ᠮᠠᠯ ᠠᠵᠤ ᠠᠬᠤᠢ ᠶᠢᠨ ᠬᠦᠢᠲᠡᠨ ᠤᠷᠤᠰᠬᠠᠯ ᠶᠡᠭᠡ ᠴᠠᠰᠤ ᠲᠠᠢ ᠴᠠᠭ ᠠᠭᠤᠷ ᠢ ᠠᠷᠭᠠᠴᠠᠭᠠᠬᠤ ᠮᠡᠷᠭᠡᠵᠢᠯ ᠤᠨ ᠵᠢᠯᠤᠭᠤᠳᠬᠤ ᠰᠠᠨᠠᠯ
ᠨᠡᠶᠢᠲᠡᠯᠡᠭᠰᠡᠨ ᠴᠠᠭ᠄
2022/12/3
      ᠣᠶᠢᠷ᠎ᠠ ᠳᠤ᠂ ᠴᠢᠩᠭ᠎ᠠ ᠬᠦᠢᠲᠡᠨ ᠠᠭᠤᠷ ᠠᠮᠢᠰᠬᠤᠯ ᠤᠨ ᠨᠥᠯᠥᠭᠡ ᠪᠠᠷ᠂ ᠮᠠᠨ ᠤ ᠤᠯᠤᠰ  ᠤᠮᠠᠷ᠎ᠠ ᠠᠴᠠ ᠡᠮᠦᠨᠡᠰᠢ ᠨᠢᠭᠡ ᠤᠳᠠᠭᠠᠨ ᠤ ᠶᠡᠭᠡ ᠬᠡᠪᠴᠢᠶᠡᠨ ᠤ ᠬᠦᠢᠲᠡᠨ ᠤᠷᠤᠰᠬᠠᠯ ᠤᠨ ᠳᠤᠯᠠᠭᠠᠨ ᠤ ᠪᠠᠭᠤᠷᠠᠯᠲᠠ ᠶᠢᠨ ᠶᠠᠪᠤᠴᠠ ᠶᠢ ᠥᠩᠭᠡᠷᠡᠭᠡᠵᠦ᠂ ᠣᠳᠣᠬᠠᠨ ᠳᠤ ᠮᠥᠨ ᠦᠷᠭᠦᠯᠵᠢᠯᠡᠭᠰᠡᠭᠡᠷ ᠪᠠᠶᠢᠨ᠎ᠠ᠃ ᠲᠤᠰ ᠤᠳᠠᠭ᠎ᠠ ᠶᠢᠨ ᠳᠤᠯᠠᠭᠠᠨ ᠤ ᠪᠠᠭᠤᠷᠠᠯᠲᠠ ᠶᠢᠨ ᠬᠡᠮᠵᠢᠶ᠎ᠡ ᠶᠡᠭᠡ᠂ ᠴᠠᠰᠤ ᠪᠣᠷᠣᠭᠠᠨ ᠪᠣᠯᠣᠨ ᠶᠡᠭᠡ ᠰᠠᠯᠬᠢᠨ ᠤ ᠨᠥᠯᠥᠭᠡᠯᠡᠬᠦ ᠬᠡᠪᠴᠢᠶ᠎ᠡ ᠥᠷᠭᠡᠨ ᠪᠠᠶᠢᠵᠤ᠂ ᠮᠠᠯ ᠠᠵᠤ ᠠᠬᠤᠢ ᠶᠢᠨ ᠦᠢᠯᠡᠳᠪᠦᠷᠢᠯᠡᠯ ᠳᠤ ᠠᠰᠢᠭ ᠦᠭᠡᠢ ᠨᠥᠯᠥᠭᠡ ᠦᠵᠡᠭᠦᠯᠵᠦ᠂ ᠰᠢᠨᠵᠢᠶᠠᠩ ᠵᠡᠷᠭᠡ ᠭᠠᠵᠠᠷ ᠲᠤ ᠪᠠᠰᠠ ᠶᠡᠭᠡ ᠴᠠᠰᠤ ᠣᠷᠣᠵᠤ᠂ ᠮᠠᠯ ᠤᠨ ᠤᠳᠤᠷᠯᠠᠬᠤ ᠪᠠ ᠡᠪᠦᠯᠵᠢᠬᠦ ᠳᠤ ᠨᠡᠯᠢᠶᠡᠳ ᠶᠡᠭᠡ ᠬᠦᠴᠢᠷᠳᠡᠯ ᠤᠴᠠᠷᠠᠭᠤᠯᠵᠠᠢ᠃ ᠬᠦᠢᠲᠡᠨ ᠤᠷᠤᠰᠬᠠᠯ ᠤᠨ ᠴᠠᠭ ᠠᠭᠤᠷ ᠢ ᠪᠦᠲᠦᠮᠵᠢᠲᠡᠶ ᠠᠷᠭᠠᠴᠠᠭᠠᠵᠤ ᠂ ᠮᠠᠯ ᠵᠢᠭᠦᠷᠲᠡᠨ ᠤ ᠠᠮᠤᠷ ᠲᠦᠪᠰᠢᠨ ᠢᠶᠠᠷ ᠡᠪᠦᠯᠵᠢᠬᠦ ᠶᠢ ᠪᠠᠲᠤᠯᠠᠨ᠂ ᠭᠠᠮᠰᠢᠭ ᠤᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠶᠢᠨ ᠲᠤᠰᠠᠳᠠ᠂ ᠳᠣᠣᠷᠠᠬᠢ ᠮᠡᠲᠦ ᠮᠡᠷᠭᠡᠵᠢᠯ ᠤᠨ ᠠᠷᠭ᠎ᠠ ᠬᠡᠮᠵᠢᠶ᠎ᠡ ᠶᠢ ᠳᠤᠷᠠᠳᠪᠠ᠃      ︵ᠨᠢᠭᠡ︶ ᠮᠠᠯ ᠵᠢᠭᠦᠷᠲᠡᠨ ᠤ ᠬᠠᠰᠢᠶ᠎ᠠ ᠰᠠᠷᠠᠪᠴᠢ ᠶᠢ ᠪᠠᠬᠢᠵᠢᠭᠦᠯᠬᠦ ᠪᠠ ᠰᠡᠯᠪᠢᠨ ᠵᠠᠰᠠᠬᠤ ᠬᠡᠷᠡᠭᠲᠡᠢ᠃ ᠮᠠᠯ ᠵᠢᠭᠦᠷᠲᠡᠨ ᠤ ᠬᠠᠰᠢᠶ᠎ᠠ ᠰᠠᠷᠠᠪᠴᠢ ᠪᠣᠯᠣᠨ ᠤᠰᠤ ᠂ ᠴᠠᠬᠢᠯᠭᠠᠨ ᠵᠡᠷᠭᠡ ᠰᠠᠭᠤᠷᠢ ᠲᠥᠬᠦᠭᠡᠷᠦᠮᠵᠢ ᠶᠢ ᠳᠠᠷᠤᠶᠢᠬᠠᠨ ᠪᠦᠬᠦ ᠲᠠᠯ᠎ᠠ ᠪᠠᠷ ᠲᠣᠭᠤᠷᠢᠨ ᠪᠠᠶᠢᠴᠠᠭᠠᠨ ᠪᠠᠬᠢᠵᠢᠭᠦᠯᠵᠦ ᠂ ᠳᠠᠯᠳᠠ ᠭᠡᠮ ᠣᠷᠣᠰᠢᠵᠤ ᠪᠠᠶᠢᠭ᠎ᠠ ᠬᠠᠭᠤᠴᠢᠨ ᠬᠠᠰᠢᠶ᠎ᠠ ᠰᠠᠷᠠᠪᠴᠢ ᠶᠢ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠵᠤ ᠂ ᠮᠠᠯ ᠵᠢᠭᠦᠷᠲᠡᠨ ᠢ ᠴᠠᠭ ᠲᠤᠬᠠᠢ ᠳᠤ ᠨᠢ ᠰᠢᠯᠵᠢᠭᠦᠯᠵᠦ ᠂ ᠨᠤᠷᠠᠵᠤ ᠶᠡᠭᠦᠷᠡᠬᠦ ᠠᠳᠡᠯ ᠭᠠᠷᠬᠤ ᠶᠢ ᠰᠡᠷᠭᠡᠶᠢᠯᠡᠬᠦ ᠬᠡᠷᠡᠭᠲᠡᠢ ᠃ ᠭᠠᠮᠰᠢᠭ ᠤᠨ ᠬᠠᠷᠠᠭ᠎ᠠ ᠪᠠᠷ ᠡᠪᠳᠡᠷᠡᠵᠦ ᠰᠦᠢᠳᠦᠭᠰᠡᠨ ᠬᠠᠰᠢᠶ᠎ᠠ ᠰᠠᠷᠠᠪᠴᠢ ᠶᠢ ᠲᠦᠷ ᠴᠠᠭ ᠰᠡᠯᠪᠢᠨ ᠵᠠᠰᠠᠵᠤ ᠳᠡᠶᠢᠯᠬᠦ ᠦᠭᠡᠢ ᠪᠣᠯ ᠲᠤᠬᠠᠢ ᠶᠢᠨ ᠭᠠᠵᠠᠷ ᠠᠴᠠ ᠪᠠᠨ ᠮᠠᠲ᠋ᠧᠷᠢᠶᠠᠯ ᠠᠪᠴᠤ ᠂ ᠮᠣᠳᠣᠨ ᠰᠠᠯᠠᠭ᠎ᠠ ᠂ ᠡᠷᠳᠡᠨᠢ ᠰᠢᠰᠢ ᠶᠢᠨ ᠡᠰᠢ ᠰᠦᠷᠡᠯ ᠂ ᠨᠢᠮᠭᠡᠨ ᠬᠠᠯᠢᠰᠤ ᠵᠡᠷᠭᠡ ᠮᠠᠲ᠋ᠧᠷᠢᠶᠠᠯ ᠢ ᠬᠡᠷᠡᠭᠯᠡᠵᠦ ᠂ ᠲᠥᠭᠦᠮ ᠬᠠᠰᠢᠶ᠎ᠠ ᠰᠠᠷᠠᠪᠴᠢ ᠪᠠᠶᠢᠭᠤᠯᠬᠤ ᠬᠡᠷᠡᠭᠲᠡᠢ ᠃ ᠬᠤᠷᠠᠭᠰᠠᠨ ᠴᠠᠰᠤ ᠶᠢ ᠴᠠᠭ ᠲᠤᠬᠠᠢ ᠳᠤ ᠨᠢ ᠴᠡᠪᠡᠷᠯᠡᠵᠦ᠂ ᠮᠠᠯ ᠵᠢᠭᠦᠷᠲᠡᠨ ᠤ ᠰᠠᠷᠠᠪᠴᠢ ᠶᠢᠨ ᠳᠠᠭᠠᠭᠠᠴᠠ ᠶᠢ ᠪᠠᠭᠠᠰᠬᠠᠨ᠂ ᠶᠡᠭᠡ ᠴᠠᠰᠤᠨ ᠳᠤ ᠳᠠᠷᠤᠭᠳᠠᠨ ᠨᠤᠷᠠᠵᠤ ᠬᠥᠮᠥᠨ ᠮᠠᠯ ᠳᠤ ᠬᠤᠬᠢᠷᠠᠯ ᠤᠴᠠᠷᠠᠭᠤᠯᠬᠤ ᠶᠢ ᠰᠡᠷᠭᠡᠶᠢᠯᠡᠬᠦ ᠬᠡᠷᠡᠭᠲᠡᠢ᠃      ︵ᠬᠤᠶᠠᠷ︶ ᠳᠤᠯᠠᠭᠠᠨ ᠢ ᠪᠠᠲᠤᠯᠠᠵᠤ ᠬᠥᠯᠳᠡᠬᠦ ᠠᠴᠠ ᠰᠡᠷᠭᠡᠶᠢᠯᠡᠬᠦ ᠶᠢ ᠰᠠᠶᠢᠲᠤᠷ ᠬᠢᠬᠦ ᠬᠡᠷᠡᠭᠲᠡᠢ ᠃ ᠬᠦᠢᠲᠡᠨ ᠢ ᠰᠡᠷᠭᠡᠶᠢᠯᠡᠨ ᠳᠤᠯᠠᠭᠠᠯᠠᠬᠤ ᠲᠥᠬᠦᠭᠡᠷᠦᠮᠵᠢ ᠶᠢ ᠴᠠᠭ ᠲᠤᠬᠠᠢ ᠳᠤ ᠨᠢ ᠨᠡᠮᠡᠵᠦ᠂ ᠬᠠᠰᠢᠶᠠᠯᠠᠵᠤ ᠪᠢᠲᠡᠭᠦᠮᠵᠢᠯᠡᠬᠦ ᠠᠷᠭ᠎ᠠ ᠬᠡᠮᠵᠢᠶ᠎ᠡ ᠶᠢ ᠵᠦᠢ ᠵᠣᠬᠢᠰᠲᠠᠢ ᠠᠪᠴᠤ᠂ ᠮᠠᠯ ᠵᠢᠭᠦᠷᠲᠡᠨ ᠤ ᠳᠤᠯᠠᠭᠠᠨ ᠢ ᠪᠠᠲᠤᠯᠠᠵᠤ ᠡᠪᠦᠯᠵᠢᠬᠦ ᠶᠢ ᠰᠠᠶᠢᠲᠤᠷ ᠬᠢᠬᠦ ᠬᠡᠷᠡᠭᠲᠡᠢ᠃ ᠦᠬᠡᠷ ᠬᠤᠨᠢᠨ ᠤ ᠬᠠᠰᠢᠶ᠎ᠠ ᠪᠠ ᠵᠠᠳᠠᠭᠠᠢ ᠮᠠᠶᠢᠭ ᠤᠨ ᠭᠠᠭ᠋ᠠᠢ ᠵᠢᠭᠦᠷᠲᠡᠨ ᠤ ᠬᠠᠰᠢᠶ᠎ᠠ ᠳᠤ ᠡᠪᠡᠰᠦᠨ ᠬᠦᠰᠢᠭᠡ ᠡᠯᠭᠦᠬᠦ ᠪᠤᠶᠤ ᠰᠦᠯᠢᠶᠥᠦ ᠪᠦᠷᠬᠦᠭᠦᠯ ᠵᠡᠷᠭᠡ ᠶᠢ ᠬᠤᠴᠢᠵᠤ᠂  ᠬᠠᠰᠢᠶᠠᠨ ᠳᠣᠲᠣᠷᠠᠬᠢ ᠳᠤᠯᠠᠭᠠᠨ ᠤ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠡᠭᠦᠨ ᠤ ᠬᠠᠮᠲᠤ᠂ ᠡᠳᠦᠷ ᠤᠨ ᠠᠭᠠᠷ ᠤᠨ ᠳᠤᠯᠠᠭᠠᠨ ᠨᠡᠯᠢᠶᠡᠳ ᠥᠨᠳᠥᠷ ᠴᠠᠭ ᠲᠤ ᠮᠠᠯ ᠵᠢᠭᠦᠷᠲᠡᠨ ᠤ ᠬᠠᠰᠢᠶᠠᠨ  ᠳᠤ ᠰᠠᠯᠬᠢ ᠨᠡᠪᠲᠡᠷᠡᠭᠦᠯᠦᠨ ᠠᠭᠠᠷ ᠢ ᠨᠢ ᠰᠣᠯᠢᠵᠤ᠂ ᠬᠠᠰᠢᠶᠠᠨ ᠳᠣᠲᠣᠷᠠᠬᠢ ᠠᠭᠠᠷ ᠤᠨ ᠰᠢᠨ᠎ᠡ ᠰᠣᠷᠭᠤᠭ ᠪᠠᠶᠢᠬᠤ ᠶᠢ ᠪᠠᠲᠤᠯᠠᠵᠤ᠂ ᠠᠮᠢᠰᠬᠤᠯ ᠤᠨ ᠵᠠᠮ ᠤᠨ ᠡᠪᠡᠳᠴᠢᠨ ᠡᠮᠭᠡᠭ ᠡᠭᠦᠰᠬᠦ ᠶᠢ ᠰᠡᠷᠭᠡᠶᠢᠯᠡᠬᠦ ᠬᠡᠷᠡᠭᠲᠡᠢ ᠃      ︵ᠭᠤᠷᠪᠠ︶ ᠲᠡᠵᠢᠭᠡᠨ ᠠᠷᠠᠴᠢᠯᠠᠬᠤ ᠬᠠᠮᠢᠶᠠᠷᠤᠯᠲᠠ ᠶᠢ ᠴᠢᠩᠭᠠᠷᠠᠭᠤᠯᠬᠤ ᠬᠡᠷᠡᠭᠲᠡᠢ ᠃ ᠲᠡᠵᠢᠭᠡᠯ ᠪᠣᠷᠳᠤᠭ᠎ᠠ ᠶᠢᠨ ᠰᠢᠮ᠎ᠡ ᠲᠡᠵᠢᠭᠡᠯ ᠢ ᠲᠣᠬᠢᠷᠠᠭᠤᠯᠤᠨ ᠡᠵᠡᠮᠳᠡᠬᠦ ᠠᠵᠢᠯ ᠢ ᠰᠠᠶᠢᠲᠤᠷ ᠬᠢᠵᠦ ᠂ ᠮᠠᠯ ᠵᠢᠭᠦᠷᠲᠡᠨ ᠤ ᠬᠦᠢᠲᠡᠨ ᠳᠤ ᠲᠡᠰᠪᠦᠷᠢᠯᠡᠬᠦ ᠴᠢᠳᠠᠪᠤᠷᠢ ᠶᠢ  ᠨᠢ ᠳᠡᠭᠡᠭᠰᠢᠯᠡᠭᠦᠯᠦᠨ᠎ᠡ ᠃ ᠲᠡᠵᠢᠭᠡᠯ ᠪᠣᠷᠳᠤᠭ᠎ᠠ ᠶᠢᠨ ᠰᠢᠮ᠎ᠡ ᠲᠡᠵᠢᠭᠡᠯ ᠢ ᠪᠥᠬᠦ ᠲᠠᠯ᠎ᠠ ᠪᠠᠷ ᠪᠠᠲᠤᠯᠠᠭᠰᠠᠨ ᠤᠷᠢᠲᠠᠯ ᠳᠣᠣᠷ᠎ᠠ᠂ ᠮᠠᠯ ᠵᠢᠭᠦᠷᠲᠡᠨ ᠤ ᠬᠤᠨᠤᠭ ᠤᠨ ᠲᠡᠵᠢᠭᠡᠯ ᠳᠤ ᠵᠣᠬᠢᠬᠤ ᠬᠡᠮᠵᠢᠶᠡᠨ ᠤ ᠡᠨᠧᠷᠭᠢ ᠶᠢᠨ ᠲᠡᠵᠢᠭᠡᠯ ᠪᠣᠷᠳᠤᠭ᠎ᠠ ︵ᠵᠢᠱᠢᠶᠡᠯᠡᠪᠡᠯ ᠡᠷᠳᠡᠨᠢ ᠰᠢᠰᠢ᠂ ᠥᠭᠡᠬᠦ ᠲᠣᠰᠣ ᠵᠡᠷᠭᠡ︶ ᠨᠡᠮᠡᠵᠦ᠂ ᠤᠤᠯ ᠤᠨ ᠰᠠᠭᠤᠷᠢᠨ ᠳᠡᠭᠡᠷ᠎ᠡ ᠪᠠᠨ 10% ᠣᠷᠴᠢᠮ ᠨᠡᠮᠡᠭᠳᠡᠭᠦᠯᠵᠦ᠂ ᠡᠨᠧᠷᠭᠢ ᠶᠢᠨ ᠬᠤᠷᠣᠭᠳᠠᠯ ᠢ ᠪᠠᠲᠤᠯᠠᠨ᠂ ᠮᠠᠯ ᠵᠢᠭᠦᠷᠲᠡᠨ ᠤ ᠲᠣᠰ ᠪᠡᠶ᠎ᠡ ᠶᠢᠨ ᠬᠦᠢᠲᠡᠨ ᠳᠤ ᠲᠡᠰᠪᠦᠷᠢᠯᠡᠬᠦ ᠴᠢᠳᠠᠪᠤᠷᠢ ᠶᠢ  ᠨᠢ ᠳᠡᠭᠡᠭᠰᠢᠯᠡᠭᠦᠯᠦᠨ᠎ᠡ᠃ ᠪᠠᠰᠠ ᠵᠣᠬᠢᠬᠤ ᠬᠡᠮᠵᠢᠶᠡᠨ ᠤ ᠣᠯᠠᠨ ᠬᠡᠮᠵᠢᠯᠲᠡ ᠂ ᠴᠠᠬᠢᠯᠭᠠᠨ ᠵᠠᠳᠠᠯᠤᠭᠳᠠᠬᠤᠨ ᠵᠡᠷᠭᠡ ᠰᠡᠷᠡᠯᠵᠢᠯ ᠢ ᠡᠰᠡᠷᠭᠦᠴᠡᠬᠦ ᠡᠳ᠋ ᠵᠢᠴᠢ ᠡᠭᠡᠯᠢᠯᠡᠭᠡ ᠶᠢ ᠴᠢᠩᠭᠠᠷᠠᠭᠤᠯᠬᠤ ᠡᠳ᠋ ᠢ ᠨᠡᠮᠡᠵᠦ ᠂ ᠰᠡᠷᠡᠯᠵᠢᠯ ᠤᠨ ᠤᠷᠪᠠᠯ ᠢ ᠪᠠᠭᠠᠰᠬᠠᠨ᠎ᠠ ᠃ ᠲᠡᠵᠢᠭᠡᠯ ᠪᠣᠷᠳᠤᠭ᠎ᠠ ᠶᠢ ᠲᠡᠵᠢᠭᠡᠬᠦ ᠠᠴᠠ ᠪᠠᠨ ᠡᠮᠦᠨ᠎ᠡ ᠨᠠᠷᠢᠨ ᠨᠢᠮᠪᠠᠢ ᠪᠠᠶᠢᠴᠠᠭᠠᠵᠤ ᠂ ᠸᠠᠯᠠᠭᠰᠠᠨ ᠲᠡᠵᠢᠭᠡᠯ ᠪᠣᠷᠳᠤᠭ᠎ᠠ ᠶᠢ ᠮᠠᠯ ᠵᠢᠭᠦᠷᠲᠡᠨ ᠳᠤ ᠢᠳᠡᠭᠦᠯᠬᠦ ᠦᠭᠡᠢ ᠪᠠᠶᠢᠵᠤ ᠬᠤᠣᠷᠳᠠᠭᠳᠠᠬᠤ ᠠᠴᠠ ᠰᠡᠷᠭᠡᠶᠢᠯᠡᠬᠦ ᠬᠡᠷᠡᠭᠲᠡᠢ ᠃ ᠤᠰᠤ ᠤᠮᠳᠠ ᠶᠢᠨ ᠠᠷᠢᠭᠤᠨ ᠴᠡᠪᠡᠷ ᠢ ᠠᠩᠬᠠᠷᠴᠤ ᠂ ᠮᠠᠯ ᠵᠢᠭᠦᠷᠲᠡᠨ ᠳᠤ ᠴᠢᠳᠠᠬᠤ ᠶᠢᠨ ᠬᠢᠷᠢ ᠪᠠᠷ ᠪᠦᠯᠢᠶᠡᠨ ᠤᠰᠤ ᠬᠠᠩᠭᠠᠵᠤ ᠂ ᠴᠠᠰᠤ ᠲᠠᠢ ᠤᠰᠤ ᠤᠤᠭᠤᠭᠰᠠᠨ ᠠᠴᠠ ᠪᠣᠯᠵᠤ ᠬᠠᠯᠳᠠᠪᠤᠷᠢᠲᠤ ᠴᠢᠨᠠᠷᠲᠠᠢ ᠬᠤᠳᠣᠭᠤᠳᠤ ᠭᠡᠳᠡᠰᠦᠨ ᠤ ᠦᠷᠪᠢᠰᠦᠯ ᠵᠡᠷᠭᠡ ᠰᠢᠩᠭᠡᠭᠡᠯᠲᠡ ᠶᠢᠨ ᠵᠠᠮ ᠤᠨ ᠡᠪᠡᠳᠴᠢᠨ ᠡᠮᠭᠡᠭ ᠪᠠ ᠬᠡᠭᠡᠯ ᠲᠠᠢ ᠮᠠᠯ ᠤᠨ ᠬᠡᠭᠡᠯ ᠬᠠᠶᠠᠬᠤ ᠠᠴᠠ ᠵᠠᠶᠢᠯᠠᠰᠬᠢᠬᠦ ᠬᠡᠷᠡᠭᠲᠡᠢ ᠃      ︵ᠳᠥᠷᠪᠡ︶ ᠲᠡᠵᠢᠭᠡᠯ ᠡᠪᠡᠰᠦ ᠪᠣᠷᠳᠤᠭ᠎ᠠ ᠨᠥᠭᠡᠴᠡᠯᠡᠬᠦ ᠪᠠ ᠮᠠᠯ ᠵᠢᠭᠦᠷᠲᠡᠨ ᠢ ᠪᠣᠷᠣᠯᠠᠭᠤᠯᠤᠨ ᠬᠤᠳᠠᠯᠳᠤᠬᠤ ᠶᠢ ᠴᠢᠩᠭᠠᠳᠬᠠᠨ᠎ᠠ ᠃ ᠲᠡᠵᠢᠭᠡᠯ ᠪᠣᠷᠳᠤᠭ᠎ᠠ᠂ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠵᠡᠷᠭᠡ ᠡᠳ᠋ ᠪᠣᠳᠠᠰ ᠢ ᠭᠦᠢᠴᠡᠳ ᠪᠡᠯᠡᠳᠬᠡᠵᠦ᠂ ᠲᠡᠵᠢᠭᠡᠯ ᠪᠣᠷᠳᠤᠭ᠎ᠠ᠂ ᠳᠤᠯᠠᠭᠠᠯᠠᠬᠤ ᠲᠦᠯᠡᠰᠢ᠂ ᠸᠠᠺᠼᠢᠨ᠂ ᠠᠷᠢᠭᠤᠳᠬᠠᠬᠤ ᠡᠮ ᠤᠨ ᠵᠦᠢᠯ᠂ ᠠᠷᠢᠭᠤᠳᠬᠠᠬᠤ ᠲᠦᠬᠦᠭᠡᠷᠦᠮᠵᠢ ᠂ ᠠᠶᠤᠯ   ᠠᠴᠠ ᠠᠪᠤᠷᠠᠬᠤ ᠪᠠᠭᠠᠵᠢ ᠬᠡᠷᠡᠭᠰᠡᠯ ᠵᠡᠷᠭᠡ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠨᠥᠭᠡᠴᠡᠯᠡᠯᠲᠡ ᠶᠢ ᠰᠠᠶᠢᠲᠤᠷ ᠬᠢᠵᠦ᠂ ᠵᠠᠮ ᠡᠪᠳᠡᠷᠡᠬᠦ᠂ ᠲᠡᠭᠡᠭᠡᠪᠦᠷᠢ ᠲᠠᠰᠤᠯᠳᠠᠬᠤ ᠵᠡᠷᠭᠡ ᠠᠴᠠ ᠪᠣᠯᠤᠭᠰᠠᠨ ᠲᠡᠵᠢᠭᠡᠯ ᠪᠣᠷᠳᠤᠭ᠎ᠠ ᠵᠡᠷᠭᠡ ᠡᠳ᠋ ᠪᠣᠳᠠᠰ ᠳᠤᠲᠠᠭᠳᠠᠬᠤ ᠶᠢ ᠰᠡᠷᠭᠡᠶᠢᠯᠡᠬᠦ ᠬᠡᠷᠡᠭᠲᠡᠢ᠃ ᠮᠠᠯᠵᠢᠬᠤ ᠣᠷᠣᠨ ᠳᠤ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠨ ᠵᠢᠭᠰᠠᠭᠠᠨ ᠪᠠᠶᠢᠴᠠᠭᠠᠵᠤ᠂ ᠡᠪᠡᠰᠦ ᠪᠣᠷᠳᠤᠭ᠎ᠠ ᠶᠢᠨ ᠨᠥᠭᠡᠴᠡᠯᠡᠯᠲᠡ ᠪᠠ ᠲᠤᠲᠠᠭᠳᠠᠵᠤ ᠪᠠᠶᠢᠭ᠎ᠠ ᠪᠠᠶᠢᠳᠠᠯ ᠢ ᠣᠨᠣᠪᠴᠢᠲᠠᠶ ᠡᠵᠡᠮᠰᠢᠬᠦ ᠬᠡᠷᠡᠭᠲᠡᠢ᠃ ᠲᠡᠵᠢᠭᠡᠯ ᠡᠪᠡᠰᠦ ᠪᠣᠷᠳᠤᠭ᠎ᠠ ᠶᠢᠨ ᠨᠥᠭᠡᠴᠡᠯᠡᠯᠲᠡ ᠶᠢᠨ ᠳᠤᠲᠠᠭᠤᠳᠠᠯ ᠣᠷᠣᠰᠢᠵᠤ ᠪᠠᠶᠢᠪᠠᠯ᠂ ᠡᠷᠬᠢᠨ ᠲᠣᠭᠤᠷᠢᠨ ᠤ ᠭᠠᠵᠠᠷ ᠣᠷᠣᠨ ᠲᠠᠢ ᠪᠠᠨ ᠢᠳᠡᠪᠬᠢᠲᠡᠢ ᠬᠠᠷᠢᠯᠴᠠᠵᠤ᠂ ᠲᠡᠵᠢᠭᠡᠯ ᠡᠪᠡᠰᠦ ᠪᠣᠷᠳᠤᠭ᠎ᠠ ᠶᠢ ᠰᠢᠯᠵᠢᠭᠦᠯᠦᠨ ᠲᠡᠭᠡᠭᠡᠪᠦᠷᠢᠯᠡᠬᠦ ᠪᠠ ᠣᠶᠢᠷ᠎ᠠ ᠵᠠᠢ ᠳᠤ  ᠤᠳᠤᠷᠯᠠᠬᠤ ᠵᠡᠷᠭᠡ ᠤᠴᠢᠷ ᠶᠠᠪᠤᠳᠠᠯ ᠢ ᠵᠣᠬᠢᠴᠠᠭᠤᠯᠬᠤ ᠬᠡᠷᠡᠭᠲᠡᠢ᠃ ᠭᠠᠷᠴᠤ ᠮᠡᠳᠡᠬᠦ ᠲᠡᠵᠢᠭᠡᠯ ᠡᠪᠡᠰᠦ ᠪᠣᠷᠳᠤᠭ᠎ᠠ ᠵᠡᠷᠭᠡ ᠣᠷᠣᠭᠤᠯᠤᠯᠲᠠ ᠶᠢᠨ ᠡᠳ᠋ ᠵᠢᠴᠢ ᠮᠠᠯ ᠵᠢᠭᠦᠷᠲᠡᠨ ᠢ ᠰᠢᠯᠵᠢᠭᠦᠯᠦᠨ ᠵᠥᠭᠡᠭᠡᠪᠦᠷᠢᠯᠡᠬᠦ ᠳᠤ ᠬᠦᠴᠢᠷᠲᠡᠢ ᠪᠠᠶᠢᠳᠠᠯ ᠳᠤ ᠴᠢᠭᠯᠡᠭᠦᠯᠦᠨ᠂ ᠦᠢᠯᠡᠳᠪᠦᠷᠢᠯᠡᠵᠦ ᠪᠣᠷᠣᠯᠠᠭᠤᠯᠬᠤ ᠶᠢ ᠵᠣᠯᠭᠠᠭᠤᠯᠬᠤ ᠠᠵᠢᠯ ᠢ ᠰᠠᠶᠢᠲᠤᠷ ᠵᠣᠬᠢᠶᠠᠨ ᠪᠠᠶᠢᠭᠤᠯᠵᠤ᠂ ᠲᠡᠭᠡᠭᠡᠪᠦᠷᠢᠯᠡᠬᠦ ᠪᠠ ᠪᠣᠷᠣᠯᠠᠭᠤᠯᠬᠤ ᠵᠠᠮ ᠮᠥᠷ ᠢ ᠰᠠᠭᠠᠳ ᠦᠭᠡᠢ ᠨᠠᠪᠲᠠᠷᠡᠭᠦᠯᠵᠦ᠂ ᠮᠠᠯ ᠠᠵᠤ ᠠᠬᠤᠢ ᠶᠢᠨ ᠬᠡᠪ ᠤᠨ ᠦᠢᠯᠡᠳᠪᠦᠷᠢᠯᠡᠯ ᠤᠨ ᠡᠮᠬᠢ ᠳᠢᠭᠯᠢᠮ ᠢ ᠬᠠᠮᠠᠭᠠᠯᠠᠬᠤ ᠬᠡᠷᠡᠭᠲᠡᠢ᠃      ︵ ᠲᠠᠪᠤ ︶ ᠠᠮᠢᠳᠠᠨ ᠤ ᠬᠢᠵᠢᠭ ᠢ ᠰᠡᠷᠭᠡᠶᠢᠯᠡᠬᠦ ᠠᠵᠢᠯ ᠢ ᠰᠠᠶᠢᠲᠤᠷ ᠠᠳᠬᠤᠬᠤ ᠬᠡᠷᠡᠭᠲᠡᠢ ᠃ ᠲᠡᠵᠢᠭᠡᠨ ᠦᠷᠡᠵᠢᠭᠦᠯᠬᠦ ᠲᠠᠯᠠᠪᠠᠶ ᠶᠢᠨ ᠠᠮᠢᠳᠤ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠮᠠᠯ ᠵᠢᠭᠦᠷᠲᠡᠨ᠂ ᠲᠡᠵᠢᠭᠡᠨ ᠦᠷᠡᠵᠢᠭᠦᠯᠬᠦ ᠲᠠᠯᠠᠪᠠᠶ ᠭᠠᠵᠠᠷ᠂ ᠡᠷᠬᠢᠨ ᠲᠣᠭᠤᠷᠢᠨ ᠤ ᠣᠷᠴᠢᠨ ᠲᠣᠭᠤᠷᠢᠨ ᠢ ᠴᠠᠭ ᠲᠤᠬᠠᠢ ᠳᠤ ᠨᠢ ᠠᠷᠢᠭᠤᠳᠬᠠᠨ ᠤᠰᠠᠳᠬᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠨᠢᠭᠲᠠ ᠠᠩᠬᠠᠷᠴᠤ ᠂ ᠮᠠᠯ ᠵᠢᠭᠦᠷᠲᠡᠨ ᠤ ᠡᠭᠡᠯᠢᠯᠡᠭᠡ ᠪᠠ ᠨᠥᠬᠦᠵᠦ ᠡᠭᠡᠯᠢᠯᠡᠬᠦ ᠠᠵᠢᠯ ᠢ ᠰᠠᠶᠢᠲᠤᠷ ᠬᠢᠵᠦ ᠂ ᠬᠢᠵᠢᠭ ᠤᠨ ᠪᠠᠶᠢᠳᠠᠯ ᠢ ᠲᠣᠭᠤᠷᠢᠨ ᠪᠠᠶᠢᠴᠠᠭᠠᠬᠤ ᠠᠵᠢᠯ ᠢ ᠴᠢᠩᠭᠠᠳᠬᠠᠨ᠎ᠠ ᠃ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠡᠭᠦᠰᠬᠦ ᠳᠤ ᠬᠦᠷᠪᠡᠯ ᠂ ᠬᠠᠷᠢᠶ᠎ᠠ ᠭᠠᠵᠠᠷ ᠤᠨ ᠮᠠᠯ ᠠᠵᠤ ᠠᠬᠤᠢ ᠮᠠᠯ ᠡᠮᠨᠡᠯᠭᠡ ᠶᠢᠨ ᠰᠠᠯᠠᠭ᠎ᠠ ᠮᠥᠴᠢᠷ ᠲᠤ ᠴᠠᠭ ᠲᠤᠬᠠᠢ ᠳᠤ ᠨᠢ ᠮᠡᠳᠡᠭᠦᠯᠬᠦ ᠶᠢᠨ ᠬᠠᠮᠲᠤ ᠠᠯᠠᠵᠤ ᠤᠰᠠᠳᠬᠠᠬᠤ ᠂ ᠬᠤᠣᠷ ᠦᠭᠡᠶᠢᠵᠢᠬᠦᠯᠦᠨ ᠰᠢᠢᠳᠪᠦᠷᠢᠯᠡᠬᠦ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ ᠂ ᠲᠠᠷᠬᠠᠵᠤ ᠳᠡᠯᠭᠡᠷᠡᠬᠦ ᠠᠴᠠ ᠴᠢᠩᠭ᠎ᠠ ᠰᠡᠷᠭᠡᠶᠢᠯᠡᠬᠦ ᠬᠡᠷᠡᠭᠲᠡᠢ ᠃ ᠣᠶᠢᠷ᠎ᠠ ᠶᠢᠨ ᠬᠤᠭᠤᠴᠠᠭᠠᠨ ᠳᠤ ᠦᠬᠡᠷ ᠬᠤᠨᠢᠨ ᠤ ᠰᠢᠯᠦᠬᠡᠢ ᠡᠪᠡᠳᠴᠢᠨ ᠂ ᠠᠹᠷᠢᠺᠠ ᠲᠢᠪ ᠤᠨ ᠭᠠᠭ᠋ᠠᠢ ᠶᠢᠨ ᠬᠢᠵᠢᠭ ᠂ ᠵᠢᠭᠦᠷᠲᠡᠨ ᠤ ᠬᠠᠯᠳᠠᠪᠤᠷᠢᠲᠤ ᠲᠠᠭᠰᠢᠭᠤᠷ ᠂ ᠬᠤᠳᠣᠭᠤᠳᠤ ᠭᠡᠳᠡᠰᠦᠨ ᠤ ᠬᠠᠯᠳᠠᠪᠤᠷᠢᠲᠤ ᠦᠷᠪᠢᠰᠦᠯ ᠂ ᠲᠠᠬᠤᠯᠲᠤ ᠰᠠᠭᠤᠯᠭᠠᠬᠤ ᠵᠡᠷᠭᠡ ᠬᠢᠵᠢᠭ ᠡᠪᠡᠳᠴᠢᠨ ᠢ ᠰᠡᠷᠭᠡᠶᠢᠯᠡᠬᠦ ᠠᠵᠢᠯ ᠢ ᠤᠨᠴᠠᠭᠠᠶᠢᠯᠠᠨ ᠰᠠᠶᠢᠲᠤᠷ ᠬᠢᠬᠦ ᠬᠡᠷᠡᠭᠲᠡᠢ ᠃ ᠦᠬᠦᠭᠰᠡᠨ ᠮᠠᠯ ᠵᠢᠭᠦᠷᠲᠡᠨ ᠪᠠ ᠪᠣᠬᠢᠷ ᠪᠣᠳᠠᠰ ᠢ ᠴᠠᠭ ᠲᠤᠬᠠᠢ ᠳᠤ ᠨᠢ ᠬᠤᠣᠷ ᠦᠭᠡᠶᠢᠵᠢᠭᠦᠯᠦᠨ ᠰᠢᠢᠳᠪᠦᠷᠢᠯᠡᠵᠦ᠂ ᠲᠦᠭᠦᠬᠡᠢ ᠴᠣᠬᠤᠢ ᠰᠠᠴᠤᠵᠤ ᠭᠦᠨ ᠨᠦᠬᠡᠨ ᠳᠤ ᠪᠤᠯᠠᠬᠤ ᠪᠤᠶᠤ ᠰᠢᠲᠠᠭᠠᠬᠤ ᠵᠡᠷᠭᠡ ᠠᠷᠭ᠎ᠠ ᠮᠠᠶ᠋ᠢᠭ ᠢ ᠠᠪᠴᠤ᠂ ᠭᠠᠮᠰᠢᠭ ᠤᠨ ᠳᠠᠷᠠᠭᠠᠬᠢ ᠠᠮᠢᠲᠠᠨ ᠤ ᠬᠢᠵᠢᠭ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃   
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号