— 2022 ᠤᠨ ᠤ 3 ᠰᠠᠷ᠎ᠠ ᠶᠢᠨ 5 ᠤ ᠡᠳᠤᠷ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ | ᠤᠯᠤᠰ ᠤᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠳᠡᠭᠡᠷ᠎ᠡ | ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ | | ᠲᠥᠯᠥᠭᠡᠯᠡᠭᠴᠢᠳ ᠡ᠄ | ᠤᠳᠤ ᠪᠢ ᠲᠦᠷᠦ ᠶᠢᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ ᠶᠡᠭᠡ ᠬᠤᠷᠠᠯ ᠳᠤ ᠵᠠᠰᠠᠭ ᠤᠨ | ᠣᠷᠳᠣᠨ ᠤ ᠠᠵᠢᠯ ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠤᠯᠪᠠ ᠤᠤ᠂ ᠪᠦᠬᠦ ᠤᠯᠤᠰ ᠤᠨ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠳ ᠴᠦ ᠰᠠᠨᠠᠯ ᠢᠶᠠᠨ ᠳᠤᠷᠠᠳᠬᠤ ᠪᠤᠯᠪᠠ ᠤᠤ᠃ | ᠨᠢᠭᠡ᠂ 2021 ᠣᠨ ᠤ ᠠᠵᠢᠯ ᠤᠨ ᠡᠷᠭᠢᠴᠡᠭᠦᠯᠦᠯ | ᠥᠩᠭᠡᠷᠡᠭᠰᠡᠨ ᠨᠢᠭᠡ ᠵᠢᠯ ᠪᠣᠯ ᠨᠠᠮ ᠪᠠ ᠤᠯᠤᠰ ᠤᠨ ᠲᠡᠦᠬᠡᠨ ᠳᠡᠭᠡᠷ᠎ᠡ ᠪᠡᠯᠭᠡ ᠲᠡᠮᠳᠡᠭ ᠤᠨ ᠠᠴᠢ | ᠬᠤᠯᠪᠣᠭᠳᠠᠯ ᠲᠠᠢ ᠨᠢᠭᠡ ᠵᠢᠯ ᠮᠥᠨ᠃ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ | ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ | ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠶ ᠶᠢ ᠦᠪᠡᠳᠡᠭᠰᠢ ᠶᠡᠭᠡ ᠪᠠᠷ | ᠪᠡᠯᠭᠡᠯᠡᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠢ | ᠢᠯᠠᠯᠲᠠ ᠲᠠᠢ ᠪᠠᠷ ᠬᠤᠷᠠᠯᠳᠤᠭᠤᠯᠵᠤ᠂ ᠨᠠᠮ ᠤᠨ ᠭᠤᠷᠪᠠᠳᠤᠭᠠᠷ ᠲᠡᠦᠬᠡᠨ ᠰᠢᠢᠳᠪᠦᠷᠢ ᠶᠢ ᠲᠣᠭᠲᠠᠭᠠᠵᠤ᠂ | ᠲᠣᠭᠲᠠᠭᠰᠠᠨ ᠬᠤᠭᠤᠴᠠᠭᠠᠨ ᠳᠤ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠳᠠᠶᠢᠨ ᠤ | ᠢᠯᠠᠯᠲᠠ ᠶᠢ ᠣᠯᠵᠤ᠂ ᠲᠣᠭᠲᠠᠭᠰᠠᠨ ᠬᠤᠭᠤᠴᠠᠭᠠᠨ ᠳᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ | ᠪᠦᠲᠦᠭᠡᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠵᠦ᠂ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠪᠠ ᠬᠤᠶᠠᠳᠤᠭᠠᠷ ᠵᠠᠭᠤᠨ ᠵᠢᠯ ᠤᠨ | ᠲᠡᠮᠡᠴᠡᠯ ᠤᠨ ᠬᠠᠷᠠᠯᠲᠠ ᠲᠡᠶᠢᠰᠢ ᠤᠷᠤᠭᠰᠢᠯᠠᠬᠤ ᠰᠢᠨ᠎ᠡ ᠠᠶᠠᠯᠠᠯ ᠢᠶᠠᠨ ᠡᠬᠢᠯᠡᠭᠦᠯᠪᠡ᠃ ᠨᠢᠭᠡ ᠵᠢᠯ ᠤᠨ ᠲᠤᠷᠰᠢ᠂ | ᠨᠠᠷᠢᠨ ᠪᠤᠳᠤᠯᠢᠶᠠᠨᠲᠠᠶ ᠪᠦᠭᠡᠳ ᠬᠦᠨᠳᠦ ᠬᠡᠴᠡᠭᠦᠦ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠪᠣᠯᠤᠨ | ᠣᠯᠠᠨ ᠠᠷᠪᠢᠨ ᠲᠦᠭᠰᠢᠭᠦᠷᠢ ᠪᠠ ᠰᠢᠯᠭᠠᠯᠲᠠ ᠶᠢᠨ ᠡᠮᠦᠨ᠎ᠡ᠂ ᠪᠦᠬᠦ ᠤᠯᠤᠰ ᠢᠶᠠᠷ ᠢᠶᠠᠨ ᠬᠠᠮᠲᠤ ᠪᠠᠷ ᠴᠢᠷᠮᠠᠶᠢᠵᠤ᠂ | ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠵᠦ᠂ | ᠪᠦᠬᠦ ᠵᠢᠯ ᠤᠨ ᠭᠤᠤᠯ ᠭᠤᠤᠯ ᠬᠠᠷᠠᠯᠲᠠ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠵᠦ᠂ ᠠᠷᠪᠠᠨ ᠳᠥᠷᠪᠡᠳᠦᠭᠡᠷ | ᠲᠠᠪᠤᠨ ᠵᠢᠯ ᠤᠨ ᠲᠦᠯᠦᠪᠵᠢᠭᠦᠯᠭᠡ ᠶᠢᠨ ᠰᠠᠶᠢᠨ ᠡᠬᠢᠯᠡᠯᠲᠡ ᠶᠢ ᠪᠡᠶᠡᠯᠡᠭᠦᠯᠵᠦ᠂ ᠮᠠᠨ ᠤ ᠤᠯᠤᠰ ᠤᠨ ᠬᠥᠭᠵᠢᠯᠲᠡ | ᠪᠠᠰᠠ ᠰᠢᠨ᠎ᠡ ᠴᠢᠬᠤᠯᠠ ᠶᠡᠭᠡ ᠠᠮᠵᠢᠯᠲᠠ ᠪᠦᠲᠦᠮᠵᠢ ᠤᠯᠪᠠ᠃ | — ᠠᠵᠤ ᠠᠬᠤᠶ ᠰᠡᠷᠭᠦᠯᠳᠠ ᠬᠥᠭᠵᠢᠯᠳᠠ ᠶᠢ ᠪᠠᠲᠤᠯᠠᠪᠠ᠃ ᠤᠯᠤᠰ ᠤᠨ ᠳᠣᠲᠣᠭᠠᠳᠤ ᠶᠢᠨ | ᠦᠢᠯᠡᠳᠪᠦᠷᠢᠯᠡᠯ ᠤᠨ ᠪᠦᠬᠦ ᠦᠷᠳᠡᠭ 114 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ 8.1% ᠪᠠᠷ | ᠨᠡᠮᠡᠭᠳᠡᠪᠡ᠃ ᠪᠦᠬᠦ ᠤᠯᠤᠰ ᠤᠨ ᠡᠳ᠋ ᠤᠨ ᠵᠠᠰᠠᠭ ᠤᠨ ᠣᠷᠣᠯᠭ᠎ᠠ 20 ᠲᠦᠮᠡᠨ ᠳ᠋ᠦᠩᠰᠢᠭᠤᠷ ᠲᠥᠭᠦᠷᠢᠭ ᠢ | ᠳᠠᠪᠠᠵᠤ᠂ 10.7% ᠪᠠᠷ ᠨᠡᠮᠡᠭᠳᠡᠪᠡ᠃ ᠬᠤᠲᠠ ᠪᠠᠯᠭᠠᠰᠤᠨ ᠳᠤ ᠠᠵᠢᠯ ᠣᠯᠤᠭᠰᠠᠨ ᠬᠦᠮᠦᠨ 1269 ᠲᠦᠮᠨ | ᠰᠢᠨ᠎ᠡ ᠪᠠᠷ ᠨᠡᠮᠡᠭᠳᠡᠵᠦ᠂ ᠬᠤᠲᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠣᠷᠮ᠎ᠠ ᠳᠤᠮᠳᠠᠴᠢ ᠪᠠᠷ | 5.1% ᠪᠣᠯᠪᠠ᠃ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ 0.9% ᠪᠠᠷ ᠥᠰᠪᠡ᠃ ᠤᠯᠤᠰ ᠤᠨ | ᠬᠤᠭᠤᠷᠣᠨᠳᠣᠬᠢ ᠣᠷᠣᠯᠭ᠎ᠠ ᠵᠠᠷᠤᠯᠭ᠎ᠠ ᠶᠢ ᠦᠨᠳᠦᠰᠦᠨ ᠳᠡᠭᠡᠨ ᠲᠡᠩᠴᠡᠭᠦᠷᠢᠲᠡᠶ ᠪᠠᠶᠢᠯᠭᠠᠪᠠ᠃ | — ᠰᠢᠨ᠎ᠡ ᠶᠢ ᠡᠭᠦᠳᠬᠦ ᠴᠢᠳᠠᠪᠤᠷᠢ ᠤᠯᠠᠮ ᠨᠢᠭᠡ ᠠᠯᠬᠤᠮ ᠴᠢᠩᠭᠠᠷᠠᠪᠠ᠃ ᠤᠯᠤᠰ ᠤᠨ ᠪᠠᠶᠢᠯᠳᠤᠬᠤ | ᠪᠤᠳᠤᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠲᠦᠷᠭᠡᠨ ᠢᠶᠠᠷ ᠪᠤᠵᠠᠭᠠᠶᠢᠷᠠᠪᠠ᠃ ᠵᠠᠩᠭᠢᠯᠠᠭ᠎ᠠ ᠶᠢᠨ | ᠭᠤᠤᠯᠯᠠᠬᠤ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠠᠵᠢᠯ ᠴᠢᠬᠤᠯᠠ ᠠᠬᠢᠯᠳᠠ ᠲᠠᠢ ᠪᠤᠯᠵᠤ᠂ ᠬᠥᠮᠦᠨ | ᠰᠠᠭᠤᠯᠭᠠᠭᠰᠠᠨ ᠰᠠᠨᠰᠠᠷ ᠤᠨ ᠠᠶᠠᠯᠠᠯ᠂ ᠭᠠᠯ ᠭᠠᠷᠠᠭ ᠤᠨ ᠬᠠᠶᠢᠨ ᠬᠡᠮᠵᠢᠯᠲᠡ᠂ ᠡᠬᠢ ᠪᠠᠶᠠᠯᠢᠭ ᠤᠨ ᠬᠠᠶᠢᠨ | ᠰᠢᠨᠵᠢᠯᠡᠯᠲᠡ᠂ ᠡᠨᠧᠷᠭᠢ ᠶᠢᠨ ᠰᠤᠷᠪᠤᠯᠵᠢ ᠶᠢᠨ ᠢᠨᠵᠧᠨᠧᠷᠢᠩ ᠵᠡᠷᠭᠡ ᠬᠦᠷᠢᠶᠡᠨ ᠳᠤ ᠰᠢᠨ᠎ᠡ ᠰᠢᠪᠲᠤᠯᠤᠯᠲᠠ ᠲᠠᠢ | ᠪᠤᠯᠪᠠ᠃ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ 15.5% ᠪᠠᠷ ᠨᠡᠮᠡᠭᠳᠡᠪᠡ᠃ ᠳ᠋ᠢᠵᠢᠲ᠋ᠠᠯ ᠮᠡᠷᠭᠡᠵᠢᠯ | ᠪᠣᠯᠤᠨ ᠪᠣᠳᠠᠲᠤ ᠴᠣᠭᠴᠠ ᠶᠢᠨ ᠠᠵᠤ ᠠᠬᠤᠶ ᠶᠢᠨ ᠠᠭᠤᠰᠤᠯᠴᠠᠭ᠎ᠠ ᠲᠦᠷᠭᠡᠰᠪᠡ᠃ | — ᠠᠵᠤ ᠠᠬᠤᠶ ᠶᠢᠨ ᠪᠦᠲᠦᠴᠡ ᠪᠠ ᠣᠷᠣᠨ ᠪᠦᠰᠡ ᠶᠢᠨ ᠪᠠᠶᠢᠷᠢᠰᠢᠯ ᠦᠷᠭᠦᠯᠵᠢᠯᠡᠨ ᠰᠢᠯᠢᠳᠡᠭᠵᠢᠪᠡ᠃ | ᠠᠮᠤ ᠪᠤᠳᠠᠭᠠᠨ ᠤ ᠤᠨᠠᠯᠲᠠ 1.37 ᠲᠦᠮᠡᠨ ᠳ᠋ᠦᠩᠰᠢᠭᠤᠷ ᠵᠢᠩ ᠳᠤ ᠬᠦᠷᠴᠦ᠂ ᠲᠡᠦᠬᠡᠨ ᠰᠢᠨ᠎ᠡ ᠲᠡᠮᠳᠡᠭᠯᠡᠯ ᠢ | ᠡᠭᠦᠳᠪᠡ᠃ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠥᠷᠲᠡᠭ 18.2% ᠢᠶᠠᠷ ᠨᠡᠮᠡᠭᠳᠡᠵᠦ᠂ | ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡ ᠵᠡᠷᠭᠡ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ | ᠨᠡᠯᠢᠶᠡᠳ ᠲᠦᠷᠭᠡᠨ ᠬᠥᠭᠵᠢᠵᠦ᠂ ᠠᠵᠤ ᠦᠢᠯᠡᠰ ᠤᠨ ᠬᠡᠯᠬᠢᠶ᠎ᠡ ᠶᠢᠨ ᠤᠶᠠᠨ ᠬᠠᠳᠠᠨ ᠴᠢᠨᠠᠷ ᠳᠡᠭᠡᠭᠰᠢᠯᠡᠪᠡ᠃ | ᠣᠷᠣᠨ ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠪᠦᠲᠦᠮᠵᠢᠲᠡᠶ ᠬᠡᠷᠡᠭᠵᠢᠭᠦᠯᠵᠦ᠂ ᠰᠢᠨ᠎ᠡ | ᠬᠡᠯᠪᠡᠷᠢ ᠶᠢᠨ ᠬᠤᠳᠠ ᠪᠠᠯᠭᠠᠰᠤᠵᠢᠯᠳᠠ ᠯᠠᠪᠳᠠᠭᠤᠨ ᠢᠶᠠᠷ ᠠᠬᠢᠪᠠ᠃ | — ᠥᠭᠡᠷᠡᠴᠢᠯᠡᠯᠲᠡ ᠨᠡᠭᠡᠭᠡᠯᠲᠡ ᠲᠠᠰᠤᠷᠠᠯᠲᠠ ᠦᠭᠡᠢ ᠭᠦᠨᠵᠡᠭᠡᠶᠢᠷᠡᠪᠡ᠃ ᠴᠢᠬᠤᠯᠠ ᠬᠦᠷᠢᠶ᠎ᠡ ᠪᠠ | ᠵᠠᠩᠭᠢᠯᠠᠭ᠎ᠠ ᠶᠢᠨ ᠭᠤᠭᠴᠤᠭ᠎ᠠ ᠳᠤ ᠨᠢᠭᠡ ᠪᠦᠯᠦᠭ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ | ᠲᠣᠭᠲᠠᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶ ᠠᠬᠢᠭᠤᠯᠪᠠ᠃ | ︽ᠪᠠᠭᠤᠯᠭᠠᠬᠤ ᠤᠶᠠᠯᠳᠤᠭᠤᠯᠬᠤ ᠰᠢᠯᠢᠳᠡᠭᠵᠢᠬᠦᠯᠬᠦ︾ ᠥᠭᠡᠷᠡᠴᠢᠯᠡᠯᠲᠡ ᠰᠢᠨ᠎ᠡ ᠠᠬᠢᠯᠲᠠ ᠲᠠᠢ ᠪᠣᠯᠪᠠ᠃ ᠵᠠᠬ᠎ᠠ | ᠳᠡᠯᠭᠡᠭᠦᠷ ᠤᠨ ᠪᠡᠶᠡᠴᠢ ᠴᠣᠭᠴᠠ ᠶᠢᠨ ᠶᠡᠷᠦᠩᠬᠡᠶ ᠲᠤᠭ᠎ᠠ 1.5 ᠳ᠋ᠦᠩᠰᠢᠭᠤᠷ ᠡᠷᠦᠬᠡ ᠶᠢ ᠳᠠᠪᠠᠪᠠ᠃ ︽ᠨᠢᠭᠡ | ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠶ ᠪᠠᠶᠢᠭᠤᠯᠬᠤ ᠶᠢ ᠯᠠᠪᠳᠠᠭᠤᠨ ᠢᠶᠠᠷ ᠠᠬᠢᠭᠤᠯᠪᠠ᠃ ᠣᠷᠣᠨ | ᠪᠦᠰᠡ ᠶᠢᠨ ᠪᠦᠬᠦ ᠲᠠᠯ᠎ᠠ ᠶᠢᠨ ᠠᠵᠤ ᠠᠬᠤᠶ ᠶᠢᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ ᠢ ᠬᠦᠴᠦᠨ ᠲᠠᠢ | ᠪᠤᠯᠭᠠᠵᠤ ᠬᠡᠷᠡᠭᠵᠢᠭᠦᠯᠬᠦ ᠶᠢ ᠠᠬᠢᠭᠤᠯᠪᠠ᠃ ᠡᠳ᠋ ᠪᠠᠷᠠᠭ᠎ᠠ ᠶᠢᠨ ᠭᠠᠳᠠᠭᠠᠳᠤ ᠤᠷᠤᠭᠤᠯᠤᠯᠳᠠ ᠪᠠ ᠭᠠᠳᠠᠭᠠᠳᠤ | ᠭᠠᠷᠭᠠᠯᠳᠠ ᠶᠢᠨ ᠪᠦᠬᠦ ᠲᠤᠭ᠎ᠠ 21.4% ᠪᠠᠷ ᠨᠡᠮᠡᠭᠳᠡᠵᠦ᠂ ᠭᠠᠳᠠᠭᠠᠳᠤ ᠪᠡᠯᠡ ᠶᠢᠨ ᠪᠣᠳᠠᠲᠠᠶ ᠬᠡᠷᠡᠭᠯᠡᠯᠲᠡ | ᠨᠡᠮᠡᠭᠳᠡᠯ ᠢᠶᠠᠨ ᠪᠠᠲᠤᠯᠠᠪᠡ᠃ | — ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠦᠷᠭᠦᠯᠵᠢᠯᠡᠨ ᠠᠬᠢᠪᠠ᠃ ᠪᠣᠬᠢᠷᠲᠤᠯ ᠢ ᠰᠡᠷᠭᠡᠶᠢᠯᠡᠨ | ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠭᠦᠨᠵᠡᠭᠡᠶ ᠥᠷᠨᠢᠭᠦᠯᠵᠦ᠂ ᠭᠤᠤᠯ ᠭᠤᠤᠯ ᠪᠣᠬᠢᠷ ᠪᠣᠳᠠᠰ ᠤᠨ | ᠭᠠᠳᠠᠭᠰᠢᠯᠠᠭᠤᠯᠤᠯᠲᠠ ᠶᠢ ᠦᠷᠭᠦᠯᠵᠢᠯᠡᠨ ᠪᠠᠭᠤᠷᠠᠭᠤᠯᠵᠤ᠂ ᠲᠤᠰᠬᠠᠶ ᠣᠷᠣᠨ ᠤ ᠲᠡᠰ ᠵᠢᠴᠢ ᠲᠡᠭᠦᠨ ᠠᠴᠠ | ᠳᠡᠭᠡᠭᠰᠢᠬᠢ ᠬᠤᠳᠠ ᠶᠢᠨ ᠵᠢᠵᠢᠭ ᠮᠥᠬᠦᠯᠢᠭᠲᠦ ᠪᠣᠳᠠᠰ ᠤᠨ ᠳᠤᠮᠳᠠᠴᠢ ᠥᠳᠭᠡᠴᠡ ᠶᠢ 9.1% ᠪᠠᠷ ᠪᠠᠭᠤᠷᠠᠭᠤᠯᠪᠠ᠃ | ᠠᠩᠬᠠᠨ ᠤ ᠪᠦᠯᠦᠭ ᠤᠯᠤᠰ ᠤᠨ ᠴᠡᠴᠡᠷᠯᠢᠭ ᠢ ᠵᠢᠩᠬᠢᠨᠢ ᠪᠠᠷ ᠪᠠᠶᠢᠭᠤᠯᠪᠠ᠃ ᠠᠮᠢ ᠠᠬᠤᠶ ᠶᠢᠨ ᠣᠷᠴᠢᠨ | ᠨᠥᠬᠦᠴᠡᠯ ᠤᠨ ᠶᠠᠰᠤ ᠴᠢᠨᠠᠷ ᠢᠯᠡᠳᠲᠡ ᠰᠠᠶᠢᠵᠢᠷᠠᠪᠠ᠃ | — ᠠᠷᠠᠳ ᠤᠨ ᠠᠮᠢᠳᠤᠷᠠᠯ ᠤᠨ ᠲᠦᠪᠰᠢᠨ ᠲᠣᠭᠲᠠᠭᠤᠨ ᠢᠶᠠᠷ ᠳᠡᠭᠡᠭᠰᠢᠯᠡᠪᠡ᠃ ᠰᠠᠭᠤᠭᠠᠯᠢ ᠠᠷᠠᠳ ᠤᠨ | ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 8.1% ᠪᠠᠷ ᠪᠣᠳᠠᠲᠠᠶ ᠨᠡᠮᠡᠭᠳᠡᠪᠡ᠃ ᠶᠠᠳᠠᠭᠤ ᠠᠴᠠ | ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠪᠡ᠃ | ᠨᠠᠰᠤᠵᠢᠯ ᠤᠨ ᠦᠨᠳᠦᠰᠦᠨ ᠠᠰᠠᠷᠠᠮᠵᠢ᠂ ᠦᠨᠳᠦᠰᠦᠨ ᠡᠮᠨᠡᠯᠭᠡ᠂ ᠨᠡᠶᠢᠭᠡᠮ ᠤᠨ ᠠᠪᠤᠷᠠᠨ ᠲᠤᠰᠠᠯᠠᠯᠲᠠ ᠵᠡᠷᠭᠡ | ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠪᠠ᠃ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠰᠢᠨ᠎ᠡ | ᠠᠯᠬᠤᠮ ᠢ ᠠᠯᠬᠤᠪᠠ᠃ ᠬᠤᠲᠠ ᠪᠠᠯᠭᠠᠰᠤᠨ ᠤ 5.6 ᠲᠦᠮᠡᠨ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ | ᠵᠠᠰᠠᠬᠤ ᠠᠵᠢᠯ ᠢ ᠰᠢᠨ᠎ᠡ ᠪᠠᠷ ᠡᠬᠢᠯᠡᠭᠦᠯᠦᠨ᠂ ᠮᠢᠩᠭ᠎ᠠ ᠰᠢᠬᠠᠮ ᠲᠦᠮᠡᠨ ᠭᠡᠷ ᠪᠦᠯᠢ ᠳᠤ ᠠᠰᠢᠭ ᠬᠦᠷᠲᠡᠭᠡᠪᠡ᠃ | — ᠬᠢᠵᠢᠭ ᠢ ᠰᠡᠷᠭᠡᠶᠢᠯᠡᠨ ᠬᠢᠵᠠᠭᠠᠷᠯᠠᠬᠤ ᠦᠷ᠎ᠡ ᠪᠦᠲᠦᠭᠡᠯ ᠦᠷᠭᠦᠯᠵᠢᠯᠡᠨ ᠪᠠᠬᠢᠵᠢᠪᠡ᠃ ᠪᠠᠶᠢᠩᠭᠤ ᠶᠢᠨ | ᠴᠢᠨᠠᠷᠲᠠᠢ ᠪᠠᠷ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠸᠠᠺᠼᠢᠨ ᠤ ᠪᠦᠬᠦ | ᠶᠠᠪᠤᠴᠠ ᠶᠢᠨ ᠲᠠᠷᠢᠯᠭ᠎ᠠ ᠶᠢᠨ ᠪᠦᠷᠬᠦᠴᠡ ᠶᠢᠨ ᠨᠣᠷᠮ᠎ᠠ 85% ᠶᠢ ᠳᠠᠪᠠᠵᠤ᠂ ᠬᠡᠰᠡᠭ ᠭᠠᠵᠠᠷ ᠣᠷᠣᠨ ᠤ | ᠪᠦᠭᠡᠮᠨᠡᠷᠡᠯ ᠤᠨ ᠰᠢᠨᠵᠢᠲᠡᠢ ᠬᠢᠵᠢᠭ ᠤᠨ ᠪᠠᠶᠢᠳᠠᠯ ᠢ ᠴᠠᠭ ᠲᠤᠬᠠᠶ ᠳᠤᠨᠢ ᠪᠦᠲᠦᠮᠵᠢᠲᠡᠶ ᠰᠢᠢᠳᠪᠦᠷᠢᠯᠡᠵᠦ᠂ ᠠᠷᠠᠳ | ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠠᠲᠤᠯᠠᠵᠤ᠂ | ᠦᠢᠯᠡᠳᠪᠦᠷᠢᠯᠡᠯ ᠠᠮᠢᠳᠤᠷᠠᠯ ᠤᠨ ᠬᠡᠪ ᠤᠨ ᠡᠮᠬᠢ ᠳᠢᠭᠯᠢᠮ ᠢ ᠬᠠᠮᠠᠭᠠᠯᠠᠪᠠ᠃ | ᠥᠩᠭᠡᠷᠡᠭᠰᠡᠨ ᠨᠢᠭᠡ ᠵᠢᠯ ᠢ ᠡᠷᠭᠢᠴᠡᠭᠦᠯᠬᠦᠶ᠎ᠡ᠂ ᠠᠮᠵᠢᠯᠲᠠ ᠪᠦᠲᠦᠮᠵᠢ ᠶᠢ ᠲᠦᠢᠯ ᠤᠨ ᠬᠢᠯᠪᠠᠷ ᠪᠤᠰᠤ ᠪᠠᠷ | ᠤᠯᠤᠭᠰᠠᠨ ᠶᠤᠮ᠃ ᠮᠠᠨ ᠤ ᠤᠯᠤᠰ ᠤᠨ ᠠᠵᠤ ᠠᠬᠤᠶ ᠭᠡᠨᠡᠳᠲᠡ ᠶᠢᠨ ᠬᠢᠵᠢᠭ ᠤᠨ ᠪᠠᠶᠢᠳᠠᠯ ᠵᠡᠷᠭᠡ ᠬᠦᠨᠳᠦ | ᠨᠣᠴᠢᠲᠠᠶ ᠳᠠᠭᠠᠷᠢᠯᠲᠠ ᠶᠢᠨ ᠳᠠᠷᠠᠭᠠᠬᠢ ᠰᠡᠷᠭᠦᠯᠲᠡ ᠬᠥᠭᠵᠢᠯᠲᠡ ᠶᠢᠨ ᠶᠠᠪᠤᠴᠠ ᠳᠤ ᠣᠷᠣᠰᠢᠵᠤ᠂ ᠤᠯᠤᠰ ᠤᠨ | ᠳᠣᠲᠣᠭᠠᠳᠤ ᠭᠠᠳᠠᠭᠠᠳᠤ ᠶᠢᠨ ᠪᠠᠶᠢᠳᠠᠯ ᠳᠤ ᠪᠠᠰᠠ ᠮᠠᠰᠢ ᠤᠯᠠᠨ ᠰᠢᠨ᠎ᠡ ᠬᠤᠪᠢᠷᠠᠯᠲᠠ ᠭᠠᠷᠴᠤ᠂ ᠠᠵᠤ ᠠᠬᠤᠶ ᠶᠢᠨ | ᠲᠣᠭᠲᠠᠭᠤᠨ ᠠᠵᠢᠯᠯᠠᠭᠠᠨ ᠢ ᠪᠠᠲᠤᠯᠠᠬᠤ ᠬᠦᠴᠢᠷᠳᠡᠯ ᠶᠡᠬᠡᠰᠴᠦ ᠪᠠᠶᠢᠨ᠎ᠠ᠃ ᠪᠢᠳᠡ ᠰᠢ ᠶᠢᠨ ᠫᠢᠩ ᠨᠥᠬᠦᠷ ᠢᠶᠠᠷ | ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ | ᠲᠤᠭᠤᠰᠢᠯᠠᠭᠤᠯᠤᠨ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ | ᠣᠨᠣᠪᠴᠢᠲᠠᠶ ᠪᠦᠭᠡᠳ ᠪᠦᠬᠦ ᠲᠠᠯ᠎ᠠ ᠪᠠᠷ ᠲᠤᠭᠤᠰᠢᠯᠠᠭᠤᠯᠤᠨ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠪᠠ | ︽ᠵᠢᠷᠭᠤᠭ᠎ᠠ ᠶᠢ ᠪᠠᠲᠤᠯᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠤᠷᠸ᠎ᠠ ᠲᠥᠷᠥ ᠶᠢᠨ | ᠪᠣᠳᠣᠯᠭ᠎ᠠ ᠶᠢᠨ ᠦᠶᠡᠯᠡᠯ ᠠᠯᠤᠰᠯᠠᠬᠰᠠᠨ ᠳᠤᠬᠢᠷᠠᠭᠤᠯᠤᠯᠳᠠ ᠪᠠ ᠦᠶᠡᠯᠡᠯ ᠦᠭᠰᠦᠭᠦᠯᠦᠭᠰᠡᠨ ᠲᠣᠬᠢᠷᠠᠭᠤᠯᠤᠯᠳᠠ ᠶᠢ | ᠴᠢᠬᠤᠯᠠᠴᠢᠯᠠᠵᠤ᠂ ᠡᠯ᠎ᠡ ᠵᠦᠢᠯ ᠤᠨ ᠲᠦᠭᠰᠢᠭᠦᠷᠢ ᠰᠢᠯᠭᠠᠯᠲᠠ ᠶᠢ ᠪᠦᠲᠦᠮᠵᠢᠲᠡᠶ ᠠᠷᠭᠠᠴᠠᠭᠠᠵᠤ᠂ ᠭᠤᠤᠯᠳᠠᠭᠤ | ᠳᠣᠤᠷᠠᠬᠢ ᠠᠵᠢᠯ ᠤᠳ ᠢ ᠬᠢᠪᠡ᠃ | ᠨᠢᠭᠡ ᠳᠤ ᠬᠤᠷᠸ᠎ᠠ ᠲᠦᠷᠦ ᠶᠢᠨ ᠪᠤᠳᠤᠯᠭ᠎ᠠ ᠶᠢᠨ ᠦᠷᠭᠦᠯᠵᠢᠯᠡᠬᠦ ᠴᠢᠨᠠᠷ ᠪᠠ ᠬᠠᠨᠳᠤᠯᠭᠠᠲᠤ ᠴᠢᠨᠠᠷ ᠢ | ᠪᠠᠲᠤᠯᠠᠵᠤ᠂ ᠠᠵᠤ ᠠᠬᠤᠢ ᠶᠢᠨ ᠠᠵᠢᠯᠯᠠᠭᠠᠨ ᠤ ᠵᠦᠶ ᠵᠣᠬᠢᠰᠲᠠᠶ ᠬᠡᠪᠴᠢᠶᠡᠨ ᠳᠤ ᠶᠠᠪᠤᠬᠳᠠᠬᠤ ᠶᠢ ᠠᠬᠢᠭᠤᠯᠪᠠ᠃ | ᠬᠤᠷᠸ᠎ᠠ ᠲᠥᠷᠥ ᠶᠢᠨ ᠪᠣᠳᠣᠯᠭ᠎ᠠ ᠶᠢ ᠦᠶᠡᠯᠡᠯ ᠠᠯᠤᠰᠯᠠᠨ ᠲᠣᠬᠢᠷᠠᠭᠤᠯᠬᠤ ᠬᠡᠷᠡᠭᠴᠡᠭᠡ ᠳᠤ ᠵᠣᠬᠢᠴᠠᠭᠤᠯᠤᠨ᠂ ᠠᠵᠤ | ᠠᠬᠤᠶ ᠶᠢᠨ ᠰᠡᠷᠭᠦᠯᠲᠡ ᠳᠤ ᠦᠵᠡᠭᠦᠯᠬᠦ ᠴᠢᠬᠤᠯᠠ ᠪᠦᠬᠦᠢ ᠳᠡᠮᠵᠢᠯᠭᠡ ᠶᠢᠨ ᠡᠷᠴᠢᠮ ᠢ ᠪᠠᠲᠤᠯᠠᠬᠤ ᠶᠢᠨ ᠬᠠᠮᠲᠤ ᠡᠨᠡ | ᠵᠢᠯ ᠬᠦᠴᠢᠷᠳᠡᠯ ᠪᠠ ᠰᠢᠯᠭᠠᠯᠲᠠ ᠶᠢ ᠠᠷᠭᠠᠴᠠᠭᠠᠬᠤ ᠳᠤ ᠲᠥᠷᠥ ᠶᠢᠨ ᠪᠣᠳᠣᠯᠭ᠎ᠠ ᠶᠢᠨ ᠣᠷᠣᠨ ᠵᠠᠶ ᠦᠯᠡᠳᠡᠭᠡᠬᠦ ᠶᠢ | ᠪᠣᠳᠣᠯᠬᠢᠯᠠᠪᠠ᠃ ᠡᠳ᠋ ᠤᠨ ᠵᠠᠰᠠᠭ ᠤᠨ ᠪᠡᠯᠡ ᠮᠥᠩᠭᠦ ᠶᠢ ᠰᠢᠭᠤᠳ ᠪᠠᠭᠤᠯᠭᠠᠬᠤ ᠪᠠᠶᠢᠩᠭᠤ ᠶᠢᠨ ᠴᠢᠨᠠᠷᠲᠠᠢ | ᠲᠣᠭᠲᠠᠴᠠ ᠶᠢ ᠪᠠᠶᠢᠭᠤᠯᠵᠤ᠂ 2.8 ᠲᠦᠮᠡᠨ ᠳ᠋ᠦᠩᠰᠢᠭᠤᠷ ᠲᠥᠭᠦᠷᠢᠭ ᠤᠨ ᠲᠥᠪ ᠤᠨ ᠡᠳ᠋ ᠤᠨ ᠵᠠᠰᠠᠭ ᠤᠨ ᠪᠡᠯᠡ | ᠮᠥᠩᠭᠦ ᠶᠢ ᠰᠢᠭᠤᠳ ᠪᠠᠭᠤᠯᠭᠠᠬᠤ ᠬᠡᠪᠴᠢᠶᠡᠨ ᠳᠤ ᠣᠷᠣᠭᠤᠯᠪᠠ᠃ ᠣᠷᠣᠨ ᠨᠤᠲᠤᠭ ᠤᠨ ᠵᠠᠰᠠᠭ ᠤᠨ ᠣᠷᠳᠣᠨ ᠤ | ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ ᠲᠠᠷᠬᠠᠭᠠᠵᠤ ᠬᠡᠷᠡᠭᠯᠡᠬᠦ ᠶᠢ ᠰᠢᠯᠢᠳᠡᠭᠵᠢᠭᠦᠯᠪᠡ᠃ ᠵᠣᠭᠤᠰᠣᠨ ᠤ | ᠯᠠᠪᠲᠠᠭᠤᠨ ᠲᠦᠷᠦ ᠶᠢᠨ ᠪᠤᠳᠤᠯᠭ᠎ᠠ ᠶᠢ ᠪᠦᠲᠦᠮᠵᠢᠲᠡᠶ ᠬᠡᠷᠡᠭᠵᠢᠭᠦᠯᠵᠦ᠂ ᠬᠠᠳᠠᠭᠠᠯᠠᠮᠵᠢ ᠶᠢᠨ ᠪᠡᠯᠡᠳᠭᠡᠯ ᠮᠦᠩᠭᠦ ᠶᠢᠨ | ᠨᠤᠷᠮ᠎ᠠ ᠶᠢ ᠬᠤᠶᠠᠷ ᠤᠳᠠᠭ᠎ᠠ ᠪᠦᠬᠦ ᠲᠠᠯ᠎ᠠ ᠪᠠᠷ ᠪᠠᠭᠤᠷᠠᠭᠤᠯᠤᠨ᠂ ᠵᠢᠭᠡᠯᠡᠯᠭᠡ ᠶᠢᠨ ᠬᠦᠦ ᠮᠥᠩᠭᠦ ᠶᠢᠨ ᠨᠤᠷᠮ᠎ᠠ ᠶᠢ | ᠪᠠᠭᠤᠷᠠᠭᠤᠯᠬᠤ ᠶᠢ ᠠᠬᠢᠭᠤᠯᠪᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠥᠭᠴᠡᠭᠡ ᠶᠢᠨ ᠲᠦᠭᠰᠢᠭᠦᠷᠢ ᠶᠢ | ᠰᠡᠷᠭᠡᠶᠢᠯᠡᠨ ᠠᠷᠢᠯᠭᠠᠬᠤ ᠶᠢ ᠡᠮᠬᠢ ᠵᠢᠷᠤᠮ ᠲᠠᠢ ᠪᠠᠷ ᠠᠬᠢᠭᠤᠯᠵᠤ᠂ ᠮᠥᠩᠭᠦᠨ ᠭᠦᠢᠯᠭᠡᠭᠡᠨ ᠤ ᠬᠦᠨᠳᠦ ᠶᠡᠭᠡ | ᠲᠦᠭᠰᠢᠭᠦᠷᠢ ᠶᠢᠨ ᠬᠡᠷᠡᠭ ᠢ ᠯᠠᠪᠳᠠᠭᠤᠨ ᠳᠤᠬᠢᠲᠠᠢ ᠰᠢᠢᠳᠪᠦᠷᠢᠯᠡᠪᠡ᠃ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠵᠤ | ᠠᠵᠢᠯ ᠣᠯᠭᠤᠯᠲᠠ ᠶᠢ ᠥᠷᠭᠡᠳᠭᠡᠬᠦ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ | ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢ ᠵᠡᠷᠭᠡ ᠭᠤᠤᠯᠳᠠᠯᠭ᠎ᠠ ᠲᠠᠢ ᠬᠠᠮᠲᠤᠯᠢᠭ ᠲᠤ ᠠᠵᠢᠯ ᠣᠯᠭᠤᠬᠤ | ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠪᠥᠬᠦᠳᠡ ᠤᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ | ᠲᠦᠮᠡᠨ ᠤᠯᠠᠨ ᠢᠶᠠᠷ ᠢᠶᠠᠨ ᠰᠢᠨ᠎ᠡ ᠶᠢ ᠡᠭᠦᠳᠬᠦ ᠶᠢ ᠠᠬᠢᠭᠤᠯᠪᠠ᠃ ᠶᠡᠭᠡ ᠬᠡᠮᠵᠢᠶᠡᠨ ᠤ ᠲᠠᠸᠠᠷ ᠤᠨ ᠬᠠᠩᠭᠠᠯᠭ᠎ᠠ ᠶᠢ | ᠪᠠᠲᠤᠯᠠᠵᠤ ᠦᠨ᠎ᠡ ᠬᠠᠩᠰᠢ ᠶᠢ ᠲᠣᠭᠲᠠᠭᠤᠨ ᠪᠠᠶᠢᠯᠭᠠᠬᠤ ᠶᠢ ᠴᠢᠩᠭᠠᠳᠬᠠᠵᠤ᠂ ᠨᠡᠭᠦᠷᠡᠰᠦ ᠴᠠᠬᠢᠯᠭᠠᠨ ᠬᠦᠴᠦᠨ ᠤ | ᠬᠠᠩᠭᠠᠯᠭ᠎ᠠ ᠪᠠᠴᠢᠮ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠪᠠ᠃ ᠪᠦᠬᠦ ᠵᠢᠯ ᠠᠴᠠ ᠦᠵᠡᠪᠡᠯ᠂ ᠭᠤᠣᠯ | ᠪᠣᠯᠬᠤ ᠬᠤᠷᠸ᠎ᠠ ᠠᠵᠤ ᠠᠬᠤᠢ ᠶᠢᠨ ᠭᠦᠢᠴᠡᠳᠭᠡᠯ ᠲᠤᠭ᠎ᠠ ᠵᠢᠱᠢᠯᠲᠡ ᠳᠤ ᠨᠡᠶᠢᠴᠡᠵᠦ᠂ ᠡᠳ᠋ ᠤᠨ ᠵᠠᠰᠠᠭ ᠤᠨ | ᠤᠯᠠᠭᠠᠨ ᠲᠤᠭ᠎ᠠ ᠶᠢᠨ ᠨᠤᠷᠮ᠎ᠠ ᠪᠠ ᠬᠤᠷᠸ᠎ᠠ ᠬᠦᠰᠢᠬᠦᠷᠭᠡ ᠶᠢᠨ ᠨᠤᠷᠮ᠎ᠠ ᠪᠠᠭᠤᠷᠠᠵᠤ᠂ ᠠᠵᠤ ᠠᠬᠤᠶ ᠶᠢᠨ | ᠨᠡᠮᠡᠭᠳᠡᠯ ᠤᠨ ᠨᠤᠷᠮ᠎ᠠ ᠦᠷᠭᠦᠯᠵᠢᠯᠡᠨ ᠳᠡᠯᠡᠬᠡᠶ ᠶᠢᠨ ᠡᠮᠦᠨ᠎ᠡ ᠡᠩᠨᠡᠭᠡᠨ ᠳᠤ ᠤᠷᠤᠪᠠ᠃ | ᠬᠤᠶᠠᠷ ᠲᠤ ᠠᠵᠤ ᠠᠬᠤᠶᠢᠯᠠᠯ ᠳᠤ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠲᠥᠷᠥ ᠶᠢᠨ | ᠪᠣᠳᠣᠯᠭ᠎ᠠ ᠶᠢ ᠰᠢᠯᠢᠳᠡᠭᠵᠢᠭᠦᠯᠦᠨ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠰᠡᠷᠭᠦᠯᠲᠡ ᠶᠢᠨ ᠰᠠᠭᠤᠷᠢ ᠶᠢ | ᠪᠠᠬᠢᠵᠢᠭᠦᠯᠪᠡ᠃ ᠳ᠋ᠦᠩᠰᠢᠭᠤᠷ ᠭᠠᠷᠤᠶ ᠵᠠᠬ᠎ᠠ ᠳᠡᠯᠭᠡᠭᠦᠷ ᠤᠨ ᠪᠡᠶᠡᠴᠢ ᠴᠣᠭᠴᠠ ᠬᠡᠳᠦᠨ ᠳ᠋ᠦᠩᠰᠢᠭᠤᠷ ᠬᠥᠮᠦᠨ ᠤ | ᠠᠵᠢᠯ ᠣᠯᠵᠤ ᠦᠢᠯᠡᠰ ᠴᠣᠭᠴᠠᠯᠠᠬᠤ ᠶᠢ ᠡᠭᠦᠷᠭᠡᠯᠡᠵᠦ᠂ ᠬᠤᠷᠸ᠎ᠠ ᠲᠥᠷᠥ ᠶᠢᠨ ᠪᠣᠳᠣᠯᠭ᠎ᠠ ᠬᠢᠵᠢᠭ | ᠡᠭᠦᠰᠦᠭᠰᠡᠨ ᠠᠴᠠ ᠨᠠᠭᠠᠰᠢᠬᠢ ᠪᠦᠲᠦᠮᠵᠢᠲᠡᠶ ᠳᠡᠮᠵᠢᠯᠭᠡ ᠶᠢᠨ ᠠᠷᠭ᠎ᠠ ᠵᠠᠮ ᠪᠠ ᠠᠷᠭ᠎ᠠ ᠪᠠᠷᠢᠯ ᠢᠶᠠᠨ | ᠦᠷᠭᠦᠯᠵᠢᠯᠡᠭᠦᠯᠪᠡ᠃ ᠨᠢᠳᠤᠨᠤᠨ ᠰᠢᠨ᠎ᠡ ᠪᠠᠷ ᠨᠡᠮᠡᠭᠳᠡᠭᠰᠡᠨ ᠭᠠᠶᠢᠯᠢ ᠬᠥᠩᠭᠡᠯᠡᠵᠦ ᠰᠦᠢᠳᠭᠡᠯ ᠪᠠᠭᠤᠷᠠᠭᠤᠯᠤᠭᠰᠠᠨ | ᠬᠡᠮᠵᠢᠶ᠎ᠡ 1 ᠲᠦᠮᠡᠨ ᠳ᠋ᠦᠩᠰᠢᠭᠤᠷ ᠲᠥᠭᠦᠷᠢᠭ ᠢ ᠳᠠᠪᠠᠭᠰᠠᠨ ᠪᠥᠭᠡᠳ ᠦᠢᠯᠡᠳᠬᠦ ᠦᠢᠯᠡᠰ ᠤᠨ ᠳᠤᠮᠳᠠ ᠵᠢᠵᠢᠭ | ᠪᠢᠴᠢᠯ ᠠᠵᠤ ᠠᠬᠤᠶᠢᠯᠠᠯ᠂ ᠨᠡᠭᠦᠷᠡᠰᠦᠨ ᠴᠠᠬᠢᠯᠭᠠᠨ ᠪᠠ ᠢᠯᠴᠢ ᠬᠠᠩᠭᠠᠬᠤ ᠠᠵᠤ ᠠᠬᠤᠶᠢᠯᠠᠯ ᠳᠤ ᠱᠠᠲᠤ ᠦᠶᠡᠴᠢ | ᠴᠢᠨᠠᠷᠲᠠᠶ ᠪᠠᠷ ᠭᠠᠶᠢᠯᠢ ᠰᠦᠢᠳᠭᠡᠯ ᠢ ᠬᠤᠶᠢᠰᠢᠯᠠᠭᠤᠯᠤᠨ ᠲᠤᠰᠢᠶᠠᠬᠤ ᠶᠢ ᠬᠡᠷᠡᠭᠵᠢᠭᠦᠯᠪᠡ᠃ ᠭᠠᠶᠢᠯᠢ ᠬᠥᠩᠭᠡᠯᠡᠵᠦ | ᠰᠦᠢᠳᠭᠡᠯ ᠪᠠᠭᠤᠷᠠᠭᠤᠯᠬᠤ ᠪᠣᠯ ᠠᠵᠤ ᠠᠬᠤᠶᠢᠯᠠᠯ ᠳᠤ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠰᠢᠭᠤᠳ | ᠪᠦᠭᠡᠳ ᠪᠦᠲᠦᠮᠵᠢᠲᠡᠶ ᠠᠷᠭ᠎ᠠ ᠪᠣᠯᠬᠤ ᠪᠥᠭᠡᠳ ᠬᠡᠷᠡᠭ ᠳᠡᠭᠡᠷ᠎ᠡ ᠪᠠᠨ ᠪᠠᠰᠠ ᠴᠤ ᠡᠳ᠋ ᠤᠨ ᠢᠷᠡᠯᠲᠡ ᠶᠢ ᠲᠡᠳᠬᠦᠨ | ᠪᠤᠶᠢᠵᠢᠭᠤᠯᠬᠤ ᠪᠠ ᠭᠠᠶᠢᠯᠢ ᠶᠢᠨ ᠢᠷᠡᠯᠲᠡ ᠶᠢ ᠬᠠᠳᠠᠭᠠᠯᠠᠨ ᠬᠠᠮᠠᠭᠠᠯᠠᠵᠤ ᠪᠠᠶᠢᠭ᠎ᠠ ᠶᠠᠪᠤᠳᠠᠯ ᠪᠣᠯᠤᠨ᠎ᠠ ᠭᠡᠳᠡᠭ ᠢ | ᠦᠢᠯᠡᠳᠦᠯᠭᠡ ᠭᠡᠷᠡᠴᠢᠯᠡᠪᠡ᠂ 2013 ᠣᠨ ᠠᠴᠠ ᠨᠠᠭᠠᠰᠢ ᠰᠢᠨ᠎ᠡ ᠪᠠᠷ ᠨᠡᠮᠡᠭᠳᠡᠭᠰᠡᠨ ᠭᠠᠶᠢᠯᠢ ᠳᠤ ᠬᠤᠯᠪᠣᠭᠳᠠᠬᠤ | ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠨᠢᠳᠤᠨᠤᠨ ᠤ ᠲᠤᠰᠢᠶᠠᠭᠰᠠᠨ ᠭᠠᠶᠢᠯᠢ 4.76 ᠲᠦᠮᠡᠨ ᠳ᠋ᠦᠩᠰᠢᠭᠤᠷ | ᠲᠥᠭᠦᠷᠢᠭ ᠲᠤ ᠬᠦᠷᠴᠡᠶ᠃ ᠲᠡᠮᠦᠷ ᠵᠠᠮ᠂ ᠵᠠᠰᠠᠮᠠᠯ ᠵᠠᠮ᠂ ᠠᠭᠠᠷ ᠤᠨ ᠠᠶᠠᠯᠠᠯ᠂ ᠳᠠᠯᠠᠢ ᠶᠢᠨ ᠲᠡᠭᠡᠭᠡᠪᠦᠷᠢ᠂ ᠭᠠᠷᠠᠮ | ᠵᠡᠷᠭᠡ ᠶᠢᠨ ᠲᠡᠭᠡᠭᠡᠪᠦᠷᠢ ᠶᠢᠨ ᠪᠠᠲᠤᠯᠠᠭ᠎ᠠ ᠶᠢ ᠴᠢᠩᠭᠠᠳᠬᠠᠪᠠ᠃ ᠬᠢᠵᠢᠭ ᠲᠤ ᠬᠦᠨᠳᠦ ᠨᠣᠴᠢᠲᠠᠶ ᠨᠦᠯᠦᠭᠡᠯᠡᠭᠳᠡᠭᠰᠡᠨ | ᠠᠵᠢᠯ ᠲᠥᠷᠥᠯ ᠤᠨ ᠠᠵᠤ ᠠᠬᠤᠶᠢᠯᠠᠯ ᠳᠤ ᠢᠲᠡᠭᠡᠮᠵᠢᠲᠦ ᠵᠢᠭᠡᠯᠡᠯᠭᠡ ᠲᠠᠯᠪᠢᠬᠤ ᠶᠢ ᠨᠡᠮᠡᠭᠳᠡᠭᠦᠯᠵᠦ᠂ ᠵᠢᠵᠢᠭ ᠪᠢᠴᠢᠯ | ᠠᠵᠤ ᠠᠬᠤᠶᠢᠯᠠᠯ ᠤᠨ ᠵᠢᠭᠡᠯᠡᠯᠭᠡ ᠳᠤ ᠡᠬᠡ ᠬᠦᠦ ᠶᠢ ᠨᠢ ᠬᠤᠶᠢᠰᠢᠯᠠᠭᠤᠯᠤᠨ ᠪᠤᠴᠠᠭᠠᠨ ᠲᠦᠯᠦᠬᠦ ᠪᠠ ᠢᠲᠡᠭᠡᠮᠵᠢᠲᠦ | ᠵᠢᠭᠡᠯᠡᠯᠭᠡ ᠪᠠᠷ ᠳᠡᠮᠵᠢᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠪᠠᠩᠭᠢ ᠶᠢᠨ ᠦᠢᠯᠡᠰ ᠤᠨ | ᠮᠦᠡᠭᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ ᠤᠨ | ᠵᠢᠭᠡᠯᠡᠯᠭᠡ 27.3% ᠪᠠᠷ ᠨᠡᠮᠡᠭᠳᠡᠵᠤ᠂ ᠲᠣᠮᠣ ᠬᠡᠯᠪᠡᠷᠢ ᠶᠢᠨ ᠬᠤᠳᠠᠯᠳᠤᠭᠠᠨ ᠤ ᠪᠠᠩᠬᠢ ᠶᠢᠨ ᠲᠦᠭᠡᠮᠡᠯ | ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠨᠡᠮᠡᠭᠳᠡᠯ ᠤᠨ ᠬᠡᠮᠵᠢᠶ᠎ᠡ 40% ᠶᠢ ᠳᠠᠪᠠᠵᠤ᠂ | ᠠᠵᠤ ᠠᠬᠤᠶᠢᠯᠠᠯ ᠤᠨ ᠶᠡᠷᠦᠩᠬᠡᠶᠢᠯᠡᠭᠰᠡᠨ ᠪᠠᠯᠠ ᠲᠣᠬᠢᠷᠠᠭᠤᠯᠭ᠎ᠠ ᠶᠢᠨ ᠥᠪᠡᠷ ᠤᠨ ᠥᠷᠲᠡᠭ ᠲᠣᠭᠲᠠᠭᠤᠨ | ᠪᠠᠶᠢᠬᠤ ᠶᠢᠨ ᠵᠡᠷᠭᠡ ᠳᠤ ᠪᠠᠭᠤᠷᠠᠪᠠ᠃ | ᠭᠤᠷᠪᠠ ᠳᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠨᠡᠭᠡᠭᠡᠯᠲᠡ ᠶᠢ ᠥᠷᠭᠡᠳᠭᠡᠵᠦ᠂ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠪᠠ᠃ ᠵᠠᠬ᠎ᠠ ᠳᠡᠯᠭᠡᠭᠦᠷ ᠤᠨ ᠰᠢᠰᠲ᠋ᠧᠮ ᠤᠨ ᠰᠠᠭᠤᠷᠢ | ᠳᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠵᠡᠷᠭᠡ | ᠥᠭᠡᠷᠡᠴᠢᠯᠡᠯᠲᠡ ᠶᠢ ᠠᠬᠢᠭᠤᠯᠪᠠ᠃ ᠠᠵᠤ ᠠᠬᠤᠶᠢᠯᠠᠯ ᠳᠤ ᠬᠤᠯᠪᠣᠭᠳᠠᠬᠤ ᠬᠢᠨᠠᠨ ᠵᠥᠪᠰᠢᠶᠡᠷᠡᠬᠦ ᠭᠠᠷᠳᠠᠮ ᠪᠠ | ᠭᠦᠢᠴᠡᠳᠭᠡᠬᠦ ᠴᠠᠭ ᠤᠨ ᠬᠢᠵᠠᠭᠠᠷ ᠢ ᠦᠷᠭᠦᠯᠵᠢᠯᠡᠨ ᠪᠠᠭᠠᠰᠬᠠᠵᠤ᠂ ᠵᠠᠰᠠᠭ ᠤᠨ ᠶᠠᠪᠤᠳᠠᠯ ᠤᠨ ᠨᠠᠩ ᠣᠯᠠᠨ | ᠦᠢᠯᠡᠴᠢᠯᠡᠭᠡᠨ ᠤ ᠵᠦᠢᠯᠡᠰ ᠢ ᠨᠢᠭᠡ ᠯᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ ᠶᠢ ᠪᠡᠶᠡᠯᠡᠭᠦᠯᠪᠡ᠃ ᠨᠢᠭᠡ ᠪᠦᠯᠦᠭ | ᠣᠷᠣᠨ ᠨᠤᠲᠤᠭ ᠤᠨ ᠥᠭᠡᠷᠡᠴᠢᠯᠡᠯᠲᠡ ᠶᠢᠨ ᠲᠤᠷᠰᠢᠯᠭ᠎ᠠ ᠶᠢ ᠳᠡᠯᠭᠡᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠤᠨ ᠰᠢᠨ᠎ᠡ ᠶᠢ ᠡᠭᠦᠳᠬᠦ ᠲᠤᠷᠰᠢᠯᠲᠠ ᠶᠢ ᠥᠷᠨᠢᠭᠦᠯᠪᠡ᠃ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ | ᠰᠢᠨᠡᠴᠢᠯᠠᠵᠦ᠂ ᠮᠤᠨᠤᠫᠤᠯᠢᠴᠢᠯᠠᠯ ᠢ ᠡᠰᠡᠷᠭᠦᠴᠡᠬᠦ ᠪᠠ ᠬᠦᠷᠦᠩᠭᠡ ᠶᠢᠨ ᠡᠮᠬᠢ ᠵᠢᠷᠤᠮ ᠤᠢᠭᠡᠢ ᠥᠷᠭᠡᠵᠢᠬᠦ ᠶᠢ | ᠰᠡᠷᠭᠡᠶᠢᠯᠡᠨ ᠬᠤᠷᠢᠭᠯᠠᠵᠤ᠂ ᠭᠤᠤᠯᠴᠢ ᠪᠠᠷ ᠥᠷᠢᠰᠥᠯᠳᠦᠬᠦ ᠶᠢ ᠬᠠᠮᠠᠭᠠᠯᠠᠪᠠ᠃ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠪᠡ᠃ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠲᠡᠮᠵᠢᠪᠡ᠃ ᠠᠵᠢᠯ ᠲᠦᠷᠦᠯ ᠤᠨ ᠨᠡᠶᠢᠭᠡᠮᠯᠢᠭ | ᠬᠤᠳᠠᠯᠳᠤᠭᠠᠴᠢᠳ ᠤᠨ ᠡᠪᠯᠡᠯ ᠢ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠰᠠᠯᠭᠠᠬᠤ ᠥᠭᠡᠷᠡᠴᠢᠯᠡᠯᠲᠡ ᠶᠢ | ᠦᠨᠳᠦᠰᠦᠨ ᠳᠡᠭᠡᠨ ᠪᠡᠶᠡᠯᠡᠭᠦᠯᠪᠡ᠃ ᠪᠡᠭᠡᠵᠢᠩ ᠤᠨ ᠦᠨᠡᠲᠦ ᠲᠡᠮᠳᠡᠭᠲᠦ ᠠᠷᠠᠯᠵᠢᠶᠠᠯᠠᠬᠤ ᠭᠠᠵᠠᠷ ᠪᠠ | ᠭᠤᠸᠠᠩᠵᠧᠦ ᠶᠢᠨ ᠬᠤᠭᠤᠴᠠᠭᠠᠲᠤ ᠪᠠᠷᠠᠭ᠎ᠠ ᠠᠷᠠᠯᠵᠢᠶᠠᠯᠠᠬᠤ ᠭᠠᠵᠠᠷ ᠢ ᠪᠠᠶᠢᠭᠤᠯᠪᠠ᠃ ᠲᠠᠷᠢᠶᠠᠯᠠᠩ ᠬᠥᠳᠡᠭᠡ | ᠲᠣᠰᠬᠤᠨ᠂ ᠨᠡᠶᠢᠭᠡᠮ ᠤᠨ ᠦᠢᠯᠡᠰ᠂ ᠠᠮᠢ ᠠᠬᠤᠶ ᠶᠢᠨ ᠪᠣᠯᠪᠠᠰᠤᠨ ᠵᠡᠷᠭᠡ ᠬᠦᠷᠢᠶᠡᠨ ᠳᠠᠬᠢ ᠥᠭᠡᠷᠡᠴᠢᠯᠡᠯᠲᠡ ᠶᠢ | ᠯᠠᠪᠳᠠᠭᠤᠨ ᠢᠶᠠᠷ ᠠᠬᠢᠭᠤᠯᠪᠠ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠠᠶᠢᠭᠤᠯᠬᠤ ᠪᠣᠳᠠᠲᠠᠢ ᠶᠢ | ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠪᠡ᠃ ᠭᠠᠳᠠᠭᠠᠳᠤ ᠠᠷᠠᠯᠵᠢᠶ᠎ᠠ ᠶᠢ ᠲᠤᠭᠳᠠᠭᠤᠨ ᠪᠠᠶᠢᠯᠭᠠᠬᠤ ᠪᠠ | ᠭᠠᠳᠠᠭᠠᠳᠤ ᠪᠡᠯᠡ ᠶᠢ ᠲᠤᠭᠳᠠᠭᠤᠨ ᠪᠠᠶᠢᠯᠭᠠᠬᠤ ᠡᠷᠴᠢᠮ ᠢ ᠴᠢᠩᠭᠠᠷᠠᠭᠤᠯᠵᠤ᠂ ᠭᠠᠳᠠᠭᠠᠳᠤ ᠣᠷᠣᠭᠤᠯᠤᠯᠲᠠ ᠶᠢᠨ | ᠦᠵᠡᠰᠭᠦᠯᠡᠩ᠂ ᠭᠤᠸᠠᠩᠵᠧᠦ ᠶᠢᠨ ᠠᠷᠠᠯᠵᠢᠶᠠᠨ ᠤ ᠴᠤᠭᠯᠠᠭᠠᠨ᠂ ᠦᠢᠯᠡᠴᠢᠯᠡᠭᠡᠨ ᠤ ᠠᠷᠠᠯᠵᠢᠶᠠᠨ ᠤ ᠴᠤᠭᠯᠠᠭᠠᠨ | ᠵᠢᠴᠢ ᠠᠩᠬᠠᠳᠤᠭᠠᠷ ᠬᠤᠭᠤᠴᠠᠭᠠᠨ ᠤ ᠤᠯᠠᠨ ᠤᠯᠤᠰ ᠤᠨ ᠭᠡᠷᠡᠭᠯᠡᠭᠡᠨ ᠤ ᠵᠦᠢᠯ ᠤᠨ ᠦᠵᠡᠰᠭᠦᠯᠡᠩ ᠵᠡᠷᠭᠡ ᠴᠢᠬᠤᠯᠠ | ᠶᠡᠭᠡ ᠦᠵᠡᠰᠭᠦᠯᠡᠩ ᠢ ᠠᠮᠵᠢᠯᠲᠠ ᠲᠠᠢ ᠡᠷᠬᠢᠯᠡᠪᠡ᠃ ᠦᠢᠯᠡᠴᠢᠯᠡᠭᠡᠨ ᠤ ᠦᠢᠯᠡᠰ ᠤᠨ ᠨᠡᠭᠡᠭᠡᠯᠳᠡ ᠶᠢ ᠥᠷᠭᠡᠳᠭᠡᠬᠦ | ᠶᠡᠷᠦᠩᠬᠡᠶᠢᠯᠡᠭᠰᠡᠨ ᠲᠤᠷᠰᠢᠯᠲᠠ ᠶᠢᠨ ᠴᠡᠭ ᠢ ᠰᠢᠨ᠎ᠡ ᠪᠠᠷ 4 ᠨᠡᠮᠡᠭᠳᠡᠭᠦᠯᠵᠦ᠂ ᠬᠠᠶᠢᠨᠠᠨ ᠤ ᠴᠢᠯᠥᠭᠡᠲᠦ ᠠᠷᠠᠯᠵᠢᠶᠠᠨ ᠤ | ᠭᠠᠷᠠᠮ ᠤᠨ ᠨᠡᠭᠡᠭᠡᠯᠳᠠ ᠶᠢᠨ ᠰᠢᠨ᠎ᠡ ᠠᠷᠭ᠎ᠠ ᠬᠡᠮᠵᠢᠶ᠎ᠡ ᠶᠢ ᠨᠡᠶᠢᠲᠡᠯᠡᠪᠡ᠃ | ᠳᠥᠷᠪᠡ ᠳᠤ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠠᠵᠤ ᠦᠢᠯᠡᠰ ᠤᠨ | ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠲᠣᠭᠲᠠᠪᠤᠷᠢᠵᠢᠭᠤᠯᠪᠠ᠃ ᠤᠯᠤᠰ ᠤᠨ ᠲᠤᠷᠰᠢᠯᠲᠠ ᠶᠢᠨ ᠲᠠᠰᠤᠭ ᠤᠨ | ᠪᠠᠶᠢᠭᠤᠯᠤᠯᠲᠠ ᠶᠢ ᠴᠢᠩᠭᠠᠳᠬᠠᠵᠤ᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠦᠰᠦᠯ ᠤᠨ | ᠬᠡᠷᠡᠭᠵᠢᠭᠦᠯᠦᠯᠲᠡ ᠶᠢ ᠠᠬᠢᠭᠤᠯᠪᠠ᠃ ᠲᠥᠪ ᠤᠨ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ | ᠵᠠᠷᠤᠳᠠᠯ ᠤᠨ ᠬᠠᠮᠢᠶᠠᠷᠤᠯᠲᠠ ᠶᠢ ᠥᠭᠡᠷᠡᠴᠢᠯᠡᠨ ᠲᠡᠭᠦᠯᠳᠡᠷᠵᠢᠭᠦᠯᠵᠦ᠂ ᠲᠠᠮ ᠵᠠᠷᠤᠳᠠᠯ ᠤᠨ ᠬᠠᠷᠢᠴᠠᠯ ᠢ | ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠡᠵᠡᠨ ᠮᠡᠳᠡᠬᠦ ᠡᠷᠬᠡ ᠶᠢ ᠥᠷᠭᠡᠳᠭᠡᠪᠡ᠃ ᠰᠤᠳᠤᠯᠤᠨ | ᠨᠡᠭᠡᠭᠡᠬᠦ ᠵᠠᠷᠤᠳᠠᠯ ᠢ ᠨᠡᠮᠡᠨ ᠪᠣᠳᠣᠵᠤ ᠰᠠᠭᠤᠯᠭᠠᠨ ᠬᠠᠰᠤᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ | ᠬᠡᠷᠡᠭᠵᠢᠭᠦᠯᠵᠦ᠂ ᠦᠢᠯᠡᠳᠬᠦ ᠦᠢᠯᠡᠰ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ ᠢ ᠨᠡᠮᠡᠨ ᠪᠣᠳᠣᠵᠤ | ᠰᠠᠭᠤᠯᠭᠠᠨ ᠬᠠᠰᠤᠬᠤ ᠬᠠᠷᠢᠴᠠᠯ ᠢ 100% ᠪᠤᠯᠲᠠᠯ᠎ᠠ ᠳᠡᠭᠡᠭᠰᠢᠯᠡᠭᠦᠯᠪᠠ᠃ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠪᠠ᠃ ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ | ᠴᠢᠩᠭᠠᠳᠬᠠᠨ ᠨᠥᠬᠦᠪᠥᠷᠢᠯᠡᠬᠦ ᠠᠵᠢᠯᠯᠠᠭ᠎ᠠ ᠶᠢ ᠥᠷᠨᠢᠭᠦᠯᠪᠡ᠃ ᠤᠯᠠᠮᠵᠢᠯᠠᠯᠲᠤ ᠠᠵᠤ ᠦᠢᠯᠡᠰ ᠤᠨ ᠳ᠋ᠢᠵᠢᠲ᠋ᠠᠯᠴᠢᠯᠠᠬᠤ | ᠤᠶᠤᠨᠴᠢᠯᠠᠬᠤ ᠥᠭᠡᠷᠡᠴᠢᠯᠡᠯᠲᠡ ᠲᠦᠷᠭᠡᠳᠴᠦ᠂ ᠰᠢᠨ᠎ᠡ ᠪᠠᠷ ᠬᠥᠭᠵᠢᠭᠰᠡᠨ ᠠᠵᠤ ᠦᠢᠯᠡᠰ ᠰᠠᠶᠢᠨ ᠰᠠᠶᠢᠬᠠᠨ | ᠬᠥᠭᠵᠢᠯᠲᠡ ᠶᠢᠨ ᠪᠠᠶᠢᠳᠠᠯ ᠢᠶᠠᠨ ᠪᠠᠲᠤᠯᠠᠪᠠ᠃ | ᠲᠠᠪᠤ ᠳᠤ ᠬᠤᠲᠠ ᠬᠥᠳᠡᠭᠡ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠵᠤ᠂ ᠠᠵᠤ | ᠠᠬᠤᠶ ᠶᠢᠨ ᠪᠠᠶᠢᠷᠢᠰᠢᠯ ᠢ ᠲᠠᠰᠤᠷᠠᠯᠲᠠ ᠦᠭᠡᠢ ᠰᠢᠯᠢᠳᠡᠭᠵᠢᠭᠦᠯᠪᠡ᠃ ᠣᠷᠣᠨ ᠪᠦᠰᠡ ᠶᠢᠨ ᠴᠢᠬᠤᠯᠠ ᠶᠡᠭᠡ | ᠪᠠᠶᠢᠯᠳᠤᠬᠤ ᠪᠤᠳᠤᠯᠭ᠎ᠠ ᠪᠠ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ | ᠨᠠᠶᠢᠳᠠᠪᠤᠷᠢᠵᠢᠭᠤᠯᠵᠤ᠂ ᠳᠡᠮᠵᠢᠯᠭᠡ ᠶᠢᠨ ᠰᠢᠨ᠎ᠡ ᠠᠷᠭ᠎ᠠ ᠬᠡᠮᠵᠢᠶ᠎ᠡ ᠶᠢ ᠲᠣᠭᠲᠠᠭᠠᠵᠤ᠂ ᠨᠢᠭᠡ ᠪᠦᠯᠦᠭ ᠴᠢᠬᠤᠯᠠ ᠶᠡᠭᠡ | ᠲᠦᠰᠦᠯ ᠢ ᠬᠡᠷᠡᠭᠵᠢᠭᠦᠯᠪᠡ᠃ ᠰᠢᠶᠠᠨ ᠤ ᠬᠤᠲᠠ ᠪᠠᠷ ᠴᠢᠬᠤᠯᠠ ᠠᠴᠢᠶᠠᠯᠠᠪᠤᠷᠢ ᠪᠣᠯᠭᠠᠭᠰᠠᠨ ᠬᠤᠲᠠ | ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠪᠠ᠃ ᠲᠠᠷᠢᠶᠠᠯᠠᠩ ᠤᠨ ᠦᠢᠯᠡᠳᠪᠦᠷᠢᠯᠡᠯ ᠢ | ᠴᠢᠩᠭᠠᠳᠬᠠᠨ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢ ᠪᠠᠲᠤᠯᠠᠵᠤ᠂ ᠠᠮᠤ ᠪᠤᠳᠠᠭ᠎ᠠ | ᠲᠠᠷᠢᠬᠤ ᠲᠠᠷᠢᠶᠠᠴᠢᠳ ᠲᠤ 200 ᠳ᠋ᠦᠩᠰᠢᠭᠤᠷ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠶ ᠨᠥᠬᠦᠪᠥᠷᠢ | ᠣᠯᠭᠤᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠤᠯᠤᠰ ᠤᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠢ 160 | ᠲᠣᠭᠲᠠᠭᠠᠪᠠ᠃ ᠬᠥᠳᠡᠭᠡ ᠲᠣᠰᠬᠤᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠴᠡᠭᠴᠡᠯᠡᠨ ᠵᠠᠰᠠᠵᠤ | ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠶᠢ ᠬᠡᠷᠡᠭᠵᠢᠭᠦᠯᠪᠡ᠃ | ᠵᠢᠷᠭᠤᠭ᠎ᠠ ᠳᠤ ᠠᠮᠢ ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢ ᠴᠢᠩᠭᠠᠳᠬᠠᠵᠤ᠂ | ᠦᠷᠭᠦᠯᠵᠢᠯᠡᠬᠦ ᠬᠥᠭᠵᠢᠯᠲᠡ ᠶᠢ ᠠᠬᠢᠭᠤᠯᠪᠠ᠃ ᠴᠡᠯᠮᠡᠭ ᠲᠡᠭᠷᠢ᠂ ᠲᠤᠩᠭᠠᠯᠠᠭ ᠤᠰᠤ᠂ ᠴᠡᠪᠡᠷ ᠬᠥᠷᠥᠰᠥ ᠶᠢ | ᠬᠠᠮᠠᠭᠠᠯᠠᠬᠤ ᠳᠠᠶᠢᠨ ᠤ ᠦᠷ᠎ᠡ ᠪᠦᠲᠦᠭᠡᠯ ᠢ ᠪᠠᠬᠢᠵᠢᠭᠦᠯᠪᠡ᠃ ᠬᠢᠮᠢ ᠶᠢᠨ ᠪᠣᠷᠲᠣᠭᠤᠷ ᠲᠠᠷᠢᠶᠠᠨ ᠡᠮ ᠤᠨ | ᠬᠡᠷᠡᠭᠯᠡᠯᠲᠡ ᠶᠢ ᠪᠠᠭᠠᠰᠬᠠᠨ ᠦᠢᠯᠡᠳᠦᠯ ᠢ ᠨᠢ ᠨᠡᠮᠡᠭᠳᠡᠭᠦᠯᠬᠦ ᠪᠠ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠬᠠᠶᠠᠭᠳᠠᠮᠠᠯ | ᠪᠣᠳᠠᠰ ᠢ ᠡᠬᠢ ᠪᠠᠶᠠᠯᠢᠬᠵᠢᠭᠤᠯᠤᠨ ᠠᠰᠢᠭᠯᠠᠬᠤ ᠶᠢ ᠠᠬᠢᠭᠤᠯᠪᠠ᠃ ᠠᠮᠢ ᠠᠬᠤᠶ ᠶᠢ ᠬᠠᠮᠠᠭᠠᠯᠠᠬᠤ ᠪᠠ ᠵᠠᠰᠠᠨ | ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠬᠥᠬᠡᠮᠥ᠋ᠷᠡᠨ ᠳᠤ ᠵᠢᠭᠠᠰᠤ ᠠᠩᠨᠠᠬᠤ ᠶᠢ | ᠠᠷᠪᠠᠨ ᠵᠢᠯ ᠴᠠᠭᠠᠵᠠᠯᠠᠬᠤ ᠶᠢ ᠪᠦᠬᠦ ᠲᠠᠯ᠎ᠠ ᠪᠠᠷ ᠬᠡᠷᠡᠭᠵᠢᠭᠦᠯᠪᠡ᠃ ᠳᠠᠬᠢᠨ ᠡᠭᠦᠰᠴᠦ ᠪᠣᠯᠬᠤ ᠡᠨᠧᠷᠭᠢ ᠶᠢᠨ | ᠰᠤᠷᠪᠤᠯᠵᠢ ᠶᠢᠨ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠬᠡᠪᠴᠢᠶ᠎ᠡ 10 ᠳ᠋ᠦᠩᠰᠢᠭᠤᠷ ᠺᠢᠯᠣᠸᠠᠲ ᠢ | ᠳᠠᠪᠠᠪᠠ᠃ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤᠨᠢ ᠬᠦᠷᠭᠡᠬᠦ ᠠᠵᠢᠯᠯᠠᠭᠠᠨ ᠤ | ᠲᠥᠰᠦᠯ ᠢ ᠨᠡᠶᠢᠲᠡᠯᠡᠪᠡ᠃ ᠪᠦᠬᠦ ᠤᠯᠤᠰ ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ | ᠵᠠᠬ᠎ᠠ ᠳᠡᠯᠭᠡᠭᠦᠷ ᠢ ᠡᠬᠢᠯᠡᠭᠦᠯᠪᠡ᠃ ᠠᠭᠤᠷ ᠠᠮᠢᠰᠬᠤᠯ ᠤᠨ ᠬᠤᠪᠢᠷᠠᠯᠲᠠ ᠶᠢ ᠢᠳᠡᠪᠬᠢᠲᠡᠶ ᠠᠷᠭᠠᠴᠠᠭᠠᠪᠠ᠃ | ᠲᠤᠯᠤᠭ᠎ᠠ ᠳᠤ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠨ ᠰᠠᠶᠢᠵᠢᠷᠠᠭᠤᠯᠵᠤ᠂ ᠨᠡᠶᠢᠭᠡᠮ ᠤᠨ ᠦᠢᠯᠡᠰ ᠢ | ᠲᠦᠷᠭᠡᠯᠡᠨ ᠬᠥᠭᠵᠢᠭᠦᠯᠪᠡ᠃ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠶ | ᠭᠤᠭᠴᠤᠭ᠎ᠠ ᠶᠢᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠰᠤᠷᠤᠭᠴᠢᠳ ᠤᠨ ᠰᠢᠮ᠎ᠡ ᠲᠡᠵᠢᠭᠡᠯ ᠢ | ᠰᠠᠶᠢᠵᠢᠷᠠᠭᠤᠯᠬᠤ ᠲᠥᠯᠥᠪᠯᠡᠭᠡ ᠶᠢᠨ ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ 3700 ᠭᠠᠷᠤᠶ ᠲᠦᠮᠡᠨ | ᠰᠤᠷᠤᠭᠴᠢ ᠳᠤ ᠠᠰᠢᠭ ᠬᠦᠷᠲᠡᠭᠡᠪᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠭᠴᠢᠳ ᠤᠨ | ᠳᠠᠰᠬᠠᠯ ᠤᠨ ᠳᠠᠷᠤᠭᠠᠰᠤ ᠪᠣᠯᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠳᠠᠷᠤᠭᠠᠰᠤ ᠶᠢ | ᠬᠥᠩᠭᠡᠷᠡᠭᠦᠯᠪᠠ᠃ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠬᠴᠢ ᠨᠡᠮᠡᠵᠤ ᠡᠯᠰᠡᠬᠦ | ᠭᠤᠷᠪᠠᠨ ᠵᠢᠯ ᠤᠨ ᠠᠵᠢᠯᠯᠠᠭ᠎ᠠ ᠶᠢᠨ ᠬᠠᠷᠠᠯᠲᠠ ᠶᠢ ᠳᠠᠪᠠᠭᠤᠯᠤᠨ ᠪᠡᠶᠡᠯᠡᠭᠦᠯᠪᠡ᠃ ᠤᠯᠤᠰ ᠤᠨ ᠰᠤᠷᠤᠯᠭ᠎ᠠ ᠶᠢᠨ | ᠲᠡᠳᠬᠦᠮᠵᠢ ᠶᠢᠨ ᠵᠢᠭᠡᠯᠡᠯᠭᠡ ᠶᠢᠨ ᠬᠥᠮᠦᠨ ᠪᠦᠷᠢ ᠳᠤ ᠤᠯᠭᠤᠬᠤ ᠵᠢᠯ ᠪᠦᠷᠢ ᠶᠢᠨ ᠬᠠᠮᠤᠭ ᠤᠨ ᠥᠨᠳᠥᠷ ᠲᠤᠭ᠎ᠠ | ᠬᠡᠮᠵᠢᠶ᠎ᠡ ᠶᠢ 4000 ᠲᠥᠭᠦᠷᠢᠭ ᠨᠡᠮᠡᠭᠳᠡᠭᠦᠯᠵᠦ᠂ ᠰᠤᠷᠭᠠᠭᠤᠯᠢ ᠳᠤ ᠪᠠᠶᠢᠭ᠎ᠠ 500 ᠭᠠᠷᠤᠶ ᠲᠦᠮᠡᠨ | ᠰᠤᠷᠤᠭᠴᠢ ᠳᠤ ᠠᠰᠢᠭ ᠬᠦᠷᠲᠡᠭᠡᠪᠠ᠃ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠤᠨ ᠨᠠᠰᠤᠵᠢᠯ ᠤᠨ | ᠦᠨᠳᠦᠰᠦᠨ ᠠᠰᠠᠷᠠᠮᠵᠢ ᠶᠢᠨ ᠮᠥᠩᠭᠦ ᠶᠢ ᠳᠡᠭᠡᠭᠰᠢᠯᠡᠭᠦᠯᠪᠡ᠃ ᠠᠰᠠᠷᠠᠨ ᠬᠠᠷᠠᠭᠠᠯᠵᠠᠬᠤ ᠪᠠᠷᠢᠮᠵᠢᠶ᠎ᠠ ᠶᠢ | ᠳᠡᠭᠡᠭᠰᠢᠯᠡᠭᠦᠯᠪᠡ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠠᠷᠠᠬᠠᠨ ᠬᠦᠷᠲᠡᠭᠡᠳᠦᠢ ᠭᠡᠷ ᠪᠦᠯᠢ ᠶᠢᠨ | ᠬᠦᠨᠳᠦ ᠡᠪᠡᠳᠴᠢᠨ ᠲᠠᠢ ᠪᠠ ᠬᠦᠨᠳᠦ ᠵᠡᠮᠳᠡᠭ ᠬᠥᠮᠦᠰ ᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠬᠡᠪᠴᠢᠶᠡᠨ ᠳᠤ ᠣᠷᠣᠭᠤᠯᠵᠤ᠂ ᠬᠦᠴᠢᠷᠳᠡᠯ ᠲᠠᠢ ᠣᠯᠠᠨ ᠲᠦᠮᠡᠨ ᠢ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ | ᠠᠵᠢᠯ ᠢ ᠰᠠᠶᠢᠲᠤᠷ ᠬᠢᠪᠡ᠃ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠰᠢᠰᠲ᠋ᠧᠮ ᠳᠤ ᠥᠭᠡᠷᠡᠴᠢᠯᠡᠯᠲᠡ | ᠬᠢᠪᠡ᠃ ᠪᠠᠶᠢᠩᠭᠤ ᠲᠣᠬᠢᠶᠠᠯᠳᠤᠳᠠᠭ ᠡᠪᠡᠳᠴᠢᠨ᠂ ᠤᠳᠠᠭᠠᠨ ᠴᠢᠨᠠᠷᠳᠠᠢ ᠡᠪᠡᠳᠴᠢᠨ ᠵᠡᠷᠭᠡ ᠨᠠᠩ ᠣᠯᠠᠨ ᠡᠭᠦᠳᠡᠨ | ᠡᠮᠨᠡᠯᠭᠡ ᠶᠢᠨ ᠵᠠᠷᠤᠳᠠᠯ ᠢ ᠡᠮᠨᠡᠯᠭᠡ ᠶᠢᠨ ᠳᠠᠭᠠᠳᠬᠠᠯ ᠤᠨ ᠳᠠᠩᠰᠠ ᠲᠠᠶᠢᠯᠬᠤ ᠬᠡᠪᠴᠢᠶᠡᠨ ᠳᠤ ᠣᠷᠣᠭᠤᠯᠵᠤ᠂ | ᠡᠮᠨᠡᠯᠭᠡ ᠳᠤ ᠰᠠᠭᠤᠭᠰᠠᠨ ᠵᠠᠷᠤᠳᠠᠯ ᠢ ᠮᠣᠵᠢ ᠠᠯᠤᠰᠯᠠᠨ ᠰᠢᠭᠤᠳ ᠲᠠᠰᠤᠯᠤᠨ ᠪᠣᠳᠣᠬᠤ ᠨᠣᠷᠮ᠎ᠠ ᠶᠢ 60% ᠳᠤ | ᠬᠦᠷᠭᠡᠪᠡ᠃ ᠡᠮ ᠤᠨ ᠵᠦᠢᠯ ᠸᠠᠺᠼᠢᠨ ᠤ ᠬᠢᠨᠠᠯᠲᠠ ᠬᠠᠮᠢᠶᠠᠷᠤᠯᠲᠠ ᠶᠢ ᠴᠢᠩᠳᠠᠯᠠᠪᠠ᠃ ᠭᠤᠷᠪᠠᠨ ᠬᠡᠦᠬᠡᠳ ᠠᠪᠴᠤ | ᠪᠤᠯᠬᠤ ᠦᠷᠡᠵᠢᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠪᠠ᠃ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡ ᠶᠢ ᠴᠢᠩᠭᠠᠳᠬᠠᠪᠠ᠃ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ ᠲᠦᠷᠭᠡᠯᠡᠨ | ᠬᠥᠭᠵᠢᠭᠦᠯᠪᠡ᠃ ᠰᠣᠶᠣᠯ ᠤᠨ ᠦᠢᠯᠡᠰ ᠪᠠ ᠰᠣᠶᠣᠯ ᠤᠨ ᠠᠵᠤ ᠦᠢᠯᠡᠰ ᠢ ᠴᠡᠴᠡᠭᠯᠡᠭᠦᠯᠦᠨ ᠬᠥᠭᠵᠢᠭᠦᠯᠵᠦ᠂ | ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠰᠢᠨ᠎ᠡ ᠶᠢ ᠡᠭᠦᠳᠦᠨ ᠬᠡᠷᠡᠭᠵᠢᠭᠦᠯᠪᠡ᠃ | ᠰᠦᠯᠵᠢᠶᠡᠨ ᠤ ᠰᠠᠶᠢᠨ ᠰᠠᠶᠢᠬᠠᠨ ᠠᠮᠢ ᠠᠬᠤᠶ ᠶᠢ ᠪᠤᠢ ᠪᠣᠯᠭᠠᠪᠠ᠃ ᠪᠦᠬᠦ ᠠᠷᠠᠳ ᠢᠶᠠᠷ ᠢᠶᠠᠨ ᠪᠡᠶ᠎ᠡ ᠪᠠᠨ | ᠴᠢᠬᠢᠷᠠᠭᠵᠢᠭᠤᠯᠬᠤ ᠠᠵᠢᠯᠯᠠᠭ᠎ᠠ ᠶᠢ ᠢᠳᠡᠪᠬᠢᠳᠠᠢ ᠦᠷᠨᠢᠭᠦᠯᠪᠡ᠃ ᠮᠠᠨ ᠤ ᠤᠯᠤᠰ ᠤᠨ ᠲᠠᠮᠢᠷᠴᠢᠳ ᠲᠣᠣᠺᠢᠣ᠋ ᠶᠢᠨ | ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠵᠡᠮᠳᠡᠭᠴᠦᠳ ᠤᠨ ᠣᠯᠢᠮᠫᠢᠺ ᠤᠨ ᠪᠡᠶ᠎ᠡ ᠶᠢᠨ ᠲᠠᠮᠢᠷ ᠤᠨ | ᠴᠤᠭᠯᠠᠭᠠᠨ ᠳᠤ ᠰᠢᠯᠢᠳᠡᠭ ᠬᠢᠷᠢ ᠪᠦᠲᠦᠮᠵᠢ ᠤᠯᠪᠠ᠃ ᠨᠠᠷᠢᠨ ᠨᠢᠮᠪᠠᠶ ᠪᠡᠯᠡᠳᠭᠡᠬᠦ ᠪᠠᠷ ᠳᠠᠮᠵᠢᠨ᠂ ᠪᠢᠳᠡ ᠠᠷᠪᠢᠲᠠᠢ | ᠭᠠᠮᠲᠠᠢ᠂ ᠠᠮᠤᠷ ᠲᠦᠪᠰᠢᠨ᠂ ᠭᠠᠶᠢᠬᠠᠯᠳᠠᠢ ᠰᠠᠶᠢᠬᠠᠨ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ | ᠪᠡᠶ᠎ᠡ ᠶᠢᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠬᠢᠯᠡᠭᠰᠡᠨ ᠪᠥᠭᠡᠳ ᠰᠠᠶ᠋ᠢᠬᠠᠨ ᠡᠬᠢᠯᠡᠭᠰᠡᠨ ᠡᠪᠦᠯ ᠤᠨ | ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠴᠤ ᠯᠠᠪᠲᠠᠢ ᠰᠠᠶᠢᠲᠤᠷ | ᠡᠷᠬᠢᠯᠡᠵᠦ ᠴᠢᠳᠠᠬᠤ ᠶᠤᠮ᠃ | ᠨᠠᠢᠮᠠ ᠳᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠪᠠ ᠵᠠᠰᠠᠯᠲᠠ ᠶᠢᠨ ᠰᠢᠨ᠎ᠡ ᠶᠢ | ᠡᠭᠦᠳᠬᠦ ᠶᠢ ᠠᠬᠢᠭᠤᠯᠵᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠪᠠᠲᠤᠯᠠᠪᠠ᠃ ᠪᠦᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ 10 ᠬᠤᠪᠢ | ᠬᠠᠤᠯᠢ ᠴᠠᠭᠠᠵᠠ ᠶᠢᠨ ᠰᠠᠨᠠᠯ ᠵᠥᠪᠯᠡᠯᠭᠡ ᠶᠢ ᠬᠢᠨᠠᠨ ᠶᠠᠷᠢᠯᠴᠠᠭᠤᠯᠬᠤ ᠪᠠᠷ ᠳᠡᠪᠰᠢᠭᠦᠯᠵᠦ᠂ 15 ᠬᠤᠪᠢ ᠵᠠᠰᠠᠭ | ᠵᠠᠬᠢᠷᠭᠠᠨ ᠤ ᠬᠠᠤᠯᠢ ᠲᠣᠭᠲᠠᠭᠠᠯ ᠢ ᠲᠣᠭᠲᠠᠭᠠᠭᠰᠠᠨ ᠪᠤᠶᠤ ᠵᠠᠰᠠᠨ ᠲᠤᠭᠲᠠᠭᠠᠪᠠ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠤᠨ ᠰᠠᠨᠠᠯ ᠳᠤᠷᠠᠳᠤᠯᠭ᠎ᠠ ᠶᠢ ᠬᠢᠨᠠᠮᠠᠭᠠᠶ ᠰᠢᠢᠳᠪᠦᠷᠢᠯᠡᠪᠡ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠬᠡᠷᠡᠭᠵᠢᠭᠦᠯᠦᠯᠲᠡ ᠶᠢᠨ ᠲᠣᠪᠴᠢ ᠶᠢ ᠨᠡᠶᠢᠲᠡᠯᠡᠪᠡ᠃ ᠬᠢᠨᠠᠨ ᠪᠤᠳᠤᠬᠤ ᠬᠢᠨᠠᠯᠲᠠ ᠶᠢᠨ | ᠦᠢᠯᠡᠳᠦᠯ ᠢ ᠪᠠᠳᠠᠷᠠᠭᠤᠯᠪᠠ᠃ ᠲᠥᠷᠥ ᠶᠢᠨ ᠶᠠᠪᠤᠳᠠᠯ ᠤᠨ ᠬᠤᠷᠢᠶᠠᠨ ᠤ ᠶᠡᠭᠡ ᠰᠢᠪᠠᠳᠠᠨ ᠪᠠᠶᠢᠴᠠᠭᠠᠯᠲᠠ ᠶᠢ | ᠦᠷᠭᠦᠯᠵᠢᠯᠡᠨ ᠥᠷᠨᠢᠭᠦᠯᠵᠦ᠂ ︽ᠢᠨᠲ᠋ᠧᠷ ᠰᠦᠯᠵᠢᠶ᠎ᠡ + ᠰᠢᠪᠠᠳᠠᠨ ᠪᠠᠶᠢᠴᠠᠭᠠᠯᠲᠠ︾ ᠶᠢ ᠭᠦᠨᠵᠡᠭᠡᠶ ᠬᠡᠷᠡᠭᠵᠢᠭᠦᠯᠪᠠ᠃ | ᠬᠤᠲᠠ ᠬᠥᠳᠡᠭᠡ ᠶᠢᠨ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠶᠢ ᠡᠭᠦᠳᠪᠡ᠃ ᠵᠠᠬᠢᠳᠠᠯ | ᠰᠤᠷᠪᠤᠯᠵᠢᠯᠠᠭ᠎ᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠵᠠᠬᠢᠳᠠᠯ ᠰᠤᠷᠪᠤᠯᠵᠢᠯᠠᠭ᠎ᠠ ᠶᠢᠨ | ᠳᠠᠷᠤᠭᠳᠠᠮᠠᠯ ᠬᠡᠷᠡᠭ ᠢ ᠠᠷᠢᠯᠭᠠᠪᠠ᠃ ᠠᠶᠤᠯ ᠦᠭᠡᠢ ᠦᠢᠯᠡᠳᠪᠦᠷᠢᠯᠡᠯ ᠪᠠ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢ ᠴᠢᠩᠭᠠᠳᠬᠠᠪᠠ᠃ ᠤᠯᠤᠰ ᠤᠨ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠪᠠ᠃ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠢ | ᠲᠡᠭᠦᠯᠳᠡᠷᠵᠢᠭᠦᠯᠵᠦ᠂ ᠬᠠᠷ᠎ᠠ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤ ᠶᠢᠨ ᠴᠢᠨᠠᠷᠳᠠᠢ ᠥᠷᠨᠢᠭᠦᠯᠦᠨ᠂ | ᠴᠠᠬᠢᠯᠭᠠᠨ ᠬᠤᠯᠪᠤᠭ᠎ᠠ ᠪᠠ ᠰᠦᠯᠵᠢᠶ᠎ᠡ ᠪᠠᠷ ᠮᠡᠬᠡᠯᠡᠬᠦ ᠵᠡᠷᠭᠡ ᠶᠠᠯᠠᠲᠤ ᠠᠵᠢᠯᠯᠠᠭ᠎ᠠ ᠳᠤ ᠲᠥᠪᠯᠡᠷᠡᠭᠦᠯᠦᠨ ᠴᠣᠬᠢᠯᠲᠠ | ᠥᠭᠴᠦ ᠲᠡᠭᠦᠨ ᠢ ᠵᠠᠰᠠᠨ ᠴᠡᠭᠴᠡᠯᠡᠪᠡ᠃ ᠨᠢᠳᠤᠨᠤᠨ ᠵᠠᠷᠢᠮ ᠭᠠᠵᠠᠷ ᠣᠷᠣᠨ ᠳᠤ ᠬᠦᠨᠳᠦ ᠨᠣᠴᠢᠲᠠᠶ ᠦᠶᠡᠷ | ᠤᠰᠤᠲᠤᠯ ᠵᠡᠷᠭᠡ ᠭᠠᠮᠰᠢᠭ ᠭᠠᠷᠴᠤ᠂ ᠡᠯ᠎ᠡ ᠲᠠᠯ᠎ᠠ ᠶᠢᠨ ᠬᠢᠨ ᠭᠠᠮᠰᠢᠭ ᠢ ᠰᠡᠷᠭᠡᠶᠢᠯᠡᠵᠦ ᠭᠠᠮᠰᠢᠭ ᠠᠴᠠ ᠠᠪᠤᠷᠠᠬᠤ | ᠪᠠ ᠭᠠᠮᠰᠢᠭ ᠤᠨ ᠲᠠᠷᠠᠭ᠎ᠠ ᠲᠠᠬᠢᠨ ᠪᠠᠶᠢᠭᠤᠯᠬᠤ ᠠᠵᠢᠯ ᠢ ᠢᠳᠡᠪᠬᠢᠲᠡᠶ ᠥᠷᠨᠢᠭᠦᠯᠵᠦ᠂ ᠠᠷᠠᠳ ᠤᠯᠠᠨ ᠤ ᠠᠮᠢ ᠨᠠᠰᠤ | ᠡᠳ᠋ ᠬᠦᠷᠦᠩᠭᠡ ᠶᠢᠨ ᠠᠮᠤᠷ ᠲᠦᠪᠰᠢᠨ ᠢ ᠴᠢᠷᠮᠠᠶᠢᠨ ᠪᠠᠲᠤᠯᠠᠪᠠ᠃ | ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠲᠤᠬᠠᠶ ᠨᠠᠮ ᠤᠨ ᠲᠥᠪ ᠬᠤᠷᠢᠶᠠᠨ ᠤ ᠪᠠᠶᠢᠯᠳᠤᠬᠤ | ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠪᠠ᠃ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠢ ᠥᠷᠨᠢᠭᠦᠯᠪᠡ᠃ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠴᠢᠩᠭᠠᠳᠬᠠᠪᠠ᠃ ᠲᠥᠪ ᠬᠤᠷᠢᠶᠠᠨ ᠤ ᠨᠠᠢᠮᠠᠨ | ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠳᠥᠷᠪᠡᠨ ᠰᠤᠷᠲᠠᠯ︾ ᠢ | ᠰᠢᠨᠲᠠᠷᠠᠰᠢ ᠦᠭᠡᠢ ᠵᠠᠯᠠᠷᠠᠭᠤᠯᠤᠨ ᠵᠠᠰᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠤᠯᠠᠮ ᠨᠢᠭᠡ ᠠᠯᠬᠤᠮ | ᠬᠥᠩᠭᠡᠷᠡᠭᠦᠯᠪᠡ᠃ | ᠳᠤᠮᠳᠠᠳᠤ ᠤᠯᠤᠰ ᠤᠨ ᠣᠨᠴᠠᠯᠢᠭ ᠪᠦᠬᠦᠢ ᠲᠤᠮᠤ ᠤᠯᠤᠰ ᠤᠨ ᠭᠠᠳᠠᠭᠠᠳᠤ ᠬᠠᠷᠢᠯᠴᠠᠭ᠎ᠠ ᠪᠦᠬᠦ ᠲᠠᠯ᠎ᠠ ᠪᠠᠷ | ᠠᠬᠢᠪᠠ᠃ ᠲᠡᠷᠢᠭᠦᠯᠡᠭᠴᠢ ᠰᠢ ᠶᠢᠨ ᠫᠢᠩ ᠵᠡᠷᠭᠡ ᠨᠠᠮ ᠪᠣᠯᠤᠨ ᠲᠦᠷᠦ ᠶᠢᠨ ᠤᠳᠤᠷᠢᠳᠬᠤ ᠬᠥᠮᠦᠰ ᠸᠢᠳᠢᠣ᠋ | ᠬᠡᠯᠪᠡᠷᠢ ᠪᠠᠷ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠶᠡᠭᠡ ᠬᠤᠷᠠᠯ᠂ ᠬᠤᠷᠢᠨ ᠤᠯᠤᠰ ᠤᠨ | ᠪᠦᠯᠦᠭᠯᠡᠯ ᠤᠨ ᠤᠳᠤᠷᠢᠳᠬᠤ ᠬᠥᠮᠦᠰ ᠤᠨ ᠲᠦᠷᠦᠭᠦᠴᠦᠳ ᠤᠨ ᠬᠤᠷᠠᠯ᠂ ᠠᠽᠢᠶ᠎ᠠ ᠲᠢᠪ ᠨᠣᠮᠣᠬᠠᠨ ᠲᠠᠯᠠᠢ ᠶᠢᠨ | ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠬᠥᠮᠦᠰ ᠤᠨ | ᠠᠯᠪᠠᠨ ᠶᠣᠰᠣᠨ ᠤ ᠪᠤᠰᠤ ᠬᠤᠷᠠᠯᠳᠤᠭᠠᠨ᠂ BRICS ᠤᠯᠤᠰ ᠤᠨ ᠤᠲᠤᠷᠢᠳᠬᠤ ᠬᠦᠮᠦᠰ ᠤᠨ ᠠᠭᠤᠯᠵᠠᠯᠳᠠ᠂ | ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠶᠠᠷᠢᠯᠴᠠᠭᠠᠨ ᠤ | ᠬᠠᠷᠢᠴᠠᠭ᠎ᠠ ᠪᠠᠶᠢᠭᠤᠯᠤᠭᠰᠠᠨ 30 ᠵᠢᠯ ᠤᠨ ᠤᠢ ᠶᠢ ᠳᠤᠷᠠᠰᠬᠠᠬᠤ ᠲᠦᠷᠦᠭᠦᠴᠦᠳ ᠤᠨ ᠬᠤᠷᠠᠯ᠂ ᠳᠤᠮᠳᠠᠳᠤ | ᠠᠹᠷᠢᠺᠠ ᠶᠢᠨ ᠬᠠᠮᠲᠤᠷᠠᠯᠴᠠᠭᠠᠨ ᠤ ᠶᠠᠷᠢᠯᠴᠠᠭᠠᠨ ᠤ ᠲᠠᠪᠴᠠᠩ ᠤᠨ ᠰᠠᠶᠢᠳ ᠤᠨ ᠳᠡᠰ ᠤᠨ ᠬᠤᠷᠠᠯᠳᠤᠭᠠᠨ ᠤ | ᠡᠬᠢᠯᠡᠯᠲᠡ ᠶᠢᠨ ᠶᠣᠰᠣᠯᠠᠯ᠂ ᠵᠡᠭᠦᠨ ᠠᠽᠢᠶ᠎ᠠ ᠶᠢᠨ ᠬᠠᠮᠲᠤᠷᠠᠯᠴᠠᠭᠠᠨ ᠤ ᠤᠳᠤᠷᠢᠳᠬᠤ ᠬᠥᠮᠦᠰ ᠤᠨ ᠰᠢᠷᠢᠰ | ᠬᠤᠷᠠᠯᠳᠤᠭᠠᠨ᠂ ᠠᠽᠢᠶ᠎ᠠ ᠧᠦ᠋ᠷᠣᠫᠠ ᠶᠢᠨ ᠲᠦᠷᠦᠭᠦᠴᠦᠳ ᠤᠨ ᠬᠤᠷᠠᠯᠳᠤᠭᠠᠨ ᠵᠡᠷᠭᠡ ᠴᠢᠬᠤᠯᠠ ᠶᠡᠭᠡ | ᠠᠵᠢᠯᠯᠠᠭ᠎ᠠ ᠳᠤ ᠣᠷᠣᠯᠴᠠᠪᠠ᠃ ᠤᠯᠠᠨ ᠤᠳᠠᠭᠠᠨ ᠤ ᠴᠢᠬᠤᠯᠠ ᠶᠡᠭᠡ ᠡᠵᠡᠨ ᠲᠠᠯᠠᠪᠤᠷ ᠤᠨ ᠭᠠᠳᠠᠭᠠᠳᠤ | ᠬᠠᠷᠢᠯᠴᠠᠭᠠᠨ ᠤ ᠠᠵᠢᠯᠯᠠᠭ᠎ᠠ ᠶᠢ ᠠᠮᠵᠢᠯᠲᠠ ᠲᠠᠢ ᠡᠷᠬᠢᠯᠡᠪᠡ᠃ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠪᠦᠬᠦ ᠪᠥᠮᠪᠥᠷᠴᠡᠭ ᠤᠨ ᠬᠠᠨᠢᠲᠠᠨ ᠤ ᠬᠠᠷᠢᠴᠠᠭ᠎ᠠ ᠶᠢ | ᠢᠳᠡᠪᠬᠢᠲᠡᠢ ᠬᠥᠭᠵᠢᠭᠦᠯᠦᠨ᠂ ᠪᠦᠬᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠪᠠ | ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠤᠯᠠᠨ ᠤᠯᠤᠰ ᠤᠨ ᠬᠢᠵᠢᠭ ᠢ ᠡᠰᠡᠷᠭᠦᠴᠡᠬᠦ | ᠬᠠᠮᠲᠤᠷᠠᠯᠴᠠᠭ᠎ᠠ ᠶᠢ ᠠᠬᠢᠭᠤᠯᠵᠤ᠂ ᠪᠦᠬᠦ ᠪᠥᠮᠪᠥᠷᠴᠡᠭ ᠤᠨ ᠴᠢᠨᠠᠷᠲᠠᠢ ᠠᠰᠠᠭᠤᠳᠠᠯ ᠪᠠ ᠰᠢᠯᠭᠠᠯᠲᠠ ᠶᠢ ᠬᠠᠮᠲᠤ ᠪᠠᠷ | ᠠᠷᠭᠠᠴᠠᠭᠠᠪᠠ᠃ ᠳᠤᠮᠳᠠᠳᠤ ᠤᠯᠤᠰ ᠳᠡᠯᠡᠬᠡᠶ ᠶᠢᠨ ᠡᠩᠭᠡ ᠲᠠᠶᠢᠪᠤᠩ ᠪᠠ ᠬᠥᠭᠵᠢᠯᠲᠡ ᠶᠢ ᠠᠬᠢᠭᠤᠯᠬᠤ ᠳᠤ | ᠢᠳᠡᠪᠬᠢᠲᠡᠶ ᠬᠤᠪᠢ ᠨᠡᠮᠡᠷᠢ ᠦᠵᠡᠭᠦᠯᠪᠡ᠃ | ᠲᠥᠯᠥᠭᠡᠯᠡᠭᠴᠢᠳ ᠡ︕ | ᠥᠩᠭᠡᠷᠡᠭᠰᠡᠨ ᠨᠢᠭᠡ ᠵᠢᠯ ᠳᠤ ᠣᠯᠤᠭᠰᠠᠨ ᠠᠮᠵᠢᠯᠲᠠ ᠪᠦᠲᠦᠮᠵᠢ ᠪᠤᠯ ᠰᠢ ᠶᠢᠨ ᠫᠢᠩ ᠨᠥᠬᠦᠷ ᠢᠶᠠᠷ | ᠭᠤᠤᠯᠯᠠᠭᠤᠯᠤᠭᠰᠠᠨ ᠨᠠᠮ ᠤᠨ ᠲᠥᠪ ᠬᠤᠷᠢᠶᠠᠨ ᠤ ᠡᠷᠡᠰ ᠴᠢᠩᠭ᠎ᠠ ᠤᠳᠤᠷᠢᠳᠤᠬᠰᠠᠨ ᠤ ᠦᠷ᠎ᠡ ᠳ᠋ᠦᠩ ᠮᠥᠨ᠂ ᠰᠢ | ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ | ᠰᠠᠨᠠᠭᠠᠨ ᠤ ᠰᠢᠨᠵᠢᠯᠡᠬᠦ ᠤᠬᠠᠭᠠᠨᠴᠢ ᠪᠠᠷ ᠵᠢᠯᠣᠭᠤᠳᠤᠬᠰᠠᠨ ᠤ ᠦᠷ᠎ᠡ ᠳ᠋ᠦᠩ ᠮᠥᠨ᠂ ᠪᠦᠬᠦ ᠨᠠᠮ ᠪᠦᠬᠦ ᠴᠡᠷᠢᠭ ᠪᠦᠬᠦ | ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ | ᠪᠢ ᠲᠥᠷᠥ ᠶᠢᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ᠂ ᠪᠦᠬᠦ ᠤᠯᠤᠰ ᠤᠨ ᠦᠨᠳᠦᠰᠦᠲᠡᠨ ᠨᠦᠭᠦᠳ ᠤᠨ | ᠠᠷᠠᠳ ᠲᠦᠮᠡᠨ᠂ ᠡᠯ᠎ᠡ ᠠᠷᠠᠳᠴᠢᠯᠠᠭᠰᠠᠨ ᠨᠠᠮ ᠪᠦᠯᠦᠭ᠂ ᠡᠯ᠎ᠡ ᠠᠷᠠᠳ ᠤᠨ ᠪᠦᠯᠬᠦᠮ ᠪᠣᠯᠤᠨ ᠡᠯ᠎ᠡ ᠡᠲᠡᠭᠡᠳ ᠤᠨ | ᠬᠥᠮᠦᠰ ᠲᠤ ᠴᠢᠩ ᠰᠡᠳᠭᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ ᠰᠢᠶᠠᠩᠭᠠᠩ ᠤᠨ ᠵᠠᠰᠠᠭ ᠵᠠᠬᠢᠷᠭᠠᠨ ᠤ | ᠣᠨᠴᠠᠭᠠᠶ ᠣᠷᠣᠨ ᠤ ᠠᠬ᠎ᠠ ᠳᠡᠭᠦᠦ ᠨᠡᠷ᠂ ᠣᠣᠮᠧᠨ ᠤ ᠵᠠᠰᠠᠭ ᠵᠠᠬᠢᠷᠭᠠᠨ ᠤ ᠣᠨᠴᠠᠭᠠᠶ ᠣᠷᠣᠨ ᠤ ᠠᠬ᠎ᠠ ᠳᠡᠭᠦᠦ ᠨᠡᠷ᠂ | ᠲᠠᠶᠢᠸᠠᠨ ᠤ ᠠᠬ᠎ᠠ ᠳᠡᠭᠦᠦ ᠨᠡᠷ ᠪᠠ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠡᠷ ᠲᠤ ᠴᠢᠩ | ᠰᠡᠳᠭᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ ᠳᠤᠮᠳᠠᠳᠤ ᠤᠯᠤᠰ ᠤᠨ ᠣᠳᠣᠬᠢᠴᠢᠯᠠᠬᠤ ᠪᠦᠲᠦᠭᠡᠨ | ᠪᠠᠶᠢᠭᠤᠯᠤᠯᠲᠠ ᠶᠢ ᠬᠠᠯᠠᠮᠵᠢᠯᠠᠨ ᠳᠠᠮᠵᠢᠵᠤ ᠪᠠᠶᠢᠭ᠎ᠠ ᠡᠯ᠎ᠡ ᠤᠯᠤᠰ ᠤᠨ ᠵᠠᠰᠠᠭ ᠤᠨ ᠣᠷᠳᠣᠨ᠂ ᠣᠯᠠᠨ ᠤᠯᠤᠰ ᠤᠨ | ᠵᠣᠬᠢᠶᠠᠨ ᠪᠠᠶᠢᠭᠤᠯᠤᠯᠲᠠ ᠪᠣᠯᠤᠨ ᠡᠯ᠎ᠡ ᠤᠯᠤᠰ ᠤᠨ ᠨᠠᠶᠢᠵᠠ ᠨᠠᠷ ᠲᠤ ᠴᠢᠩ ᠰᠡᠳᠭᠢᠯ ᠤᠨ ᠲᠠᠯᠠᠷᠬᠠᠯ ᠢᠶᠠᠨ | ᠳᠡᠪᠰᠢᠭᠦᠯᠦᠶ᠎ᠡ︕ | ᠠᠮᠵᠢᠯᠲᠠ ᠪᠠᠨ ᠨᠤᠲᠠᠯᠠᠬᠤ ᠶᠢᠨ ᠵᠡᠷᠭᠡᠴᠡᠭᠡ ᠪᠠᠷ᠂ ᠪᠢᠳᠡ ᠪᠠᠰᠠ ᠲᠤᠯᠭᠠᠷᠠᠵᠤ ᠪᠠᠶᠢᠭ᠎ᠠ ᠠᠰᠠᠭᠤᠳᠠᠯ ᠪᠠ | ᠰᠢᠯᠭᠠᠯᠲᠠ ᠶᠢ ᠰᠡᠷᠭᠡᠭ ᠢᠶᠠᠷ ᠣᠯᠵᠤ ᠬᠠᠷᠠᠪᠠ᠃ ᠪᠦᠬᠦ ᠪᠥᠮᠪᠥᠷᠴᠡᠭ ᠤᠨ ᠬᠢᠵᠢᠭ ᠤᠨ ᠪᠠᠶᠢᠳᠠᠯ ᠮᠦᠨ ᠯᠡ | ᠦᠷᠭᠦᠯᠵᠢᠯᠡᠵᠦ᠂ ᠳᠡᠯᠡᠬᠡᠶ ᠶᠢᠨ ᠠᠵᠤ ᠠᠬᠤᠢ ᠶᠢᠨ ᠰᠡᠷᠭᠦᠯᠲᠡ ᠶᠢᠨ ᠬᠥᠳᠡᠯᠭᠡᠭᠴᠢ ᠬᠦᠴᠦᠨ ᠮᠡᠬᠦᠰᠳᠡᠨ᠂ ᠶᠡᠭᠡ | ᠬᠡᠮᠵᠢᠶᠡᠨ ᠤ ᠲᠠᠸᠠᠷ ᠤᠨ ᠦᠨ᠎ᠡ ᠬᠠᠩᠰᠢ ᠥᠨᠳᠥᠷ ᠪᠠᠶᠢᠷᠢᠨ ᠳᠤ ᠬᠡᠯᠪᠡᠯᠵᠡᠵᠦ᠂ ᠭᠠᠳᠠᠭᠠᠳᠤ ᠣᠷᠴᠢᠨ ᠨᠥᠬᠦᠴᠡᠯ | ᠨᠡᠩ ᠨᠠᠷᠢᠨ ᠪᠤᠳᠤᠯᠢᠶᠠᠨᠲᠠᠶ ᠪᠥᠭᠡᠳ ᠮᠠᠭᠠᠳ ᠪᠤᠰᠤ ᠴᠢᠨᠠᠷᠲᠠᠢ ᠪᠤᠯᠵᠤ ᠪᠠᠶᠢᠨ᠎ᠠ᠃ ᠮᠠᠨ ᠤ ᠤᠯᠤᠰ ᠤᠨ ᠠᠵᠤ | ᠠᠬᠤᠢ ᠶᠢᠨ ᠬᠥᠭᠵᠢᠯᠲᠡ ᠬᠡᠷᠡᠭᠴᠡᠭᠡ ᠪᠠᠭᠠᠰᠬᠤ᠂ ᠬᠠᠩᠭᠠᠯᠭ᠎ᠠ ᠮᠠᠭᠤᠳᠠᠬᠤ᠂ ᠵᠢᠱᠢᠯᠲᠡ ᠰᠤᠯᠠᠷᠠᠬᠤ ᠭᠤᠷᠪᠠᠨ | ᠳᠠᠪᠬᠤᠷ ᠳᠠᠷᠤᠯᠲᠠ ᠳᠤ ᠲᠤᠯᠭᠠᠷᠠᠵᠤ ᠪᠠᠶᠢᠨ᠎ᠠ᠃ ᠬᠡᠰᠡᠭ ᠭᠠᠵᠠᠷ ᠤᠨ ᠬᠢᠵᠢᠭ ᠤᠨ ᠪᠠᠶᠢᠳᠠᠯ ᠪᠠᠶᠢᠨ ᠪᠠᠶᠢᠨ ᠭᠠᠷᠴᠤ | ᠪᠠᠶᠢᠨ᠎ᠠ᠃ ᠬᠡᠷᠡᠭᠯᠡᠭᠡ ᠪᠣᠯᠤᠨ ᠪᠡᠯᠡ ᠣᠷᠣᠭᠤᠯᠤᠯᠲᠠ ᠶᠢᠨ ᠰᠡᠷᠭᠦᠯᠲᠡ ᠤᠳᠠᠭᠠᠰᠢᠷᠠᠵᠤ᠂ ᠭᠠᠳᠠᠭᠠᠳᠤ ᠭᠠᠷᠭᠠᠯᠲᠠ ᠶᠢ | ᠲᠣᠭᠲᠠᠭᠤᠨ ᠪᠠᠶᠢᠯᠭᠠᠬᠤ ᠬᠦᠴᠢᠷᠳᠡᠯ ᠶᠡᠬᠡᠰᠴᠦ᠂ ᠡᠨᠧᠷᠭᠢ ᠶᠢᠨ ᠰᠤᠷᠪᠤᠯᠵᠢ ᠲᠦᠭᠦᠬᠡᠶ ᠮᠠᠲ᠋ᠧᠷᠢᠶᠠᠯ ᠤᠨ ᠬᠠᠩᠭᠠᠯᠭ᠎ᠠ | ᠮᠥᠨ ᠯᠡ ᠪᠠᠴᠢᠮ ᠪᠠᠶᠢᠵᠤ᠂ ᠭᠠᠳᠠᠭᠠᠳᠤ ᠠᠴᠠ ᠤᠷᠤᠵᠤ ᠢᠷᠡᠭᠰᠡᠨ ᠵᠤᠭᠤᠰ ᠮᠠᠭᠤᠳᠠᠯᠳᠠ ᠶᠢᠨ ᠳᠠᠷᠤᠯᠳᠠ | ᠶᠡᠬᠡᠰᠴᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ | ᠦᠢᠯᠡᠳᠪᠦᠷᠢᠯᠡᠯ ᠡᠵᠡᠩᠨᠡᠯᠲᠡ ᠬᠦᠴᠢᠷᠳᠡᠯ ᠲᠠᠢ ᠪᠤᠯᠵᠤ᠂ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠡᠭᠦᠷᠭᠡ | ᠨᠡᠩ ᠬᠠᠲᠠᠭᠤ ᠪᠡᠷᠬᠡ ᠪᠣᠯᠪᠠ᠃ ᠵᠠᠩᠭᠢᠯᠠᠭ᠎ᠠ ᠶᠢᠨ ᠬᠦᠷᠢᠶᠡᠨ ᠳᠠᠬᠢ ᠰᠢᠨ᠎ᠡ ᠶᠢ ᠡᠭᠦᠳᠬᠦ ᠲᠤᠯᠭᠠᠭᠤᠷᠢᠯᠠᠬᠤ | ᠴᠢᠳᠠᠪᠤᠷᠢ ᠴᠢᠩᠭ᠎ᠠ ᠪᠢᠰᠢ ᠪᠠᠶᠢᠨ᠎ᠠ᠃ ᠵᠠᠷᠢᠮ ᠣᠷᠣᠨ ᠨᠤᠳᠤᠭ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ | ᠵᠥᠷᠢᠴᠡᠯ ᠶᠡᠬᠡᠰᠴᠦ᠂ ᠠᠵᠤ ᠠᠬᠤᠶ ᠮᠥᠩᠭᠦᠨ ᠭᠦᠢᠯᠭᠡᠭᠡᠨ ᠤ ᠬᠦᠷᠢᠶᠡᠨ ᠳᠠᠬᠢ ᠲᠦᠭᠰᠢᠭᠦᠷᠢ ᠶᠢᠨ ᠲᠠᠯᠳᠠ ᠭᠡᠮ | ᠨᠡᠯᠢᠶᠡᠳ ᠤᠯᠠᠨ ᠪᠠᠶᠢᠨ᠎ᠠ᠃ ᠠᠷᠠᠳ ᠤᠨ ᠠᠮᠢᠳᠤᠷᠠᠯ ᠤᠨ ᠬᠦᠷᠢᠶᠡᠨ ᠳᠤ ᠪᠠᠰᠠ ᠴᠥᠭᠡᠨ ᠪᠤᠰᠤ ᠳᠤᠲᠠᠭᠤᠳᠠᠯ | ᠣᠷᠣᠰᠢᠵᠤ ᠪᠠᠶᠢᠨ᠎ᠠ᠃ ᠵᠠᠰᠠᠭ ᠤᠨ ᠣᠷᠳᠣᠨ ᠤ ᠠᠵᠢᠯ ᠳᠤ ᠬᠦᠷᠦᠯᠴᠡᠬᠦ ᠦᠭᠡᠢ ᠲᠠᠯ᠎ᠠ ᠣᠷᠣᠰᠢᠵᠤ᠂ ᠬᠡᠯᠪᠡᠷᠢ ᠶᠢᠨ | ᠦᠵᠡᠯ᠂ ᠨᠣᠶᠠᠨᠴᠢ ᠰᠤᠷᠲᠠᠯ ᠮᠥᠨ ᠯᠡ ᠲᠣᠪᠤᠶᠢᠮ᠎ᠠ ᠪᠠᠶᠢᠵᠤ᠂ ᠪᠣᠳᠠᠲᠤ ᠪᠠᠶᠢᠳᠠᠯ ᠠᠴᠠ ᠰᠠᠯᠤᠬᠰᠠᠨ᠂ ᠤᠯᠠᠨ | ᠲᠦᠮᠡᠨ ᠤ ᠬᠦᠰᠡᠯ ᠰᠠᠨᠠᠭ᠎ᠠ ᠠᠴᠠ ᠵᠥᠷᠢᠴᠡᠭᠰᠡᠨ ᠦᠵᠡᠭᠳᠡᠯ ᠣᠯᠠᠨᠲᠠ ᠭᠠᠷᠴᠤ ᠪᠠᠶᠢᠨ᠎ᠠ᠂ ᠵᠠᠷᠢᠮ ᠨᠢ ᠲᠦᠷᠦ ᠶᠢᠨ | ᠪᠤᠳᠤᠯᠭ᠎ᠠ ᠶᠢ ᠬᠡᠷᠡᠭᠵᠢᠭᠦᠯᠬᠦ ᠳᠡᠭᠡᠨ ᠪᠦᠭᠦᠳᠡ ᠶᠢ ᠨᠢᠭᠡ ᠯᠡ ᠪᠠᠷᠢᠮᠵᠢᠶ᠎ᠠ ᠪᠠᠷ ᠱᠠᠭᠠᠷᠳᠠᠬᠤ᠂ ᠬᠥᠳᠡᠯᠭᠡᠭᠡᠨ ᠬᠢᠬᠦ | ᠬᠡᠯᠪᠡᠷᠢ ᠶᠢᠨ ᠠᠷᠭ᠎ᠠ ᠶᠢ ᠠᠪᠴᠤ ᠪᠠᠶᠢᠨ᠎ᠠ᠃ ᠴᠥᠭᠡᠨ ᠲᠣᠭᠠᠨ ᠤ ᠺᠠᠳ᠋ᠷ ᠬᠠᠷᠢᠭᠤᠴᠠᠯᠭ᠎ᠠ ᠡᠭᠦᠷᠭᠡᠯᠡᠬᠦ ᠦᠭᠡᠢ᠂ | ᠠᠵᠢᠯ ᠬᠢᠬᠦ ᠦᠭᠡᠢ ᠪᠤᠶᠤ ᠳᠤᠷ᠎ᠠ ᠪᠠᠷ ᠢᠶᠠᠨ ᠦᠢᠯᠡᠳᠴᠦ ᠪᠠᠶᠢᠨ᠎ᠠ᠂ ᠵᠠᠷᠢᠮ ᠨᠢ ᠤᠯᠠᠨ ᠲᠦᠮᠡᠨ ᠤ ᠡᠷᠬᠡ ᠠᠰᠢᠭ ᠢ | ᠬᠦᠨᠳᠦ ᠨᠤᠴᠢᠲᠠᠢ ᠬᠦᠨᠦᠭᠡᠭᠰᠡᠨ ᠠᠰᠠᠭᠤᠳᠠᠯ ᠢ ᠦᠯᠦ ᠬᠠᠶᠢᠬᠤᠷᠤᠨ᠂ ᠠᠵᠢᠯ ᠤᠨ ᠲᠠᠯ᠎ᠠ ᠪᠠᠷ ᠬᠦᠨᠳᠤ ᠨᠤᠴᠢᠳᠠᠢ | ᠲᠤᠰᠢᠶᠠᠯ ᠳᠠᠭᠠᠨ ᠣᠰᠣᠯᠳᠠᠵᠤ ᠬᠠᠷᠢᠭᠤᠴᠠᠯᠭ᠎ᠠ ᠠᠯᠳᠠᠵᠤ ᠪᠠᠶᠢᠨ᠎ᠠ᠃ ᠵᠠᠷᠢᠮ ᠬᠦᠷᠢᠶᠡᠨ ᠳᠤ ᠢᠯᠵᠠᠷᠠᠯ ᠤᠨ | ᠠᠰᠠᠭᠤᠳᠠᠯ ᠮᠥᠨ ᠯᠡ ᠤᠯᠠᠨᠳᠠ ᠡᠬᠦᠰᠴᠦ ᠪᠠᠶᠢᠨ᠎ᠠ᠃ ᠪᠢᠳᠡ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ | ᠴᠢᠩᠭᠠᠳᠬᠠᠨ᠂ ᠠᠰᠠᠭᠤᠳᠠᠯ ᠪᠠ ᠰᠢᠯᠭᠠᠯᠲᠠ ᠳᠤ ᠰᠢᠭᠤᠳ ᠬᠠᠨᠳᠤᠵᠤ᠂ ᠪᠦᠬᠦ ᠬᠦᠴᠦᠨ ᠢᠶᠠᠷ ᠢᠶᠠᠨ ᠠᠵᠢᠯ ᠢᠶᠠᠨ | ᠰᠠᠶᠢᠲᠤᠷ ᠬᠢᠵᠦ᠂ ᠠᠷᠠᠳ ᠲᠦᠮᠡᠨ ᠤ ᠬᠦᠰᠡᠯ ᠡᠷᠡᠮᠡᠯᠵᠡᠯ ᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ ᠪᠠᠶᠢᠬᠤ | ᠬᠡᠷᠡᠭᠲᠡᠢ︕ | ᠬᠤᠶᠠᠷ᠂ 2022 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠱᠠᠭᠠᠷᠳᠠᠯᠭ᠎ᠠ ᠪᠠ | ᠲᠥᠷᠦ ᠶᠢᠨ ᠪᠣᠳᠣᠯᠭ᠎ᠠ ᠶᠢᠨ ᠬᠠᠨᠳᠤᠰᠢ | ᠡᠨᠡ ᠵᠢᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ | ᠲᠥᠯᠥᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠬᠤ ᠪᠣᠯᠤᠨ᠎ᠠ᠂ ᠡᠨᠡ ᠵᠢᠯ ᠪᠣᠯ ᠨᠠᠮ ᠪᠠ ᠤᠯᠤᠰ ᠤᠨ ᠠᠵᠢᠯ | ᠦᠢᠯᠡᠰ ᠤᠨ ᠬᠥᠭᠵᠢᠯᠲᠡ ᠶᠢᠨ ᠶᠠᠪᠤᠴᠠ ᠳᠠᠬᠢ ᠲᠦᠢᠯ ᠤᠨ ᠴᠢᠬᠤᠯᠠ ᠨᠢᠭᠡ ᠵᠢᠯ ᠮᠥᠨ᠃ ᠵᠠᠰᠠᠭ ᠤᠨ ᠣᠷᠳᠣᠨ ᠤ | ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ | ᠡᠷᠡᠰ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠤᠳᠠᠭ᠎ᠠ ᠪᠦᠷᠢ ᠶᠢᠨ | ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠭᠤᠤ | ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ | ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠤᠨ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠲᠦᠷᠭᠡᠯᠡᠨ ᠪᠤᠢ ᠪᠤᠯᠭᠠᠵᠤ᠂ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠦᠨ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠤᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ | ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠵᠤ᠂ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠪᠠ ᠠᠵᠤ ᠠᠬᠤᠶ | ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠦᠨ᠂ ᠬᠥᠭᠵᠢᠯᠲᠡ ᠪᠣᠯᠤᠨ ᠠᠮᠤᠷ ᠲᠦᠪᠰᠢᠨ ᠢ | ᠨᠢᠭᠡᠳᠦᠯᠲᠡᠶ ᠲᠥᠯᠥᠪᠵᠢᠭᠦᠯᠵᠦ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠪᠠ ︽ᠵᠢᠷᠭᠤᠭ᠎ᠠ ᠶᠢ ᠪᠠᠲᠤᠯᠠᠬᠤ︾ | ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠷᠠᠳ ᠤᠨ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠵᠤ᠂ ᠬᠤᠷᠸ᠎ᠠ | ᠠᠵᠤ ᠠᠬᠤᠢ ᠶᠢᠨ ᠶᠡᠭᠡ ᠲᠠᠯ᠎ᠠ ᠶᠢ ᠬᠦᠴᠦᠯᠡᠨ ᠲᠣᠭᠲᠠᠪᠤᠷᠢᠵᠢᠭᠤᠯᠵᠤ᠂ ᠠᠵᠤ ᠠᠬᠤᠶ ᠶᠢᠨ ᠠᠵᠢᠯᠯᠠᠭᠠᠨ ᠤ ᠵᠦᠶ | ᠵᠣᠬᠢᠰᠲᠠᠶ ᠬᠡᠪᠴᠢᠶᠠᠨ ᠳᠤ ᠶᠠᠪᠤᠭᠳᠠᠬᠤ ᠶᠢ ᠪᠠᠲᠤᠯᠠᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ | ᠪᠠᠲᠤᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠲᠠ ᠲᠠᠢ ᠪᠠᠷ ᠬᠤᠷᠠᠯᠳᠤᠬᠤ ᠶᠢ ᠤᠭᠲᠤᠬᠤ ᠬᠡᠷᠡᠭᠲᠡᠢ᠃ | | ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠢ ᠶᠡᠷᠦᠩᠬᠡᠶᠢᠯᠡᠨ ᠰᠤᠳᠤᠯᠤᠨ ᠮᠠᠭᠠᠳᠯᠠᠪᠠᠯ᠂ ᠡᠨᠡ | ᠵᠢᠯ ᠤᠨ ᠮᠠᠨ ᠤ ᠤᠯᠤᠰ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠲᠦᠭᠰᠢᠭᠦᠷᠢ ᠪᠠ ᠰᠢᠯᠭᠠᠯᠲᠠ ᠢᠯᠡᠳᠲᠡ | ᠨᠡᠮᠡᠭᠳᠡᠵᠦ ᠪᠠᠶᠢᠨ᠎ᠠ᠂ ᠡᠷᠬᠡᠪᠰᠢ ᠰᠠᠭᠠᠳ ᠳᠤᠳᠬᠠᠷ ᠢ ᠳᠠᠪᠠᠵᠤ ᠬᠦᠴᠢᠷ ᠪᠡᠷᠬᠡᠰᠢᠶᠠᠯ ᠢ ᠢᠯᠠᠬᠤ ᠬᠡᠷᠡᠭᠲᠡᠶ᠃ | ᠬᠡᠳᠦᠢ ᠬᠦᠴᠢᠷ ᠪᠡᠷᠬᠡᠰᠢᠶᠡᠯ ᠲᠠᠢ ᠪᠣᠯ ᠲᠡᠳᠦᠢ ᠢᠲᠡᠭᠡᠯ ᠵᠣᠷᠢᠭ ᠢᠶᠠᠨ ᠪᠠᠲᠤᠳᠬᠠᠵᠤ᠂ ᠲᠡᠳᠦᠢ ᠦᠨᠡᠨ ᠬᠦ ᠠᠳᠬᠤᠨ | ᠪᠣᠳᠠᠲᠠᠶ ᠠᠵᠢᠯᠯᠠᠬᠤ ᠬᠡᠷᠡᠭᠲᠡᠶ᠃ ᠮᠠᠨ ᠤ ᠤᠯᠤᠰ ᠤᠨ ᠠᠵᠤ ᠠᠬᠤᠢ ᠶᠢᠨ ᠤᠷᠲᠤ ᠬᠤᠭᠤᠴᠠᠭ᠎ᠠ ᠪᠠᠷ ᠰᠠᠶᠢᠵᠢᠷᠠᠬᠤ | ᠦᠨᠳᠦᠰᠦᠨ ᠪᠠᠶᠢᠳᠠᠯ ᠬᠤᠪᠢᠷᠠᠬᠤ ᠦᠭᠡᠢ᠂ ᠦᠷᠭᠦᠯᠵᠢᠯᠡᠨ ᠬᠥᠭᠵᠢᠭᠦᠯᠬᠦ ᠳᠤ ᠣᠯᠠᠨ ᠲᠠᠯ᠎ᠠ ᠶᠢᠨ ᠠᠰᠢᠭᠲᠠᠢ | ᠨᠥᠬᠦᠴᠡᠯ ᠲᠠᠢ᠂ ᠢᠯᠠᠩᠭᠤᠶ᠎ᠠ ᠲᠦᠭ ᠲᠦᠮᠡᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠢ ᠬᠥᠭᠡᠭᠡᠴᠡᠯᠳᠦᠬᠦ | ᠴᠢᠩᠭ᠎ᠠ ᠬᠦᠰᠡᠯ᠂ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠯᠤᠲᠤ ᠶᠡᠭᠡ ᠳᠠᠯᠳᠠ ᠴᠢᠳᠠᠪᠤᠷᠢ᠂ ᠴᠠᠭ ᠤᠨ | ᠪᠡᠷᠬᠡ ᠶᠢ ᠬᠠᠮᠲᠤ ᠪᠠᠷ ᠲᠤᠭᠤᠯᠬᠤ ᠡᠷᠡᠰ ᠪᠠᠲᠤ ᠵᠣᠷᠢᠭ ᠲᠠᠢ ᠪᠦᠭᠡᠳ ᠪᠢᠳᠡ ᠪᠠᠰᠠ ᠬᠦᠨᠳᠦ ᠶᠡᠭᠡ ᠲᠦᠭᠰᠢᠭᠦᠷᠢ | ᠰᠢᠯᠭᠠᠯᠲᠠ ᠶᠢ ᠠᠷᠭᠠᠴᠠᠭᠠᠬᠤ ᠪᠠᠶᠠᠯᠢᠭ ᠲᠤᠷᠰᠢᠯᠭ᠎ᠠ ᠶᠢ ᠬᠤᠷᠠᠮᠳᠤᠭᠤᠯᠤᠭᠰᠠᠨ ᠶᠤᠮ᠃ ᠳᠤᠮᠳᠠᠳᠤ ᠤᠯᠤᠰ ᠤᠨ | ᠠᠵᠤ ᠠᠬᠤᠢ ᠪᠠᠭᠤᠷᠠᠬᠤ ᠰᠢᠨ᠎ᠠ ᠳᠠᠷᠤᠯᠲᠠ ᠶᠢ ᠯᠠᠪᠲᠠᠢ ᠲᠤᠯᠵᠤ ᠴᠢᠳᠠᠬᠤ ᠪᠥᠭᠡᠳ ᠲᠣᠭᠲᠠᠭᠤᠨ ᠢᠶᠠᠷ | ᠤᠷᠤᠭᠰᠢᠯᠠᠵᠤ ᠯᠠᠪᠲᠠᠢ ᠴᠢᠳᠠᠬᠤ ᠶᠤᠮ᠃ | ᠡᠨᠡ ᠵᠢᠯ ᠤᠨ ᠬᠥᠭᠵᠢᠯᠲᠡ ᠶᠢᠨ ᠭᠤᠤᠯ ᠭᠤᠤᠯ ᠵᠢᠱᠢᠭᠰᠡᠨ ᠬᠠᠷᠠᠯᠲᠠ ᠪᠣᠯ᠄ ᠤᠯᠤᠰ ᠤᠨ ᠳᠣᠲᠣᠭᠠᠳᠤ ᠶᠢᠨ | ᠦᠢᠯᠡᠳᠪᠦᠷᠢᠯᠡᠯ ᠤᠨ ᠪᠦᠬᠦ ᠦᠷᠲᠡᠭ ᠢ 5.5% ᠣᠷᠴᠢᠮ ᠢᠶᠠᠷ ᠨᠡᠮᠡᠭᠳᠡᠭᠦᠯᠦᠨ᠎ᠡ︔ ᠬᠤᠳᠠ ᠪᠠᠯᠭᠠᠰᠤᠨ ᠳᠤ ᠠᠵᠢᠯ | ᠤᠯᠤᠭᠰᠠᠨ ᠬᠦᠮᠦᠨ ᠤ ᠲᠤᠭ᠎ᠠ ᠶᠢ 1100 ᠲᠦᠮᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠂ ᠬᠤᠳᠠ | ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠤᠷᠮ᠎ᠠ ᠶᠢ ᠪᠦᠬᠦ ᠵᠢᠯ ᠳᠤ 5.5% ᠶᠢᠨ ᠳᠣᠲᠣᠷ᠎ᠠ | ᠬᠢᠵᠠᠭᠠᠷᠯᠠᠨ᠎ᠠ︔ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠶᠢᠨ ᠥᠰᠥᠯᠲᠡ ᠶᠢᠨ ᠬᠡᠮᠵᠢᠶ᠎ᠡ ᠶᠢ 3% ᠣᠷᠴᠢᠮ | ᠪᠠᠶᠢᠯᠭᠠᠨ᠎ᠠ︔ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠶ ᠶᠢᠨ ᠨᠡᠮᠡᠭᠳᠡᠯ ᠲᠠᠢ | ᠦᠨᠳᠦᠰᠦᠨ ᠳᠡᠭᠡᠨ ᠵᠢᠭᠲᠡ ᠪᠠᠶᠢᠯᠭᠠᠨ᠎ᠠ︔ ᠭᠠᠳᠠᠭᠠᠳᠤ ᠣᠷᠣᠭᠤᠯᠤᠯᠲᠠ ᠪᠠ ᠭᠠᠳᠠᠭᠠᠳᠤ ᠭᠠᠷᠭᠠᠯᠲᠠ ᠶᠢᠨ | ᠲᠣᠭᠲᠠᠭᠤᠨ ᠪᠠᠶᠢᠳᠠᠯ ᠢ ᠪᠠᠲᠤᠯᠠᠨ ᠶᠠᠰᠤ ᠴᠢᠨᠠᠷ ᠢ ᠨᠢ ᠳᠡᠭᠡᠭᠰᠢᠯᠡᠭᠦᠯᠵᠦ᠂ ᠤᠯᠤᠰ ᠤᠨ ᠬᠤᠭᠤᠷᠣᠨᠳᠣᠬᠢ ᠣᠷᠣᠯᠭ᠎ᠠ | ᠵᠠᠷᠤᠯᠭ᠎ᠠ ᠶᠢ ᠦᠨᠳᠦᠰᠦᠨ ᠳᠡᠭᠡᠨ ᠲᠡᠩᠴᠡᠭᠦᠷᠢᠲᠡᠶ ᠪᠠᠶᠢᠯᠭᠠᠨ᠎ᠠ︔ ᠠᠮᠤ ᠪᠤᠳᠠᠭᠠᠨ ᠤ ᠤᠨᠠᠯᠲᠠ ᠶᠢ 1.3 ᠲᠦᠮᠡᠨ | ᠳ᠋ᠦᠩᠰᠢᠭᠤᠷ ᠵᠢᠩ ᠠᠴᠠ ᠳᠡᠭᠡᠭᠰᠢ ᠪᠠᠶᠢᠯᠭᠠᠨ᠎ᠠ︔ ᠠᠮᠢ ᠠᠬᠤᠢ ᠶᠢᠨ ᠣᠷᠴᠢᠨ ᠨᠦᠬᠦᠴᠡᠯ ᠤᠨ ᠶᠠᠰᠤ ᠴᠢᠨᠠᠷ ᠢ | ᠦᠷᠭᠦᠯᠵᠢᠯᠡᠨ ᠰᠠᠶᠢᠵᠢᠷᠠᠭᠤᠯᠵᠤ᠂ ᠭᠤᠣᠯ ᠭᠤᠤᠯ ᠪᠣᠬᠢᠷ ᠪᠣᠳᠠᠰ ᠤᠨ ᠭᠠᠳᠠᠭᠰᠢᠯᠠᠭᠤᠯᠤᠯᠲᠠ ᠶᠢ ᠦᠷᠭᠦᠯᠵᠢᠯᠡᠨ | ᠪᠠᠭᠤᠷᠠᠭᠤᠯᠤᠨ᠎ᠠ︔ ᠡᠨᠧᠷᠬᠢ ᠬᠤᠷᠤᠬᠳᠠᠭᠤᠯᠬᠤ ᠬᠦᠴᠦᠯᠡᠴᠡ ᠶᠢᠨ ᠬᠠᠷᠠᠯᠲᠠ ᠶᠢ ᠠᠷᠪᠠᠨ ᠳᠥᠷᠪᠡᠳᠦᠭᠡᠷ ᠲᠠᠪᠤᠨ | ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠨᠢᠭᠡᠳᠦᠯᠲᠡᠶ ᠲᠥᠯᠥᠪᠯᠡᠨ ᠬᠢᠨᠠᠨ ᠰᠢᠯᠭᠠᠬᠤ ᠪᠦᠭᠡᠳ ᠵᠣᠬᠢᠬᠤ | ᠬᠠᠷᠢᠮᠠᠬᠠᠶ ᠴᠢᠨᠠᠷ ᠲᠠᠢ ᠪᠠᠶᠢᠯᠭᠠᠨ᠎ᠠ᠂ ᠰᠢᠨ᠎ᠡ ᠪᠠᠷ ᠨᠡᠮᠡᠭᠳᠡᠬᠦ ᠳᠠᠬᠢᠨ ᠡᠭᠦᠰᠴᠦ ᠪᠣᠯᠬᠤ ᠡᠨᠧᠷᠭᠢ ᠪᠣᠯᠤᠨ ᠲᠦᠭᠦᠬᠡᠶ | ᠮᠠᠲ᠋ᠧᠷᠢᠶᠠᠯ ᠤᠨ ᠡᠨᠧᠷᠭᠢ ᠶᠢᠨ ᠬᠡᠷᠡᠭᠯᠡᠯᠲᠡ ᠶᠢ ᠡᠨᠧᠷᠭᠢ ᠶᠢᠨ ᠬᠡᠷᠡᠭᠯᠡᠭᠡᠨ ᠤ ᠶᠡᠷᠦᠩᠬᠡᠶ ᠬᠡᠮᠵᠢᠶ᠎ᠡ ᠶᠢᠨ | ᠬᠢᠵᠠᠭᠠᠷᠯᠠᠯ ᠳᠤ ᠣᠷᠣᠭᠤᠯᠬᠤ ᠦᠭᠡᠢ᠃ | ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠶᠢᠨ ᠵᠢᠱᠢᠭᠰᠡᠨ ᠬᠠᠷᠠᠯᠲᠠ ᠶᠢ ᠲᠣᠭᠲᠠᠭᠠᠬᠤ ᠳᠠᠭᠠᠨ | ᠭᠤᠤᠯᠳᠠᠭᠤ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠵᠤ ᠠᠷᠠᠳ ᠤᠨ ᠠᠮᠢᠳᠤᠷᠠᠯ ᠢ ᠪᠠᠲᠤᠯᠠᠨ ᠠᠶᠤᠯ | ᠲᠦᠭᠰᠢᠭᠦᠷᠢ ᠶᠢ ᠰᠡᠷᠭᠡᠶᠢᠯᠡᠬᠦ ᠬᠡᠷᠡᠭᠴᠡᠭᠡ ᠶᠢ ᠪᠣᠳᠣᠯᠬᠢᠯᠠᠭᠰᠠᠨ ᠤ ᠬᠠᠮᠲᠤ ᠤᠢᠢᠷ᠎ᠠ ᠶᠢᠨ ᠬᠤᠶᠠᠷ ᠵᠢᠯ ᠤᠨ ᠠᠵᠤ | ᠠᠬᠤᠶ ᠶᠢᠨ ᠳᠤᠮᠳᠠᠴᠢ ᠨᠡᠮᠡᠭᠳᠡᠯ ᠤᠨ ᠬᠤᠷᠳᠤᠴᠠ ᠵᠢᠴᠢ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠶᠢᠨ ᠬᠠᠷᠠᠯᠲᠠ ᠱᠠᠭᠠᠷᠳᠠᠯᠭ᠎ᠠ ᠲᠠᠢ ᠵᠣᠯᠭᠠᠯᠳᠤᠭᠤᠯᠬᠤ ᠶᠢ ᠪᠤᠳᠤᠯᠬᠢᠯᠠᠭᠰᠠᠨ ᠶᠤᠮ᠃ ᠡᠨᠡ ᠪᠣᠯ | ᠥᠨᠳᠥᠷ ᠰᠠᠭᠤᠷᠢ ᠲᠤᠭ᠎ᠠ ᠳᠡᠭᠡᠷᠡᠬᠢ ᠳᠤᠮᠳᠠ ᠳᠡᠭᠡᠳᠦ ᠬᠤᠷᠳᠤᠴᠠ ᠶᠢᠨ ᠨᠡᠮᠡᠭᠳᠡᠯ ᠪᠤᠯᠬᠤ ᠪᠦᠬᠡᠳ | ᠰᠠᠨᠠᠭᠠᠴᠢᠯᠠᠭ᠎ᠠ ᠠᠴᠠ ᠪᠠᠨ ᠠᠵᠢᠯ ᠶᠠᠪᠤᠳᠠᠯ ᠬᠢᠬᠦ ᠶᠢ ᠢᠯᠡᠷᠡᠭᠦᠯᠦᠭᠰᠡᠨ ᠪᠤᠯᠬᠤᠷ ᠰᠢᠷᠭᠠᠭᠤ ᠬᠠᠳᠠᠭᠤᠵᠢᠯᠲᠠᠢ ᠪᠠᠷ | ᠴᠢᠷᠮᠠᠶᠢᠪᠠᠯ ᠰᠠᠶ᠋ᠢ ᠪᠡᠶᠡᠯᠡᠭᠦᠯᠵᠦ ᠴᠢᠳᠠᠬᠤ ᠶᠤᠮ᠃ | ᠡᠨᠡ ᠵᠢᠯ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠬᠤᠷᠸ᠎ᠠ ᠲᠥᠷᠥ ᠶᠢᠨ | ᠪᠣᠳᠣᠯᠭ᠎ᠠ ᠨᠢ ᠯᠠᠪᠳᠠᠭᠤᠨ ᠪᠦᠲᠦᠮᠵᠢᠲᠡᠶ ᠪᠠᠶᠢᠵᠤ᠂ ᠪᠢᠴᠢᠯ ᠲᠥᠷᠥ ᠶᠢᠨ ᠪᠣᠳᠣᠯᠭ᠎ᠠ ᠨᠢ ᠵᠠᠬ᠎ᠠ ᠳᠡᠯᠭᠡᠭᠦᠷ ᠤᠨ | ᠪᠡᠶᠡᠴᠢ ᠴᠣᠭᠴᠠ ᠶᠢᠨ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠵᠦ᠂ ᠪᠦᠲᠦᠴᠡ ᠶᠢᠨ ᠲᠥᠷᠥ ᠶᠢᠨ | ᠪᠣᠳᠣᠯᠭ᠎ᠠ ᠨᠢ ᠤᠯᠤᠰ ᠠᠷᠠᠳ ᠤᠨ ᠠᠵᠤ ᠠᠬᠤᠢ ᠶᠢᠨ ᠣᠷᠴᠢᠯ ᠢ ᠬᠦᠴᠦᠯᠡᠨ ᠰᠢᠯᠤᠭᠤᠳᠬᠠᠵᠤ᠂ ᠰᠢᠨᠵᠢᠯᠡᠬᠦ | ᠤᠬᠠᠭᠠᠨ ᠮᠡᠷᠭᠡᠵᠢᠯ ᠤᠨ ᠲᠥᠷᠥ ᠶᠢᠨ ᠪᠣᠳᠣᠯᠭ᠎ᠠ ᠶᠢ ᠯᠠᠪᠳᠠᠭᠤᠨ ᠪᠠᠲᠤᠲᠠᠶ ᠨᠠᠶᠢᠳᠠᠪᠤᠷᠢᠵᠢᠭᠤᠯᠤᠨ᠂ ᠥᠭᠡᠷᠡᠴᠢᠯᠡᠯᠲᠡ | ᠨᠡᠭᠡᠭᠡᠯᠲᠡ ᠶᠢᠨ ᠲᠥᠷᠥ ᠶᠢᠨ ᠪᠣᠳᠣᠯᠭ᠎ᠠ ᠨᠢ ᠬᠥᠭᠵᠢᠯᠲᠡ ᠶᠢᠨ ᠬᠥᠳᠡᠯᠭᠡᠬᠦ ᠬᠦᠴᠦᠨ ᠢ ᠬᠥᠭᠵᠢᠭᠡᠵᠦ᠂ ᠣᠷᠣᠨ | ᠪᠦᠰᠡ ᠶᠢᠨ ᠲᠥᠷᠥ ᠶᠢᠨ ᠪᠣᠳᠣᠯᠭ᠎ᠠ ᠨᠢ ᠬᠥᠭᠵᠢᠯᠲᠡ ᠶᠢᠨ ᠲᠡᠩᠴᠡᠭᠦᠷᠢᠲᠦ ᠴᠢᠨᠠᠷ ᠪᠠ ᠵᠤᠬᠢᠴᠠᠯᠲᠤ ᠴᠢᠨᠠᠷ ᠢ | ᠨᠡᠮᠡᠭᠳᠡᠭᠦᠯᠦᠨ᠂ ᠨᠡᠶᠢᠭᠡᠮ ᠤᠨ ᠲᠦᠷᠦ ᠶᠢᠨ ᠪᠤᠳᠤᠯᠭ᠎ᠠ ᠨᠢ ᠠᠷᠠᠳ ᠤᠨ ᠠᠮᠢᠳᠤᠷᠠᠯ ᠢ ᠪᠠᠳᠤᠯᠠᠬᠤ ᠬᠢᠵᠠᠭᠠᠷ | ᠱᠤᠭᠤᠮ ᠢ ᠪᠠᠲᠤ ᠰᠠᠬᠢᠬᠤ ᠬᠡᠷᠡᠭᠲᠡᠢ᠃ ᠡᠯ᠎ᠡ ᠲᠠᠯ᠎ᠠ ᠶᠢᠨ ᠬᠢᠨ ᠡᠳᠡᠭᠡᠷ ᠴᠢᠬᠤᠯᠠ ᠶᠡᠭᠡ ᠲᠥᠷᠥ ᠶᠢᠨ ᠪᠣᠳᠣᠯᠭ᠎ᠠ ᠪᠠ | ᠱᠠᠭᠠᠷᠳᠠᠯᠭ᠎ᠠ ᠶᠢ ᠲᠤᠭᠤᠰᠢᠯᠠᠭᠤᠯᠬᠤ ᠲᠠᠢ ᠤᠶᠠᠯᠳᠤᠭᠤᠯᠤᠨ᠂ ᠪᠣᠳᠠᠲᠠᠢ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ | ᠪᠣᠳᠠᠲᠠᠶᠢᠵᠢᠭᠤᠯᠵᠤ᠂ ᠬᠥᠭᠵᠢᠯᠲᠡ ᠶᠢ ᠠᠬᠢᠭᠤᠯᠬᠤ ᠨᠡᠶᠢᠯᠡᠯ ᠬᠦᠴᠦᠨ ᠢ ᠪᠤᠢ ᠪᠤᠯᠭᠠᠬᠤ ᠬᠡᠷᠡᠭᠲᠡᠢ᠃ | ᠬᠤᠷᠸ᠎ᠠ ᠲᠦᠷᠦ ᠶᠢᠨ ᠪᠤᠳᠤᠯᠭ᠎ᠠ ᠶᠢᠨ ᠦᠷᠭᠦᠯᠵᠢᠯᠡᠬᠦ ᠴᠢᠨᠠᠷ ᠢ ᠪᠠᠲᠤᠯᠠᠵᠤ᠂ ᠪᠦᠳᠦᠮᠵᠢᠳᠦ ᠴᠢᠨᠠᠷ ᠢ | ᠨᠡᠮᠡᠭᠳᠡᠭᠦᠯᠬᠦ ᠬᠡᠷᠡᠭᠲᠡᠶ᠃ ᠡᠳ᠋ ᠤᠨ ᠵᠠᠰᠠᠭ ᠤᠨ ᠢᠳᠡᠪᠬᠢᠲᠡᠶ ᠲᠦᠷᠦ ᠶᠢᠨ ᠪᠤᠳᠤᠯᠭ᠎ᠠ ᠶᠢᠨ ᠦᠢᠯᠡᠳᠦᠯ ᠴᠢᠳᠠᠪᠤᠷᠢ ᠶᠢ | ᠳᠡᠭᠡᠭᠰᠢᠯᠡᠭᠦᠯᠵᠦ᠂ ᠨᠠᠷᠢᠯᠢᠭ ᠣᠨᠣᠴᠠᠲᠠᠶ ᠪᠦᠭᠡᠳ ᠦᠷᠭᠦᠯᠵᠢᠯᠡᠬᠦ᠋ᠢᠴᠡ ᠪᠠᠶᠢᠬᠤ ᠶᠢ ᠨᠡᠩ ᠴᠢᠬᠤᠯᠠᠴᠢᠯᠠᠬᠤ ᠬᠡᠷᠡᠭᠲᠡᠶ᠃ | ᠵᠣᠭᠤᠰᠣᠨ ᠤ ᠯᠠᠪᠲᠠᠭᠤᠨ ᠲᠦᠷᠦ ᠶᠢᠨ ᠪᠤᠳᠤᠯᠭ᠎ᠠ ᠶᠢ ᠠᠮᠢᠳᠤᠯᠢᠭ ᠪᠥᠭᠡᠳ ᠳᠤᠬᠢᠷᠠᠮᠵᠢᠲᠠᠶ ᠪᠠᠶᠢᠯᠭᠠᠵᠤ᠂ | ᠭᠦᠢᠯᠭᠡᠭᠡᠨ ᠤ ᠴᠢᠨᠠᠷ ᠢ ᠨᠢ ᠵᠦᠢ ᠵᠣᠬᠢᠰᠲᠠᠶ ᠪᠦᠭᠡᠳ ᠭᠦᠢᠴᠡᠳ ᠲᠡᠭᠦᠯᠳᠡᠷ ᠪᠠᠶᠢᠯᠭᠠᠬᠤ ᠬᠡᠷᠡᠭᠲᠡᠶ᠃ ᠠᠵᠢᠯ | ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠤᠳᠤᠯᠭ᠎ᠠ ᠶᠢᠨ ᠴᠢᠨᠠᠷ ᠢ ᠳᠡᠭᠡᠭᠰᠢᠯᠡᠭᠦᠯᠵᠦ ᠡᠷᠴᠢᠮ ᠢ ᠨᠢ | ᠴᠢᠩᠭᠠᠷᠠᠭᠤᠯᠬᠤ ᠬᠡᠷᠡᠭᠲᠡᠢ᠃ ᠲᠦᠷᠦ ᠶᠢᠨ ᠪᠤᠳᠤᠯᠭ᠎ᠠ ᠶᠢ ᠵᠣᠬᠢᠰᠲᠠᠶ ᠪᠠᠷ ᠤᠷᠢᠳᠴᠢᠯᠠᠨ ᠬᠦᠴᠦᠯᠡᠭᠦᠯᠵᠦ᠂ | ᠨᠥᠭᠡᠴᠡ ᠲᠦᠷᠦ ᠶᠢᠨ ᠪᠤᠳᠤᠯᠭ᠎ᠠ ᠶᠢᠨ ᠪᠠᠭᠠᠵᠢ ᠶᠢ ᠴᠠᠭ ᠲᠤᠬᠠᠶ ᠳᠤᠨᠢ ᠬᠡᠷᠡᠭᠯᠡᠨ᠂ ᠠᠵᠤ ᠠᠬᠤᠶ ᠶᠢᠨ | ᠠᠵᠢᠯᠯᠠᠭᠠᠨ ᠤ ᠲᠤᠭᠳᠠᠭᠤᠨ ᠢᠶᠠᠷ ᠶᠠᠪᠤᠭᠳᠠᠬᠤ ᠶᠢ ᠦᠨᠡᠨ ᠬᠦ ᠪᠠᠲᠤᠯᠠᠨ᠎ᠠ᠃ | ᠬᠢᠵᠢᠭ ᠢ ᠪᠠᠶᠢᠩᠭᠤ ᠶᠢᠨ ᠴᠢᠨᠠᠷᠲᠠᠢ ᠪᠠᠷ ᠰᠡᠷᠭᠡᠶᠢᠯᠡᠨ ᠬᠢᠵᠠᠭᠠᠷᠯᠠᠬᠤ ᠠᠵᠢᠯ ᠢ ᠦᠷᠭᠦᠯᠵᠢᠯᠡᠨ ᠰᠠᠶᠢᠲᠤᠷ | ᠬᠢᠨ᠎ᠡ᠃ ᠭᠠᠳᠠᠭᠠᠳᠤ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠪᠠ ᠳᠤᠳᠤᠭᠠᠳᠤ ᠳᠠᠭᠠᠨ ᠳᠠᠬᠢᠨ | ᠬᠠᠯᠳᠠᠪᠤᠷᠢᠯᠠᠬᠤ ᠶᠢ ᠰᠡᠷᠭᠡᠶᠢᠯᠡᠬᠦ ᠶᠢ ᠪᠠᠷᠢᠮᠲᠠᠯᠠᠵᠤ᠂ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠲᠠᠰᠤᠷᠠᠯᠲᠠ | ᠦᠭᠡᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠪᠣᠭᠤᠮᠲᠠ ᠶᠢᠨ ᠬᠤᠲᠠᠳ ᠤᠨ ᠬᠢᠵᠢᠭ ᠢ ᠰᠡᠷᠭᠡᠶᠢᠯᠡᠨ ᠬᠢᠵᠠᠭᠠᠷᠯᠠᠬᠤ | ᠠᠵᠢᠯ ᠢ ᠴᠢᠩᠭᠠᠳᠬᠠᠨ᠂ ᠸᠢᠷᠦ᠋ᠰ ᠤᠨ ᠣᠨᠳᠣᠤᠰᠢᠯ ᠢ ᠰᠤᠳᠤᠯᠬᠤ ᠪᠠ ᠰᠡᠷᠭᠡᠶᠢᠯᠡᠬᠦ ᠡᠷᠴᠢᠮ ᠢᠶᠠᠨ ᠴᠢᠩᠭᠠᠷᠠᠭᠤᠯᠵᠤ᠂ | ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠪᠠ ᠣᠨᠴᠠ ᠦᠢᠯᠡᠳᠦᠯ ᠲᠠᠢ ᠡᠮ ᠢ ᠰᠤᠳᠤᠯᠤᠨ ᠨᠡᠭᠡᠭᠡᠬᠦ ᠪᠠᠨ | ᠲᠦᠷᠭᠡᠳᠭᠡᠵᠦ᠂ ᠸᠠᠺᠼᠢᠨ ᠤ ᠲᠠᠷᠢᠯᠭ᠎ᠠ ᠲᠠᠷᠢᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠢᠳᠠᠳ ᠡᠮ | ᠡᠮᠨᠡᠯᠭᠡ ᠶᠢᠨ ᠦᠪᠡᠷᠮᠢᠴᠡ ᠦᠢᠯᠡᠳᠦᠯ ᠢ ᠨᠡᠩ ᠰᠠᠶᠢᠳᠤᠷ ᠪᠠᠳᠠᠷᠠᠭᠤᠯᠤᠨ᠂ ᠬᠡᠰᠡᠭ ᠭᠠᠵᠠᠷ ᠤᠨ ᠬᠢᠵᠢᠭ ᠤᠨ | ᠪᠠᠶᠢᠳᠠᠯ ᠢ ᠰᠢᠨᠵᠢᠯᠡᠬᠦ ᠤᠬᠠᠭᠠᠨᠴᠢ ᠪᠦᠭᠡᠳ ᠨᠠᠷᠢᠯᠢᠭ ᠣᠨᠣᠴᠠᠲᠠᠶ ᠪᠠᠷ ᠰᠢᠢᠳᠪᠦᠷᠢᠯᠡᠨ᠂ ᠦᠢᠯᠡᠳᠪᠦᠷᠢᠯᠡᠯ | ᠠᠮᠢᠳᠤᠷᠠᠯ ᠤᠨ ᠬᠡᠪ ᠤᠨ ᠡᠮᠬᠢ ᠳᠢᠭᠯᠢᠮ ᠢ ᠪᠠᠲᠤᠯᠠᠨ᠎ᠠ᠃ | ᠡᠨᠡ ᠵᠢᠯ ᠤᠨ ᠠᠵᠢᠯ ᠳᠤ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠵᠤ᠂ ᠲᠣᠭᠲᠠᠭᠤᠨ | ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠶᠢ ᠪᠠᠷᠢᠮᠲᠠᠯᠠᠬᠤ ᠬᠡᠷᠡᠭᠲᠡᠢ᠃ ᠠᠵᠤ ᠠᠬᠤᠶ ᠪᠠᠭᠤᠷᠠᠬᠤ ᠰᠢᠨ᠎ᠡ | ᠳᠠᠷᠤᠯᠲᠠ ᠶᠢᠨ ᠡᠮᠦᠨ᠎ᠡ᠂ ᠨᠡᠮᠡᠭᠳᠡᠯ ᠢ ᠲᠤᠭᠲᠠᠭᠤᠨ ᠪᠠᠶᠢᠯᠭᠠᠬᠤ ᠶᠢ ᠨᠡᠩ ᠲᠤᠪᠤᠶᠢᠮ᠎ᠠ ᠪᠠᠶᠢᠷᠢᠨ ᠳᠤ ᠲᠠᠯᠪᠢᠬᠤ | ᠬᠡᠷᠡᠭᠲᠡᠶ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠠᠵᠤ ᠠᠬᠤᠶ ᠶᠢ ᠲᠣᠭᠲᠠᠭᠤᠨ ᠪᠠᠶᠢᠯᠭᠠᠬᠤ | ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠠᠵᠤ ᠠᠬᠤᠶ ᠶᠢ ᠲᠣᠭᠲᠠᠭᠤᠨ ᠪᠠᠶᠢᠯᠭᠠᠬᠤ ᠳᠤ ᠠᠰᠢᠭᠲᠠᠶ | ᠲᠥᠷᠥ ᠶᠢᠨ ᠪᠣᠳᠣᠯᠭ᠎ᠠ ᠶᠢ ᠢᠳᠡᠪᠬᠢᠲᠡᠶ ᠪᠠᠷ ᠲᠤᠭᠲᠠᠭᠠᠬᠤ ᠬᠡᠷᠡᠭᠲᠡᠢ᠃ ᠨᠡᠮᠡᠭᠳᠡᠯ ᠢ ᠲᠣᠭᠲᠠᠭᠤᠨ ᠪᠠᠶᠢᠯᠭᠠᠬᠤ᠂ | ᠪᠦᠲᠦᠴᠡ ᠶᠢ ᠲᠣᠬᠢᠷᠠᠭᠤᠯᠬᠤ᠂ ᠥᠭᠡᠷᠡᠴᠢᠯᠡᠯᠲᠡ ᠶᠢ ᠠᠬᠢᠭᠤᠯᠬᠤ ᠶᠢ ᠨᠢᠭᠡᠳᠦᠯᠲᠡᠶ ᠲᠥᠯᠥᠪᠯᠡᠵᠦ᠂ | ᠬᠥᠭᠵᠢᠯᠲᠡ ᠶᠢᠨ ᠠᠷᠭ᠎ᠠ ᠮᠠᠶ᠋ᠢᠭ ᠢ ᠲᠦᠷᠭᠡᠯᠡᠨ ᠬᠤᠪᠢᠷᠠᠭᠤᠯᠬᠤ ᠬᠡᠷᠡᠭᠲᠡᠢ᠂ ᠪᠦᠳᠦᠭᠦᠯᠢᠭ ᠬᠡᠯᠪᠡᠷᠢ ᠪᠠᠷ | ᠬᠥᠭᠵᠢᠭᠦᠯᠵᠦ ᠪᠣᠯᠬᠤ ᠦᠭᠡᠢ᠃ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠨᠡᠶᠢᠭᠡᠮ ᠵᠢᠷᠤᠮ ᠤᠨ ᠠᠩᠬᠠᠨ ᠤ | ᠱᠠᠲᠤᠨ ᠳᠠᠬᠢ ᠤᠯᠤᠰ ᠤᠨ ᠦᠨᠳᠦᠰᠦᠨ ᠪᠠᠶᠢᠳᠠᠯ ᠳᠤ ᠰᠠᠭᠤᠷᠢᠯᠠᠨ᠂ ᠥᠪᠡᠷ ᠤᠨ ᠶᠠᠪᠤᠳᠠᠯ ᠢᠶᠠᠨ ᠬᠦᠴᠦᠯᠡᠨ | ᠰᠠᠶᠢᠲᠤᠷ ᠬᠢᠵᠦ᠂ ᠬᠥᠭᠵᠢᠯᠲᠡ ᠶᠢᠨ ᠵᠢᠮ᠎ᠡ ᠶᠣᠰᠣ᠂ ᠪᠤᠰᠤᠳᠴᠢ ᠪᠣᠳᠠᠲᠤ ᠪᠠᠶᠢᠳᠠᠯ ᠪᠣᠯᠤᠨ ᠣᠯᠠᠨ ᠲᠦᠮᠡᠨ ᠤ | ᠬᠡᠷᠡᠭᠴᠡᠭᠡ ᠶᠢ ᠬᠦᠨᠳᠦᠳᠭᠡᠵᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠠᠵᠢᠯ ᠢᠶᠠᠨ | ᠪᠦᠲᠦᠭᠡᠯᠴᠢ ᠴᠢᠨᠠᠷᠲᠠᠶ ᠪᠠᠷ ᠥᠷᠨᠢᠭᠦᠯᠦᠨ᠂ ᠡᠯ᠎ᠡ ᠲᠠᠯ᠎ᠠ ᠶᠢᠨ ᠬᠢᠨ ᠤ ᠠᠵᠢᠯ ᠬᠢᠵᠦ ᠦᠢᠯᠡᠰ ᠴᠣᠭᠴᠠᠯᠠᠬᠤ | ᠢᠳᠡᠪᠬᠢᠵᠢᠯ ᠢ ᠭᠦᠢᠴᠡᠳ ᠳᠠᠶᠢᠴᠢᠯᠠᠨ᠎ᠠ᠃ ᠪᠦᠲᠦᠮᠵᠢᠲᠡᠶ ᠵᠠᠬ᠎ᠠ ᠳᠡᠯᠭᠡᠭᠦᠷ ᠪᠣᠯᠤᠨ ᠴᠢᠷᠮᠠᠶᠢᠯᠳᠠ ᠲᠠᠢ ᠵᠠᠰᠠᠭ ᠤᠨ | ᠣᠷᠳᠣᠨ ᠢ ᠨᠠᠩ ᠰᠠᠶᠢᠨ ᠤᠶᠠᠯᠳᠤᠭᠤᠯᠬᠤ ᠶᠢ ᠠᠬᠢᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ | ᠠᠷᠭ᠎ᠠ ᠶᠢ ᠴᠢᠳᠠᠮᠠᠭᠠᠶ ᠬᠡᠷᠡᠭᠯᠡᠨ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠠ ᠨᠡᠶᠢᠭᠡᠮ ᠤᠨ ᠪᠦᠲᠦᠭᠡᠯᠴᠢ | ᠬᠦᠴᠦᠨ ᠢ ᠬᠥᠭᠵᠢᠭᠡᠨ᠎ᠡ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ | ᠪᠠᠷᠢᠮᠲᠠᠯᠠᠵᠤ᠂ ᠬᠠᠮᠲᠤ ᠪᠠᠷ ᠲᠡᠮᠡᠴᠡᠬᠦ ᠳᠤ ᠲᠦᠰᠢᠭᠯᠡᠨ᠂ ᠬᠠᠮᠲᠤ ᠪᠠᠷ ᠪᠠᠶᠠᠵᠢᠬᠤ ᠶᠢ ᠯᠠᠪᠳᠠᠭᠤᠨ ᠪᠠᠲᠤᠲᠠᠶ | ᠠᠬᠢᠭᠤᠯᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠠᠰᠤᠷᠠᠯᠲᠠ ᠥᠬᠡᠶ | ᠪᠡᠶᠡᠯᠡᠭᠦᠯᠬᠦ ᠬᠡᠷᠡᠭᠲᠡᠢ᠃ | ᠭᠤᠷᠪᠠ᠂ 2022 ᠣᠨ ᠤ ᠵᠠᠰᠠᠭ ᠤᠨ ᠣᠷᠳᠣᠨ ᠤ ᠠᠵᠢᠯ ᠤᠨ ᠡᠭᠦᠷᠭᠡ | ᠡᠨᠡ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠭᠦᠷᠭᠡ ᠬᠦᠨᠳᠦ᠂ ᠰᠢᠯᠭᠠᠯᠳ᠋ᠨ ᠤᠯᠠᠨ ᠪᠠᠶᠢᠨ᠎ᠠ᠃ | ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠶᠢᠨ | ᠱᠠᠭᠠᠷᠳᠠᠯᠭ᠎ᠠ ᠶᠣᠰᠣᠭᠠᠷ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ | ᠲᠠᠯ᠎ᠠ ᠪᠠᠷ ᠲᠤᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠯᠡᠨ ᠪᠤᠢ ᠪᠤᠯᠭᠠᠵᠤ᠂ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠤᠨ᠂ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠬᠦ | ᠬᠡᠷᠡᠭᠲᠡᠢ᠃ | ︵ᠨᠢᠭᠡ︶ ᠬᠤᠷᠸ᠎ᠠ ᠠᠵᠤ ᠠᠬᠤᠶ ᠶᠢᠨ ᠶᠡᠭᠡ ᠲᠠᠯ᠎ᠠ ᠶᠢ ᠬᠦᠴᠦᠯᠡᠨ ᠲᠣᠭᠲᠠᠪᠤᠷᠢᠵᠢᠭᠤᠯᠵᠤ᠂ ᠠᠵᠤ | ᠠᠬᠤᠶ ᠶᠢᠨ ᠠᠵᠢᠯᠯᠠᠭᠠᠨ ᠤ ᠵᠦᠶ ᠵᠣᠬᠢᠰᠲᠠᠶ ᠬᠡᠪᠴᠢᠶᠠᠨ ᠳᠤ ᠶᠠᠪᠤᠭᠳᠠᠬᠤ ᠶᠢ ᠪᠠᠲᠤᠯᠠᠨ᠎ᠠ᠃ ︽ᠵᠢᠷᠭᠤᠭ᠎ᠠ ᠶᠢ | ᠲᠣᠭᠲᠠᠭᠤᠨ ᠪᠠᠶᠢᠯᠭᠠᠬᠤ︾ ᠪᠠ ︽ᠵᠢᠷᠭᠤᠭ᠎ᠠ ᠶᠢ ᠪᠠᠲᠤᠯᠠᠬᠤ︾ ᠠᠵᠢᠯ ᠢ ᠦᠷᠭᠦᠯᠵᠢᠯᠡᠨ ᠰᠠᠶᠢᠲᠤᠷ ᠬᠢᠨ᠎ᠡ᠃ | ᠬᠤᠷᠸ᠎ᠠ ᠲᠥᠷᠥ ᠶᠢᠨ ᠪᠣᠳᠣᠯᠭ᠎ᠠ ᠶᠢ ᠣᠷᠣᠨ ᠵᠠᠶ ᠪᠠ ᠠᠷᠭ᠎ᠠ ᠪᠠᠷᠢᠯ ᠲᠠᠢ ᠪᠠᠶᠢᠯᠭᠠᠵᠤ᠂ ᠦᠶᠡᠯᠡᠯ ᠠᠯᠤᠰᠯᠠᠭᠰᠠᠨ | ᠳᠤᠬᠢᠷᠠᠭᠤᠯᠤᠯᠳᠠ ᠪᠠ ᠦᠶᠡᠯᠡᠯ ᠦᠭᠰᠦᠭᠦᠯᠦᠭᠰᠡᠨ ᠲᠤᠬᠢᠷᠠᠭᠤᠯᠤᠯᠳᠠ ᠶᠢ ᠴᠢᠩᠭᠠᠳᠬᠠᠨ᠂ ᠠᠵᠤ ᠠᠬᠤᠢ ᠶᠢᠨ | ᠲᠣᠭᠲᠠᠭᠤᠨ ᠠᠵᠢᠯᠯᠠᠭᠠᠨ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ | ᠡᠳ᠋ ᠤᠨ ᠵᠠᠰᠠᠭ ᠤᠨ ᠢᠳᠡᠪᠬᠢᠲᠡᠶ ᠲᠦᠷᠦ ᠶᠢᠨ ᠪᠤᠳᠤᠯᠭ᠎ᠠ ᠶᠢᠨ ᠦᠢᠯᠡᠳᠦᠯ ᠴᠢᠳᠠᠪᠤᠷᠢ ᠶᠢ | ᠳᠡᠭᠡᠭᠰᠢᠯᠡᠭᠦᠯᠦᠨ᠎ᠡ᠃ ᠡᠨᠡ ᠵᠢᠯ ᠤᠯᠠᠭᠠᠨ ᠲᠤᠭ᠎ᠠ ᠶᠢᠨ ᠨᠣᠷᠮ᠎ᠠ ᠶᠢ 2.8% ᠣᠷᠴᠢᠮ ᠢᠶᠠᠷ ᠲᠣᠬᠢᠷᠠᠭᠤᠯᠵᠤ᠂ | ᠨᠢᠳᠤᠨᠤᠨ ᠤ ᠬᠢ ᠠᠴᠠ ᠡᠳᠦᠢ ᠲᠡᠳᠦᠢ ᠪᠠᠭᠤᠷᠠᠭᠤᠯᠬᠤ ᠪᠠᠷ ᠲᠥᠯᠥᠪᠯᠡᠵᠦ ᠪᠠᠶᠢᠨ᠎ᠠ᠂ ᠡᠨᠡ ᠨᠢ ᠡᠳ᠋ ᠤᠨ ᠵᠠᠰᠠᠭ ᠤᠨ | ᠦᠷᠭᠦᠯᠵᠢᠯᠡᠬᠦ᠋ᠢᠴᠡ ᠴᠢᠨᠠᠷ ᠢ ᠨᠡᠮᠡᠭᠳᠡᠭᠦᠯᠬᠦ ᠳᠤ ᠠᠰᠢᠭᠲᠠᠢ ᠶᠤᠮ᠃ ᠵᠢᠱᠢᠯᠲᠡ ᠪᠠᠷ ᠡᠨᠡ ᠵᠢᠯ ᠤᠨ ᠡᠳ᠋ ᠤᠨ | ᠵᠠᠰᠠᠭ ᠤᠨ ᠣᠷᠣᠯᠭ᠎ᠠ ᠦᠷᠭᠦᠯᠵᠢᠯᠡᠨ ᠨᠡᠮᠡᠭᠳᠡᠵᠦ᠂ ᠡᠭᠦᠨ ᠤ ᠳᠡᠭᠡᠷ᠎ᠡ ᠤᠯᠤᠰ ᠤᠨ ᠥᠮᠴᠢᠯᠡᠯ ᠤᠨ ᠣᠨᠴᠠ | ᠲᠣᠭᠲᠠᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠤᠨ ᠲᠤᠰᠬᠠᠶ ᠡᠵᠡᠩᠨᠡᠯᠲᠡ ᠶᠢᠨ ᠪᠠᠶᠢᠭᠤᠯᠤᠮᠵᠢ ᠶᠢᠨ | ᠬᠠᠤᠯᠢ ᠶᠣᠰᠣᠭᠠᠷ ᠳᠡᠭᠡᠭᠰᠢ ᠲᠤᠰᠢᠶᠠᠭᠰᠠᠨ ᠣᠶᠢᠷ᠎ᠠ ᠶᠢᠨ ᠵᠢᠯ ᠤᠨ ᠲᠠᠰᠤᠯᠤᠨ ᠪᠤᠳᠤᠭᠰᠠᠨ ᠦᠯᠡᠳᠡᠪᠦᠷᠢ ᠠᠰᠢᠭ | ᠬᠤᠨᠵᠢᠪᠣᠷᠢ᠂ ᠰᠢᠯᠵᠢᠭᠦᠯᠦᠨ ᠤᠷᠤᠭᠤᠯᠤᠭᠰᠠᠨ ᠲᠥᠰᠦᠪ ᠤᠨ ᠲᠣᠭᠲᠠᠪᠤᠷᠢᠵᠢᠭᠤᠯᠤᠨ ᠲᠣᠬᠢᠷᠠᠭᠤᠯᠬᠤ ᠰᠠᠭᠤᠷᠢ | ᠮᠥᠩᠭᠦ ᠵᠡᠷᠭᠡ ᠶᠢ ᠨᠡᠮᠡᠪᠡᠯ᠂ ᠵᠠᠷᠤᠯᠭ᠎ᠠ ᠶᠢᠨ ᠬᠡᠪᠴᠢᠶ᠎ᠡ ᠨᠢᠳᠤᠨᠤᠨ ᠤ ᠬᠢ ᠠᠴᠠ 2 ᠲᠦᠮᠡᠨ ᠳ᠋ᠦᠩᠰᠢᠭᠤᠷ | ᠲᠥᠭᠦᠷᠢᠭ ᠠᠴᠠ ᠳᠡᠭᠡᠭᠰᠢ ᠥᠷᠭᠡᠳᠴᠦ᠂ ᠬᠡᠷᠡᠭᠯᠡᠵᠦ ᠪᠣᠯᠬᠤ ᠡᠳ᠋ ᠤᠨ ᠬᠦᠴᠦᠨ ᠢᠯᠡᠳᠲᠡ ᠨᠡᠮᠡᠭᠳᠡᠬᠦ ᠪᠤᠯᠤᠨ᠎ᠠ᠃ | ᠰᠢᠨ᠎ᠡ ᠪᠠᠷ ᠨᠡᠮᠡᠭᠳᠡᠭᠰᠡᠨ ᠡᠳ᠋ ᠤᠨ ᠬᠦᠴᠦᠨ ᠢ ᠦᠨᠳᠦᠰᠦᠨ ᠱᠠᠲᠤᠨ ᠳᠤ ᠳᠤᠷᠤᠭᠰᠢ ᠪᠠᠭᠤᠯᠭᠠᠵᠤ᠂ ᠭᠤᠤᠯᠳᠠᠭᠤ | ᠠᠵᠤ ᠠᠬᠤᠶᠢᠯᠠᠯ ᠳᠤ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠪᠠ ᠠᠵᠢᠯ ᠣᠯᠭᠤᠯᠲᠠ ᠶᠢ ᠲᠣᠭᠲᠠᠭᠤᠨ | ᠪᠠᠶᠢᠯᠭᠠᠵᠤ ᠠᠷᠠᠳ ᠤᠨ ᠠᠮᠢᠳᠤᠷᠠᠯ ᠢ ᠪᠠᠲᠤᠯᠠᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠳᠤ ᠬᠡᠷᠡᠭᠯᠡᠨ᠂ | ᠬᠡᠷᠡᠭᠯᠡᠭᠡ ᠶᠢ ᠠᠬᠢᠭᠤᠯᠵᠤ᠂ ᠬᠡᠷᠡᠭᠴᠡᠭᠡ ᠶᠢ ᠥᠷᠭᠡᠳᠭᠡᠨ᠎ᠡ᠃ ᠡᠨᠡ ᠵᠢᠯ ᠲᠥᠪ ᠤᠨ ᠲᠤᠰ ᠱᠠᠲᠤᠨ ᠤ ᠵᠠᠷᠤᠯᠭ᠎ᠠ ᠶᠢ | 3.9% ᠪᠠᠷ ᠨᠡᠮᠡᠭᠳᠡᠭᠦᠯᠬᠦ ᠪᠠᠷ ᠲᠣᠬᠢᠷᠠᠭᠤᠯᠪᠠ᠂ ᠡᠭᠦᠨ ᠳᠤ ᠲᠥᠪ ᠤᠨ ᠰᠠᠯᠠᠭ᠎ᠠ ᠮᠥᠴᠢᠷ ᠤᠨ ᠵᠠᠷᠤᠯᠭ᠎ᠠ | ᠦᠷᠭᠦᠯᠵᠢᠯᠡᠨ ᠰᠥᠭᠡᠷᠭᠦ ᠪᠠᠷ ᠨᠡᠮᠡᠭᠳᠡᠨ᠎ᠠ᠃ ᠲᠥᠪ ᠠᠴᠠ ᠣᠷᠣᠨ ᠨᠤᠲᠤᠭ ᠲᠤ ᠰᠢᠯᠵᠢᠭᠦᠯᠦᠨ ᠥᠭᠭᠦ ᠵᠠᠷᠤᠯᠭ᠎ᠠ ᠶᠢ | ᠪᠠᠷᠤᠭ 1.5 ᠲᠦᠮᠡᠨ ᠳ᠋ᠦᠩᠰᠢᠭᠤᠷ ᠲᠥᠭᠦᠷᠢᠭ ᠨᠡᠮᠡᠭᠳᠡᠭᠦᠯᠵᠦ᠂ 9.8 ᠲᠦᠮᠡᠨ ᠳ᠋ᠦᠩᠰᠢᠭᠤᠷ ᠲᠥᠭᠦᠷᠢᠭ ᠰᠢᠬᠠᠮ | ᠬᠡᠪᠴᠢᠶ᠎ᠡ ᠲᠠᠢ ᠪᠣᠯᠭᠠᠵᠤ᠂ 18% ᠪᠠᠷ ᠨᠡᠮᠡᠭᠳᠡᠭᠦᠯᠦᠨ᠎ᠡ᠂ ᠡᠨᠡ ᠪᠤᠯ ᠤᠯᠠᠨ ᠵᠢᠯ ᠤᠨ ᠲᠤᠷᠰᠢᠬᠢ ᠬᠠᠮᠤᠭ ᠤᠨ | ᠶᠡᠭᠡ ᠨᠡᠮᠡᠭᠳᠡᠯ ᠮᠦᠨ᠃ ᠲᠥᠪ ᠤᠨ ᠡᠳ᠋ ᠤᠨ ᠵᠠᠰᠠᠭ ᠠᠴᠠ ᠨᠠᠩ ᠣᠯᠠᠨ ᠪᠡᠯᠡ ᠮᠥᠩᠭᠦ ᠶᠢ ᠰᠢᠭᠤᠳ ᠪᠠᠭᠤᠯᠭᠠᠬᠤ | ᠬᠡᠪᠴᠢᠶᠡᠨ ᠳᠤ ᠣᠷᠣᠭᠤᠯᠵᠤ᠂ ᠮᠤᠵᠢ ᠶᠢᠨ ᠱᠠᠲᠤᠨ ᠤ ᠡᠳ᠋ ᠤᠨ ᠵᠠᠰᠠᠭ ᠴᠤ ᠬᠤᠲᠠ ᠰᠢᠶᠠᠨ ᠳᠤ ᠦᠵᠡᠭᠦᠯᠬᠦ | ᠳᠡᠮᠵᠢᠯᠭᠡ ᠪᠠᠨ ᠨᠡᠮᠡᠭᠳᠡᠭᠦᠯᠵᠦ᠂ ᠡᠷᠬᠡᠪᠰᠢ ᠦᠨᠳᠦᠰᠦᠨ ᠱᠠᠲᠤᠨ ᠤ ᠬᠢᠨ ᠢ ᠠᠵᠤ ᠠᠬᠤᠶᠢᠯᠠᠯ ᠳᠤ ᠬᠠᠷᠠᠭᠠᠯᠵᠠᠯ | ᠦᠵᠡᠭᠦᠯᠦᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠨᠠᠩ ᠶᠡᠭᠡ | ᠴᠢᠳᠠᠪᠤᠷᠢ᠂ ᠨᠠᠩ ᠶᠡᠭᠡ ᠬᠥᠳᠡᠯᠭᠡᠭᠴᠢ ᠬᠦᠴᠦᠨ ᠲᠠᠢ ᠪᠣᠯᠭᠠᠬᠤ ᠬᠡᠷᠡᠭᠲᠡᠶ᠃ | ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠪᠡᠯᠡ ᠮᠥᠩᠭᠦ ᠶᠢ ᠰᠠᠶᠢᠲᠤᠷ ᠬᠡᠷᠡᠭᠯᠡᠵᠦ᠂ ᠪᠦᠲᠦᠮᠵᠢᠲᠡᠶ | ᠪᠡᠯᠡ ᠣᠷᠣᠭᠤᠯᠤᠯᠲᠠ ᠶᠢ ᠥᠷᠭᠡᠳᠭᠡᠬᠦ ᠶᠢ ᠳᠠᠶᠢᠴᠢᠯᠠᠬᠤ ᠬᠡᠷᠡᠭᠲᠡᠶ᠃ ᠡᠨᠡ ᠵᠢᠯ ᠣᠷᠣᠨ ᠨᠤᠲᠤᠭ ᠤᠨ ᠵᠠᠰᠠᠭ ᠤᠨ | ᠣᠷᠳᠣᠨ ᠤ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ 3.65 ᠲᠦᠮᠡᠨ ᠳ᠋ᠦᠩᠰᠢᠭᠤᠷ ᠲᠥᠭᠦᠷᠢᠭ | ᠲᠣᠬᠢᠷᠠᠭᠤᠯᠬᠤ ᠪᠠᠷ ᠲᠥᠯᠥᠪᠯᠡᠵᠦ ᠪᠠᠶᠢᠨ᠎ᠠ᠃ ᠠᠮᠵᠢᠯᠲᠠ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ | ᠴᠢᠩᠭᠠᠳᠬᠠᠵᠤ᠂ ︽ᠪᠡᠯᠡ ᠮᠥᠩᠭᠦ᠂ ᠴᠢᠬᠤᠯᠠ ᠡᠯᠧᠮᠧᠨ᠋ᠲ ᠲᠦᠰᠦᠯ ᠢᠶᠠᠨ ᠳᠠᠭᠠᠬᠤ︾ ᠶᠢ ᠪᠠᠷᠢᠮᠲᠠᠯᠠᠨ᠂ ᠬᠡᠷᠡᠭᠯᠡᠬᠦ | ᠬᠡᠪᠴᠢᠶ᠎ᠡ ᠶᠢ ᠵᠣᠬᠢᠰᠲᠠᠶ ᠥᠷᠭᠡᠳᠭᠡᠨ᠂ ᠪᠠᠶᠢᠭᠤᠯᠵᠤ ᠪᠠᠶᠢᠭ᠎ᠠ ᠲᠦᠰᠦᠯ ᠤᠨ ᠵᠠᠯᠭᠠᠮᠵᠢ ᠪᠡᠯᠡ ᠲᠣᠬᠢᠷᠠᠭᠤᠯᠭ᠎ᠠ ᠶᠢ | ᠳᠡᠮᠵᠢᠵᠦ᠂ ᠨᠥᠬᠦᠴᠡᠯ ᠪᠦᠷᠢᠯᠳᠦᠭᠦᠯᠦᠭᠰᠡᠨ ᠨᠢᠭᠡ ᠪᠦᠯᠦᠭ ᠴᠢᠬᠤᠯᠠ ᠶᠡᠭᠡ ᠢᠨᠵᠧᠨᠧᠷᠢᠩ᠂ ᠰᠢᠨ᠎ᠡ ᠮᠠᠶ᠋ᠢᠭ ᠤᠨ | ᠰᠠᠭᠤᠷᠢ ᠲᠦᠬᠦᠭᠡᠷᠦᠮᠵᠢ᠂ ᠬᠠᠭᠤᠴᠢᠨ ᠨᠡᠶᠢᠲᠡ ᠶᠢᠨ ᠬᠡᠷᠡᠭᠯᠡᠭᠡᠨ ᠤ ᠲᠦᠬᠦᠭᠡᠷᠦᠮᠵᠢ ᠶᠢᠨ ᠥᠭᠡᠷᠡᠴᠢᠯᠡᠯᠲᠡ ᠵᠡᠷᠭᠡ | ᠪᠦᠲᠦᠭᠡᠨ ᠪᠠᠶᠢᠭᠤᠯᠤᠯᠲᠠ ᠶᠢᠨ ᠲᠥᠰᠥᠯ ᠢ ᠠᠵᠢᠯ ᠡᠬᠢᠯᠡᠭᠦᠯᠦᠨ᠎ᠡ᠃ ᠠᠷᠠᠳ ᠤᠨ ᠪᠡᠯᠡ ᠣᠷᠣᠭᠤᠯᠤᠯᠲᠠ ᠶᠢ ᠪᠡᠯᠡ | ᠣᠷᠣᠭᠤᠯᠤᠯᠲᠠ ᠶᠢᠨ ᠳᠤᠮᠳᠠ ᠶᠡᠭᠡ ᠬᠡᠰᠡᠭ ᠢ ᠡᠵᠡᠯᠡᠭᠦᠯᠵᠦ᠂ ᠴᠢᠬᠤᠯᠠ ᠶᠡᠭᠡ ᠲᠥᠰᠥᠯ ᠤᠨ ᠬᠥᠲᠥᠯᠬᠦ ᠦᠢᠯᠡᠳᠦᠯ | ᠪᠠ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠬᠠᠮᠢᠶ᠎ᠠ | ᠪᠦᠬᠦᠢ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠠᠷᠠᠳ ᠤᠨ ᠪᠡᠯᠡ ᠣᠷᠣᠭᠤᠯᠤᠯᠲᠠ ᠶᠢᠨ | ᠢᠳᠡᠪᠬᠢᠵᠢᠯ ᠢ ᠭᠦᠢᠴᠡᠳ ᠳᠠᠶᠢᠴᠢᠯᠠᠬᠤ ᠬᠡᠷᠡᠭᠲᠡᠢ᠃ | ᠵᠠᠰᠠᠭ ᠤᠨ ᠣᠷᠳᠣᠨ ᠨᠠᠷᠢᠯᠠᠵᠤ ᠠᠮᠢᠳᠤᠷᠠᠬᠤ ᠶᠢ ᠪᠠᠷᠢᠮᠲᠠᠯᠠᠨ᠂ ᠨᠡᠩ ᠰᠠᠶᠢᠳᠤᠷ ᠠᠷᠪᠢᠯᠠᠨ ᠭᠠᠮᠨᠠᠵᠤ ᠠᠷᠠᠳ | ᠲᠦᠮᠡᠨ ᠢ ᠪᠠᠶᠠᠵᠢᠭᠤᠯᠬᠤ ᠬᠡᠷᠡᠭᠲᠡᠢ᠃ ᠵᠠᠷᠤᠯᠭ᠎ᠠ ᠶᠢᠨ ᠪᠦᠲᠦᠴᠡ ᠶᠢ ᠶᠡᠭᠡ ᠪᠠᠷ ᠰᠢᠯᠢᠳᠡᠭᠵᠢᠭᠦᠯᠵᠦ᠂ | ᠭᠤᠤᠯᠳᠠᠯᠭ᠎ᠠ ᠲᠠᠢ ᠵᠠᠷᠤᠯᠭ᠎ᠠ ᠶᠢ ᠪᠠᠲᠤᠯᠠᠨ᠂ ᠡᠩ ᠤᠨ ᠴᠢᠨᠠᠷᠲᠠᠶ ᠵᠠᠷᠤᠯᠭ᠎ᠠ ᠶᠢ ᠴᠢᠩᠭ᠎ᠠ ᠬᠢᠵᠠᠭᠠᠷᠯᠠᠨ᠎ᠠ᠃ ᠡᠳ᠋ ᠤᠨ | ᠵᠠᠰᠠᠭ ᠤᠨ ᠬᠠᠳᠠᠭᠠᠯᠠᠯᠲᠠ ᠪᠡᠯᠡ ᠮᠥᠩᠭᠦ ᠪᠠ ᠰᠤᠯᠠ ᠪᠠᠶᠢᠭ᠎ᠠ ᠪᠡᠯᠡ ᠬᠥᠷᠥᠩᠭᠡ ᠶᠢ ᠠᠮᠢᠳᠤᠯᠢᠭ ᠪᠣᠯᠭᠠᠨ᠎ᠠ᠃ ᠡᠯ᠎ᠡ | ᠱᠠᠲᠤᠨ ᠤ ᠵᠠᠰᠠᠭ ᠤᠨ ᠣᠷᠳᠣᠨ ᠡᠷᠬᠡᠪᠰᠢ ᠲᠡᠰᠪᠦᠷᠢ ᠬᠠᠲᠠᠭᠤᠵᠢᠯᠲᠠᠶ ᠪᠠᠷ ᠲᠡᠮᠡᠴᠡᠵᠦ᠂ ᠠᠵᠢᠯᠴᠢ ᠠᠷᠪᠢᠴᠢ ᠪᠠᠷ | ᠭᠠᠮᠨᠠᠨ ᠠᠷᠪᠢᠯᠠᠵᠤ᠂ ᠲᠥᠪ ᠵᠠᠰᠠᠭ ᠤᠨ ᠣᠷᠳᠣᠨ ᠪᠣᠯᠤᠨ ᠮᠤᠵᠢ ᠶᠢᠨ ᠱᠠᠲᠤᠨ ᠤ ᠵᠠᠰᠠᠭ ᠤᠨ ᠣᠷᠳᠣᠨ | ᠲᠦᠷᠦᠭᠦᠯᠡᠨ ᠬᠢᠬᠦ ᠬᠡᠷᠡᠭᠲᠡᠶ᠃ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠱᠠᠯᠢᠨ | ᠪᠦᠷᠢᠯᠭᠡᠬᠦ ᠶᠢ ᠴᠢᠩᠭ᠎ᠠ ᠴᠠᠭᠠᠵᠠᠯᠠᠨ᠎ᠠ᠂ ᠲᠤᠭᠲᠠᠭᠠᠯ ᠢ ᠵᠦᠷᠢᠴᠡᠨ ᠠᠰᠠᠷ ᠲᠠᠭᠲᠤ ᠲᠠᠩᠬᠢᠮ ᠪᠠᠭᠤᠳᠠᠯ ᠰᠢᠨ᠎ᠡ ᠪᠠᠷ | ᠪᠠᠶᠢᠭᠤᠯᠵᠤ ᠪᠣᠯᠬᠤ ᠦᠭᠡᠶ᠂ ᠳᠦᠷᠢ ᠲᠥᠷᠬᠦ ᠶᠢᠨ ᠢᠨᠵᠧᠨᠧᠷᠢᠩ ᠢ ᠬᠢᠵᠦ ᠪᠣᠯᠬᠤ ᠦᠭᠡᠶ᠂ ᠡᠳ᠋ ᠤᠨ ᠵᠠᠰᠠᠭ ᠠᠵᠤ | ᠠᠬᠤᠢ ᠶᠢᠨ ᠰᠠᠬᠢᠯᠭ᠎ᠠ ᠪᠠᠲᠤ ᠠᠴᠠ ᠵᠥᠷᠢᠴᠡᠵᠦ᠂ ᠠᠯᠪᠠᠨ ᠤ ᠵᠣᠭᠤᠰ ᠢ ᠳᠤᠷ᠎ᠠ ᠪᠠᠷ ᠢᠶᠠᠨ ᠰᠦᠢᠳᠭᠡᠭᠰᠡᠨ ᠪᠠᠶᠢᠪᠠᠯ | ᠴᠢᠩᠭ᠎ᠠ ᠪᠠᠶᠢᠴᠠᠭᠠᠨ ᠬᠦᠨᠳᠦ ᠪᠠᠷ ᠰᠢᠢᠳᠭᠡᠵᠦ᠂ ᠬᠤᠪᠤᠷ ᠨᠠᠨᠳᠢᠨ ᠪᠡᠯᠡ ᠮᠥᠩᠭᠦ ᠶᠢ ᠵᠠᠪᠠᠯ ᠬᠥᠭᠵᠢᠯᠲᠡ ᠶᠢᠨ | ᠴᠢᠬᠤᠯᠠ ᠭᠠᠵᠠᠷ᠂ ᠠᠷᠠᠳ ᠤᠨ ᠠᠮᠢᠳᠤᠷᠠᠯ ᠤᠨ ᠪᠠᠴᠢᠮ ᠬᠡᠷᠡᠭᠴᠡᠭᠡ ᠲᠠᠢ ᠭᠠᠵᠠᠷ ᠬᠡᠷᠡᠭᠯᠡᠬᠦ ᠬᠡᠷᠡᠭᠲᠡᠶ᠃ | ᠵᠣᠭᠤᠰᠣᠨ ᠤ ᠯᠠᠪᠲᠠᠭᠤᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠎ᠠ᠃ | ᠵᠣᠭᠤᠰᠣᠨ ᠤ ᠲᠦᠷᠦ ᠶᠢᠨ ᠪᠤᠳᠤᠯᠭ᠎ᠠ ᠶᠢᠨ ᠪᠠᠭᠠᠵᠢ ᠶᠢᠨ ᠶᠡᠷᠦᠩᠬᠡᠶ ᠬᠡᠮᠵᠢᠶ᠎ᠡ ᠪᠠ ᠪᠦᠲᠦᠴᠡ ᠶᠢᠨ ᠳᠠᠪᠬᠤᠷ | ᠴᠢᠳᠠᠮᠵᠢ ᠶᠢ ᠪᠠᠳᠠᠷᠠᠭᠤᠯᠵᠤ᠂ ᠪᠣᠳᠠᠲᠤ ᠴᠣᠭᠴᠠ ᠶᠢᠨ ᠠᠵᠤ ᠠᠬᠤᠶ ᠳᠤ ᠨᠡᠩ ᠬᠦᠴᠦᠲᠡᠶ ᠳᠡᠮᠵᠢᠯᠭᠡ ᠬᠠᠩᠭᠠᠨ᠎ᠠ᠃ | ᠰᠢᠨ᠎ᠡ ᠪᠠᠷ ᠨᠡᠮᠡᠭᠳᠡᠭᠦᠯᠬᠦ ᠵᠢᠭᠡᠯᠡᠯᠭᠡ ᠶᠢᠨ ᠬᠡᠪᠴᠢᠶ᠎ᠡ ᠶᠢ ᠥᠷᠭᠡᠳᠭᠡᠵᠦ᠂ ᠵᠣᠭᠤᠰᠣᠨ ᠤ ᠬᠠᠩᠭᠠᠯᠭ᠎ᠠ ᠶᠢᠨ ᠬᠡᠮᠵᠢᠶ᠎ᠡ | ᠪᠠ ᠨᠡᠶᠢᠭᠡᠮ ᠤᠨ ᠪᠡᠯᠡ ᠲᠣᠬᠢᠷᠠᠭᠤᠯᠭ᠎ᠠ ᠶᠢᠨ ᠬᠡᠪᠴᠢᠶ᠎ᠡ ᠶᠢᠨ ᠨᠡᠮᠡᠭᠳᠡᠯ ᠤᠨ ᠬᠤᠷᠳᠤᠴᠠ ᠶᠢ ᠨᠡᠷᠡᠯᠡᠭᠰᠡᠨ ᠠᠵᠤ | ᠠᠬᠤᠶ ᠶᠢᠨ ᠨᠡᠮᠡᠭᠳᠡᠯ ᠤᠨ ᠬᠤᠷᠳᠤᠴᠠ ᠲᠠᠢ ᠦᠨᠳᠦᠰᠦᠨ ᠳᠡᠭᠡᠨ ᠵᠣᠬᠢᠴᠠᠭᠤᠯᠵᠤ᠂ ᠬᠤᠷᠸ᠎ᠠ ᠬᠦᠰᠢᠬᠦᠷᠭᠡ ᠶᠢᠨ | ᠨᠤᠷᠮ᠎ᠠ ᠶᠢ ᠦᠨᠳᠦᠰᠦᠨ ᠳᠡᠭᠡᠨ ᠲᠣᠭᠲᠠᠭᠤᠨ ᠪᠠᠶᠢᠯᠭᠠᠨ᠎ᠠ᠃ ᠠᠷᠠᠳ ᠤᠨ ᠵᠣᠭᠤᠰᠣᠨ ᠤ ᠭᠤᠪᠢᠭᠤᠯᠭ᠎ᠠ ᠶᠢᠨ | ᠨᠤᠷᠮ᠎ᠠ ᠶᠢᠨ ᠵᠦᠢ ᠵᠣᠬᠢᠰᠲᠠᠶ ᠪᠥᠭᠡᠳ ᠲᠡᠩᠴᠡᠭᠦᠷᠢᠲᠡᠶ ᠲᠦᠪᠰᠢᠨ ᠳᠡᠭᠡᠷ᠎ᠡ ᠦᠨᠳᠦᠰᠦᠨ ᠳᠡᠭᠡᠨ ᠲᠣᠭᠲᠠᠭᠤᠨ | ᠪᠠᠶᠢᠬᠤ ᠶᠢ ᠪᠠᠲᠤᠯᠠᠨ᠎ᠠ᠃ ᠵᠣᠭᠤᠰᠣᠨ ᠤ ᠲᠥᠷᠥ ᠶᠢᠨ ᠪᠣᠳᠣᠯᠭ᠎ᠠ ᠶᠢᠨ ᠳᠠᠮᠵᠢᠭᠤᠯᠬᠤ ᠲᠣᠭᠲᠠᠴᠠ ᠶᠢ ᠤᠯᠠᠮ ᠨᠢᠭᠡ | ᠠᠯᠬᠤᠮ ᠨᠡᠪᠲᠡᠷᠡᠭᠦᠯᠵᠦ᠂ ᠪᠡᠯᠡ ᠮᠥᠩᠭᠦ ᠶᠢ ᠬᠥᠲᠥᠯᠥᠨ ᠵᠢᠯᠣᠭᠤᠳᠴᠤ ᠪᠠᠶᠢᠭᠠᠳ ᠭᠤᠤᠯᠳᠠᠯᠭ᠎ᠠ ᠲᠠᠢ ᠬᠦᠷᠢᠶ᠎ᠡ ᠪᠠ | ᠪᠠᠭᠤᠷᠠᠶ ᠭᠤᠭᠴᠤᠭ᠎ᠠ ᠲᠡᠶᠢᠰᠢ ᠨᠠᠩ ᠢᠯᠡᠭᠦᠦ ᠰᠢᠯᠵᠢᠭᠦᠯᠵᠦ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ | ᠬᠠᠮᠤᠷᠬᠤ ᠬᠡᠪᠴᠢᠶ᠎ᠡ ᠶᠢ ᠥᠷᠭᠡᠳᠭᠡᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠨ ᠤ ᠪᠣᠳᠠᠲᠠᠶ | ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠬᠤ ᠪᠠ ᠰᠦᠢᠳᠭᠡᠯ ᠬᠤᠷᠢᠶᠠᠯᠲᠠ ᠶᠢ ᠪᠠᠭᠠᠰᠬᠠᠬᠤ ᠶᠢ | ᠠᠬᠢᠭᠤᠯᠵᠤ᠂ ᠥᠷᠭᠡᠨ ᠣᠯᠠᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠳᠤ ᠪᠠᠯᠠ ᠲᠣᠬᠢᠷᠠᠭᠤᠯᠭ᠎ᠠ ᠶᠢᠨ ᠲᠥᠬᠦᠮ | ᠳᠦᠳᠡ ᠶᠢᠨ ᠬᠡᠮᠵᠢᠶ᠎ᠡ ᠳᠡᠭᠡᠭᠰᠢᠯᠡᠭᠰᠡᠨ᠂ ᠶᠡᠷᠦᠩᠬᠡᠶᠢᠯᠡᠭᠰᠡᠨ ᠪᠠᠯᠠ ᠲᠣᠬᠢᠷᠠᠭᠤᠯᠭ᠎ᠠ ᠶᠢᠨ ᠥᠪᠡᠷ ᠤᠨ ᠥᠷᠲᠡᠭ ᠦᠪ | ᠦᠨᠡᠨ ᠬᠦ ᠪᠠᠭᠤᠷᠠᠭᠰᠠᠨ ᠢ ᠪᠤᠳᠠᠳᠠᠢ ᠪᠠᠷ ᠮᠡᠳᠡᠷᠡᠭᠦᠯᠦᠨ᠎ᠡ᠃ | ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠤᠳᠤᠯᠭ᠎ᠠ ᠶᠢ ᠴᠢᠩᠭᠠᠳᠬᠠᠨ᠎ᠠ᠃ ᠠᠵᠢᠯ | ᠣᠯᠭᠤᠯᠲᠠ ᠶᠢᠨ ᠠᠷᠭ᠎ᠠ ᠵᠠᠮ ᠢ ᠶᠡᠭᠡ ᠪᠠᠷ ᠥᠷᠭᠡᠳᠭᠡᠵᠦ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠲᠣᠭᠲᠠᠭᠤᠨ | ᠪᠠᠶᠢᠯᠭᠠᠬᠤ ᠪᠠᠷ ᠳᠠᠮᠵᠢᠭᠤᠯᠤᠨ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠶᠢ ᠴᠢᠬᠤᠯᠠᠴᠢᠯᠠᠵᠤ᠂ ᠠᠳᠠᠯ | ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠦᠢᠯᠡᠳᠦᠯ ᠢ ᠴᠢᠩᠭᠠᠳᠬᠠᠨ᠎ᠠ᠃ ᠡᠳ᠋ ᠤᠨ ᠵᠠᠰᠠᠭ᠂ | ᠭᠠᠶᠢᠯᠢ᠂ ᠮᠥᠩᠭᠦᠨ ᠭᠦᠢᠯᠭᠡᠭᠡ ᠵᠡᠷᠭᠡ ᠶᠢᠨ ᠲᠦᠷᠦ ᠶᠢᠨ ᠪᠤᠳᠤᠯᠭ᠎ᠠ ᠶᠢ ᠴᠥᠮ ᠠᠵᠢᠯ ᠣᠯᠭᠤᠯᠲᠠ ᠶᠢᠨ | ᠲᠣᠭᠤᠷᠢᠨ ᠳᠤ ᠤᠷᠢᠳ ᠢᠶᠠᠷ ᠬᠡᠷᠡᠭᠵᠢᠭᠦᠯᠵᠦ᠂ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ | ᠠᠵᠢᠯ ᠤᠨ ᠪᠠᠶᠢᠷᠢ ᠶᠢ ᠥᠷᠭᠡᠳᠭᠡᠬᠦ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ ᠠᠵᠢᠯ ᠣᠯᠭᠤᠯᠲᠠ ᠶᠢ | ᠠᠬᠢᠭᠤᠯᠬᠤ ᠡᠯ᠎ᠡ ᠲᠥᠷᠥᠯ ᠤᠨ ᠲᠤᠰᠬᠠᠶ ᠵᠦᠢᠯ ᠤᠨ ᠲᠥᠷᠥ ᠶᠢᠨ ᠪᠣᠳᠣᠯᠭ᠎ᠠ ᠶᠢ ᠴᠢᠩᠭᠠᠳᠬᠠᠨ ᠰᠢᠯᠢᠳᠡᠭᠵᠢᠭᠦᠯᠵᠦ᠂ | ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠶᠢᠨ ᠵᠦᠢ ᠵᠣᠬᠢᠰ ᠥᠬᠡᠶ ᠬᠢᠵᠠᠭᠠᠷᠯᠠᠯ ᠢ ᠡᠷᠡᠰ ᠴᠡᠪᠡᠷᠯᠡᠨ | ᠬᠦᠴᠦᠨ ᠥᠬᠡᠶ ᠪᠣᠯᠭᠠᠬᠤ ᠬᠡᠷᠡᠭᠲᠡᠶ᠃ ᠡᠯ᠎ᠡ ᠭᠠᠵᠠᠷ ᠤᠨ ᠬᠢᠨ ᠴᠦᠮ ᠠᠷᠭ᠎ᠠ ᠪᠦᠬᠦᠨ ᠢ ᠰᠦᠪᠡᠭᠴᠢᠯᠡᠨ ᠠᠵᠢᠯ | ᠣᠯᠭᠤᠯᠲᠠ ᠶᠢ ᠲᠣᠭᠲᠠᠪᠤᠷᠢᠵᠢᠭᠤᠯᠤᠨ ᠥᠷᠭᠡᠳᠭᠡᠬᠦ ᠬᠡᠷᠡᠭᠲᠡᠶ᠃ | ᠠᠮᠤ ᠪᠤᠳᠠᠭ᠎ᠠ ᠪᠠ ᠡᠨᠧᠷᠭᠢ ᠶᠢᠨ ᠰᠤᠷᠪᠤᠯᠵᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ᠠᠮᠤ | ᠪᠤᠳᠠᠭ᠎ᠠ ᠵᠡᠷᠭᠡ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠵᠤ᠂ ᠡᠨᠧᠷᠬᠢ᠂ ᠴᠢᠬᠤᠯᠠ | ᠳᠦᠬᠦᠬᠡᠢ ᠮᠠᠲ᠋ᠧᠷᠢᠶᠠᠯ ᠤᠨ ᠬᠠᠩᠭᠠᠯᠭ᠎ᠠ ᠶᠢ ᠪᠠᠳᠤᠯᠠᠵᠦ᠂ ᠦᠨ᠎ᠡ ᠶᠢ ᠲᠤᠭᠳᠠᠭᠤᠨ ᠪᠠᠶᠢᠯᠭᠠᠬᠤ ᠠᠵᠢᠯ ᠢ | ᠦᠷᠬᠦᠯᠵᠢᠯᠡᠨ ᠰᠠᠶᠢᠳᠤᠷ ᠬᠢᠵᠦ᠂ ᠠᠷᠠᠳ ᠤᠨ ᠠᠮᠢᠳᠤᠷᠠᠯ ᠪᠠ ᠠᠵᠤ ᠠᠬᠤᠶᠢᠯᠠᠯ ᠤᠨ ᠬᠡᠪ ᠤᠨ ᠦᠢᠯᠡᠳᠪᠦᠷᠢᠯᠡᠯ | ᠡᠵᠡᠩᠨᠡᠯᠲᠡ ᠳᠤ ᠬᠡᠷᠡᠭᠯᠡᠬᠦ ᠴᠠᠬᠢᠯᠭᠠᠨ ᠢ ᠪᠠᠲᠤᠯᠠᠨ᠎ᠠ᠃ ᠪᠦᠬᠦ ᠲᠠᠯ᠎ᠠ ᠪᠠᠷ ᠭᠠᠮᠨᠠᠨ ᠠᠷᠪᠢᠯᠠᠬᠤ ᠪᠠᠶᠢᠯᠳᠤᠬᠤ | ᠪᠤᠳᠤᠯᠭ᠎ᠠ ᠶᠢ ᠬᠡᠷᠡᠭᠵᠢᠭᠦᠯᠦᠨ᠎ᠡ᠃ ᠤᠯᠤᠰ ᠤᠨ ᠳᠣᠲᠣᠭᠠᠳᠤ ᠶᠢᠨ ᠡᠬᠢ ᠪᠠᠶᠠᠯᠢᠭ ᠤᠨ ᠦᠢᠯᠡᠳᠪᠦᠷᠢᠯᠡᠯ ᠤᠨ | ᠪᠠᠲᠤᠯᠠᠭ᠎ᠠ ᠶᠢᠨ ᠴᠢᠳᠠᠪᠤᠷᠢ ᠶᠢ ᠴᠢᠩᠭᠠᠳᠬᠠᠵᠤ᠂ ᠲᠤᠰᠤ ᠬᠡᠢ᠂ ᠠᠭᠤᠷᠬᠠᠢ ᠶᠢᠨ ᠭᠠᠷᠤᠯᠲᠠ ᠵᠡᠷᠭᠡ ᠡᠬᠢ ᠪᠠᠶᠠᠯᠢᠭ ᠢ | ᠬᠠᠶᠢᠨ ᠰᠢᠨᠵᠢᠯᠡᠵᠦ ᠨᠡᠭᠡᠭᠡᠨ ᠠᠰᠢᠭᠯᠠᠬᠤ ᠶᠢ ᠲᠦᠷᠭᠡᠳᠭᠡᠨ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠡᠳ᠋ | ᠪᠣᠳᠠᠰ ᠤᠨ ᠨᠦᠭᠡᠴᠡᠯᠡᠯᠳᠡ ᠶᠢᠨ ᠳᠦᠷᠢᠮ ᠢ ᠲᠡᠭᠦᠯᠳᠡᠷᠵᠢᠭᠦᠯᠵᠦ᠂ ᠠᠩᠬᠠᠨ ᠤ ᠦᠢᠯᠡᠳᠬᠦᠨ ᠤ ᠬᠠᠩᠭᠠᠯᠭ᠎ᠠ ᠶᠢ | ᠪᠠᠲᠤᠯᠠᠨ᠎ᠠ᠃ ᠪᠤᠳᠠᠰ ᠤᠨ ᠦᠨ᠎ᠡ ᠶᠢ ᠦᠷᠢᠰᠦᠯᠳᠦᠨ ᠦᠰᠬᠡᠬᠦ ᠵᠡᠷᠭᠡ ᠠᠵᠢᠯᠯᠠᠭ᠎ᠠ ᠳᠤ ᠴᠤᠬᠢᠯᠳᠠ ᠦᠭᠬᠦᠨ᠎ᠡ᠃ | ᠪᠠᠷᠠᠭᠠᠨ ᠤ ᠦᠨ᠎ᠡ ᠶᠢᠨ ᠲᠦᠪᠰᠢᠨ ᠢ ᠦᠨᠳᠦᠰᠦᠨ ᠳᠡᠭᠡᠨ ᠲᠣᠭᠲᠠᠭᠤᠨ ᠪᠠᠶᠢᠯᠭᠠᠨ᠎ᠠ᠃ | ᠬᠦᠨᠳᠦ ᠶᠡᠭᠡ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠦᠷᠭᠦᠯᠵᠢᠯᠡᠨ ᠶᠡᠭᠡ ᠲᠠᠯ᠎ᠠ ᠶᠢ ᠲᠣᠭᠲᠠᠭᠤᠨ | ᠪᠠᠶᠢᠯᠭᠠᠬᠤ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ᠂ ᠲᠥᠷᠥᠯ ᠬᠤᠪᠢᠶᠠᠨ ᠠᠷᠭ᠎ᠠ ᠪᠣᠳᠣᠯᠭ᠎ᠠ | ᠬᠡᠷᠡᠭᠵᠢᠭᠦᠯᠬᠦ᠂ ᠨᠠᠷᠢᠯᠢᠭ ᠣᠨᠣᠴᠠᠲᠠᠶ ᠪᠠᠷ ᠲᠦᠭᠰᠢᠭᠦᠷᠢ ᠶᠢ ᠠᠷᠢᠯᠭᠠᠬᠤ ᠦᠨᠳᠦᠰᠦᠨ ᠴᠢᠭᠯᠡᠯᠲᠡ ᠶᠣᠰᠣᠭᠠᠷ᠂ ᠠᠵᠤ | ᠠᠬᠤᠶ ᠮᠥᠩᠭᠦᠨ ᠭᠦᠢᠯᠭᠡᠭᠡᠨ ᠤ ᠬᠦᠷᠢᠶᠡᠨ ᠳᠠᠬᠢ ᠲᠦᠭᠰᠢᠭᠦᠷᠢ ᠶᠢ ᠰᠢᠢᠳᠪᠦᠷᠢᠯᠡᠬᠦ ᠠᠵᠢᠯ ᠢ ᠰᠠᠶᠢᠲᠤᠷ ᠬᠢᠨ᠎ᠡ᠃ | ᠣᠷᠣᠨ ᠨᠤᠲᠤᠭ ᠤᠨ ᠬᠠᠷᠢᠶ᠎ᠠ ᠤᠷᠤᠨ ᠤ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ | ᠬᠠᠷᠢᠭᠤᠴᠠᠯᠭ᠎ᠠ ᠪᠠ ᠠᠵᠤ ᠠᠬᠤᠶᠢᠯᠠᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ | ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠪᠠ ᠰᠡᠷᠭᠡᠶᠢᠯᠡᠨ ᠡᠵᠡᠮᠳᠡᠬᠦ ᠲᠣᠭᠲᠠᠴᠠ ᠵᠢᠴᠢ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠨ᠂ ᠮᠥᠩᠭᠦᠨ ᠭᠦᠢᠯᠭᠡᠭᠡ ᠶᠢ ᠲᠣᠭᠲᠠᠭᠤᠨ ᠪᠠᠶᠢᠯᠭᠠᠬᠤ ᠪᠠᠲᠤᠯᠠᠭ᠎ᠠ ᠶᠢᠨ ᠰᠠᠭᠤᠷᠢ | ᠮᠥᠩᠭᠦ ᠶᠢ ᠪᠠᠶᠢᠭᠤᠯᠵᠤ᠂ ᠬᠠᠳᠠᠭᠠᠯᠠᠮᠵᠢ ᠶᠢᠨ ᠳᠠᠭᠠᠳᠬᠠᠯ ᠤᠨ ᠲᠦᠷᠢᠮ ᠪᠤᠯᠤᠨ ᠠᠵᠢᠯ ᠲᠦᠷᠦᠯ ᠤᠨ | ᠪᠠᠳᠤᠯᠠᠭ᠎ᠠ ᠶᠢᠨ ᠰᠠᠭᠤᠷᠢ ᠮᠦᠩᠬᠦᠨ ᠤ ᠦᠢᠯᠡᠳᠦᠯ ᠢ ᠪᠠᠳᠠᠷᠠᠭᠤᠯᠤᠨ᠂ ᠵᠠᠬ᠎ᠠ ᠳᠡᠯᠭᠡᠭᠦᠷᠴᠢᠯᠡᠬᠦ᠂ ᠬᠠᠤᠯᠢ ᠪᠠᠷ ᠵᠠᠰᠠᠬᠤ | ᠠᠷᠭ᠎ᠠ ᠮᠠᠶ᠋ᠢᠭ ᠢ ᠬᠡᠷᠡᠭᠯᠡᠨ ᠲᠦᠭᠰᠢᠭᠦᠷᠢ ᠶᠢᠨ ᠳᠠᠯᠳᠠ ᠭᠡᠮ ᠢ ᠠᠷᠢᠯᠭᠠᠨ᠂ ᠭᠠᠳᠠᠭᠠᠳᠦ ᠬᠦᠴᠦᠨ ᠤ ᠨᠦᠯᠦᠭᠡ ᠶᠢ | ᠪᠦᠳᠦᠮᠵᠢᠳᠡᠢ ᠠᠷᠭᠠᠴᠠᠭᠠᠵᠦ᠂ ᠰᠢᠰᠲ᠋ᠧᠮ ᠤᠨ ᠴᠢᠨᠠᠷᠲᠠᠶ ᠲᠦᠭᠰᠢᠭᠦᠷᠢ ᠦᠯᠦ ᠡᠭᠦᠰᠭᠡᠬᠦ ᠬᠢᠵᠠᠭᠠᠷ ᠱᠤᠭᠤᠮ ᠢ | ᠪᠠᠲᠤ ᠰᠠᠬᠢᠨ᠎ᠠ᠃ | ︵ᠬᠤᠶᠠᠷ︶ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠬᠦᠴᠦᠯᠡᠨ ᠲᠣᠭᠲᠠᠪᠤᠷᠢᠵᠢᠭᠤᠯᠵᠤ ᠠᠵᠢᠯ | ᠣᠯᠭᠤᠯᠲᠠ ᠶᠢ ᠪᠠᠲᠤᠯᠠᠨ᠂ ᠬᠤᠷᠸ᠎ᠠ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠎ᠠ᠃ | ᠳᠠᠷᠤᠭᠠᠰᠤ ᠶᠢ ᠬᠥᠩᠭᠡᠷᠡᠭᠦᠯᠵᠦ ᠬᠦᠴᠢᠷᠳᠡᠯ ᠢ ᠨᠢ ᠰᠢᠢᠳᠪᠦᠷᠢᠯᠡᠬᠦ ᠵᠡᠷᠭᠡ ᠲᠦᠷᠦ ᠶᠢᠨ ᠪᠤᠳᠤᠯᠭ᠎ᠠ ᠶᠢ | ᠲᠡᠭᠦᠯᠳᠡᠷᠵᠢᠭᠦᠯᠵᠦ᠂ ᠠᠵᠤ ᠠᠬᠤᠶ ᠶᠢᠨ ᠲᠣᠭᠲᠠᠭᠤᠨ ᠢᠶᠠᠷ ᠠᠵᠢᠯᠯᠠᠬᠤ᠂ ᠶᠠᠰᠤ ᠴᠢᠨᠠᠷ ᠢ ᠳᠡᠭᠡᠭᠰᠢᠯᠡᠭᠦᠯᠬᠦ | ᠰᠠᠭᠤᠷᠢ ᠶᠢ ᠪᠠᠲᠤᠳᠬᠠᠨ᠎ᠠ᠃ | ᠭᠠᠶᠢᠯᠢ ᠰᠦᠢᠳᠭᠡᠯ ᠤᠨ ᠳᠡᠮᠵᠢᠯᠭᠡ ᠶᠢᠨ ᠰᠢᠨ᠎ᠡ ᠬᠠᠮ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠱᠠᠲᠤ | ᠦᠶᠡᠴᠢ ᠴᠢᠨᠠᠷᠲᠠᠶ ᠠᠷᠭ᠎ᠠ ᠬᠡᠮᠵᠢᠶ᠎ᠡ ᠪᠣᠯᠤᠨ ᠳᠦᠷᠢᠮ ᠤᠨ ᠴᠢᠨᠠᠷᠲᠠᠶ ᠲᠣᠬᠢᠷᠠᠭᠤᠯᠤᠯᠲᠠ ᠶᠢ ᠤᠶᠠᠯᠳᠤᠭᠤᠯᠬᠤ ᠶᠢ | ᠪᠠᠷᠢᠮᠲᠠᠯᠠᠵᠤ᠂ ᠭᠠᠶᠢᠯᠢ ᠬᠥᠩᠭᠡᠯᠡᠬᠦ ᠪᠠ ᠭᠠᠶᠢᠯᠢ ᠪᠤᠴᠠᠭᠠᠬᠤ ᠶᠢ ᠵᠡᠷᠭᠡ ᠳᠤᠨᠢ ᠴᠢᠬᠤᠯᠠᠴᠢᠯᠠᠨ᠎ᠠ᠃ ᠨᠢᠭᠡ ᠲᠠᠯ᠎ᠠ ᠪᠠᠷ᠂ | ᠦᠢᠯᠡᠳᠬᠦ ᠦᠢᠯᠡᠰ᠂ ᠵᠢᠵᠢᠭ ᠪᠢᠴᠢᠯ ᠠᠵᠤ ᠠᠬᠤᠶᠢᠯᠠᠯ ᠪᠣᠯᠤᠨ ᠬᠤᠪᠢ ᠶᠢᠨ ᠠᠵᠤ ᠦᠢᠯᠡᠳᠪᠦᠷᠢ | ᠬᠤᠳᠠᠯᠳᠤᠭᠠᠨ ᠤ ᠡᠷᠦᠬᠡ ᠶᠢ ᠲᠡᠳᠬᠦᠨ ᠳᠡᠮᠵᠢᠬᠦ ᠭᠠᠶᠢᠯᠢ ᠬᠥᠩᠭᠡᠯᠡᠵᠦ ᠰᠦᠢᠳᠭᠡᠯ ᠪᠠᠭᠤᠷᠠᠭᠤᠯᠬᠤ ᠲᠥᠷᠥ ᠶᠢᠨ | ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠬᠦ ᠶᠢᠨ ᠬᠠᠮᠲᠤ ᠬᠠᠰᠤᠵᠤ ᠬᠡᠯᠲᠦᠷᠢᠭᠦᠯᠬᠦ ᠬᠡᠮᠵᠢᠶ᠎ᠡ ᠶᠢ ᠳᠡᠭᠡᠭᠰᠢᠯᠡᠭᠦᠯᠵᠦ᠂ | ᠳᠤᠬᠢᠷᠠᠭᠤᠯᠤᠨ ᠬᠡᠷᠡᠭᠯᠡᠬᠦ ᠬᠡᠪᠴᠢᠶ᠎ᠡ ᠶᠢ ᠥᠷᠭᠡᠳᠭᠡᠨ᠎ᠡ᠃ ᠪᠠᠭ᠎ᠠ ᠬᠡᠮᠵᠢᠶᠡᠨ ᠤ ᠭᠠᠶᠢᠯᠢ ᠲᠤᠰᠢᠶᠠᠭᠴᠢ ᠠᠴᠠ ᠥᠷᠲᠡᠭ | ᠨᠡᠮᠡᠭᠳᠡᠯ ᠤᠨ ᠭᠠᠶᠢᠯᠢ ᠲᠠᠳᠠᠪᠤᠷᠢᠯᠠᠬᠤ ᠶᠢ ᠱᠠᠲᠤ ᠦᠶᠡᠴᠢ ᠴᠢᠨᠠᠷᠲᠠᠶ ᠪᠠᠷ ᠬᠡᠯᠲᠦᠷᠢᠭᠦᠯᠦᠨ᠎ᠡ᠃ ᠵᠢᠵᠢᠭ ᠪᠢᠴᠢᠯ ᠠᠵᠤ | ᠠᠬᠤᠶᠢᠯᠠᠯ ᠤᠨ ᠵᠢᠯ ᠤᠨ ᠭᠠᠶᠢᠯᠢ ᠲᠤᠰᠢᠶᠠᠬᠤ ᠶᠣᠰᠣᠲᠠᠶ ᠠᠰᠢᠭ ᠣᠷᠣᠯᠭ᠎ᠠ ᠶᠢᠨ ᠲᠤᠭ᠎ᠠ ᠶᠢᠨ 100 ᠲᠦᠮᠡᠨ | ᠲᠥᠭᠦᠷᠢᠭ ᠠᠴᠠ 300 ᠲᠦᠮᠡᠨ ᠲᠥᠭᠦᠷᠢᠭ ᠬᠦᠷᠲᠡᠯᠡᠬᠢ ᠬᠡᠰᠡᠭ ᠠᠴᠠ ᠠᠵᠤ ᠠᠬᠤᠶᠢᠯᠠᠯ ᠤᠨ ᠠᠰᠢᠭ | ᠣᠷᠣᠯᠭ᠎ᠠ ᠶᠢᠨ ᠭᠠᠶᠢᠯᠢ ᠶᠢ ᠳᠠᠬᠢᠭᠠᠳ ᠬᠠᠭᠠᠰ ᠢᠶᠠᠷ ᠬᠠᠰᠤᠵᠤ ᠲᠠᠲᠠᠪᠤᠷᠢᠯᠠᠨ᠎ᠠ᠃ ᠡᠯ᠎ᠡ ᠭᠠᠵᠠᠷ ᠤᠨ ᠬᠢᠨ ᠴᠦ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠭᠠᠶᠢᠯᠢ ᠰᠦᠢᠳᠭᠡᠯ ᠢ ᠬᠠᠰᠤᠵᠤ ᠬᠡᠯᠲᠦᠷᠢᠭᠦᠯᠬᠦ ᠵᠡᠷᠭᠡ ᠬᠦᠴᠦᠲᠡᠶ | ᠠᠷᠭ᠎ᠠ ᠬᠡᠮᠵᠢᠶ᠎ᠡ ᠶᠢ ᠬᠠᠤᠯᠢ ᠶᠣᠰᠣᠭᠠᠷ ᠨᠡᠶᠢᠲᠡᠯᠡᠵᠦ᠂ ᠭᠠᠶᠢᠯᠢ ᠬᠥᠩᠭᠡᠯᠡᠵᠦ ᠰᠦᠢᠳᠭᠡᠯ ᠪᠠᠭᠤᠷᠠᠭᠤᠯᠬᠤ ᠡᠷᠴᠢᠮ ᠢ | ᠴᠢᠩᠭᠠᠷᠠᠭᠤᠯᠬᠤ ᠠᠴᠠ ᠪᠢᠰᠢ ᠰᠤᠯᠠᠷᠠᠭᠤᠯᠬᠤ ᠦᠭᠡᠢ ᠪᠠᠶᠢᠵᠤ᠂ ᠵᠠᠬ᠎ᠠ ᠳᠡᠯᠭᠡᠭᠦᠷ ᠤᠨ ᠵᠢᠱᠢᠯᠲᠡ ᠶᠢ | ᠲᠣᠭᠲᠠᠪᠤᠷᠢᠵᠢᠭᠤᠯᠬᠤ ᠬᠡᠷᠡᠭᠲᠡᠢ᠃ ᠨᠦᠬᠦᠭᠡ ᠲᠠᠯ᠎ᠠ ᠪᠠᠷ᠂ ᠠᠵᠤ ᠠᠬᠤᠶᠢᠯᠠᠯ ᠳᠤ ᠪᠡᠯᠡᠨ ᠮᠥᠩᠭᠦ ᠶᠢᠨ | ᠭᠦᠢᠯᠭᠡᠭᠡᠨ ᠤ ᠳᠡᠮᠵᠢᠯᠭᠡ ᠬᠠᠩᠭᠠᠬᠤ᠂ ᠬᠡᠷᠡᠭᠯᠡᠭᠡᠨ ᠤ ᠪᠡᠯᠡ ᠣᠷᠣᠭᠤᠯᠤᠯᠲᠠ ᠶᠢ ᠠᠬᠢᠭᠤᠯᠬᠤ ᠶᠢ ᠶᠡᠷᠦᠩᠬᠡᠶ ᠳᠤᠨᠢ | ᠪᠣᠳᠣᠯᠬᠢᠯᠠᠵᠦ᠂ ᠥᠷᠲᠡᠭ ᠨᠡᠮᠡᠭᠳᠡᠯ ᠤᠨ ᠭᠠᠶᠢᠯᠢ ᠶᠢᠨ ᠭᠠᠶᠢᠯᠢ ᠶᠢᠨ ᠲᠦᠷᠢᠮ ᠤᠨ ᠳᠦᠰᠦᠪᠯᠡᠯ ᠠᠴᠠ ᠪᠤᠯᠤᠭᠰᠠᠨ | ᠤᠷᠢᠳᠠᠪᠡᠷ ᠲᠤᠰᠢᠶᠠᠵᠦ ᠰᠠᠭᠦᠯ ᠳᠤᠨᠢ ᠪᠤᠴᠠᠭᠠᠬᠤ ᠮᠡᠳᠦ ᠶᠢᠨ ᠦᠯᠡᠳᠡᠭᠰᠡᠨ ᠰᠠᠭᠤᠳᠬᠠᠯ ᠭᠠᠶᠢᠯᠢ ᠶᠢ ᠪᠣᠴᠠᠭᠠᠬᠤ | ᠲᠦᠷᠢᠮ ᠢ ᠶᠡᠭᠡ ᠪᠠᠷ ᠰᠠᠶᠢᠵᠢᠷᠠᠭᠤᠯᠤᠨ᠂ ᠡᠨᠡ ᠵᠢᠯ ᠦᠯᠡᠳᠡᠭᠰᠡᠨ ᠰᠠᠭᠤᠳᠬᠠᠯ ᠭᠠᠶᠢᠯᠢ ᠳᠤ ᠶᠡᠭᠡ ᠬᠡᠪᠴᠢᠶ᠎ᠡ ᠪᠠᠷ | ᠭᠠᠶᠢᠯᠢ ᠪᠤᠴᠠᠭᠠᠬᠤ ᠶᠢ ᠤᠷᠢᠳᠴᠢᠯᠠᠨ ᠬᠡᠷᠡᠭᠵᠢᠬᠦᠯᠦᠨ᠎ᠡ᠃ ᠵᠢᠵᠢᠭ ᠪᠢᠴᠢᠯ ᠠᠵᠤ ᠠᠬᠤᠶᠢᠯᠠᠯ ᠳᠤ ᠡᠩ | ᠲᠡᠷᠢᠭᠦᠨ ᠳᠤ ᠲᠣᠬᠢᠷᠠᠭᠤᠯᠤᠨ᠂ ᠵᠢᠵᠢᠭ ᠪᠢᠴᠢᠯ ᠠᠵᠤ ᠠᠬᠤᠶᠢᠯᠠᠯ ᠤᠨ ᠬᠠᠳᠠᠭᠠᠯᠠᠯᠲᠠ ᠦᠯᠡᠳᠡᠭᠰᠡᠨ ᠰᠠᠭᠤᠳᠬᠠᠯ | ᠭᠠᠶᠢᠯᠢ ᠶᠢ 6 ᠰᠠᠷ᠎ᠠ ᠶᠢᠨ ᠰᠡᠭᠦᠯᠴᠢ ᠠᠴᠠ ᠡᠮᠦᠨ᠎ᠡ ᠨᠢᠭᠡ ᠯᠡ ᠤᠳᠠᠭ᠎ᠠ ᠳᠤ ᠪᠦᠬᠦᠳᠡ ᠶᠢ ᠪᠤᠴᠠᠭᠠᠵᠤ᠂ ᠨᠡᠮᠡᠭᠳᠡᠯ | ᠦᠯᠡᠳᠡᠭᠰᠡᠨ ᠰᠠᠭᠤᠳᠬᠠᠯ ᠭᠠᠶᠢᠯᠢ ᠶᠢ ᠲᠤᠭ᠎ᠠ ᠶᠣᠰᠣᠭᠠᠷ ᠨᠢ ᠭᠦᠢᠴᠡᠳ ᠪᠤᠴᠠᠭᠠᠨ᠎ᠠ᠃ ᠦᠢᠯᠡᠳᠬᠦ ᠦᠢᠯᠡᠰ ᠢ | ᠭᠤᠤᠯᠳᠠᠯᠭ᠎ᠠ ᠲᠠᠢ ᠳᠡᠮᠵᠢᠵᠦ᠂ ᠦᠢᠯᠡᠳᠬᠦ ᠦᠢᠯᠡᠰ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ | ᠦᠢᠯᠡᠴᠢᠯᠡᠭᠡ᠂ ᠠᠮᠢ ᠠᠬᠤᠶ ᠶᠢᠨ ᠣᠷᠴᠢᠨ ᠨᠦᠬᠦᠴᠡᠯ ᠤᠨ ᠬᠠᠮᠠᠭᠠᠯᠠᠯᠲᠠ᠂ ᠴᠠᠬᠢᠯᠭᠠᠨ ᠬᠦᠴᠦᠨ ᠰᠢᠲᠠᠮᠠᠬᠠᠶ ᠬᠡᠶ᠂ | ᠵᠠᠮ ᠲᠡᠭᠡᠭᠡᠪᠦᠷᠢ ᠵᠡᠷᠭᠡ ᠠᠵᠢᠯ ᠲᠥᠷᠥᠯ ᠤᠨ ᠦᠯᠡᠳᠡᠭᠰᠡᠨ ᠰᠠᠭᠤᠳᠬᠠᠯ ᠭᠠᠶᠢᠯᠢ ᠶᠢ ᠪᠣᠴᠠᠭᠠᠬᠤ ᠠᠰᠠᠭᠤᠳᠠᠯ ᠢ | ᠪᠥᠬᠦ ᠲᠠᠯ᠎ᠠ ᠪᠠᠷ ᠰᠢᠢᠳᠪᠦᠷᠢᠯᠡᠨ᠎ᠡ᠃ ᠦᠷᠳᠡᠭ ᠨᠡᠮᠡᠭᠳᠡᠯ ᠤᠨ ᠭᠠᠶᠢᠯᠢ ᠶᠢᠨ ᠦᠯᠡᠳᠡᠭᠰᠡᠨ ᠰᠠᠭᠤᠳᠬᠠᠯ ᠭᠠᠶᠢᠯᠢ ᠶᠢ | ᠪᠣᠴᠠᠭᠠᠬᠤ ᠡᠷᠴᠢᠮ ᠢ ᠢᠯᠡᠳᠲᠡ ᠴᠢᠩᠭᠠᠷᠠᠭᠤᠯᠵᠤ᠂ ᠵᠠᠬ᠎ᠠ ᠳᠡᠯᠭᠡᠭᠦᠷ ᠤᠨ ᠢᠲᠡᠭᠡᠯ ᠢ ᠬᠦᠴᠦᠲᠡᠶ ᠬᠥᠪᠴᠢᠯᠡᠨ᠎ᠡ᠃ | ᠵᠢᠱᠢᠯᠲᠡ ᠪᠠᠷ ᠪᠦᠬᠦ ᠵᠢᠯ ᠤᠨ ᠭᠠᠶᠢᠯᠢ ᠪᠤᠴᠠᠭᠠᠵᠤ ᠭᠠᠶᠢᠯᠢ ᠬᠥᠩᠭᠡᠯᠡᠬᠦ ᠲᠤᠭ᠎ᠠ ᠪᠠᠷᠤᠭ 2.5 ᠲᠦᠮᠡᠨ ᠳ᠋ᠦᠩᠰᠢᠭᠤᠷ | ᠲᠥᠭᠦᠷᠢᠭ ᠲᠤ ᠬᠦᠷᠴᠦ᠂ ᠡᠭᠦᠨ ᠤ ᠳᠣᠲᠣᠷ᠎ᠠ ᠦᠯᠡᠳᠡᠭᠰᠡᠨ ᠰᠠᠭᠤᠳᠬᠠᠯ ᠭᠠᠶᠢᠯᠢ ᠶᠢ ᠪᠤᠴᠠᠭᠠᠬᠤ ᠬᠡᠮᠵᠢᠶ᠎ᠠ ᠪᠠᠷᠤᠭ | 1.5 ᠲᠦᠮᠡᠨ ᠳ᠋ᠦᠩᠰᠢᠭᠤᠷ ᠲᠥᠭᠦᠷᠢᠭ ᠲᠤ ᠬᠦᠷᠬᠦ ᠪᠦᠭᠡᠳ ᠭᠠᠶᠢᠯᠢ ᠪᠤᠴᠠᠭᠠᠭᠰᠠᠨ ᠪᠡᠯᠡ ᠮᠥᠩᠭᠦ ᠶᠢ ᠪᠦᠭᠦᠳᠡ ᠶᠢ | ᠠᠵᠤ ᠠᠬᠤᠶᠢᠯᠠᠯ ᠳᠤ ᠰᠢᠭᠤᠳ ᠪᠠᠭᠤᠯᠭᠠᠨ᠎ᠠ᠃ ᠲᠥᠪ ᠤᠨ ᠡᠳ᠋ ᠤᠨ ᠵᠠᠰᠠᠭ ᠠᠴᠠ ᠣᠷᠣᠨ ᠨᠤᠲᠤᠭ ᠲᠤ | ᠦᠵᠡᠭᠦᠯᠬᠦ ᠡᠳ᠋ ᠤᠨ ᠬᠦᠴᠦᠨ ᠤ ᠳᠡᠮᠵᠢᠯᠭᠡ ᠪᠠᠨ ᠨᠡᠮᠡᠭᠳᠡᠭᠦᠯᠵᠦ᠂ ᠨᠦᠬᠦᠪᠦᠷᠢ ᠪᠡᠯᠡ ᠮᠦᠩᠬᠦ ᠶᠢ ᠬᠤᠳᠠ | ᠰᠢᠶᠠᠨ ᠳᠤ ᠰᠢᠭᠤᠳ ᠪᠠᠭᠤᠯᠭᠠᠨ᠂ ᠣᠷᠣᠨ ᠨᠤᠲᠤᠭ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠢᠨ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠪᠡᠯᠡ ᠮᠥᠩᠭᠦ ᠶᠢᠨ | ᠲᠣᠬᠢᠷᠠᠭᠤᠯᠤᠯᠲᠠ ᠪᠠᠨ ᠴᠢᠩᠭᠠᠳᠬᠠᠨ᠂ ᠭᠠᠶᠢᠯᠢ ᠪᠤᠴᠠᠭᠠᠵᠤ ᠭᠠᠶᠢᠯᠢ ᠬᠥᠩᠭᠡᠯᠡᠬᠦ ᠡᠨᠡ ᠬᠦ ᠵᠠᠩᠭᠢᠯᠠᠭ᠎ᠠ ᠶᠢᠨ | ᠴᠢᠨᠠᠷᠲᠠᠶ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠠᠵᠤ ᠠᠬᠤᠶᠢᠯᠠᠯ ᠢ | ᠬᠥᠴᠢᠷ ᠵᠣᠪᠠᠯᠠᠩ ᠲᠠᠢ ᠥᠶ᠎ᠠ ᠳᠤᠨᠢ ᠲᠣᠰᠠᠯᠠᠨ᠂ ᠠᠵᠤ ᠠᠬᠤᠶᠢᠯᠠᠯ ᠳᠤ ᠬᠠᠪᠰᠤᠷᠤᠨ ᠠᠮᠢᠵᠢᠷᠠᠯ ᠤᠨ | ᠬᠦᠴᠦᠨ ᠢ ᠨᠢ ᠪᠠᠳᠠᠷᠠᠭᠤᠯᠬᠤ ᠬᠡᠷᠡᠭᠲᠡᠶ᠃ | ᠪᠣᠳᠠᠲᠤ ᠴᠣᠭᠴᠠ ᠶᠢᠨ ᠠᠵᠤ ᠠᠬᠤᠶ ᠳᠤ ᠦᠵᠡᠭᠦᠯᠬᠦ ᠮᠥᠩᠭᠦᠨ ᠭᠦᠢᠯᠭᠡᠭᠡᠨ ᠤ ᠪᠦᠲᠦᠮᠵᠢᠲᠡᠶ ᠳᠡᠮᠵᠢᠯᠭᠡ ᠶᠢ | ᠴᠢᠩᠭᠠᠳᠬᠠᠨ᠎ᠠ᠃ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠵᠢᠭᠡᠯᠡᠯᠭᠡ ᠶᠢᠨ ᠳᠡᠮᠵᠢᠯᠭᠡ ᠶᠢᠨ ᠪᠠᠭᠠᠵᠢ ᠶᠢ ᠰᠠᠶᠢᠲᠤᠷ | ᠬᠡᠷᠡᠭᠯᠡᠨ᠂ ᠲᠠᠷᠢᠶᠠᠯᠠᠩ ᠢ ᠲᠡᠮᠵᠢᠵᠦ ᠵᠢᠵᠢᠭ ᠪᠢᠴᠢᠯ ᠠᠵᠦ ᠠᠬᠤᠶᠢᠯᠡᠯ ᠢ ᠲᠡᠮᠵᠢᠬᠦ ᠳᠠᠬᠢᠨ ᠵᠢᠭᠡᠯᠡᠯᠭᠡ ᠶᠢ | ᠨᠡᠮᠡᠭᠳᠡᠭᠦᠯᠵᠦ᠂ ᠬᠢᠨᠠᠯᠳᠠ ᠬᠠᠮᠢᠶᠠᠷᠤᠯᠳᠠ ᠬᠢᠨᠠᠨ ᠰᠢᠯᠭᠠᠯᠳᠠ ᠶᠢ ᠰᠢᠯᠢᠳᠡᠭᠵᠢᠭᠦᠯᠦᠨ᠂ ᠲᠦᠭᠡᠮᠡᠯ ᠬᠠᠷᠠᠭᠠᠯᠵᠠᠯᠲᠤ | ᠵᠢᠵᠢᠭ ᠪᠢᠴᠢᠯ ᠵᠢᠭᠡᠯᠡᠯᠭᠡ ᠶᠢ ᠢᠯᠡᠳᠲᠡ ᠨᠡᠮᠡᠭᠳᠡᠬᠦᠯᠬᠦ᠂ ᠢᠲᠡᠭᠡᠮᠵᠢᠲᠦ ᠵᠢᠭᠡᠯᠡᠯᠭᠡ ᠪᠠ ᠠᠩᠬ᠎ᠠ ᠵᠢᠭᠡᠯᠡᠯᠭᠡ ᠠᠪᠬᠤ | ᠡᠷᠦᠬᠡ ᠶᠢᠨ ᠬᠤᠪᠢ ᠶᠢᠨ ᠵᠢᠩ ᠢ ᠦᠷᠭᠦᠯᠵᠢᠯᠡᠨ ᠳᠡᠭᠡᠭᠰᠢᠯᠡᠭᠦᠯᠬᠦ ᠶᠢ ᠠᠬᠢᠭᠤᠯᠤᠨ᠎ᠠ᠃ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠢᠲᠡᠭᠡᠮᠵᠢᠲᠦ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ | ᠣᠨᠣᠪᠴᠢᠲᠠᠶ ᠡᠵᠡᠮᠰᠢᠭᠦᠯᠵᠦ᠂ ᠬᠢᠵᠢᠭ ᠲᠤ ᠬᠦᠨᠳᠦ ᠨᠣᠴᠢᠲᠠᠶ ᠨᠥᠯᠥᠭᠡᠯᠡᠭᠳᠡᠭᠰᠡᠨ ᠠᠵᠢᠯ ᠲᠥᠷᠥᠯ ᠤᠨ ᠠᠵᠤ | ᠠᠬᠤᠶᠢᠯᠠᠯ ᠳᠤ ᠦᠷᠭᠦᠯᠵᠢᠯᠡᠨ ᠪᠡᠯᠡ ᠲᠣᠬᠢᠷᠠᠭᠤᠯᠭ᠎ᠠ ᠶᠢᠨ ᠳᠡᠮᠵᠢᠯᠭᠡ ᠦᠵᠡᠭᠦᠯᠵᠦ᠂ ᠠᠵᠢᠯ ᠲᠥᠷᠥᠯ ᠤᠨ ᠴᠢᠨᠠᠷᠲᠠᠶ | ᠵᠢᠭᠡᠯᠡᠯᠭᠡ ᠶᠢ ᠬᠢᠵᠠᠭᠠᠷᠯᠠᠬᠤ᠂ ᠵᠢᠭᠡᠯᠡᠯᠭᠡ ᠪᠠᠨ ᠲᠠᠲᠠᠵᠤ ᠠᠪᠬᠤ ᠪᠠ ᠵᠢᠭᠡᠯᠡᠯᠭᠡ ᠦᠭᠬᠦ ᠪᠠᠨ ᠵᠤᠭᠰᠤᠭᠠᠬᠤ ᠦᠵᠡᠭᠳᠡᠯ | ᠭᠠᠷᠬᠤ ᠠᠴᠠ ᠵᠠᠶᠢᠯᠠᠰᠭᠢᠨ᠎ᠡ᠃ ᠲᠦᠷᠦ ᠶᠢᠨ ᠪᠤᠳᠤᠯᠭ᠎ᠠ ᠶᠢᠨ ᠴᠢᠨᠠᠷᠲᠠᠶ᠂ ᠨᠡᠭᠡᠭᠡᠨ ᠬᠥᠭᠵᠢᠭᠦᠯᠬᠦ ᠴᠢᠨᠠᠷᠲᠠᠶ ᠮᠥᠩᠭᠦᠨ | ᠭᠦᠢᠯᠭᠡᠭᠡᠨ ᠤ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃ ᠠᠵᠤ ᠠᠬᠤᠶᠢᠯᠠᠯ ᠳᠤ ᠬᠤᠯᠪᠣᠭᠳᠠᠭᠰᠠᠨ ᠢᠲᠡᠭᠡᠮᠵᠢ ᠶᠢᠨ | ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠠᠬᠢᠭᠤᠯᠵᠤ᠂ ᠭᠠᠶᠢᠯᠢ ᠶᠢᠨ ᠶᠠᠪᠤᠳᠠᠯ᠂ ᠪᠣᠭᠤᠮᠲᠠ᠂ ᠴᠠᠬᠢᠯᠭᠠᠨ | ᠬᠦᠴᠦᠨ ᠵᠡᠷᠭᠡ ᠨᠢᠭᠡᠴᠢ ᠪᠣᠯᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠮᠡᠳᠡᠭᠡ ᠵᠠᠩᠭᠢ ᠶᠢ ᠬᠤᠯᠪᠣᠨ | ᠨᠡᠪᠲᠡᠷᠡᠭᠦᠯᠬᠦ ᠶᠢ ᠲᠦᠷᠭᠡᠳᠭᠡᠨ᠂ ᠵᠠᠰᠠᠭ ᠤᠨ ᠣᠷᠳᠣᠨ ᠤ ᠴᠢᠨᠠᠷᠲᠠᠶ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ | ᠵᠢᠵᠢᠭ ᠪᠢᠴᠢᠯ ᠠᠵᠤ ᠠᠬᠤᠶᠢᠯᠠᠯ ᠢ ᠬᠠᠮᠤᠷᠬᠤ ᠬᠡᠪᠴᠢᠶ᠎ᠡ ᠶᠢ ᠥᠷᠭᠡᠳᠭᠡᠵᠦ᠂ ᠪᠡᠯᠡ ᠲᠣᠬᠢᠷᠠᠭᠤᠯᠭ᠎ᠠ ᠶᠢᠨ ᠰᠠᠶᠢᠨ | ᠰᠠᠶᠢᠬᠠᠨ ᠠᠮᠢ ᠠᠬᠤᠶ ᠶᠢ ᠴᠢᠷᠮᠠᠶᠢᠨ ᠪᠤᠢ ᠪᠣᠯᠭᠠᠵᠤ᠂ ᠪᠤᠳᠠᠳᠤ ᠴᠤᠭᠴᠠ ᠶᠢᠨ ᠠᠵᠤ ᠠᠬᠤᠶᠢᠯᠠᠯ ᠢᠯᠠᠩᠭᠤᠶ᠎ᠠ | ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ | ᠠᠵᠢᠯ ᠢ ᠤᠯᠠᠮ ᠨᠢᠭᠡ ᠠᠯᠬᠤᠮ ᠠᠬᠢᠭᠤᠯᠤᠨ᠎ᠠ᠃ | ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠬᠤ ᠶᠢ | ᠠᠬᠢᠭᠤᠯᠤᠨ᠎ᠠ᠃ ᠴᠠᠬᠢᠯᠭᠠᠨ ᠰᠢᠯᠵᠢᠭᠦᠯᠦᠨ ᠬᠠᠩᠭᠠᠬᠤ ᠭᠤᠭᠴᠣᠭᠠᠨ ᠳᠠᠬᠢ ᠵᠦᠢ ᠵᠣᠬᠢᠰ ᠦᠭᠡᠢ ᠪᠠᠷ ᠦᠨ᠎ᠡ | ᠨᠡᠮᠡᠬᠦ ᠶᠢ ᠢᠯᠭᠠᠷᠠᠭᠤᠯᠦᠨ ᠲᠢᠭᠯᠡᠵᠦ᠂ ᠣᠷᠣᠨ ᠨᠤᠲᠤᠭ ᠤᠨ ᠬᠢᠨ ᠤ ᠣᠨᠴᠠᠭᠠᠶ ᠬᠦᠴᠢᠷᠳᠡᠯ ᠲᠠᠢ ᠠᠵᠢᠯ | ᠲᠥᠷᠥᠯ ᠤᠨ ᠴᠠᠬᠢᠯᠭᠠᠨ ᠬᠡᠷᠡᠭᠯᠡᠬᠦ ᠳᠤ ᠱᠠᠲᠤ ᠦᠶᠡᠴᠢ ᠴᠢᠨᠠᠷᠲᠠᠶ ᠬᠠᠷᠠᠭᠠᠯᠵᠠᠯ ᠤᠨ ᠲᠥᠷᠥ ᠶᠢᠨ ᠪᠣᠳᠣᠯᠭ᠎ᠠ | ᠬᠡᠷᠡᠭᠵᠢᠭᠦᠯᠬᠦ ᠶᠢ ᠳᠠᠮᠵᠢᠨ᠎ᠠ᠃ ᠲᠣᠮᠣ ᠬᠡᠯᠪᠡᠷᠢ ᠶᠢᠨ ᠲᠠᠪᠴᠠᠩ ᠤᠨ ᠠᠵᠤ ᠠᠬᠤᠶᠢᠯᠠᠯ ᠢ ᠬᠥᠲᠥᠯᠥᠨ ᠵᠢᠯᠣᠭᠤᠳᠴᠤ | ᠰᠦᠢᠳᠭᠡᠯ ᠬᠤᠷᠢᠶᠠᠯᠲᠠ ᠶᠢ ᠨᠢ ᠪᠠᠭᠤᠷᠠᠭᠤᠯᠤᠨ᠂ ᠳᠤᠮᠳᠠ ᠵᠢᠵᠢᠭ ᠬᠤᠳᠠᠯᠳᠤᠭᠠᠨ ᠤ ᠡᠷᠤᠭᠡ ᠶᠢᠨ ᠳᠠᠷᠤᠭᠠᠰᠤ ᠶᠢ | ᠬᠥᠩᠭᠡᠷᠡᠭᠦᠯᠦᠨ᠎ᠡ᠃ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ᠂ ᠵᠠᠭᠤᠴᠢ ᠪᠠᠶᠢᠭᠤᠯᠤᠮᠵᠢ | ᠵᠡᠷᠭᠡ ᠶᠢᠨ ᠰᠦᠢᠳᠭᠡᠯ ᠬᠤᠷᠢᠶᠠᠯᠲᠠ ᠶᠢ ᠤᠯᠠᠮ ᠨᠢᠭᠡ ᠠᠯᠬᠤᠮ ᠡᠮᠬᠢᠯᠡᠨ ᠵᠢᠷᠤᠮᠵᠢᠭᠤᠯᠤᠨ᠎ᠠ᠃ ᠠᠵᠤ | ᠠᠬᠤᠶᠢᠯᠠᠯ ᠳᠤ ᠬᠤᠯᠪᠣᠭᠳᠠᠭᠰᠠᠨ ᠲᠣᠭᠲᠠᠭᠠᠯ ᠠᠴᠠ ᠵᠥᠷᠢᠴᠡᠭᠰᠡᠨ ᠰᠦᠢᠳᠭᠡᠯ ᠬᠤᠷᠢᠶᠠᠯᠲᠠ ᠳᠤ ᠲᠤᠰᠬᠠᠶ | ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠦᠨ᠂ ᠬᠠᠮᠵᠢᠯᠴᠠᠨ ᠵᠠᠰᠠᠬᠤ ᠪᠠ ᠬᠠᠮᠲᠤᠷᠠᠨ ᠵᠠᠯᠬᠠᠭᠠᠨ ᠴᠡᠭᠡᠷᠯᠡᠭᠦᠯᠬᠦ | ᠲᠣᠭᠲᠠᠴᠠ ᠶᠢ ᠪᠠᠶᠢᠭᠤᠯᠵᠤ᠂ ᠳᠤᠷ᠎ᠠ ᠪᠠᠷ ᠢᠶᠠᠨ ᠰᠦᠢᠳᠭᠡᠯ ᠬᠤᠷᠢᠶᠠᠬᠤ᠂ ᠳᠤᠷ᠎ᠠ ᠪᠠᠷ ᠢᠶᠠᠨ ᠵᠣᠭᠤᠰ ᠢᠶᠠᠷ | ᠲᠣᠷᠭᠠᠬᠤ᠂ ᠳᠤᠷ᠎ᠠ ᠪᠠᠷ ᠢᠶᠠᠨ ᠲᠡᠰᠭᠡᠨ ᠲᠠᠲᠠᠪᠤᠷᠢᠯᠠᠬᠤ ᠶᠢ ᠡᠷᠡᠰ ᠪᠠᠶᠢᠴᠠᠭᠠᠨ ᠰᠢᠢᠳᠪᠦᠷᠢᠯᠡᠨ᠎ᠡ᠃ ᠳᠤᠮᠳᠠ ᠵᠢᠵᠢᠭ | ᠠᠵᠤ ᠠᠬᠤᠶᠢᠯᠠᠯ ᠤᠨ ᠠᠪᠴᠠᠭᠠᠨ ᠤ ᠵᠤᠭᠤᠰ ᠢ ᠥᠷᠢᠲᠦᠬᠦ ᠶᠢ ᠢᠯᠭᠠᠷᠠᠭᠤᠯᠤᠨ ᠲᠢᠭᠯᠡᠬᠦ ᠡᠷᠴᠢᠮ ᠢ | ᠴᠢᠩᠭᠠᠷᠠᠭᠤᠯᠤᠨ᠂ ᠬᠤᠳᠠᠯᠳᠤᠭᠠᠨ ᠤ ᠭᠤᠪᠢᠭᠤᠯᠭ᠎ᠠ ᠳᠠᠭᠠᠭᠠᠬᠤ ᠭᠤᠪᠢᠭᠤᠯᠭ᠎ᠠ ᠶᠢᠨ ᠬᠠᠭᠤᠳᠠᠰᠤ ᠶᠢᠨ | ᠬᠡᠷᠡᠭᠯᠡᠯᠲᠡ ᠶᠢ ᠵᠢᠷᠤᠮᠵᠢᠭᠤᠯᠬᠤ ᠬᠡᠷᠡᠭᠲᠡᠢ᠂ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ ᠪᠣᠯᠤᠨ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠳ ᠲᠦᠷᠦᠭᠦᠯᠡᠨ ᠥᠷᠢ ᠦᠭᠴᠡᠭᠡ ᠪᠠᠨ ᠢᠯᠭᠠᠷᠠᠭᠤᠯᠤᠨ ᠲᠦᠯᠦᠭᠦ ᠬᠡᠷᠡᠭᠲᠡᠶ᠃ | ᠢᠳᠡᠭᠡᠨ ᠤᠮᠳᠠᠭᠠᠨ᠂ ᠬᠤᠨᠤᠭ ᠪᠠᠭᠤᠳᠠᠯ᠂ ᠵᠢᠵᠢᠭᠯᠡᠨ ᠬᠤᠳᠠᠯᠳᠤᠬᠤ᠂ ᠵᠢᠭᠤᠯᠴᠢᠯᠠᠯ᠂ ᠠᠶᠠᠨᠴᠢᠳ ᠤᠨ ᠲᠡᠭᠡᠭᠡᠪᠦᠷᠢ | ᠵᠡᠷᠭᠡ ᠠᠵᠢᠯ ᠲᠥᠷᠥᠯ ᠤᠨ ᠠᠵᠢᠯ ᠣᠯᠭᠤᠯᠲᠠ ᠶᠢᠨ ᠪᠠᠭᠲᠠᠭᠠᠮᠵᠢ ᠶᠡᠭᠡ᠂ ᠬᠢᠵᠢᠭ ᠤᠨ ᠨᠥᠯᠥᠭᠡ ᠬᠦᠨᠳᠦ ᠪᠤᠯᠬᠤᠷ | ᠡᠯ᠎ᠡ ᠵᠦᠢᠯ ᠤᠨ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠲᠡᠳᠡᠨ ᠤ ᠲᠡᠶᠢᠰᠢ ᠬᠡᠯᠪᠠᠶᠢᠯᠭᠡᠵᠦ᠂ ᠡᠳᠡᠭᠡᠷ | ᠠᠵᠢᠯ ᠲᠥᠷᠥᠯ ᠤᠨ ᠠᠵᠤ ᠠᠬᠤᠶᠢᠯᠠᠯ ᠤᠨ ᠬᠦᠴᠢᠷ ᠢ ᠳᠠᠪᠠᠵᠤ ᠪᠡᠷᠬᠡᠰᠢᠶᠡᠯ ᠢ ᠲᠤᠭᠤᠯᠬᠤ ᠪᠠ ᠳᠠᠪᠰᠢᠬᠤ | ᠬᠠᠷᠠᠯᠲᠠ ᠲᠠᠢ ᠪᠤᠯᠬᠤ ᠶᠢ ᠳᠡᠮᠵᠢᠬᠦ ᠬᠡᠷᠡᠭᠲᠡᠶ᠃ | ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠠᠷᠭ᠎ᠠ ᠬᠡᠮᠵᠢᠶ᠎ᠡ ᠶᠢ ᠪᠤᠳᠠᠳᠠᠢ ᠪᠦᠭᠡᠳ ᠨᠠᠷᠢᠯᠢᠭ | ᠨᠠᠶᠢᠳᠠᠪᠤᠷᠢᠵᠢᠭᠤᠯᠤᠨ᠎ᠠ᠃ ᠠᠵᠢᠯ ᠠᠯᠳᠠᠯᠲᠠ ᠪᠠ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ | ᠵᠠᠷᠤᠳᠠᠯ ᠤᠨ ᠨᠤᠷᠮ᠎ᠠ ᠶᠢ ᠪᠠᠭᠤᠷᠠᠭᠤᠯᠬᠤ ᠵᠡᠷᠭᠡ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠱᠠᠳᠤ ᠦᠶᠡᠴᠢ | ᠴᠢᠨᠠᠷᠲᠠᠶ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ᠃ ᠠᠵᠢᠯᠲᠠᠨ ᠢᠶᠠᠨ ᠬᠠᠰᠤᠬᠰᠠᠨ ᠦᠭᠡᠢ | ᠪᠤᠶᠤ ᠠᠵᠢᠯᠳᠠᠨ ᠢᠶᠠᠨ ᠴᠦᠭᠡᠨ ᠬᠠᠰᠤᠬᠰᠠᠨ ᠠᠵᠤ ᠠᠬᠤᠶᠢᠯᠠᠯ ᠳᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ | ᠠᠵᠢᠯ ᠠᠯᠳᠠᠯᠲᠠ ᠶᠢᠨ ᠳᠠᠭᠠᠳᠬᠠᠯ ᠢ ᠪᠤᠴᠠᠭᠠᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ | ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠪᠤᠴᠠᠭᠠᠬᠤ ᠬᠠᠷᠢᠴᠠᠯ ᠢ ᠢᠯᠡᠳᠲᠡ ᠳᠡᠭᠡᠭᠰᠢᠯᠡᠭᠦᠯᠦᠨ᠎ᠡ᠃ ᠡᠨᠡ | ᠵᠢᠯ ᠤᠨ ᠶᠡᠭᠡ ᠳᠡᠭᠡᠳᠦ ᠰᠤᠷᠭᠠᠭᠤᠯᠢ ᠲᠡᠭᠦᠰᠭᠦ ᠰᠤᠷᠤᠭᠴᠢᠳ 1000 ᠲᠦᠮᠡᠨ ᠬᠥᠮᠦᠨ ᠢ ᠳᠠᠪᠠᠭ᠋ᠤ ᠪᠤᠯᠬᠤᠷ | ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠵᠢᠯᠤᠭᠤᠳᠤᠯᠭ᠎ᠠ᠂ ᠲᠦᠷᠦ ᠶᠢᠨ ᠪᠤᠳᠤᠯᠭ᠎ᠠ ᠶᠢᠨ ᠳᠡᠮᠵᠢᠯᠭᠡ ᠪᠠ | ᠲᠠᠰᠤᠯᠳᠠᠯ ᠦᠭᠡᠢ ᠦᠢᠯᠡᠴᠢᠯᠡᠬᠦ ᠦᠢᠯᠡᠴᠢᠯᠡᠭᠡ ᠪᠠᠨ ᠴᠢᠩᠭᠠᠳᠬᠠᠬᠤ ᠬᠡᠷᠡᠭᠲᠡᠶ᠃ ᠴᠡᠷᠢᠭ ᠤᠨ ᠠᠯᠪᠠ ᠠᠴᠠ | ᠪᠠᠭᠤᠭᠰᠠᠳ ᠢ ᠲᠥᠪᠬᠢᠨᠡᠭᠦᠯᠬᠦ ᠪᠠ ᠠᠵᠢᠯ ᠣᠯᠭᠤᠬᠤ ᠪᠠᠲᠤᠯᠠᠭ᠎ᠠ ᠶᠢ ᠰᠠᠶᠢᠲᠤᠷ ᠬᠢᠵᠦ᠂ ᠬᠥᠯᠥᠰᠥᠨ ᠠᠵᠢᠯᠴᠢᠨ ᠳᠤ | ᠠᠵᠢᠯ ᠣᠯᠭᠤᠬᠤ ᠶᠢ ᠠᠬᠢᠭᠤᠯᠵᠤ᠂ ᠵᠡᠮᠳᠡᠭᠴᠦᠳ ᠪᠠ ᠠᠵᠢᠯ ᠣᠯᠤᠭᠰᠠᠨ ᠬᠥᠮᠦᠨ ᠦᠭᠡᠢ ᠭᠡᠷ ᠪᠦᠯᠢ ᠶᠢᠨ | ᠪᠦᠷᠢᠯᠳᠦᠬᠦᠨ ᠢ ᠬᠠᠪᠰᠤᠷᠤᠨ ᠲᠡᠳᠬᠦᠵᠦ ᠠᠵᠢᠯ ᠣᠯᠭᠤᠨ᠎ᠠ᠃ ᠪᠥᠬᠦᠳᠡ ᠤᠯᠠᠨ ᠢᠶᠠᠷ ᠢᠶᠠᠨ ᠠᠳᠠᠯ ᠦᠢᠯᠡᠰ | ᠴᠣᠭᠴᠠᠯᠠᠵᠤ ᠲᠦᠮᠡᠨ ᠤᠯᠠᠨ ᠢᠶᠠᠷ ᠢᠶᠠᠨ ᠰᠢᠨ᠎ᠡ ᠶᠢ ᠡᠭᠦᠳᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠠᠳᠠᠯ | ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠲᠠᠪᠴᠠᠩ ᠤᠨ ᠦᠢᠯᠡᠴᠢᠯᠡᠭᠡᠨ ᠤ ᠴᠢᠳᠠᠪᠤᠷᠢ ᠶᠢ ᠴᠢᠩᠭᠠᠷᠠᠭᠤᠯᠤᠨ᠎ᠠ᠃ | ᠠᠮᠢᠳᠤᠯᠢᠭ ᠠᠵᠢᠯ ᠤᠯᠭᠤᠯᠳᠠ ᠶᠢᠨ ᠦᠢᠯᠡᠴᠢᠯᠡᠭᠡ ᠶᠢ ᠴᠢᠩᠭᠠᠳᠬᠠᠨ᠂ ᠠᠮᠢᠳᠤᠯᠢᠭ ᠠᠵᠢᠯ ᠣᠯᠭᠤᠯᠲᠠ ᠶᠢᠨ | ᠨᠡᠶᠢᠭᠡᠮ ᠤᠨ ᠪᠠᠲᠤᠯᠠᠭ᠎ᠠ ᠶᠢᠨ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ᠰᠢᠨ᠎ᠡ ᠠᠵᠢᠯ ᠣᠯᠭᠤᠯᠲᠠ ᠶᠢᠨ | ᠬᠡᠯᠪᠡᠷᠢ ᠪᠠᠶᠢᠳᠠᠯ ᠤᠨ ᠠᠵᠢᠯ ᠮᠡᠷᠭᠡᠵᠢᠯ ᠤᠨ ᠬᠦᠨᠦᠬᠡᠯ ᠤᠨ ᠪᠠᠲᠤᠯᠠᠭ᠎ᠠ ᠶᠢᠨ ᠲᠤᠷᠰᠢᠯᠲᠠ ᠶᠢ ᠥᠷᠨᠢᠭᠦᠯᠦᠨ᠎ᠡ᠃ | ᠬᠦᠢᠰᠦ᠂ ᠨᠠᠰᠤ ᠵᠢᠯ᠂ ᠰᠤᠷᠤᠯᠭ᠎ᠠ ᠶᠢᠨ ᠨᠠᠮᠳᠠᠷ ᠵᠡᠷᠭᠡ ᠠᠵᠢᠯ ᠣᠯᠭᠤᠯᠲᠠ ᠶᠢᠨ ᠭᠠᠳᠠᠭᠤᠷᠴᠢᠯᠠᠯ ᠢ ᠡᠷᠡᠰ | ᠰᠡᠷᠭᠡᠶᠢᠯᠡᠨ ᠵᠠᠯᠠᠷᠠᠭᠤᠯᠵᠤ᠂ ᠡᠷᠬᠡ ᠲᠡᠭᠰᠢ ᠠᠵᠢᠯ ᠤᠯᠭᠤᠯᠳᠠ ᠶᠢᠨ ᠤᠷᠴᠢᠨ ᠨᠦᠬᠦᠴᠡᠯ ᠢ ᠶᠡᠭᠡ ᠪᠠᠷ ᠪᠤᠢ | ᠪᠤᠯᠭᠠᠨ᠎ᠠ᠃ ᠬᠦᠳᠡᠯᠮᠦᠷᠢ ᠶᠢᠨ ᠪᠠᠳᠤᠯᠠᠭ᠎ᠠ ᠶᠢᠨ ᠬᠢᠨᠠᠨ ᠪᠠᠶᠢᠴᠠᠭᠠᠯᠳᠠ ᠶᠢᠨ ᠬᠠᠤᠯᠢ ᠬᠡᠷᠡᠭᠵᠢᠬᠦᠯᠦᠯᠳᠡ ᠶᠢ | ᠴᠢᠩᠭᠠᠳᠬᠠᠨ᠂ ᠬᠥᠳᠡᠯᠮᠦᠷᠢᠴᠢᠨ ᠤ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠬᠤ ᠲᠤᠪᠤᠶᠢᠮ᠎ᠠ ᠠᠰᠠᠭᠤᠳᠠᠯ ᠢ | ᠬᠦᠴᠦᠯᠡᠨ ᠰᠢᠢᠳᠪᠦᠷᠢᠯᠡᠨ᠎ᠡ᠃ ᠤᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠬᠠᠨᠳᠤᠯᠭᠠᠲᠤ | ᠴᠢᠨᠠᠷ ᠢ ᠴᠢᠩᠭᠠᠳᠬᠠᠨ᠎ᠠ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠶᠡᠭᠡ ᠬᠡᠪᠴᠢᠶᠡᠨ ᠤ ᠪᠣᠯᠪᠠᠰᠤᠷᠠᠭᠤᠯᠤᠯ ᠢ | ᠦᠷᠭᠦᠯᠵᠢᠯᠡᠨ ᠥᠷᠨᠢᠭᠦᠯᠵᠦ᠂ ᠨᠢᠭᠡ ᠪᠦᠯᠦᠭ ᠣᠯᠠᠨ ᠨᠡᠶᠢᠲᠡ ᠶᠢᠨ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ | ᠭᠠᠵᠠᠷ ᠢ ᠬᠠᠮᠲᠤ ᠪᠠᠷ ᠪᠠᠶᠢᠭᠤᠯᠤᠨ ᠬᠠᠮᠲᠤ ᠪᠠᠷ ᠡᠳ᠋ᠯᠡᠨ᠎ᠡ᠃ ᠠᠵᠢᠯ ᠠᠯᠳᠠᠭᠰᠠᠳ ᠤᠨ ᠳᠠᠭᠠᠳᠬᠠᠯ ᠤᠨ ᠰᠠᠭᠤᠷᠢ | ᠮᠥᠩᠭᠦ ᠶᠢ 1000 ᠳ᠋ᠦᠩᠰᠢᠭᠤᠷ ᠲᠥᠭᠦᠷᠢᠭ ᠬᠡᠷᠡᠭᠯᠡᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠠ | ᠪᠣᠯᠪᠠᠰᠤᠷᠠᠭᠤᠯᠬᠤ ᠶᠢ ᠳᠠᠮᠵᠢᠵᠤ᠂ ᠦᠢᠯᠡᠳᠬᠦ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠪᠠᠴᠢᠮ ᠬᠡᠷᠡᠭᠰᠡᠬᠦ | ᠴᠢᠳᠠᠪᠤᠷᠢᠲᠠᠨ ᠢ ᠲᠦᠷᠭᠡᠯᠡᠨ ᠬᠥᠮᠦᠵᠢᠭᠦᠯᠵᠦ᠂ ᠨᠠᠩ ᠣᠯᠠᠨ ᠬᠥᠳᠡᠯᠮᠦᠷᠢᠴᠢᠨ ᠳᠤ ᠨᠢᠭᠡ ᠵᠦᠢᠯ ᠤᠨ ᠤᠷ᠎ᠠ ᠮᠡᠷᠭᠡᠵᠢᠯ | ᠡᠵᠡᠮᠰᠢᠭᠦᠯᠵᠦ᠂ ᠠᠵᠢᠯ ᠲᠦᠷᠦᠯ ᠪᠦᠬᠦᠨ ᠢ ᠴᠦᠮ ᠴᠢᠳᠠᠪᠤᠷᠢᠳᠠᠨ ᠲᠠᠰᠤᠷᠠᠯᠲᠠ ᠦᠭᠡᠢ ᠴᠤᠯᠭᠤᠷᠠᠨ ᠭᠠᠷᠬᠤ | ᠪᠤᠯᠭᠠᠨ᠎ᠠ᠃ | ︵ᠭᠤᠷᠪᠠ︶ ᠥᠭᠡᠷᠡᠴᠢᠯᠡᠯᠲᠡ ᠶᠢ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ | ᠠᠮᠢᠵᠢᠷᠠᠯ ᠤᠨ ᠬᠦᠴᠦᠨ ᠪᠠ ᠬᠥᠭᠵᠢᠯᠲᠡ ᠶᠢᠨ ᠳᠣᠲᠣᠭᠠᠳᠤ ᠬᠥᠳᠡᠯᠭᠡᠭᠴᠢ ᠬᠦᠴᠦᠨ ᠢ ᠨᠡᠩ ᠶᠡᠭᠡ ᠪᠠᠷ | ᠬᠥᠭᠵᠢᠭᠡᠨ᠎ᠡ᠃ ᠵᠠᠰᠠᠭ ᠤᠨ ᠣᠷᠳᠣᠨ ᠪᠣᠯᠤᠨ ᠵᠠᠬ᠎ᠠ ᠳᠡᠯᠭᠡᠭᠦᠷ ᠤᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠨ᠂ | ᠵᠠᠬ᠎ᠠ ᠳᠡᠯᠭᠡᠭᠦᠷ ᠢ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠳᠤᠮᠳᠠ ᠰᠢᠢᠳᠪᠦᠷᠢᠯᠡᠭᠴᠢ ᠴᠢᠨᠠᠷᠲᠠᠢ ᠦᠢᠯᠡᠳᠦᠯ | ᠭᠠᠷᠭᠠᠭᠤᠯᠵᠤ᠂ ᠵᠠᠰᠠᠭ ᠤᠨ ᠤᠷᠳᠤᠨ ᠤ ᠦᠢᠯᠡᠳᠦᠯ ᠢ ᠨᠡᠩ ᠰᠠᠶᠢᠳᠤᠷ ᠪᠠᠳᠠᠷᠠᠭᠤᠯᠵᠤ᠂ ᠥᠨᠳᠥᠷ ᠲᠦᠪᠰᠢᠨ ᠤ | ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠪᠠᠶᠢᠭᠤᠯᠤᠯ ᠢ ᠪᠠᠶᠢᠭᠤᠯᠤᠨ᠎ᠠ᠃ | ᠵᠠᠰᠠᠭ ᠤᠨ ᠣᠷᠳᠣᠨ ᠤ ᠡᠬᠦᠷᠭᠡ ᠴᠢᠳᠠᠪᠤᠷᠢ ᠶᠢ ᠲᠦᠷᠭᠡᠯᠡᠨ ᠬᠤᠪᠢᠷᠠᠭᠤᠯᠤᠨ᠎ᠠ᠃ ᠥᠨᠳᠥᠷ ᠪᠠᠷᠢᠮᠵᠢᠶᠠᠲᠤ | ᠵᠠᠬ᠎ᠠ ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠡᠯᠧᠮᠧᠨ᠋ᠲ ᠢ ᠵᠠᠬ᠎ᠠ ᠳᠡᠯᠭᠡᠭᠦᠷᠴᠢᠯᠡᠨ | ᠲᠣᠬᠢᠷᠠᠭᠤᠯᠬᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢ ᠰᠠᠶᠢᠲᠤᠷ ᠠᠳᠬᠤᠵᠤ᠂ ᠪᠦᠬᠦ ᠤᠯᠤᠰ ᠤᠨ | ᠨᠢᠭᠡᠳᠦᠯᠲᠡᠶ ᠲᠤᠮᠤ ᠵᠠᠬ᠎ᠠ ᠳᠡᠯᠭᠡᠭᠦᠷ ᠢ ᠲᠦᠷᠭᠡᠯᠡᠨ ᠪᠠᠶᠢᠭᠤᠯᠤᠨ᠎ᠠ᠃ ᠵᠠᠬ᠎ᠠ ᠳᠡᠯᠭᠡᠭᠦᠷᠴᠢᠯᠡᠭᠰᠡᠨ ᠬᠠᠤᠯᠢ ᠪᠠᠷ | ᠵᠠᠰᠠᠬᠰᠠᠨ ᠣᠯᠠᠨ ᠤᠯᠤᠰᠴᠢᠯᠠᠭᠰᠠᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠪᠠᠶᠢᠭᠤᠯᠬᠤ ᠲᠠᠢ | ᠤᠶᠠᠯᠳᠤᠭᠤᠯᠤᠨ ︽ᠪᠠᠭᠤᠯᠭᠠᠬᠤ ᠤᠶᠠᠯᠳᠤᠭᠤᠯᠬᠤ ᠰᠢᠯᠢᠳᠡᠭᠵᠢᠭᠦᠯᠬᠦ︾ ᠥᠭᠡᠷᠡᠴᠢᠯᠡᠯᠲᠡ ᠶᠢ ᠦᠷᠭᠦᠯᠵᠢᠯᠡᠨ | ᠠᠬᠢᠭᠤᠯᠵᠤ᠂ ᠬᠦᠴᠦᠨ ᠥᠬᠡᠶ ᠪᠣᠯᠭᠠᠬᠤ ᠪᠠ ᠳᠣᠷᠣᠭᠰᠢ ᠪᠠᠭᠤᠯᠭᠠᠬᠤ ᠬᠢᠨᠠᠨ ᠵᠥᠪᠰᠢᠶᠡᠷᠡᠬᠦ ᠵᠦᠢᠯᠡᠰ ᠲᠤ ᠬᠢᠨᠠᠯᠲᠠ | ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠠᠷᠭ᠎ᠠ ᠬᠡᠮᠵᠢᠶ᠎ᠡ ᠶᠢ ᠵᠡᠷᠭᠡ ᠳᠤᠨᠢ ᠨᠠᠶᠢᠳᠠᠪᠤᠷᠢᠵᠢᠭᠤᠯᠤᠨ᠎ᠠ᠃ ᠵᠠᠬ᠎ᠠ | ᠳᠡᠯᠭᠡᠭᠦᠷ ᠲᠤ ᠣᠷᠣᠬᠤ ᠵᠥᠪᠰᠢᠶᠡᠷᠡᠯ ᠢ ᠦᠷᠭᠦᠯᠵᠢᠯᠡᠨ ᠥᠷᠭᠡᠳᠭᠡᠨ᠎ᠡ᠃ ᠵᠠᠰᠠᠭ ᠵᠠᠬᠢᠷᠭᠠᠨ ᠤ ᠵᠥᠪᠰᠢᠶᠡᠷᠡᠯ ᠤᠨ | ᠵᠦᠢᠯᠡᠰ ᠤᠨ ᠲᠣᠳᠣᠷᠬᠠᠶ ᠬᠠᠭᠤᠳᠠᠰᠤ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠳ᠋ᠢᠵᠢᠲ᠋ᠠᠯ | ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤ ᠪᠠᠷ | ᠡᠳ᠋ᠯᠡᠬᠦ ᠶᠢ ᠠᠬᠢᠭᠤᠯᠵᠤ᠂ ᠡᠯ᠎ᠡ ᠲᠥᠷᠥᠯ ᠤᠨ ᠭᠡᠷᠡᠴᠢᠯᠠᠯ ᠢ ᠤᠯᠠᠮ ᠨᠢᠭᠡ ᠠᠯᠬᠤᠮ ᠪᠠᠭᠠᠰᠬᠠᠵᠤ᠂ ︽ᠮᠤᠵᠢ | ᠠᠯᠤᠰᠯᠠᠨ ᠬᠦᠢᠴᠡᠳᠭᠡᠬᠦ︾ ᠬᠡᠪᠴᠢᠶ᠎ᠡ ᠶᠢ ᠥᠷᠭᠡᠳᠭᠡᠵᠦ᠂ ᠡᠯᠧᠺᠲᠷᠣᠨ ᠭᠡᠷᠡᠴᠢ ᠦᠨᠡᠮᠯᠡᠯ ᠤᠨ ᠬᠠᠷᠢᠯᠴᠠᠨ | ᠨᠡᠪᠲᠡᠷᠡᠵᠦ ᠬᠠᠷᠢᠯᠴᠠᠨ ᠮᠡᠳᠡᠷᠡᠬᠦ ᠶᠢ ᠦᠨᠳᠦᠰᠦᠨ ᠳᠡᠭᠡᠨ ᠪᠡᠶᠡᠯᠡᠭᠦᠯᠵᠦ᠂ ᠠᠵᠤ ᠠᠬᠤᠶᠢᠯᠠᠯ ᠤᠨ ᠣᠷᠣᠨ ᠪᠦᠰᠡ | ᠠᠯᠤᠰᠯᠠᠭᠰᠠᠨ ᠡᠵᠡᠩᠨᠡᠯᠲᠡ ᠳᠤ ᠳᠥᠭᠦᠮ ᠦᠵᠡᠭᠦᠯᠵᠦ᠂ ᠤᠯᠠᠨ ᠲᠦᠮᠡᠨ ᠤ ᠠᠩᠬᠠᠷᠴᠤ ᠪᠠᠶᠢᠭ᠎ᠠ ᠵᠦᠢᠯᠡᠰ ᠢ | ᠣᠨᠳᠣᠤ ᠭᠠᠵᠠᠷ ᠲᠤ ᠰᠢᠢᠳᠪᠦᠷᠢᠯᠡᠬᠦ ᠠᠰᠠᠭᠤᠳᠠᠯ ᠢ ᠲᠦᠷᠭᠡᠯᠡᠨ ᠰᠢᠢᠳᠪᠦᠷᠢᠯᠡᠨ᠎ᠡ᠃ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠢ ᠲᠥᠪᠯᠡᠷᠡᠭᠦᠯᠦᠨ ᠭᠦᠢᠴᠡᠳᠭᠡᠬᠦ ᠶᠢ ᠠᠬᠢᠭᠤᠯᠵᠤ᠂ ᠥᠯᠥ ᠬᠥᠳᠡᠯᠬᠦ ᠬᠥᠷᠥᠩᠭᠡ ᠶᠢᠨ | ᠳᠡᠩᠰᠡᠯᠡᠯᠳᠠ᠂ ᠲᠡᠷᠭᠡ ᠬᠥᠰᠭᠡ ᠶᠢᠨ ᠰᠢᠯᠭᠠᠨ ᠬᠡᠮᠵᠢᠯᠳᠠ ᠶᠢ ᠰᠢᠯᠢᠳᠡᠭᠵᠢᠬᠦᠯᠬᠦ ᠵᠡᠷᠭᠡ ᠠᠷᠠᠳ ᠲᠤ ᠲᠥᠬᠦᠮ | ᠦᠵᠡᠭᠦᠯᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠠ᠃ ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ ᠶᠢᠨ | ᠬᠠᠷᠢᠭᠤᠴᠠᠯᠭ᠎ᠠ ᠶᠢ ᠴᠢᠩᠭᠠᠳᠬᠠᠵᠤ᠂ ᠠᠵᠢᠯ ᠲᠥᠷᠥᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠂ ᠬᠠᠮᠢᠶ᠎ᠠ | ᠪᠦᠬᠦᠢ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠣᠷᠣᠨ ᠨᠤᠲᠤᠭ ᠤᠨ ᠵᠠᠰᠠᠭ ᠤᠨ | ᠣᠷᠳᠣᠨ ᠤ ᠬᠠᠷᠢᠶ᠎ᠠ ᠤᠷᠤᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠬᠢᠨᠠᠯᠲᠠ ᠬᠠᠮᠢᠶᠠᠷᠤᠯᠲᠠ ᠳᠤᠲᠠᠭᠳᠠᠬᠤ ᠶᠢ ᠰᠡᠷᠭᠡᠶᠢᠯᠡᠨ ᠬᠤᠷᠢᠭᠯᠠᠨ᠎ᠠ᠃ ᠪᠦᠬᠦ ᠲᠠᠯ᠎ᠠ ᠶᠢᠨ᠂ ᠣᠯᠠᠨ ᠳᠡᠰ | ᠳᠠᠪᠬᠤᠷᠭ᠎ᠠ ᠶᠢᠨ᠂ ᠪᠡᠶᠡᠳᠦᠴᠢᠯᠡᠭᠰᠡᠨ ᠬᠢᠨᠠᠯᠳᠠ ᠬᠠᠮᠢᠶᠠᠷᠤᠯᠳᠠ ᠶᠢᠨ ᠰᠢᠰᠲ᠋ᠧᠮ ᠢ ᠲᠦᠷᠭᠡᠯᠡᠨ ᠪᠠᠶᠢᠭᠤᠯᠵᠤ᠂ | ᠭᠡᠷᠡᠭ ᠠᠴᠠ ᠡᠮᠦᠨᠡᠬᠢ ᠭᠡᠷᠡᠭ ᠤᠨ ᠲᠤᠮᠳᠠᠬᠢ ᠪᠠ ᠭᠡᠷᠡᠭ ᠤᠨ ᠳᠠᠷᠠᠭᠠᠬᠢ ᠪᠥᠬᠦ ᠬᠡᠯᠬᠢᠶ᠎ᠠ ᠪᠥᠬᠦ ᠬᠦᠷᠢᠶᠡᠨ ᠳᠠᠬᠢ | ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠵᠦ᠂ ᠬᠢᠨᠠᠯᠲᠠ ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠶᠢ | ᠳᠡᠭᠡᠭᠰᠢᠯᠡᠭᠦᠯᠦᠨ᠎ᠡ᠃ ᠭᠤᠣᠯᠳᠠᠯᠭ᠎ᠠ ᠲᠠᠢ ᠬᠦᠷᠢᠶ᠎ᠡ᠂ ᠰᠢᠨ᠎ᠡ ᠪᠠᠷ ᠪᠤᠢ ᠪᠤᠯᠤᠭᠰᠠᠨ ᠬᠦᠷᠢᠶ᠎ᠡ᠂ ᠭᠠᠳᠠᠭᠠᠳᠤ ᠳᠤ | ᠬᠤᠯᠪᠣᠭᠳᠠᠬᠤ ᠬᠦᠷᠢᠶᠡᠨ ᠤ ᠬᠢᠨᠠᠯᠲᠠ ᠬᠠᠮᠢᠶᠠᠷᠤᠯᠲᠠ ᠶᠢᠨ ᠳᠦᠷᠢᠮᠯᠠᠯ ᠢ ᠱᠠᠯᠠᠪᠳᠠᠨ ᠲᠡᠭᠦᠯᠳᠡᠷᠵᠢᠭᠦᠯᠵᠦ᠂ ᠬᠢᠨᠠᠯᠲᠠ | ᠬᠠᠮᠢᠶᠠᠷᠤᠯᠲᠠ ᠶᠢᠨ ᠠᠷᠭ᠎ᠠ ᠶᠢᠨ ᠰᠢᠨ᠎ᠡ ᠶᠢ ᠡᠭᠦᠳᠴᠤ᠂ ᠬᠢᠨᠠᠯᠲᠠ ᠬᠠᠮᠢᠶᠠᠷᠤᠯᠲᠠ ᠶᠢᠨ ᠣᠨᠣᠪᠴᠢᠲᠤ ᠴᠢᠨᠠᠷ ᠪᠠ | ᠪᠦᠳᠦᠮᠵᠢᠳᠦ ᠴᠢᠨᠠᠷ ᠢ ᠳᠡᠭᠡᠭᠰᠢᠯᠡᠭᠦᠯᠦᠨ᠎ᠡ᠃ ᠭᠤᠤᠯᠴᠢ ᠥᠷᠢᠰᠥᠯᠳᠦᠭᠡᠨ ᠤ ᠲᠦᠷᠦ ᠶᠢᠨ ᠪᠤᠳᠤᠯᠭ᠎ᠠ ᠶᠢᠨ | ᠬᠡᠷᠡᠭᠵᠢᠭᠦᠯᠦᠯᠲᠡ ᠶᠢ ᠭᠦᠨᠵᠡᠭᠡᠶ ᠠᠬᠢᠭᠤᠯᠵᠤ᠂ ᠮᠣᠨᠣᠫᠣᠯᠢᠴᠢᠯᠠᠯ ᠢ ᠡᠰᠡᠷᠭᠦᠴᠡᠬᠦ ᠪᠠ ᠵᠦᠶ ᠪᠤᠰᠤ ᠥᠷᠢᠰᠥᠯᠳᠦᠭᠡᠨ ᠢ | ᠡᠰᠡᠷᠭᠦᠴᠡᠬᠦ ᠠᠵᠢᠯ ᠢ ᠴᠢᠩᠭᠠᠳᠬᠠᠵᠤ᠂ ᠲᠥᠪ ᠭᠤᠤᠯᠴᠢ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠣᠷᠴᠢᠨ | ᠨᠥᠬᠦᠴᠡᠯ ᠢ ᠬᠠᠮᠠᠭᠠᠯᠠᠨ᠎ᠠ᠃ | ᠤᠯᠠᠨ ᠲᠦᠷᠦᠯ ᠤᠨ ᠥᠮᠴᠢᠯᠡᠯ ᠤᠨ ᠠᠵᠤ ᠠᠬᠤᠶ ᠶᠢᠨ ᠬᠠᠮᠲᠤ ᠪᠠᠷ ᠬᠥᠭᠵᠢᠬᠦ ᠶᠢ ᠠᠬᠢᠭᠤᠯᠤᠨ᠎ᠠ᠃ | ᠨᠡᠶᠢᠭᠡᠮ ᠵᠢᠷᠤᠮ ᠤᠨ ᠦᠨᠳᠦᠰᠦᠨ ᠠᠵᠤ ᠠᠬᠤᠶ ᠶᠢᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ︽ᠬᠤᠶᠠᠷ | ᠥᠴᠦᠬᠡᠨ ᠴᠦ ᠭᠤᠶᠢᠪᠢᠰᠢ ᠦᠭᠡᠢ︾ ᠪᠠᠶᠢᠬᠤ ᠶᠢ ᠪᠠᠷᠢᠮᠲᠠᠯᠠᠨ᠎ᠠ᠃ ᠬᠦᠷᠦᠩᠭᠡ ᠶᠢᠨ ᠣᠨᠴᠠᠯᠢᠭ ᠪᠠ ᠠᠵᠢᠯᠯᠠᠭᠠᠨ ᠤ | ᠵᠢᠮ᠎ᠡ ᠶᠣᠰᠣ ᠶᠢ ᠵᠥᠪ ᠲᠠᠨᠢᠨ ᠡᠵᠡᠮᠰᠢᠵᠦ᠂ ᠬᠦᠷᠦᠩᠭᠡ ᠶᠢᠨ ᠵᠢᠷᠤᠮᠵᠢᠭᠤᠨ ᠪᠥᠭᠡᠳ ᠡᠷᠡᠭᠦᠯ ᠢᠶᠠᠷ ᠬᠥᠭᠵᠢᠬᠦ ᠶᠢ | ᠳᠡᠮᠵᠢᠬᠦ ᠪᠠ ᠬᠥᠲᠥᠯᠥᠨ ᠵᠢᠯᠣᠭᠤᠳᠬᠤ ᠬᠡᠷᠡᠭᠲᠡᠶ᠃ ᠠᠵᠤ ᠠᠬᠤᠶᠢᠯᠠᠯ ᠤᠨ ᠥᠮᠴᠢᠯᠡᠬᠦ ᠡᠷᠬᠡ᠂ ᠪᠡᠶ᠎ᠠ ᠪᠠᠨ | ᠲᠠᠭᠠᠭᠠᠵᠤ ᠡᠵᠡᠩᠨᠡᠬᠦ ᠡᠷᠬᠡ ᠪᠠ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ | ᠡᠷᠬᠡ ᠲᠡᠭᠰᠢ ᠪᠠᠷ ᠬᠠᠮᠠᠭᠠᠯᠠᠵᠤ᠂ ᠡᠯ᠎ᠡ ᠲᠦᠷᠦᠯ ᠤᠨ ᠥᠮᠴᠢᠯᠡᠯ ᠤᠨ ᠠᠵᠤ ᠠᠬᠤᠶᠢᠯᠠᠯ ᠤᠨ ᠥᠷᠢᠰᠥᠯᠳᠦᠨ | ᠬᠥᠭᠵᠢᠬᠦ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠨ᠎ᠠ᠃ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠡᠭᠦᠷᠭᠡ ᠶᠢ ᠪᠡᠶᠡᠯᠡᠭᠦᠯᠵᠦ᠂ ᠤᠯᠤᠰ ᠤᠨ | ᠥᠮᠴᠢᠯᠡᠯ ᠤᠨ ᠠᠵᠤ ᠠᠬᠤᠶ ᠶᠢᠨ ᠪᠠᠶᠢᠷᠢᠰᠢᠯ ᠢ ᠰᠢᠯᠢᠳᠡᠭᠵᠢᠭᠦᠯᠬᠦ ᠪᠠ ᠪᠦᠲᠦᠴᠡ ᠶᠢ ᠲᠣᠬᠢᠷᠠᠭᠤᠯᠬᠤ ᠶᠢ | ᠲᠦᠷᠭᠡᠳᠭᠡᠵᠦ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠤᠤᠯ ᠬᠠᠷᠢᠭᠤᠴᠠᠯᠭ᠎ᠠ ᠭᠤᠤᠯ ᠠᠵᠢᠯ ᠳᠠᠭᠠᠨ ᠠᠩᠬᠠᠷᠤᠯ ᠢᠶᠠᠨ | ᠲᠥᠪᠯᠡᠷᠡᠭᠦᠯᠬᠦ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠤᠯᠭᠠᠭᠤᠷᠢᠯᠠᠬᠤ ᠪᠠ ᠳᠠᠶᠢᠴᠢᠯᠠᠬᠤ | ᠴᠢᠳᠠᠪᠤᠷᠢ ᠶᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠠᠷᠠᠳ ᠤᠨ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ | ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠠᠷᠠᠳ ᠠᠴᠠ ᠡᠵᠡᠩᠨᠡᠭᠰᠡᠨ | ᠠᠵᠤ ᠠᠬᠤᠶᠢᠯᠠᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠵᠣᠷᠢᠬᠵᠢᠭᠤᠯᠤᠨ ᠬᠥᠲᠥᠯᠥᠨ ᠵᠢᠯᠣᠭᠤᠳᠴᠤ᠂ | ᠵᠠᠰᠠᠭ ᠤᠨ ᠤᠷᠳᠤᠨ ᠪᠠ ᠬᠤᠳᠠᠯᠳᠤᠭᠠᠴᠢᠨ ᠤ ᠬᠤᠭᠤᠷᠤᠨᠳᠤᠬᠢ ᠳᠣᠲᠣᠨᠣ ᠴᠢᠬᠡᠴᠢ ᠬᠠᠷᠢᠴᠠᠭ᠎ᠠ ᠶᠢ ᠪᠠᠶᠢᠭᠤᠯᠤᠨ᠎ᠠ᠃ | ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠵᠤ ᠠᠬᠤᠶᠢᠯᠠᠯ ᠳᠤ ᠬᠤᠯᠪᠣᠭᠳᠠᠬᠤ ᠲᠦᠷᠦ ᠶᠢᠨ | ᠪᠤᠳᠤᠯᠭ᠎ᠠ ᠶᠢ ᠲᠣᠭᠲᠠᠭᠠᠬᠤ ᠳᠠᠭᠠᠨ ᠵᠠᠬ᠎ᠠ ᠳᠡᠯᠭᠡᠭᠦᠷ ᠤᠨ ᠪᠡᠶᠡᠴᠢ ᠴᠤᠭᠴᠠ ᠶᠢᠨ ᠰᠠᠨᠠᠯ ᠢ ᠢᠯᠡᠭᠦᠬᠡᠨ ᠰᠣᠨᠣᠰᠴᠤ᠂ | ᠵᠠᠬ᠎ᠠ ᠳᠡᠯᠭᠡᠭᠦᠷ ᠤᠨ ᠵᠢᠮ᠎ᠡ ᠶᠤᠰᠤ ᠶᠢ ᠬᠦᠨᠳᠦᠳᠭᠡᠵᠦ᠂ ᠠᠵᠤ ᠠᠬᠤᠶᠢᠯᠠᠯᠲᠠᠨ ᠤ ᠠᠩᠬᠠᠷᠤᠯ ᠢᠶᠠᠨ ᠲᠦᠪᠯᠡᠷᠡᠬᠦᠯᠦᠨ | ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠪᠠ ᠰᠡᠳᠭᠢᠯ ᠠᠮᠤᠷ ᠡᠵᠡᠩᠨᠡᠵᠦ ᠬᠦᠭᠵᠢᠬᠦ ᠶᠢ ᠳᠡᠮᠵᠢᠬᠦ ᠬᠡᠷᠡᠭᠲᠡᠶ᠃ | | ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠤᠨ᠎ᠠ᠃ | ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠲᠥᠰᠦᠪ ᠤᠨ ᠬᠢᠵᠠᠭᠠᠷᠯᠠᠬᠤ ᠬᠦᠴᠦᠨ ᠪᠠ ᠢᠯᠡ ᠲᠣᠳᠣ ᠶᠢᠨ ᠬᠡᠮᠵᠢᠶ᠎ᠡ ᠶᠢ ᠨᠡᠮᠡᠭᠳᠡᠭᠦᠯᠦᠨ᠎ᠡ᠃ ᠮᠤᠵᠢ ᠠᠴᠠ | ᠳᠣᠷᠣᠭᠰᠢᠬᠢ ᠡᠳ᠋ ᠤᠨ ᠵᠠᠰᠠᠭ ᠤᠨ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠤᠨ᠎ᠠ᠃ ᠭᠠᠶᠢᠯᠢ ᠲᠠᠲᠠᠪᠤᠷᠢ ᠶᠢ | ᠲᠠᠲᠠᠪᠤᠷᠢᠯᠠᠨ ᠬᠠᠮᠢᠶᠠᠷᠬᠤ ᠲᠦᠷᠢᠮ ᠢ ᠲᠡᠭᠦᠯᠳᠡᠷᠵᠢᠭᠦᠯᠵᠦ᠂ ᠭᠠᠶᠢᠯᠢ ᠶᠢ ᠳᠠᠷᠤᠵᠤ ᠭᠠᠶᠢᠯᠢ ᠮᠡᠬᠡᠯᠡᠨ ᠠᠪᠬᠤ | ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠭᠦᠨ᠎ᠡ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ ᠰᠠᠶᠢᠵᠢᠷᠠᠭᠤᠯᠤᠨ᠎ᠠ᠃ ᠳᠤᠮᠳᠠ ᠵᠢᠵᠢᠭ ᠪᠠᠩᠬᠢ ᠶᠢᠨ ᠰᠲ᠋ᠣᠺ ᠤᠨ ᠡᠷᠬᠡ ᠶᠢᠨ ᠪᠦᠲᠦᠴᠡ ᠪᠠ | ᠺᠣᠮᠫᠠᠨᠢ ᠶᠢᠨ ᠵᠠᠰᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠷᠡᠭᠦᠯ ᠪᠤᠰᠤ ᠡᠳ᠋ ᠬᠦᠷᠦᠩᠭᠡ ᠶᠢ | ᠰᠢᠢᠳᠪᠦᠷᠢᠯᠡᠬᠦ ᠶᠢ ᠲᠦᠷᠭᠡᠳᠭᠡᠨ᠎ᠡ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠵᠢᠭᠡᠯᠡᠯᠭᠡ ᠶᠢᠨ | ᠲᠡᠮᠳᠡᠭᠲᠦ ᠶᠢᠨ ᠪᠡᠯᠡ ᠲᠤᠬᠢᠷᠠᠭᠤᠯᠭ᠎ᠠ ᠶᠢ ᠳᠡᠮᠵᠢᠬᠦ ᠲᠣᠭᠲᠠᠴᠠ ᠶᠢ ᠲᠡᠭᠦᠯᠳᠡᠷᠵᠢᠭᠦᠯᠵᠦ᠂ ᠰᠲ᠋ᠣᠺ ᠲᠠᠷᠬᠠᠭᠠᠬᠤ | ᠲᠠᠩᠰᠠᠯᠠᠯᠳᠠ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠦᠷᠦᠩᠭᠡ ᠶᠢᠨ ᠵᠠᠬ᠎ᠠ ᠳᠡᠯᠭᠡᠭᠦᠷ ᠤᠨ | ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ | ︵ᠲᠦᠷᠪᠡ︶ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠤᠳᠤᠯᠭ᠎ᠠ ᠶᠢ | ᠭᠦᠨᠵᠡᠭᠡᠶ ᠬᠡᠷᠡᠭᠵᠢᠭᠦᠯᠵᠦ᠂ ᠪᠣᠳᠠᠲᠤ ᠴᠣᠭᠴᠠ ᠶᠢᠨ ᠠᠵᠤ ᠠᠬᠤᠶ ᠶᠢᠨ ᠰᠠᠭᠤᠷᠢ ᠶᠢ ᠪᠠᠬᠢᠵᠢᠭᠦᠯᠦᠨ | ᠪᠤᠵᠠᠭᠠᠶᠢᠷᠠᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠠᠵᠤ | ᠦᠢᠯᠡᠰ ᠤᠨ ᠰᠢᠯᠢᠳᠡᠭᠵᠢᠨ ᠳᠡᠰ ᠳᠡᠪᠰᠢᠬᠦ ᠶᠢ ᠠᠬᠢᠭᠤᠯᠵᠤ᠂ ᠬᠠᠩᠭᠠᠯᠭ᠎ᠠ ᠶᠢ ᠬᠢᠵᠠᠭᠠᠷᠯᠠᠵᠤ ᠪᠠᠶᠢᠭ᠎ᠠ ᠲᠦᠭᠵᠢᠷᠡᠯ ᠢ | ᠰᠢᠪᠲᠤᠯᠵᠤ᠂ ᠰᠢᠨ᠎ᠡ ᠶᠢ ᠡᠭᠦᠳᠬᠦ ᠳᠤ ᠲᠦᠰᠢᠭᠯᠡᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠠᠭᠤᠷᠢ | ᠰᠤᠳᠤᠯᠭᠠᠨ ᠤ ᠠᠷᠪᠠᠨ ᠵᠢᠯ ᠤᠨ ᠲᠥᠯᠥᠪᠵᠢᠭᠦᠯᠭᠡ ᠶᠢ ᠬᠡᠷᠡᠭᠵᠢᠭᠦᠯᠵᠦ᠂ ᠤᠷᠳᠤ ᠬᠤᠭᠤᠴᠠᠭᠠᠨ ᠤ ᠲᠣᠭᠲᠠᠭᠤᠨ | ᠳᠡᠮᠵᠢᠯᠭᠡ ᠶᠢ ᠴᠢᠩᠭᠠᠳᠬᠠᠵᠦ᠂ ᠰᠠᠭᠤᠷᠢ ᠰᠤᠳᠤᠯᠭᠠᠨ ᠤ ᠵᠠᠷᠤᠳᠠᠯ ᠤᠨ ᠪᠦᠬᠦ ᠨᠡᠶᠢᠭᠡᠮ ᠤᠨ ᠰᠤᠳᠤᠯᠭᠠᠨ ᠤ | ᠵᠠᠷᠤᠳᠠᠯ ᠳᠠᠬᠢ ᠡᠵᠡᠯᠡᠬᠦ ᠬᠠᠷᠢᠴᠠᠯ ᠢ ᠳᠡᠭᠡᠭᠰᠢᠯᠡᠬᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠤᠨ | ᠥᠭᠡᠷᠡᠴᠢᠯᠡᠯᠲᠡ ᠶᠢᠨ ᠭᠤᠷᠪᠠᠨ ᠵᠢᠯ ᠤᠨ ᠪᠡᠷᠭᠡ ᠰᠡᠳᠦᠪ ᠢ ᠰᠢᠢᠳᠪᠤᠷᠢᠯᠡᠬᠦ ᠲᠥᠰᠦᠯ ᠢ ᠬᠡᠷᠡᠭᠵᠢᠭᠦᠯᠵᠦ᠂ | ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢ ᠴᠢᠩᠭᠠᠳᠬᠠᠵᠤ᠂ | ᠤᠯᠤᠰ ᠤᠨ ᠲᠤᠷᠰᠢᠯᠲᠠ ᠶᠢᠨ ᠲᠠᠰᠤᠭ ᠪᠠ ᠪᠦᠬᠦ ᠤᠯᠤᠰ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ | ᠦᠢᠯᠡᠳᠦᠯ ᠢ ᠰᠠᠶᠢᠲᠤᠷ ᠪᠠᠳᠠᠷᠠᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ | ᠥᠭᠡᠷᠡᠴᠢᠯᠡᠯᠲᠡ ᠶᠢ ᠠᠬᠢᠭᠤᠯᠵᠤ᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠦᠰᠦᠯ ᠤᠨ ᠰᠡᠳᠦᠪ | ᠲᠣᠭᠲᠠᠭᠠᠬᠤ ᠪᠠ ᠬᠠᠮᠢᠶᠠᠷᠬᠤ ᠠᠷᠭ᠎ᠠ ᠮᠠᠶ᠋ᠢᠭ ᠢ ᠦᠭᠡᠷᠡᠴᠢᠯᠡᠨ ᠰᠠᠶᠢᠵᠢᠷᠠᠭᠤᠯᠵᠦ᠂ ᠰᠢᠨᠵᠢᠯᠡᠬᠦ ᠤᠬᠠᠭᠠᠨ | ᠮᠡᠷᠭᠡᠵᠢᠯ ᠤᠨ ᠬᠢᠨᠠᠨ ᠰᠢᠯᠭᠠᠵᠦ ᠤᠷᠮᠠᠰᠢᠭᠤᠯᠬᠤ ᠲᠦᠷᠢᠮ ᠤᠨ ᠦᠭᠡᠷᠡᠴᠢᠯᠡᠯᠳᠡ ᠶᠢ ᠬᠦᠨᠵᠡᠭᠡᠶᠢᠷᠡᠭᠦᠯᠦᠨ᠎ᠡ᠃ ᠡᠯ᠎ᠡ | ᠭᠠᠵᠠᠷ ᠤᠨ ᠬᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠪᠠᠨ ᠨᠡᠮᠡᠭᠳᠡᠭᠦᠯᠵᠦ᠂ ᠲᠤᠰ ᠲᠤᠰ ᠤᠨ | ᠣᠨᠴᠠᠯᠢᠭ ᠪᠦᠬᠦᠢ ᠣᠷᠣᠨ ᠪᠦᠰᠡ ᠶᠢᠨ ᠰᠢᠨ᠎ᠡ ᠶᠢ ᠡᠭᠦᠳᠬᠦ ᠠᠵᠢᠯᠯᠠᠭ᠎ᠠ ᠶᠢ ᠳᠡᠮᠵᠢᠨ᠎ᠠ᠃ ᠰᠢᠨᠵᠢᠯᠡᠬᠦ ᠤᠬᠠᠭᠠᠨ | ᠮᠡᠷᠭᠡᠵᠢᠯ ᠢ ᠲᠦᠭᠡᠮᠡᠯᠵᠢᠭᠦᠯᠬᠦ ᠶᠢ ᠴᠢᠩᠭᠠᠳᠬᠠᠨ᠎ᠠ᠃ ᠤᠯᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠬᠠᠮᠲᠤᠷᠠᠯᠴᠠᠭ᠎ᠠ ᠶᠢ ᠠᠬᠢᠭᠤᠯᠤᠨ᠎ᠠ᠃ ᠳᠡᠯᠡᠬᠡᠶ ᠶᠢᠨ ᠴᠢᠬᠤᠯᠠ ᠴᠢᠳᠠᠪᠤᠷᠢᠲᠠᠨ ᠤ ᠲᠥᠪ ᠪᠠ ᠰᠢᠨ᠎ᠡ ᠶᠢ ᠡᠭᠦᠳᠬᠦ | ᠥᠨᠳᠦᠷᠯᠢᠭ ᠭᠠᠵᠠᠷ ᠢ ᠲᠦᠷᠭᠡᠯᠡᠨ ᠪᠠᠶᠢᠭᠤᠯᠵᠤ᠂ ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠯ ᠲᠣᠭᠲᠠᠴᠠ ᠶᠢ | ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨᠳᠡᠨ ᠤ ᠵᠤᠷᠢᠭ ᠰᠠᠨᠠᠭ᠎ᠠ ᠶᠢ ᠪᠠᠳᠠᠷᠠᠭᠤᠯᠵᠦ᠂ ᠵᠠᠯᠠᠭᠤ ᠰᠢᠨᠵᠢᠯᠡᠬᠦ | ᠤᠬᠠᠭᠠᠨ ᠤ ᠰᠤᠳᠤᠯᠭᠠᠨ ᠤ ᠠᠵᠢᠯᠲᠠᠳ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠦᠷᠦᠯ ᠤᠨ | ᠴᠢᠳᠠᠪᠤᠷᠢᠲᠠᠨ ᠢ ᠨᠢᠭᠡ ᠰᠡᠳᠭᠢᠯ ᠢᠶᠠᠷ ᠰᠢᠮᠳᠠᠨ ᠰᠤᠳᠤᠯᠵᠤ᠂ ᠡᠷᠳᠡᠮ ᠴᠢᠳᠠᠪᠤᠷᠢ ᠪᠠᠨ ᠪᠦᠷᠢᠨ ᠪᠠᠳᠠᠷᠠᠭᠤᠯᠬᠤ | ᠪᠣᠯᠭᠠᠨ᠎ᠠ᠃ | ᠠᠵᠤ ᠠᠬᠤᠶᠢᠯᠠᠯ ᠤᠨ ᠰᠢᠨ᠎ᠡ ᠶᠢ ᠡᠭᠦᠳᠬᠦ ᠶᠢ ᠤᠷᠮᠠᠰᠢᠭᠤᠯᠬᠤ ᠡᠷᠴᠢᠮ ᠢ ᠴᠢᠩᠭᠠᠷᠠᠭᠤᠯᠤᠨ᠎ᠠ᠃ ᠠᠵᠤ | ᠠᠬᠤᠶᠢᠯᠠᠯ ᠤᠨ ᠰᠢᠨ᠎ᠡ ᠶᠢ ᠡᠭᠦᠳᠬᠦ ᠪᠡᠶᠡᠴᠢ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠵᠠᠩᠭᠢᠯᠠᠭ᠎ᠠ ᠶᠢᠨ | ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯ ᠢ ᠦᠷᠭᠦᠯᠵᠢᠯᠡᠨ ᠠᠬᠢᠭᠤᠯᠵᠤ᠂ ᠦᠢᠯᠡᠳᠪᠦᠷᠢᠯᠡᠬᠦ | ᠵᠢᠭᠠᠬᠤ ᠰᠤᠳᠤᠯᠬᠤ ᠬᠡᠷᠡᠭᠯᠡᠬᠦ ᠶᠢ ᠤᠶᠠᠯᠳᠤᠭᠤᠯᠬᠤ ᠶᠢ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ | ᠦᠷ᠎ᠡ ᠪᠦᠳᠦᠭᠡᠯ ᠢ ᠤᠯᠠᠷᠢᠭᠤᠯᠬᠤ ᠶᠢ ᠠᠬᠢᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠬᠠᠮᠠᠭᠠᠯᠠᠯᠲᠠ ᠪᠠ ᠬᠡᠷᠡᠭᠯᠡᠯᠲᠡ ᠶᠢ ᠴᠢᠩᠭᠠᠳᠬᠠᠨ᠎ᠠ᠃ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ | ᠬᠥᠭᠵᠢᠯᠲᠡ ᠶᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠢᠯᠭᠡᠭᠡᠨ ᠤ ᠦᠢᠯᠡᠳᠬᠦᠨ ᠪᠠ | ᠦᠢᠯᠡᠴᠢᠯᠡᠭᠡ ᠶᠢᠨ ᠰᠢᠨ᠎ᠡ ᠶᠢ ᠡᠭᠦᠳᠴᠦ᠂ ᠰᠢᠨᠵᠢᠯᠡᠬᠦ ᠤᠬᠠᠭᠠᠨ ᠮᠡᠷᠭᠡᠵᠢᠯ ᠤᠨ ᠵᠠᠭᠤᠴᠢ ᠦᠢᠯᠡᠴᠢᠯᠡᠭᠡᠨ ᠤ | ᠲᠤᠰᠬᠠᠶᠢᠵᠢᠭᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠤᠳᠤᠯᠤᠨ ᠨᠡᠭᠡᠭᠡᠬᠦ ᠵᠠᠷᠤᠳᠠᠯ ᠢ ᠨᠡᠮᠡᠨ ᠪᠤᠳᠤᠵᠤ | ᠰᠠᠭᠤᠯᠭᠠᠨ ᠬᠠᠰᠤᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠂ ᠰᠢᠨᠵᠢᠯᠡᠬᠦ | ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠨᠡᠮᠡᠨ ᠪᠤᠳᠤᠵᠤ ᠰᠠᠭᠤᠯᠭᠠᠨ | ᠬᠠᠰᠤᠬᠤ ᠬᠠᠷᠢᠴᠠᠯ ᠢ 75% ᠪᠠᠶᠢᠬᠰᠠᠨ ᠠᠴᠠ 100% ᠪᠣᠯᠳᠡᠯ᠎ᠠ ᠲᠡᠭᠡᠭᠰᠢᠯᠡᠬᠦᠯᠵᠤ᠂ ᠠᠵᠤ ᠠᠬᠤᠶᠢᠯᠠᠯ ᠤᠨ | ᠰᠠᠭᠤᠷᠢ ᠰᠤᠳᠤᠯᠭᠠᠨ ᠤ ᠣᠷᠣᠭᠤᠯᠤᠯᠲᠠ ᠳᠤ ᠭᠠᠶᠢᠯᠢ ᠲᠠᠳᠠᠪᠤᠷᠢ ᠶᠢᠨ ᠬᠠᠷᠠᠭᠠᠯᠵᠠᠯ ᠦᠵᠡᠭᠦᠯᠵᠤ᠂ ᠲᠥᠬᠦᠭᠡᠷᠦᠮᠵᠢ | ᠪᠠᠭᠠᠵᠢ ᠬᠡᠷᠡᠭᠰᠡᠯ ᠤᠨ ᠡᠯᠡᠭᠳᠡᠯ ᠢ ᠲᠦᠷᠭᠡᠳᠭᠡᠬᠦ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠠᠰᠢᠭ | ᠣᠷᠣᠯᠭ᠎ᠠ ᠶᠢᠨ ᠭᠠᠶᠢᠯᠢ ᠶᠢᠨ ᠬᠠᠷᠠᠭᠠᠯᠵᠠᠯ ᠦᠵᠡᠭᠦᠯᠬᠦ ᠵᠡᠷᠭᠡ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠦᠨ᠎ᠠ᠂ | ᠡᠨᠡ ᠨᠢ ᠤᠯᠤᠰ ᠠᠴᠠ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠳᠤ ᠶᠡᠭᠡ ᠬᠡᠪᠴᠢᠶᠡᠨ ᠤ ᠪᠡᠯᠡ ᠮᠥᠩᠭᠦ ᠶᠢᠨ | ᠳᠡᠮᠵᠢᠯᠭᠡ ᠦᠵᠡᠭᠦᠯᠦᠭᠰᠡᠨ ᠶᠠᠪᠤᠳᠠᠯ ᠪᠤᠯᠬᠤ ᠶᠤᠮ᠃ ᠰᠢᠨ᠎ᠡ ᠶᠢ ᠡᠭᠦᠳᠬᠦ ᠶᠢ ᠤᠷᠮᠠᠰᠢᠭᠤᠯᠬᠤ ᠡᠯ᠎ᠠ ᠲᠦᠷᠦᠯ ᠤᠨ | ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ | ᠣᠷᠣᠭᠤᠯᠤᠯᠲᠠ ᠪᠠᠨ ᠨᠡᠮᠡᠭᠳᠡᠭᠦᠯᠬᠦ ᠶᠢ ᠠᠬᠢᠭᠤᠯᠤᠨ᠂ ᠰᠢᠨ᠎ᠡ ᠬᠥᠳᠡᠯᠭᠡᠭᠴᠢ ᠡᠨᠧᠷᠭᠢ ᠶᠢ ᠪᠤᠶᠢᠵᠢᠭᠤᠯᠤᠨ | ᠪᠤᠵᠠᠭᠠᠶᠢᠷᠠᠭᠤᠯᠬᠤ ᠬᠡᠷᠡᠭᠲᠡᠢ᠃ | ᠦᠢᠯᠡᠳᠬᠦ ᠦᠢᠯᠡᠰ ᠤᠨ ᠭᠤᠤᠯᠯᠠᠬᠤ ᠥᠷᠢᠰᠥᠯᠳᠦᠬᠦ ᠬᠦᠴᠦᠨ ᠢ ᠴᠢᠩᠭᠠᠷᠠᠭᠤᠯᠤᠨ᠎ᠠ᠃ ᠠᠵᠤ | ᠦᠢᠯᠡᠳᠪᠦᠷᠢ ᠶᠢᠨ ᠠᠵᠤ ᠠᠬᠤᠢ ᠶᠢᠨ ᠲᠣᠭᠲᠠᠭᠤᠨ ᠠᠵᠢᠯᠯᠠᠭᠠᠨ ᠢ ᠠᠬᠢᠭᠤᠯᠵᠤ᠂ ᠲᠦᠭᠦᠬᠡᠶ ᠮᠠᠲ᠋ᠧᠷᠢᠶᠠᠯ᠂ | ᠵᠠᠩᠭᠢᠯᠠᠭ᠎ᠠ ᠶᠢᠨ ᠰᠡᠯᠪᠢᠭ ᠲᠣᠨᠤᠭ ᠵᠡᠷᠭᠡ ᠬᠠᠩᠭᠠᠯᠭ᠎ᠠ ᠶᠢᠨ ᠪᠠᠲᠤᠯᠠᠭ᠎ᠠ ᠶᠢ ᠴᠢᠩᠭᠠᠳᠬᠠᠵᠤ᠂ ᠳᠠᠭᠠᠭᠤᠯᠤᠭᠴᠢ ᠠᠵᠤ | ᠠᠬᠤᠶᠢᠯᠠᠯ ᠤᠨ ᠬᠡᠯᠬᠢᠶ᠎ᠡ ᠶᠢ ᠪᠠᠳᠤᠯᠠᠨ ᠲᠣᠭᠲᠠᠪᠤᠷᠢᠵᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠠᠵᠤ ᠦᠢᠯᠡᠰ ᠤᠨ | ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠪᠠ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠪᠠᠶᠢᠭᠠᠳ ᠦᠢᠯᠡᠳᠬᠦ ᠦᠢᠯᠡᠰ ᠤᠨ ᠣᠷᠳᠣᠪᠳᠤᠷ | ᠬᠤᠭᠤᠴᠠᠭᠠᠨ ᠤ ᠵᠢᠭᠡᠯᠡᠯᠭᠡ ᠶᠢ ᠨᠢ ᠨᠡᠮᠡᠭᠳᠡᠭᠦᠯᠦᠨ᠎ᠡ᠃ ᠠᠵᠤ ᠦᠢᠯᠡᠰ ᠤᠨ ᠰᠠᠭᠤᠷᠢ ᠶᠢ ᠲᠠᠬᠢᠨ ᠴᠤᠬᠴᠠᠯᠠᠬᠤ ᠨᠢᠭᠡ | ᠪᠦᠯᠦᠭ ᠢᠨᠵᠧᠨᠧᠷᠢᠩ ᠤᠨ ᠲᠦᠰᠦᠯ ᠢ ᠡᠬᠢᠯᠡᠭᠦᠯᠵᠦ᠂ ᠤᠯᠠᠮᠵᠢᠯᠠᠯᠲᠤ ᠠᠵᠤ ᠦᠢᠯᠡᠰ ᠤᠨ ᠳᠡᠰ ᠳᠡᠪᠰᠢᠬᠦ ᠶᠢ | ᠠᠬᠢᠭᠤᠯᠵᠤ᠂ ᠲᠡᠷᠢᠭᠦᠨ ᠤ ᠦᠢᠯᠡᠳᠬᠦ ᠦᠢᠯᠡᠰ ᠤᠨ ᠪᠦᠬᠡᠬᠡᠨᠡᠷᠡᠯ ᠢ ᠲᠦᠷᠭᠡᠯᠡᠨ ᠬᠥᠭᠵᠢᠭᠦᠯᠵᠦ᠂ ᠤᠯᠤᠰ ᠤᠨ | ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠪᠦᠬᠡᠬᠡᠨᠡᠷᠡᠯ ᠤᠨ | ᠢᠨᠵᠧᠨᠧᠷᠢᠩ ᠢ ᠬᠡᠷᠡᠭᠵᠢᠭᠦᠯᠦᠨ᠎ᠠ᠃ ︽ᠲᠤᠰᠬᠠᠢ ᠨᠠᠷᠢᠯᠢᠬ ᠦᠪᠡᠷᠮᠢᠴᠡ ᠰᠢᠨ᠎ᠠ︾ ᠠᠵᠤ ᠠᠬᠤᠶᠢᠯᠠᠯ ᠢ ᠬᠦᠴᠦᠯᠡᠨ | ᠪᠤᠶᠢᠵᠢᠭᠤᠯᠵᠤ᠂ ᠪᠡᠯᠡ ᠮᠥᠩᠭᠦ᠂ ᠴᠢᠳᠠᠪᠤᠷᠢᠲᠠᠨ᠂ ᠨᠡᠪᠴᠢᠭᠦᠯᠬᠦ ᠲᠠᠪᠴᠠᠩ ᠪᠠᠶᠢᠭᠤᠯᠬᠤ ᠵᠡᠷᠭᠡ ᠲᠠᠯ᠎ᠠ ᠪᠠᠷ | ᠬᠦᠴᠦᠲᠡᠶ ᠳᠡᠮᠵᠢᠯᠭᠡ ᠦᠵᠡᠭᠦᠯᠦᠨ᠎ᠡ᠃ ᠶᠠᠰᠤ ᠴᠢᠨᠠᠷ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠵᠤ᠂ ᠠᠵᠤ ᠦᠢᠯᠡᠰ ᠤᠨ ᠳᠤᠮᠳᠠ ᠳᠡᠭᠡᠳᠦ ᠳᠡᠰ ᠲᠡᠶᠢᠰᠢ ᠳᠠᠪᠰᠢᠬᠤ ᠶᠢ ᠠᠬᠢᠭᠤᠯᠤᠨ᠎ᠠ᠃ | ᠳ᠋ᠢᠵᠢᠲ᠋ᠠᠯ ᠠᠵᠤ ᠠᠬᠤᠢ ᠶᠢᠨ ᠬᠥᠭᠵᠢᠯᠲᠡ ᠶᠢ ᠠᠬᠢᠭᠤᠯᠤᠨ᠎ᠠ᠃ ᠳ᠋ᠢᠵᠢᠲ᠋ᠠᠯ ᠳᠤᠮᠳᠠᠳᠤ ᠤᠯᠤᠰ ᠤᠨ | ᠪᠦᠳᠦᠭᠡᠨ ᠪᠠᠶᠢᠭᠤᠯᠤᠯᠲᠠ ᠶᠢᠨ ᠪᠦᠬᠦᠯᠢ ᠴᠣᠭᠴᠠ ᠶᠢᠨ ᠪᠠᠶᠢᠷᠢᠯᠠᠭᠤᠯᠤᠯᠲᠠ ᠶᠢ ᠴᠢᠩᠭᠠᠳᠬᠠᠨ᠎ᠠ᠃ ᠳ᠋ᠢᠵᠢᠲ᠋ᠠᠯ | ᠮᠡᠳᠡᠭᠡ ᠵᠠᠩᠭᠢ ᠶᠢᠨ ᠰᠠᠭᠤᠷᠢ ᠲᠥᠬᠦᠭᠡᠷᠦᠮᠵᠢ ᠶᠢ ᠪᠦᠲᠦᠭᠡᠨ ᠪᠠᠶᠢᠭᠤᠯᠵᠤ᠂ ᠪᠦᠬᠦ ᠤᠯᠤᠰ ᠤᠨ ᠨᠢᠭᠡ | ᠴᠤᠬᠴᠠᠵᠢᠬᠰᠠᠨ ᠳᠤᠮᠤ ᠳ᠋ᠡᠶᠢᠲ᠋ᠠ ᠲᠦᠪ ᠤᠨ ᠳᠤᠬᠳᠠᠯᠴᠠᠭ᠎ᠠ ᠶᠢ ᠠᠭᠠᠵᠢᠮ ᠢᠶᠠᠷ ᠪᠠᠶᠢᠭᠤᠯᠵᠦ᠂ 5G ᠶᠢ | ᠬᠡᠪᠴᠢᠶᠡᠵᠢᠬᠦᠯᠦᠨ ᠬᠡᠷᠡᠭᠯᠡᠬᠦ ᠶᠢ ᠠᠬᠢᠭᠤᠯᠵᠤ᠂ ᠠᠵᠤ ᠦᠢᠯᠡᠰ ᠤᠨ ᠳ᠋ᠢᠵᠢᠲ᠋ᠠᠯᠴᠢᠯᠠᠨ ᠬᠡᠯᠪᠡᠷᠢ ᠪᠠᠨ | ᠬᠤᠪᠢᠷᠠᠭᠤᠯᠬᠤ ᠶᠢ ᠠᠬᠢᠭᠤᠯᠵᠤ᠂ ᠣᠶᠤᠨᠴᠢ ᠬᠤᠲᠠ᠂ ᠳ᠋ᠢᠵᠢᠲ᠋ᠠᠯ ᠬᠥᠳᠡᠭᠡ ᠲᠣᠰᠬᠤᠨ ᠢ ᠬᠥᠭᠵᠢᠭᠦᠯᠦᠨ᠎ᠡ᠃ ᠠᠵᠤ | ᠦᠢᠯᠡᠳᠪᠦᠷᠢ ᠶᠢᠨ ᠢᠨᠲ᠋ᠧᠷ ᠰᠦᠯᠵᠢᠶ᠎ᠡ ᠶᠢ ᠲᠦᠷᠭᠡᠯᠡᠨ ᠬᠥᠭᠵᠢᠭᠦᠯᠵᠦ᠂ ᠬᠤᠷᠠᠮᠠᠯ ᠴᠠᠬᠢᠯᠭᠠᠨ ᠬᠡᠯᠬᠢᠶ᠎ᠡ᠂ ᠵᠣᠬᠢᠶᠠᠮᠠᠯ | ᠣᠶᠤᠯᠢᠬ ᠵᠡᠷᠭᠡ ᠳ᠋ᠢᠵᠢᠲ᠋ᠠᠯ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠵᠠᠩᠭᠢᠯᠠᠭ᠎ᠠ ᠶᠢᠨ ᠵᠥᠭᠡᠯᠡᠨ | ᠬᠠᠲᠠᠭᠤ ᠲᠣᠨᠤᠭ ᠤᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠳ᠋ᠢᠵᠢᠲ᠋ᠠᠯ ᠠᠵᠤ ᠠᠬᠤᠢ ᠶᠢᠨ ᠵᠠᠰᠠᠯᠲᠠ ᠶᠢ ᠲᠡᠭᠦᠯᠳᠡᠷᠵᠢᠭᠦᠯᠵᠦ᠂ ᠳ᠋ᠡᠶᠢᠲ᠋ᠠ ᠶᠢᠨ ᠡᠯᠧᠮᠧᠨ᠋ᠲ ᠤᠨ ᠵᠠᠬ᠎ᠠ ᠳᠡᠯᠭᠡᠭᠦᠷ ᠢ | ᠪᠤᠶᠢᠵᠢᠭᠤᠯᠵᠦ᠂ ᠳ᠋ᠠᠶᠢᠲ᠋ᠠ ᠶᠢᠨ ᠡᠯᠧᠮᠧᠨ᠋ᠲ ᠤᠨ ᠲᠠᠯᠲᠠ ᠬᠦᠴᠦᠨ ᠢ ᠪᠠᠳᠠᠷᠠᠭᠤᠯᠵᠤ᠂ ᠬᠡᠷᠡᠭᠯᠡᠯᠳᠡ ᠶᠢᠨ | ᠴᠢᠳᠠᠪᠤᠷᠢ ᠶᠢ ᠳᠡᠭᠡᠭᠰᠢᠯᠡᠬᠦᠯᠵᠦ᠂ ᠠᠵᠤ ᠠᠬᠤᠢ ᠶᠢᠨ ᠬᠥᠭᠵᠢᠯᠲᠡ ᠳᠤ ᠨᠡᠩ ᠰᠠᠶᠢᠳᠤᠷ ᠡᠨᠧᠷᠬᠢ ᠣᠯᠭᠤᠵᠤ᠂ | ᠠᠷᠠᠳ ᠤᠨ ᠠᠮᠢᠳᠤᠷᠠᠯ ᠢ ᠪᠠᠶᠠᠯᠢᠬᠵᠢᠭᠤᠯᠤᠨ᠎ᠠ᠃ | ︵ᠲᠠᠪᠤ︶ ᠳᠣᠲᠣᠭᠠᠳᠤ ᠬᠡᠷᠡᠭᠴᠡᠭᠡ ᠶᠢ ᠥᠷᠭᠡᠳᠭᠡᠬᠦ ᠪᠠᠶᠢᠯᠳᠤᠬᠤ ᠪᠤᠳᠤᠯᠭ᠎ᠠ ᠶᠢ ᠡᠷᠡᠰ ᠬᠡᠷᠡᠭᠵᠢᠭᠦᠯᠵᠦ᠂ | ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠪᠠ ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠳᠠ ᠶᠢ ᠠᠬᠢᠭᠤᠯᠤᠨ᠎ᠠ᠃ | ᠤᠯᠤᠰ ᠠᠷᠠᠳ ᠤᠨ ᠠᠵᠤ ᠠᠬᠤᠶ ᠶᠢᠨ ᠣᠷᠴᠢᠯ ᠢ ᠰᠠᠭᠠᠳ ᠦᠭᠡᠢ ᠨᠡᠪᠲᠡᠷᠡᠭᠦᠯᠵᠦ᠂ ᠦᠢᠯᠡᠳᠪᠦᠷᠢᠯᠡᠯ᠂ | ᠬᠤᠪᠢᠶᠠᠷᠢᠯᠠᠯᠲᠠ᠂ ᠭᠦᠢᠯᠭᠡᠭᠡ᠂ ᠬᠡᠷᠡᠭᠯᠡᠭᠡ ᠶᠢᠨ ᠡᠯ᠎ᠡ ᠭᠤᠭᠴᠤᠭ᠎ᠠ ᠶᠢ ᠨᠡᠪᠲᠡᠷᠡᠭᠦᠯᠵᠦ᠂ ᠠᠵᠤ ᠠᠬᠤᠶ ᠶᠢᠨ | ᠨᠡᠮᠡᠭᠳᠡᠯ ᠳᠤ ᠦᠵᠡᠭᠦᠯᠬᠦ ᠳᠣᠲᠣᠭᠠᠳᠤ ᠬᠡᠷᠡᠭᠴᠡᠭᠡ ᠶᠢᠨ ᠲᠠᠶᠢᠴᠢᠯᠠᠬᠤ ᠬᠦᠴᠦᠨ ᠢ ᠴᠢᠩᠭᠠᠷᠠᠭᠤᠯᠤᠨ᠎ᠠ᠃ | ᠬᠡᠷᠡᠭᠯᠡᠭᠡ ᠶᠢᠨ ᠦᠷᠭᠦᠯᠵᠢᠯᠡᠨ ᠰᠡᠷᠭᠦᠬᠦ ᠶᠢ ᠠᠬᠢᠭᠤᠯᠤᠨ᠎ᠠ᠃ ᠰᠠᠭᠤᠭᠠᠯᠢ ᠠᠷᠠᠳ ᠤᠨ ᠣᠷᠣᠯᠭ᠎ᠠ ᠶᠢᠨ | ᠨᠡᠮᠡᠭᠳᠡᠯ ᠢ ᠤᠯᠠᠨ ᠠᠷᠭ᠎ᠠ ᠵᠠᠮ ᠢᠶᠠᠷ ᠠᠬᠢᠭᠤᠯᠵᠤ᠂ ᠣᠷᠣᠯᠭ᠎ᠠ ᠶᠢᠨ ᠬᠤᠪᠢᠶᠠᠷᠢᠯᠠᠯᠲᠠ ᠶᠢᠨ ᠲᠦᠷᠢᠮ ᠢ | ᠲᠡᠭᠦᠯᠳᠡᠷᠵᠢᠭᠦᠯᠵᠦ᠂ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠦᠯᠵᠢᠶᠡᠨ ᠳᠡᠭᠡᠷᠡᠬᠢ ᠪᠠ ᠰᠦᠯᠵᠢᠶᠡᠨ | ᠭᠠᠳᠠᠨᠠᠬᠢ ᠬᠡᠷᠡᠭᠯᠡᠭᠡ ᠶᠢᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠠᠮᠢᠳᠤᠷᠠᠯ ᠤᠨ ᠦᠢᠯᠡᠴᠢᠯᠡᠭᠡᠨ ᠤ | ᠬᠡᠷᠡᠭᠯᠡᠭᠡ ᠶᠢᠨ ᠰᠡᠷᠭᠦᠯᠲᠡ ᠶᠢ ᠠᠬᠢᠭᠤᠯᠵᠤ᠂ ᠬᠡᠷᠡᠭᠯᠡᠭᠡ ᠶᠢᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ | ᠵᠠᠭᠪᠤᠷ ᠢ ᠬᠥᠭᠵᠢᠭᠦᠯᠦᠨ᠎ᠡ᠃ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠡᠷᠡᠭᠯᠡᠭᠡ ᠶᠢ ᠦᠷᠭᠦᠯᠵᠢᠯᠡᠨ ᠳᠡᠮᠵᠢᠵᠦ᠂ | ᠣᠷᠣᠨ ᠨᠤᠲᠤᠭ ᠤᠨ ᠬᠢᠨ ᠤ ᠨᠤᠭᠤᠭᠠᠨ ᠤᠶᠤᠯᠢᠭ ᠭᠡᠷ ᠤᠨ ᠴᠠᠬᠢᠯᠭᠠᠨ ᠬᠡᠷᠡᠭᠰᠡᠯ ᠢ ᠬᠥᠳᠡᠭᠡ ᠪᠠᠭᠤᠯᠭᠠᠬᠤ ᠪᠠ | ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠦᠷᠨᠢᠬᠦᠯᠬᠦ ᠶᠢ ᠵᠣᠷᠢᠬᠵᠢᠭᠤᠯᠤᠨ᠎ᠠ᠃ ᠨᠡᠶᠢᠭᠡᠮ ᠲᠣᠭᠤᠷᠢᠭ ᠤᠨ | ᠨᠠᠰᠤᠵᠢᠯ ᠤᠨ ᠠᠰᠠᠷᠠᠮᠵᠢ᠂ ᠬᠡᠤᠬᠡᠳ ᠰᠠᠭᠠᠲᠠᠭᠤᠯᠬᠤ ᠵᠡᠷᠭᠡ ᠶᠢᠨ ᠢᠵᠢ ᠪᠦᠷᠢᠳᠦᠭᠦᠯᠬᠦ ᠲᠦᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠦ᠂ ᠲᠥᠯᠥᠪᠵᠢᠭᠦᠯᠬᠦ᠂ ᠭᠠᠵᠠᠷ ᠬᠡᠷᠡᠭᠯᠡᠬᠦ᠂ ᠭᠡᠷ ᠪᠠᠶᠢᠰᠢᠩ | ᠬᠡᠷᠡᠭᠯᠡᠬᠦ ᠵᠡᠷᠭᠡ ᠲᠠᠯ᠎ᠠ ᠪᠠᠷ ᠨᠠᠩ ᠣᠯᠠᠨ ᠳᠡᠮᠵᠢᠯᠭᠡ ᠦᠵᠡᠭᠦᠯᠦᠨ᠎ᠡ᠃ ᠭᠡᠷ ᠠᠬᠤᠶ ᠶᠢᠨ ᠦᠢᠯᠡᠴᠢᠯᠡᠭᠡᠨ ᠤ | ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠭᠡᠬᠦ ᠶᠢ ᠠᠬᠢᠭᠤᠯᠤᠨ᠎ᠠ᠃ ᠰᠢᠶᠠᠨ ᠤ | ᠪᠦᠰᠡ ᠶᠢᠨ ᠬᠤᠳᠠᠯᠳᠤᠭᠠᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ | ᠡᠯᠧᠺᠲᠷᠣᠨ ᠬᠤᠳᠠᠯᠳᠤᠭ᠎ᠠ ᠪᠠ ᠲᠦᠷᠭᠡᠨ ᠬᠦᠷᠭᠡᠯᠲᠡ ᠶᠢᠨ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ | ᠠᠵᠢᠯ ᠢ ᠬᠥᠭᠵᠢᠭᠦᠯᠦᠨ᠎ᠡ᠃ ᠦᠢᠯᠡᠳᠬᠦᠨ ᠪᠠ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ | ᠬᠡᠷᠡᠭᠯᠡᠭᠴᠢᠳ ᠤᠨ ᠡᠷᠬᠡ ᠠᠰᠢᠭ ᠤᠨ ᠬᠠᠮᠠᠭᠠᠯᠠᠯᠲᠠ ᠶᠢ ᠴᠢᠩᠭᠠᠳᠬᠠᠨ᠂ ᠤᠯᠠᠨ ᠲᠦᠮᠡᠨ ᠤ ᠬᠡᠷᠡᠭᠴᠡᠭᠡ ᠳᠤ | ᠬᠦᠴᠦᠯᠡᠨ ᠵᠤᠬᠢᠴᠠᠭᠤᠯᠵᠤ᠂ ᠬᠡᠷᠡᠭᠯᠡᠭᠡᠨ ᠤ ᠬᠦᠰᠡᠯ ᠢ ᠨᠢ ᠨᠡᠮᠡᠭᠳᠡᠭᠦᠯᠦᠨ᠎ᠠ᠃ | ᠪᠦᠲᠦᠮᠵᠢᠲᠡᠶ ᠪᠡᠯᠡ ᠣᠷᠣᠭᠤᠯᠤᠯᠲᠠ ᠶᠢ ᠢᠳᠡᠪᠬᠢᠲᠡᠶ ᠪᠠᠷ ᠥᠷᠭᠡᠳᠭᠡᠨ᠎ᠡ᠃ ᠤᠯᠤᠰ ᠤᠨ ᠴᠢᠬᠤᠯᠠ ᠶᠡᠭᠡ | ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠪᠠ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠲᠠᠢ | ᠤᠶᠠᠯᠳᠤᠭᠤᠯᠤᠨ᠂ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢ ᠵᠣᠬᠢᠰᠲᠠᠶ ᠪᠠᠷ ᠤᠷᠢᠳᠴᠢᠯᠠᠨ | ᠥᠷᠨᠢᠭᠦᠯᠦᠨ᠎ᠡ᠃ ᠭᠤᠣᠯᠳᠠᠯᠭ᠎ᠠ ᠲᠠᠢ ᠤᠰᠤᠨ ᠠᠰᠢᠭᠯᠠᠯᠲᠠ ᠶᠢᠨ ᠢᠨᠵᠧᠨᠧᠷᠢᠩ᠂ ᠶᠡᠷᠦᠩᠬᠡᠶᠢᠯᠡᠭᠰᠡᠨ ᠪᠣᠰᠤᠭ᠎ᠠ | ᠴᠤᠭᠴᠠᠳᠤ ᠵᠠᠮ ᠬᠠᠷᠢᠯᠴᠠᠭᠠᠨ ᠤ ᠲᠣᠣᠷ᠂ ᠴᠢᠬᠤᠯᠠ ᠡᠨᠧᠷᠭᠢ ᠶᠢᠨ ᠰᠠᠭᠤᠷᠢᠨ ᠭᠠᠵᠠᠷ ᠪᠠ ᠲᠥᠬᠦᠭᠡᠷᠦᠮᠵᠢ ᠶᠢ | ᠪᠦᠲᠦᠭᠡᠨ ᠪᠠᠶᠢᠭᠤᠯᠵᠤ᠂ ᠬᠤᠲᠠ ᠶᠢᠨ ᠰᠢᠲᠠᠮᠠᠬᠠᠶ ᠬᠡᠢ ᠶᠢᠨ ᠬᠤᠭᠤᠯᠠᠶ᠂ ᠤᠰᠤᠨ ᠬᠤᠭᠤᠯᠠᠢ ᠵᠡᠷᠭᠡ ᠬᠤᠭᠤᠯᠠᠶ | ᠲᠣᠤᠷ ᠢ ᠰᠢᠨᠡᠳᠭᠡᠨ ᠥᠭᠡᠷᠡᠴᠢᠯᠡᠬᠦ ᠶᠢ ᠲᠦᠷᠭᠡᠳᠭᠡᠵᠦ᠂ ᠦᠶᠡᠷ ᠢ ᠰᠡᠷᠭᠡᠶᠢᠯᠡᠵᠦ ᠦᠶᠡᠷ ᠢ ᠵᠠᠯᠠᠬᠤ | ᠲᠥᠬᠦᠭᠡᠷᠦᠮᠵᠢ ᠶᠢ ᠲᠡᠭᠦᠯᠳᠡᠷᠵᠢᠭᠦᠯᠦᠨ᠂ ᠭᠠᠵᠠᠷ ᠲᠤᠤᠷᠠᠬᠢ ᠶᠡᠷᠦᠩᠬᠡᠶᠢᠯᠡᠭᠰᠡᠨ ᠲᠠᠮᠵᠢᠭᠤᠯᠬᠤ ᠬᠤᠭᠤᠯᠠᠢ ᠶᠢᠨ | ᠬᠤᠩᠬᠢᠯ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃ ᠲᠥᠪ ᠤᠨ ᠲᠥᠰᠦᠪ ᠤᠨ ᠳᠣᠲᠣᠷᠠᠬᠢ | ᠪᠡᠯᠡ ᠣᠷᠣᠭᠤᠯᠤᠯᠲᠠ ᠶᠢ 6400 ᠳ᠋ᠦᠩᠰᠢᠭᠤᠷ ᠲᠥᠭᠦᠷᠢᠭ ᠲᠣᠬᠢᠷᠠᠭᠤᠯᠤᠨ᠎ᠠ᠃ ᠵᠠᠰᠠᠭ ᠤᠨ ᠣᠷᠳᠣᠨ ᠤ ᠪᠠᠯᠠ | ᠣᠷᠣᠭᠤᠯᠤᠯᠲᠠ ᠶᠢ ᠠᠷᠠᠳ ᠤᠨ ᠠᠮᠢᠳᠤᠷᠠᠯ ᠤᠨ ᠲᠦᠰᠦᠯ ᠳᠠᠶᠢᠰᠢ ᠨᠠᠩ ᠢᠯᠡᠭᠦᠤ ᠬᠡᠯᠪᠠᠶᠢᠯᠭᠡᠵᠦ᠂ ᠨᠡᠶᠢᠭᠡᠮ | ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠳᠤᠲᠠᠭᠤᠳᠠᠯ ᠢ ᠨᠥᠬᠦᠪᠥᠷᠢᠯᠡᠬᠦ ᠡᠷᠴᠢᠮ ᠢᠶᠠᠨ ᠴᠢᠩᠭᠠᠷᠠᠭᠤᠯᠤᠨ᠎ᠠ᠃ | ᠪᠡᠯᠡ ᠣᠷᠣᠭᠤᠯᠤᠯᠲᠠ ᠶᠢ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠭᠠᠵᠠᠷ | ᠬᠡᠷᠡᠭᠯᠡᠬᠦ᠂ ᠡᠨᠧᠷᠭᠢ ᠬᠡᠷᠡᠭᠯᠡᠬᠦ ᠵᠡᠷᠭᠡ ᠡᠯᠧᠮᠧᠨ᠋ᠲ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠤᠯᠤᠰ ᠤᠨ | ᠴᠢᠬᠤᠯᠠ ᠶᠡᠭᠡ ᠲᠦᠰᠦᠯ ᠳᠤ ᠡᠨᠧᠷᠭᠢ ᠶᠢᠨ ᠬᠤᠷᠣᠭᠳᠠᠭᠤᠯᠤᠯ ᠢ ᠠᠰ ᠲᠤᠨᠢ ᠵᠢᠭᠰᠠᠭᠠᠬᠤ ᠶᠢ ᠭᠡᠷᠡᠭᠵᠢᠬᠦᠯᠦᠨ᠎ᠠ᠃ | ᠪᠡᠯᠡ ᠣᠷᠣᠭᠤᠯᠤᠯᠲᠠ ᠶᠢᠨ ᠪᠦᠲᠦᠴᠡ ᠶᠢ ᠰᠢᠯᠢᠳᠡᠭᠵᠢᠭᠦᠯᠵᠦ᠂ ᠪᠡᠯᠡ ᠣᠷᠣᠭᠤᠯᠤᠯᠲᠠ ᠶᠢᠨ ᠪᠡᠷᠭᠡ ᠰᠡᠳᠦᠪ ᠢ | ᠰᠢᠢᠳᠪᠦᠷᠢᠯᠡᠵᠦ᠂ ᠪᠡᠯᠡ ᠣᠷᠣᠭᠤᠯᠤᠯᠲᠠ ᠶᠢᠨ ᠵᠠᠩᠭᠢᠯᠠᠭ᠎ᠠ ᠶᠢᠨ ᠦᠢᠯᠡᠳᠦᠯ ᠢ ᠦᠨᠡᠨ ᠬᠦ ᠪᠠᠳᠠᠷᠠᠭᠤᠯᠦᠨᠠ᠃ | ᠣᠷᠣᠨ ᠪᠦᠰᠡ ᠶᠢᠨ ᠬᠥᠭᠵᠢᠯᠲᠡ ᠶᠢᠨ ᠲᠡᠩᠴᠡᠭᠦᠷᠢᠲᠦ ᠴᠢᠨᠠᠷ ᠪᠠ ᠵᠣᠬᠢᠴᠠᠯᠳᠤ ᠴᠢᠨᠠᠷ ᠢ ᠴᠢᠩᠭᠠᠳᠬᠠᠨ᠎ᠠ᠃ | ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠪᠠ ᠣᠷᠣᠨ ᠪᠦᠰᠡ ᠶᠢᠨ ᠵᠣᠬᠢᠴᠠᠩᠭᠤᠶ | ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠭᠦᠨᠵᠡᠭᠡᠶ ᠬᠡᠷᠡᠭᠵᠢᠭᠦᠯᠦᠨ᠎ᠡ᠃ ᠪᠡᠭᠡᠵᠢᠩ ᠲᠢᠶᠠᠨᠵᠢᠨ ᠾᠧᠪᠧᠶ ᠶᠢᠨ | ᠬᠠᠮᠵᠢᠯᠴᠠᠭᠰᠠᠨ ᠬᠥᠭᠵᠢᠯᠲᠡ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ᠂ ᠭᠤᠸᠠᠩᠳᠦ᠋ᠩ | ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠪᠦᠲᠦᠭᠡᠨ ᠪᠠᠶᠢᠭᠤᠯᠤᠯᠲᠠ᠂ ᠬᠦ᠋ᠬᠡᠮᠦ᠋ᠷᠡᠨ ᠤ ᠭᠤᠷᠪᠠᠯᠵᠢᠨ | ᠬᠤᠶᠢᠭ ᠤᠨ ᠨᠢᠭᠡ ᠴᠣᠭᠴᠠᠵᠢᠭᠤᠯᠤᠭᠰᠠᠨ ᠬᠥᠭᠵᠢᠯᠳᠠ᠂ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ | ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠰᠢᠶᠦ᠋ᠩ ᠠᠨ ᠰᠢᠨ᠎ᠡ ᠲᠣᠭᠤᠷᠢᠭ ᠢ ᠥᠨᠳᠥᠷ | ᠪᠠᠷᠢᠮᠵᠢᠶ᠎ᠠ ᠪᠠᠷ ᠴᠢᠨᠠᠷ ᠰᠠᠶᠢᠲᠠᠶ ᠪᠦᠳᠦᠭᠡᠨ ᠪᠠᠶᠢᠭᠤᠯᠵᠤ᠂ ᠪᠡᠭᠡᠵᠢᠩ ᠤᠨ ᠬᠤᠳᠠ ᠶᠢᠨ ᠳᠡᠳ᠋ ᠲᠥᠪ ᠤᠨ ᠪᠦᠳᠦᠭᠡᠨ | ᠪᠠᠶᠢᠭᠤᠯᠤᠯᠲᠠ ᠶᠢ ᠲᠡᠮᠵᠢᠨ᠎ᠠ᠃ ᠪᠠᠷᠠᠭᠤᠨ ᠤᠷᠤᠨ ᠢ ᠶᠡᠬᠡᠪᠡᠷ ᠨᠡᠭᠡᠭᠡᠨ ᠬᠦᠭᠵᠢᠬᠦᠯᠬᠦ ᠰᠢᠨ᠎ᠡ ᠪᠠᠶᠢᠷᠢᠰᠢᠯ ᠢ | ᠪᠦᠷᠢᠯᠳᠦᠭᠦᠯᠬᠦ ᠶᠢ ᠠᠬᠢᠭᠤᠯᠵᠦ᠂ ᠵᠡᠭᠦᠨ ᠬᠤᠶᠢᠳᠤ ᠤᠷᠤᠨ ᠢ ᠮᠠᠨᠳᠤᠭᠤᠯᠤᠨ ᠬᠦᠭᠵᠢᠬᠦᠯᠬᠦ ᠰᠢᠨ᠎ᠡ ᠰᠢᠪᠳᠤᠯᠤᠯᠳᠠ | ᠤᠯᠬᠤ ᠶᠢ ᠠᠬᠢᠭᠤᠯᠵᠦ᠂ ᠳᠤᠮᠳᠠ ᠬᠡᠰᠡᠭ ᠤᠷᠤᠨ ᠤ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠵᠦ᠂ ᠵᠡᠭᠦᠨ ᠬᠡᠰᠡᠭ | ᠤᠷᠤᠨ ᠤ ᠤᠳᠤᠬᠢᠴᠢᠯᠠᠬᠰᠠᠨ ᠬᠦᠭᠵᠢᠯᠳᠡ ᠶᠢ ᠲᠦᠯᠬᠢᠨ ᠠᠬᠢᠭᠤᠯᠬᠤ ᠶᠢ ᠵᠤᠷᠢᠬᠵᠢᠭᠤᠯᠵᠦ᠂ ᠠᠵᠤ ᠦᠢᠯᠡᠰ ᠤᠨ | ᠱᠠᠲᠤᠯᠠᠭᠰᠠᠨ ᠰᠢᠯᠵᠢᠯᠳᠠ ᠪᠠ ᠣᠷᠣᠨ ᠪᠦᠰᠡ ᠶᠢᠨ ᠬᠠᠮᠲᠤᠷᠠᠯᠴᠠᠭ᠎ᠠ ᠶᠢ ᠲᠡᠮᠵᠢᠨ᠎ᠠ᠃ ᠬᠤᠪᠢᠰᠬᠠᠯ ᠤᠨ ᠬᠠᠭᠤᠴᠢᠨ | ᠰᠠᠭᠤᠷᠢᠨ ᠭᠠᠵᠠᠷ᠂ ᠦᠨᠳᠦᠰᠦᠲᠡᠨ ᠤ ᠭᠠᠵᠠᠷ ᠣᠷᠣᠨ᠂ ᠬᠢᠯᠢ ᠬᠢᠵᠠᠭᠠᠷ ᠣᠷᠣᠨ ᠤ ᠲᠦᠷᠭᠡᠯᠡᠨ ᠬᠥᠭᠵᠢᠬᠦ ᠶᠢ | ᠲᠡᠮᠵᠢᠨ᠎ᠠ᠃ ᠳᠠᠯᠠᠢ ᠲᠠᠩᠭᠢᠰ ᠤᠨ ᠠᠵᠤ ᠠᠬᠤᠶ ᠶᠢ ᠬᠥᠭᠵᠢᠭᠦᠯᠵᠦ᠂ ᠳᠠᠯᠠᠢ ᠳᠠᠩᠬᠢᠰ ᠤᠨ ᠬᠦᠴᠦᠷᠬᠡᠭ ᠤᠯᠤᠰ ᠢ | ᠪᠦᠳᠦᠭᠡᠨ ᠪᠠᠶᠢᠭᠤᠯᠤᠨ᠎ᠠ᠃ ᠠᠵᠤ ᠠᠬᠤᠶ ᠶᠢᠨ ᠲᠤᠮᠤ ᠮᠤᠵᠢ ᠳᠠᠪᠠᠭᠤᠯᠢᠭ ᠲᠠᠯ᠎ᠠ ᠪᠠᠨ ᠭᠦᠢᠴᠡᠳ ᠪᠠᠳᠠᠷᠠᠭᠤᠯᠵᠤ᠂ | ᠪᠦᠬᠦ ᠤᠯᠤᠰ ᠤᠨ ᠬᠥᠭᠵᠢᠯᠲᠡ ᠳᠤ ᠦᠵᠡᠭᠦᠯᠬᠦ ᠳᠠᠶᠢᠴᠢᠯᠠᠬᠤ ᠦᠢᠯᠡᠳᠦᠯ ᠢᠶᠠᠨ ᠴᠢᠩᠭᠠᠳᠬᠠᠬᠤ ᠬᠡᠷᠡᠭᠲᠡᠶ᠃ ᠠᠵᠤ | ᠠᠬᠤᠶ ᠬᠦᠴᠢᠷᠳᠡᠯ ᠲᠠᠢ ᠭᠠᠵᠠᠷ ᠣᠷᠣᠨ ᠤᠯᠤᠰ ᠤᠨ ᠳᠡᠮᠵᠢᠯᠬᠡ ᠦᠵᠡᠬᠦᠯᠬᠦ ᠲᠥᠷᠥ ᠶᠢᠨ ᠪᠣᠳᠣᠯᠭ᠎ᠠ ᠶᠢ ᠰᠠᠶᠢᠲᠤᠷ | ᠬᠡᠷᠡᠭᠯᠡᠵᠦ᠂ ᠲᠤᠰ ᠪᠡᠶ᠎ᠡ ᠶᠢᠨ ᠳᠠᠯᠳᠠ ᠬᠦᠴᠦᠨ ᠢᠶᠠᠨ ᠠᠭᠤᠳᠠᠯᠤᠨ᠂ ᠠᠵᠤ ᠠᠬᠤᠢ ᠶᠢᠨ ᠰᠡᠷᠭᠦᠯᠲᠡ | ᠬᠥᠭᠵᠢᠯᠲᠡ ᠪᠠᠨ ᠴᠢᠷᠮᠠᠶᠢᠨ ᠠᠬᠢᠭᠤᠯᠬᠤ ᠬᠡᠷᠡᠭᠲᠡᠶ᠃ | ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠬᠤᠲᠠ ᠶᠢᠨ | ᠰᠢᠨᠡᠴᠢᠯᠡᠯᠲᠡ ᠶᠢ ᠡᠮᠬᠢ ᠵᠢᠷᠤᠮ ᠲᠠᠢ ᠪᠠᠷ ᠠᠬᠢᠭᠤᠯᠤᠨ᠂ ᠬᠤᠲᠠ ᠶᠢᠨ ᠶᠠᠪᠤᠳᠠᠯ ᠤᠨ ᠲᠥᠬᠦᠭᠡᠷᠦᠮᠵᠢ ᠪᠠ ᠭᠠᠮᠰᠢᠭ ᠢ | ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠠᠭᠤᠴᠢᠨ ᠪᠠᠷᠢᠯᠭ᠎ᠠ | ᠪᠣᠯᠤᠨ ᠲᠥᠬᠦᠭᠡᠷᠦᠮᠵᠢ ᠶᠢᠨ ᠠᠮᠤᠷ ᠲᠦᠪᠰᠢᠨ ᠤ ᠭᠡᠮ ᠰᠣᠭᠤᠭ ᠢ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ | ᠥᠷᠨᠢᠭᠦᠯᠤᠨ᠂ ᠪᠠᠰᠠ ᠨᠢᠭᠡ ᠪᠦᠯᠦᠭ ᠬᠤᠲᠠ ᠪᠠᠯᠭᠠᠰᠤᠨ ᠤ ᠬᠠᠭᠤᠴᠢᠨ ᠲᠣᠭᠤᠷᠢᠭ ᠢ ᠥᠭᠡᠷᠡᠴᠢᠯᠡᠨ ᠪᠠᠶᠢᠭᠤᠯᠬᠤ | ᠠᠵᠢᠯ ᠢ ᠡᠬᠢᠯᠡᠬᠦᠯᠵᠤ᠂ ᠴᠠᠬᠢᠯᠭᠠᠨ ᠱᠠᠳᠤ ᠤᠬᠰᠠᠷᠠᠬᠤ ᠵᠡᠷᠭᠡ ᠲᠦᠭᠦᠭᠡᠷᠤᠮᠵᠢ ᠪᠠᠶᠢᠭᠤᠯᠬᠤ ᠶᠢ ᠳᠡᠮᠵᠢᠵᠦ᠂ ᠰᠠᠭᠠᠳ | ᠦᠭᠡᠢ ᠣᠷᠴᠢᠨ ᠤ ᠪᠦᠲᠦᠭᠡᠨ ᠪᠠᠶᠢᠭᠤᠯᠤᠯᠲᠠ ᠪᠠ ᠨᠠᠰᠤᠵᠢᠯᠲᠠ ᠳᠤ ᠲᠣᠬᠢᠷᠠᠭᠤᠯᠬᠤ ᠥᠭᠡᠷᠡᠴᠢᠯᠡᠯᠲᠡ ᠶᠢ | ᠠᠬᠢᠭᠤᠯᠤᠨ᠎ᠠ᠃ ᠪᠠᠶᠢᠩᠭᠤ ᠰᠠᠭᠤᠭ᠎ᠠ ᠭᠠᠵᠠᠷ ᠲᠤᠨᠢ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠬᠠᠩᠭᠠᠬᠤ | ᠲᠦᠷᠢᠮ ᠢ ᠲᠡᠭᠦᠯᠳᠡᠷᠵᠢᠭᠦᠯᠦᠨ᠎ᠡ᠃ ᠰᠢᠶᠠᠨ ᠤ ᠬᠤᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠎ᠠ᠃ ᠬᠤᠳᠠ ᠶᠢᠨ ᠪᠥᠭᠡᠭᠡᠨᠡᠷᠡᠯ᠂ ᠶᠡᠭᠡ ᠬᠤᠳᠠ ᠶᠢᠨ ᠴᠠᠭᠠᠷᠢᠬ ᠤᠨ ᠪᠦᠳᠦᠭᠡᠨ | ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠲᠤᠮᠤ ᠳᠤᠮᠳᠠ ᠵᠢᠵᠢᠭ ᠬᠤᠳᠠ ᠪᠠ ᠵᠢᠵᠢᠭ ᠬᠤᠳᠠ | ᠪᠠᠯᠭᠠᠰᠤ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠤᠨ᠎ᠠ᠃ ᠴᠧᠩᠳᠦ ᠪᠠ ᠴᠦᠩᠴᠢᠩ ᠤᠨ ᠬᠤᠭᠤᠷᠤᠨᠳᠤᠬᠢ | ᠤᠷᠤᠨ ᠤ ᠬᠤᠤᠰ ᠬᠤᠳᠠ ᠶᠢᠨ ᠠᠵᠤ ᠠᠬᠤᠢ ᠶᠢᠨ ᠴᠠᠭᠠᠷᠢᠭ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠵᠦ᠂ | ᠰᠢᠶᠠᠨ ᠢ ᠬᠠᠰᠤᠵᠤ ᠬᠤᠲᠠ ᠪᠠᠶᠢᠭᠤᠯᠵᠦ ᠲᠤᠭᠤᠷᠢᠬ ᠭᠠᠷᠭᠠᠬᠤ ᠶᠢ ᠴᠢᠩᠭ᠎ᠠ ᠬᠢᠵᠠᠭᠠᠷᠯᠠᠨ᠎ᠠ᠃ ᠬᠤᠲᠠ ᠬᠥᠳᠡᠭᠡ ᠶᠢ | ᠲᠥᠯᠥᠪᠵᠢᠭᠦᠯᠵᠦ ᠪᠦᠲᠦᠭᠡᠨ ᠪᠠᠶᠢᠭᠤᠯᠬᠤ ᠳᠤᠮᠳᠠ ᠲᠡᠦᠬᠡ ᠰᠣᠶᠣᠯ ᠢ ᠬᠠᠮᠠᠭᠠᠯᠠᠨ ᠤᠯᠠᠮᠵᠢᠯᠠᠬᠤ ᠠᠵᠢᠯ ᠢ ᠰᠠᠶᠢᠲᠤᠷ | ᠬᠢᠵᠦ᠂ ᠭᠠᠵᠠᠷ ᠰᠢᠷᠤᠢ ᠶᠢ ᠲᠦᠪᠯᠡᠷᠡᠭᠦᠯᠦᠨ ᠠᠰᠢᠬᠯᠠᠨ ᠠᠷᠪᠢᠴᠢ ᠪᠠᠷ ᠠᠰᠢᠬᠯᠠᠨ᠎ᠠ᠃ ᠬᠥᠮᠦᠨ ᠢᠶᠠᠷ ᠭᠤᠣᠯ | ᠪᠣᠯᠭᠠᠭᠰᠠᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢ ᠭᠦᠨᠵᠡᠭᠡᠶ ᠠᠬᠢᠭᠤᠯᠵᠤ᠂ ᠠᠷᠠᠳ ᠤᠨ | ᠠᠮᠢᠳᠤᠷᠠᠯ ᠤᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ᠃ | ︵ᠵᠢᠷᠭᠤᠭ᠎ᠠ︶ ᠲᠠᠷᠢᠶᠠᠯᠠᠩ ᠤᠨ ᠦᠢᠯᠡᠳᠪᠦᠷᠢᠯᠡᠯ ᠢ ᠬᠦᠴᠦᠯᠡᠨ ᠰᠠᠶᠢᠲᠤᠷ ᠠᠳᠬᠤᠵᠤ᠂ ᠬᠥᠳᠡᠭᠡ | ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ ᠲᠠᠷᠢᠶᠠᠯᠠᠩ ᠢ ᠳᠡᠮᠵᠢᠬᠦ | ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠦᠨ ᠴᠢᠩᠭᠠᠳᠬᠠᠵᠤ᠂ ᠶᠠᠳᠠᠭᠤ ᠠᠴᠠ ᠠᠩᠭᠢᠵᠢᠷᠠᠬᠰᠠᠨ ᠭᠠᠵᠠᠷ ᠣᠷᠣᠨ ᠤ | ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠲᠠᠷᠢᠶᠠᠯᠠᠩ ᠤᠨ ᠡᠯᠪᠡᠭ ᠬᠤᠷᠢᠶᠠᠯᠲᠠ ᠤᠯᠬᠤ᠂ ᠲᠠᠷᠢᠶᠠᠴᠢᠨ ᠤ | ᠣᠷᠣᠯᠭ᠎ᠠ ᠪᠠᠨ ᠨᠡᠮᠡᠭᠳᠡᠬᠦᠯᠬᠦ ᠶᠢ ᠠᠬᠢᠭᠤᠯᠤᠨ᠎ᠠ᠃ | ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠢ | ᠲᠤᠬᠳᠠᠪᠦᠷᠢᠵᠢᠭᠤᠯᠵᠦ ᠬᠠᠩᠭᠠᠯᠭ᠎ᠠ ᠶᠢ ᠪᠠᠲᠤᠯᠠᠬᠤ ᠶᠢ ᠴᠢᠩᠭᠠᠳᠬᠠᠨ᠎ᠠ᠃ ᠠᠮᠤ ᠪᠤᠳᠠᠭ᠎ᠠ ᠲᠠᠷᠢᠬᠤ ᠲᠠᠯᠠᠪᠠᠢ ᠶᠢ | ᠲᠣᠭᠲᠠᠪᠤᠷᠢᠵᠢᠭᠤᠯᠵᠤ᠂ ᠠᠮᠤ ᠪᠤᠳᠠᠭ᠎ᠠ ᠶᠢᠨ ᠪᠦᠳᠦᠴᠡ ᠶᠢ ᠰᠢᠯᠢᠳᠡᠭᠵᠢᠭᠦᠯᠦᠨ᠂ ᠤᠷᠤᠢ ᠶᠢᠨ ᠪᠣᠭᠤᠳᠠᠶ ᠳᠤ | ᠴᠢᠭᠯᠡᠭᠦᠯᠦᠨ ᠵᠤᠨ ᠤ ᠠᠮᠤ ᠪᠤᠳᠠᠭᠠᠨ ᠤ ᠲᠠᠷᠢᠶᠠᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠰᠢᠷ᠎ᠠ ᠪᠤᠷᠴᠠᠭ | ᠪᠠ ᠲᠣᠰᠣᠯᠢᠭ ᠲᠠᠷᠢᠮᠠᠯ ᠤᠨ ᠭᠠᠷᠤᠯᠳᠠ ᠶᠢ ᠨᠡᠮᠡᠭᠳᠡᠬᠦᠯᠬᠦ ᠶᠢ ᠠᠬᠢᠭᠤᠯᠤᠨ᠎ᠠ᠃ ᠲᠤᠲᠤᠷᠭ᠎ᠠ᠂ ᠪᠤᠭᠤᠳᠠᠢ | ᠬᠤᠳᠠᠯᠳᠤᠨ ᠠᠪᠬᠤ ᠨᠠᠭᠠᠳᠤ ᠵᠠᠬ᠎ᠠ ᠶᠢᠨ ᠦᠨ᠎ᠡ ᠶᠢ ᠵᠣᠬᠢᠰᠲᠠᠶ ᠪᠠᠷ ᠳᠡᠭᠡᠭᠰᠢᠯᠡᠭᠦᠯᠦᠨ᠎ᠡ᠃ ᠬᠢᠮᠢ ᠶᠢᠨ ᠪᠣᠷᠳᠣᠭᠤᠷ | ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠪᠠ ᠦᠨ᠎ᠡ ᠬᠠᠩᠰᠢ ᠶᠢ ᠲᠣᠭᠲᠠᠭᠤᠨ | ᠪᠠᠶᠢᠯᠭᠠᠬᠤ ᠶᠢ ᠪᠠᠲᠤᠯᠠᠵᠤ᠂ ᠠᠮᠤ ᠪᠤᠳᠠᠭ᠎ᠠ ᠲᠠᠷᠢᠵᠤ ᠪᠠᠶᠢᠭ᠎ᠠ ᠲᠠᠷᠢᠶᠠᠴᠢᠳ ᠲᠤ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠤᠨ ᠨᠥᠬᠦᠪᠥᠷᠢ ᠳᠠᠬᠢᠨ ᠣᠯᠭᠤᠵᠤ᠂ ᠭᠤᠣᠯ ᠭᠠᠷᠤᠯᠲᠠ ᠶᠢᠨ ᠣᠷᠣᠨ ᠢ ᠳᠡᠮᠵᠢᠬᠦ | ᠡᠷᠴᠢᠮ ᠢᠶᠠᠨ ᠴᠢᠩᠭᠠᠷᠠᠭᠤᠯᠵᠤ᠂ ᠲᠠᠷᠢᠶᠠᠴᠢᠳ ᠢ ᠠᠮᠤ ᠪᠤᠳᠠᠭ᠎ᠠ ᠲᠠᠷᠢᠪᠠᠯ ᠵᠣᠬᠢᠰᠲᠠᠶ ᠠᠰᠢᠭ ᠣᠷᠣᠯᠭ᠎ᠠ ᠤᠯᠬᠤ | ᠪᠤᠯᠭᠠᠵᠦ᠂ ᠭᠤᠤᠯ ᠭᠠᠷᠤᠯᠲᠠ ᠶᠢᠨ ᠣᠷᠣᠨ ᠤ ᠠᠮᠤ ᠪᠤᠳᠠᠭ᠎ᠠ ᠶᠢ ᠠᠳᠬᠤᠬᠤ ᠠᠵᠢᠯ ᠢ ᠳᠣᠲᠣᠭᠠᠳᠤ ᠬᠥᠳᠡᠯᠭᠡᠭᠴᠢ | ᠬᠦᠴᠦᠨ ᠲᠠᠢ ᠪᠣᠯᠭᠠᠨ᠎ᠠ᠃ 18 ᠳ᠋ᠦᠩᠰᠢᠭᠤᠷ ᠮᠦ ᠲᠠᠷᠢᠶᠠᠨ ᠭᠠᠵᠠᠷ ᠤᠨ ᠤᠯᠠᠭᠠᠨ ᠱᠤᠭᠤᠮ ᠢ ᠪᠠᠲᠤ ᠰᠠᠬᠢᠵᠤ᠂ | ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠭᠦᠢᠴᠡᠳ ᠬᠡᠮᠵᠢᠶ᠎ᠡ ᠪᠠᠷ ᠪᠠᠳᠤᠳᠡᠢ ᠵᠠᠭᠠᠬᠯᠠᠨ ᠲᠤᠬᠳᠠᠭᠠᠵᠦ᠂ | ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠦᠨᠡᠨ ᠬᠦ ᠬᠤᠷᠢᠭᠯᠠᠵᠤ᠂ ︽ᠠᠮᠤ ᠪᠤᠳᠠᠭᠠᠨ ᠤ | ᠪᠤᠰᠤ ᠪᠣᠯᠭᠠᠬᠤ︾ ᠶᠢ ᠰᠡᠷᠭᠡᠶᠢᠯᠡᠨ᠎ᠡ᠃ ᠳᠤᠮᠳᠠ ᠳᠣᠤᠷ᠎ᠠ ᠤᠨᠠᠯᠲᠠᠳᠤ ᠲᠠᠷᠢᠶᠠᠨ ᠭᠠᠵᠠᠷ ᠤᠨ ᠥᠭᠡᠷᠡᠴᠢᠯᠡᠯᠳᠡ ᠶᠢ | ᠴᠢᠩᠭᠠᠳᠬᠠᠵᠤ᠂ 1 ᠳ᠋ᠦᠩᠰᠢᠭᠤᠷ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠵᠤ᠂ ᠨᠢᠭᠡ | ᠪᠦᠯᠦᠭ ᠲᠤᠮᠤ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ | ᠪᠠᠶᠢᠭᠤᠯᠤᠨ᠎ᠠ᠃ ᠬᠠᠷ᠎ᠠ ᠬᠥᠷᠥᠰᠥᠲᠦ ᠭᠠᠵᠠᠷ ᠢ ᠬᠠᠮᠠᠭᠠᠯᠠᠬᠤ ᠪᠠ ᠬᠤᠵᠢᠷᠯᠢᠬ ᠭᠠᠵᠠᠷ ᠢ ᠶᠡᠷᠦᠩᠬᠡᠶᠢᠯᠡᠨ ᠠᠰᠢᠭᠯᠠᠬᠤ | ᠡᠷᠴᠢᠮ ᠢ ᠴᠢᠩᠭᠠᠷᠠᠭᠤᠯᠤᠨ᠎ᠠ᠃ ᠬᠠᠳᠤᠨ ᠭᠤᠤᠯ ᠤᠨ ᠰᠠᠪᠠ ᠭᠠᠵᠠᠷ ᠤᠨ ᠤᠰᠤ ᠠᠷᠪᠢᠯᠠᠬᠤ ᠳᠠᠷᠢᠶᠠᠯᠠᠩ᠂ | ᠬᠠᠭᠤᠷᠠᠢ ᠳᠠᠷᠢᠮᠠᠯ ᠤᠨ ᠲᠠᠷᠢᠶᠠᠯᠠᠩ ᠢ ᠬᠦᠭᠵᠢᠬᠦᠯᠬᠦ ᠶᠢ ᠳᠡᠮᠵᠢᠵᠦ᠂ ᠭᠤᠷᠪᠠᠳᠤᠭᠠᠷ ᠤᠳᠠᠭᠠᠨ ᠤ ᠪᠦᠬᠦ ᠤᠯᠤᠰ ᠤᠨ | ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢ ᠡᠬᠢᠯᠡᠭᠦᠯᠦᠨ᠎ᠡ᠃ ᠦᠷ᠎ᠡ ᠶᠢᠨ ᠦᠢᠯᠡᠰ ᠢ ᠬᠥᠭᠵᠢᠭᠦᠯᠦᠨ | ᠮᠠᠨᠳᠤᠭᠤᠯᠬᠤ ᠶᠢ ᠲᠦᠷᠭᠡᠯᠡᠨ ᠠᠬᠢᠭᠤᠯᠵᠤ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠡᠷᠬᠡ ᠰᠡᠳᠦᠪ ᠢ | ᠰᠢᠢᠳᠪᠦᠷᠢᠯᠡᠬᠦ ᠪᠠ ᠳᠠᠷᠢᠶᠠᠯᠠᠩ ᠤᠨ ᠰᠢᠨᠵᠢᠯᠡᠬᠦ ᠤᠬᠠᠭᠠᠨ ᠮᠡᠷᠬᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠨ᠂ | ᠲᠠᠷᠢᠶᠠᠯᠠᠩ ᠤᠨ ᠮᠠᠰᠢᠨ ᠲᠣᠨᠣᠭᠯᠠᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠲᠠᠷᠢᠶᠠᠯᠠᠩ ᠤᠨ ᠴᠠᠭ | ᠠᠭᠤᠷ ᠤᠨ ᠭᠠᠮᠰᠢᠭ ᠢ ᠰᠡᠷᠭᠡᠶᠢᠯᠡᠨ ᠬᠢᠵᠠᠭᠠᠷᠯᠠᠬᠤ ᠪᠠ ᠠᠮᠢᠲᠠᠨ ᠤᠷᠭᠤᠮᠠᠯ ᠤᠨ ᠬᠢᠵᠢᠭ ᠡᠪᠡᠳᠴᠢᠨ ᠢ ᠰᠡᠷᠭᠡᠶᠢᠯᠡᠨ | ᠵᠠᠰᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠭᠠᠭ᠋ᠠᠶ ᠲᠡᠵᠢᠭᠡᠬᠦ ᠦᠢᠯᠡᠳᠪᠦᠷᠢᠯᠡᠯ ᠤᠨ ᠴᠢᠳᠠᠪᠤᠷᠢ ᠶᠢ ᠲᠣᠬᠢᠷᠠᠭᠤᠯᠤᠨ | ᠡᠵᠡᠮᠳᠡᠬᠦ ᠪᠠᠨ ᠴᠢᠩᠭᠠᠳᠬᠠᠵᠤ᠂ ᠮᠠᠯ ᠵᠢᠭᠦᠷᠲᠡᠨ᠂ ᠤᠰᠤᠨ ᠭᠠᠷᠤᠯᠲᠠ᠂ ᠢᠳᠡᠰᠢᠨ ᠨᠣᠭᠤᠭ᠎ᠠ ᠵᠡᠷᠭᠡ ᠶᠢᠨ | ᠦᠢᠯᠡᠳᠪᠦᠷᠢᠯᠡᠯ ᠬᠠᠩᠭᠠᠯᠭ᠎ᠠ ᠶᠢ ᠰᠠᠶᠢᠲᠤᠷ ᠠᠳᠬᠤᠵᠦ᠂ ᠤᠳᠤᠬᠢᠴᠢᠯᠠᠬᠰᠠᠨ ᠲᠦᠭᠦᠭᠡᠷᠦᠮᠵᠢᠳᠦ ᠳᠠᠷᠢᠵᠦ ᠳᠡᠵᠢᠭᠡᠬᠦ | ᠦᠢᠯᠡᠰ ᠢ ᠲᠦᠷᠭᠡᠳᠭᠡᠨ ᠬᠦᠭᠵᠢᠬᠦᠯᠦᠨ᠎ᠡ᠃ ᠬᠦᠪᠦᠩ᠂ ᠨᠢᠰᠢᠩᠭᠦ ᠵᠡᠷᠭᠡ ᠶᠢᠨ ᠦᠢᠯᠡᠳᠪᠦᠷᠢᠯᠡᠯ ᠢ ᠳᠡᠮᠵᠢᠨ᠎ᠡ᠃ | ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠡᠯ᠎ᠡ ᠭᠠᠵᠠᠷ ᠣᠷᠣᠨ ᠴᠥᠮ | ᠬᠠᠷᠢᠭᠤᠴᠠᠯᠭ᠎ᠠ ᠲᠠᠢ ᠶᠤᠮ᠂ ᠠᠮᠤ ᠪᠤᠳᠠᠭ᠎ᠠ ᠶᠢ ᠰᠢᠯᠵᠢᠭᠦᠯᠦᠨ ᠣᠷᠣᠭᠤᠯᠬᠤ ᠭᠠᠵᠠᠷ ᠣᠷᠣᠨ ᠨᠡᠩ ᠴᠤ ᠠᠮᠤ | ᠪᠤᠳᠠᠭᠠᠨ ᠤ ᠦᠢᠯᠡᠳᠪᠦᠷᠢᠯᠡᠯ ᠢᠶᠠᠨ ᠲᠣᠭᠲᠠᠪᠤᠷᠢᠵᠢᠭᠤᠯᠬᠤ ᠬᠡᠷᠡᠭᠲᠡᠶ᠃ ᠡᠯ᠎ᠡ ᠲᠠᠯ᠎ᠠ ᠶᠢᠨ ᠬᠢᠨ ᠬᠠᠮᠲᠤ ᠪᠠᠷ | ᠴᠢᠷᠮᠠᠶᠢᠵᠤ᠂ ︽ᠬᠦᠨᠡᠰᠦᠨ ᠤᠭᠤᠲᠠ︾ ᠪᠠᠨ ᠳᠦᠭᠦᠷᠭᠡᠨ᠂ ︽ᠨᠣᠭᠤᠭᠠᠨ ᠤ ᠰᠠᠭᠰᠤ︾ ᠪᠠᠨ ᠲᠡᠭᠦᠯᠳᠡᠷᠵᠢᠭᠦᠯᠵᠦ᠂ | ᠳᠤᠮᠳᠠᠳᠤ ᠤᠯᠤᠰ ᠤᠨ 14 ᠳ᠋ᠦᠩᠰᠢᠭᠤᠷ ᠭᠠᠷᠤᠢ ᠬᠥᠮᠦᠨ ᠤ ᠬᠤᠭᠤᠯᠠ ᠬᠦᠨᠡᠰᠦ ᠪᠠᠨ ᠪᠡᠶ᠎ᠡ ᠳᠡᠭᠡᠨ ᠲᠦᠰᠢᠭᠯᠡᠨ | ᠰᠢᠢᠳᠪᠦᠷᠢᠯᠡᠬᠦ ᠶᠢ ᠪᠠᠳᠤᠯᠠᠬᠤ ᠬᠡᠷᠡᠭᠳᠡᠢ᠃ | ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠦᠬᠦ ᠲᠠᠯ᠎ᠠ ᠪᠠᠷ | ᠪᠠᠬᠢᠵᠢᠭᠦᠯᠦᠨ ᠥᠷᠭᠡᠳᠭᠡᠨ᠎ᠡ᠃ ᠳᠠᠬᠢᠨ ᠶᠠᠳᠠᠭᠤᠷᠠᠬᠤ ᠠᠴᠠ ᠰᠡᠷᠭᠡᠶᠢᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ | ᠲᠣᠭᠲᠠᠴᠠ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠦ᠂ ᠬᠡᠪᠴᠢᠶᠡᠳᠤ ᠴᠢᠨᠠᠷᠲᠠᠶ ᠳᠠᠬᠢᠨ ᠶᠠᠳᠠᠭᠤᠷᠠᠯ ᠡᠭᠦᠰᠭᠦ | ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃ ᠶᠠᠳᠠᠭᠤ ᠠᠴᠠ ᠠᠩᠭᠢᠵᠢᠷᠠᠬᠰᠠᠨ ᠭᠠᠵᠠᠷ ᠣᠷᠣᠨ ᠤ ᠤᠨᠴᠠᠯᠢᠭᠳᠤ | ᠠᠵᠤ ᠦᠢᠯᠡᠰ ᠬᠥᠭᠵᠢᠭᠦᠯᠬᠦ ᠶᠢ ᠳᠡᠮᠵᠢᠵᠦ᠂ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠪᠠ ᠠᠵᠢᠯ | ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠶᠠᠳᠠᠭᠤ ᠠᠴᠠ ᠠᠩᠭᠢᠵᠢᠷᠠᠬᠰᠠᠨ | ᠬᠥᠮᠦᠨ ᠠᠮᠠ ᠶᠢᠨ ᠦᠷᠭᠦᠯᠵᠢᠯᠡᠨ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠤᠨ᠎ᠠ᠃ ᠤᠯᠤᠰ ᠤᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠢ ᠬᠠᠪᠰᠤᠷᠤᠨ | ᠲᠡᠳᠬᠦᠬᠦ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠣᠨᠳᠣᠤ ᠭᠠᠵᠠᠷ ᠨᠡᠭᠦᠯᠭᠡᠭᠰᠡᠨ ᠤ ᠳᠠᠷᠠᠭᠠᠬᠢ ᠲᠡᠳᠬᠦᠨ ᠳᠡᠮᠵᠢᠬᠦ | ᠠᠵᠢᠯ ᠢ ᠰᠠᠶᠢᠲᠤᠷ ᠬᠢᠵᠦ᠂ ᠵᠡᠭᠦᠨ ᠬᠡᠰᠡᠭ ᠪᠠᠷᠠᠭᠤᠨ ᠬᠡᠰᠡᠭ ᠤᠨ ᠭᠠᠵᠠᠷ ᠣᠷᠣᠨ ᠬᠠᠮᠵᠢᠯᠴᠠᠬᠤ᠂ ᠴᠡᠭ | ᠲᠣᠭᠲᠠᠭᠠᠨ ᠬᠠᠪᠰᠤᠷᠤᠨ ᠲᠡᠳᠬᠦᠬᠦ ᠪᠠ ᠨᠡᠶᠢᠭᠡᠮ ᠤᠨ ᠬᠦᠴᠦᠨ ᠢᠶᠠᠷ ᠬᠠᠪᠰᠤᠷᠤᠨ ᠲᠡᠳᠬᠦᠬᠦ ᠠᠵᠢᠯ ᠢ | ᠭᠦᠨᠵᠡᠭᠡᠶᠢᠷᠡᠭᠦᠯᠵᠦ᠂ ︽ᠲᠦᠮᠡᠨ ᠠᠵᠤ ᠠᠬᠤᠶᠢᠯᠠᠯ ᠲᠦᠮᠡᠨ ᠲᠤᠰᠬᠤᠨ ᠢ ᠮᠠᠨᠳᠤᠭᠤᠯᠬᠤ︾ ᠠᠵᠢᠯᠯᠠᠭ᠎ᠠ ᠶᠢ | ᠶᠡᠭᠡ ᠪᠠᠷ ᠬᠡᠷᠡᠭᠵᠢᠬᠦᠯᠵᠦ᠂ ᠶᠠᠳᠠᠭᠤ ᠠᠴᠠ ᠠᠩᠭᠢᠵᠢᠷᠠᠬᠰᠨᠨ ᠭᠠᠵᠠᠷ ᠣᠷᠣᠨ ᠤ ᠥᠪᠡᠷ ᠢ ᠪᠠᠨ ᠬᠥᠭᠵᠢᠭᠦᠯᠬᠦ | ᠴᠢᠳᠠᠪᠤᠷᠢ ᠶᠢ ᠨᠡᠮᠡᠭᠳᠡᠭᠦᠯᠦᠨ᠎ᠡ᠃ | ᠬᠥᠳᠡᠭᠡ ᠲᠣᠰᠬᠤᠨ ᠤ ᠥᠭᠡᠷᠡᠴᠢᠯᠡᠯᠲᠡ ᠬᠥᠭᠵᠢᠯᠲᠡ ᠶᠢ ᠯᠠᠪᠳᠠᠭᠤᠨ ᠪᠠᠲᠤᠲᠠᠶ ᠪᠠᠷ ᠠᠬᠢᠭᠤᠯᠤᠨ᠎ᠠ᠃ | ᠬᠤᠶᠠᠳᠤᠭᠠᠷ ᠡᠭᠡᠯᠵᠢ ᠶᠢᠨ ᠭᠠᠵᠠᠷ ᠰᠢᠷᠣᠶ ᠶᠢᠨ ᠳᠠᠭᠠᠭᠠᠴᠢᠯᠠᠯᠲᠠ ᠶᠢ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ | ᠳᠠᠬᠢᠭᠠᠳ 30 ᠵᠢᠯ ᠤᠷᠲᠤᠳᠬᠠᠬᠤ ᠪᠦᠬᠦ ᠰᠢᠶᠠᠨ ᠤ ᠲᠤᠷᠰᠢᠯᠲᠠ ᠶᠢ ᠰᠠᠶᠢᠲᠤᠷ ᠥᠷᠨᠢᠭᠦᠯᠦᠨ᠎ᠡ᠃ ᠬᠠᠩᠭᠠᠨ | ᠪᠣᠷᠣᠯᠠᠭᠤᠯᠬᠤ ᠬᠤᠷᠰᠢᠶ᠎ᠠ᠂ ᠬᠠᠮᠲᠤ ᠶᠢᠨ ᠥᠮᠴᠢᠯᠡᠯ ᠤᠨ ᠡᠷᠬᠡ᠂ ᠬᠠᠮᠲᠤ ᠶᠢᠨ ᠤᠢ ᠮᠣᠳᠣᠨ ᠤ ᠡᠷᠬᠡ᠂ | ᠤᠯᠤᠰ ᠤᠨ ᠥᠮᠴᠢᠯᠡᠯ ᠤᠨ ᠰᠢᠭᠤᠶᠢᠲᠤ ᠣᠷᠣᠨ ᠪᠠ ᠤᠢ ᠰᠢᠭᠤᠶ ᠶᠢᠨ ᠲᠠᠯᠠᠪᠠᠢ᠂ ᠲᠠᠷᠢᠶᠠᠯᠠᠩ ᠤᠨ ᠠᠳᠠᠷ | ᠬᠠᠭᠠᠯᠪᠤᠷᠢᠯᠠᠯᠲᠠ ᠵᠡᠷᠭᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠬᠥᠳᠡᠭᠡ ᠲᠣᠰᠬᠤᠨ ᠤ ᠮᠥᠩᠭᠦᠨ | ᠭᠦᠢᠯᠭᠡᠭᠡᠨ ᠤ ᠦᠢᠯᠡᠴᠢᠯᠡᠭᠡ ᠶᠢ ᠴᠢᠩᠭᠠᠳᠬᠠᠵᠤ᠂ ᠬᠥᠳᠡᠭᠡ ᠲᠣᠰᠬᠤᠨ ᠤ ᠠᠵᠤ ᠦᠢᠯᠡᠰ ᠢ ᠲᠦᠷᠭᠡᠯᠡᠨ | ᠬᠥᠭᠵᠢᠭᠦᠯᠦᠨ᠎ᠡ᠃ ᠰᠢᠶᠠᠨ ᠤ ᠬᠡᠪᠴᠢᠶᠡᠨ ᠤ ᠠᠵᠤ ᠠᠬᠤᠢ ᠶᠢ ᠪᠤᠵᠠᠭᠠᠶᠢᠷᠠᠭᠤᠯᠤᠨ᠎ᠠ᠃ ᠠᠶᠢᠯ ᠲᠣᠰᠬᠤᠨ ᠢ | ᠬᠠᠰᠤᠵᠤ ᠨᠡᠶᠢᠯᠡᠭᠦᠯᠬᠦ ᠶᠢ ᠴᠢᠩᠭ᠎ᠠ ᠵᠢᠷᠤᠮᠵᠢᠭᠤᠯᠵᠤ᠂ ᠤᠯᠠᠮᠵᠢᠯᠠᠯᠲᠤ ᠠᠶᠢᠯ ᠲᠣᠰᠬᠤᠨ ᠪᠠ ᠬᠥᠳᠡᠭᠡ ᠲᠣᠰᠬᠤᠨ ᠤ | ᠳᠦᠷᠰᠦ ᠪᠠᠶᠢᠳᠠᠯ ᠢ ᠬᠠᠮᠠᠭᠠᠯᠠᠨ᠎ᠠ᠃ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠠᠵᠢᠯᠯᠠᠭ᠎ᠠ ᠶᠢ ᠡᠬᠢᠯᠡᠭᠦᠯᠵᠦ᠂ | ᠲᠦᠯᠦᠪᠵᠢᠭᠦᠯᠭᠡ ᠪᠠᠷ ᠬᠦᠳᠦᠯᠦᠨ ᠳᠠᠭᠠᠭᠤᠯᠬᠤ ᠶᠢ ᠴᠢᠩᠭᠠᠳᠬᠠᠵᠦ᠂ ᠤᠰᠤ ᠴᠠᠬᠢᠯᠭᠠᠨ ᠵᠠᠮ ᠬᠡᠢ ᠮᠡᠳᠡᠭᠡ ᠵᠠᠩᠬᠢ | ᠰᠢᠤᠳᠠᠨ ᠬᠤᠯᠪᠤᠭ᠎ᠠ ᠵᠡᠷᠭᠡ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ | ᠲᠣᠰᠬᠤᠨ ᠤ ᠵᠣᠷᠯᠣᠩ ᠢ ᠥᠭᠡᠷᠡᠴᠢᠯᠡᠬᠦ ᠪᠠ ᠪᠣᠬᠢᠷ ᠤᠰᠤ ᠬᠤᠭ ᠨᠣᠪᠰᠢ ᠶᠢ ᠰᠢᠢᠳᠪᠦᠷᠢᠯᠡᠬᠦ ᠶᠢ ᠲᠤᠬᠠᠶ ᠶᠢᠨ | ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ ᠠᠬᠢᠭᠤᠯᠤᠨ᠎ᠠ᠃ ᠪᠣᠯᠪᠠᠰᠤᠨ ᠲᠣᠰᠬᠤᠨ ᠪᠤᠯᠪᠠᠰᠤᠨ | ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠶ ᠥᠷᠨᠢᠭᠦᠯᠦᠨ᠎ᠡ᠃ ᠬᠥᠯᠥᠰᠥᠨ ᠠᠵᠢᠯᠴᠢᠨ ᠤ ᠴᠠᠯᠢᠩ ᠢ | ᠥᠷᠢᠲᠦᠵᠦ ᠬᠤᠶᠢᠰᠢᠯᠠᠭᠤᠯᠬᠤ ᠶᠢ ᠵᠠᠰᠠᠬᠤ ᠠᠵᠢᠯ ᠢ ᠴᠢᠩᠭᠠᠳᠬᠠᠨ᠂ ᠬᠥᠯᠥᠰᠥᠨ ᠠᠵᠢᠯᠴᠢᠨ ᠤ ᠠᠵᠢᠯ ᠣᠯᠵᠤ | ᠠᠳᠠᠯ ᠦᠢᠯᠡᠰ ᠴᠣᠭᠴᠠᠯᠠᠬᠤ ᠶᠢ ᠳᠡᠮᠵᠢᠵᠦ᠂ ᠥᠷᠭᠡᠨ ᠤᠯᠠᠨ ᠲᠠᠷᠢᠶᠠᠴᠢᠳ ᠢ ᠵᠠᠪᠠᠯ ᠠᠵᠢᠯ ᠬᠦᠳᠡᠯᠮᠦᠷᠢ ᠬᠢᠵᠦ | ᠣᠷᠣᠯᠭ᠎ᠠ ᠪᠠᠨ ᠨᠡᠮᠡᠭᠳᠡᠭᠦᠯᠬᠦ ᠨᠡᠩ ᠤᠯᠠᠨ ᠠᠷᠭ᠎ᠠ ᠵᠠᠮ ᠲᠠᠢ ᠪᠣᠯᠭᠠᠬᠤ ᠬᠡᠷᠡᠭᠲᠡᠶ᠃ | ︵ᠲᠤᠯᠤᠭ᠎ᠠ︶ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠳᠡ ᠶᠢ ᠥᠷᠭᠡᠳᠭᠡᠵᠦ᠂ ᠭᠠᠳᠠᠭᠠᠳᠤ | ᠠᠷᠠᠯᠵᠢᠶ᠎ᠠ ᠭᠠᠳᠠᠭᠠᠳᠤ ᠪᠡᠯᠡ ᠶᠢᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠤᠨ᠎ᠠ᠃ ᠬᠤᠶᠠᠷ ᠵᠠᠬ᠎ᠠ ᠳᠡᠯᠭᠡᠭᠦᠷ | ᠬᠤᠶᠠᠷ ᠵᠦᠢᠯ ᠤᠨ ᠡᠬᠢ ᠪᠠᠶᠠᠯᠢᠭ ᠢ ᠭᠦᠢᠴᠡᠳ ᠠᠰᠢᠭᠯᠠᠵᠤ᠂ ᠭᠠᠳᠠᠭᠠᠳᠤ ᠠᠵᠤ ᠠᠬᠤᠢ ᠠᠷᠠᠯᠵᠢᠶᠠᠨ ᠤ | ᠬᠠᠮᠲᠤᠷᠠᠯᠴᠠᠭ᠎ᠠ ᠶᠢ ᠲᠠᠰᠤᠷᠠᠯᠲᠠ ᠦᠭᠡᠢ ᠥᠷᠭᠡᠳᠭᠡᠵᠦ᠂ ᠥᠨᠳᠥᠷ ᠲᠦᠪᠰᠢᠨ ᠪᠦᠬᠦᠢ ᠨᠡᠭᠡᠭᠡᠯᠳᠡ ᠪᠠᠷ ᠭᠦᠨ | ᠳᠠᠪᠬᠤᠷᠭ᠎ᠠ ᠶᠢᠨ ᠥᠭᠡᠷᠡᠴᠢᠯᠡᠯᠲᠡ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ | ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠭᠠᠳᠠᠭᠠᠳᠤ ᠠᠷᠠᠯᠵᠢᠶ᠎ᠠ ᠶᠢ | ᠲᠣᠭᠲᠠᠪᠤᠷᠢᠵᠢᠭᠤᠯᠤᠨ᠎ᠠ᠃ ᠭᠠᠳᠠᠭᠠᠳᠤ ᠭᠠᠷᠭᠠᠯᠲᠠ ᠶᠢᠨ ᠢᠲᠡᠭᠡᠮᠵᠢ ᠶᠢᠨ ᠳᠠᠭᠠᠳᠬᠠᠯ ᠤᠨ ᠳᠤᠮᠳᠠ ᠵᠢᠵᠢᠭ ᠪᠢᠴᠢᠯ | ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ ᠬᠠᠮᠤᠷᠬᠤ ᠬᠡᠪᠴᠢᠶ᠎ᠡ ᠶᠢ ᠥᠷᠭᠡᠳᠭᠡᠵᠦ᠂ ᠭᠠᠳᠠᠭᠠᠳᠤ | ᠭᠠᠷᠭᠠᠯᠲᠠ ᠶᠢᠨ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢ ᠴᠢᠩᠭᠠᠳᠬᠠᠵᠤ᠂ ᠭᠠᠳᠠᠭᠠᠳᠤ ᠭᠤᠪᠢᠭᠤᠯᠭ᠎ᠠ ᠶᠢᠨ | ᠦᠢᠯᠡᠴᠢᠯᠡᠭᠡ ᠶᠢ ᠰᠢᠯᠢᠳᠡᠭᠵᠢᠭᠦᠯᠦᠨ᠂ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ ᠠᠬᠢᠴᠠ ᠶᠢ | ᠲᠦᠷᠭᠡᠳᠭᠡᠵᠦ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ ᠬᠠᠪᠰᠤᠷᠤᠨ ᠵᠠᠬᠢᠶᠠᠯᠠᠭ᠎ᠠ ᠶᠢ ᠨᠢ | ᠲᠣᠭᠲᠠᠪᠤᠷᠢᠵᠢᠭᠤᠯᠵᠦ ᠦᠢᠯᠡᠳᠪᠦᠷᠢᠯᠡᠯ ᠢ ᠨᠢ ᠲᠣᠭᠲᠠᠭᠤᠨ ᠪᠠᠶᠢᠯᠭᠠᠨ᠎ᠠ᠃ ᠭᠠᠳᠠᠭᠠᠳᠤ ᠠᠷᠠᠯᠵᠢᠶᠠᠨ ᠤ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠢ ᠲᠦᠷᠭᠡᠯᠡᠨ ᠬᠥᠭᠵᠢᠭᠦᠯᠵᠦ᠂ ᠬᠢᠯᠢ ᠠᠯᠤᠰᠯᠠᠭᠰᠠᠨ | ᠡᠯᠧᠺᠲᠷᠣᠨ ᠬᠤᠳᠠᠯᠳᠤᠭᠠᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠢᠭᠡ ᠪᠦᠯᠦᠭ ᠭᠠᠳᠠᠭᠠᠳᠤ ᠳᠠᠬᠢ | ᠬᠥᠮᠥᠷᠭᠡ ᠪᠠᠶᠢᠭᠤᠯᠬᠤ ᠶᠢ ᠲᠡᠮᠵᠢᠨ᠎ᠠ᠃ ᠴᠢᠨᠠᠷ ᠰᠠᠶᠢᠲᠠᠶ ᠦᠢᠯᠡᠳᠬᠦᠨ ᠪᠠ ᠦᠢᠯᠡᠴᠢᠯᠡᠭᠡ ᠶᠢ ᠭᠠᠳᠠᠭᠠᠳᠤ ᠠᠴᠠ | ᠣᠷᠣᠭᠤᠯᠬᠤ ᠶᠢ ᠢᠳᠡᠪᠬᠢᠲᠡᠶ ᠥᠷᠭᠡᠳᠭᠡᠨ᠎ᠡ᠃ ᠦᠢᠯᠡᠴᠢᠯᠡᠭᠡᠨ ᠤ ᠠᠷᠠᠯᠵᠢᠶ᠎ᠠ᠂ ᠳ᠋ᠢᠵᠢᠲ᠋ᠠᠯ ᠠᠷᠠᠯᠵᠢᠶ᠎ᠠ ᠶᠢ ᠰᠢᠨ᠎ᠡ ᠶᠢ | ᠡᠭᠦᠳᠦᠨ ᠬᠥᠭᠵᠢᠭᠦᠯᠵᠦ᠂ ᠬᠢᠯᠢ ᠠᠯᠤᠰᠯᠠᠭᠰᠠᠨ ᠦᠢᠯᠡᠴᠢᠯᠡᠭᠡᠨ ᠤ ᠠᠷᠠᠯᠵᠢᠶ᠎ᠠ ᠶᠢᠨ ᠨᠠᠵᠠᠭᠠᠶ ᠲᠠᠯ᠎ᠠ ᠶᠢᠨ ᠲᠣᠳᠣᠷᠬᠠᠶ | ᠬᠠᠭᠤᠳᠠᠰᠤ ᠶᠢ ᠬᠡᠷᠡᠭᠵᠢᠭᠦᠯᠬᠦ ᠶᠢ ᠠᠬᠢᠭᠤᠯᠤᠨ᠎ᠠ᠃ ᠪᠣᠭᠤᠮᠲᠠ ᠪᠠᠷ ᠥᠩᠭᠡᠷᠡᠬᠦ ᠶᠢ ᠳᠥᠳᠡᠴᠢᠯᠡᠬᠦ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠰᠢᠰᠲ᠋ᠧᠮ ᠤᠨ | ᠪᠠᠶᠢᠭᠤᠯᠤᠯᠲᠠ ᠶᠢ ᠲᠦᠷᠭᠡᠳᠭᠡᠵᠦ᠂ ᠭᠠᠳᠠᠭᠠᠳᠤ ᠪᠡᠯᠡ ᠶᠢ ᠬᠠᠪᠰᠤᠷᠤᠨ ᠦᠪᠡᠷ ᠤᠨ ᠦᠷᠲᠡᠭ ᠢ ᠨᠢ ᠪᠠᠭᠤᠷᠠᠭᠤᠯᠤᠨ | ᠦᠷ᠎ᠡ ᠪᠦᠲᠦᠭᠡᠯ ᠢ ᠨᠢ ᠳᠡᠭᠡᠭᠰᠢᠯᠡᠬᠦᠯᠦᠨ᠎ᠡ᠃ | ᠭᠠᠳᠠᠭᠠᠳᠤ ᠪᠡᠯᠡ ᠶᠢ ᠢᠳᠡᠪᠬᠢᠲᠡᠶ ᠠᠰᠢᠭᠯᠠᠨ᠎ᠠ᠃ ᠭᠠᠳᠠᠭᠠᠳᠤ ᠪᠡᠯᠡ ᠶᠢᠨ ᠵᠠᠬ᠎ᠠ ᠲᠡᠯᠭᠡᠬᠦᠷ ᠲᠤ ᠤᠷᠤᠬᠤ | ᠵᠦᠪᠰᠢᠶᠡᠷᠡᠯ ᠤᠨ ᠨᠠᠵᠠᠭᠠᠶ ᠲᠠᠯ᠎ᠠ ᠶᠢᠨ ᠲᠣᠳᠣᠷᠬᠠᠶ ᠬᠠᠭᠤᠳᠠᠰᠤ ᠶᠢ ᠭᠦᠨᠵᠡᠭᠡᠶ ᠬᠡᠷᠡᠭᠵᠢᠭᠦᠯᠵᠦ᠂ ᠭᠠᠳᠠᠭᠠᠳᠤ | ᠪᠡᠯᠡ ᠶᠢᠨ ᠠᠵᠤ ᠠᠬᠤᠶᠢᠯᠠᠯ ᠤᠨ ᠠᠷᠠᠳ ᠢᠷᠭᠡᠨ ᠤ ᠬᠠᠷᠠᠭᠠᠯᠵᠠᠯ ᠢ ᠰᠠᠶᠢᠲᠤᠷ ᠨᠠᠶᠢᠳᠠᠪᠤᠷᠢᠵᠢᠭᠤᠯᠤᠨ᠎ᠠ᠃ | ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢ ᠵᠣᠷᠢᠬᠵᠢᠭᠤᠯᠬᠤ ᠬᠡᠪᠴᠢᠶ᠎ᠡ ᠶᠢ ᠥᠷᠭᠡᠳᠭᠡᠵᠦ᠂ | ᠭᠠᠳᠠᠭᠠᠳᠤ ᠪᠡᠯᠡ ᠶᠢᠨ ᠳᠤᠮᠳᠠ ᠳᠡᠭᠡᠳᠦ ᠲᠡᠰ ᠤᠨ ᠦᠢᠯᠡᠳᠬᠦ᠂ ᠰᠤᠳᠤᠯᠤᠨ ᠨᠡᠭᠡᠭᠡᠬᠦ᠂ ᠤᠳᠤ ᠦᠶ᠎ᠡ ᠶᠢᠨ | ᠦᠢᠯᠡᠴᠢᠯᠡᠭᠡ ᠵᠡᠷᠭᠡ ᠬᠦᠷᠢᠶ᠎ᠡ ᠪᠠ ᠳᠤᠮᠳᠠ ᠬᠡᠰᠡᠭ ᠪᠠᠷᠠᠭᠤᠨ ᠬᠡᠰᠡᠭ ᠤᠨ ᠭᠠᠵᠠᠷ ᠣᠷᠣᠨ᠂ ᠵᠡᠭᠦᠨ ᠬᠤᠶᠢᠲᠤ | ᠣᠷᠣᠨ ᠳᠠᠬᠢ ᠪᠡᠯᠡ ᠣᠷᠣᠭᠤᠯᠤᠯᠳᠠ ᠪᠠᠨ ᠨᠡᠮᠡᠭᠳᠡᠬᠦᠯᠬᠦ ᠶᠢ ᠳᠡᠮᠵᠢᠨ᠎ᠡ᠃ ᠭᠠᠳᠠᠭᠠᠳᠤ ᠪᠡᠯᠡ ᠶᠢ ᠠᠬᠢᠭᠤᠯᠬᠤ | ᠦᠢᠯᠡᠴᠢᠯᠡᠭᠡ ᠶᠢ ᠰᠢᠯᠢᠳᠡᠭᠵᠢᠬᠦᠯᠦᠨ᠂ ᠴᠢᠬᠤᠯᠠ ᠶᠡᠭᠡ ᠲᠦᠰᠦᠯ ᠢ ᠲᠦᠷᠭᠡᠯᠡᠨ ᠨᠠᠶᠢᠳᠠᠪᠤᠷᠢᠵᠢᠭᠤᠯᠬᠤ ᠶᠢ | ᠠᠬᠢᠭᠤᠯᠤᠨ᠎ᠠ᠃ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ᠂ ᠬᠠᠶᠢᠨᠠᠨ ᠤ ᠴᠢᠯᠥᠭᠡᠲᠦ ᠠᠷᠠᠯᠵᠢᠶᠠᠨ ᠤ | ᠭᠠᠷᠠᠮ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠨᠡᠭᠡᠭᠡᠯᠲᠡ ᠶᠢᠨ ᠣᠷᠣᠨ ᠤ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠬᠢᠭᠤᠯᠵᠤ᠂ ᠶᠡᠷᠦᠩᠬᠡᠶᠢᠯᠡᠭᠰᠡᠨ ᠭᠠᠶᠢᠯᠢ ᠶᠢᠨ ᠪᠠᠲᠤᠯᠠᠭᠠᠳᠤ | ᠣᠷᠣᠨ ᠤ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠵᠦ᠂ ᠦᠶᠢᠯᠡᠴᠢᠯᠡᠭᠡᠨ ᠤ ᠦᠢᠯᠡᠰ ᠤᠨ ᠨᠡᠭᠡᠭᠡᠯᠲᠡ ᠶᠢ | ᠥᠷᠭᠡᠳᠭᠡᠬᠦ ᠶᠡᠷᠦᠩᠬᠡᠶᠢᠯᠡᠭᠰᠡᠨ ᠲᠤᠷᠰᠢᠯᠲᠠ ᠶᠢᠨ ᠴᠡᠭ ᠢ ᠨᠡᠮᠡᠵᠦ ᠪᠠᠶᠢᠭᠤᠯᠤᠨ᠎ᠠ᠃ ᠳᠤᠮᠳᠠᠳᠤ ᠤᠯᠤᠰ ᠤᠨ | ᠨᠡᠭᠡᠭᠡᠯᠲᠡᠳᠦ ᠲᠤᠮᠤ ᠵᠠᠬ᠎ᠠ ᠳᠡᠯᠭᠡᠭᠦᠷ ᠨᠢ ᠡᠯ᠎ᠡ ᠤᠯᠤᠰ ᠤᠨ ᠠᠵᠤ ᠠᠬᠤᠶᠢᠯᠠᠯ ᠤᠨ ᠳᠤᠮᠳᠠᠳᠤ ᠤᠯᠤᠰ ᠲᠠᠬᠢ | ᠬᠥᠭᠵᠢᠯᠲᠡ ᠳᠤ ᠨᠡᠩ ᠤᠯᠠᠨ ᠲᠣᠬᠢᠶᠠᠯ ᠬᠠᠩᠭᠠᠬᠤ ᠨᠢ ᠯᠠᠪᠳᠡᠢ ᠶᠤᠮ᠃ | ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠶ ᠬᠠᠮᠲᠤ ᠪᠠᠷ ᠪᠠᠶᠢᠭᠤᠯᠤᠨ᠎ᠠ᠃ ᠬᠠᠮᠲᠤ ᠪᠠᠷ ᠵᠥᠪᠳᠡᠬᠦ | ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠶᠢ ᠪᠠᠷᠢᠮᠲᠠᠯᠠᠵᠤ᠂ ᠬᠤᠯᠪᠣᠯᠳᠤᠨ ᠨᠡᠪᠲᠡᠷᠡᠯᠴᠡᠬᠦ ᠬᠠᠮᠲᠤᠷᠠᠯᠴᠠᠭᠠᠨ ᠤ | ᠰᠠᠭᠤᠷᠢ ᠶᠢ ᠪᠠᠬᠢᠵᠢᠭᠦᠯᠵᠦ᠂ ᠬᠠᠮᠲᠤᠷᠠᠯᠴᠠᠭᠠᠨ ᠤ ᠰᠢᠨ᠎ᠡ ᠬᠦᠷᠢᠶ᠎ᠡ ᠶᠢ ᠲᠣᠭᠲᠠᠭᠤᠨ ᠢᠶᠠᠷ ᠥᠷᠭᠡᠳᠭᠡᠨ᠎ᠡ᠃ | ᠪᠠᠷᠠᠭᠤᠨ ᠬᠡᠰᠡᠭ ᠤᠨ ᠭᠠᠵᠠᠷ ᠤᠷᠤᠨ ᠤ ᠡᠬᠡ ᠬᠠᠭᠤᠷᠠᠢ ᠲᠠᠯᠠᠢ ᠳᠡᠩᠬᠢᠰ ᠤᠨ ᠰᠢᠨ᠎ᠡ ᠨᠡᠪᠲᠡᠷᠡᠬᠦ ᠵᠠᠮ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠎ᠠ᠃ ᠭᠠᠳᠠᠭᠠᠳᠤ ᠪᠡᠯᠡ ᠣᠷᠣᠭᠤᠯᠤᠯᠲᠠ ᠶᠢᠨ ᠬᠠᠮᠲᠤᠷᠠᠯᠴᠠᠭ᠎ᠠ ᠶᠢ ᠡᠮᠬᠢ | ᠵᠢᠷᠤᠮ ᠲᠠᠢ ᠪᠠᠷ ᠥᠷᠨᠢᠭᠦᠯᠵᠦ᠂ ᠭᠠᠳᠠᠭᠠᠳᠤ ᠳᠠᠬᠢ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ᠎ᠡ᠃ | ᠤᠯᠠᠨ ᠲᠠᠯᠠᠲᠤ ᠪᠠ ᠬᠤᠶᠠᠷ ᠲᠠᠯᠠᠲᠤ ᠠᠵᠤ ᠠᠬᠤᠶ ᠠᠷᠠᠯᠵᠢᠶᠠᠨ ᠤ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠦᠨ᠎ᠡ᠃ ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠶ ᠶᠢᠨ ᠬᠠᠨᠢᠲᠠᠨ ᠤ ᠬᠠᠷᠢᠴᠠᠭ᠎ᠠ ᠶᠢᠨ | ᠬᠡᠯᠡᠯᠴᠡᠭᠡᠷ ᠨᠢ ᠪᠦᠬᠦ ᠪᠥᠮᠪᠥᠷᠴᠡᠭ ᠤᠨ ᠬᠠᠮᠤᠭ ᠤᠨ ᠲᠣᠮᠣ ᠴᠢᠯᠥᠭᠡᠲᠦ ᠠᠷᠠᠯᠵᠢᠶᠠᠨ ᠤ ᠣᠷᠣᠨ ᠢ | ᠪᠦᠷᠢᠯᠳᠦᠭᠦᠯᠦᠭᠰᠡᠨ ᠶᠤᠮ᠂ ᠠᠵᠤ ᠠᠬᠤᠶᠢᠯᠠᠯ ᠤᠨ ᠬᠢᠨ ᠤ ᠬᠠᠷᠠᠭᠠᠯᠵᠠᠯᠲᠤ ᠪᠣᠭᠤᠮᠲᠠ ᠶᠢᠨ ᠭᠠᠶᠢᠯᠢ᠂ ᠤᠭ | ᠭᠠᠷᠤᠯᠲᠠ ᠶᠢᠨ ᠤᠷᠤᠨ ᠤ ᠬᠤᠷᠠᠮᠳᠤᠯ ᠵᠡᠷᠭᠡ ᠳᠦᠷᠢᠮᠯᠡᠯ ᠢ ᠰᠠᠶᠢᠲᠤᠷ ᠬᠡᠷᠡᠭᠯᠡᠬᠦ ᠶᠢ ᠳᠡᠮᠵᠢᠵᠦ᠂ ᠠᠷᠠᠯᠵᠢᠶ᠎ᠠ ᠪᠠ | ᠪᠡᠯᠡ ᠣᠷᠣᠭᠤᠯᠤᠯᠲᠠ ᠶᠢᠨ ᠬᠠᠮᠲᠤᠷᠠᠯᠴᠠᠭ᠎ᠠ ᠶᠢ ᠥᠷᠭᠡᠳᠭᠡᠬᠦ ᠬᠡᠷᠡᠭᠲᠡᠶ᠃ ᠨᠡᠩ ᠤᠯᠠᠨ ᠤᠯᠤᠰ ᠪᠠ ᠭᠠᠵᠠᠷ | ᠣᠷᠣᠨ ᠯᠤᠭ᠎ᠠ ᠥᠨᠳᠥᠷ ᠪᠠᠷᠢᠮᠵᠢᠶᠠᠲᠤ ᠴᠢᠯᠥᠭᠡᠲᠦ ᠠᠷᠠᠯᠵᠢᠶᠠᠨ ᠤ ᠬᠡᠯᠡᠯᠴᠡᠭᠡᠷ ᠵᠥᠪᠳᠡᠯᠴᠡᠨ ᠲᠣᠭᠲᠠᠭᠠᠬᠤ ᠶᠢ | ᠠᠬᠢᠭᠤᠯᠤᠨ᠎ᠠ᠃ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠯ ᠢ ᠡᠷᠡᠰ ᠬᠠᠮᠠᠭᠠᠯᠠᠵᠤ᠂ ᠳᠡᠯᠡᠬᠡᠶ ᠶᠢᠨ ᠠᠷᠠᠯᠵᠢᠶᠠᠨ ᠤ | ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠳᠤ ᠢᠳᠡᠪᠬᠢᠲᠡᠶ ᠣᠷᠣᠯᠴᠠᠨ᠎ᠠ᠃ ᠳᠤᠮᠳᠠᠳᠤ ᠤᠯᠤᠰ ᠳᠤᠷᠠᠲᠠᠶ᠎ᠠ | ᠳᠡᠯᠡᠬᠡᠢ ᠶᠢᠨ ᠡᠯ᠎ᠡ ᠤᠯᠤᠰ ᠲᠠᠢ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠠᠮᠲᠤ ᠪᠠᠷ ᠢᠶᠠᠨ | ᠠᠰᠢᠭ ᠬᠦᠷᠳᠡᠬᠦ ᠪᠠ ᠣᠯᠠᠨ ᠲᠠᠯ᠎ᠠ ᠪᠠᠷ ᠢᠶᠠᠨ ᠠᠰᠢᠭ ᠬᠦᠷᠳᠡᠬᠦ ᠶᠢ ᠪᠡᠶᠡᠯᠡᠭᠦᠯᠦᠨ᠎ᠠ᠃ | ︵ᠨᠠᠢᠮᠠ︶ ᠠᠮᠢ ᠠᠬᠤᠢ ᠶᠢᠨ ᠣᠷᠴᠢᠨ ᠨᠦᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠨᠤᠭᠤᠭᠠᠨ | ᠪᠦᠭᠡᠳ ᠨᠡᠭᠦᠷᠡᠰᠦᠲᠥ᠋ᠷᠥᠭᠴᠢ ᠪᠠᠭᠠᠳᠠᠢ ᠬᠥᠭᠵᠢᠯᠲᠡ ᠶᠢ ᠠᠬᠢᠭᠤᠯᠤᠨ᠎ᠠ᠃ ᠪᠣᠬᠢᠷᠲᠤᠯ ᠢ ᠵᠠᠰᠠᠬᠤ ᠪᠠ ᠠᠮᠢ | ᠠᠬᠤᠶ ᠶᠢ ᠬᠠᠮᠠᠭᠠᠯᠠᠵᠤ ᠵᠠᠰᠠᠨ ᠰᠡᠷᠭᠦᠭᠡᠬᠦ ᠶᠢ ᠴᠢᠩᠭᠠᠳᠬᠠᠵᠤ᠂ ᠬᠥᠭᠵᠢᠯᠲᠡ ᠪᠠ ᠪᠣᠬᠢᠷ ᠪᠣᠳᠠᠰ ᠭᠠᠳᠠᠭᠰᠢᠯᠠᠭᠤᠯᠬᠤ | ᠬᠡᠮᠵᠢᠶ᠎ᠡ ᠶᠢ ᠪᠠᠭᠠᠰᠬᠠᠬᠤ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠬᠥᠮᠦᠨ ᠬᠢᠭᠡᠳ ᠪᠠᠶᠢᠭᠠᠯᠢ ᠶᠢᠨ ᠡᠶ᠎ᠡ | ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠠᠬᠢᠭᠤᠯᠤᠨ᠎ᠠ᠃ | ᠠᠮᠢ ᠠᠬᠤᠶ ᠶᠢᠨ ᠣᠷᠴᠢᠨ ᠨᠥᠬᠦᠴᠡᠯ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠨ᠎ᠠ᠃ ᠪᠣᠬᠢᠷᠲᠤᠯ ᠢ | ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠢ ᠭᠦᠨᠵᠡᠭᠡᠢ ᠰᠠᠶᠢᠳᠤᠷ ᠬᠢᠨ᠎ᠡ᠃ ᠠᠭᠠᠷ ᠮᠠᠨᠳᠠᠯ ᠤᠨ | ᠣᠯᠠᠨ ᠪᠣᠬᠢᠷ ᠪᠣᠳᠠᠰ ᠢ ᠬᠠᠮᠵᠢᠯᠴᠠᠨ ᠬᠢᠵᠠᠭᠠᠷᠯᠠᠬᠤ ᠪᠠ ᠣᠷᠣᠨ ᠪᠦᠰᠡ ᠬᠠᠮᠵᠢᠯᠴᠠᠨ ᠵᠠᠰᠠᠬᠤ ᠶᠢ ᠴᠢᠩᠭᠠᠳᠬᠠᠵᠤ᠂ | ᠴᠢᠬᠤᠯᠠ ᠴᠢᠬᠤᠯᠠ ᠭᠤᠤᠯ ᠮᠥᠷᠡᠨ ᠨᠠᠭᠤᠷ ᠴᠥᠭᠦᠷᠥᠮ᠂ ᠳᠠᠯᠠᠢ ᠶᠢᠨ ᠪᠤᠯᠤᠩ ᠤᠨ ᠪᠣᠬᠢᠷᠲᠤᠯ ᠢ ᠴᠡᠭᠴᠡᠯᠡᠨ | ᠵᠠᠰᠠᠬᠤ ᠡᠷᠴᠢᠮ ᠢ ᠴᠢᠩᠭᠠᠷᠠᠭᠤᠯᠵᠤ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ | ᠦᠷᠭᠦᠯᠵᠢᠯᠡᠨ ᠠᠬᠢᠭᠤᠯᠤᠨ᠎ᠠ᠃ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠠ ᠰᠢᠨ᠎ᠡ ᠪᠣᠬᠢᠷ ᠪᠣᠳᠠᠰ ᠢ ᠵᠠᠰᠠᠬᠤ | ᠠᠵᠢᠯ ᠢ ᠴᠢᠩᠭᠠᠳᠬᠠᠵᠤ᠂ ᠬᠤᠭ ᠨᠣᠪᠰᠢ ᠶᠢ ᠲᠦᠷᠦᠯ ᠬᠤᠪᠢᠶᠠᠬᠤ᠂ ᠬᠡᠮᠵᠢᠶ᠎ᠡ ᠶᠢ ᠪᠠᠭᠠᠰᠬᠠᠬᠤ ᠪᠠ ᠡᠬᠢ | ᠪᠠᠶᠠᠯᠢᠬᠵᠢᠭᠤᠯᠬᠤ ᠶᠢ ᠬᠡᠷᠡᠭᠵᠢᠬᠦᠯᠦᠨ᠎ᠡ᠃ ᠡᠨᠧᠷᠭᠢ ᠠᠷᠪᠢᠯᠠᠬᠤ ᠤᠰᠤ ᠠᠷᠪᠢᠯᠠᠬᠤ᠂ ᠬᠠᠶᠠᠭᠳᠠᠮᠠᠯ ᠬᠠᠭᠤᠴᠢᠨ ᠡᠳ᠋ | ᠪᠣᠳᠠᠰ ᠢ ᠣᠷᠴᠢᠯᠳᠤᠭᠤᠯᠤᠨ ᠠᠰᠢᠭᠯᠠᠬᠤ ᠵᠡᠷᠭᠡ ᠣᠷᠴᠢᠨ ᠠᠬᠤᠶ ᠶᠢᠨ ᠬᠠᠮᠠᠭᠠᠯᠠᠯᠳᠠ ᠶᠢᠨ ᠠᠵᠤ ᠦᠢᠯᠡᠰ ᠢ | ᠳᠡᠮᠵᠢᠬᠦ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠦᠨ᠎ᠡ᠃ ᠠᠮᠢ ᠠᠬᠤᠢ ᠶᠢᠨ ᠣᠷᠴᠢᠨ ᠨᠦᠬᠦᠴᠡᠯ ᠢ ᠣᠷᠣᠨ | ᠬᠤᠪᠢᠶᠠᠨ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠤᠯᠤᠰ ᠤᠨ ᠨᠤᠳᠤᠬ ᠲᠡᠪᠢᠰᠭᠡᠷ ᠤᠨ | ᠨᠣᠭᠤᠭᠠᠷᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠥᠷᠨᠢᠭᠦᠯᠦᠨ᠂ ᠠᠭᠤᠯᠠ ᠤᠰᠤ ᠣᠢ ᠮᠣᠳᠣ ᠭᠠᠵᠠᠷ ᠲᠠᠷᠢᠶ᠎ᠠ | ᠨᠠᠭᠤᠷ ᠲᠤᠭᠤᠷᠢᠮ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠶ ᠲᠥᠯᠥᠪᠯᠡᠵᠦ᠂ | ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠨ᠂ ᠤᠯᠤᠰ ᠤᠨ ᠴᠡᠴᠡᠷᠯᠢᠭ ᠢᠶᠠᠷ ᠭᠤᠤᠯ ᠴᠣᠭᠴᠠ | ᠪᠣᠯᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠤᠨ ᠪᠦᠳᠦᠭᠡᠨ ᠪᠠᠶᠢᠭᠤᠯᠤᠯᠲᠠ ᠶᠢ | ᠠᠬᠢᠭᠤᠯᠵᠤ᠂ ᠮᠠᠨ ᠤ ᠠᠮᠢᠳᠤᠷᠠᠵᠤ ᠪᠠᠶᠢᠭ᠎ᠠ ᠬᠡᠷ ᠣᠷᠣᠨ ᠢᠶᠠᠨ ᠨᠠᠩ ᠨᠣᠭᠤᠭᠠᠨ ᠨᠠᠩ ᠦᠵᠡᠰᠭᠦᠯᠡᠩᠲᠦ ᠰᠠᠶᠢᠬᠠᠨ | ᠪᠣᠯᠭᠠᠨ᠎ᠠ᠃ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤᠨᠢ ᠬᠦᠷᠭᠡᠬᠦ᠂ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠰᠠᠭᠠᠷᠮᠠᠭᠵᠢᠭᠤᠯᠬᠤ ᠠᠵᠢᠯ ᠢ ᠡᠮᠬᠢ ᠵᠢᠷᠤᠮ ᠲᠠᠢ ᠠᠬᠢᠭᠤᠯᠤᠨ᠎ᠠ᠃ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤᠨᠢ ᠬᠦᠷᠭᠡᠬᠦ ᠠᠵᠢᠯᠯᠠᠭᠠᠨ ᠤ | ᠲᠥᠰᠦᠯ ᠢ ᠨᠠᠶᠢᠳᠠᠪᠤᠷᠢᠵᠢᠭᠤᠯᠤᠨ᠎ᠠ᠃ ᠡᠨᠧᠷᠭᠢ ᠶᠢᠨ ᠰᠤᠷᠪᠤᠯᠵᠢ ᠶᠢᠨ ᠬᠤᠪᠢᠰᠬᠠᠯ ᠢ ᠠᠬᠢᠭᠤᠯᠵᠤ᠂ ᠡᠨᠧᠷᠭᠢ ᠶᠢᠨ | ᠰᠤᠷᠪᠤᠯᠵᠢ ᠶᠢᠨ ᠬᠠᠩᠭᠠᠯᠭ᠎ᠠ ᠶᠢ ᠪᠠᠲᠤᠯᠠᠵᠤ᠂ ᠡᠬᠢ ᠪᠠᠶᠠᠯᠢᠭ ᠤᠨ ᠤᠤᠷ ᠪᠠᠶᠢᠳᠠᠯ ᠳᠤ ᠰᠠᠭᠤᠷᠢᠯᠠᠨ ᠤᠷᠢᠳ ᠢᠶᠠᠷ | ᠰᠢᠨ᠎ᠡ ᠶᠢ ᠪᠠᠶᠢᠭᠤᠯᠵᠤ ᠳᠠᠷᠠᠭ᠎ᠠ ᠨᠢ ᠬᠠᠭᠤᠴᠢᠨ ᠢ ᠡᠪᠳᠡᠬᠦ᠂ ᠪᠦᠬᠦ ᠲᠠᠯ᠎ᠠ ᠪᠠᠷ ᠤᠬᠠᠭᠠᠯᠠᠨ ᠲᠥᠯᠥᠪᠯᠡᠬᠦ ᠶᠢ | ᠪᠠᠷᠢᠮᠲᠠᠯᠠᠵᠤ᠂ ᠡᠨᠧᠷᠭᠢ ᠶᠢᠨ ᠰᠤᠷᠪᠤᠯᠵᠢ ᠶᠢᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢᠨ | ᠬᠤᠪᠢᠷᠠᠭᠤᠯᠤᠯᠲᠠ ᠶᠢ ᠠᠬᠢᠭᠤᠯᠤᠨ᠎ᠠ᠃ ᠨᠡᠭᠦᠷᠡᠰᠦ ᠶᠢ ᠠᠷᠢᠭᠤᠨ ᠴᠡᠪᠡᠷ ᠥᠨᠳᠥᠷ ᠪᠦᠲᠦᠮᠵᠢᠲᠡᠶ ᠪᠠᠷ ᠠᠰᠢᠭᠯᠠᠬᠤ ᠶᠢ | ᠴᠢᠩᠭᠠᠳᠬᠠᠵᠤ᠂ ᠡᠮᠬᠢ ᠵᠢᠷᠤᠮ ᠲᠠᠢ ᠪᠠᠷ ᠬᠡᠷᠡᠭᠯᠡᠯᠳᠡ ᠶᠢ ᠨᠢ ᠪᠠᠭᠠᠰᠬᠠᠨ ᠣᠷᠣᠯᠠᠭᠤᠯᠵᠦ᠂ ᠨᠡᠭᠦᠷᠡᠰᠦᠨ | ᠴᠠᠬᠢᠯᠭᠠᠨ ᠤ ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠶᠢ ᠪᠠᠭᠤᠷᠠᠭᠤᠯᠬᠤ | ᠥᠭᠡᠷᠡᠴᠢᠯᠡᠯᠲᠡ᠂ ᠠᠮᠢᠳᠤᠯᠢᠭ ᠴᠢᠨᠠᠷᠲᠠᠶ ᠥᠭᠡᠷᠡᠴᠢᠯᠡᠯᠲᠡ᠂ ᠢᠯᠴᠢ ᠬᠠᠩᠭᠠᠯᠭ᠎ᠠ ᠶᠢᠨ ᠥᠭᠡᠷᠡᠴᠢᠯᠡᠯᠲᠡ ᠶᠢ | ᠠᠬᠢᠭᠤᠯᠤᠨ᠎ᠠ᠃ ᠲᠣᠮᠣ ᠬᠡᠯᠪᠡᠷᠢ ᠶᠢᠨ ᠰᠠᠯᠬᠢᠨ ᠴᠠᠬᠢᠯᠭᠠᠨ ᠭᠡᠷᠡᠯ ᠴᠠᠬᠢᠯᠭᠠᠨ ᠤ ᠰᠠᠭᠤᠷᠢᠨ ᠭᠠᠵᠠᠷ ᠵᠢᠴᠢ ᠲᠡᠬᠦᠨ ᠤ | ᠢᠵᠢ ᠪᠦᠷᠢᠳᠦᠭᠦᠯᠦᠨ ᠲᠣᠬᠢᠷᠠᠭᠤᠯᠬᠤ ᠴᠢᠨᠠᠷᠲᠠᠶ ᠴᠠᠬᠢᠯᠭᠠᠨ ᠡᠭᠦᠰᠭᠡᠭᠴᠢ ᠶᠢ ᠲᠥᠯᠥᠪᠵᠢᠭᠦᠯᠦᠨ ᠪᠦᠲᠦᠭᠡᠨ | ᠪᠠᠶᠢᠭᠤᠯᠬᠤ ᠶᠢ ᠠᠬᠢᠭᠤᠯᠵᠤ᠂ ᠤᠰᠤ ᠳᠠᠳᠠᠵᠦ ᠡᠨᠧᠷᠬᠢ ᠬᠤᠷᠠᠮᠳᠤᠭᠤᠯᠬᠤ ᠴᠠᠬᠢᠯᠭᠠᠨ ᠭᠠᠷᠭᠠᠬᠤ ᠦᠷᠳᠡᠭᠡ ᠶᠢᠨ | ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠦ᠂ ᠴᠠᠬᠢᠯᠭᠠᠨ ᠤ ᠲᠤᠤᠷ ᠤᠨ ᠳᠠᠬᠢᠨ ᠡᠭᠦᠰᠴᠦ ᠪᠣᠯᠬᠤ ᠡᠨᠧᠷᠭᠢ ᠶᠢᠨ | ᠰᠤᠷᠪᠤᠯᠵᠢ ᠪᠠᠷ ᠭᠠᠷᠭᠠᠬᠰᠠᠨ ᠴᠠᠬᠢᠯᠭᠠᠨ ᠢ ᠰᠢᠩᠭᠡᠭᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠮᠢᠳᠤ ᠪᠤᠳᠠᠰ ᠤᠨ | ᠮᠠᠰ ᠡᠨᠧᠷᠬᠢ ᠶᠢᠨ ᠬᠦᠭᠵᠢᠯᠳᠡ ᠶᠢ ᠳᠠᠮᠵᠢᠨ᠎ᠡ᠃ ᠨᠤᠭᠤᠭᠠᠨ ᠪᠦᠭᠡᠳ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠮᠡᠷᠭᠡᠵᠢᠯ ᠢ ᠰᠤᠳᠤᠯᠤᠨ ᠨᠡᠭᠡᠭᠡᠬᠦ ᠪᠠ ᠳᠡᠯᠭᠡᠷᠡᠭᠦᠯᠦᠨ ᠬᠡᠷᠡᠭᠯᠡᠬᠦ ᠶᠢ ᠠᠬᠢᠭᠤᠯᠵᠤ᠂ ᠨᠤᠭᠤᠭᠠᠨ | ᠦᠢᠯᠡᠳᠬᠦ ᠦᠢᠯᠡᠰ ᠪᠠ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠪᠣᠯᠣᠳ ᠲᠡᠮᠦᠷ᠂ ᠥᠩᠭᠡᠲᠦ ᠲᠡᠮᠦᠷᠯᠢᠭ᠂ | ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ᠂ ᠬᠢᠮᠢ ᠶᠢᠨ ᠠᠵᠤ ᠦᠢᠯᠡᠳᠪᠦᠷᠢ᠂ ᠪᠠᠷᠢᠯᠭ᠎ᠠ ᠶᠢᠨ | ᠮᠠᠲ᠋ᠧᠷᠢᠶᠠᠯ ᠵᠡᠷᠭᠡ ᠠᠵᠢᠯ ᠲᠥᠷᠥᠯ ᠤᠨ ᠡᠨᠧᠷᠭᠢ ᠠᠷᠪᠢᠯᠠᠬᠤ ᠪᠠ ᠨᠡᠭᠦᠷᠡᠰᠦᠲᠥ᠋ᠷᠥᠭᠴᠢ ᠶᠢᠨ | ᠭᠠᠳᠠᠬᠰᠢᠯᠠᠭᠤᠯᠤᠯᠳᠠ ᠶᠢ ᠪᠠᠭᠤᠷᠠᠭᠤᠯᠬᠤ ᠶᠢ ᠠᠬᠢᠭᠤᠯᠵᠦ᠂ ᠵᠠᠮ ᠬᠠᠷᠢᠯᠴᠠᠭ᠎ᠠ ᠪᠠ ᠪᠠᠷᠢᠯᠭ᠎ᠠ ᠶᠢᠨ ᠡᠨᠧᠷᠬᠢ | ᠠᠷᠪᠢᠯᠠᠬᠤ ᠶᠢ ᠴᠢᠩᠭᠠᠳᠬᠠᠨ᠎ᠠ᠃ ᠡᠨᠧᠷᠭᠢ ᠶᠢᠨ ᠬᠤᠷᠣᠭᠳᠠᠭᠤᠯᠤᠯ ᠶᠡᠬᠡᠲᠡᠶ᠂ ᠨᠡᠬᠦᠷᠡᠰᠦᠳᠦ᠋ᠷᠦᠭᠴᠢ ᠶᠢᠨ | ᠭᠠᠳᠠᠭᠰᠢᠯᠠᠭᠤᠯᠤᠯᠲᠠ ᠶᠡᠬᠡᠲᠡᠶ᠂ ᠳᠣᠤᠷ᠎ᠠ ᠲᠦᠪᠰᠢᠨᠳᠦ ᠲᠥᠰᠦᠯ ᠢ ᠰᠣᠬᠤᠷ ᠪᠠᠯᠠᠶ ᠪᠠᠷ ᠬᠥᠭᠵᠢᠭᠦᠯᠬᠦ ᠶᠢ ᠡᠷᠡᠰ | ᠬᠤᠷᠢᠭᠯᠠᠨ᠎ᠠ᠃ ᠠᠮᠢ ᠠᠬᠤᠢ ᠶᠢᠨ ᠰᠢᠰᠲ᠋ᠧᠮ ᠤᠨ ᠨᠡᠭᠦᠷᠡᠰᠦᠳᠦ᠋ᠷᠦᠭᠴᠢ ᠶᠢ ᠬᠤᠷᠠᠮᠳᠤᠭᠤᠯᠬᠤ ᠴᠢᠳᠠᠪᠤᠷᠢ ᠶᠢ | ᠳᠡᠭᠡᠭᠰᠢᠯᠡᠬᠦᠯᠦᠨ᠎ᠡ᠃ ᠡᠨᠧᠷᠭᠢ ᠶᠢᠨ ᠬᠤᠷᠣᠭᠳᠠᠭᠤᠯᠤᠯ ᠤᠨ ︽ᠬᠤᠣᠰ ᠬᠢᠵᠠᠭᠠᠷᠯᠠᠯ︾ ᠠᠴᠠ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠶᠢᠨ ᠶᠡᠷᠦᠩᠬᠡᠶ ᠬᠡᠮᠵᠢᠶ᠎ᠡ ᠪᠠ ᠬᠦᠴᠦᠯᠡᠴᠡ ᠶᠢᠨ ︽ᠬᠤᠣᠰ | ᠬᠢᠵᠠᠭᠠᠷᠯᠠᠯ︾ ᠳᠤ ᠰᠢᠯᠵᠢᠬᠦ ᠬᠤᠪᠢᠷᠠᠭᠤᠯᠤᠯᠳᠠ ᠶᠢ ᠠᠬᠢᠭᠤᠯᠵᠤ᠂ ᠪᠣᠬᠢᠷᠲᠤᠯ ᠢ ᠪᠠᠭᠠᠰᠬᠠᠬᠤ ᠪᠠ | ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠶᠢ ᠪᠠᠭᠤᠷᠠᠭᠤᠯᠬᠤ ᠶᠢ ᠤᠷᠮᠠᠰᠢᠭᠤᠯᠬᠤ ᠪᠠ ᠬᠢᠵᠠᠭᠠᠷᠯᠠᠬᠤ | ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ᠨᠤᠭᠤᠭᠠᠨ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ | ᠲᠦᠷᠭᠡᠯᠡᠨ ᠪᠤᠢ ᠪᠣᠯᠭᠠᠨ᠎ᠠ᠃ | ︵ᠶᠢᠰᠦ︶ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ᠂ ᠨᠡᠶᠢᠭᠡᠮ ᠤᠨ ᠵᠠᠰᠠᠯᠲᠠ ᠶᠢ | ᠴᠢᠩᠭᠠᠳᠬᠠᠨ ᠰᠢᠨ᠎ᠡ ᠶᠢ ᠡᠭᠦᠳᠦᠨ᠎ᠡ᠃ ᠪᠦᠬᠦ ᠴᠢᠳᠠᠯ ᠢᠶᠠᠷ ᠢᠶᠠᠨ ᠴᠢᠷᠮᠠᠶᠢᠬᠤ ᠪᠠ ᠴᠢᠳᠠᠯ ᠤᠨ ᠢᠶᠠᠨ ᠬᠢᠷᠢ ᠲᠤᠳᠤᠷ᠎ᠠ | ᠬᠢᠬᠦ ᠶᠢ ᠪᠠᠷᠢᠮᠲᠠᠯᠠᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠲᠠᠰᠤᠷᠠᠯᠳᠠ ᠦᠭᠡᠢ | ᠳᠡᠭᠡᠭᠰᠢᠯᠡᠭᠦᠯᠦᠨ᠂ ᠠᠷᠠᠳ ᠤᠯᠠᠨ ᠤ ᠨᠡᠶᠢᠳᠡᠮ ᠠᠩᠬᠠᠷᠴᠤ ᠪᠠᠶᠢᠭ᠎ᠠ ᠠᠷᠠᠳ ᠤᠨ ᠠᠮᠢᠳᠤᠷᠠᠯ ᠤᠨ ᠠᠰᠠᠭᠤᠳᠠᠯ ᠢ | ᠬᠦᠴᠦᠯᠡᠨ ᠰᠢᠢᠳᠪᠦᠷᠢᠯᠡᠨ᠎ᠡ᠃ | ᠰᠤᠷᠭᠠᠨ ᠬᠥᠮᠦᠵᠢᠯ ᠤᠨ ᠭᠤᠤᠯᠴᠢ ᠲᠡᠭᠰᠢ ᠪᠠᠶᠢᠬᠤ ᠪᠠ ᠶᠠᠰᠤ ᠴᠢᠨᠠᠷ ᠢ ᠳᠡᠭᠡᠭᠰᠢᠯᠡᠬᠦᠯᠬᠦ ᠶᠢ ᠠᠬᠢᠭᠤᠯᠤᠨ᠎ᠠ᠃ | ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠤᠨ᠎ᠠ᠃ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠪᠦᠭᠡᠳ ᠲᠡᠩᠴᠡᠭᠦᠷᠢᠲᠡᠶ ᠬᠥᠭᠵᠢᠬᠦ ᠪᠠ ᠬᠤᠲᠠ ᠬᠥᠳᠡᠭᠡ ᠶᠢ | ᠨᠢᠭᠡ ᠴᠣᠭᠴᠠᠵᠢᠭᠤᠯᠬᠤ ᠶᠢ ᠠᠬᠢᠭᠤᠯᠵᠤ᠂ ᠪᠠᠶᠢᠩᠭᠤ ᠰᠠᠭᠤᠭ᠎ᠠ ᠬᠥᠮᠦᠨ ᠠᠮᠠ ᠶᠢᠨ ᠬᠡᠪᠴᠢᠶ᠎ᠡ ᠶᠢ ᠦᠨᠳᠦᠰᠦᠯᠡᠨ | ᠰᠤᠷᠭᠠᠨ ᠬᠥᠮᠦᠵᠢᠯ ᠤᠨ ᠡᠬᠢ ᠪᠠᠶᠠᠯᠢᠭ ᠢ ᠲᠣᠬᠢᠷᠠᠭᠤᠯᠵᠤ᠂ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ ᠤᠨ | ᠭᠡᠷ ᠠᠴᠠ ᠪᠠᠨ ᠣᠶᠢᠷᠠᠯᠴᠠᠭ᠎ᠠ ᠰᠤᠷᠭᠠᠭᠤᠯᠢ ᠳᠤ ᠣᠷᠣᠬᠤ ᠶᠢ ᠪᠠᠲᠤᠯᠠᠵᠦ᠂ ᠬᠤᠳᠠ ᠤᠷᠤᠵᠦ ᠬᠦᠯᠦᠰᠦᠨ ᠠᠵᠢᠯ | ᠬᠢᠭᠰᠡᠳ ᠤᠨ ᠦᠷ᠎ᠡ ᠬᠡᠤᠬᠡᠳ ᠤᠨ ᠰᠤᠷᠭᠠᠭᠤᠯᠢ ᠳᠤ ᠰᠠᠭᠤᠬᠤ ᠠᠰᠠᠭᠤᠳᠠᠯ ᠢ ᠰᠠᠶᠢᠳᠤᠷ ᠰᠢᠢᠳᠪᠦᠷᠢᠯᠡᠨ᠎ᠡ᠃ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠴᠠᠯᠢᠩ ᠬᠠᠷᠠᠭᠠᠯᠵᠠᠯ ᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠪᠠᠭᠰᠢ ᠶᠢ ᠬᠠᠨᠳᠤᠯᠭ᠎ᠠ ᠲᠠᠢ ᠪᠠᠷ ᠬᠥᠮᠦᠵᠢᠭᠦᠯᠬᠦ᠂ ᠠᠵᠢᠯ ᠤᠨ | ᠪᠠᠶᠢᠷᠢ ᠲᠡᠭᠡᠷ᠎ᠠ ᠨᠢ ᠪᠣᠯᠪᠠᠰᠤᠷᠠᠭᠤᠯᠬᠤ ᠪᠠ ᠬᠠᠷᠠᠭᠠᠯᠵᠠᠯ ᠢ ᠨᠢ ᠪᠠᠲᠤᠯᠠᠬᠤ ᠶᠢ ᠴᠢᠩᠭᠠᠳᠬᠠᠨ᠎ᠠ᠃ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠦᠷᠭᠦᠯᠵᠢᠯᠡᠨ ᠰᠠᠶᠢᠲᠤᠷ | ᠬᠢᠨ᠎ᠡ᠃ ᠲᠦᠭᠡᠮᠡᠯ ᠬᠠᠷᠠᠭᠠᠯᠵᠠᠯ ᠤᠨ ᠴᠢᠨᠠᠷᠲᠠᠶ ᠰᠤᠷᠭᠠᠭᠤᠯᠢ ᠳᠤ ᠤᠷᠤᠬᠤ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠤᠨ ᠡᠬᠢ ᠪᠠᠶᠠᠯᠢᠭ ᠢ ᠣᠯᠠᠨ ᠠᠷᠭ᠎ᠠ ᠵᠠᠮ ᠢᠶᠠᠷ ᠨᠡᠮᠡᠭᠳᠡᠭᠦᠯᠦᠨ᠎ᠡ᠃ ᠰᠢᠶᠠᠨ ᠤ ᠬᠡᠪᠴᠢᠶᠠᠨ ᠤ ᠡᠩ ᠤᠨ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠣᠨᠴᠠᠭᠠᠶ | ᠰᠤᠷᠭᠠᠨ ᠬᠥᠮᠦᠵᠢᠯ᠂ ᠦᠷᠭᠦᠯᠵᠢᠯᠡᠯ ᠰᠤᠷᠭᠠᠨ ᠬᠥᠮᠦᠵᠢᠯ᠂ ᠳᠤᠰᠬᠠᠢ ᠰᠤᠷᠭᠠᠨ ᠬᠦᠮᠦᠵᠢᠯ ᠢ ᠰᠠᠶᠢᠲᠤᠷ ᠡᠷᠬᠢᠯᠡᠵᠤ᠂ | ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠤᠨ ᠬᠥᠭᠵᠢᠯᠲᠡ ᠶᠢ ᠵᠢᠷᠤᠮᠵᠢᠭᠤᠯᠤᠨ᠎ᠠ᠃ ᠤᠯᠤᠰ ᠤᠨ ᠨᠡᠶᠢᠳᠡᠮ | ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠲᠦᠭᠡᠮᠡᠯᠵᠢᠬᠦᠯᠦᠯᠳᠡ ᠶᠢᠨ ᠬᠡᠮᠵᠢᠶ᠎ᠡ ᠪᠠ ᠶᠠᠰᠤ ᠴᠢᠨᠠᠷ ᠢ | ᠳᠡᠭᠡᠭᠰᠢᠯᠡᠭᠦᠯᠦᠨ᠎ᠡ᠃ ᠤᠳᠤ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠢ ᠬᠦᠭᠵᠢᠬᠦᠯᠵᠦ᠂ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠵᠤ᠂ ᠦᠢᠯᠡᠳᠪᠦᠷᠢᠯᠡᠯ | ᠵᠢᠭᠠᠨ ᠰᠤᠷᠭᠠᠯᠲᠠ ᠶᠢ ᠠᠭᠤᠰᠤᠯᠴᠠᠭᠤᠯᠤᠨ ᠰᠤᠷᠭᠠᠭᠤᠯᠢ ᠡᠷᠬᠢᠯᠡᠬᠦ ᠪᠠᠶᠢᠭᠤᠯᠤᠯ ᠢ ᠲᠡᠭᠦᠯᠳᠡᠷᠵᠢᠭᠦᠯᠵᠦ᠂ ᠠᠵᠢᠯ | ᠮᠡᠷᠭᠡᠵᠢᠯ ᠤᠨ ᠰᠤᠷᠭᠠᠨ ᠬᠦᠮᠦᠵᠢᠯ ᠤᠨ ᠵᠤᠬᠢᠴᠠᠯᠳᠤ ᠴᠢᠨᠠᠷ ᠢ ᠴᠢᠩᠭᠠᠳᠬᠠᠨ᠎ᠠ᠃ ᠳᠡᠭᠡᠳᠤ ᠵᠡᠷᠭᠡ ᠶᠢᠨ ᠰᠤᠷᠭᠠᠨ | ᠬᠥᠮᠦᠵᠢᠯ ᠤᠨ ᠠᠭᠤᠯᠤᠭᠳᠠᠬᠤᠨ ᠤ ᠬᠡᠯᠪᠡᠷᠢᠳᠦ ᠬᠥᠭᠵᠢᠯᠲᠡ ᠶᠢ ᠠᠬᠢᠭᠤᠯᠵᠤ᠂ ᠳᠡᠭᠡᠳᠤ ᠵᠡᠷᠭᠡ ᠶᠢᠨ ᠰᠤᠷᠭᠠᠨ | ᠬᠥᠮᠦᠵᠢᠯ ᠤᠨ ᠪᠠᠶᠢᠷᠢᠰᠢᠯ ᠢ ᠰᠢᠯᠢᠳᠡᠭᠵᠢᠬᠦᠯᠵᠦ᠂ ᠲᠡᠷᠢᠭᠦᠨ ᠵᠡᠷᠭᠡ ᠶᠢᠨ ᠶᠡᠭᠡ ᠰᠤᠷᠭᠠᠭᠤᠯᠢ ᠪᠣᠯᠤᠨ ᠲᠡᠷᠢᠭᠦᠨ | ᠵᠡᠷᠭᠡ ᠶᠢᠨ ᠰᠢᠨᠵᠢᠯᠡᠭᠡᠨ ᠤ ᠰᠠᠯᠠᠭ᠎ᠠ ᠶᠢ ᠲᠥᠷᠥᠯ ᠬᠤᠪᠢᠶᠠᠨ ᠪᠦᠲᠦᠭᠡᠨ ᠪᠠᠶᠢᠭᠤᠯᠵᠤ᠂ ᠪᠠᠶᠢᠭᠠᠯᠢ ᠢᠨᠵᠧᠨᠧᠷᠢᠩ | ᠠᠵᠤ ᠦᠢᠯᠡᠳᠪᠦᠷᠢ ᠲᠠᠷᠢᠶᠠᠯᠠᠩ ᠡᠮᠨᠡᠯᠭᠡ ᠶᠢᠨ ᠲᠥᠷᠥᠯ ᠤᠨ ᠲᠤᠰᠬᠠᠶ ᠮᠡᠷᠭᠡᠵᠢᠯ ᠤᠨ ᠲᠤᠳᠠᠬᠳᠠᠵᠦ ᠪᠠᠶᠢᠭ᠎ᠠ | ᠴᠢᠳᠠᠪᠤᠷᠢᠲᠠᠨ ᠢ ᠲᠦᠷᠭᠡᠯᠡᠨ ᠬᠥᠮᠦᠵᠢᠭᠦᠯᠵᠦ᠂ ᠳᠤᠮᠳᠠ ᠬᠡᠰᠡᠭ ᠪᠠᠷᠠᠭᠤᠨ ᠬᠡᠰᠡᠭ ᠤᠨ ᠭᠠᠵᠠᠷ ᠣᠷᠣᠨ ᠤ ᠳᠡᠭᠡᠳᠦ | ᠵᠡᠷᠭᠡ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢ ᠲᠡᠮᠵᠢᠨ᠎ᠠ᠃ ᠶᠡᠭᠡ ᠳᠡᠭᠡᠳᠦ ᠰᠤᠷᠭᠠᠭᠤᠯᠢ ᠳᠤ ᠰᠤᠷᠤᠬᠴᠢ | ᠡᠯᠰᠡᠬᠦ ᠳᠤ ᠳᠤᠮᠳᠠ ᠬᠡᠰᠡᠭ ᠪᠠᠷᠠᠭᠤᠨ ᠬᠡᠰᠡᠭ ᠪᠠ ᠬᠥᠳᠡᠭᠡ ᠲᠣᠰᠬᠤᠨ ᠤ ᠭᠠᠵᠠᠷ ᠣᠷᠣᠨ ᠲᠡᠶᠢᠰᠢ ᠬᠡᠯᠪᠠᠶᠢᠯᠭᠡᠬᠦ | ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠤᠨ᠎ᠠ᠃ ᠪᠠᠭᠰᠢ ᠶᠢᠨ ᠶᠤᠰᠤ ᠰᠤᠷᠳᠠᠬᠤᠨ ᠪᠠᠭᠰᠢ ᠶᠢᠨ ᠬᠡᠪ ᠰᠤᠷᠳᠠᠯ ᠤᠨ | ᠪᠠᠶᠢᠭᠤᠯᠤᠯᠳᠠ ᠶᠢ ᠴᠢᠩᠭᠠᠳᠬᠠᠨ᠎ᠠ᠃ ᠰᠤᠷᠭᠠᠭᠤᠯᠢ ᠭᠡᠷ ᠪᠦᠯᠢ ᠨᠡᠶᠢᠭᠡᠮ ᠬᠠᠮᠵᠢᠯᠴᠠᠨ ᠬᠥᠮᠦᠨ ᠬᠥᠮᠦᠵᠢᠭᠦᠯᠬᠦ | ᠲᠣᠭᠲᠠᠴᠠ ᠶᠢ ᠪᠦᠷᠢᠨᠰᠢᠭᠦᠯᠦᠨ᠎ᠡ᠃ ᠰᠦᠯᠵᠢᠶᠡᠨ ᠳᠡᠭᠡᠷᠡᠬᠢ ᠰᠤᠷᠭᠠᠨ ᠬᠦᠮᠦᠵᠢᠯ ᠢ ᠬᠦᠭᠵᠢᠭᠦᠯᠦᠨ᠎ᠡ᠃ ᠪᠦᠬᠦ | ᠨᠡᠶᠢᠭᠡᠮ ᠢᠶᠠᠷ ᠢᠶᠠᠨ ᠪᠠᠭᠰᠢ ᠶᠢ ᠬᠦᠨᠳᠦᠯᠡᠵᠦ ᠰᠤᠷᠭᠠᠨ ᠬᠦᠮᠦᠵᠢᠯ ᠢ ᠴᠢᠬᠤᠯᠠᠴᠢᠯᠠᠬᠤ ᠶᠢ ᠰᠠᠨᠠᠭᠠᠴᠢᠯᠠᠨ᠎ᠠ᠃ ᠮᠠᠨ ᠤ | ᠤᠯᠤᠰ ᠤᠨ ᠰᠤᠷᠭᠠᠭᠤᠯᠢ ᠳᠤ ᠪᠠᠶᠢᠭ᠎ᠠ ᠰᠤᠷᠤᠬᠴᠢ 2.9 ᠳ᠋ᠦᠩᠰᠢᠭᠤᠷ ᠪᠤᠢ᠂ ᠰᠤᠷᠭᠠᠨ ᠬᠦᠮᠦᠵᠢᠯ ᠭᠡᠬᠦ ᠡᠨᠡ ᠬᠦ | ᠲᠦᠭ ᠲᠦᠮᠡᠨ ᠠᠶᠢᠯ ᠡᠷᠦᠬᠡ ᠪᠠ ᠳᠤᠮᠳᠠᠳᠤ ᠶᠢᠨ ᠦᠨᠳᠦᠰᠦᠲᠡᠨ ᠤ ᠢᠷᠡᠭᠡᠳᠦᠶ ᠳᠤ ᠬᠤᠯᠪᠤᠬᠳᠠᠬᠤ ᠲᠤᠮᠤ | ᠶᠡᠪᠤᠳᠠᠯ ᠢ ᠰᠠᠶᠢᠲᠤᠷ ᠡᠷᠬᠢᠯᠡᠬᠦ ᠶᠢ ᠪᠠᠷᠢᠮᠲᠠᠯᠠᠬᠤ ᠬᠡᠷᠡᠭᠲᠡᠶ᠃ | ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠠᠭᠤᠭᠠᠯᠢ | ᠠᠷᠠᠳ ᠤᠨ ᠡᠮᠨᠡᠯᠭᠡ ᠶᠢᠨ ᠳᠠᠭᠠᠳᠬᠠᠯ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ | ᠦᠢᠯᠡᠴᠢᠯᠡᠭᠡᠨ ᠤ ᠵᠠᠷᠤᠳᠠᠯ ᠤᠨ ᠬᠥᠮᠦᠨ ᠳᠤᠮᠳᠠᠴᠢ ᠶᠢᠨ ᠡᠳ᠋ ᠤᠨ ᠵᠠᠰᠠᠭ ᠤᠨ ᠨᠥᠬᠦᠪᠥᠷᠢ ᠶᠢᠨ ᠪᠠᠷᠢᠮᠵᠢᠶ᠎ᠠ ᠶᠢ | ᠲᠠᠬᠢᠭᠠᠳ ᠲᠣᠰ ᠲᠣᠰ 30 ᠲᠥᠭᠦᠷᠢᠭ ᠪᠠ 5 ᠲᠥᠭᠦᠷᠢᠭ ᠳᠡᠭᠡᠭᠰᠢᠯᠡᠭᠦᠯᠵᠦ᠂ ᠦᠨᠳᠦᠰᠦᠨ ᠡᠮᠨᠡᠯᠭᠡ ᠶᠢᠨ | ᠳᠠᠭᠠᠳᠬᠠᠯ ᠢ ᠮᠤᠵᠢ ᠶᠢᠨ ᠱᠠᠲᠤᠨ ᠳᠤ ᠨᠢᠭᠡᠳᠦᠯᠲᠡᠶ ᠲᠥᠯᠥᠪᠯᠡᠬᠦ ᠶᠢ ᠠᠬᠢᠭᠤᠯᠤᠨ᠎ᠠ᠃ ᠡᠮ ᠤᠨ ᠵᠦᠢᠯ ᠪᠠ | ᠥᠨᠳᠥᠷ ᠦᠷᠲᠡᠭᠲᠦ ᠡᠮᠨᠡᠯᠭᠡ ᠶᠢᠨ ᠬᠡᠷᠡᠭᠯᠡᠭᠡᠨ ᠤ ᠬᠤᠷᠤᠬᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶᠡᠵᠢᠬᠦᠯᠵᠦ | ᠬᠤᠳᠠᠯᠳᠤᠨ ᠠᠪᠬᠤ ᠶᠢ ᠠᠬᠢᠭᠤᠯᠵᠤ᠂ ᠦᠢᠯᠡᠳᠪᠦᠷᠢᠯᠡᠯ ᠬᠠᠩᠭᠠᠯᠭ᠎ᠠ ᠶᠢ ᠦᠨᠡᠨ ᠬᠦ ᠪᠠᠲᠤᠯᠠᠨ᠎ᠠ᠃ ᠡᠮ ᠤᠨ ᠵᠦᠢᠯ | ᠸᠠᠺᠼᠢᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠡᠮᠨᠡᠯᠭᠡ ᠶᠢᠨ | ᠳᠠᠭᠠᠳᠬᠠᠯ ᠤᠨ ᠵᠣᠭᠤᠰ ᠲᠦᠯᠦᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠮᠨᠡᠯᠭᠡ ᠶᠢᠨ | ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠮᠤᠵᠢ ᠠᠯᠤᠰᠯᠠᠨ ᠣᠨᠳᠣᠤ | ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠲᠠᠰᠤᠯᠤᠨ ᠪᠤᠳᠤᠬᠤ ᠠᠷᠭ᠎ᠠ ᠶᠢ ᠲᠡᠭᠦᠯᠳᠡᠷᠵᠢᠭᠦᠯᠵᠦ᠂ ᠪᠥᠬᠦ | ᠤᠯᠤᠰ ᠤᠨ ᠡᠮᠨᠡᠯᠭᠡ ᠶᠢᠨ ᠳᠠᠭᠠᠳᠬᠠᠯ ᠤᠨ ᠡᠮ ᠬᠡᠷᠡᠭᠯᠡᠬᠦ ᠬᠡᠪᠴᠢᠶ᠎ᠡ ᠶᠢ ᠦᠨᠳᠦᠰᠦᠨ ᠳᠡᠭᠡᠨ ᠨᠢᠭᠡᠳᠦᠯᠲᠡᠶ | ᠪᠠᠶᠢᠯᠭᠠᠬᠤ ᠶᠢ ᠪᠡᠶᠡᠯᠡᠭᠦᠯᠦᠨ᠎ᠡ᠃ ᠰᠡᠷᠭᠡᠶᠢᠯᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠡᠷᠡᠭᠦᠯ ᠮᠡᠨᠳᠤ ᠶᠢᠨ | ᠬᠦᠮᠦᠵᠢᠯ ᠪᠠ ᠡᠷᠡᠬᠦᠯ ᠮᠡᠨᠳᠤ ᠶᠢᠨ ᠬᠠᠮᠢᠶᠠᠷᠤᠯᠳᠠ ᠶᠢ ᠴᠢᠩᠭᠠᠳᠬᠠᠵᠦ᠂ ᠡᠷᠡᠭᠦᠯ ᠡᠩᠬᠡ ᠳᠤᠮᠳᠠᠳᠤ ᠤᠯᠤᠰ ᠤᠨ | ᠠᠵᠢᠯᠯᠠᠭ᠎ᠠ ᠶᠢ ᠭᠦᠨᠵᠡᠭᠡᠢ ᠠᠬᠢᠭᠤᠯᠤᠨ᠎ᠠ᠃ ᠵᠢᠷᠦᠬᠡ ᠲᠠᠷᠢᠬᠢ ᠴᠢᠰᠤᠨ ᠰᠤᠳᠠᠯ ᠤᠨ ᠡᠪᠡᠳᠴᠢᠨ᠂ ᠥᠮᠡᠨ ᠵᠡᠷᠭᠡ | ᠤᠳᠠᠭᠠᠨ ᠴᠢᠨᠠᠷᠳᠠᠢ ᠡᠪᠡᠳᠴᠢᠨ ᠪᠠ ᠠᠭᠤᠰᠬᠢᠨ ᠦᠷᠪᠢᠰᠦᠯ᠂ ᠡᠯᠢᠭᠡᠨ ᠤ ᠦᠷᠪᠢᠰᠦᠯ ᠵᠡᠷᠭᠡ ᠬᠠᠯᠳᠠᠪᠤᠷᠢᠯᠠᠬᠤ | ᠴᠢᠨᠠᠷᠳᠠᠢ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠦᠢᠯᠡᠴᠢᠯᠡᠭᠡᠨ ᠤ ᠪᠠᠲᠤᠯᠠᠭ᠎ᠠ ᠶᠢᠨ ᠲᠦᠪᠰᠢᠨ ᠢ ᠠᠯᠬᠤᠮ | ᠠᠯᠬᠤᠮ ᠢᠶᠠᠷ ᠳᠡᠭᠡᠭᠰᠢᠯᠡᠭᠦᠯᠵᠦ᠂ ᠬᠤᠪᠣᠷ ᠲᠣᠬᠢᠶᠠᠯᠳᠤᠬᠤ ᠡᠪᠡᠳᠴᠢᠨ ᠤ ᠡᠮ ᠬᠡᠷᠡᠭᠯᠡᠬᠦ ᠪᠠᠲᠤᠯᠠᠭ᠎ᠠ ᠶᠢ | ᠴᠢᠩᠭᠠᠳᠬᠠᠨ᠎ᠠ᠃ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠣᠤᠷ ᠰᠦᠯᠵᠢᠶ᠎ᠡ ᠶᠢ ᠪᠦᠷᠢᠨᠰᠢᠬᠦᠯᠵᠦ᠂ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠡᠩᠨᠡᠭᠡ ᠶᠢᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠬᠦᠨᠳᠦ ᠶᠡᠭᠡ | ᠬᠢᠵᠢᠭ ᠤᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠲᠠᠬᠤᠯ ᠡᠪᠡᠳᠴᠢᠨ ᠤ ᠰᠤᠳᠤᠯᠤᠯ ᠤᠨ | ᠪᠠᠶᠢᠴᠠᠭᠠᠯᠳᠠ ᠬᠢᠵᠦ ᠢᠷᠡᠯᠲᠡ ᠶᠢ ᠮᠥᠷᠳᠡᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠎ᠡ᠃ ᠡᠮᠨᠡᠯᠭᠡ ᠶᠢᠨ ᠪᠠᠶᠢᠭᠤᠯᠤᠮᠵᠢ ᠶᠢᠨ ᠰᠦᠢᠳᠭᠡᠯ ᠬᠤᠷᠢᠶᠠᠯᠳᠠ ᠪᠠ ᠦᠢᠯᠡᠴᠢᠯᠡᠭᠡ ᠶᠢ | ᠵᠢᠷᠤᠮᠵᠢᠭᠤᠯᠵᠤ᠂ ᠬᠢᠵᠢᠭ ᠠᠴᠠ ᠪᠣᠯᠵᠤ ᠬᠦᠴᠢᠷᠳᠡᠯ ᠳᠤ ᠤᠴᠠᠷᠠᠭᠰᠠᠨ ᠡᠮᠨᠡᠯᠭᠡ ᠶᠢᠨ ᠪᠠᠶᠢᠭᠤᠯᠤᠮᠵᠢ ᠶᠢ | ᠦᠷᠭᠦᠯᠵᠢᠯᠡᠨ ᠬᠠᠪᠰᠤᠷᠤᠨ ᠲᠡᠳᠬᠦᠵᠦ᠂ ᠡᠬᠡ ᠨᠢᠯᠬᠠᠰ ᠬᠡᠦᠬᠡᠳ ᠤᠨ ᠰᠠᠯᠠᠭ᠎ᠠ᠂ ᠣᠶᠤᠨ ᠮᠡᠳᠡᠷᠡᠯ ᠤᠨ ᠡᠷᠡᠭᠦᠯ | ᠬᠠᠮᠠᠭᠠᠯᠠᠯ᠂ ᠨᠠᠰᠤᠲᠠᠶᠢᠴᠤᠳ ᠤᠨ ᠠᠨᠠᠭᠠᠬᠤ ᠤᠬᠠᠭᠠᠨ ᠵᠡᠷᠭᠡ ᠶᠢᠨ ᠦᠢᠯᠡᠴᠢᠯᠡᠭᠡᠨ ᠤ ᠳᠤᠲᠠᠭᠤᠳᠠᠯ ᠢ | ᠨᠥᠬᠦᠪᠥᠷᠢᠯᠡᠨ᠎ᠡ᠃ ᠬᠢᠳᠡᠳ ᠡᠮ ᠡᠮᠨᠡᠯᠭᠡ ᠡᠸᠦ᠋ᠷᠦᠫᠡ ᠡᠮ ᠡᠮᠨᠡᠯᠭᠡ ᠶᠢ ᠵᠡᠷᠭᠡ ᠪᠠᠷ ᠴᠢᠬᠤᠯᠠᠴᠢᠯᠠᠬᠤ ᠶᠢ | ᠪᠠᠷᠢᠮᠳᠠᠯᠠᠵᠦ᠂ ᠬᠢᠲᠠᠳ ᠡᠮ ᠡᠮᠨᠡᠯᠭᠡ ᠶᠢ ᠮᠠᠨᠳᠤᠭᠤᠯᠤᠨ ᠬᠥᠭᠵᠢᠭᠦᠯᠬᠦ ᠶᠢ ᠳᠡᠮᠵᠢᠵᠦ᠂ ᠬᠢᠲᠠᠳ ᠡᠮ ᠡᠮᠨᠡᠯᠭᠡ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠠᠬᠢᠭᠤᠯᠤᠨ᠎ᠠ᠃ ᠰᠢᠶᠠᠩ ᠳᠤᠰᠬᠤᠨ ᠤ ᠡᠮᠴᠢ ᠶᠢᠨ ᠬᠠᠷᠠᠭᠠᠯᠵᠠᠯ ᠤᠨ | ᠪᠠᠳᠤᠯᠠᠪᠤᠷᠢ ᠬᠢᠭᠡᠳ ᠤᠷᠮᠠᠰᠢᠭᠤᠯᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ ᠳᠠᠭᠦᠯᠳᠡᠷᠵᠢᠬᠦᠯᠦᠨᠡ᠃ | ᠱᠠᠲᠤ ᠬᠤᠪᠢᠶᠠᠨ ᠣᠨᠣᠰᠢᠯᠠᠨ ᠡᠮᠨᠡᠬᠦ ᠶᠢ ᠠᠬᠢᠭᠤᠯᠬᠤ ᠪᠠ ᠡᠪᠡᠳᠴᠢᠨ ᠦᠵᠡᠭᠦᠯᠬᠦ ᠡᠮᠬᠢ ᠳᠢᠭᠯᠢᠮ ᠢ | ᠰᠢᠯᠢᠳᠡᠭᠵᠢᠭᠦᠯᠬᠦ ᠶᠢ ᠪᠣᠳᠣᠯᠬᠢᠯᠠᠨ᠂ ᠤᠯᠤᠰ᠂ ᠮᠤᠵᠢ ᠶᠢᠨ ᠲᠡᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠢ | ᠲᠦᠷᠭᠡᠯᠡᠨ ᠪᠠᠶᠢᠭᠤᠯᠵᠤ᠂ ᠰᠢᠯᠢᠳᠡᠭ ᠡᠮᠴᠢᠯᠡᠭᠡᠨ ᠤ ᠡᠬᠢ ᠪᠠᠶᠠᠯᠢᠭ ᠤᠨ ᠬᠤᠲᠠ ᠰᠢᠶᠠᠨ ᠲᠡᠶᠢᠰᠢ ᠦᠷᠭᠡᠵᠢᠬᠦ ᠶᠢ | ᠠᠬᠢᠭᠤᠯᠵᠤ᠂ ᠦᠨᠳᠦᠰᠦᠨ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠦᠨ᠂ | ᠤᠯᠠᠨ ᠲᠦᠮᠡᠨ ᠢ ᠤᠢᠢᠷ᠎ᠠ ᠬᠠᠪᠢ ᠳᠠᠭᠠᠨ ᠨᠡᠩ ᠰᠠᠶᠢᠨ ᠡᠮᠨᠡᠯᠭᠡ ᠶᠢᠨ ᠦᠢᠯᠡᠴᠢᠯᠡᠭᠡ ᠬᠦᠷᠳᠡᠵᠦ ᠳᠡᠶᠢᠯᠬᠦ ᠪᠤᠯᠭᠠᠨ᠎ᠠ᠃ | | ᠨᠡᠶᠢᠭᠡᠮ ᠤᠨ ᠪᠠᠲᠤᠯᠠᠭ᠎ᠠ ᠪᠠ ᠦᠢᠯᠡᠴᠢᠯᠡᠭᠡ ᠶᠢ ᠴᠢᠩᠭᠠᠳᠬᠠᠨ᠎ᠠ᠃ ᠠᠵᠤ ᠠᠬᠤᠶᠢᠯᠠᠯ ᠤᠨ ᠠᠵᠢᠯᠲᠠᠨ | ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠪᠦᠬᠦ ᠤᠯᠤᠰ ᠲᠤ ᠨᠢᠭᠡᠳᠦᠯᠲᠡᠶ | ᠲᠥᠯᠥᠪᠯᠡᠬᠦ ᠶᠢ ᠯᠠᠪᠳᠠᠭᠤᠨ ᠢᠶᠠᠷ ᠬᠡᠷᠡᠭᠵᠢᠭᠦᠯᠵᠦ᠂ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠦᠨᠳᠦᠰᠦᠨ | ᠨᠠᠰᠤᠵᠢᠯ ᠤᠨ ᠠᠰᠠᠷᠠᠮᠵᠢ ᠶᠢᠨ ᠮᠥᠩᠭᠦ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠰᠠᠭᠤᠷᠢ ᠨᠠᠰᠤᠵᠢᠯ ᠤᠨ | ᠠᠰᠠᠷᠠᠮᠵᠢ ᠶᠢᠨ ᠮᠥᠩᠭᠦ ᠶᠢᠨ ᠪᠠᠷᠢᠮᠵᠢᠶ᠎ᠠ ᠶᠢ ᠵᠣᠬᠢᠰᠲᠠᠶ ᠳᠡᠭᠡᠭᠰᠢᠯᠡᠭᠦᠯᠵᠦ᠂ ᠴᠠᠭ ᠲᠤᠬᠠᠶ ᠳᠤᠨᠢ ᠲᠤᠭ᠎ᠠ ᠶᠣᠰᠣᠭᠠᠷ | ᠥᠭᠬᠦ ᠶᠢ ᠦᠨᠡᠨ ᠬᠦ ᠪᠠᠲᠤᠯᠠᠨ᠎ᠠ᠃ ᠭᠤᠷᠪᠠᠳᠤᠭᠠᠷ ᠲᠤᠯᠭᠠᠭᠤᠷᠢᠯᠡᠯ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ | ᠦᠷᠭᠦᠯᠵᠢᠯᠡᠨ ᠵᠢᠷᠤᠮᠵᠢᠭᠤᠯᠤᠨ ᠬᠥᠭᠵᠢᠭᠦᠯᠦᠨ᠎ᠡ᠃ ᠠᠵᠢᠯ ᠠᠴᠠ ᠪᠣᠯᠤᠭᠰᠠᠨ ᠭᠡᠮᠲᠦᠯ ᠤᠨ ᠪᠠ ᠠᠵᠢᠯ | ᠠᠯᠳᠠᠯᠲᠠ ᠶᠢᠨ ᠳᠠᠭᠠᠳᠬᠠᠯ ᠢ ᠮᠤᠵᠢ ᠶᠢᠨ ᠱᠠᠲᠤᠨ ᠳᠤ ᠨᠢᠭᠡᠳᠦᠯᠲᠡᠶ ᠲᠥᠯᠥᠪᠯᠡᠬᠦ ᠶᠢ ᠲᠦᠷᠭᠡᠯᠡᠨ ᠠᠬᠢᠭᠤᠯᠤᠨ᠎ᠠ᠃ | ᠴᠡᠷᠢᠭ ᠪᠠ ᠴᠡᠷᠢᠭ ᠤᠨ ᠭᠡᠷ ᠪᠦᠯᠢ᠂ ᠴᠡᠷᠢᠭ ᠤᠨ ᠠᠯᠪᠠ ᠠᠴᠠ ᠪᠠᠭᠤᠭᠰᠠᠳ ᠪᠠ ᠪᠤᠰᠤᠳ ᠠᠰᠠᠷᠠᠨ | ᠬᠠᠷᠠᠭᠠᠯᠵᠠᠬᠳᠠᠬᠤ ᠡᠲᠡᠭᠡᠳ ᠤᠨ ᠬᠠᠷᠠᠭᠠᠯᠵᠠᠯ ᠠᠰᠠᠷᠠᠮᠵᠢ ᠶᠢᠨ ᠠᠵᠢᠯ ᠢ ᠰᠠᠶᠢᠲᠤᠷ ᠬᠢᠨ᠎ᠠ᠃ ᠬᠥᠮᠦᠨ ᠠᠮᠠ ᠶᠢᠨ | ᠨᠠᠰᠤᠵᠢᠯᠲᠠ ᠶᠢ ᠢᠳᠡᠪᠬᠢᠲᠡᠢ ᠠᠷᠭᠠᠴᠠᠭᠠᠵᠤ᠂ ᠭᠡᠷ ᠲᠡᠭᠡᠨ ᠰᠠᠭᠤᠬᠤ ᠨᠡᠶᠢᠭᠡᠮ ᠲᠤᠭᠤᠷᠢᠭ ᠤᠨ ᠪᠠᠶᠢᠭᠤᠯᠤᠮᠵᠢ ᠶᠢᠨ | ᠬᠠᠷᠢᠯᠴᠠᠨ ᠵᠤᠬᠢᠴᠠᠯᠳᠤᠬᠤ᠂ ᠡᠮᠴᠢᠯᠡᠭᠡ ᠰᠤᠪᠢᠯᠠᠯᠳᠠ ᠡᠷᠡᠭᠦᠯᠵᠢᠯ ᠰᠤᠪᠢᠯᠠᠯᠳᠠ ᠶᠢ ᠬᠠᠷᠢᠯᠴᠠᠨ ᠤᠶᠠᠯᠳᠤᠭᠤᠯᠬᠤ | ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠢ ᠲᠦᠷᠭᠡᠳᠬᠡᠨ ᠪᠠᠶᠢᠭᠤᠯᠤᠨ᠎ᠠ᠃ ᠬᠤᠲᠠ ᠬᠥᠳᠡᠭᠡ ᠶᠢᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠵᠦ᠂ ᠨᠡᠶᠢᠭᠡᠮ ᠤᠨ ᠬᠦᠴᠦᠨ ᠤ ᠡᠳᠦᠷ | ᠬᠠᠷᠠᠭᠠᠯᠵᠠᠬᠤ᠂ ᠢᠳᠡᠬᠦᠯᠵᠤ ᠤᠤᠭᠤᠯᠭᠠᠬᠤ ᠤᠬᠢᠶᠠᠵᠤ ᠴᠡᠪᠡᠷᠯᠡᠬᠦ᠂ ᠡᠷᠡᠭᠦᠯᠵᠢᠬᠦᠯᠵᠦ ᠰᠤᠪᠢᠯᠠᠬᠤ ᠵᠡᠷᠭᠡ | ᠦᠢᠯᠡᠴᠢᠯᠡᠭᠡ ᠬᠠᠨᠭ᠍ᠭᠠᠬᠤ ᠶᠢ ᠳᠡᠮᠵᠢᠵᠦ᠂ ᠤᠷᠳᠤ ᠬᠤᠭᠤᠴᠠᠭᠠᠨ ᠤ ᠰᠤᠪᠢᠯᠠᠯᠳᠠ ᠶᠢᠨ ᠳᠠᠭᠠᠳᠬᠠᠯ ᠤᠨ ᠲᠦᠷᠢᠮ ᠤᠨ | ᠳᠤᠷᠰᠢᠯᠳᠠ ᠶᠢᠨ ᠴᠡᠭ ᠢ ᠯᠠᠪᠳᠠᠭᠤᠨ ᠠᠬᠢᠭᠤᠯᠵᠦ᠂ ᠬᠥᠳᠡᠭᠡ ᠲᠣᠰᠬᠤᠨ ᠤ ᠲᠤᠰᠠᠯᠠᠯᠴᠠᠬᠤ ᠬᠡᠯᠪᠡᠷᠢ ᠶᠢᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠬᠥᠭᠵᠢᠭᠦᠯᠬᠦ ᠶᠢ ᠵᠣᠷᠢᠬᠵᠢᠭᠤᠯᠵᠤ᠂ ᠨᠠᠰᠤᠳᠠᠶᠢᠴᠤᠳ ᠤᠨ | ᠰᠤᠷᠭᠠᠨ ᠬᠦᠮᠦᠵᠢᠯ ᠤᠨ ᠬᠦᠭᠵᠢᠯᠳᠡ ᠶᠢᠨ ᠰᠢᠨ᠎ᠡ ᠶᠢ ᠡᠭᠦᠳᠴᠦ᠂ ᠨᠠᠰᠤᠵᠢᠯ ᠤᠨ ᠠᠵᠢᠯ ᠦᠢᠯᠡᠰ ᠪᠠ ᠠᠵᠤ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠭᠤᠷᠪᠠᠨ ᠬᠡᠦᠬᠡᠳ ᠠᠪᠴᠤ ᠪᠤᠯᠬᠤ ᠦᠷᠡᠵᠢᠯ ᠤᠨ | ᠲᠥᠷᠥ ᠶᠢᠨ ᠪᠣᠳᠣᠯᠭ᠎ᠠ ᠶᠢᠨ ᠢᠵᠢ ᠪᠦᠷᠢᠳᠤᠬᠦᠯᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ 3 ᠨᠠᠰᠤᠨ ᠠᠴᠠ | ᠳᠣᠷᠣᠭᠰᠢᠬᠢ ᠨᠢᠯᠬ᠎ᠠ ᠬᠡᠤᠭᠡᠳ ᠬᠠᠷᠠᠵᠤ ᠬᠠᠷᠠᠭᠠᠯᠵᠠᠬᠤ ᠵᠠᠷᠤᠳᠠᠯ ᠢ ᠬᠤᠪᠢ ᠬᠥᠮᠦᠨ ᠤ ᠠᠰᠢᠭ ᠣᠷᠣᠯᠭ᠎ᠠ ᠶᠢᠨ | ᠭᠠᠶᠢᠯᠢ ᠶᠢᠨ ᠲᠤᠰᠬᠠᠶ ᠵᠦᠢᠯ ᠤᠨ ᠨᠡᠮᠡᠯᠲᠡ ᠲᠠᠭᠠᠳᠬᠠᠯ ᠳᠤ ᠣᠷᠣᠭᠤᠯᠵᠤ᠂ ᠲᠦᠭᠡᠮᠡᠯ ᠬᠠᠷᠠᠭᠠᠯᠵᠠᠯᠲᠤ ᠬᠡᠤᠬᠡᠳ | ᠰᠠᠭᠠᠳᠠᠭᠤᠯᠬᠤ ᠦᠢᠯᠡᠴᠢᠯᠡᠭᠡ ᠶᠢ ᠬᠥᠭᠵᠢᠭᠦᠯᠵᠤ᠂ ᠭᠡᠷ ᠪᠦᠯᠢ ᠶᠢᠨ ᠦᠰᠭᠡᠵᠤ ᠪᠤᠶᠢᠵᠢᠭᠤᠯᠵᠦ ᠰᠤᠷᠭᠠᠨ | ᠬᠦᠮᠦᠵᠢᠬᠦᠯᠬᠦ ᠳᠠᠷᠤᠭᠠᠰᠤ ᠶᠢ ᠬᠥᠩᠭᠡᠷᠡᠭᠦᠯᠦᠨ᠎ᠡ᠃ ᠨᠠᠰᠤᠨ ᠳᠤ ᠦᠯᠦ ᠬᠦᠷᠦᠭᠰᠡᠳ ᠤᠨ ᠬᠠᠮᠠᠭᠠᠯᠠᠯᠲᠠ ᠶᠢ | ᠴᠢᠩᠭᠠᠳᠬᠠᠨ᠎ᠠ᠃ ᠵᠡᠮᠳᠡᠭᠷᠡᠬᠦ ᠶᠢ ᠰᠡᠷᠭᠡᠶᠢᠯᠡᠬᠦ ᠪᠠ ᠡᠷᠡᠭᠦᠯᠵᠢᠭᠦᠯᠬᠦ ᠦᠢᠯᠡᠴᠢᠯᠡᠭᠡᠨ ᠤ ᠲᠦᠪᠰᠢᠨ ᠢ | ᠳᠡᠭᠡᠭᠰᠢᠯᠡᠭᠦᠯᠦᠨ᠎ᠡ᠃ ᠵᠡᠮᠳᠡᠭ ᠢ ᠰᠡᠷᠭᠡᠶᠢᠯᠡᠬᠦ ᠪᠠ ᠡᠷᠡᠭᠦᠯᠵᠢᠬᠦᠯᠬᠦ ᠦᠢᠯᠡᠴᠢᠯᠡᠭᠡᠨ ᠤ ᠲᠦᠪᠰᠢᠨ ᠢ | ᠳᠡᠭᠡᠭᠰᠢᠯᠡᠬᠦᠯᠦᠨ᠎ᠡ᠃ ᠠᠷᠠᠳ ᠤᠨ ᠠᠮᠢᠳᠣᠷᠠᠯ ᠤᠨ ᠦᠨᠳᠦᠰᠦᠨ ᠵᠦᠢᠯ ᠢ ᠪᠠᠳᠤᠯᠠᠬᠤ ᠪᠠᠲᠤᠯᠠᠭ᠎ᠠ ᠪᠠ | ᠬᠦᠴᠢᠷᠳᠡᠯ ᠳᠤ ᠲᠤᠯᠭᠠᠷᠠᠭᠰᠠᠨ ᠣᠯᠠᠨ ᠲᠦᠮᠡᠨ ᠢ ᠠᠪᠤᠷᠠᠨ ᠲᠤᠰᠠᠯᠠᠬᠤ ᠠᠵᠢᠯ ᠢ ᠴᠢᠩᠭᠠᠳᠬᠠᠵᠤ᠂ ᠪᠠᠲᠤᠯᠠᠬᠤ | ᠶᠣᠰᠣᠲᠠᠶ ᠶᠢ ᠨᠢ ᠴᠦᠮ ᠪᠠᠲᠤᠯᠠᠬᠤ ᠪᠠ ᠲᠤᠰᠠᠯᠠᠬᠤ ᠶᠤᠰᠤᠲᠠᠢ ᠶᠢ ᠨᠢ ᠴᠦᠮ ᠲᠤᠰᠠᠯᠠᠬᠤ ᠶᠢ ᠴᠢᠷᠮᠠᠶᠢᠨ | ᠪᠡᠶᠡᠯᠡᠭᠦᠯᠦᠨ᠎ᠡ᠃ | ᠤᠯᠠᠨ ᠲᠦᠮᠡᠨ ᠤ ᠣᠷᠣᠨ ᠰᠠᠭᠤᠴᠠ ᠶᠢᠨ ᠬᠡᠷᠡᠭᠴᠡᠭᠡ ᠶᠢ ᠦᠷᠭᠦᠯᠵᠢᠯᠡᠨ ᠰᠠᠶᠢᠲᠤᠷ ᠪᠠᠲᠤᠯᠠᠨ᠎ᠠ᠃ ᠭᠡᠷ | ᠪᠠᠶᠢᠰᠢᠩ ᠢ ᠪᠣᠯ ᠰᠠᠭᠤᠬᠤ ᠶᠢᠨ ᠲᠥᠯᠥᠭᠡ ᠪᠠᠷᠢᠭᠰᠠᠨ ᠠᠴᠠ ᠪᠢᠰᠢ ᠰᠠᠷᠢᠭᠠᠯᠠᠬᠤ ᠶᠢᠨ ᠲᠥᠯᠥᠭᠡ ᠪᠠᠷᠢᠭᠰᠠᠨ ᠪᠢᠰᠢ | ᠭᠡᠭᠦ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠬᠥᠭᠵᠢᠯᠲᠡ ᠶᠢᠨ ᠰᠢᠨ᠎ᠡ ᠵᠠᠭᠪᠤᠷ ᠢ ᠰᠦᠪᠡᠭᠴᠢᠯᠡᠵᠦ᠂ | ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠤᠷᠲᠤ | ᠬᠤᠭᠤᠴᠠᠭᠠᠨ ᠤ ᠲᠦᠷᠢᠶᠡᠰᠦᠨ ᠣᠷᠣᠨ ᠰᠠᠭᠤᠴᠠ ᠶᠢᠨ ᠵᠠᠬ᠎ᠠ ᠳᠡᠯᠭᠡᠭᠦᠷ ᠢ ᠲᠦᠷᠭᠡᠯᠡᠨ ᠬᠥᠭᠵᠢᠭᠦᠯᠵᠦ᠂ | ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠲᠠᠸᠠᠷ ᠤᠨ ᠭᠡᠷ | ᠪᠠᠶᠢᠰᠢᠩ ᠤᠨ ᠵᠠᠬ᠎ᠠ ᠳᠡᠯᠭᠡᠭᠦᠷ ᠤᠨ ᠬᠢᠨ ᠤ ᠭᠡᠷ ᠬᠤᠳᠠᠯᠳᠤᠨ ᠠᠪᠤᠭᠴᠢᠳ ᠤᠨ ᠵᠦᠶ ᠵᠣᠬᠢᠰᠲᠠᠶ ᠣᠷᠣᠨ | ᠰᠠᠭᠤᠴᠠ ᠶᠢᠨ ᠬᠡᠷᠡᠭᠴᠡᠭᠡ ᠶᠢ ᠨᠠᠩ ᠰᠠᠶᠢᠨ ᠬᠠᠩᠭᠠᠬᠤ ᠶᠢ ᠳᠠᠮᠵᠢᠵᠤ᠂ ᠭᠠᠵᠠᠷ ᠰᠢᠷᠤᠢ ᠶᠢᠨ ᠦᠨ᠎ᠡ᠂ ᠭᠡᠷ | ᠪᠠᠶᠢᠰᠢᠩ ᠤᠨ ᠦᠨ᠎ᠡ ᠪᠠ ᠵᠢᠱᠢᠯᠲᠡ ᠶᠢ ᠲᠣᠭᠲᠠᠭᠤᠨ ᠪᠠᠶᠢᠯᠭᠠᠵᠤ᠂ ᠬᠤᠲᠠ ᠶᠢᠨ ᠪᠠᠶᠢᠳᠠᠯ ᠳᠤᠨᠢ ᠲᠤᠬᠢᠷᠠᠭᠤᠯᠤᠨ | ᠠᠷᠭ᠎ᠠ ᠪᠣᠳᠣᠯᠭ᠎ᠠ ᠠᠪᠴᠤ ᠭᠡᠷ ᠪᠠᠶᠢᠰᠢᠩ ᠭᠠᠵᠠᠷ ᠰᠢᠷᠤᠢ ᠶᠢᠨ ᠬᠥᠷᠥᠩᠭᠡ ᠶᠢᠨ ᠦᠢᠯᠡᠰ ᠤᠨ ᠰᠠᠶᠢᠨ ᠣᠷᠴᠢᠯ ᠪᠠ | ᠡᠷᠡᠭᠦᠯ ᠬᠥᠭᠵᠢᠯᠳᠠ ᠶᠢ ᠠᠬᠢᠭᠤᠯᠤᠨ᠎ᠠ᠃ | ᠠᠷᠠᠳ ᠤᠯᠠᠨ ᠤ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠬᠵᠢᠭᠤᠯᠤᠨ᠎ᠠ᠃ ᠨᠡᠶᠢᠭᠡᠮ ᠵᠢᠷᠤᠮ ᠤᠨ | ᠭᠤᠤᠯᠯᠠᠬᠤ ᠦᠷᠳᠡᠭ ᠤᠨ ᠦᠵᠡᠯᠲᠡ ᠶᠢ ᠪᠤᠶᠢᠵᠢᠭᠤᠯᠤᠨ ᠦᠢᠯᠡᠳᠦᠯᠭᠡᠵᠢᠭᠦᠯᠵᠦ᠂ ᠤᠯᠠᠨ ᠲᠦᠮᠡᠨᠴᠢ ᠴᠢᠨᠠᠷᠲᠠᠶ | ᠤᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶᠢᠷᠡᠭᠦᠯᠦᠨ᠎ᠡ᠃ ᠰᠣᠨᠢᠨ ᠮᠡᠳᠡᠭᠡᠯᠡᠯ ᠬᠡᠪᠯᠡᠯ᠂ | ᠷᠠᠳᠢᠣ᠋ ᠺᠢᠨᠣ᠋ ᠲᠧᠯᠸᠢᠰ᠂ ᠤᠳᠭ᠋᠎ᠠ ᠵᠣᠬᠢᠶᠠᠯ ᠤᠷᠠᠯᠢᠭ᠂ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠪᠠ | ᠲᠠᠩᠰᠠ ᠡᠪᠬᠡᠮᠡᠯ ᠵᠡᠷᠭᠡ ᠠᠵᠢᠯ ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃ ᠠᠷᠠᠳ ᠨᠡᠶᠢᠳᠡ ᠪᠠᠷ ᠢᠶᠠᠨ ᠨᠤᠮ | ᠤᠩᠰᠢᠬᠤ ᠶᠢ ᠭᠦᠨᠵᠡᠭᠡᠶ ᠠᠬᠢᠭᠤᠯᠤᠨ᠎ᠠ᠃ ᠢᠨᠲ᠋ᠧᠷ ᠰᠦᠯᠵᠢᠶᠡᠨ ᠤ ᠠᠭᠤᠯᠭ᠎ᠠ ᠶᠢᠨ ᠪᠠᠶᠢᠭᠤᠯᠤᠯᠲᠠ ᠶᠢ | ᠴᠢᠩᠭᠠᠳᠬᠠᠨ ᠰᠢᠨᠡᠴᠢᠯᠡᠵᠤ᠂ ᠰᠦᠯᠵᠢᠶᠡᠨ ᠤ ᠠᠮᠢ ᠠᠬᠤᠶ ᠶᠢᠨ ᠵᠠᠰᠠᠯᠲᠠ ᠶᠢ ᠭᠦᠨᠵᠡᠭᠡᠶᠢᠷᠡᠭᠦᠯᠦᠨ᠎ᠡ᠃ ᠣᠯᠠᠨ | ᠨᠡᠶᠢᠲᠡ ᠶᠢᠨ ᠰᠣᠶᠣᠯ ᠤᠨ ᠳ᠋ᠢᠵᠢᠲ᠋ᠠᠯᠴᠢᠯᠠᠬᠤ ᠪᠠᠶᠢᠭᠤᠯᠤᠯᠲᠠ ᠶᠢ ᠠᠬᠢᠭᠤᠯᠵᠤ᠂ ᠦᠨᠳᠦᠰᠦᠨ ᠱᠠᠲᠤᠨ ᠤ | ᠰᠣᠶᠣᠯ ᠤᠨ ᠲᠥᠬᠦᠭᠡᠷᠦᠮᠵᠢ ᠶᠢᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠬᠦ ᠪᠠ ᠡᠬᠢ ᠪᠠᠶᠠᠯᠢᠭ ᠢ ᠬᠠᠮᠲᠤ ᠪᠠᠷ | ᠡᠳ᠋ᠯᠡᠬᠦ ᠶᠢ ᠠᠬᠢᠭᠤᠯᠵᠤ᠂ ᠴᠢᠨᠠᠷ ᠰᠠᠶᠢᠲᠠᠶ ᠰᠣᠶᠣᠯ ᠤᠨ ᠦᠢᠯᠡᠳᠬᠦᠨ ᠪᠠ ᠦᠢᠯᠡᠴᠢᠯᠡᠭᠡᠨ ᠤ ᠬᠠᠩᠭᠠᠯᠭ᠎ᠠ ᠶᠢ | ᠥᠷᠭᠡᠳᠭᠡᠵᠦ᠂ ᠰᠤᠶᠤᠯ ᠤᠨ ᠠᠵᠤ ᠦᠢᠯᠡᠰ ᠤᠨ ᠬᠦᠭᠵᠢᠯᠳᠡ ᠶᠢ ᠳᠡᠮᠵᠢᠨ᠎ᠡ᠃ ᠳᠤᠮᠳᠠᠳᠤ ᠶᠢᠨ ᠰᠢᠯᠢᠳᠡᠭ | ᠤᠯᠠᠮᠵᠢᠯᠠᠯᠳᠤ ᠰᠤᠶᠤᠯ ᠢ ᠤᠯᠠᠮᠵᠢᠯᠠᠨ ᠪᠠᠳᠠᠷᠠᠭᠤᠯᠵᠦ᠂ ᠲᠡᠤᠭᠡ ᠶᠢᠨ ᠳᠤᠷᠠᠰᠬᠠᠯᠲᠤ ᠵᠦᠢᠯᠡᠰ ᠡᠷᠲᠡᠨ ᠤ ᠨᠣᠮ | ᠪᠢᠴᠢᠭ ᠢ ᠬᠠᠮᠠᠭᠠᠯᠠᠨ ᠠᠰᠢᠭᠯᠠᠬᠤ ᠪᠠ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ ᠵᠠᠯᠭᠠᠮᠵᠢᠯᠠᠬᠤ ᠶᠢ | ᠴᠢᠩᠭᠠᠳᠬᠠᠵᠦ᠂ ᠤᠯᠤᠰ ᠤᠨ ᠰᠤᠶᠤᠯ ᠤᠨ ᠴᠡᠴᠡᠷᠯᠢᠭ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠤᠨ᠎ᠠ᠃ | ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ | ᠵᠡᠮᠳᠡᠭᠴᠤᠳ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠦᠪ ᠢ ᠰᠠᠶᠢᠲᠤᠷ ᠬᠡᠷᠡᠭᠯᠡᠵᠦ᠂ ᠮᠦᠰᠦ | ᠴᠠᠰᠤᠨ ᠤ ᠬᠦᠳᠡᠯᠭᠡᠭᠡᠨ ᠪᠠ ᠴᠠᠰᠤ ᠮᠦᠰᠦᠨ ᠤ ᠠᠵᠤ ᠦᠢᠯᠡᠰ ᠢ ᠬᠦᠭᠵᠢᠭᠦᠯᠦᠨ᠎ᠡ᠃ ᠣᠯᠠᠨ ᠲᠦᠮᠡᠨ ᠤ | ᠳᠡᠷᠭᠡᠳᠡᠬᠢ ᠪᠡᠶ᠎ᠡ ᠶᠢᠨ ᠲᠠᠮᠢᠷ ᠤᠨ ᠲᠠᠯᠠᠪᠤᠷ ᠭᠠᠵᠠᠷ ᠤᠨ ᠲᠦᠬᠦᠭᠡᠷᠤᠮᠵᠢ ᠶᠢ ᠪᠦᠲᠦᠭᠡᠨ ᠪᠠᠶᠢᠭᠤᠯᠵᠤ᠂ ᠠᠷᠠᠳ | ᠨᠡᠶᠢᠳᠡ ᠪᠠᠷ ᠢᠶᠠᠨ ᠪᠡᠶ᠎ᠡ ᠪᠠᠨ ᠴᠢᠭᠢᠷᠠᠭᠵᠢᠭᠤᠯᠬᠤ ᠬᠡᠪ ᠵᠠᠩᠰᠢᠯ ᠲᠠᠢ ᠪᠣᠯᠬᠤ ᠶᠢ ᠠᠬᠢᠭᠤᠯᠤᠨ᠎ᠠ᠃ | ᠨᠡᠶᠢᠭᠡᠮ ᠤᠨ ᠵᠠᠰᠠᠯᠲᠠ ᠶᠢᠨ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠶᠢ | ᠠᠬᠢᠭᠤᠯᠤᠨ᠎ᠠ᠃ ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠭᠦ ᠪᠠ ᠨᠡᠶᠢᠭᠡᠮ ᠤᠨ ᠠᠮᠤᠷ ᠲᠣᠭᠲᠠᠭᠤᠨ ᠡᠮᠬᠢ | ᠵᠢᠷᠤᠮ ᠲᠠᠢ ᠪᠠᠶᠢᠬᠤ ᠶᠢ ᠠᠬᠢᠭᠤᠯᠤᠨ᠎ᠠ᠃ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠬᠦ | ᠪᠠ ᠲᠡᠬᠦᠨ ᠢ ᠲᠡᠭᠦᠯᠳᠡᠷᠵᠢᠭᠦᠯᠵᠦ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠴᠢᠳᠠᠮᠵᠢ ᠶᠢ ᠴᠢᠩᠭᠠᠳᠬᠠᠵᠤ᠂ | ᠨᠡᠶᠢᠭᠡᠮ ᠤᠨ ᠳᠠᠶᠢᠴᠢᠯᠠᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ | ᠵᠠᠰᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠢ ᠪᠦᠷᠢᠨᠰᠢᠬᠦᠯᠤᠨ᠎ᠠ᠃ | ᠨᠡᠶᠢᠭᠡᠮ ᠤᠨ ᠠᠵᠢᠯ ᠢ ᠬᠥᠭᠵᠢᠭᠦᠯᠵᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠬᠥᠮᠦᠯᠢᠭ ᠠᠪᠤᠷᠠᠨ ᠲᠤᠰᠠᠯᠠᠯᠳᠠ᠂ | ᠰᠠᠶᠢᠨ ᠳᠤᠷ᠎ᠠ ᠶᠢᠨ ᠦᠢᠯᠡᠴᠢᠯᠡᠭᠡ᠂ ᠨᠡᠶᠢᠲᠡ ᠶᠢᠨ ᠠᠰᠠᠷᠠᠮᠵᠢ ᠨᠢᠭᠦᠯᠡᠰᠦᠩᠭᠦᠶ ᠶᠢᠨ ᠦᠢᠯᠡᠰ ᠵᠡᠷᠭᠡ ᠶᠢᠨ | ᠡᠷᠡᠭᠦᠯ ᠢᠶᠠᠷ ᠬᠥᠭᠵᠢᠬᠦ ᠶᠢ ᠲᠡᠮᠵᠢᠨ᠎ᠠ᠃ ᠡᠮᠡᠭᠲᠡᠶᠢᠴᠦᠳ ᠪᠠ ᠬᠡᠤᠭᠡᠳ ᠢ ᠮᠡᠭᠡᠯᠡᠨ ᠬᠤᠳᠠᠯᠳᠤᠬᠤ ᠶᠠᠯᠠᠳᠤ | ᠠᠵᠢᠯᠯᠠᠭ᠎ᠠ ᠳᠤ ᠴᠢᠩᠭ᠎ᠠ ᠴᠤᠬᠢᠯᠲᠠ ᠥᠭᠴᠦ᠂ ᠡᠮᠡᠭᠲᠡᠶᠢᠴᠦᠳ ᠪᠠ ᠬᠡᠤᠭᠡᠳ ᠤᠨ ᠬᠠᠤᠯᠢ ᠶᠣᠰᠣᠨ ᠤ ᠡᠷᠬᠡ | ᠠᠰᠢᠭ ᠢ ᠡᠷᠡᠰ ᠬᠠᠮᠠᠭᠠᠯᠠᠨ᠎ᠠ᠃ ᠨᠠᠰᠤᠲᠠᠶᠢᠴᠤᠳ ᠪᠠ ᠵᠡᠮᠳᠡᠭᠴᠦᠳ ᠢ ᠬᠠᠯᠠᠮᠵᠢᠯᠠᠨ ᠬᠠᠶᠢᠷᠠᠯᠠᠬᠤ ᠤᠢᠢᠯᠡᠴᠢᠯᠡᠭᠡᠨ ᠤ | ᠰᠢᠰᠲ᠋ᠧᠮ ᠢ ᠪᠦᠷᠢᠨᠰᠢᠭᠦᠯᠦᠨ᠎ᠡ᠃ ᠵᠠᠬᠢᠳᠠᠯ ᠰᠤᠷᠪᠤᠯᠵᠢᠯᠠᠭ᠎ᠠ ᠶᠢᠨ ᠳᠦᠷᠢᠮ ᠢ ᠲᠡᠭᠦᠯᠳᠡᠷᠵᠢᠭᠦᠯᠵᠤ᠂ ᠵᠥᠷᠢᠴᠡᠯ | ᠵᠠᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠶᠢ ᠴᠢᠩᠭᠠᠳᠬᠠᠵᠤ᠂ ᠣᠯᠠᠨ ᠲᠦᠮᠡᠨ ᠤ ᠵᠦᠢ ᠶᠣᠰᠣᠨ ᠤ ᠬᠦᠰᠡᠯ | ᠱᠠᠭᠠᠷᠳᠠᠯᠭ᠎ᠠ ᠶᠢ ᠬᠠᠤᠯᠢ ᠶᠣᠰᠣᠭᠠᠷ ᠴᠠᠭ ᠲᠤᠬᠠᠢ ᠳᠤᠨᠢ ᠰᠢᠢᠳᠪᠦᠷᠢᠯᠡᠨ᠎ᠡ᠃ ᠨᠡᠶᠢᠭᠡᠮ ᠤᠨ ᠰᠡᠳᠭᠢᠴᠡ ᠶᠢᠨ | ᠦᠢᠯᠡᠴᠢᠯᠡᠭᠡ ᠶᠢ ᠴᠢᠬᠤᠯᠠᠴᠢᠯᠠᠨ᠎ᠠ᠃ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠪᠠ ᠬᠠᠤᠯᠢ | ᠴᠠᠭᠠᠵᠠ ᠶᠢᠨ ᠲᠤᠰᠠᠯᠠᠮᠵᠢ ᠶᠢ ᠴᠢᠩᠭᠠᠷᠠᠭᠤᠯᠤᠨ᠎ᠠ᠃ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ | ᠭᠠᠮᠰᠢᠭ ᠠᠴᠠ ᠠᠪᠤᠷᠠᠬᠤ ᠪᠠ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠴᠢᠳᠠᠪᠤᠷᠢ ᠶᠢ | ᠳᠡᠭᠡᠭᠰᠢᠯᠡᠭᠦᠯᠵᠦ᠂ ᠦᠶᠡᠷ ᠤᠰᠤᠲᠤᠯ ᠭᠠᠩ ᠬᠠᠭᠰᠠᠷᠠᠭᠠᠨ᠂ ᠣᠢ ᠰᠢᠭᠤᠶ ᠨᠤᠲᠤᠭ ᠪᠡᠯᠴᠢᠭᠡᠷ ᠤᠨ ᠲᠦᠢᠮᠡᠷ᠂ | ᠭᠠᠵᠠᠷ ᠤᠨ ᠭᠠᠮᠰᠢᠭ᠂ ᠭᠠᠵᠠᠷ ᠬᠥᠳᠡᠯᠦᠯᠲᠡ ᠵᠡᠷᠭᠡ ᠶᠢ ᠰᠡᠷᠭᠡᠶᠢᠯᠡᠬᠦ ᠠᠵᠢᠯ ᠪᠠ ᠴᠠᠭ ᠠᠭᠤᠷ ᠤᠨ ᠦᠢᠯᠡᠴᠢᠯᠡᠭᠡ ᠶᠢ | ᠰᠠᠶᠢᠲᠤᠷ ᠬᠢᠨ᠎ᠡ᠃ ᠢᠳᠡᠭᠡᠨ ᠤ ᠵᠦᠢᠯ ᠤᠨ ᠪᠦᠬᠦ ᠬᠡᠯᠬᠢᠶᠡᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢ ᠴᠢᠩᠳᠠᠯᠠᠨ᠎ᠠ᠃ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠪᠠ ᠬᠠᠮᠢᠶᠠᠷᠤᠯᠲᠠ ᠶᠢᠨ | ᠲᠦᠷᠢᠮ ᠢ ᠨᠠᠶᠢᠳᠠᠪᠤᠷᠢᠵᠢᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ | ᠵᠢᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠬᠦᠨᠳᠦ ᠣᠨᠴᠠ ᠶᠡᠭᠡ ᠡ᠊ᠨᠳᠡᠯ ᠭᠠᠷᠬᠤ ᠶᠢ ᠪᠦᠲᠦᠮᠵᠢᠲᠡᠶ | ᠬᠤᠷᠢᠭᠯᠠᠨ᠎ᠠ᠃ ᠤᠯᠤᠰ ᠤᠨ ᠠᠮᠤᠷ ᠲᠦᠪᠰᠢᠨ ᠤ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ | ᠰᠦᠯᠵᠢᠶᠠᠨ ᠤ ᠠᠮᠤᠷ ᠲᠦᠪᠰᠢᠨ᠂ ᠳ᠋ᠠᠶᠢᠲ᠋ᠠ ᠶᠢᠨ ᠠᠮᠤᠷ ᠲᠦᠪᠰᠢᠨ ᠪᠠ ᠬᠤᠪᠢ ᠬᠥᠮᠦᠨ ᠤ ᠮᠡᠳᠡᠭᠡ ᠵᠠᠩᠭᠢ ᠶᠢᠨ | ᠬᠠᠮᠠᠭᠠᠯᠠᠯᠲᠠ ᠶᠢ ᠴᠢᠩᠭᠠᠷᠠᠭᠤᠯᠤᠨ᠎ᠠ᠃ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ | ᠴᠢᠩᠭᠠᠳᠬᠠᠵᠤ᠂ ᠬᠠᠷ᠎ᠠ ᠬᠠᠷᠭᠢᠰ ᠬᠦᠴᠦᠨ ᠢ ᠠᠷᠢᠯᠭᠠᠬᠤ ᠠᠵᠢᠯ ᠢ ᠪᠠᠶᠢᠩᠭᠤ ᠶᠢᠨ ᠴᠢᠨᠠᠷᠳᠠᠢ ᠠᠬᠢᠭᠤᠯᠵᠤ᠂ ᠡᠯ᠎ᠡ | ᠲᠦᠷᠦᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠡᠷᠡᠰ ᠰᠡᠷᠭᠡᠶᠢᠯᠡᠨ ᠲᠡᠭᠦᠨ ᠳᠤ ᠴᠣᠬᠢᠯᠲᠠ | ᠥᠭᠴᠦ᠂ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠳᠤᠮᠳᠠᠳᠤ ᠤᠯᠤᠰ᠂ ᠬᠠᠤᠯᠢ ᠪᠠᠷ ᠵᠠᠰᠠᠬᠤ | ᠳᠤᠮᠳᠠᠳᠤ ᠤᠯᠤᠰ ᠢ ᠪᠦᠳᠦᠭᠡᠨ ᠪᠠᠶᠢᠭᠤᠯᠤᠨ᠎ᠠ᠃ | ᠲᠥᠯᠥᠭᠡᠯᠡᠭᠴᠢᠳ ᠡ︕ | ᠰᠢᠨ᠎ᠡ ᠪᠠᠶᠢᠳᠠᠯ ᠪᠠ ᠡᠭᠦᠷᠭᠡ ᠶᠢᠨ ᠡᠮᠦᠨ᠎ᠡ᠂ ᠡᠯ᠎ᠡ ᠱᠠᠲᠤᠨ ᠤ ᠵᠠᠰᠠᠭ ᠤᠨ ᠣᠷᠳᠣᠨ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠤᠳᠠᠭ᠎ᠠ ᠪᠦᠷᠢ ᠶᠢᠨ | ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠳᠠᠢ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ | ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠵᠦ᠂ ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠲᠡᠭᠡᠷ᠎ᠠ ᠪᠠᠨ | ᠤᠬᠠᠮᠰᠠᠷ ᠠᠴᠠ ᠪᠠᠨ ᠰᠢ ᠶᠢᠨ ᠫᠢᠩ ᠨᠥᠬᠦᠷ ᠢᠶᠠᠷ ᠭᠤᠤᠯᠯᠠᠭᠤᠯᠤᠭᠰᠠᠨ ᠨᠠᠮ ᠤᠨ ᠲᠥᠪ ᠬᠤᠷᠢᠶ᠎ᠠ ᠲᠠᠢ ᠲᠡᠭᠡᠳᠤ | ᠬᠡᠮᠵᠢᠶ᠎ᠡ ᠪᠠᠷ ᠨᠢᠭᠡᠳᠦᠯᠲᠡᠶ ᠪᠠᠶᠢᠬᠤ ᠬᠡᠷᠡᠭᠲᠡᠶ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ | ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠭᠦᠨᠵᠡᠭᠡᠶᠢᠷᠡᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢ ᠴᠢᠩᠭᠠᠳᠬᠠᠨ᠎ᠠ᠃ ᠠᠳᠠᠯᠢ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ | ᠲᠡᠭᠦᠨ ᠤ ᠪᠠᠶᠢᠩᠭᠤ ᠶᠢᠨ ᠬᠤᠷᠢᠶᠠᠨ ᠤ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ ᠠᠷᠠᠳ ᠤᠨ ᠤᠯᠤᠰ | ᠲᠦᠷᠦ ᠶᠢᠨ ᠵᠥᠪᠯᠡᠯᠭᠡᠨ ᠤ ᠠᠷᠠᠳᠴᠢᠯᠠᠬᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠤᠨ ᠪᠠ | ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠎ᠡ᠃ ᠬᠢᠨᠠᠨ ᠪᠤᠳᠤᠬᠤ ᠬᠢᠨᠠᠯᠲᠠ ᠪᠠ | ᠲᠤᠭ᠎ᠠ ᠪᠦᠷᠢᠳᠭᠡᠯ ᠤᠨ ᠬᠢᠨᠠᠯᠲᠠ ᠶᠢ ᠴᠢᠩᠭᠠᠳᠬᠠᠨ᠎ᠠ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ | ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠤᠯᠠᠨ ᠲᠦᠮᠡᠨ ᠤ ᠪᠦᠯᠬᠦᠮ ᠤᠨ ᠵᠣᠬᠢᠶᠠᠨ | ᠪᠠᠶᠢᠭᠤᠯᠤᠯᠲᠠ ᠶᠢᠨ ᠦᠢᠯᠡᠳᠦᠯ ᠢᠶᠠᠨ ᠨᠡᠩ ᠰᠠᠶᠢᠨ ᠪᠠᠳᠠᠷᠠᠭᠤᠯᠬᠤ ᠶᠢ ᠳᠡᠮᠵᠢᠨ᠎ᠡ᠃ ᠨᠠᠮ ᠢ ᠪᠦᠬᠦ ᠲᠠᠯ᠎ᠠ ᠪᠠᠷ | ᠴᠢᠩᠭ᠎ᠠ ᠵᠠᠰᠠᠬᠤ ᠶᠢ ᠴᠥᠬᠦᠷᠡᠰᠢ ᠦᠭᠡᠢ ᠠᠬᠢᠭᠤᠯᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ | ᠪᠠᠷᠢᠬᠤ ᠪᠠᠶᠢᠭᠤᠯᠤᠯᠲᠠ ᠪᠤᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠶ ᠥᠷᠨᠢᠭᠦᠯᠦᠨ᠎ᠡ᠃ ᠠᠷᠢᠭᠤᠨ | ᠴᠢᠬᠡᠴᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠵᠠᠰᠠᠭ ᠤᠨ ᠣᠷᠳᠣᠨ ᠤ ᠠᠵᠢᠯᠲᠠᠨ ᠬᠠᠤᠯᠢ ᠴᠠᠭᠠᠵᠠ ᠶᠢᠨ | ᠬᠢᠨᠠᠯᠲᠠ᠂ ᠬᠢᠨᠠᠨ ᠪᠠᠶᠢᠴᠠᠭᠠᠯᠳᠠ ᠶᠢᠨ ᠬᠢᠨᠠᠯᠲᠠ ᠪᠠ ᠠᠷᠠᠳ ᠲᠦᠮᠡᠨ ᠤ ᠬᠢᠨᠠᠯᠲᠠ ᠶᠢ ᠤᠬᠠᠮᠰᠠᠷ ᠠᠴᠠ ᠪᠠᠨ | ᠬᠦᠯᠢᠶᠡᠵᠦ᠂ ᠠᠷᠠᠳ ᠲᠦᠮᠡᠨ ᠢ ᠢᠮᠠᠭᠲᠠ ᠰᠡᠳᠭᠢᠯ ᠵᠢᠷᠦᠬᠡᠨ ᠤ ᠪᠠᠨ ᠬᠠᠮᠤᠭ ᠤᠨ ᠳᠡᠭᠡᠳᠦ ᠪᠠᠶᠢᠷᠢᠨ ᠳᠤ ᠲᠠᠯᠪᠢᠵᠤ᠂ | ᠠᠷᠠᠳ ᠲᠦᠮᠡᠨ ᠤ ᠠᠯᠪᠠᠨ ᠵᠠᠷᠤᠴᠠ ᠭᠡᠬᠦ ᠨᠡᠷᠡᠶᠢᠳᠦᠯ ᠳᠡᠭᠡᠨ ᠤᠰᠤᠯᠳᠠᠬᠤ ᠦᠭᠡᠢ ᠪᠠᠶᠢᠬᠤ ᠬᠡᠷᠡᠭᠳᠠᠢ᠃ | ᠬᠦᠴᠢᠷ ᠪᠡᠷᠬᠡᠰᠢᠶᠡᠯ ᠪᠠ ᠰᠢᠯᠭᠠᠯᠳᠠ ᠶᠢ ᠠᠷᠭᠠᠴᠠᠭᠠᠬᠤ ᠳᠤ᠂ ᠡᠯ᠎ᠡ ᠱᠠᠲᠤᠨ ᠤ ᠵᠠᠰᠠᠭ ᠤᠨ ᠣᠷᠳᠣᠨ ᠵᠢᠴᠢ | ᠲᠡᠭᠦᠨ ᠤ ᠠᠵᠢᠯᠲᠠᠨ ᠡᠷᠬᠡᠪᠰᠢ ᠡᠭᠦᠷᠭᠡ ᠲᠤᠰᠢᠶᠠᠯ ᠢᠶᠠᠨ ᠰᠢᠳᠤᠷᠭᠤ ᠪᠠᠷ ᠭᠥᠢᠴᠡᠳᠭᠡᠵᠦ᠂ ᠠᠷᠠᠳ ᠲᠦᠮᠡᠨ ᠤ | ᠲᠥᠯᠥᠭᠡ ᠠᠵᠢᠯᠴᠢ ᠬᠢᠴᠢᠶᠡᠩᠭᠦᠶ ᠪᠠᠷ ᠵᠠᠰᠠᠭ ᠪᠠᠷᠢᠵᠤ᠂ ᠰᠡᠳᠭᠢᠯ ᠢᠶᠠᠨ ᠨᠢᠬᠳᠠᠷᠠᠭᠤᠯᠤᠨ ᠬᠦᠴᠦ ᠪᠠᠨ | ᠲᠥᠪᠯᠡᠷᠡᠭᠦᠯᠵᠤ ᠬᠥᠭᠵᠢᠯᠲᠡ ᠶᠢ ᠠᠳᠬᠤᠵᠤ᠂ ᠠᠷᠠᠳ ᠤᠨ ᠠᠮᠢᠳᠤᠷᠠᠯ ᠢ ᠪᠠᠲᠤᠯᠠᠬᠤ ᠬᠡᠷᠡᠭᠲᠡᠶ᠃ ᠬᠥᠭᠵᠢᠬᠦᠯᠬᠦ | ᠪᠣᠯ ᠲᠡᠷᠢᠭᠦᠨ ᠴᠢᠬᠤᠯᠠ ᠡᠭᠦᠷᠭᠡ ᠮᠥᠨ ᠪᠤᠯᠬᠤ ᠶᠢ ᠪᠠᠷᠢᠮᠲᠠᠯᠠᠵᠤ᠂ ᠡᠷᠬᠡᠪᠰᠢ ᠰᠢᠨ᠎ᠡ ᠬᠥᠭᠵᠢᠯᠲᠡ ᠶᠢᠨ | ᠤᠢᠢᠯᠠᠭᠠᠭᠳᠠᠬᠤᠨ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠬᠡᠷᠡᠭᠲᠡᠢ᠃ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ | ᠨᠠᠶᠢᠳᠠᠪᠤᠷᠢᠵᠢᠭᠤᠯᠵᠤ᠂ ︽ᠳᠥᠷᠪᠡᠨ ᠰᠤᠷᠲᠠᠯ︾ ᠢᠯᠠᠩᠭᠤᠶ᠎ᠠ ᠬᠡᠯᠪᠡᠷᠢ ᠶᠢᠨ ᠦᠵᠡᠯ ᠪᠠ ᠨᠣᠶᠠᠨᠴᠢ ᠰᠤᠷᠲᠠᠯ ᠢ | ᠰᠢᠨᠳᠠᠷᠠᠰᠢ ᠤᠢᠭᠡᠢ ᠵᠠᠯᠠᠷᠠᠭᠤᠯᠤᠨ ᠵᠠᠰᠠᠵᠤ᠂ ᠬᠠᠰᠢ ᠶᠠᠰᠢ ᠠᠷᠭᠠᠴᠠᠬᠤ᠂ ᠬᠠᠷᠢᠭᠤᠴᠠᠯᠭ᠎ᠠ ᠪᠠᠨ ᠨᠠᠭᠠᠰᠢ ᠴᠠᠭᠠᠰᠢ | ᠲᠦᠯᠬᠢᠯᠴᠡᠬᠦ ᠶᠢ ᠡᠷᠡᠰ ᠡᠰᠡᠷᠭᠦᠴᠡᠵᠦ᠂ ᠡᠷᠭᠡ ᠶᠢ ᠳᠤᠷ᠎ᠠ ᠵᠣᠷᠢᠭ ᠢᠶᠠᠷ ᠢᠶᠠᠨ ᠬᠡᠷᠡᠭᠯᠡᠬᠦ᠂ ᠠᠵᠢᠯᠯᠠᠬᠤ ᠠᠷᠭ᠎ᠠ ᠨᠢ | ᠳᠥᠭᠦᠮ ᠪᠦᠳᠦᠭᠦᠯᠢᠭ ᠪᠠᠶᠢᠬᠤ ᠶᠢ ᠡᠷᠡᠰ ᠵᠠᠯᠠᠷᠠᠭᠤᠯᠤᠨ ᠵᠠᠰᠠᠬᠤ ᠬᠡᠷᠡᠭᠳᠠᠢ᠃ ᠠᠷᠠᠳ ᠤᠯᠠᠨ ᠤ ᠠᠮᠤᠷ ᠳᠦᠪᠰᠢᠨ | ᠠᠶᠤᠯ ᠳᠦᠭᠰᠢᠭᠦᠷᠢ ᠵᠢᠷᠭᠠᠯ ᠵᠤᠪᠠᠯᠠᠩ ᠢ ᠢᠮᠠᠭᠲᠠ ᠰᠡᠳᠭᠢᠯ ᠳᠡᠭᠡᠨ ᠪᠤᠳᠤᠵᠦ᠂ ᠪᠣᠳᠠᠲᠤ ᠪᠠᠶᠢᠳᠠᠯ ᠢ ᠪᠠᠶᠢᠴᠠᠭᠠᠵᠤ᠂ | ᠪᠣᠳᠠᠲᠤ ᠶᠠᠪᠤᠳᠠᠯ ᠬᠢᠵᠦ᠂ ᠪᠣᠳᠠᠲᠤ ᠪᠦᠲᠦᠮᠵᠢ ᠶᠢ ᠡᠷᠬᠢᠮᠯᠡᠵᠦ᠂ ᠠᠷᠠᠳ ᠤᠨ ᠠᠮᠢᠳᠤᠷᠠᠯ ᠤᠨ ᠠᠩᠬᠠᠷᠤᠯ ᠲᠠᠯᠪᠢᠵᠤ | ᠪᠠᠶᠢᠭ᠎ᠠ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠳᠠ ᠥᠭᠴᠦ᠂ ᠠᠷᠠᠳ ᠤᠯᠠᠨ ᠤ ᠬᠠᠤᠯᠢ ᠶᠤᠰᠤᠨ ᠤ ᠡᠷᠬᠡ | ᠠᠰᠢᠭ ᠢ ᠦᠯᠦ ᠬᠠᠶᠢᠬᠤᠷᠬᠤ ᠬᠦᠨᠳᠦ ᠨᠤᠴᠢᠲᠠᠢ ᠲᠤᠰᠢᠶᠠᠯ ᠳᠠᠭᠠᠨ ᠤᠰᠤᠯᠳᠠᠵᠤ ᠬᠠᠷᠢᠭᠤᠴᠠᠯᠭ᠎ᠠ ᠠᠯᠳᠠᠭᠰᠠᠨ | ᠠᠰᠠᠭᠤᠳᠠᠯ ᠢ ᠡᠷᠡᠰ ᠴᠢᠩᠭ᠎ᠠ ᠰᠢᠢᠳᠪᠦᠷᠢᠯᠡᠬᠦ ᠬᠡᠷᠡᠭᠲᠡᠢ᠃ ᠲᠥᠪ ᠤᠨ ᠪᠠ ᠣᠷᠣᠨ ᠨᠤᠲᠤᠭ ᠤᠨ ᠬᠤᠶᠠᠷ | ᠢᠳᠡᠪᠬᠢᠵᠢᠯ ᠢ ᠭᠦᠢᠴᠡᠳ ᠪᠠᠳᠠᠷᠠᠭᠤᠯᠵᠤ᠂ ᠠᠷᠠᠳ ᠣᠯᠠᠨ ᠤ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ | ᠬᠦᠨᠳᠦᠳᠭᠡᠵᠤ᠂ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠳᠡᠭᠡᠨ ᠪᠦᠭᠦᠳᠡ ᠶᠢ ᠨᠢᠭᠡ ᠯᠡ ᠪᠠᠷᠢᠮᠵᠢᠶ᠎ᠠ ᠪᠠᠷ | ᠱᠠᠭᠠᠷᠳᠠᠬᠤ ᠪᠠ ᠳᠡᠰ ᠳᠡᠰ ᠢᠶᠠᠷ ᠨᠡᠮᠡᠬᠦ ᠶᠢ ᠰᠡᠷᠭᠡᠶᠢᠯᠡᠨ᠂ ᠦᠨᠳᠦᠰᠦᠨ ᠱᠠᠳᠤᠨ ᠤ ᠳᠠᠷᠤᠭᠠᠰᠤ ᠶᠢ ᠦᠷᠭᠦᠯᠵᠢᠯᠡᠨ | ᠬᠦᠩᠭᠡᠷᠡᠭᠦᠯᠬᠦ ᠬᠡᠷᠡᠭᠲᠡᠢ᠃ ᠤᠷᠮᠠᠰᠢᠭᠤᠯᠬᠤ ᠪᠠ ᠬᠠᠮᠠᠭᠠᠯᠠᠬᠤ ᠲᠣᠭᠲᠠᠴᠠ ᠶᠢ ᠪᠦᠷᠢᠨᠰᠢᠬᠦᠯᠵᠤ᠂ ᠥᠷᠭᠡᠨ ᠤᠯᠠᠨ | ᠺᠠᠳ᠋ᠷᠴᠤᠳ ᠤᠨ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠤ᠂ ᠴᠢᠳᠠᠮᠠᠭᠠᠢ ᠪᠠᠷ ᠠᠵᠢᠯᠯᠠᠬᠤ ᠶᠢ ᠲᠡᠮᠵᠢᠬᠦ ᠬᠡᠷᠡᠭᠳᠠᠢ᠃ | ᠪᠦᠬᠦ ᠤᠯᠤᠰ ᠲᠠᠶᠠᠭᠠᠷ ᠢᠶᠠᠨ ᠬᠥᠴᠤ ᠪᠠᠨ ᠰᠢᠪᠬᠠᠨ ᠨᠢᠭᠡ ᠰᠡᠳᠭᠢᠯ ᠢᠶᠠᠷ ᠰᠢᠷᠭᠠᠭᠤ ᠬᠠᠲᠠᠭᠤᠵᠢᠯᠲᠠᠢ ᠠᠵᠢᠯᠯᠠᠳᠠᠭ | ᠯᠡ ᠶᠤᠮ ᠪᠤᠯ ᠯᠠᠪᠲᠠᠢ ᠬᠥᠭᠵᠢᠯᠲᠡ ᠶᠢᠨ ᠰᠢᠨ᠎ᠠ ᠠᠮᠵᠢᠯᠲᠠ ᠪᠦᠲᠦᠮᠵᠢ ᠶᠢ ᠡᠭᠦᠳᠴᠦ ᠴᠢᠳᠠᠬᠤ ᠶᠤᠮ᠃ | ᠲᠥᠯᠥᠭᠡᠯᠡᠭᠴᠢᠳ ᠡ︕ | ᠪᠢᠳᠡ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ ᠪᠠᠷ ᠭᠤᠣᠯ | ᠰᠢᠵᠢᠮ ᠪᠣᠯᠭᠠᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠵᠤ᠂ | ᠦᠨᠳᠦᠰᠦᠲᠡᠨ ᠤ ᠭᠠᠵᠠᠷ ᠣᠷᠣᠨ ᠤ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠠᠯᠬᠤᠴᠠ ᠪᠠᠨ | ᠲᠦᠷᠭᠡᠳᠭᠡᠬᠦ ᠶᠢ ᠠᠬᠢᠭᠤᠯᠬᠤ ᠬᠡᠷᠡᠭᠳᠠᠢ᠃ ᠱᠠᠰᠢᠨ ᠰᠤᠷᠲᠠᠬᠤᠨ ᠤ ᠠᠵᠢᠯ ᠤᠨ ᠲᠤᠬᠠᠢ ᠨᠠᠮ ᠤᠨ ᠦᠨᠳᠦᠰᠦᠨ | ᠴᠢᠭᠯᠡᠯᠲᠡ ᠶᠢ ᠪᠠᠷᠢᠮᠲᠠᠯᠠᠵᠤ᠂ ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠴᠢᠭᠯᠡᠯ ᠢ | ᠪᠠᠷᠢᠮᠲᠠᠯᠠᠵᠤ᠂ ᠱᠠᠰᠢᠨ ᠰᠤᠷᠲᠠᠬᠤᠨ ᠢ ᠢᠳᠡᠪᠬᠢᠲᠡᠶ ᠬᠥᠲᠥᠯᠥᠨ ᠵᠢᠯᠣᠭᠤᠳᠴᠤ ᠪᠠᠶᠢᠭᠠᠳ ᠨᠡᠶᠢᠭᠡᠮ ᠵᠢᠷᠤᠮᠲᠤ | ᠨᠡᠶᠢᠭᠡᠮ ᠲᠠᠢ ᠵᠣᠬᠢᠴᠠᠭᠤᠯᠤᠨ᠎ᠠ᠃ ᠬᠠᠷᠢᠶᠠᠲᠤ ᠨᠠᠷ ᠤᠨ ᠶᠠᠪᠤᠳᠠᠯ ᠤᠨ ᠲᠤᠬᠠᠢ ᠨᠠᠮ ᠤᠨ ᠲᠥᠷᠥ ᠶᠢᠨ ᠪᠣᠳᠣᠯᠭ᠎ᠠ ᠶᠢ | ᠪᠦᠬᠦ ᠲᠠᠯ᠎ᠠ ᠪᠠᠷ ᠲᠤᠭᠤᠰᠢᠯᠠᠭᠤᠯᠵᠤ᠂ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠤ ᠨᠠᠷ᠂ ᠤᠯᠤᠰ ᠲᠠᠭᠠᠨ | ᠪᠤᠴᠠᠵᠤ ᠢᠷᠡᠭᠰᠡᠨ ᠬᠠᠷᠢᠶᠠᠲᠤ ᠨᠠᠷ ᠪᠠ ᠬᠠᠷᠢᠶᠠᠲᠤ ᠨᠠᠷ ᠤᠨ ᠭᠡᠷ ᠪᠦᠯᠢ ᠶᠢᠨ ᠬᠢᠨ ᠤ ᠬᠠᠤᠯᠢ ᠶᠣᠰᠣᠨ ᠤ ᠡᠷᠬᠡ | ᠠᠰᠢᠭ ᠢ ᠬᠠᠮᠠᠭᠠᠯᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠤᠨ | ᠰᠢᠨ᠎ᠠ ᠬᠢᠯᠠᠯᠵᠠᠭᠰᠠᠨ ᠠᠮᠵᠢᠯᠲᠠ ᠪᠦᠳᠦᠮᠵᠢ ᠶᠢ ᠭᠠᠷ ᠬᠤᠯᠪᠣᠯᠴᠠᠨ ᠬᠠᠮᠳᠤ ᠪᠠᠷ ᠡᠬᠦᠳᠬᠦ ᠶᠢ ᠵᠣᠷᠢᠬᠵᠢᠭᠤᠯᠤᠨ᠎ᠠ᠃ | ᠲᠥᠯᠥᠭᠡᠯᠡᠭᠴᠢᠳ ᠡ︕ | ᠥᠩᠭᠡᠷᠡᠭᠰᠡᠨ ᠨᠢᠭᠡ ᠵᠢᠯ ᠳᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ ᠶᠢᠨ ᠪᠦᠳᠦᠭᠡᠨ | ᠪᠠᠶᠢᠭᠤᠯᠤᠯᠲᠠ ᠴᠢᠬᠤᠯᠠ ᠶᠡᠭᠡ ᠠᠬᠢᠴᠠ ᠲᠠᠢ ᠪᠤᠯᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ | ᠲᠦᠯᠤᠪᠵᠢᠬᠦᠯᠭᠡ ᠶᠢᠨ ᠰᠠᠶᠢᠨ ᠡᠬᠢᠯᠡᠯᠲᠡ ᠶᠢ ᠪᠡᠶᠡᠯᠡᠭᠦᠯᠪᠡ᠃ ᠰᠢᠨ᠎ᠡ ᠨᠢᠭᠡ ᠵᠢᠯ ᠳᠤ᠂ ᠰᠢ ᠶᠢᠨ ᠫᠢᠩ ᠤᠨ | ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ | ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠲᠤᠭᠤᠰᠢᠯᠠᠭᠤᠯᠵᠤ᠂ ᠴᠡᠷᠢᠭ | ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢᠨ ᠦᠶ᠎ᠡ ᠶᠢᠨ ᠲᠡᠮᠡᠴᠡᠯ ᠤᠨ ᠬᠠᠷᠠᠯᠲᠠ ᠶᠢ ᠪᠠᠳᠤ ᠡᠵᠡᠮᠰᠢᠵᠤ᠂ | ᠨᠠᠮ ᠤᠨ ᠤᠳᠤᠷᠢᠳᠤᠯᠭ᠎ᠠ ᠪᠣᠯᠤᠨ ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠴᠡᠷᠢᠭ | ᠪᠣᠯᠪᠠᠰᠤᠷᠠᠭᠤᠯᠵᠤ ᠳᠠᠶᠢᠨ ᠳᠤ ᠪᠡᠯᠡᠳᠭᠡᠬᠦ ᠠᠵᠢᠯ ᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠴᠡᠷᠢᠭ ᠲᠠᠶᠢᠨ ᠤ | ᠲᠡᠮᠡᠴᠡᠯ ᠢ ᠡᠷᠡᠰ ᠰᠢᠭᠤᠷᠬᠠᠢ ᠪᠦᠭᠡᠳ ᠠᠮᠢᠳᠤᠯᠢᠭ ᠢᠶᠠᠷ ᠥᠷᠨᠢᠭᠦᠯᠵᠦ᠂ ᠤᠯᠤᠰ ᠤᠨ ᠡᠷᠬᠡ ᠮᠡᠳᠡᠯ᠂ ᠠᠮᠤᠷ | ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠬᠤ ᠬᠡᠷᠡᠭᠳᠠᠢ᠃ ᠣᠳᠣ ᠦᠶ᠎ᠡ ᠶᠢᠨ ᠴᠡᠷᠢᠭ ᠤᠨ | ᠶᠠᠪᠤᠳᠠᠯ ᠤᠨ ᠡᠳ᠋ ᠪᠠᠷᠠᠭᠠᠨ ᠤ ᠭᠦᠢᠯᠭᠡᠭᠡᠨ ᠤ ᠰᠢᠰᠲ᠋ᠧᠮ᠂ ᠴᠡᠷᠢᠭ ᠠᠩᠭᠢ ᠶᠢᠨ ᠣᠳᠣ ᠦᠶ᠎ᠡ ᠶᠢᠨ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠭᠡᠵᠦ᠂ ᠵᠡᠪᠰᠡᠭ ᠲᠣᠨᠣᠭᠯᠠᠯ ᠤᠨ | ᠣᠳᠣᠬᠢᠴᠢᠯᠠᠭᠰᠠᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ | ᠴᠡᠷᠢᠭ ᠠᠩᠭᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠬᠦᠳᠬᠦ ᠶᠢ ᠴᠢᠩᠭᠠᠳᠬᠠᠵᠤ᠂ ᠰᠢᠨ᠎ᠡ ᠴᠠᠭ | ᠦᠶ᠎ᠡ ᠶᠢᠨ ᠴᠢᠳᠠᠪᠤᠷᠢᠲᠠᠨ ᠢᠶᠠᠷ ᠴᠡᠷᠢᠭ ᠢ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠤ᠂ | ᠬᠠᠤᠯᠢ ᠶᠣᠰᠣᠭᠠᠷ ᠴᠡᠷᠢᠭ ᠢ ᠵᠠᠰᠠᠬᠤ᠂ ᠴᠡᠷᠢᠭ ᠢ ᠴᠢᠩᠭ᠎ᠠ ᠵᠠᠰᠠᠬᠤ ᠶᠢ ᠠᠬᠢᠭᠤᠯᠵᠤ᠂ ᠴᠡᠷᠢᠭ ᠠᠩᠭᠢ ᠶᠢᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠪᠠ ᠠᠵᠤ ᠦᠢᠯᠡᠳᠪᠦᠷᠢ ᠶᠢᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠤᠨ᠎ᠠ᠃ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠳᠠᠶᠢᠴᠢᠯᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠠᠷᠠᠳ ᠨᠡᠶᠢᠲᠡ ᠶᠢᠨ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠴᠢᠩᠭᠠᠳᠬᠠᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ | ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ ᠶᠢᠨ ᠪᠦᠳᠤᠭᠡᠨ ᠪᠠᠶᠢᠭᠤᠯᠤᠯᠲᠠ ᠶᠢ ᠶᠡᠭᠡ ᠪᠠᠷ ᠲᠡᠮᠵᠢᠵᠤ᠂ | ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ ᠬᠠᠳᠠ ᠴᠢᠯᠠᠭᠤ ᠮᠡᠲᠦ ᠪᠠᠲᠤ ᠪᠠᠬᠢ ᠪᠠᠶᠢᠯᠭᠠᠬᠤ ᠬᠡᠷᠡᠭᠲᠡᠶ᠃ | ᠲᠥᠯᠥᠭᠡᠯᠡᠭᠴᠢᠳ ᠡ︕ | ᠪᠢᠳᠡ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾᠂ ︽ᠰᠢᠶᠠᠩᠭᠠᠩ ᠤᠨ ᠬᠥᠮᠦᠨ ᠢᠶᠠᠷ | ᠰᠢᠶᠠᠩᠭᠠᠩ ᠢ ᠵᠠᠰᠠᠭᠤᠯᠬᠤ︾᠂ ︽ᠣᠣᠮᠧᠨ ᠤ ᠬᠥᠮᠦᠨ ᠢᠶᠠᠷ ᠣᠣᠮᠧᠨ ᠢ ᠵᠠᠰᠠᠭᠤᠯᠬᠤ︾᠂ ᠳᠡᠭᠡᠳᠦ ᠬᠡᠮᠵᠢᠶ᠎ᠡ ᠪᠠᠷ | ᠥᠪᠡᠷᠲᠡᠭᠡᠨ ᠵᠠᠰᠠᠬᠤ ᠴᠢᠭᠯᠡᠯᠲᠡ ᠶᠢ ᠦᠷᠭᠦᠯᠵᠢᠯᠡᠨ ᠪᠦᠬᠦ ᠲᠠᠯ᠎ᠠ ᠪᠠᠷ ᠵᠥᠪ ᠣᠨᠣᠪᠴᠢᠲᠠᠶ ᠪᠦᠭᠡᠳ ᠭᠤᠶᠢᠪᠢᠰᠢ | ᠦᠭᠡᠢ ᠲᠤᠭᠤᠰᠢᠯᠠᠭᠤᠯᠤᠨ᠂ ᠲᠥᠪ ᠠᠴᠠ ᠵᠠᠰᠠᠭ ᠵᠠᠬᠢᠷᠭᠠᠨ ᠤ ᠣᠨᠴᠠᠭᠠᠶ ᠣᠷᠣᠨ ᠳᠤ ᠶᠠᠪᠤᠭᠤᠯᠬᠤ ᠪᠦᠬᠦ ᠲᠠᠯ᠎ᠠ ᠪᠠᠷ | ᠬᠠᠮᠢᠶᠠᠷᠤᠨ ᠵᠠᠰᠠᠬᠤ ᠡᠷᠬᠡ ᠶᠢ ᠨᠠᠶᠢᠳᠠᠪᠤᠷᠢᠵᠢᠭᠤᠯᠵᠤ᠂ ︽ᠡᠭᠡ ᠣᠷᠣᠨᠴᠢ ᠬᠥᠮᠦᠰ ᠢᠶᠠᠷ ᠰᠢᠶᠠᠩᠭᠠᠩ ᠢ ᠵᠠᠰᠠᠭᠤᠯᠬᠤ︾ | ᠂ ︽ᠡᠭᠡ ᠣᠷᠣᠨᠴᠢ ᠬᠥᠮᠦᠰ ᠢᠶᠠᠷ ᠣᠣᠮᠧᠨ ᠢ ᠵᠠᠰᠠᠭᠤᠯᠬᠤ︾ ᠶᠢ ᠡᠷᠡᠰ ᠨᠠᠶᠢᠳᠠᠪᠤᠷᠢᠵᠢᠭᠤᠯᠤᠨ᠎ᠠ᠃ ᠵᠠᠰᠠᠭ | ᠵᠠᠬᠢᠷᠭᠠᠨ ᠤ ᠣᠨᠴᠠᠭᠠᠢ ᠣᠷᠣᠨ ᠤ ᠵᠠᠰᠠᠭ ᠤᠨ ᠣᠷᠳᠣᠨ ᠤ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠦᠬᠦ | ᠬᠦᠴᠦᠨ ᠢᠶᠠᠷ ᠢᠶᠠᠨ ᠳᠠᠮᠵᠢᠨ᠎ᠠ᠃ ᠰᠢᠶᠠᠩᠭᠠᠩ ᠣᠣᠮᠧᠨ ᠤ ᠠᠵᠤ ᠠᠬᠤᠶ ᠪᠠᠨ ᠬᠥᠭᠵᠢᠭᠦᠯᠵᠦ᠂ ᠠᠷᠠᠳ ᠤᠨ | ᠠᠮᠢᠳᠤᠷᠠᠯ ᠢ ᠰᠠᠶᠢᠵᠢᠷᠠᠭᠤᠯᠵᠦ᠂ ᠤᠯᠤᠰ ᠤᠷᠤᠨ ᠤ ᠬᠥᠭᠵᠢᠯᠲᠡ ᠶᠢᠨ ᠶᠡᠭᠡ ᠲᠠᠯ᠎ᠠ ᠳᠤ ᠨᠡᠩ ᠰᠠᠶᠢᠨ ᠠᠭᠤᠰᠤᠨ | ᠤᠷᠤᠬᠤ ᠶᠢ ᠳᠡᠮᠵᠢᠵᠦ᠂ ᠰᠢᠶᠠᠩᠭᠠᠩ ᠣᠣᠮᠧᠨ ᠤ ᠤᠷᠳᠤ ᠬᠤᠭᠤᠴᠠᠭᠠᠨ ᠤ ᠴᠡᠴᠡᠭᠯᠡᠯ ᠬᠥᠭᠵᠢᠯ ᠪᠠ ᠲᠣᠭᠲᠠᠭᠤᠨ | ᠪᠠᠶᠢᠳᠠᠯ ᠢ ᠪᠠᠲᠤᠯᠠᠨ᠎ᠠ᠃ | ᠪᠢᠳᠡ ᠲᠠᠶᠢᠸᠠᠨ ᠤ ᠲᠤᠬᠠᠶ ᠠᠵᠢᠯ ᠤᠨ ᠦᠨᠳᠦᠰᠦᠨ ᠪᠣᠳᠣᠯᠭ᠎ᠠ ᠴᠢᠭᠯᠡᠯᠲᠡ ᠶᠢ ᠪᠠᠷᠢᠮᠲᠠᠯᠠᠵᠤ᠂ ᠰᠢᠨ᠎ᠡ ᠴᠠᠭ | ᠦᠶ᠎ᠡ ᠶᠢᠨ ᠨᠠᠮ ᠤᠨ ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠶᠡᠷᠦᠩᠬᠡᠶ ᠠᠷᠭ᠎ᠠ ᠪᠣᠳᠣᠯᠭ᠎ᠠ ᠶᠢ | ᠲᠤᠭᠤᠰᠢᠯᠠᠭᠤᠯᠵᠤ᠂ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠪᠣᠯᠤᠨ ︽ᠶᠡᠷᠡᠨ ᠬᠤᠶᠠᠷ ᠣᠨ ᠤ | ᠬᠠᠮᠲᠤ ᠶᠢᠨ ᠲᠠᠨᠢᠯᠲᠠ︾ ᠶᠢ ᠪᠠᠷᠢᠮᠲᠠᠯᠠᠵᠤ᠂ ᠲᠠᠶᠢᠸᠠᠨ ᠬᠤᠭᠤᠯᠠᠶ ᠶᠢᠨ ᠬᠤᠶᠠᠷ ᠲᠠᠯ᠎ᠠ ᠶᠢᠨ ᠬᠠᠷᠢᠴᠠᠭ᠎ᠠ ᠶᠢ | ᠨᠠᠶᠢᠷᠠᠮᠳᠠᠯ ᠢᠶᠠᠷ ᠬᠥᠭᠵᠢᠬᠦᠯᠬᠦ ᠪᠠ ᠡᠬᠡ ᠣᠯᠤᠰ ᠢᠶᠠᠨ ᠨᠢᠭᠡᠳᠭᠡᠬᠦ ᠶᠢ ᠠᠬᠢᠭᠤᠯᠬᠤ ᠬᠡᠷᠡᠭᠳᠠᠢ᠃ ︽ᠲᠠᠶᠢᠸᠠᠨ ᠢ | ᠲᠤᠰᠠᠭᠠᠷ ᠲᠣᠭᠲᠠᠨᠢᠭᠤᠯᠬᠤ︾ ᠬᠠᠭᠠᠴᠠᠭᠤᠯᠬᠤ ᠠᠵᠢᠯᠯᠠᠭ᠎ᠠ ᠶᠢ ᠡᠷᠡᠰ ᠡᠰᠡᠷᠭᠦᠴᠡᠵᠦ᠂ ᠭᠠᠳᠠᠭᠠᠳᠤ ᠶᠢᠨ ᠬᠦᠴᠦᠨ ᠤ | ᠭᠠᠷ ᠲᠦᠷᠦᠭᠦ ᠶᠢ ᠡᠷᠡᠰ ᠡᠰᠡᠷᠭᠦᠴᠡᠨ᠎ᠡ᠃ ᠲᠠᠶᠢᠸᠠᠨ ᠬᠤᠭᠤᠯᠠᠶ ᠶᠢᠨ ᠬᠤᠶᠠᠷ ᠲᠠᠯ᠎ᠠ ᠶᠢᠨ ᠠᠬ᠎ᠠ ᠳᠡᠭᠦᠤ ᠨᠠᠷ | ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠢᠷᠠᠭᠤ ᠠᠯᠳᠠᠷᠲᠤ | ᠠᠭᠤᠤ ᠦᠢᠯᠡᠰ ᠢ ᠬᠠᠮᠲᠤ ᠪᠠᠷ ᠴᠣᠭᠴᠠᠯᠠᠬᠤ ᠬᠡᠷᠡᠭᠲᠡᠶ᠃ | ᠲᠥᠯᠥᠭᠡᠯᠡᠭᠴᠢᠳ ᠡ︕ | ᠪᠢᠳᠡ ᠪᠡᠶ᠎ᠡ ᠪᠠᠨ ᠳᠠᠭᠠᠭᠠᠵᠤ ᠡᠵᠡᠨ ᠮᠡᠳᠡᠬᠦ ᠨᠠᠶᠢᠷᠠᠮᠳᠠᠯ ᠤᠨ ᠭᠠᠳᠠᠭᠠᠳᠤ ᠬᠠᠷᠢᠯᠴᠠᠭᠠᠨ ᠤ ᠲᠦᠷᠦ ᠶᠢᠨ | ᠪᠤᠳᠤᠯᠭ᠎ᠠ ᠶᠢ ᠪᠠᠷᠢᠮᠲᠠᠯᠠᠨ᠂ ᠨᠠᠶᠢᠷᠠᠮᠳᠠᠯ ᠢᠶᠠᠷ ᠬᠥᠭᠵᠢᠬᠦ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠰᠢᠨ᠎ᠡ | ᠬᠡᠯᠪᠡᠷᠢ ᠶᠢᠨ ᠤᠯᠠᠨ ᠤᠯᠤᠰ ᠤᠨ ᠬᠠᠷᠢᠴᠠᠭ᠎ᠠ ᠶᠢ ᠪᠠᠶᠢᠭᠤᠯᠬᠤ ᠶᠢ ᠠᠬᠢᠭᠤᠯᠤᠨ᠂ ᠬᠦᠮᠦᠨ ᠲᠦᠷᠦᠯᠬᠢᠲᠡᠨ ᠤ ᠬᠤᠪᠢ | ᠵᠠᠶᠠᠭᠠᠨ ᠤ ᠬᠠᠮᠲᠤ ᠶᠢᠨ ᠴᠤᠭᠴᠠ ᠶᠢ ᠪᠠᠶᠢᠭᠤᠯᠬᠤ ᠶᠢ ᠠᠬᠢᠭᠤᠯᠬᠤ ᠬᠡᠷᠡᠭᠲᠡᠢ᠃ ᠪᠦᠬᠦ ᠪᠥᠮᠪᠥᠷᠴᠡᠭ ᠤᠨ | ᠬᠥᠭᠵᠢᠯᠲᠡ ᠶᠢᠨ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠦᠬᠦ ᠬᠥᠮᠦᠨ ᠲᠥᠷᠥᠯᠬᠢᠲᠡᠨ ᠤ | ᠬᠠᠮᠲᠤ ᠶᠢᠨ ᠦᠷᠳᠡᠭ ᠢ ᠪᠠᠳᠠᠷᠠᠭᠤᠯᠤᠨ᠎ᠠ᠃ ᠳᠤᠮᠳᠠᠳᠤ ᠤᠯᠤᠰ ᠪᠣᠯ ᠢᠮᠠᠭᠲᠠ ᠳᠡᠯᠡᠬᠡᠢ ᠶᠢᠨ ᠡᠩᠬᠡ ᠲᠠᠶᠢᠪᠤᠩ ᠤᠨ | ᠪᠦᠳᠦᠭᠡᠨ ᠪᠠᠶᠢᠭᠤᠯᠤᠭᠴᠢ᠂ ᠪᠦᠬᠦ ᠪᠥᠮᠪᠥᠷᠴᠡᠭ ᠤᠨ ᠬᠥᠭᠵᠢᠯᠲᠡ ᠶᠢᠨ ᠬᠤᠪᠢ ᠨᠡᠮᠡᠷᠢ ᠦᠵᠡᠭᠦᠯᠦᠭᠴᠢ᠂ ᠤᠯᠠᠨ | ᠤᠯᠤᠰ ᠤᠨ ᠡᠮᠬᠢ ᠵᠢᠷᠤᠮ ᠤᠨ ᠬᠠᠮᠠᠭᠠᠯᠠᠭᠴᠢ ᠮᠥᠨ᠂ ᠳᠤᠮᠳᠠᠳᠤ ᠤᠯᠤᠰ ᠳᠤᠷᠠᠲᠠᠶ᠎ᠠ ᠳᠡᠯᠡᠬᠡᠢ ᠨᠡᠶᠢᠳᠡ ᠲᠠᠢ | ᠬᠠᠮᠳᠤ ᠪᠠᠷ᠂ ᠳᠡᠯᠡᠬᠡᠢ ᠶᠢᠨ ᠡᠩᠬᠡ ᠲᠠᠶᠢᠪᠤᠩ ᠲᠤᠭᠲᠠᠭᠤᠨ ᠪᠠᠶᠢᠳᠠᠯ ᠪᠠ ᠬᠦᠭᠵᠢᠯ ᠴᠡᠴᠡᠭᠯᠡᠯ ᠢ ᠠᠬᠢᠭᠤᠯᠬᠤ ᠳᠤ | ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ︕ | ᠲᠥᠯᠥᠭᠡᠯᠡᠭᠴᠢᠳ ᠡ︕ | ᠳᠤᠮᠳᠠᠳᠤ ᠤᠯᠤᠰ ᠤᠨ ᠬᠦᠭᠵᠢᠯᠲᠡ ᠪᠤᠯ ᠶᠡᠷᠦ ᠠᠴᠠ ᠰᠢᠯᠭᠠᠯᠲᠠ ᠶᠢ ᠠᠷᠭᠠᠴᠠᠭᠠᠬᠤ ᠲᠤᠮᠳᠠ ᠤᠷᠤᠭᠰᠢᠯᠠᠵᠤ | ᠢᠷᠡᠭᠰᠡᠨ ᠶᠤᠮ᠂ ᠳᠤᠮᠳᠠᠳᠤ ᠤᠯᠤᠰ ᠤᠨ ᠠᠷᠠᠳ ᠲᠦᠮᠡᠨ ᠶᠠᠮᠠᠷᠪᠠ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ | ᠳᠠᠪᠠᠭ᠋ᠤ ᠰᠥᠰᠥ ᠵᠣᠷᠢᠭ᠂ ᠤᠶᠤᠨ ᠤᠬᠠᠭᠠᠨ ᠪᠠ ᠬᠦᠴᠦᠨ ᠴᠢᠳᠠᠯ ᠲᠠᠢ ᠶᠤᠮ᠃ ᠪᠢᠳᠡ ᠰᠢ ᠶᠢᠨ ᠫᠢᠩ | ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠢᠯᠡᠬᠦᠤ ᠨᠢᠭᠲᠠᠷᠠᠨ | ᠪᠦᠯᠬᠦᠮᠳᠡᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ | ᠮᠠᠨᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ | ᠬᠠᠳᠠᠭᠤᠵᠢᠨ ᠲᠡᠮᠡᠴᠡᠵᠤ᠂ ᠪᠦᠬᠦ ᠵᠢᠯ ᠤᠨ ᠬᠠᠷᠠᠯᠲᠠ ᠡᠭᠦᠷᠭᠡ ᠪᠠᠨ ᠴᠢᠷᠮᠠᠶᠢᠨ ᠪᠡᠶᠡᠯᠡᠭᠦᠯᠵᠦ᠂ ᠪᠣᠳᠠᠲᠤ | ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠲᠠ ᠲᠠᠢ ᠪᠠᠷ ᠬᠤᠷᠠᠯᠳᠤᠬᠤ ᠶᠢ ᠤᠭᠲᠤᠵᠤ᠂ | ᠮᠠᠨ ᠤ ᠤᠯᠤᠰ ᠢᠶᠠᠨ ᠪᠠᠶᠠᠨ ᠬᠦᠴᠦᠷᠬᠡᠭ ᠠᠷᠠᠳᠴᠢᠯᠠᠭᠰᠠᠨ ᠪᠣᠯᠪᠠᠰᠤᠨ ᠡᠶ᠎ᠡ ᠵᠣᠬᠢᠴᠠᠯ ᠲᠠᠢ ᠦᠵᠡᠰᠭᠦᠯᠡᠩᠲᠦ | ᠰᠠᠶᠢᠬᠠᠨ ᠨᠡᠶᠢᠭᠡᠮ ᠵᠢᠷᠤᠮᠳᠤ ᠣᠳᠣᠬᠢᠴᠢᠯᠠᠭᠰᠠᠨ ᠬᠦᠴᠦᠷᠬᠡᠭ ᠤᠯᠤᠰ ᠪᠣᠯᠭᠠᠨ ᠪᠦᠳᠦᠭᠡᠨ ᠪᠠᠶᠢᠭᠤᠯᠵᠦ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠤᠯᠤᠰ ᠤᠨ ᠵᠡᠬᠦᠳᠦ ᠶᠢ | ᠪᠡᠶᠡᠯᠡᠭᠦᠯᠭᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠬᠡᠷᠡᠭᠳᠠᠢ︕ | ︵ᠰᠢᠨᠬᠤᠸᠠ ᠬᠤᠷᠢᠶᠠᠨ ᠤ ᠪᠡᠬᠡᠵᠢᠩ ᠤᠨ 3 ᠰᠠᠷ᠎ᠠ ᠶᠢᠨ 12 ᠤᠨ ᠴᠠᠬᠢᠯᠭᠠᠨ ᠮᠡᠳᠡᠭᠡ᠂ ᠳᠤᠮᠳᠠᠳᠦ | ᠤᠯᠤᠰ ᠤᠨ ᠦᠨᠳᠦᠰᠦᠳᠡᠨ ᠤ ᠬᠡᠯᠡᠨ ᠤ ᠤᠷᠴᠢᠭᠤᠯᠭ᠎ᠠ ᠶᠢᠨ ᠳᠤᠪᠴᠢᠶ᠎ᠠ ᠤᠷᠴᠢᠭᠤᠯᠪᠠ︶ | | |