ᠮᠠᠯ ᠤᠨ ᠡᠮ ᠤᠨ GMP ᠶᠢᠨ ᠬᠢᠷᠢ ᠲᠡᠩᠴᠡᠭᠰᠡᠨ ᠦᠶᠯᠡᠳᠪᠦᠷᠢᠯᠡᠯ ᠤᠨ ᠱᠤᠭᠤᠮ ᠢ ᠵᠥᠪᠰᠢᠶᠡᠷᠡᠬᠦ ᠲᠤᠬᠠᠶ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2022/2/17
      《 ᠮᠠᠯ ᠤᠨ ᠡᠮ ᠤᠨ ᠦᠶᠯᠡᠳᠪᠦᠷᠢᠯᠡᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ( 2020 ᠣᠨ ᠳᠤ ᠵᠠᠰᠠᠪᠤᠷᠢ ᠣᠷᠣᠭᠤᠯᠤᠭᠰᠠᠨ ) 》᠂ 《 ᠮᠠᠯ ᠤᠨ ᠡᠮ ᠤᠨ ᠦᠶᠯᠡᠳᠪᠦᠷᠢᠯᠡᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ᠢ ᠪᠠᠶᠢᠴᠠᠭᠠᠵᠤ ᠰᠢᠯᠭᠠᠨ ᠠᠪᠬᠤ ᠠᠷᠭ᠎ᠠ 》᠂ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠤᠨ ᠡᠮ ᠤᠨ GMP ᠶᠢ ᠪᠠᠶᠢᠴᠠᠭᠠᠵᠤ ᠰᠢᠯᠭᠠᠨ ᠠᠪᠬᠤ ᠠᠵᠢᠯ ᠤᠨ ᠲᠦᠷᠢᠮ 》 ᠵᠡᠷᠭᠡ ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ᠂ ᠴᠢ ᠯᠦ ᠡᠮ ᠦᠶᠯᠡᠳᠬᠦ ( ᠥᠪᠥᠷ ᠮᠣᠩᠭᠤᠯ ) ᠬᠢᠵᠠᠭᠠᠷᠲᠤ ᠺᠣᠮᠫᠠᠨᠢ ᠶᠢᠨ ᠬᠥᠯᠥᠨ ᠪᠣᠶᠢᠷ ᠲᠠᠬᠢ ᠬᠤᠪᠢᠶᠠᠷᠢ ᠺᠣᠮᠫᠠᠨᠢ ᠶᠢᠨ ᠪᠠᠺᠲ᠋ᠧᠷᠢ ᠥᠬᠡᠶ ᠲᠦᠭᠦᠬᠡᠶ ᠮᠠᠲ᠋ᠧᠷᠢᠶᠠᠯ ᠤᠨ ᠡᠮ ( ᠬᠦᠬᠦᠷ ᠬᠦᠴᠢᠯ ᠤᠨ ᠰᠢᠨ ᠮᠧᠶ ᠰᠦ᠋᠂ ᠬᠦᠬᠦᠷ ᠬᠦᠴᠢᠯ ᠤᠨ ᠠᠨ ᠫᠦ ᠮᠧᠶ ᠰᠦ᠋ ) 2 ᠦᠶᠯᠡᠳᠪᠦᠷᠢᠯᠡᠯ ᠤᠨ ᠱᠤᠭᠤᠮ ᠪᠠ ᠥᠪᠥᠷ ᠮᠣᠩᠭᠤᠯ ᠤᠨ ᠬᠤᠸᠠ ᠱᠤ᠋ ᠠᠮᠢᠳᠤ ᠪᠣᠳᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠪᠠᠺᠲ᠋ᠧᠷᠢ ᠥᠬᠡᠶ ᠲᠦᠭᠦᠬᠡᠶ ᠮᠠᠲ᠋ᠧᠷᠢᠶᠠᠯ ᠤᠨ ᠪᠤᠰᠤ ᠡᠮ ( ᠲᠥ᠋ ᠮᠧᠶ ᠰᠦ᠋ ) 1 ᠦᠶᠯᠡᠳᠪᠦᠷᠢᠯᠡᠯ ᠤᠨ ᠱᠤᠭᠤᠮ ᠢ ᠲᠤᠰᠬᠠᠶ ᠮᠡᠷᠭᠡᠵᠢᠯᠲᠡᠨ ᠤ ᠰᠢᠯᠭᠠᠨ ᠠᠪᠬᠤ  ᠪᠠᠷ ᠳᠠᠮᠵᠢᠭᠤᠯᠤᠨ᠂ ᠮᠠᠯ ᠤᠨ ᠡᠮ ᠤᠨ GMP ᠶᠢᠨ ᠬᠢᠷᠢ ᠲᠡᠩᠴᠡᠭᠰᠡᠨ ᠦᠶᠯᠡᠳᠪᠦᠷᠢᠯᠡᠯ ᠤᠨ ᠱᠤᠭᠤᠮ ᠢᠶᠠᠷ ᠵᠥᠪᠰᠢᠶᠡᠷᠡᠬᠦ ᠪᠠᠷ ᠪᠣᠢ᠃ ᠡᠳᠦᠭᠡ ᠢᠯᠡ ᠨᠡᠶᠢᠲᠡᠯᠡᠪᠡ ᠃      ᠢᠯᠡ ᠨᠡᠶᠢᠲᠡᠯᠡᠬᠦ ᠬᠤᠭᠤᠴᠠᠭ᠎ᠠ ᠄ 2022 ᠣᠨ ᠤ 2 ᠰᠠᠷ᠎ᠠ ᠶᠢᠨ 16 ᠤ ᠡᠳᠦᠷ ᠠᠴᠠ 22 ᠤᠨ ᠡᠳᠦᠷ ᠪᠣᠯᠲᠠᠯ᠎ᠠ  ᠃ ᠰᠠᠨᠠᠯ ᠲᠠᠢ ᠪᠣᠯ ᠢᠯᠡ ᠨᠡᠶᠢᠲᠡᠯᠡᠬᠦ ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠮᠠᠯ ᠡᠮᠨᠡᠯᠭᠡ ᠶᠢᠨ ᠲᠣᠪᠴᠢᠶ᠎ᠠ ᠳᠤ ᠬᠠᠷᠢᠭᠤ ᠲᠤᠰᠬᠠᠭᠠᠷᠠᠶ᠃      ᠬᠠᠷᠢᠯᠴᠠᠬᠤ ᠬᠥᠮᠦᠨ᠄ ᠴᠧᠨ ᠬᠠᠢ ᠫᠢᠩ      ᠬᠢᠨᠠᠯᠲᠠ ᠲᠠᠯᠪᠢᠬᠤ ᠤᠲᠠᠰᠤ᠄ 0471-6651798      ᠹᠠᠺᠰ᠄ 0471-6652269       ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠤᠯᠠᠭᠠᠨᠴᠠᠪ ᠵᠡᠭᠦᠨ ᠵᠠᠮ ᠤᠨ 70 ᠳ᠋ᠤᠭᠠᠷ ᠨᠣᠮᠧᠷ                  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                  ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ                               2022 ᠣᠨ ᠤ 2 ᠰᠠᠷ᠎ᠠ ᠶᠢᠨ 16 ᠤ ᠡᠳᠦᠷ 
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号