ᠥᠪᠥᠷ ᠮᠣᠩᠭᠤᠯ ᠲᠦᠭᠦᠬᠡᠢ ᠰᠦ ᠂ ᠠᠯᠠᠰᠢᠨ ᠦᠬᠡᠷ᠂ ᠠᠯᠠᠰᠢᠨ ᠬᠤᠨᠢ ᠵᠡᠷᠭᠡ 14 ᠪᠦᠲᠦᠭᠡᠭᠳᠡᠬᠦᠨ ᠤ | 22 ᠰᠠᠭᠤᠷᠢᠨ ᠭᠠᠵᠠᠷ ᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ | ᠠᠬᠤᠢ ᠶᠢᠨ ᠪᠥᠬᠦ ᠠᠵᠤ ᠦᠢᠯᠡᠰ ᠤᠨ ᠬᠡᠯᠬᠢᠶᠡᠨ ᠤ ᠪᠠᠷᠢᠮᠵᠢᠶᠠᠵᠢᠭᠰᠠᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ | ᠡᠭᠦᠳᠦᠨ ᠪᠠᠶᠢᠭᠤᠯᠬᠤ ᠠᠩᠬᠠᠨ ᠤ ᠪᠦᠯᠦᠭ ᠤᠨ ᠪᠡᠯᠡᠳᠬᠡᠯ ᠨᠡᠷᠡᠰ ᠲᠤ ᠣᠷᠣᠭᠤᠯᠪᠠ᠃ | ᠡᠨᠡ ᠵᠢᠯ ᠤᠨ 8 ᠰᠠᠷ᠎ᠠ ᠳᠤ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ | ᠲᠤᠰᠬᠤᠨ ᠮᠠᠯᠵᠢᠬᠤ ᠤᠷᠤᠨ ᠤ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠳᠣ | ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠪᠠᠷᠢᠮᠵᠢᠶᠠᠵᠢᠭᠰᠠᠨ ᠵᠢᠱᠢᠶ᠎ᠡ | ᠦᠵᠡᠭᠦᠯᠬᠦ ᠰᠠᠭᠤᠷᠢᠨ ᠭᠠᠵᠠᠷ ᠢ ᠡᠭᠦᠳᠦᠨ ᠪᠠᠶᠢᠭᠤᠯᠬᠤ ᠠᠵᠢᠯ ᠤᠨ ᠲᠥᠰᠥᠯ︾ ᠢ ᠳᠠᠷᠤᠮᠠᠯᠯᠠᠨ ᠲᠠᠷᠬᠠᠭᠠᠵᠤ᠂ | ᠤᠯᠤᠰ ᠪᠠ ᠥᠪᠡᠷᠲᠡᠭᠡᠨ ᠵᠠᠰᠠᠬᠤ ᠣᠷᠣᠨ ᠤ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠪᠦᠬᠦ ᠠᠵᠤ | ᠦᠢᠯᠡᠰ ᠤᠨ ᠬᠡᠯᠬᠢᠶᠡᠨ ᠤ ᠪᠠᠷᠢᠮᠵᠢᠶᠠᠵᠢᠭᠰᠠᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠠᠵᠢᠯ ᠢ ᠵᠢᠩᠬᠢᠨᠢ ᠪᠠᠷ | ᠵᠣᠬᠢᠶᠠᠨ ᠪᠠᠶᠢᠭᠤᠯᠵᠤ ᠭᠤᠶᠤᠴᠢᠯᠠᠨ ᠮᠡᠳᠡᠭᠦᠯᠬᠦ ᠪᠠ ᠲᠤᠰᠬᠠᠢ ᠮᠡᠷᠭᠡᠵᠢᠯᠲᠡᠨ ᠢᠶᠠᠷ ᠬᠢᠨᠠᠨ ᠰᠢᠯᠭᠠᠷᠠᠭᠤᠯᠬᠤ ᠪᠠᠷ | ᠳᠡᠮᠵᠢᠨ᠂ ᠬᠠᠮᠤᠭ ᠡᠴᠦᠰ ᠲᠤ ᠲᠦᠭᠦᠬᠡᠢ ᠰᠦ ᠂ ᠠᠯᠠᠰᠢᠨ ᠦᠬᠡᠷ᠂ ᠠᠯᠠᠰᠢᠨ ᠬᠤᠨᠢ᠂ ᠲᠤᠲᠤᠷᠭ᠎ᠠ᠂ ᠨᠠᠷᠢᠮᠤ᠂ | ᠠᠮᠢᠳᠤ ᠭᠠᠭ᠋ᠠᠢ᠂ ᠡᠷᠳᠡᠨᠢ ᠰᠢᠰᠢ᠂ ᠨᠣᠬᠠᠢ ᠶᠢᠨ ᠬᠤᠰᠢᠭᠤ᠂ ᠴᠠᠭᠠᠨ ᠨᠣᠣᠯᠣᠭᠤᠷ ᠤᠨ ᠢᠮᠠᠭ᠎ᠠ᠂ ᠱᠤᠷᠠᠭ ᠵᠠᠮᠠᠭ᠂ | ᠰᠢᠬᠢᠷ ᠯᠤᠤᠪᠠᠩ᠂ ᠪᠤᠭᠤᠳᠠᠢ᠂ ᠲᠡᠮᠡᠭᠡ᠂ ᠨᠡᠷᠡᠨ ᠬᠤᠸᠠᠷ ᠵᠡᠷᠭᠡ 14 ᠪᠦᠲᠦᠭᠡᠭᠳᠡᠬᠦᠨ ᠤ 22 ᠰᠠᠭᠤᠷᠢᠨ ᠭᠠᠵᠠᠷ ᠢ | ᠤᠯᠤᠰ ᠪᠠ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠪᠥᠬᠦ ᠠᠵᠤ | ᠦᠢᠯᠡᠰ ᠤᠨ ᠬᠡᠯᠬᠢᠶᠡᠨ ᠤ ᠪᠠᠷᠢᠮᠵᠢᠶᠠᠵᠢᠭᠰᠠᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠡᠭᠦᠳᠦᠨ ᠪᠠᠶᠢᠭᠤᠯᠬᠤ | ᠠᠩᠬᠠᠨ ᠤ ᠪᠦᠯᠦᠭ ᠤᠨ ᠪᠡᠯᠡᠳᠬᠡᠯ ᠨᠡᠷᠡᠰ ᠲᠤ ᠣᠷᠣᠭᠤᠯᠬᠤ ᠪᠠᠷ ᠲᠣᠭᠲᠠᠭᠠᠪᠠ᠃ ︽ᠰᠠᠭᠤᠷᠢᠨ ᠭᠠᠵᠠᠷ ᠤᠨ | ᠨᠢᠭᠡᠴᠢ + ᠮᠡᠷᠭᠡᠵᠢᠯ ᠤᠨ ᠨᠢᠭᠡᠴᠢ + ᠭᠤᠣᠯᠴᠢᠯᠠᠨ ᠬᠠᠮᠢᠶᠠᠷᠬᠤ ᠨᠢᠭᠡᠴᠢ ︾ ᠶᠢᠨ ᠬᠠᠮᠲᠤᠷᠠᠨ ᠡᠭᠦᠳᠦᠨ | ᠪᠠᠶᠢᠭᠤᠯᠬᠤ ᠵᠠᠭᠪᠤᠷ ᠢ ᠠᠪᠴᠤ᠂ ︽ᠤᠷᠢᠳᠠᠪᠠᠷ ᠡᠭᠦᠳᠦᠨ ᠪᠠᠶᠢᠭᠤᠯᠵᠤ᠂ ᠳᠠᠷᠠᠭ᠎ᠠ ᠨᠢ ᠮᠠᠭᠠᠳᠯᠠᠨ ᠲᠣᠭᠲᠠᠭᠠᠵᠤ᠂ | ᠳᠠᠷᠠᠭ᠎ᠠ ᠨᠢ ᠳᠡᠯᠭᠡᠷᠡᠭᠦᠯᠬᠦ︾ ᠬᠡᠯᠪᠡᠷᠢ ᠪᠠᠷ ᠳᠠᠮᠵᠢᠭᠤᠯᠤᠨ᠂ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ | ᠰᠠᠯᠠᠭ᠎ᠠ ᠮᠥᠴᠢᠷ ᠤᠳ ᠵᠣᠬᠢᠶᠠᠨ ᠪᠠᠶᠢᠭᠤᠯᠤᠨ ᠡᠭᠦᠳᠦᠨ ᠪᠠᠶᠢᠭᠤᠯᠤᠭᠰᠠᠨ ᠰᠠᠭᠤᠷᠢᠨ ᠳᠡᠭᠡᠷ᠎ᠡ᠂ ᠰᠢᠯᠢᠳᠡᠭ ᠢ ᠨᠢ | ᠰᠣᠩᠭᠤᠨ ᠦᠨᠡᠮᠰᠢᠨ ᠲᠣᠭᠲᠠᠭᠠᠬᠤ ᠶᠢᠨ ᠬᠠᠮᠲᠤ ᠫᠠᠶᠢᠰᠠ ᠣᠯᠭᠤᠵᠤ᠂ ᠵᠢᠱᠢᠶ᠎ᠡ ᠦᠵᠡᠭᠦᠯᠦᠨ ᠳᠡᠯᠭᠡᠷᠡᠭᠦᠯᠦᠨ᠎ᠡ᠃ | ᠲᠣᠰ ᠤᠳᠠᠭᠠᠨ ᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠨᠢ | ᠲᠠᠷᠢᠶᠠᠯᠠᠩ ᠤᠨ ᠦᠢᠯᠡᠳᠪᠦᠷᠢᠯᠡᠯ ᠤᠨ ︽ᠭᠤᠷᠪᠠᠨ ᠪᠦᠲᠦᠭᠡᠭᠳᠡᠬᠦᠨ ᠨᠢᠭᠡ ᠪᠠᠷᠢᠮᠵᠢᠶ᠎ᠠ︾ ᠪᠠᠷ ᠠᠷᠭ᠎ᠠ ᠵᠠᠮ ᠪᠣᠯᠭᠠᠵᠤ᠂ | ᠪᠦᠲᠦᠭᠡᠭᠳᠡᠬᠦᠨ ᠢᠶᠠᠷ ᠭᠤᠣᠯ ᠱᠤᠭᠤᠮ ᠪᠣᠯᠭᠠᠭᠰᠠᠨ᠂ ᠪᠥᠬᠦ ᠶᠠᠪᠤᠴᠠ ᠶᠢᠨ ᠶᠠᠰᠤ ᠴᠢᠨᠠᠷ ᠢ ᠡᠵᠡᠮᠳᠡᠬᠦ ᠪᠠᠷ ᠭᠤᠣᠯ | ᠪᠣᠯᠭᠠᠭᠰᠠᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠪᠥᠬᠦ ᠠᠵᠤ ᠦᠢᠯᠡᠰ ᠤᠨ ᠬᠡᠯᠬᠢᠶᠡᠨ ᠤ | ᠪᠠᠷᠢᠮᠵᠢᠶ᠎ᠠ ᠶᠢᠨ ᠰᠢᠰᠲ᠋ᠧᠮᠵᠢ ᠶᠢ ᠪᠠᠶᠢᠭᠤᠯᠵᠤ᠂ ᠪᠠᠷᠢᠮᠵᠢᠶ᠎ᠠ ᠶᠣᠰᠣᠭᠠᠷ ᠦᠢᠯᠡᠳᠪᠦᠷᠢᠯᠡᠬᠦ ᠭᠤᠣᠯ ᠴᠣᠭᠴᠠ ᠶᠢ | ᠲᠦᠷᠭᠡᠳᠬᠡᠨ ᠪᠣᠶᠢᠵᠢᠭᠤᠯᠵᠤ᠂ ᠪᠣᠬᠢᠷᠳᠤᠯ ᠦᠭᠡᠢ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠣᠬᠢ ᠪᠦᠲᠦᠭᠡᠭᠳᠡᠬᠦᠨ ᠢ ᠪᠣᠶ ᠪᠣᠯᠭᠠᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠨ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠤᠨ᠎ᠠ᠃ | | | |