ᠪᠠᠭᠠᠷᠢᠨ ᠤ ᠦᠬᠡᠷ ᠬᠤᠨᠢᠨ ᠮᠢᠬ᠎ᠠ ᠨᠡᠶᠢᠰᠯᠡᠯ ᠪᠡᠭᠡᠵᠢᠩ ᠳᠤ ᠪᠤᠷᠤᠯᠠᠭᠤᠯᠭ᠎ᠠ ᠰᠠᠶᠢᠲᠠᠢ ᠪᠠᠶᠢᠨ᠎ᠠ
ᠨᠡᠶᠢᠲᠡᠯᠡᠭᠰᠡᠨ ᠴᠠᠭ᠄
2022/12/5
      ᠡᠪᠦᠯ ᠤᠨ ᠬᠦᠢᠲᠡ ᠤᠷᠤᠪᠠᠯ ᠬᠠᠯᠠᠭᠤᠨ ᠲᠤᠭᠤᠭ᠎ᠠ ᠨᠢ ᠬᠡᠷᠡᠭᠯᠡᠭᠴᠢᠳ ᠲᠤ ᠬᠠᠮᠤᠭ ᠲᠠᠭᠠᠯᠠᠭᠳᠠᠬᠤ ᠬᠤᠭᠤᠯᠠ ᠶᠢᠨ ᠨᠢᠭᠡ ᠪᠤᠯᠳᠠᠭ᠃ ᠣᠳᠣᠬᠠᠨ ᠳᠤ ᠪᠠᠭᠠᠷᠢᠨ ᠤ ᠦᠬᠡᠷ ᠬᠤᠨᠢᠨ ᠮᠢᠬ᠎ᠠ ᠪᠡᠭᠡᠵᠢᠩ ᠳᠤ ᠬᠦᠷᠭᠡᠭᠳᠡᠵᠦ᠂ ᠬᠠᠯᠠᠭᠤᠨ ᠲᠣᠭᠤᠭᠠᠨ ᠤ ᠬᠤᠭᠤᠯᠠᠨ ᠭᠡᠷ ᠤᠨ ᠪᠤᠯᠢᠶᠠᠯᠳᠤᠨ ᠠᠪᠬᠤ ᠪᠠᠷᠠᠭ᠎ᠠ ᠪᠣᠯᠪᠠ᠃ 600 ᠺᠢᠯᠣᠮᠧᠲᠷ ᠤᠨ ᠴᠠᠭᠠᠨᠠᠬᠢ ᠨᠡᠶᠢᠰᠯᠡᠯ ᠪᠡᠭᠡᠵᠢᠩ ᠤᠨ ᠮᠠᠰᠢ ᠣᠯᠠᠨ ᠬᠠᠯᠠᠭᠤᠨ ᠲᠣᠭᠤᠭᠠᠨ ᠤ ᠬᠤᠭᠤᠯᠠᠨ ᠭᠡᠷ ᠲᠤ ᠬᠡᠷᠡᠭᠯᠡᠵᠦ ᠪᠠᠶᠢᠭ᠎ᠠ ᠨᠢᠭᠡ ᠪᠦᠯᠦᠭ ᠦᠬᠡᠷ ᠬᠤᠨᠢᠨ ᠮᠢᠬ᠎ᠠ ᠶᠢ ᠪᠠᠭᠠᠷᠢᠨ ᠠᠴᠠ ᠬᠠᠩᠭᠠᠵᠤ ᠪᠤᠢ᠃      ᠪᠠᠭᠠᠷᠢᠨ ᠤ ᠦᠬᠡᠷ ᠬᠤᠨᠢᠨ ᠮᠢᠬ᠎ᠠ ᠶᠠᠭᠠᠬᠢᠭᠠᠳ ᠨᠡᠶᠢᠰᠯᠡᠯ ᠪᠡᠭᠡᠵᠢᠩ ᠳᠤ ᠣᠷᠣᠵᠤ ᠬᠤᠭᠤᠯᠠᠨ ᠰᠢᠷᠡᠭᠡᠨ ᠳᠤ ᠭᠠᠷᠤᠭᠰᠠᠨ ᠪᠣᠶ︖ ᠤᠴᠢᠷ ᠨᠢ ᠪᠠᠭᠠᠷᠢᠨ ᠬᠤᠨᠢ ᠵᠣᠬᠢᠴᠠᠬᠤ ᠴᠢᠨᠠᠷ ᠢᠶᠠᠷ ᠴᠢᠩᠭ᠎ᠠ᠂ ᠪᠣᠶᠢᠵᠢᠯᠲᠡ ᠨᠢ ᠲᠦᠷᠭᠡᠨ᠂ ᠮᠢᠬ᠎ᠠ ᠶᠢᠨ ᠰᠢᠮ᠎ᠡ ᠲᠡᠵᠢᠭᠡᠯ ᠨᠢ ᠡᠯᠪᠡᠭ ᠪᠠᠶᠢᠳᠠᠭ ᠃ ᠰᠢᠯᠢᠳᠡᠭ ᠶᠠᠰᠤ ᠴᠢᠨᠠᠷ ᠢᠶᠠᠷ ᠢᠶᠠᠨ 2016 ᠣᠨ ᠤ 11 ᠰᠠᠷ᠎ᠠ ᠶᠢᠨ 2 ᠤᠨ ᠡᠳᠦᠷ᠂ ︽ᠪᠠᠭᠠᠷᠢᠨ ᠤ ᠬᠤᠨᠢᠨ ᠮᠢᠬ᠎ᠠ︾᠂ ︽ᠪᠠᠭᠠᠷᠢᠨ ᠤ ᠦᠬᠡᠷ ᠤᠨ ᠮᠢᠬ᠎ᠠ︾ ᠤᠯᠤᠰ ᠤᠨ ᠬᠦᠳᠡᠭᠡ ᠠᠵᠤ ᠠᠬᠤᠢ ᠶᠢᠨ ᠪᠦᠲᠦᠭᠡᠭᠳᠡᠭᠦᠨ ᠤ ᠭᠠᠵᠠᠷ ᠵᠦᠶ ᠶᠢᠨ ᠢᠯᠡᠷᠬᠡᠶᠢᠯᠡᠯᠲᠦ ᠲᠠᠸᠠᠷ ᠤᠨ ᠲᠡᠮᠳᠡᠭ ᠲᠤ ᠰᠣᠩᠭᠤᠭ᠍ᠳᠠᠪᠠ ︔ 2019 ᠣᠨ ᠤ 12 ᠰᠠᠷ᠎ᠠ ᠶᠢᠨ 17 ᠤ ᠡᠳᠦᠷ᠂ ︽ ᠪᠠᠭᠠᠷᠢᠨ ᠤ ᠬᠤᠨᠢᠨ ᠮᠢᠬ᠎ᠠ︾ 2019 ᠣᠨ ᠤ ᠳᠥᠷᠪᠡᠳᠦᠭᠡᠷ ᠪᠦᠯᠦᠭ ᠤᠨ ᠤᠯᠤᠰ ᠤᠨ ᠨᠡᠷᠡᠳᠦ ᠣᠨᠴᠠᠯᠢᠭᠳᠤ ᠤᠬᠢ ᠰᠢᠨ᠎ᠡ ᠬᠦᠳᠡᠭᠡ ᠠᠵᠤ ᠠᠬᠤᠢ ᠶᠢᠨ ᠪᠦᠲᠦᠭᠡᠭᠳᠡᠭᠦᠨ ᠤ ᠨᠡᠷᠡᠰ ᠲᠤ ᠰᠤᠩᠭᠤᠭᠳᠠᠵᠠᠢ ᠃      ᠣᠳᠤᠬᠠᠨ ᠳᠤ ᠂ ᠪᠠᠭᠠᠷᠢᠨ ᠪᠠᠷᠠᠭᠤᠨ ᠬᠤᠰᠢᠭᠤᠨ ᠤ ᠵᠢᠩ ᠳ᠋ᠦ᠋ᠩ ᠬᠦᠢᠲᠡᠨ ᠢᠶᠠᠷ ᠬᠥᠮᠥᠷᠭᠡᠯᠡᠬᠦ ᠪᠠᠷᠠᠭᠠᠨ ᠤ ᠭᠦᠢᠯᠭᠡᠭᠡᠨ ᠤ ᠬᠤᠪᠢᠶᠠᠷᠢᠯᠠᠬᠤ ᠵᠠᠩᠭᠢᠯᠠᠭ᠎ᠠ ᠶᠢᠨ ᠴᠠᠭ ᠤᠨ ᠲᠥᠷᠥᠯ ᠵᠦᠢᠯ ᠢ ᠶᠠᠭ ᠡᠮᠬᠢ ᠵᠢᠷᠤᠮ ᠲᠠᠢ ᠪᠠᠶᠢᠭᠤᠯᠵᠤ ᠪᠠᠶᠢᠨ᠎ᠠ ᠃ ᠡᠨᠡ ᠵᠢᠯ ᠤᠨ ᠰᠡᠭᠦᠯᠴᠢ ᠪᠠᠷ ᠲᠤᠰ ᠲᠦᠷᠦᠯ ᠵᠦᠢᠯ ᠠᠰᠢᠭᠯᠠᠯᠲᠠ ᠳᠤ ᠣᠷᠤᠭᠰᠠᠨ ᠤ ᠳᠠᠷᠠᠭ᠎ᠠ᠂ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠬᠥᠮᠥᠷᠭᠡᠯᠡᠨ ᠬᠠᠳᠠᠭᠠᠯᠠᠬᠤ ᠬᠤᠪᠢᠶᠠᠨ ᠰᠢᠯᠵᠢᠭᠦᠯᠬᠦ ᠦᠢᠯᠡᠴᠢᠯᠡᠭᠡ ᠶᠢ ᠬᠠᠩᠭᠠᠵᠤ᠂ ᠪᠠᠭᠠᠷᠢᠨ ᠤ ᠲᠠᠯ᠎ᠠ ᠨᠤᠲᠤᠭ ᠤᠨ ᠰᠣᠷᠭᠤᠭ ᠦᠬᠡᠷ ᠬᠤᠨᠢᠨ ᠮᠢᠬ᠎ᠠ ᠶᠢ ᠵᠢᠩ ᠳ᠋ᠦ᠋ᠩ ᠪᠠᠷᠠᠭᠠᠨ ᠤ ᠭᠦᠢᠯᠭᠡᠭᠡᠨ ᠤ ᠲᠤᠮᠤ ᠳ᠋ᠠᠶᠢᠲ᠋ᠠ ᠪᠠᠷ ᠳᠤᠬᠢᠷᠠᠭᠤᠯᠵᠤ᠂ ᠪᠦᠬᠦ ᠤᠯᠤᠰ ᠤᠨ ᠡᠯ᠎ᠡ ᠭᠠᠵᠠᠷ ᠤᠨ ᠬᠡᠷᠡᠭᠯᠡᠭᠴᠢᠳ ᠤᠨ ᠬᠤᠭᠤᠯᠠᠨ ᠰᠢᠷᠡᠭᠡᠨ ᠳᠤ ᠲᠦᠷᠭᠡᠨ ᠬᠦᠷᠭᠡᠬᠦ ᠪᠤᠯᠤᠨ᠎ᠠ᠃      ᠪᠠᠭᠠᠷᠢᠨ ᠪᠠᠷᠠᠭᠤᠨ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠦᠪ ᠤᠨ ᠡᠷᠬᠢᠯᠡᠭᠴᠢ ᠯᠢᠦ ᠵᠢᠶᠠᠨ ᠪᠥᠸᠧ ᠶᠢᠨ ᠬᠡᠯᠡᠬᠦ ᠪᠠᠷ᠂ ᠬᠡᠳᠦᠶᠢᠪᠡᠷ ᠵᠢᠩ ᠳ᠋ᠦᠩ ᠤᠨ ᠬᠦᠢᠲᠡᠨ ᠢᠶᠠᠷ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡᠨ ᠤ ᠬᠤᠪᠢᠶᠠᠷᠢᠯᠠᠬᠤ ᠵᠠᠩᠭᠢᠯᠠᠭ᠎ᠠ ᠶᠢᠨ ᠴᠠᠭ ᠤᠨ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳᠤᠢ ᠪᠣᠯᠪᠠᠴᠤ ᠠᠵᠤ ᠦᠢᠯᠡᠰ ᠤᠨ ᠲᠥᠪᠯᠡᠷᠡᠯ ᠤᠨ ᠦᠢᠯᠡᠳᠦᠯ ᠨᠢ ᠨᠢᠭᠡᠨᠲᠡ ᠢᠯᠡᠷᠬᠡᠶ ᠪᠣᠯᠤᠭᠰᠠᠨ ᠪᠠᠶᠢᠨ᠎ᠠ᠃ ᠵᠢᠯ ᠳᠤ 100 ᠲᠦᠮᠡᠨ ᠮᠢᠬᠠᠨ ᠤ ᠬᠤᠨᠢ ᠨᠢᠲᠤᠯᠬᠤ ᠪᠠ ᠵᠢᠯ ᠳᠤ 5 ᠲᠦᠮᠡᠨ ᠮᠢᠬᠠᠨ ᠤ ᠦᠬᠡᠷ ᠨᠢᠲᠤᠯᠬᠤ 2 ᠠᠵᠤ ᠠᠬᠤᠶᠢᠯᠠᠯ ᠨᠢᠭᠡᠨᠲᠡ ᠪᠠᠭᠠᠷᠢᠨ ᠪᠠᠷᠠᠭᠤᠨ ᠬᠤᠰᠢᠭᠤᠨ ᠳᠤ ᠣᠷᠣᠵᠤ ᠰᠠᠭᠤᠪᠠ᠂ ᠵᠠᠯᠭᠠᠭᠠᠳ ᠪᠠᠰᠠ ᠨᠠᠩ ᠣᠯᠠᠨ ᠠᠵᠤ ᠠᠬᠤᠶᠢᠯᠠᠯ ᠤᠷᠤᠵᠤ ᠰᠠᠭᠤᠬᠤ ᠪᠤᠯᠤᠨ᠎ᠠ᠃      ᠦᠨᠡᠨ ᠳᠡᠭᠡᠨ ᠳᠡᠭᠡᠷ᠎ᠡ ᠳᠤᠷᠠᠳᠤᠭᠰᠠᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠬᠡᠷᠡᠭᠯᠡᠭᠡ ᠪᠠᠷ ᠬᠠᠪᠰᠤᠷᠤᠨ ᠲᠡᠳᠭᠦᠭᠰᠡᠨ ᠠᠮᠢᠳᠤᠯᠢᠭ ᠦᠢᠯᠡᠳᠦᠯᠭᠡ ᠪᠠᠭᠠᠷᠢᠨ ᠤ ᠲᠠᠯ᠎ᠠ ᠨᠤᠲᠤᠭ ᠲᠤ ᠣᠯᠠᠨ ᠪᠠᠶᠢᠳᠠᠭ᠃ ᠪᠠᠭᠠᠷᠢᠨ ᠪᠠᠷᠠᠭᠤᠨ ᠬᠤᠰᠢᠭᠤ ᠪᠡᠭᠡᠵᠢᠭ ᠤᠨ ᠠᠵᠤ ᠠᠬᠤᠶ ᠮᠡᠷᠭᠡᠵᠢᠯ ᠤᠨ ᠨᠡᠭᠡᠭᠡᠨ ᠬᠦᠭᠵᠢᠭᠦᠯᠦᠯᠲᠡ ᠶᠢᠨ ᠲᠤᠭᠤᠷᠢᠭ ᠤᠨ ᠬᠠᠪᠰᠤᠷᠤᠯᠭ᠎ᠠ ᠳᠣᠣᠷ᠎ᠠ᠂ ᠡᠨᠡ ᠵᠢᠯ ᠤᠨ ᠡᠬᠢᠨ ᠳᠤ ᠵᠢᠩ ᠳ᠋ᠦᠩ ᠬᠤᠳᠠᠯᠳᠤᠭᠠᠨ ᠤ ᠲᠠᠪᠴᠠᠩ ᠳᠤ ᠲᠦᠰᠢᠭᠯᠡᠨ ᠰᠦᠯᠵᠢᠶᠡᠨ ᠳᠡᠭᠡᠷᠡᠬᠢ ︽ᠳᠤᠮᠳᠠᠳᠤ ᠤᠯᠤᠰ ᠤᠨ ᠣᠨᠴᠠ ᠭᠠᠷᠤᠯᠲᠠ · ᠪᠠᠭᠠᠷᠢᠨ ᠪᠠᠷᠠᠭᠤᠨ ᠬᠤᠰᠢᠭᠤᠨ ᠤ ᠣᠷᠳᠣᠨ︾ ᠢ ᠪᠠᠶᠢᠭᠤᠯᠵᠤ ᠂ ᠪᠥᠬᠦ ᠬᠤᠰᠢᠭᠤᠨ ᠤ ᠣᠯᠠᠨ ᠬᠠᠩᠭᠠᠯᠭ᠎ᠠ ᠶᠢᠨ ᠰᠢᠯᠢᠳᠡᠭ ᠬᠤᠳᠠᠯᠳᠤᠭᠠᠴᠢᠨ ᠢ ᠴᠤᠭᠯᠠᠭᠤᠯᠤᠨ ᠨᠠᠷᠢᠮᠤ᠂ ᠬᠠᠷ᠎ᠠ ᠠᠷᠢᠬᠢ᠂ ᠬᠤᠨᠢᠨ ᠮᠢᠬ᠎ᠠ ᠵᠡᠷᠭᠡ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠢ ᠲᠥᠪᠯᠡᠷᠡᠭᠦᠯᠦᠨ ᠳᠡᠯᠭᠡᠨ ᠦᠵᠡᠭᠦᠯᠵᠦ᠂ ᠲᠣᠰ ᠭᠠᠵᠠᠷ ᠤᠨ ᠲᠦᠷᠦᠯ ᠲᠡᠮᠳᠡᠭ ᠤᠨ ᠮᠡᠳᠡᠷᠡᠮᠵᠢ ᠪᠠ ᠠᠯᠳᠠᠷᠰᠢᠯ ᠢ ᠳᠡᠭᠡᠭᠰᠢᠯᠡᠭᠦᠯᠪᠡ ᠃ ᠣᠳᠤᠬᠠᠨ ᠳᠤ ᠰᠦᠯᠵᠢᠶᠡᠨ ᠳᠡᠭᠡᠷᠡᠬᠢ ᠪᠣᠷᠣᠯᠠᠭᠤᠯᠭ᠎ᠠ ᠨᠢᠭᠡᠨᠲᠡ 1000 ᠲᠦᠮᠡᠨ ᠲᠦᠭᠦᠷᠢᠭ ᠢ ᠳᠠᠪᠠᠵᠠᠶ᠃ ᠪᠠᠭᠠᠷᠢᠨ ᠤ ᠦᠬᠡᠷ ᠬᠤᠨᠢᠨ ᠮᠢᠬ᠎ᠠ ᠵᠡᠷᠭᠡ ᠪᠦᠲᠦᠭᠡᠭᠳᠡᠭᠦᠨ ᠨᠢ ᠪᠡᠭᠡᠵᠢᠩ ᠤᠨ ᠮᠤᠨᠳᠠᠭ ᠶᠡᠭᠡ ᠬᠡᠷᠡᠭᠯᠡᠭᠡᠨ ᠤ ᠵᠠᠬ᠎ᠠ ᠳᠡᠯᠭᠡᠭᠦᠷ ᠪᠣᠯᠤᠨ ᠭᠠᠳᠠᠭᠠᠲᠦ ᠲᠠᠢ ᠬᠤᠯᠪᠣᠭᠠᠯᠠᠬᠤ ᠠᠷᠭ᠎ᠠ ᠵᠠᠮ ᠢ ᠠᠰᠢᠭᠯᠠᠵᠤ ᠂ ᠬᠤᠶᠠᠷ ᠲᠠᠯ᠎ᠠ ᠶᠢᠨ ᠪᠠᠶᠢᠭᠤᠯᠤᠭᠰᠠᠨ ᠬᠡᠷᠡᠭᠯᠡᠭᠡᠨ ᠤ ᠬᠠᠪᠰᠤᠷᠤᠨ ᠲᠡᠳᠬᠦᠬᠦ ᠲᠥᠪ᠂ ᠪᠦᠲᠦᠭᠡᠭᠳᠡᠭᠦᠨ ᠢ ᠲᠥᠪᠯᠡᠷᠡᠭᠦᠯᠦᠨ ᠴᠤᠭᠯᠠᠭᠤᠯᠬᠤ ᠲᠠᠪᠴᠠᠩ᠂ ᠰᠦᠯᠵᠢᠶᠡᠨ ᠳᠡᠭᠡᠷᠡᠬᠢ ᠳᠡᠯᠭᠡᠨ ᠪᠣᠷᠣᠯᠠᠭᠤᠯᠬᠤ ᠲᠤᠰᠬᠠᠢ ᠣᠷᠣᠨ ᠵᠡᠷᠭᠡ ᠪᠣᠷᠣᠯᠠᠭᠤᠯᠭ᠎ᠠ ᠶᠢᠨ ᠵᠠᠮ ᠳᠤ ᠲᠦᠰᠢᠭᠯᠡᠨ᠂ ᠳᠠᠭᠠᠭᠤᠯᠤᠭᠴᠢ ᠠᠵᠤ ᠠᠬᠤᠶᠢᠯᠠᠯ ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠵᠡᠷᠭᠡ ᠡᠵᠡᠩᠨᠡᠯᠲᠡ ᠶᠢᠨ ᠭᠤᠣᠯ ᠴᠣᠭᠴᠠ ᠶᠢᠨ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠶᠢ ᠢᠳᠡᠪᠬᠢᠲᠡᠢ ᠣᠷᠤᠯᠴᠠᠬᠤ ᠶᠢ ᠬᠦᠳᠦᠯᠥᠨ ᠳᠠᠭᠠᠭᠤᠯᠵᠤ᠂ ᠪᠣᠷᠣᠯᠠᠭᠤᠯᠭ᠎ᠠ ᠪᠠᠷ ᠦᠢᠯᠡᠳᠪᠦᠷᠢᠯᠡᠯ ᠢ ᠠᠬᠢᠭᠤᠯᠵᠤ᠂ ᠬᠥᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ︽ᠴᠢᠰᠤ ᠪᠦᠲᠦᠭᠡᠬᠦ︾ ᠴᠢᠳᠠᠮᠵᠢ ᠶᠢ ᠳᠡᠭᠡᠭᠰᠢᠯᠡᠭᠦᠯᠵᠡᠢ ᠃ ᠭᠤᠯᠭ᠎ᠠ ᠪᠠᠨ ᠣᠷᠣᠭᠤᠯᠤᠭᠠᠷᠠᠢ ᠁ 
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号