ᠪᠥᠬᠦ ᠣᠷᠣᠨ ᠤ ᠬᠢᠲᠠᠳ ᠡᠪᠡᠰᠦᠨ ᠡᠮ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠦᠨ ᠪᠠᠷᠢᠮᠵᠢᠶᠠᠵᠢᠭᠤᠯᠬᠤ ᠮᠡᠷᠭᠡᠵᠢᠯ ᠤᠨ ᠰᠦᠯᠵᠢᠶᠡᠨ ᠳᠡᠭᠡᠷᠡᠬᠢ ᠪᠤᠯᠪᠠᠰᠤᠷᠠᠭᠤᠯᠤᠯ ᠤᠨ ᠠᠩᠭᠢ ᠠᠮᠵᠢᠯᠲᠠ ᠶᠠᠪᠤᠭᠳᠠᠪᠠ
ᠨᠡᠶᠢᠲᠡᠯᠡᠭᠰᠡᠨ ᠴᠠᠭ᠄
2022/12/8
      12 ᠰᠠᠷ᠎ᠠ ᠶᠢᠨ 5 ᠤ ᠡᠳᠦᠷ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠬᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠨᠥᠭᠡᠴᠡᠯᠡᠬᠦ ᠲᠥᠷᠥᠯ ᠵᠦᠢᠯ ︱ ᠪᠥᠬᠦ ᠣᠷᠣᠨ ᠤ ᠬᠢᠲᠠᠳ ᠡᠪᠡᠰᠦᠨ ᠡᠮ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ  ᠨᠡᠮᠡᠭᠳᠡᠭᠦᠯᠦᠨ ᠪᠠᠷᠢᠮᠵᠢᠶᠠᠵᠢᠭᠤᠯᠬᠤ ᠮᠡᠷᠭᠡᠵᠢᠯ ᠤᠨ ᠵᠢᠱᠢᠶ᠎ᠡ ᠦᠵᠡᠭᠦᠯᠦᠨ ᠳᠡᠯᠭᠡᠷᠡᠭᠦᠯᠬᠦ ᠲᠥᠷᠥᠯ ᠵᠦᠢᠯ ᠳᠤ ᠲᠦᠰᠢᠭᠯᠡᠨ᠂ ᠪᠥᠬᠦ ᠣᠷᠣᠨ ᠤ ᠬᠢᠲᠠᠳ ᠡᠪᠡᠰᠦᠨ ᠡᠮ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ  ᠨᠡᠮᠡᠭᠳᠡᠭᠦᠯᠦᠨ ᠪᠠᠷᠢᠮᠵᠢᠶᠠᠵᠢᠭᠤᠯᠬᠤ ᠮᠡᠷᠭᠡᠵᠢᠯ ᠤᠨ ᠰᠦᠯᠵᠢᠶᠡᠨ ᠳᠡᠭᠡᠷᠡᠬᠢ ᠪᠣᠯᠪᠠᠰᠤᠷᠠᠭᠤᠯᠤᠯ ᠤᠨ ᠠᠩᠭᠢ ᠶᠢ ᠵᠣᠬᠢᠶᠠᠨ ᠪᠠᠶᠢᠭᠤᠯᠤᠨ ᠡᠷᠭᠢᠯᠡᠪᠡ᠃ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠳᠡᠳ᠋ ᠡᠷᠬᠢᠯᠡᠭᠴᠢ ᠵᠦ ᠢᠦᠢ ᠴᠧᠩ ᠪᠠᠶᠠᠷ ᠤᠨ ᠦᠭᠡ ᠬᠡᠯᠡᠵᠦ᠂ ᠠᠵᠤ ᠠᠬᠤᠢ ᠶᠢᠨ ᠲᠠᠷᠢᠮᠠᠯ ᠤᠨ ᠮᠡᠷᠭᠡᠵᠢᠯ ᠤᠨ ᠭᠠᠵᠠᠷ ᠤᠨ ᠳᠠᠷᠤᠭ᠎ᠠ ᠯᠢ ᡁᠢ ᠫᠢᠩ ᠪᠣᠯᠪᠠᠰᠤᠷᠠᠭᠤᠯᠤᠯ ᠤᠨ ᠠᠩᠭᠢ ᠶᠢ ᠡᠷᠭᠢᠯᠡᠵᠦ᠂ ᠳᠡᠳ᠋ ᠳᠠᠷᠤᠭ᠎ᠠ ᠯᠢ ᠸᠧᠨ ᠪᠢᠶᠣᠣ ᠪᠣᠯᠪᠠᠰᠤᠷᠠᠭᠤᠯᠤᠯ ᠤᠨ ᠳ᠋ᠦᠩᠨᠡᠯᠲᠡ ᠬᠢᠪᠡ᠃ ᠪᠥᠬᠦ ᠣᠷᠣᠨ ᠤ 12 ᠠᠶᠢᠮᠠᠭ ᠬᠤᠲᠠ ᠶᠢᠨ ᠠᠵᠤ ᠠᠬᠤᠢ ᠶᠢᠨ ᠰᠢᠰᠲ᠋ᠧᠮ ᠤᠨ ᠮᠡᠷᠭᠡᠵᠢᠯ ᠤᠨ ᠭᠤᠣᠯᠯᠠᠭᠴᠢ ᠬᠦᠴᠦᠨ ᠵᠢᠴᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠱᠢᠶ᠎ᠡ ᠦᠵᠡᠭᠦᠯᠬᠦ ᠡᠷᠦᠬᠡ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠵᠡᠷᠭᠡ 172 ᠬᠥᠮᠥᠨ ᠪᠣᠯᠪᠠᠰᠤᠷᠠᠭᠤᠯᠤᠯ ᠰᠤᠷᠤᠯᠴᠠᠯᠭ᠎ᠠ ᠳᠤ ᠣᠷᠣᠯᠴᠠᠵᠠᠢ᠃
1.png
       ᠪᠣᠯᠪᠠᠰᠤᠷᠠᠭᠤᠯᠤᠯ ᠤᠨ ᠠᠩᠭᠢ ᠳᠤ ᠪᠦᠬᠦ ᠤᠯᠤᠰ ᠤᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠦᠢᠯᠡᠴᠢᠯᠡᠭᠡᠨ ᠤ ᠲᠥᠪ ᠤᠨ ᠲᠡᠷᠢᠭᠦᠨ ᠰᠠᠭᠤᠳᠠᠯ ᠤᠨ ᠰᠢᠨᠵᠢᠯᠡᠬᠦ ᠤᠬᠠᠭᠠᠨᠲᠠᠨ ᠯᠢ ᠯᠢ ᠰᠤᠳᠤᠯᠤᠭᠴᠢ ᠂ ᠪᠦᠬᠦ ᠤᠯᠤᠰ ᠤᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠦᠢᠯᠡᠴᠢᠯᠡᠭᠡᠨ ᠤ ᠲᠥᠪ ᠤᠨ ᠴᠡᠴᠡᠷᠯᠢᠭ ᠤᠨ ᠲᠠᠷᠢᠮᠠᠯ ᠤᠨ ᠮᠡᠷᠭᠡᠵᠢᠯ ᠤᠨ ᠭᠠᠵᠠᠷ ᠤᠨ ᠳᠠᠷᠤᠭ᠎ᠠ ᠵᠧᠦ ᠽᠧ ᠢᠦᠢ ᠰᠤᠳᠤᠯᠤᠭᠴᠢ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠫᠷᠤᠹᠧᠰᠰᠤᠷ ᠸᠠᠩ ᠵᠢᠶᠦ᠋ᠨ ᠵᠢᠶᠧ ᠵᠡᠷᠭᠡ 3 ᠤᠳᠤᠷᠢᠳᠬᠤ ᠲᠤᠰᠬᠠᠢ ᠮᠡᠷᠭᠡᠵᠢᠯᠲᠡᠨ ᠢ ᠤᠷᠢᠵᠤ ᠲᠣᠰ ᠲᠣᠰ ︽ᠮᠠᠨ ᠤ ᠤᠯᠤᠰ ᠤᠨ ᠬᠢᠲᠠᠳ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠶᠢᠨ ᠣᠳᠣᠬᠢ ᠪᠠᠶᠢᠳᠠᠯ ᠵᠢᠴᠢ ᠠᠷᠭᠠᠴᠠᠭᠠᠬᠤ ᠪᠣᠳᠣᠯᠭ᠎ᠠ ᠶᠢᠨ ᠰᠠᠨᠠᠭᠤᠯᠭ᠎ᠠ︾᠂ ︽ᠮᠠᠨ ᠤ ᠤᠯᠤᠰ ᠤᠨ ᠬᠢᠲᠠᠳ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠠᠷᠭ᠎ᠠ ᠵᠠᠮ ᠪᠠ ᠠᠷᠭ᠎ᠠ ᠬᠡᠮᠵᠢᠶ᠎ᠡ︾ ᠪᠠ ︽ᠥᠪᠥᠷ ᠮᠣᠩᠭᠤᠯ ᠤᠨ ᠬᠢᠲᠠᠳ ︵ᠮᠣᠩᠭᠤᠯ︶ ᠡᠮ ᠤᠨ ᠮᠠᠲ᠋ᠧᠷᠢᠶᠠᠯ ᠤᠨ ᠲᠠᠷᠢᠮᠠᠯ ᠤᠨ ᠣᠳᠣᠬᠢ ᠪᠠᠶᠢᠳᠠᠯ ᠬᠢᠭᠡᠳ ᠬᠥᠭᠵᠢᠯᠲᠡ ᠶᠢᠨ ᠴᠢᠭᠯᠡᠯ︾ ᠭᠡᠬᠦ ᠲᠤᠰᠬᠠᠢ ᠰᠡᠳᠦᠪᠲᠦ ᠲᠠᠶᠢᠯᠤᠮᠵᠢ ᠬᠢᠯᠭᠡᠪᠡ ᠃ 3 ᠲᠤᠰᠬᠠᠢ ᠮᠡᠷᠭᠡᠵᠢᠯᠲᠡᠨ ᠫᠷᠤᠹᠧᠰᠰᠤᠷ ᠬᠢᠯᠪᠠᠷ ᠣᠶᠢᠯᠠᠭᠠᠮᠵᠢᠲᠠᠢ᠂ ᠭᠦᠨᠵᠡᠭᠡᠢ ᠪᠥᠭᠡᠳ ᠣᠶᠢᠯᠠᠭᠠᠮᠵᠢᠲᠠᠢ ᠦᠭᠡ ᠬᠡᠯᠡ ᠪᠠᠷ ᠤᠯᠤᠰ ᠤᠨ ᠲᠥᠷᠥ ᠶᠢᠨ ᠪᠣᠳᠣᠯᠭ᠎ᠠ ᠪᠠ ᠬᠢᠲᠠᠳ ᠡᠪᠡᠰᠦᠨ ᠡᠮ ᠳᠠᠷᠢᠬᠤ ᠮᠡᠷᠭᠡᠵᠢᠯ ᠤᠨ ᠣᠳᠣᠬᠢ ᠪᠠᠶᠢᠳᠠᠯ   ᠢ ᠣᠯᠠᠨ ᠳᠤ ᠲᠠᠶᠢᠯᠪᠤᠷᠢᠯᠠᠨ ᠥᠭᠴᠦ᠂ ᠰᠣᠩᠭᠤᠳᠠᠭ ᠬᠡᠷᠡᠭ ᠤᠨ ᠵᠢᠱᠢᠶ᠎ᠡ ᠶᠢ ᠵᠠᠳᠠᠯᠤᠨ ᠰᠢᠨᠵᠢᠯᠡᠬᠦ ᠪᠠᠷ ᠳᠠᠮᠵᠢᠭᠤᠯᠤᠨ᠂ ᠣᠷᠣᠰᠢᠵᠤ ᠪᠠᠶᠢᠭ᠎ᠠ ᠠᠰᠠᠭᠤᠳᠠᠯ ᠢ ᠳ᠋ᠦᠩᠨᠡᠨ ᠭᠠᠷᠭᠠᠵᠤ᠂ ᠬᠥᠭᠵᠢᠯᠲᠡ ᠶᠢᠨ ᠠᠷᠭ᠎ᠠ ᠵᠠᠮ ᠪᠠ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠪᠣᠯᠪᠠᠰᠤᠷᠠᠭᠤᠯᠤᠯ ᠳᠤ ᠣᠷᠣᠯᠴᠠᠭᠰᠠᠳ ᠲᠤ ᠬᠢᠲᠠᠳ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠲᠤᠬᠠᠢ ᠨᠠᠩ ᠭᠦᠨᠵᠡᠭᠡᠢ ᠪᠥᠭᠡᠳ ᠲᠣᠳᠣᠷᠬᠠᠢ ᠲᠠᠨᠢᠯᠲᠠ ᠲᠠᠢ ᠪᠣᠯᠭᠠᠵᠤ᠂ ᠬᠢᠲᠠᠳ ᠡᠪᠡᠰᠦᠨ ᠡᠮ ᠳᠠᠷᠢᠬᠤ ᠮᠡᠷᠭᠡᠵᠢᠯ ᠤᠨ ᠲᠠᠯ᠎ᠠ ᠪᠠᠷ ᠴᠤ ᠰᠢᠨ᠎ᠡ ᠣᠶᠢᠯᠠᠭᠠᠯᠲᠠ ᠲᠠᠢ ᠪᠣᠯᠭᠠᠵᠤ᠂ ᠪᠣᠯᠪᠠᠰᠤᠷᠠᠭᠤᠯᠤᠯ ᠳᠤ ᠣᠷᠣᠯᠴᠠᠭᠰᠠᠳ ᠲᠤ ᠮᠠᠰᠢ ᠣᠯᠠᠨ ᠠᠰᠢᠭ ᠬᠦᠷᠲᠡᠭᠡᠵᠦ᠂ ᠪᠣᠯᠪᠠᠰᠤᠷᠠᠭᠤᠯᠤᠯ  ᠨᠢ ᠵᠢᠱᠢᠭᠰᠡᠨ ᠦᠷ᠎ᠡ ᠪᠦᠲᠦᠮᠵᠢ ᠶᠢ ᠣᠯᠣᠭᠰᠠᠨ ᠪᠠᠶᠢᠨ᠎ᠠ᠃
2.png
      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠠᠴᠠ ᠬᠢᠲᠠᠳ ᠡᠪᠡᠰᠦᠨ ᠡᠮ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ  ᠨᠡᠮᠡᠭᠳᠡᠭᠦᠯᠦᠨ ᠪᠠᠷᠢᠮᠵᠢᠶᠠᠵᠢᠭᠤᠯᠬᠤ ᠮᠡᠷᠭᠡᠵᠢᠯ ᠤᠨ ᠵᠢᠱᠢᠶ᠎ᠡ ᠦᠵᠡᠭᠦᠯᠦᠨ ᠳᠡᠯᠭᠡᠷᠡᠭᠦᠯᠬᠦ ᠲᠥᠷᠥᠯ ᠵᠦᠢᠯ ᠢ ᠬᠡᠷᠡᠭᠵᠢᠭᠦᠯᠦᠭᠰᠡᠨ ᠶᠡᠷᠦᠩᠬᠡᠢ ᠪᠠᠶᠢᠳᠠᠯ ᠢ ᠳ᠋ᠦᠩᠨᠡᠨ ᠰᠣᠯᠢᠯᠴᠠᠵᠤ᠂ ᠬᠢᠩᠭᠠᠨ ᠂ ᠤᠯᠠᠭᠠᠨᠬᠠᠳᠠ ᠪᠣᠯᠣᠨ ᠣᠷᠳᠣᠰ 3 ᠲᠦᠷᠦᠯ ᠵᠦᠢᠯ ᠤᠨ ᠠᠶᠢᠮᠠᠭ ᠬᠤᠳᠠ ᠶᠢᠨ  ᠬᠢᠨ ᠲᠦᠷᠦᠯ ᠵᠦᠢᠯ ᠢ ᠬᠡᠷᠡᠭᠵᠢᠭᠦᠯᠦᠭᠰᠡᠨ ᠪᠠᠶᠢᠳᠠᠯ ᠢᠶᠠᠨ ᠬᠠᠷᠢᠭᠤ ᠮᠡᠳᠡᠭᠦᠯᠵᠦ ᠰᠣᠯᠢᠯᠴᠠᠨ᠂ ᠵᠢᠱᠢᠶ᠎ᠡ ᠦᠵᠡᠭᠦᠯᠦᠨ ᠳᠡᠯᠭᠡᠷᠡᠭᠦᠯᠬᠦ ᠲᠤᠷᠰᠢᠯᠭ᠎ᠠ ᠪᠠᠨ ᠬᠤᠪᠢᠶᠠᠯᠴᠠᠵᠤ ᠂ ᠬᠡᠷᠡᠭᠵᠢᠭᠦᠯᠦᠭᠰᠡᠨ ᠦᠷ᠎ᠡ ᠪᠦᠲᠦᠭᠡᠯ ᠪᠣᠯᠣᠨ ᠦᠷ᠎ᠡ ᠠᠰᠢᠭ ᠢᠶᠠᠨ ᠳ᠋ᠦᠩᠨᠡᠨ ᠂ ᠣᠷᠣᠰᠢᠵᠤ ᠪᠠᠶᠢᠭ᠎ᠠ ᠠᠰᠠᠭᠤᠳᠠᠯ ᠪᠣᠯᠣᠨ ᠬᠦᠷᠦᠯᠴᠡᠬᠦ ᠦᠭᠡᠢ ᠲᠠᠯ᠎ᠠ ᠪᠠᠨ ᠵᠠᠳᠠᠯᠵᠤ ᠂ ᠲᠦᠷᠦᠯ ᠵᠦᠢᠯ ᠤᠨ ᠲᠡᠰ ᠳᠡᠪᠰᠢᠬᠦ ᠶᠢ ᠦᠷᠭᠦᠯᠵᠢᠯᠡᠭᠦᠯᠬᠦ ᠳᠤ ᠰᠠᠶᠢᠨ ᠰᠠᠭᠤᠷᠢ ᠲᠠᠯᠪᠢᠵᠤ ᠦᠭᠭᠦᠭᠰᠡᠨ ᠪᠠᠶᠢᠨ᠎ᠠ᠃    
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号