮᠢᠶᠠᠷᠤᠭᠴᠢ᠂ ᠬᠠᠪᠰᠤᠷᠤᠨ ᠬᠠᠮᠢᠶᠠᠷᠤᠭᠴᠢ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠣᠮᠣ ᠳ᠋ᠠᠶᠢᠲ᠋ᠠ ᠶᠢᠨ ᠣᠶᠤᠨᠴᠢ ᠬᠢᠨᠠᠯᠲᠠ ᠬᠠᠮᠢᠶᠠᠷᠤᠯᠲᠠ ᠬᠢᠭᠡᠳ ᠦᠢᠯᠡᠴᠢᠯᠡᠭᠡᠨ ᠤ ᠲᠠᠪᠴᠠᠩ ᠤᠨ ᠳᠡᠩᠰᠡᠯᠡᠨ ᠬᠠᠮᠢᠶᠠᠷᠬᠤ ᠭᠤᠣᠯ ᠴᠣᠭᠴᠠ ᠶᠢᠨ ᠨᠡᠷᠡᠰ ᠤᠨ ᠵᠢᠭᠰᠠᠭᠠᠯᠲᠠ ᠶᠢ ᠰᠢᠨᠡᠳᠬᠡᠨ ᠲᠡᠭᠦᠯᠳᠡᠷᠵᠢᠭᠦᠯᠬᠦ ᠶᠢ ᠠᠬᠢᠭᠤᠯᠵᠤ᠂ ᠵᠢᠯ ᠤᠨ ᠳᠣᠲᠣᠷ᠎ᠠ ᠰᠢᠨ᠎ᠡ ᠪᠠᠷ 2776 ᠳᠡᠩᠰᠡᠯᠡᠨ ᠬᠠᠮᠢᠶᠠᠷᠬᠤ ᠭᠤᠣᠯ ᠴᠣᠭᠴᠠ ᠨᠡᠮᠡᠵᠦ᠂ ᠶᠡᠷᠦᠩᠬᠡᠢ ᠲᠤᠭ᠎ᠠ ᠶᠢ 2.8 ᠲᠦᠮᠡ ᠳᠤ ᠬᠦᠷᠦᠭᠦᠯᠪᠡ᠃ ᠬᠢᠨᠠᠨ ᠬᠠᠮᠢᠶᠠᠷᠤᠭᠴᠢ ᠂ ᠬᠠᠪᠰᠤᠷᠤᠨ ᠬᠠᠮᠢᠶᠠᠷᠤᠭᠴᠢ ᠶᠢ ᠵᠣᠬᠢᠶᠠᠨ ᠪᠠᠶᠢᠭᠤᠯᠤᠨ ᠳᠠᠩᠰᠠᠯᠠᠭᠤᠯᠤᠨ ᠬᠠᠮᠢᠶᠠᠷᠬᠤ ᠭᠤᠣᠯ ᠴᠣᠭᠴᠠ ᠳᠤ ᠲᠣᠭᠤᠷᠢᠨ ᠪᠠᠶᠢᠴᠠᠭᠠᠯᠲᠠ ᠬᠢᠯᠭᠡᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠠᠰᠠᠭᠤᠳᠠᠯ ᠤᠨ 109 ᠲᠠᠯᠳᠠ ᠭᠡᠮ ᠢ ᠴᠠᠭ ᠲᠤᠬᠠᠢ ᠳᠤ ᠨᠢ ᠣᠯᠵᠤ ᠮᠡᠳᠡᠬᠦ ᠶᠢᠨ ᠬᠠᠮᠲᠤ ᠰᠢᠢᠳᠪᠦᠷᠢᠯᠡᠪᠡ ᠃ ᠲᠤᠤᠷᠴᠢᠯᠠᠭᠰᠠᠨ ᠬᠠᠮᠢᠶᠠᠷᠤᠯᠲᠠ ᠶᠢᠨ ᠪᠠᠷᠢᠮᠵᠢᠶ᠎ᠠ ᠳᠤ ᠬᠦᠷᠦᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠵᠢᠯ ᠤᠨ ᠳᠣᠲᠣᠷ᠎ᠠ ᠪᠥᠬᠦ ᠣᠷᠣᠨ ᠤ 391 ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠶᠢᠨ ᠱᠠᠭᠠᠷᠳᠠᠯᠭ᠎ᠠ ᠶᠣᠰᠣᠭᠠᠷ ᠪᠠᠷᠢᠮᠵᠢᠶ᠎ᠠ ᠳᠤ ᠬᠦᠷᠦᠭᠦᠯᠬᠦ ᠡᠭᠦᠷᠭᠡ ᠶᠢ ᠪᠡᠶᠡᠯᠡᠭᠦᠯᠵᠦ᠂ ᠪᠥᠬᠦ ᠣᠷᠣᠨ ᠤ ᠰᠤᠮᠤ ᠰᠢᠶᠠᠩ ᠪᠠᠯᠭᠠᠰᠤ ᠶᠢᠨ ᠶᠡᠷᠦᠩᠬᠡᠢ ᠲᠣᠭᠠᠨ ᠤ 46% ᠶᠢ ᠡᠵᠡᠯᠡᠵᠦ᠂ ︽ᠠᠩᠬᠠᠨ ᠤ ᠨᠢᠭᠡ ᠺᠢᠯᠣᠮᠧᠲᠷ︾ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠪᠠ᠃ 
3.png
       ᠭᠤᠷᠪᠠ ᠳᠤ ᠪᠠᠷᠢᠮᠵᠢᠶᠡᠨ ᠳᠤ ᠬᠦᠷᠦᠭᠦᠯᠬᠦ ᠠᠮᠠᠯᠠᠯᠲᠠ ᠶᠢᠨ ᠬᠢᠷᠢ ᠲᠡᠩᠴᠡᠭᠰᠡᠨ ᠦᠨᠡᠮᠯᠡᠯ ᠤᠨ ᠳᠦᠷᠢᠮ ᠢ ᠬᠦᠴᠦᠲᠡᠢ ᠬᠡᠷᠡᠭᠵᠢᠭᠦᠯᠪᠡ ᠃ ᠪᠠᠷᠢᠮᠵᠢᠶᠡᠨ ᠳᠤ ᠬᠦᠷᠦᠭᠦᠯᠬᠦ ᠠᠮᠠᠯᠠᠯᠲᠠ ᠶᠢᠨ ᠬᠢᠷᠢ ᠲᠡᠩᠴᠡᠭᠰᠡᠨ ᠦᠨᠡᠮᠯᠡᠯ ᠤᠨ︽ᠢᠯᠡ ᠦᠨᠡᠮᠯᠡᠯ︾ ᠤᠨ ᠠᠵᠢᠯᠯᠠᠭ᠎ᠠ ᠶᠢ ᠡᠬᠢᠯᠡᠭᠦᠯᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ᠪᠠᠷᠢᠮᠵᠢᠶᠡᠨ ᠳᠤ ᠬᠦᠷᠦᠭᠦᠯᠬᠦ ᠠᠮᠠᠯᠠᠯᠲᠠ ᠶᠢᠨ ᠬᠢᠷᠢ ᠲᠡᠩᠴᠡᠭᠰᠡᠨ ᠦᠨᠡᠮᠯᠡᠯ ᠤᠨ ᠳᠦᠷᠢᠮ ᠢ ᠠᠬᠢᠭᠤᠯᠵᠤ᠂ ᠪᠥᠬᠦ ᠣᠷᠣᠨ ᠤ 524 ᠢᠳᠡᠰᠢᠨ ᠨᠣᠭᠤᠭ᠎ᠠ᠂ ᠵᠢᠮᠢᠰ᠂ ᠵᠢᠭᠦᠷᠲᠡᠨ ᠤ ᠮᠢᠬ᠎ᠠ᠂ ᠵᠢᠭᠦᠷᠲᠡᠨ ᠤ ᠥᠨᠳᠡᠭᠡ ᠪᠠ ᠤᠰᠤᠨ ᠭᠠᠷᠤᠯᠲᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠦᠢᠯᠡᠳᠪᠦᠷᠢᠯᠡᠬᠦ ᠠᠵᠤ ᠠᠬᠤᠶᠢᠯᠠᠯ᠂ ᠬᠤᠷᠰᠢᠶ᠎ᠠ ᠪᠠ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠪᠠᠶᠢᠩᠭᠤ ᠶᠢᠨ ᠴᠢᠨᠠᠷᠲᠠᠢ ᠪᠠᠷᠢᠮᠵᠢᠶᠡᠨ ᠳᠤ ᠬᠦᠷᠦᠭᠦᠯᠬᠦ ᠠᠮᠠᠯᠠᠯᠲᠠ ᠶᠢᠨ ᠬᠢᠷᠢ ᠲᠡᠩᠴᠡᠭᠰᠡᠨ ᠦᠨᠡᠮᠯᠡᠯ ᠭᠠᠷᠭᠠᠬᠤ ᠶᠢ ᠠᠬᠢᠭᠤᠯᠵᠤ᠂ ᠶᠡᠷᠦᠩᠬᠡᠢ ᠲᠤᠭ᠎ᠠ ᠨᠢ 1356 ᠡᠷᠦᠬᠡ ᠳᠤ ᠬᠦᠷᠴᠦ᠂ ᠲᠤᠷᠰᠢᠨ ᠬᠡᠷᠡᠭᠵᠢᠭᠦᠯᠪᠡᠰᠦ ᠵᠣᠬᠢᠬᠤ ᠭᠤᠣᠯ ᠴᠣᠭᠴᠠ ᠶᠢᠨ 73.7% ᠶᠢ ᠡᠵᠡᠯᠡᠪᠡ᠃ ᠪᠥᠬᠦ ᠣᠷᠣᠨ ᠤ ᠢᠳᠡᠭᠡᠨ ᠳᠤ ᠬᠡᠷᠡᠭᠯᠡᠬᠦ ᠲᠠᠷᠢᠶᠠᠯᠠᠩ ᠤᠨ ᠪᠦᠲᠦᠭᠡᠭᠳᠡᠬᠦᠨ ᠤ ᠪᠥᠭᠡᠮ ᠢᠶᠠᠷ ᠬᠤᠳᠠᠯᠳᠤᠬᠤ 52 ᠵᠠᠬ᠎ᠠ ᠳᠡᠯᠭᠡᠭᠦᠷ ᠤᠨ ᠪᠠᠶᠢᠴᠠᠭᠠᠨ ᠰᠢᠯᠭᠠᠬᠤ ᠪᠠᠷᠢᠮᠵᠢᠶᠡᠨ ᠳᠤ ᠬᠦᠷᠦᠭᠦᠯᠬᠦ ᠠᠮᠠᠯᠠᠯᠲᠠ ᠶᠢᠨ ᠬᠢᠷᠢ ᠲᠡᠩᠴᠡᠭᠰᠡᠨ ᠦᠨᠡᠮᠯᠡᠯ ᠤᠨ ᠳᠦᠷᠢᠮ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠨᠠᠶᠢᠳᠠᠪᠤᠷᠢᠵᠢᠭᠤᠯᠤᠭᠰᠠᠨ ᠬᠠᠷᠢᠴᠠᠯ ᠢ 100% ᠳᠤ ᠬᠦᠷᠦᠭᠦᠯᠪᠡ ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠤᠷᠭᠠᠨ ᠬᠥᠮᠦᠵᠢᠯ ᠤᠨ ᠲᠢᠩᠬᠢᠮ ᠲᠠᠢ ᠬᠠᠮᠲᠤᠷᠠᠨ ︽ᠪᠦᠯᠦᠭᠯᠡᠯ ᠤᠨ ᠬᠤᠳᠠᠯᠳᠤᠨ ᠠᠪᠬᠤ᠂ ᠰᠤᠷᠭᠠᠭᠤᠯᠢ ᠶᠢᠨ ᠬᠦᠷᠢᠶᠡᠨ ᠤ ᠬᠤᠭᠤᠯᠠᠨ ᠭᠡᠷ ᠤᠨ ᠪᠠᠷᠢᠮᠵᠢᠶᠡᠨ ᠳᠤ ᠬᠦᠷᠦᠭᠦᠯᠬᠦ ᠠᠮᠠᠯᠠᠯᠲᠠ ᠶᠢᠨ ᠬᠢᠷᠢ ᠲᠡᠩᠴᠡᠭᠰᠡᠨ ᠦᠨᠡᠮᠯᠡᠯ ᠤᠨ ᠳᠦᠷᠢᠮ ᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠬᠤ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠢᠳᠡᠭᠡᠨ ᠳᠤ ᠬᠡᠷᠡᠭᠯᠡᠬᠦ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ︽ᠲᠠᠷᠢᠶᠠᠨ ᠭᠠᠵᠠᠷ ᠠᠴᠠ ᠬᠤᠭᠤᠯᠠᠨ ᠰᠢᠷᠡᠭᠡᠨ ᠳᠤ ᠬᠦᠷᠬᠦ︾ ᠪᠥᠬᠦ ᠶᠠᠪᠤᠴᠠ ᠶᠢᠨ ᠶᠠᠰᠤ ᠴᠢᠨᠠᠷ ᠢ ᠮᠥᠷᠳᠡᠵᠦ ᠪᠣᠯᠬᠤ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠬᠤ ᠶᠢ ᠲᠦᠯᠬᠢᠨ ᠠᠬᠢᠭᠤᠯᠪᠠ ᠃ ︽ᠮᠡᠳᠡᠭᠳᠡᠯ︾ ᠢ ᠳᠠᠷᠤᠮᠠᠯᠯᠠᠨ ᠲᠠᠷᠬᠠᠭᠠᠭᠰᠠᠨ ᠠᠴᠠ ᠨᠠᠭᠠᠰᠢ ᠂ ᠬᠢᠩᠭᠠᠨ ᠠᠶᠢᠮᠠᠭ ᠤᠨ ᠬᠢᠨ ᠡᠩ ᠲᠡᠷᠢᠭᠦᠨ ᠳᠤ ᠬᠠᠷᠢᠶᠠᠲᠤ ᠣᠷᠣᠨ ᠤ ᠪᠠᠨ 27 ᠪᠠᠶᠢᠭᠤᠯᠤᠯᠭ᠎ᠠ ᠶᠢᠨ ᠬᠤᠭᠤᠯᠠᠨ ᠭᠡᠷ᠂ ᠰᠤᠷᠭᠠᠭᠤᠯᠢ ᠶᠢᠨ ᠬᠦᠷᠢᠶᠡᠨ ᠤ ᠬᠤᠭᠤᠯᠠᠨ ᠭᠡᠷ ᠢ ᠪᠠᠶᠢᠴᠠᠭᠠᠨ ᠰᠢᠯᠭᠠᠵᠤ ᠪᠠᠷᠢᠮᠵᠢᠶᠡᠨ ᠳᠤ ᠬᠦᠷᠦᠭᠦᠯᠬᠦ ᠠᠮᠠᠯᠠᠯᠲᠠ ᠶᠢᠨ ᠬᠢᠷᠢ ᠲᠡᠩᠴᠡᠭᠰᠡᠨ ᠦᠨᠡᠮᠯᠡᠯ ᠢ ᠦᠯᠡᠳᠡᠭᠡᠨ ᠬᠠᠳᠠᠭᠠᠯᠠᠬᠤ ᠪᠠᠶᠢᠴᠠᠭᠠᠨ ᠰᠢᠯᠭᠠᠬᠤ ᠶᠢ ᠲᠦᠯᠬᠢᠨ ᠠᠬᠢᠭᠤᠯᠵᠤ᠂ ᠲᠤᠬᠠᠢ ᠶᠢᠨ ᠭᠠᠵᠠᠷ ᠤᠨ ᠪᠠᠶᠢᠭᠤᠯᠤᠯᠭ᠎ᠠ ᠶᠢᠨ ᠬᠤᠭᠤᠯᠠᠨ ᠭᠡᠷ ᠪᠠ ᠰᠤᠷᠭᠠᠭᠤᠯᠢ ᠶᠢᠨ ᠬᠦᠷᠢᠶᠡᠨ ᠤ ᠬᠤᠭᠤᠯᠠᠨ ᠭᠡᠷ ᠤᠨ ᠪᠥᠬᠦ ᠲᠣᠭᠠᠨ ᠤ 10% ᠰᠢᠬᠠᠮ ᠢ ᠡᠵᠡᠯᠡᠪᠡ᠃      ᠳᠥᠷᠪᠡ ᠳᠤ ᠬᠠᠤᠯᠢ ᠲᠣᠭᠲᠠᠭᠠᠯ ᠠᠴᠠ ᠵᠥᠷᠢᠴᠡᠨ ᠡᠮ ᠬᠡᠷᠡᠭᠯᠡᠬᠦ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠦᠭᠪᠡ᠃ ᠭᠤᠣᠯᠳᠠᠯᠭ᠎ᠠ ᠲᠠᠢ ᠴᠠᠭ ᠤᠯᠠᠷᠢᠯ᠂ ᠴᠢᠬᠤᠯᠠ ᠶᠡᠭᠡ ᠠᠵᠢᠯᠯᠠᠭ᠎ᠠ᠂ ᠭᠤᠣᠯᠳᠠᠯᠭ᠎ᠠ ᠲᠠᠢ ᠦᠢᠯᠡᠳᠬᠦᠨ ᠪᠠ ᠭᠤᠣᠯᠳᠠᠯᠭ᠎ᠠ ᠲᠠᠢ ᠣᠷᠣᠨ ᠪᠦᠰᠡ ᠲᠠᠢ ᠨᠢᠭᠲᠠ ᠤᠶᠠᠯᠳᠤᠭᠤᠯᠤᠨ ᠲᠠᠷᠢᠶᠠᠯᠠᠩ ᠮᠠᠯ ᠠᠵᠤ ᠠᠬᠤᠢ ᠤᠰᠤᠨ ᠭᠠᠷᠤᠯᠲᠠ ᠶᠢᠨ ᠪᠦᠲᠦᠭᠡᠭᠳᠡᠬᠦᠨ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ᠂ ᠭᠡᠨᠡᠳᠡᠭᠦᠯᠦᠨ ᠪᠠᠶᠢᠴᠠᠭᠠᠯᠲᠠ ᠶᠢ 6 ᠤᠳᠠᠭ᠎ᠠ ᠥᠷᠨᠢᠭᠦᠯᠵᠦ᠂ 135 ᠪᠦᠯᠦᠭ ᠤᠳᠠᠭ᠎ᠠ ᠶᠢᠨ ᠬᠢᠷᠢ ᠲᠡᠩᠴᠡᠭᠦ ᠦᠭᠡᠢ ᠥᠯᠢᠭᠡᠷ ᠡᠳ᠋ ᠢ ᠪᠥᠬᠦ ᠲᠠᠯ᠎ᠠ ᠪᠠᠷ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠨ᠂ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠭᠰᠠᠨ ᠬᠢᠷᠢ ᠲᠡᠩᠴᠡᠭᠦ ᠦᠭᠡᠢ ᠪᠦᠲᠦᠭᠡᠭᠳᠡᠬᠦᠨ ᠢ 24 ᠪᠦᠯᠦᠭ ᠤᠳᠠᠭ᠎ᠠ ᠨᠡᠶᠢᠲᠡᠯᠡᠪᠡ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ 182 ᠬᠡᠷᠡᠭ ᠢ ᠪᠠᠶᠢᠴᠠᠭᠠᠨ ᠰᠢᠢᠳᠪᠦᠷᠢᠯᠡᠪᠡ ᠂ ᠡᠭᠦᠨ ᠤ ᠳᠣᠲᠣᠷ᠎ᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ 20 ᠬᠡᠷᠡᠭ ᠢ ᠰᠢᠯᠵᠢᠭᠦᠯᠦᠨ ᠲᠤᠰᠢᠶᠠᠵᠤ ᠂ 10 ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠵᠦ ᠂ ᠬᠦᠴᠦᠲᠡᠢ ᠰᠦᠷᠳᠡᠭᠦᠯᠦᠯ ᠢ ᠪᠤᠢ ᠪᠣᠯᠭᠠᠪᠠ ᠃ ︽ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠪᠠᠲᠤᠯᠠᠵᠤ᠂ ᠬᠤᠶᠠᠷ ᠬᠤᠷᠠᠯ ᠢ ᠤᠭᠲᠤᠬᠤ︾ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠬᠤᠭᠤᠴᠠᠭᠠᠨ ᠳᠠᠬᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠦᠲᠦᠮᠵᠢᠲᠡᠢ ᠪᠠᠲᠤᠯᠠᠪᠠ᠃ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠬᠠᠩᠭᠠᠭᠰᠠᠨ ᠦᠢᠯᠡᠳᠪᠦᠷᠢᠯᠡᠯ ᠤᠨ ᠬᠤᠶᠠᠷ ᠰᠠᠭᠤᠷᠢᠨ ᠭᠠᠵᠠᠷ  ᠨᠢ ᠪᠡᠭᠡᠵᠢᠩ ᠤᠨ ᠬᠥᠳᠡᠭᠡ ᠲᠣᠰᠬᠤᠨ ᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠲᠠᠯᠠᠷᠬᠠᠯ ᠤᠨ ᠵᠠᠬᠢᠳᠠᠯ ᠢ ᠲᠤᠰᠪᠠ᠃ 
4.png
       ᠲᠠᠪᠤ ᠳᠤ ᠪᠣᠬᠢᠷᠳᠤᠯ ᠦᠭᠡᠢ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠢ ᠶᠡᠬᠡᠪᠡᠷ ᠬᠦᠭᠵᠢᠭᠦᠯᠪᠡ᠃ ᠰᠢᠨ᠎ᠡ ᠪᠠᠷ ᠭᠡᠷᠡᠴᠢᠯᠡᠭᠰᠡᠨ ᠪᠣᠬᠢᠷᠳᠤᠯ ᠦᠭᠡᠢ ᠢᠳᠡᠭᠡᠨ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ 253 ᠪᠠᠶᠢᠵᠤ᠂ ᠶᠡᠷᠦᠩᠬᠡᠢ ᠲᠤᠭ᠎ᠠ ᠨᠢ 4484 ᠪᠠᠶᠢᠵᠤ᠂ ᠰᠢᠨ᠎ᠡ ᠪᠠᠷ ᠨᠡᠮᠡᠭᠳᠡᠭᠰᠡᠨ ᠭᠠᠷᠤᠯᠲᠠ ᠨᠢ 48.85 ᠲᠦᠮᠡᠨ ᠲᠣᠨ ᠳᠤ ᠬᠦᠷᠴᠦ᠂ ᠨᠡᠮᠡᠭᠳᠡᠯ ᠤᠨ ᠨᠣᠷᠮ᠎ᠠ ᠨᠢ 8.31% ᠪᠠᠶᠢᠵᠤ᠂ ᠶᠡᠷᠦᠩᠬᠡᠢ ᠭᠠᠷᠤᠯᠲᠠ ᠨᠢ 1302.99 ᠲᠦᠮᠡᠨ ᠲᠣᠨ ᠳᠤ ᠬᠥᠷᠪᠡ᠃ ᠡᠭᠦᠨ ᠳᠤ᠂ ᠪᠣᠬᠢᠷᠳᠤᠯ ᠦᠭᠡᠢ ᠢᠳᠡᠭᠡᠨ ᠤ ᠭᠠᠷᠤᠯᠲᠠ 467.12 ᠲᠦᠮᠡᠨ ᠲᠣᠨ ᠳᠤ ᠬᠦᠷᠴᠦ᠂ ᠪᠥᠬᠦ ᠤᠯᠤᠰ ᠲᠤ ᠶᠢᠰᠦᠳᠦᠭᠡᠷ ᠲᠤ ᠵᠢᠭᠰᠠᠭᠠᠭᠳᠠᠪᠠ︔ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ 835.83 ᠲᠦᠮᠡᠨ ᠲᠣᠨ ᠳᠤ ᠬᠦᠷᠴᠦ ᠂ ᠪᠦᠬᠦ ᠤᠯᠤᠰ ᠲᠤ ᠵᠢᠷᠭᠤᠳᠤᠭᠠᠷ ᠲᠤ ᠵᠢᠭᠰᠠᠭᠠᠭᠳᠠᠪᠠ ᠃ ᠭᠠᠵᠠᠷ ᠵᠦᠢ ᠶᠢᠨ ᠢᠯᠡᠷᠬᠡᠶᠢᠯᠡᠯᠲᠦ ᠲᠡᠮᠳᠡᠭ ᠲᠠᠷᠢᠶᠠᠯᠠᠩ ᠤᠨ ᠪᠦᠲᠦᠭᠡᠭᠳᠡᠬᠦᠨ ᠤ ᠶᠡᠷᠦᠩᠬᠡᠢ ᠲᠤᠭ᠎ᠠ 135 ᠪᠠᠶᠢᠵᠤ᠂ ᠪᠥᠬᠦ ᠤᠯᠤᠰ ᠲᠤ 11 ᠳ᠋ᠦ᠋ᠭᠡᠷ ᠲᠤ ᠵᠢᠭᠰᠠᠭᠠᠭᠳᠠᠵᠠᠢ᠃ ᠰᠢᠨ᠎ᠡ ᠪᠠᠷ ᠨᠡᠮᠡᠭᠳᠡᠭᠰᠡᠨ ᠣᠨᠴᠠ ᠰᠢᠯᠢᠳᠡᠭ ᠨᠢ 69 ᠪᠠᠶᠢᠵᠤ᠂ ᠨᠡᠶᠢᠲᠡ ᠲᠤᠭ᠎ᠠ ᠨᠢ 493 ᠪᠠᠶᠢᠵᠤ᠂ ᠪᠥᠬᠦ ᠤᠯᠤᠰ ᠲᠤ ᠬᠤᠶᠠᠳᠤᠭᠠᠷ ᠲᠤ ᠵᠢᠭᠰᠠᠭᠠᠭᠳᠠᠪᠠ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号