ᠰᠢᠷ᠎ᠠ ᠪᠤᠷᠴᠠᠭ ᠤᠨ ᠬᠡᠷᠡᠯ ᠤᠨ ᠨᠡᠶᠢᠯᠡᠯᠭᠡ ᠶᠢᠨ ᠦᠢᠯᠡᠳᠦᠯ ᠢ ᠳᠡᠭᠡᠭᠰᠢᠯᠡᠭᠦᠯᠪᠡᠯ ᠤᠨᠠᠯᠳᠠ ᠶᠢ ᠶᠡᠭᠡ ᠪᠠᠷ ᠨᠡᠮᠡᠭᠳᠡᠭᠦᠯᠵᠦ ᠪᠣᠯᠣᠨ᠎ᠠ
ᠨᠡᠶᠢᠲᠡᠯᠡᠭᠰᠡᠨ ᠴᠠᠭ᠄
2022/12/5
      ᠭᠧᠨ ᠤ ᠥᠭᠡᠷᠡᠴᠢᠯᠡᠯᠲᠡ ᠪᠠᠷ ᠳᠡᠮᠵᠢᠨ ᠰᠢᠷ᠎ᠠ ᠪᠤᠷᠴᠠᠭ ᠤᠨ ᠬᠡᠷᠡᠯ ᠤᠨ ᠨᠡᠶᠢᠯᠡᠯᠭᠡ ᠶᠢᠨ ᠦᠢᠯᠡᠳᠦᠯ ᠤᠨ ᠠᠰᠢᠭᠯᠠᠮᠵᠢ ᠶᠢ ᠳᠡᠭᠡᠭᠰᠢᠯᠡᠭᠦᠯᠵᠦ᠂ ᠰᠢᠷ᠎ᠠ ᠪᠤᠷᠴᠠᠭ ᠤᠨ ᠶᠠᠰᠤ ᠴᠢᠨᠠᠷ ᠢ ᠬᠤᠪᠢᠷᠠᠭᠤᠯᠬᠤ ᠦᠭᠡᠢ ᠪᠠᠶᠢᠳᠠᠯ ᠳᠣᠣᠷ᠎ᠠ ᠤᠨᠠᠯᠳᠠ ᠶᠢ ᠨᠢ ᠬᠠᠮᠤᠭ ᠤᠨ ᠠᠷᠪᠢᠨ ᠳᠤ ᠪᠠᠨ 33% ᠪᠠᠷ ᠨᠡᠮᠡᠭᠳᠡᠭᠦᠯᠵᠦ ᠪᠣᠯᠣᠨ᠎ᠠ᠃      ᠭᠡᠷᠡᠯ ᠤᠨ ᠨᠡᠶᠢᠯᠡᠯᠭᠡ ᠶᠢᠨ ᠦᠢᠯᠡᠳᠦᠯ ᠪᠣᠯ ᠤᠷᠭᠤᠮᠠᠯ ᠭᠡᠷᠡᠯ ᠤᠨ ᠡᠨᠧᠷᠭᠢ ᠶᠢ ᠠᠰᠢᠭᠯᠠᠨ᠂ ᠤᠰᠤ ᠪᠣᠯᠣᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠣᠷᠭᠠᠨᠢᠭ ᠪᠣᠳᠠᠰ ᠪᠣᠯᠭᠠᠨ ᠬᠤᠪᠢᠷᠠᠭᠠᠬᠤ ᠶᠢᠨ ᠬᠠᠮᠲᠤ ᠬᠦᠴᠢᠯᠲᠥ᠋ᠷᠥᠭᠴᠢ ᠶᠢ ᠢᠯᠭᠠᠷᠠᠭᠤᠯᠬᠤ ᠶᠠᠪᠤᠴᠠ ᠶᠢ ᠵᠢᠭᠠᠵᠤ ᠪᠠᠶᠢᠨ᠎ᠠ᠃ ᠲᠠᠨᠢᠯᠴᠠᠭᠤᠯᠤᠭᠰᠠᠨ ᠢᠶᠠᠷ᠂ ᠬᠡᠲᠦ ᠴᠢᠩᠭ᠎ᠠ ᠬᠡᠷᠡᠯ ᠤᠨ ᠲᠤᠰᠤᠯᠲᠠ ᠲᠣᠬᠢᠶᠠᠯᠳᠤᠪᠠᠯ᠂ ᠤᠷᠭᠤᠮᠠᠯ ᠥᠪᠡᠷ ᠢ ᠪᠠᠨ ᠬᠠᠮᠠᠭᠠᠯᠠᠬᠤ ᠠᠴᠠ ᠪᠣᠯᠵᠤ ᠨᠠᠪᠴᠢᠨ ᠤ ᠰᠢᠷ᠎ᠠ ᠡᠳ᠋ ᠤᠨ ᠡᠷᠭᠢᠯᠲᠡ ᠶᠢ ᠢᠳᠡᠪᠬᠢᠵᠢᠭᠦᠯᠵᠦ᠂ ᠡᠭᠦᠨ ᠤ ᠤᠯᠠᠮ ᠠᠴᠠ ᠨᠠᠪᠴᠢᠨ ᠤ ᠢᠯᠲᠠᠰᠤ ᠶᠢᠨ ᠢᠯᠡᠭᠦᠴᠡ ᠡᠨᠧᠷᠭᠢ ᠶᠢ ᠢᠯᠭᠠᠷᠠᠭᠤᠯᠵᠤ᠂ ᠬᠤᠷᠴᠠ ᠬᠡᠷᠡᠯ ᠤᠨ ᠬᠥᠨᠥᠭᠡᠯ ᠠᠴᠠ ᠵᠠᠶᠢᠯᠠᠭᠤᠯᠤᠨ᠎ᠠ︔ ᠭᠡᠷᠡᠯ ᠤᠨ ᠲᠤᠰᠤᠯᠲᠠ ᠬᠠᠯᠬᠠᠯᠠᠬᠤ ᠵᠡᠷᠭᠡ ᠰᠢᠯᠲᠠᠭᠠᠨ ᠠᠴᠠ ᠪᠣᠯᠵᠤ ᠪᠠᠭᠤᠷᠠᠬᠤ ᠦᠶ᠎ᠡ ᠳᠤ᠂ ᠨᠠᠪᠴᠢᠨ ᠤ ᠰᠢᠷ᠎ᠠ ᠡᠳ᠋ ᠤᠨ ᠡᠷᠭᠢᠯᠲᠡ ᠶᠢᠨ ᠡᠨᠡ ᠬᠦ ᠬᠠᠮᠠᠭᠠᠯᠠᠯᠲᠠ ᠶᠢᠨ ᠴᠢᠨᠠᠷᠲᠠᠢ ᠲᠣᠭᠲᠠᠴᠠ ᠨᠢ ᠳᠠᠷᠤᠢ ᠬᠠᠭᠠᠭᠳᠠᠵᠤ᠂ ᠡᠭᠦᠨ ᠤ ᠤᠯᠠᠮ ᠠᠴᠠ ᠤᠷᠭᠤᠮᠠᠯ ᠤᠨ ᠨᠠᠪᠴᠢ ᠨᠢ ᠵᠣᠬᠢᠬᠤ ᠬᠡᠮᠵᠢᠶᠡᠨ ᠤ ᠭᠡᠷᠡᠯ ᠤᠨ ᠲᠤᠰᠤᠯᠲᠠ ᠶᠢᠨ ᠬᠦᠴᠦᠯᠡᠴᠡ ᠶᠢᠨ ᠳᠣᠣᠷ᠎ᠠ ᠭᠡᠷᠡᠯ ᠤᠨ ᠨᠡᠶᠢᠯᠡᠯᠭᠡ ᠬᠢᠳᠡᠭ᠃ ᠤᠷᠭᠤᠮᠠᠯ ᠤᠨ ᠨᠠᠪᠴᠢᠨ ᠤ ᠰᠢᠷ᠎ᠠ ᠡᠳ᠋ ᠤᠨ  ᠡᠷᠭᠢᠯᠳᠡ ᠪᠠᠨ ᠬᠠᠭᠠᠬᠤ ︽ᠰᠤᠯᠢᠭᠳᠠᠯ︾ ᠶᠠᠪᠤᠴᠠ ᠨᠢ ᠶᠡᠷᠦ ᠳᠤ ᠪᠠᠨ ᠬᠡᠳᠦᠨ ᠮᠢᠨᠦ᠋ᠲ ᠦᠷᠭᠦᠯᠵᠢᠯᠡᠳᠡᠭ᠂ ᠲᠠᠷᠢᠮᠠᠯ ᠳᠤ ᠠᠪᠴᠤ ᠬᠡᠯᠡᠪᠡᠯ᠂ ᠡᠨᠡ ᠨᠢ ᠤᠤᠯ ᠨᠢ ᠭᠡᠷᠡᠯ ᠤᠨ ᠨᠡᠶᠢᠯᠡᠯᠭᠡ ᠶᠢᠨ ᠦᠢᠯᠡᠳᠦᠯ ᠳᠤ ᠬᠡᠷᠡᠭᠯᠡᠬᠦ ᠴᠠᠭ ᠢ ᠰᠦᠢᠳᠬᠡᠳᠡᠭ᠃ ᠲᠠᠷᠢᠮᠠᠯ ᠤᠨ ᠪᠦᠬᠦᠶᠢᠯᠡ ᠤᠷᠭᠤᠯᠲᠠ ᠶᠢᠨ ᠦᠶᠡᠯᠡᠯ ᠤᠨ ᠬᠤᠭᠤᠴᠠᠭᠠᠨ ᠳᠤ᠂ ᠡᠳᠡᠭᠡᠷ ᠢᠬᠢᠷ ᠰᠢᠬᠢᠷ ︽ᠬᠡᠳᠦᠨ ᠮᠢᠨᠦ᠋ᠲ︾ ᠢ ᠨᠡᠶᠢᠯᠡᠭᠦᠯᠪᠡᠯ ᠪᠠᠭ᠎ᠠ ᠪᠤᠰᠤ ᠴᠠᠭ ᠬᠤᠭᠤᠴᠠᠭ᠎ᠠ ᠶᠢ ᠡᠵᠡᠯᠡᠳᠡᠭ᠃      ᠰᠢᠷ᠎ᠠ ᠪᠤᠷᠴᠠᠭ ᠲᠤ ︽VPZ︾ ᠭᠡᠭᠳᠡᠭᠰᠡᠨ ᠪᠦᠲᠦᠴᠡ ᠨᠢ ᠨᠠᠪᠴᠢᠨ ᠤ ᠰᠢᠷ᠎ᠠ ᠡᠳ᠋ ᠤᠨ ᠡᠷᠭᠢᠯᠲᠡ ᠶᠢ ᠲᠣᠬᠢᠷᠠᠭᠤᠯᠵᠤ ᠪᠣᠯᠣᠨ᠎ᠠ᠂ ᠲᠣᠰ ᠪᠦᠲᠦᠴᠡ ᠳᠤ ᠨᠠᠪᠴᠢᠨ ᠤ ᠰᠢᠷ᠎ᠠ ᠡᠳ᠋ ᠤᠨ ᠡᠷᠭᠢᠯᠲᠡ ᠲᠠᠢ ᠬᠤᠯᠪᠣᠭᠳᠠᠯ ᠪᠦᠬᠦᠢ ᠤᠭᠤᠷᠠᠭ ᠤᠨ ᠭᠧᠨ ᠢ 3 ᠳ᠋ᠤᠭᠠᠷᠯᠠᠵᠤ ᠪᠣᠯᠣᠨ᠎ᠠ᠃ ᠰᠢᠷ᠎ᠠ ᠪᠤᠷᠴᠠᠭ ᠤᠨ ︽VPZ︾ ᠪᠦᠲᠦᠴᠡ ᠨᠢ ᠨᠠᠪᠴᠢᠨ ᠤ ᠰᠢᠷ᠎ᠠ ᠡᠳ᠋ ᠤᠨ ᠡᠷᠭᠢᠯᠲᠡ  ᠪᠠᠨ ᠬᠠᠭᠠᠬᠤ ︽ᠰᠤᠯᠢᠭᠳᠠᠯ︾ ᠶᠠᠪᠤᠴᠠ ᠶᠢ ᠲᠦᠷᠭᠡᠳᠬᠡᠵᠦ᠂ ᠰᠢᠷ᠎ᠠ ᠪᠤᠷᠴᠠᠭ ᠤᠨ ᠬᠡᠷᠡᠯ ᠤᠨ ᠨᠡᠶᠢᠯᠡᠯᠭᠡ ᠶᠢᠨ ᠦᠢᠯᠡᠳᠦᠯ ᠤᠨ ᠠᠰᠢᠭᠯᠠᠮᠵᠢ ᠶᠢ ᠲᠡᠭᠡᠭᠰᠢᠯᠡᠭᠦᠯᠳᠡᠭ ᠪᠠᠶᠢᠨ᠎ᠠ᠃ ᠰᠢᠷ᠎ᠠ ᠪᠤᠷᠴᠠᠭ ᠤᠨ ᠤᠨᠠᠯᠳᠠ ᠶᠢ 20% ᠠᠴᠠ ᠳᠡᠭᠡᠭᠰᠢ ᠨᠡᠮᠡᠭᠳᠡᠭᠦᠯᠵᠦ᠂ ᠤᠨᠠᠯᠳᠠ ᠶᠢᠨ ᠬᠡᠮᠵᠢᠶ᠎ᠡ ᠪᠠᠷ ᠬᠠᠮᠤᠭ ᠤᠨ ᠥᠨᠳᠥᠷ ᠣᠷᠣᠨ ᠪᠦᠰᠡ ᠳᠤ 33% ᠪᠠᠷ ᠨᠡᠮᠡᠭᠳᠡᠬᠦ ᠪᠥᠭᠡᠳ ᠰᠢᠷ᠎ᠠ ᠪᠤᠷᠴᠠᠭ ᠤᠨ ᠶᠠᠰᠤ ᠴᠢᠨᠠᠷ ᠢ ᠨᠦᠯᠦᠭᠡᠯᠡᠬᠦ ᠦᠭᠡᠢ᠃ 
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号