12 ᠰᠠᠷ᠎ᠠ ᠶᠢᠨ 24 ᠤ ᠡᠳᠦᠷ ᠠᠴᠠ 25 ᠤ ᠡᠳᠦᠷ ᠪᠣᠯᠲᠠᠯ᠎ᠠ᠂ ᠤᠯᠤᠰ ᠤᠨ ᠠᠷᠪᠠᠢ ᠨᠣᠬᠠᠢ ᠶᠢᠨ | ᠬᠤᠰᠢᠭᠤ ᠶᠢᠨ ᠠᠵᠤ ᠦᠢᠯᠡᠰ ᠤᠨ ᠮᠡᠷᠭᠡᠵᠢᠯ ᠤᠨ ᠰᠢᠰᠲ᠋ᠧᠮᠵᠢ ᠶᠢᠨ 2022 ᠣᠨ ᠤ ᠠᠵᠢᠯ ᠤᠨ ᠳ᠋ᠦᠩᠨᠡᠯᠲᠡ | ᠵᠢᠴᠢ ᠠᠵᠢᠯᠲᠠᠨ ᠢ ᠰᠢᠯᠭᠠᠨ ᠲᠣᠭᠲᠠᠭᠠᠯᠲᠠ ᠶᠢᠨ ᠬᠤᠷᠠᠯ ᠰᠦᠯᠵᠢᠶᠡᠨ ᠳᠡᠭᠡᠷ᠎ᠡ ᠬᠤᠷᠠᠯᠳᠤᠪᠠ᠃ ᠬᠤᠷᠠᠯ ᠢ | ᠰᠢᠰᠲ᠋ᠧᠮᠵᠢ ᠶᠢᠨ ᠲᠡᠷᠢᠭᠦᠨ ᠰᠠᠭᠤᠳᠠᠯ ᠤᠨ ᠰᠢᠨᠵᠢᠯᠡᠬᠦ ᠤᠬᠠᠭᠠᠨᠲᠠᠨ ᠭᠦᠸᠧ ᠭᠠᠩ ᠭᠠᠩ ᠰᠤᠳᠤᠯᠤᠭᠴᠢ ᠡᠷᠬᠢᠯᠡᠵᠦ ᠂ | ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠮᠠᠯ ᠤᠨ ᠦᠢᠯᠡᠰ ᠤᠨ ᠬᠠᠮᠢᠶᠠᠷᠤᠯᠲᠠ ᠶᠢᠨ ᠵᠤᠷᠭᠠᠨ ᠤ | ᠪᠠᠶᠢᠴᠠᠭᠠᠨ ᠰᠤᠳᠤᠯᠤᠭᠴᠢ ᠵᠠᠩ ᠵᠧᠨ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠰᠤᠷᠭᠠᠨ ᠬᠥᠮᠦᠵᠢᠯ ᠤᠨ | ᠵᠤᠷᠭᠠᠨ ᠤ ᠰᠢᠰᠲ᠋ᠧᠮᠵᠢ ᠶᠢᠨ ᠬᠤᠯᠪᠣᠭᠠᠴᠢᠨ ᠾᠧ ᠰᠢᠶᠣᠣ ᠳ᠋ᠠᠨ ᠪᠠᠶᠢᠴᠠᠭᠠᠨ ᠰᠤᠳᠤᠯᠤᠭᠴᠢ ᠤᠷᠢᠯᠭ᠎ᠠ ᠪᠠᠷ | ᠣᠷᠤᠯᠴᠠᠬᠤ ᠶᠢᠨ ᠬᠠᠮᠲᠤ ᠵᠢᠭᠠᠨ ᠵᠢᠯᠤᠭᠤᠳᠴᠤ ᠂ ᠰᠢᠰᠲ᠋ᠧᠮᠵᠢ ᠶᠢᠨ ᠪᠦᠬᠦ ᠠᠵᠢᠯ ᠤᠨ ᠪᠠᠶᠢᠷᠢ ᠶᠢᠨ ᠰᠢᠨᠵᠢᠯᠡᠬᠦ | ᠤᠬᠠᠭᠠᠨᠲᠠᠨ ᠂ ᠶᠡᠷᠦᠩᠬᠡᠶᠢᠯᠡᠭᠰᠡᠨ ᠲᠤᠷᠰᠢᠯᠲᠠ ᠶᠢᠨ ᠦᠷᠳᠡᠭᠡ ᠶᠢᠨ ᠳᠠᠷᠤᠭ᠎ᠠ ᠪᠣᠯᠣᠨ ᠭᠤᠣᠯᠯᠠᠭᠴᠢ ᠪᠦᠯᠬᠦᠮ ᠤᠨ | ᠪᠦᠷᠢᠯᠳᠦᠭᠦᠨ ᠨᠡᠶᠢᠳᠡ 110 ᠭᠠᠷᠤᠢ ᠬᠥᠮᠥᠨ ᠬᠤᠷᠠᠯ ᠳᠤ ᠣᠷᠣᠯᠴᠠᠪᠠ ᠃ | | | | | ᠲᠣᠰ ᠤᠳᠠᠭᠠᠨ ᠤ ᠬᠤᠷᠠᠯ ᠠᠴᠠ ᠭᠤᠣᠯᠳᠠᠭᠤ ᠤᠯᠤᠰ ᠤᠨ ᠠᠷᠪᠠᠢ ᠨᠣᠬᠠᠢ ᠶᠢᠨ ᠬᠤᠰᠢᠭᠤ ᠶᠢᠨ ᠠᠵᠤ | ᠦᠢᠯᠡᠰ ᠤᠨ ᠮᠡᠷᠭᠡᠵᠢᠯ ᠤᠨ ᠰᠢᠰᠲ᠋ᠧᠮᠵᠢ ᠶᠢᠨ 2022 ᠣᠨ ᠳᠤ ᠠᠵᠢᠯ ᠤᠨ ᠳ᠋ᠦᠩᠨᠡᠯᠲᠡ ᠪᠠ ᠰᠢᠯᠭᠠᠨ | ᠲᠣᠭᠲᠠᠭᠠᠯᠲᠠ ᠬᠢᠪᠡ᠃ ᠲᠡᠷᠢᠭᠦᠨ ᠰᠠᠭᠤᠳᠠᠯ ᠤᠨ ᠰᠢᠨᠵᠢᠯᠡᠬᠦ ᠤᠬᠠᠭᠠᠨᠲᠠᠨ᠂ ᠡᠯ᠎ᠡ ᠴᠢᠳᠠᠮᠵᠢᠲᠤ ᠰᠤᠳᠤᠯᠭᠠᠨ ᠤ | ᠲᠠᠰᠤᠭ ᠤᠨ ᠡᠷᠬᠢᠯᠡᠭᠴᠢ᠂ ᠠᠵᠢᠯ ᠤᠨ ᠪᠠᠶᠢᠷᠢ ᠶᠢᠨ ᠰᠢᠨᠵᠢᠯᠡᠬᠦ ᠤᠬᠠᠭᠠᠨᠲᠠᠨ᠂ ᠶᠡᠷᠦᠩᠬᠡᠶᠢᠯᠡᠭᠰᠡᠨ ᠲᠤᠷᠰᠢᠯᠲᠠ ᠶᠢᠨ | ᠥᠷᠲᠡᠭᠡᠨ ᠤ ᠳᠠᠷᠤᠭ᠎ᠠ ᠤᠷᠢᠳ ᠬᠤᠵᠢᠳ 2022 ᠣᠨ ᠤ ᠭᠤᠣᠯᠳᠠᠯᠭ᠎ᠠ ᠲᠠᠢ ᠪᠣᠭᠤᠮᠲᠠ ᠰᠢᠪᠲᠤᠯᠬᠤ ᠡᠭᠦᠷᠭᠡ ᠶᠢ | ᠪᠡᠶᠡᠯᠡᠭᠦᠯᠬᠦ᠂ ᠰᠢᠶᠠᠨ ᠤ ᠬᠡᠪᠴᠢᠶᠡᠨ ᠤ ᠠᠵᠤ ᠠᠬᠤᠢ ᠳᠤ ᠦᠢᠯᠡᠴᠢᠯᠡᠬᠦ᠂ ᠪᠠᠴᠢᠮ ᠪᠠᠶᠢᠳᠠᠯ ᠢ ᠠᠷᠭᠠᠴᠠᠭᠠᠬᠤ ᠪᠠ | ᠠᠰᠠᠭᠤᠨ ᠯᠠᠪᠯᠠᠬᠤ ᠦᠢᠯᠡᠴᠢᠯᠡᠭᠡ᠂ ᠦᠢᠯᠡᠴᠢᠯᠡᠭᠡᠨ ᠤ ᠠᠵᠤ ᠠᠬᠤᠶᠢᠯᠠᠯ ᠢ ᠵᠣᠯᠭᠠᠭᠤᠯᠬᠤ ᠪᠠ ᠤᠬᠠᠭᠤᠯᠤᠨ | ᠮᠡᠳᠡᠭᠡᠯᠡᠬᠦ ᠵᠡᠷᠭᠡ ᠲᠠᠯ᠎ᠠ ᠪᠠᠷ ᠣᠯᠣᠭᠰᠠᠨ ᠠᠬᠢᠯᠲᠠ ᠶᠢᠨ ᠬᠢᠯᠠᠰ ᠴᠡᠭ ᠤᠨ ᠲᠣᠭᠤᠷᠢᠨ ᠳᠤ ᠬᠠᠷᠢᠭᠤ ᠮᠡᠳᠡᠭᠦᠯᠵᠦ | ᠰᠣᠯᠢᠯᠴᠠᠭᠰᠠᠨ ᠪᠥᠭᠡᠳ ᠣᠷᠣᠰᠢᠵᠤ ᠪᠠᠶᠢᠭ᠎ᠠ ᠠᠰᠠᠭᠤᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ | ᠲᠥᠯᠥᠪᠯᠡᠭᠡ ᠶᠢᠨ ᠲᠤᠬᠠᠢ ᠶᠠᠷᠢᠯᠴᠠᠵᠠᠢ᠃ ᠰᠢᠦᠢ ᠭᠤᠸᠠᠩ ᠰᠢᠶᠠᠩ ᠪᠠᠶᠠᠨᠨᠠᠭᠤᠷ ᠤᠨ ᠶᠡᠷᠦᠩᠬᠡᠶᠢᠯᠡᠭᠰᠡᠨ | ᠲᠤᠷᠰᠢᠯᠲᠠ ᠶᠢᠨ ᠦᠷᠳᠡᠭᠡ ᠶᠢ ᠲᠥᠯᠥᠭᠡᠯᠡᠨ 2022 ᠣᠨ ᠤ ᠲᠤᠰᠢᠶᠠᠯ ᠤᠨ ᠮᠡᠳᠡᠭᠦᠯᠦᠯᠲᠡ ᠬᠢᠪᠡ ᠃ | ᠣᠶᠢᠷ᠎ᠠ ᠶᠢᠨ ᠵᠢᠯ ᠳᠤ᠂ ᠪᠠᠶᠠᠨᠨᠠᠭᠤᠷ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠥᠷᠲᠡᠭᠡ ᠨᠢ ᠥᠪᠥᠷ | ᠮᠣᠩᠭᠤᠯ ᠤᠨ ᠳᠤᠮᠳᠠ ᠪᠠᠷᠠᠭᠤᠨ ᠣᠷᠣᠨ ᠤ ᠠᠳᠠᠯᠢ ᠪᠤᠰᠤ ᠠᠮᠢ ᠠᠬᠤᠢ ᠶᠢᠨ ᠣᠷᠣᠨ ᠢᠶᠠᠷ ᠦᠢᠯᠡᠴᠢᠯᠡᠭᠡᠨ ᠤ | ᠣᠷᠣᠨ ᠪᠦᠰᠡ ᠪᠣᠯᠭᠠᠵᠤ᠂ ᠭᠤᠣᠯᠳᠠᠭᠤ ᠪᠠᠶᠠᠨᠨᠠᠭᠤᠷ ᠬᠤᠲᠠ ᠶᠢᠨ ᠤᠷᠠᠳ ᠤᠨ ᠳᠤᠮᠳᠠᠳᠤ ᠬᠤᠰᠢᠭᠤ᠂ | ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠵᠡᠷᠭᠡ 5 ᠵᠢᠱᠢᠶ᠎ᠡ ᠦᠵᠡᠭᠦᠯᠬᠦ ᠰᠢᠶᠠᠨ᠂ | ᠳᠥᠷᠪᠡᠳ ᠬᠤᠰᠢᠭᠤ᠂ ᠱᠠᠩᠳᠤ ᠰᠢᠶᠠᠨ ᠵᠡᠷᠭᠡ 2 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠠᠪᠰᠤᠷᠤᠨ | ᠲᠡᠳᠬᠦᠬᠦ ᠰᠢᠶᠠᠨ ᠳᠤ ᠲᠥᠷᠥᠯ ᠵᠦᠢᠯ ᠤᠨ ᠮᠡᠷᠭᠡᠵᠢᠯ ᠤᠨ ᠵᠢᠱᠢᠶ᠎ᠡ ᠦᠵᠡᠭᠦᠯᠵᠦ᠂ ᠰᠢᠶᠠᠨ ᠤ ᠬᠡᠪᠴᠢᠶᠡᠨ ᠳᠠᠬᠢ | ᠠᠵᠤ ᠠᠬᠤᠶᠢᠯᠠᠯ᠂ ᠲᠤᠰᠬᠠᠢ ᠠᠵᠢᠯ ᠤᠨ ᠬᠤᠷᠰᠢᠶ᠎ᠠ᠂ ᠳᠠᠷᠢᠵᠤ ᠲᠡᠵᠢᠭᠡᠨ ᠦᠷᠡᠵᠢᠭᠦᠯᠬᠦ ᠲᠣᠮᠣ ᠡᠷᠦᠬᠡ ᠳᠤ | ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ︵ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠰᠠᠭᠤᠷᠢᠨ | ᠭᠠᠵᠠᠷ︶᠂ ᠲᠤᠷᠰᠢᠯᠲᠠ ᠶᠢᠨ ᠵᠢᠱᠢᠶ᠎ᠡ ᠦᠵᠡᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡ᠂ | ᠪᠦᠲᠦᠭᠡᠭᠳᠡᠬᠦᠨ ᠤ ᠨᠡᠭᠡᠭᠡᠯᠲᠡ ᠵᠡᠷᠭᠡ ᠲᠠᠯ᠎ᠠ ᠪᠠᠷ ᠬᠠᠮᠲᠤᠷᠠᠯᠴᠠᠨ ᠵᠢᠯᠤᠭᠤᠳᠪᠠ ᠃ 2022 ᠣᠨ ᠳᠤ ᠡᠯ᠎ᠡ | ᠲᠥᠷᠥᠯ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠢ ᠨᠡᠶᠢᠲᠡ 16 ᠵᠦᠢᠯ ᠥᠷᠨᠢᠭᠦᠯᠵᠦ᠂ ᠥᠪᠥᠷ | ᠮᠣᠩᠭᠤᠯ ᠤᠨ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠤ ᠳᠠᠷᠢᠬᠤ ᠳᠤ ᠲᠣᠬᠢᠷᠠᠬᠤ ᠫᠢᠸᠤ᠋ ᠳᠤ ᠬᠡᠷᠡᠭᠯᠡᠬᠦ᠂ | ᠡᠪᠡᠰᠦ ᠪᠣᠷᠳᠣᠭᠠᠨ ᠳᠤ ᠬᠡᠷᠡᠭᠯᠡᠬᠦ᠂ ᠢᠳᠡᠰᠢᠨ ᠳᠤ ᠬᠡᠷᠡᠭᠯᠡᠬᠦ 21 ᠠᠷᠪᠠᠢ ᠨᠤᠬᠠᠢ ᠶᠢᠨ ᠬᠤᠰᠢᠭᠤ ᠶᠢᠨ ᠰᠢᠨ᠎ᠡ | ᠡᠭᠦᠯᠳᠡᠷ ︵ᠰᠠᠯᠪᠤᠷᠢ︶᠂ ᠴᠢᠨᠠᠷ ᠰᠠᠶᠢᠲᠠᠢ ᠥᠨᠳᠥᠷ ᠤᠨᠠᠯᠲᠠ ᠲᠠᠢ ᠰᠢᠨ᠎ᠡ ᠡᠭᠦᠯᠳᠡᠷ᠂ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠰᠢᠨ᠎ᠡ ᠮᠡᠷᠭᠡᠵᠢᠯ ᠤᠨ ᠭᠤᠣᠯ ᠵᠢᠱᠢᠶ᠎ᠡ ᠦᠵᠡᠭᠦᠯᠬᠦ ᠲᠠᠯᠠᠪᠠᠶ | 1680 ᠮᠦ ᠶᠢ ᠰᠣᠩᠭᠤᠨ ᠭᠠᠷᠭᠠᠵᠤ᠂ ᠰᠤᠳᠤᠯᠤᠨ ᠨᠡᠭᠡᠭᠡᠵᠦ ᠳᠡᠯᠭᠡᠷᠡᠭᠦᠯᠦᠭᠰᠡᠨ ᠠᠷᠪᠠᠢ ᠢᠳᠡᠰᠢᠨ ᠤ ᠨᠡᠷᠡᠨ | ᠬᠤᠸᠠᠷ ᠢ ᠨᠡᠶᠢᠯᠡᠮᠡᠯ ᠲᠠᠷᠢᠬᠤ ᠪᠠ ᠠᠷᠪᠠᠢ ᠨᠣᠬᠠᠢ ᠶᠢᠨ ᠬᠤᠰᠢᠭᠤ ᠶᠢ ᠨᠡᠶᠢᠯᠡᠮᠡᠯ ᠲᠠᠷᠢᠬᠤ ᠨᠢ ᠮᠦ ᠪᠦᠷᠢ ᠶᠢᠨ ᠴᠡᠪᠡᠷ | ᠠᠰᠢᠭ ᠣᠷᠣᠯᠭ᠎ᠠ ᠶᠢ 651.8 ︱ 2300 ᠲᠥᠭᠦᠷᠢᠭ ᠪᠡᠶᠡᠯᠡᠭᠦᠯᠪᠡ᠃ | ᠶᠠᠭ ᠰᠠᠶᠢᠬᠠᠨ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠬᠤᠷᠠᠯᠳᠤᠵᠤ᠂ ᠬᠤᠷᠠᠯ ᠠᠴᠠ | ᠰᠢᠰᠲ᠋ᠧᠮᠵᠢ ᠶᠢᠨ ᠠᠵᠢᠯ ᠤᠨ ᠪᠠᠶᠢᠷᠢ ᠦᠷᠳᠡᠭᠡ ᠶᠢᠨ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠵᠤ ᠵᠣᠷᠢᠭ | ᠰᠠᠨᠠᠭᠠᠨ ᠤ ᠲᠣᠭᠤᠷᠢᠨ ᠳᠤ ᠲᠤᠰᠬᠠᠢ ᠰᠡᠳᠦᠪ ᠢᠶᠠᠷ ᠶᠠᠷᠢᠯᠴᠠᠵᠤ ᠂ ᠠᠷᠪᠠᠢ ᠨᠣᠬᠠᠢ ᠶᠢᠨ ᠬᠤᠰᠢᠭᠤ ᠶᠢᠨ | ᠰᠢᠰᠲ᠋ᠧᠮᠵᠢ ᠶᠢᠨ ᠠᠵᠢᠯ ᠤᠨ ᠲᠤᠷᠰᠢᠯᠭ᠎ᠠ ᠦᠷ᠎ᠡ ᠪᠦᠲᠦᠮᠵᠢ ᠪᠣᠯᠣᠨ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ | ᠬᠢᠨᠠᠮᠠᠭᠠᠢ ᠡᠮᠬᠢᠯᠡᠨ ᠳ᠋ᠦᠩᠨᠡᠵᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠰᠠᠨ ᠪᠦᠯᠬᠦᠮ ᠤᠨ | ᠠᠵᠢᠯ ᠤᠨ ᠲᠤᠷᠰᠢᠯᠭ᠎ᠠ ᠶᠢ ᠬᠤᠪᠢᠶᠠᠯᠴᠠᠨ ᠡᠳ᠋ᠯᠡᠵᠦ ᠂ ᠠᠵᠢᠯ ᠤᠨ ᠪᠠᠶᠢᠷᠢ ᠦᠷᠳᠡᠭᠡ ᠶᠢᠨ ᠡᠭᠦᠷᠭᠡ | ᠬᠠᠷᠢᠭᠤᠴᠠᠯᠭ᠎ᠠ ᠶᠢ ᠴᠢᠨᠠᠭᠰᠢᠳᠠ ᠲᠣᠳᠣᠷᠬᠠᠶᠢᠯᠠᠵᠤ ᠂ ᠲᠤᠰᠬᠠᠢ ᠬᠡᠷᠡᠭᠯᠡᠭᠡᠨ ᠤ ᠲᠦᠷᠦᠯ ᠵᠦᠢᠯ ᠢ ᠰᠣᠩᠭᠤᠨ | ᠪᠣᠶᠢᠵᠢᠭᠤᠯᠬᠤ ᠪᠠ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠦᠨ ᠲᠠᠷᠢᠵᠤ ᠪᠣᠶᠢᠵᠢᠭᠤᠯᠬᠤ | ᠮᠡᠷᠭᠡᠵᠢᠯ ᠢ ᠰᠤᠳᠤᠯᠤᠨ ᠨᠡᠭᠡᠭᠡᠬᠦ ᠠᠵᠢᠯ ᠤᠨ ᠬᠠᠷᠠᠯᠲᠠ ᠶᠢ ᠲᠣᠭᠲᠠᠭᠠᠪᠠ ᠃ ᠰᠠᠶᠢᠨ ᠡᠭᠦᠯᠳᠡᠷ ᠤᠨ ᠰᠠᠶᠢᠨ ᠠᠷᠭ᠎ᠠ ᠂ | ᠲᠠᠷᠢᠮᠠᠯ ᠤᠷᠭᠤᠮᠠᠯ ᠤᠨ ᠬᠠᠮᠠᠭᠠᠯᠠᠯᠲᠠ ᠂ ᠲᠠᠷᠢᠶᠠᠯᠠᠩ ᠤᠨ ᠤᠷ᠎ᠠ ᠮᠡᠷᠭᠡᠵᠢᠯ ᠢ ᠤᠶᠠᠯᠳᠤᠭᠤᠯᠬᠤ ᠪᠠᠷ ᠳᠠᠮᠵᠢᠭᠤᠯᠤᠨ | ᠭᠠᠷᠤᠯᠲᠠ ᠪᠠᠨ ᠨᠡᠮᠡᠭᠳᠡᠭᠦᠯᠵᠦ ᠬᠤᠬᠢᠷᠠᠯ ᠢᠶᠠᠨ ᠪᠠᠭᠠᠰᠬᠠᠵᠤ ᠲᠠᠯᠠᠪᠠᠢ ᠨᠢᠭᠡᠴᠢ ᠶᠢᠨ ᠬᠤᠷᠢᠶᠠᠯᠲᠠ ᠶᠢ | ᠳᠡᠭᠡᠭᠰᠢᠯᠡᠭᠦᠯᠬᠦ ᠶᠢ ᠪᠡᠶᠡᠯᠡᠭᠦᠯᠦᠨ᠎ᠡ ᠃ | |