ᠪᠠᠶᠠᠨᠨᠠᠭᠤᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠣᠪᠴᠢᠶ᠎ᠠ 2022 ᠣᠨ ᠤ ᠯᠢᠨ ᠾᠧ ᠲᠣᠭᠤᠷᠢᠭ ᠤᠨ ᠤᠯᠤᠰ ᠤᠨ ᠲᠠᠰ ᠤᠨ ᠤᠰᠤᠨ ᠤ ᠭᠠᠷᠤᠯᠲᠠ ᠶᠢ ᠡᠷᠡᠭᠦᠯ ᠢᠶᠠᠷ ᠲᠡᠵᠢᠭᠡᠨ ᠦᠷᠡᠵᠢᠭᠦᠯᠬᠦ ᠪᠠ ᠠᠮᠢ ᠠᠬᠤᠢ ᠶᠢᠨ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠣᠷᠣᠨ ᠢ ᠲᠤᠬᠠᠢ ᠶᠢᠨ ᠲᠠᠯᠠᠪᠤᠷ ᠲᠤ ᠨᠢ ᠰᠢᠯᠭᠠᠨ ᠠᠪᠬᠤ ᠠᠵᠢᠯ  ᠥᠷᠨᠢᠭᠦᠯᠪᠡ
ᠨᠡᠶᠢᠲᠡᠯᠡᠭᠰᠡᠨ ᠴᠠᠭ᠄
2022/12/9
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠠᠴᠠ ᠪᠠᠶᠠᠨᠨᠠᠭᠤᠷ ᠬᠤᠲᠠ ᠶᠢᠨ 2022 ᠣᠨ ᠤ ᠤᠯᠤᠰ ᠤᠨ ᠳᠡᠰ ᠤᠨ ᠤᠰᠤᠨ ᠭᠠᠷᠤᠯᠲᠠ ᠶᠢᠨ ᠡᠷᠡᠭᠦᠯ ᠢᠶᠠᠷ ᠲᠡᠵᠢᠭᠡᠨ ᠦᠷᠡᠵᠢᠭᠦᠯᠬᠦ ᠪᠠ ᠠᠮᠢ ᠠᠬᠤᠢ ᠶᠢᠨ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠣᠷᠣᠨ ᠤ ᠭᠤᠣᠯ ᠴᠣᠭᠴᠠ ᠶᠢ ᠰᠢᠯᠭᠠᠨ ᠠᠪᠬᠤ ᠪᠠᠷ ᠮᠡᠳᠡᠭᠦᠯᠬᠦ ᠨᠠᠶᠢᠳᠠᠯᠭ᠎ᠠ ᠶᠢᠨ ᠱᠠᠭᠠᠷᠳᠠᠯᠭ᠎ᠠ ᠶᠣᠰᠣᠭᠠᠷ᠂ 12 ᠰᠠᠷ᠎ᠠ ᠶᠢᠨ 8 ᠤ ᠡᠳᠦᠷ᠂ ᠪᠠᠶᠠᠨᠨᠠᠭᠤᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠣᠪᠴᠢᠶᠠᠨ ᠤ ᠳᠡᠳ᠋ ᠳᠠᠷᠤᠭ᠎ᠠ ᠪᠠᠢ ᠶᠦᠩ ᠮᠢᠩ ᠰᠢᠯᠭᠠᠨ ᠠᠪᠬᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠪᠦᠷᠢᠯᠳᠦᠭᠦᠨ ᠪᠠ ᠵᠢᠭᠠᠰᠤᠨ ᠠᠵᠤ ᠦᠢᠯᠡᠰ ᠵᠢᠭᠠᠰᠤᠨ ᠤ ᠶᠠᠪᠤᠳᠠᠯ ᠤᠨ ᠬᠠᠮᠢᠶᠠᠷᠤᠯᠲᠠ ᠶᠢᠨ ᠰᠠᠯᠠᠭᠠᠨ ᠤ ᠬᠠᠮᠢᠶ᠎ᠠ ᠪᠦᠬᠦᠢ ᠠᠵᠢᠯᠲᠠᠨ ᠢ ᠳᠠᠭᠠᠭᠤᠯᠤᠨ ᠯᠢᠨ ᠾᠧ ᠲᠣᠭᠤᠷᠢᠭ ᠤᠨ ᠱᠤᠸᠠᠩ ᠰᠢ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠲᠤᠰᠬᠠᠢ ᠬᠤᠷᠰᠢᠶ᠎ᠠ ᠶᠢ ᠲᠤᠬᠠᠢ ᠶᠢᠨ ᠲᠠᠯᠠᠪᠤᠷ  ᠲᠤ  ᠨᠢ ᠰᠢᠯᠭᠠᠨ ᠠᠪᠤᠪᠠ᠃ ᠯᠢᠨ ᠾᠧ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠣᠪᠴᠢᠶ᠎ᠠ ᠶᠢᠨ ᠳᠡᠳ᠋ ᠳᠠᠷᠤᠭ᠎ᠠ ᠼᠠᠢ ᠵᠢᠶᠠᠨ ᠵᠢᠶᠦ᠋ᠨ᠂ ᠤᠰᠤᠨ ᠭᠠᠷᠤᠯᠲᠠ ᠶᠢᠨ ᠦᠢᠯᠡᠴᠢᠯᠡᠭᠡᠨ ᠤ ᠲᠥᠪ ᠤᠨ ᠬᠠᠮᠢᠶ᠎ᠠ ᠪᠦᠬᠦᠢ ᠬᠥᠮᠥᠰ ᠲᠣᠰ ᠤᠳᠠᠭᠠᠨ ᠤ ᠠᠵᠢᠯ ᠳᠤ ᠣᠷᠣᠯᠴᠠᠵᠠᠢ᠃
图片1.png
       ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠪᠦᠷᠢᠯᠳᠦᠭᠦᠨ ᠨᠠᠷ ᠲᠤᠬᠠᠢ ᠶᠢᠨ ᠭᠠᠵᠠᠷ ᠤᠨ ᠤᠰᠤᠨ ᠤ ᠣᠷᠴᠢᠨ ᠠᠬᠤᠢ ᠶᠢᠨ ᠨᠥᠬᠦᠴᠡᠯ ᠪᠠ ᠵᠢᠭᠠᠰᠤᠨ ᠠᠵᠤ ᠦᠢᠯᠡᠰ ᠤᠨ ᠦᠢᠯᠡᠳᠪᠦᠷᠢᠯᠡᠯ ᠤᠨ ᠪᠣᠳᠠᠲᠤ ᠪᠠᠶᠢᠳᠠᠯ ᠤᠨ ᠲᠣᠭᠤᠷᠢᠨ ᠳᠤ᠂ ᠪᠣᠬᠢᠷᠳᠤᠯ ᠦᠭᠡᠢ ᠴᠢᠨᠠᠷ ᠰᠠᠶᠢᠲᠠᠢ ᠬᠥᠭᠵᠢᠯᠲᠡ ᠶᠢᠨ ᠣᠨᠣᠯᠵᠢᠬᠤᠨ ᠢᠶᠠᠷ ᠭᠤᠣᠯ ᠴᠣᠭᠴᠠ ᠶᠢ ᠡᠭᠦᠳᠦᠨ ᠪᠠᠶᠢᠭᠤᠯᠬᠤ ᠦᠨᠳᠦᠰᠦᠨ ᠨᠥᠬᠦᠴᠡᠯ ᠢ ᠲᠤᠬᠠᠢ ᠶᠢᠨ ᠭᠠᠵᠠᠷ ᠲᠤ  ᠨᠢ ᠪᠠᠶᠢᠴᠠᠭᠠᠨ ᠦᠵᠡᠪᠡ᠃ ᠬᠠᠷᠢᠴᠠᠭᠤᠯᠤᠨ ᠰᠢᠯᠭᠠᠨ ᠬᠢᠨᠠᠵᠤ ᠰᠢᠯᠭᠠᠨ ᠠᠪᠬᠤ ᠪᠠᠷᠢᠮᠵᠢᠶ᠎ᠠ ᠳᠤ ᠪᠠᠶᠢᠷᠢᠰᠢᠯ ᠨᠢ ᠵᠣᠬᠢᠰᠲᠠᠢ᠂ ᠣᠷᠴᠢᠨ ᠲᠣᠭᠤᠷᠢᠨ ᠨᠢ ᠴᠡᠪᠡᠷ ᠲᠡᠭᠰᠢ᠂ ᠵᠠᠮ ᠨᠢ ᠬᠠᠲᠠᠭᠤᠷᠠᠭᠰᠠᠨ᠂ ᠦᠵᠡᠮᠵᠢ ᠨᠢ ᠭᠤᠶᠢᠳᠠ ᠰᠠᠶᠢᠬᠠᠨ᠂ ᠬᠠᠶᠠᠭᠳᠠᠮᠠᠯ ᠪᠣᠳᠠᠰ ᠢ ᠪᠦᠲᠦᠮᠵᠢᠲᠡᠶ ᠵᠠᠰᠠᠬᠤ ᠵᠡᠷᠭᠡ 25 ᠵᠦᠢᠯ ᠤᠨ ᠠᠭᠤᠯᠭ᠎ᠠ ᠶᠢ ᠰᠢᠯᠭᠠᠨ ᠬᠤᠷᠢᠶᠠᠵᠤ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠪᠦᠷᠢᠯᠳᠦᠭᠦᠨ ᠠᠴᠠ ᠯᠢᠨ ᠾᠧ ᠲᠣᠭᠤᠷᠢᠭ ᠤᠨ ᠱᠤᠸᠠᠩ ᠰᠢ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠲᠤᠰᠬᠠᠢ ᠬᠤᠷᠰᠢᠶ᠎ᠠ ᠨᠢ ᠤᠯᠤᠰ ᠤᠨ ᠲᠠᠰ ᠤᠨ ᠤᠰᠤᠨ ᠭᠠᠷᠤᠯᠲᠠ ᠶᠢᠨ ᠡᠷᠡᠭᠦᠯ ᠢᠶᠠᠷ ᠲᠡᠵᠢᠭᠡᠨ ᠦᠷᠡᠵᠢᠭᠦᠯᠬᠦ ᠪᠠ ᠠᠮᠢ ᠠᠬᠤᠢ ᠶᠢᠨ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠶᠡᠷᠦᠩᠬᠡᠢ ᠱᠠᠭᠠᠷᠳᠠᠯᠭ᠎ᠠ ᠳᠤ ᠨᠡᠶᠢᠴᠡᠵᠦ᠂ ᠥᠪᠡᠰᠦᠪᠡᠨ ᠦᠨᠡᠯᠡᠨ ᠮᠡᠳᠡᠭᠦᠯᠬᠦ ᠪᠠᠷ ᠮᠡᠳᠡᠭᠦᠯᠦᠭᠰᠡᠨ ᠮᠡᠳᠡᠭᠦᠯᠦᠯᠲᠡ ᠶᠢᠨ ᠪᠠᠶᠢᠷᠢ ᠲᠣᠭᠲᠠᠭᠠᠯᠲᠠ ᠨᠢ ᠣᠨᠣᠪᠴᠢᠲᠠᠶ᠂ ᠰᠡᠳᠬᠢᠮᠵᠢ ᠨᠢ ᠲᠣᠳᠣᠷᠬᠠᠢ᠂ ᠠᠷᠭ᠎ᠠ ᠬᠡᠮᠵᠢᠶ᠎ᠡ ᠨᠢ ᠵᠣᠬᠢᠰᠲᠠᠢ ᠭᠡᠵᠦ ᠰᠠᠨᠠᠯ ᠨᠢᠭᠡᠲᠡᠢ ᠦᠵᠡᠪᠡ᠃ ᠡᠭᠦᠨ ᠤ ᠬᠠᠮᠲᠤ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠠᠴᠠ ᠄ ᠨᠢᠭᠡ ᠳᠤ ᠤᠰᠤᠨ ᠭᠠᠷᠤᠯᠲᠠ ᠶᠢᠨ ᠭᠠᠷᠤᠯᠲᠠ ᠶᠢᠨ ᠣᠷᠣᠨ ᠢ ᠠᠩᠬ᠎ᠠ ᠪᠣᠯᠪᠠᠰᠤᠷᠠᠭᠤᠯᠬᠤ ᠂ ᠬᠦᠢᠲᠡᠨ ᠢᠶᠠᠷ ᠬᠠᠳᠠᠭᠠᠯᠠᠵᠤ ᠰᠢᠨ᠎ᠡ ᠰᠣᠷᠭᠤᠭ ᠪᠠᠶᠢᠯᠭᠠᠬᠤ ᠪᠠ ᠭᠦᠢᠯᠭᠡᠭᠡᠨ ᠳᠤ ᠣᠷᠣᠭᠤᠯᠬᠤ ᠵᠡᠷᠭᠡ ᠴᠢᠳᠠᠪᠤᠷᠢ ᠶᠢ ᠳᠡᠭᠡᠭᠰᠢᠯᠡᠭᠦᠯᠦᠨ᠎ᠡ ︔ ᠬᠤᠶᠠᠷ ᠲᠤ ᠪᠣᠬᠢᠷᠳᠤᠯ ᠦᠭᠡᠢ ᠢᠳᠡᠭᠡᠨ ᠂ ᠣᠷᠭᠠᠨᠢᠭ ᠢᠳᠡᠭᠡᠨ ᠢ ᠭᠡᠷᠡᠴᠢᠯᠡᠬᠦ ᠪᠠ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠢ ᠶᠢᠨ ᠢᠯᠡᠷᠬᠡᠶᠢᠯᠡᠯᠲᠦ ᠲᠡᠮᠳᠡᠭ ᠤᠨ ᠳᠠᠩᠰᠠᠯᠠᠯᠲᠠ ᠶᠢᠨ ᠦᠨᠡᠮᠯᠡᠯ ᠭᠤᠶᠤᠴᠢᠯᠠᠬᠤ ᠠᠵᠢᠯ ᠢ ᠲᠦᠷᠭᠡᠪᠴᠢᠯᠡᠨ ᠠᠬᠢᠭᠤᠯᠤᠨ᠎ᠠ ᠭᠡᠵᠦ ᠰᠠᠨᠠᠭᠤᠯᠪᠠ᠃      ᠲᠤᠰᠬᠠᠢ ᠮᠡᠷᠭᠡᠵᠢᠯᠲᠡᠨ ᠤ ᠳᠤᠭᠤᠶᠢᠯᠠᠩ ᠰᠢᠯᠭᠠᠨ ᠠᠪᠤᠭᠰᠠᠨ ᠤ ᠳᠠᠷᠠᠭ᠎ᠠ᠂ ᠪᠠᠢ ᠶᠦᠩ ᠮᠢᠩ ᠴᠢᠬᠤᠯᠠᠴᠢᠯᠠᠭᠰᠠᠨ ᠨᠢ ᠄ ᠨᠢᠭᠡ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠤᠨ 2022 ᠣᠨ ᠤ ᠤᠯᠤᠰ ᠤᠨ ᠳᠡᠰ ᠤᠨ ᠤᠰᠤᠨ ᠭᠠᠷᠤᠯᠲᠠ ᠶᠢᠨ ᠡᠷᠡᠭᠦᠯ ᠢᠶᠠᠷ ᠲᠡᠵᠢᠭᠡᠨ ᠦᠷᠡᠵᠢᠭᠦᠯᠬᠦ ᠪᠠ ᠠᠮᠢ ᠠᠬᠤᠢ ᠶᠢᠨ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠠᠵᠢᠯ ᠤᠨ ᠱᠠᠭᠠᠷᠳᠠᠯᠭ᠎ᠠ ᠶᠢᠨ ᠲᠣᠭᠤᠷᠢᠨ ᠳᠤ᠂ ᠯᠢᠨ ᠾᠧ ᠲᠣᠭᠤᠷᠢᠭ ᠤᠨ ᠱᠤᠸᠠᠩ ᠰᠢ ᠤᠰᠤᠨ ᠭᠠᠷᠤᠯᠲᠠ ᠶᠢᠨ ᠲᠤᠰᠬᠠᠢ ᠲᠡᠵᠢᠭᠡᠨ ᠦᠷᠡᠵᠢᠭᠦᠯᠬᠦ ᠬᠤᠷᠰᠢᠶ᠎ᠠ ᠶᠢᠨ ᠠᠮᠵᠢᠯᠲᠠ ᠲᠠᠢ ᠲᠤᠷᠰᠢᠯᠭ᠎ᠠ ᠪᠠᠷ ᠲᠣᠯᠢ ᠪᠣᠯᠭᠠᠵᠤ᠂ ᠴᠡᠭ ᠢᠶᠠᠷ ᠨᠡᠶᠢᠳᠡᠮ ᠢ ᠳᠠᠶᠢᠴᠢᠯᠠᠨ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠵᠤ᠂ ᠥᠷᠢᠰᠦᠯᠳᠦᠬᠦ ᠬᠦᠴᠦᠨ᠂ ᠵᠢᠱᠢᠶ᠎ᠡ ᠦᠵᠡᠭᠦᠯᠬᠦ ᠴᠢᠨᠠᠷ ᠢ ᠤᠯᠠᠮ ᠨᠢᠭᠡ ᠠᠯᠬᠤᠮ ᠴᠢᠩᠭᠠᠷᠠᠭᠤᠯᠤᠨ᠂ ᠪᠠᠶᠠᠨᠨᠠᠭᠤᠷ ᠬᠤᠲᠠ ᠶᠢᠨ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠳᠡᠢ ᠃ ᠬᠤᠶᠠᠷ ᠲᠤ ᠤᠯᠤᠰ ᠤᠨ ᠲᠡᠰ ᠤᠨ ᠤᠰᠤᠨ ᠭᠠᠷᠤᠯᠲᠠ ᠶᠢ ᠡᠷᠡᠭᠦᠯ ᠢᠶᠠᠷ ᠲᠡᠵᠢᠭᠡᠨ ᠦᠷᠡᠵᠢᠭᠦᠯᠬᠦ ᠪᠠ ᠠᠮᠢ ᠠᠬᠤᠢ ᠶᠢᠨ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ ᠂ ᠦᠵᠡᠰᠬᠦᠯᠡᠩᠲᠦ ᠰᠠᠶᠢᠬᠠᠨ ᠵᠢᠭᠠᠰᠤᠴᠢᠨ ᠤ ᠲᠣᠰᠬᠤᠨ ᠢ ᠪᠦᠲᠦᠭᠡᠨ ᠪᠠᠶᠢᠭᠤᠯᠵᠤ ᠂ ᠵᠢᠭᠠᠰᠤᠴᠢᠨ ᠤ ᠭᠠᠷᠤᠯᠲᠠ ᠶᠢᠨ ᠨᠡᠮᠡᠭᠳᠡᠯ᠂ ᠣᠷᠣᠯᠭ᠎ᠠ ᠶᠢᠨ ᠨᠡᠮᠡᠭᠳᠡᠯ ᠢ ᠳᠠᠶᠢᠴᠢᠯᠠᠬᠤ ᠬᠡᠷᠡᠭᠲᠡᠢ ᠭᠡᠪᠡ᠃ 
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号