ᠰᠦ ᠰᠠᠭᠠᠯᠢ ᠶᠢᠨ ᠦᠢᠯᠡᠰ ᠤᠨ ᠬᠦᠭᠵᠢᠨ ᠮᠠᠨᠳᠣᠯᠲᠠ ᠶᠢ ᠠᠬᠢᠭᠤᠯᠬᠤ ᠶᠢᠰᠦᠨ ᠵᠤᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠲᠤᠬᠠᠢ ᠮᠡᠳᠡᠭᠳᠡᠯ ᠢ ᠣᠩᠰᠢᠨ ᠤᠶᠢᠯᠠᠭᠠᠶ᠎ᠠ
ᠨᠡᠶᠢᠲᠡᠯᠡᠭᠰᠡᠨ ᠴᠠᠭ᠄
2022/3/16
      ᠥᠪᠡᠷᠲᠡᠭᠡᠨ ᠵᠠᠰᠠᠬᠤ ᠣᠷᠣᠨ ᠤ ᠰᠦ ᠰᠠᠭᠠᠯᠢ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ  ᠶᠢ ᠠᠬᠢᠭᠤᠯᠬᠤ ᠶᠢᠨ ᠲᠥᠯᠥᠭᠡ᠂ ᠪᠦᠬᠦ ᠤᠯᠤᠰ ᠲᠤ ᠰᠦ ᠰᠠᠭᠠᠯᠢ ᠶᠢᠨ ᠦᠢᠯᠡᠰ ᠤᠨ ᠬᠦᠭᠵᠢᠨ ᠮᠠᠨᠳᠣᠯᠲᠠ ᠶᠢ ᠲᠦᠷᠦᠭᠦᠯᠡᠨ ᠪᠡᠶᠡᠯᠡᠭᠦᠯᠵᠦ᠂ ᠰᠦ ᠶᠢᠨ ᠢᠷᠡᠯᠲᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠬᠤᠴᠤᠷᠤᠩᠭᠤᠢ᠂ ᠪᠡᠶ᠎ᠡ ᠪᠠᠨ ᠳᠠᠭᠠᠭᠠᠵᠤ ᠦᠷᠡᠵᠢᠭᠦᠯᠦᠨ ᠪᠣᠶᠢᠵᠢᠭᠤᠯᠬᠤ ᠴᠢᠳᠠᠪᠤᠷᠢ ᠴᠢᠩᠭ᠎ᠠ ᠪᠤᠰᠤ᠂ ᠴᠢᠨᠠᠷ ᠰᠠᠶᠢᠲᠠᠢ ᠡᠪᠡᠰᠦ ᠪᠣᠷᠳᠤᠭ᠎ᠠ ᠶᠢᠨ ᠬᠠᠩᠭᠠᠯᠭ᠎ᠠ ᠬᠦᠷᠦᠯᠴᠡᠬᠦ ᠦᠭᠡᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠤᠯᠭᠠᠭᠤᠷᠢᠯᠠᠯ ᠬᠦᠷᠦᠯᠴᠡᠬᠦ ᠦᠭᠡᠢ᠂ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠮᠡᠷᠭᠡᠵᠢᠯ ᠪᠠᠭᠤᠷᠠᠢ ᠪᠠᠶᠢᠬᠤ ᠵᠡᠷᠭᠡ ᠠᠰᠠᠭᠤᠳᠠᠯ ᠳᠤ ᠴᠢᠭᠯᠡᠭᠦᠯᠦᠨ᠂ 2019 ᠣᠨ ᠳᠤ ᠨᠡᠶᠢᠲᠡᠯᠡᠭᠰᠡᠨ ᠥᠪᠡᠷᠲᠡᠭᠡᠨ ᠵᠠᠰᠠᠬᠤ ᠣᠷᠣᠨ ᠤ ︽ᠰᠦ ᠰᠠᠭᠠᠯᠢ ᠶᠢᠨ ᠦᠢᠯᠡᠰ ᠤᠨ ᠬᠦᠭᠵᠢᠨ ᠮᠠᠨᠳᠣᠯᠲᠠ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ︾ ︵ᠥᠪᠥᠷ ᠵᠠᠰᠠᠭ ᠠᠯᠪᠠᠨ ᠲᠠᠷᠬᠠᠭᠠᠭᠰᠠᠨ ﹇2019﹈ 33 ᠳ᠋ᠤᠭᠠᠷ ᠲᠣᠭᠠᠲᠤ︶ ᠤᠨ ᠰᠠᠭᠤᠷᠢᠨ ᠳᠡᠭᠡᠷ᠎ᠡ᠂ ︽ᠰᠦ ᠰᠠᠭᠠᠯᠢ ᠶᠢᠨ ᠦᠢᠯᠡᠰ ᠤᠨ ᠬᠦᠭᠵᠢᠨ ᠮᠠᠨᠳᠣᠯᠲᠠ ᠶᠢ ᠲᠦᠯᠬᠢᠨ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2019﹈ 20 ᠳ᠋ᠤᠭᠠᠷ ᠲᠣᠭᠠᠲᠤ︶ ᠪᠣᠯᠣᠨ ᠥᠪᠡᠷᠲᠡᠭᠡᠨ ᠵᠠᠰᠠᠬᠤ ᠣᠷᠣᠨ ᠤ ︽ ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠰᠥᠯ ︵2020 ︱ 2022 ᠣᠨ︶︾ ︵ᠥᠪᠥᠷ ᠵᠠᠰᠠᠭ ᠠᠯᠪᠠᠨ ᠲᠠᠷᠬᠠᠭᠠᠭᠰᠠᠨ ﹇2020﹈ 39 ᠳ᠋ᠦ᠋ᠭᠡᠷ ᠲᠣᠭᠠᠲᠤ︶ ᠤᠨ ᠬᠤᠯᠪᠣᠭᠳᠠᠯ ᠪᠦᠬᠦᠢ ᠲᠣᠭᠲᠠᠭᠠᠯ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠰᠦ ᠰᠠᠭᠠᠯᠢ ᠶᠢᠨ ᠦᠢᠯᠡᠰ ᠤᠨ ᠬᠦᠭᠵᠢᠨ ᠮᠠᠨᠳᠣᠯᠲᠠ ᠶᠢ ᠠᠬᠢᠭᠤᠯᠬᠤ ᠶᠢᠰᠦᠨ ᠵᠣᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠳᠣᠣᠷᠠᠬᠢ ᠮᠡᠲᠦ ᠮᠡᠳᠡᠭᠳᠡᠪᠡ᠃       ᠰᠢᠨ᠎ᠡ ᠪᠠᠷ ᠪᠠᠶᠢᠭᠤᠯᠤᠭᠰᠠᠨ ᠬᠡᠪᠴᠢᠶᠡᠵᠢᠭᠰᠡᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠳᠤ ᠨᠥᠬᠦᠪᠦᠷᠢ ᠥᠭᠭᠦᠨ᠎ᠡ      ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ 2021 ᠣᠨ ᠠᠴᠠ ᠰᠡᠭᠦᠯᠡᠷ ᠪᠠᠶᠢᠭᠤᠯᠤᠭᠰᠠᠨ 3000  ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠲᠠᠯᠠᠪᠠᠶ ᠳᠤ 600 ᠲᠦᠮᠡᠨ ᠲᠥᠭᠦᠷᠢᠭ ᠤᠨ ᠨᠥᠬᠦᠪᠦᠷᠢ ᠥᠭᠴᠦ᠂ 500 ᠲᠣᠯᠣᠭᠠᠢ ᠨᠡᠮᠡᠭᠳᠡᠬᠦ ᠪᠦᠷᠢ ᠳᠠᠬᠢᠭᠠᠳ 100 ᠲᠦᠮᠡᠨ ᠲᠥᠭᠦᠷᠢᠭ ᠤᠨ ᠨᠥᠬᠦᠪᠦᠷᠢ ᠥᠭᠭᠦᠨ᠎ᠡ︔ ᠠᠶᠢᠮᠠᠭ ᠬᠤᠲᠠ ᠨᠢ ᠥᠪᠡᠷᠲᠡᠭᠡᠨ ᠵᠠᠰᠠᠬᠤ ᠣᠷᠣᠨ ᠤ ᠨᠥᠬᠦᠪᠦᠷᠢ ᠶᠢᠨ ᠪᠡᠯᠡ ᠮᠥᠩᠭᠦ ᠶᠢᠨ 20% ᠪᠠᠷ ᠨᠡᠮᠡᠭᠳᠡᠭᠦᠯᠵᠦ ᠢᠵᠢ ᠪᠦᠷᠢᠳᠦᠭᠦᠯᠦᠨ᠎ᠡ᠃ ᠨᠥᠬᠦᠪᠦᠷᠢ ᠶᠢᠨ ᠪᠡᠯᠡ ᠮᠥᠩᠭᠦ ᠶᠢ ᠭᠤᠣᠯᠳᠠᠭᠤ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠶ ᠶᠢᠨ ︽ᠭᠤᠷᠪᠠ ᠶᠢ ᠨᠠᠪᠲᠠᠷᠡᠭᠦᠯᠵᠦ ᠨᠢᠭᠡ ᠶᠢ ᠲᠡᠭᠰᠢᠯᠡᠬᠦ︾᠂ ᠢᠯᠭᠠᠳᠠᠰᠤᠨ ᠪᠣᠬᠢᠷᠳᠤᠯ ᠢ ᠰᠢᠢᠳᠪᠦᠷᠢᠯᠡᠬᠦ᠂ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠲᠥᠬᠦᠭᠡᠷᠦᠮᠵᠢ ᠬᠤᠳᠠᠯᠳᠤᠨ ᠠᠪᠬᠤ ᠳᠤ ᠬᠡᠷᠡᠭᠯᠡᠨ᠎ᠡ᠃ ᠨᠥᠬᠦᠪᠦᠷᠢ ᠶᠢᠨ ᠪᠡᠯᠡ ᠮᠥᠩᠭᠦ ᠶᠢ ᠰᠠᠭᠠᠯᠢ ᠶᠢᠨ ᠦᠨᠢᠶ᠎ᠡ ᠶᠢᠨ ᠲᠤᠭ᠎ᠠ ᠲᠣᠯᠣᠭᠠᠢ ᠨᠢ ᠨᠥᠬᠦᠪᠦᠷᠢ ᠶᠢᠨ ᠪᠠᠷᠢᠮᠵᠢᠶ᠎ᠠ ᠳᠤ ᠬᠦᠷᠦᠭᠰᠡᠨ ᠤ ᠳᠠᠷᠠᠭ᠎ᠠ ᠪᠡᠶᠡᠯᠡᠭᠦᠯᠦᠨ᠎ᠡ᠃       ᠲᠤᠰᠬᠠᠢ ᠵᠦᠢᠯ ᠤᠨ ᠵᠢᠭᠡᠯᠡᠭᠡ ᠪᠠᠷ ᠰᠦ ᠰᠠᠭᠠᠯᠢ ᠦᠢᠯᠡᠰ ᠤᠨ ᠬᠥᠭᠵᠢᠯᠲᠡ ᠶᠢᠨ ᠬᠦᠷᠢᠶᠡᠯᠡᠩ ᠲᠣᠭᠤᠷᠢᠭ ᠢ ᠰᠢᠨ᠎ᠡ ᠪᠠᠷ ᠪᠠᠶᠢᠭᠤᠯᠬᠤ ᠶᠢ ᠳᠡᠮᠵᠢᠨ᠎ᠡ      ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠤᠨ ᠲᠤᠰᠬᠠᠢ ᠵᠦᠢᠯ ᠤᠨ ᠵᠢᠭᠡᠯᠡᠭᠡ ᠶᠢ ᠠᠰᠢᠭᠯᠠᠨ ᠬᠡᠪᠴᠢᠶᠡᠵᠢᠭᠰᠡᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠢ ᠪᠠᠷ ᠭᠤᠣᠯ ᠠᠭᠤᠯᠭ᠎ᠠ ᠪᠣᠯᠭᠠᠭᠰᠠᠨ ᠰᠦ ᠰᠠᠭᠠᠯᠢ ᠶᠢᠨ ᠦᠢᠯᠡᠰ ᠤᠨ ᠬᠥᠭᠵᠢᠯᠲᠡ ᠶᠢᠨ ᠬᠦᠷᠢᠶᠡᠯᠡᠩ ᠲᠣᠭᠤᠷᠢᠭ ᠢ ᠰᠢᠨ᠎ᠡ ᠪᠠᠷ ᠪᠠᠶᠢᠭᠤᠯᠬᠤ ᠶᠢ ᠵᠣᠷᠢᠭᠵᠢᠭᠤᠯᠵᠤ ᠂ ᠥᠪᠡᠷᠲᠡᠭᠡᠨ ᠵᠠᠰᠠᠬᠤ ᠣᠷᠣᠨ ᠠᠴᠠ ᠲᠤᠰᠬᠠᠢ ᠵᠦᠢᠯ ᠤᠨ ᠵᠢᠭᠡᠯᠡᠭᠡ ᠶᠢᠨ ᠲᠣᠬᠢᠷᠠᠭᠤᠯᠤᠯᠲᠠ ᠶᠢᠨ ᠲᠠᠯ᠎ᠠ ᠪᠠᠷ ᠭᠤᠣᠯᠳᠠᠯᠭ᠎ᠠ ᠲᠠᠢ ᠳᠡᠮᠵᠢᠯᠭᠡ ᠦᠵᠡᠭᠦᠯᠦᠨ᠎ᠡ᠃       ᠬᠥᠲᠥᠴᠢ ᠠᠵᠤ ᠠᠬᠤᠶᠢᠯᠠᠯ ᠤᠨ ᠲᠦᠭᠦᠬᠡᠢ ᠰᠢᠨ᠎ᠡ ᠰᠦ ᠶᠢᠨ ᠪᠣᠯᠪᠠᠰᠤᠷᠠᠭᠤᠯᠬᠤ ᠬᠡᠮᠵᠢᠶ᠎ᠡ ᠶᠢ ᠨᠡᠮᠡᠭᠳᠡᠭᠦᠯᠬᠦ ᠳᠤ ᠨᠥᠬᠦᠪᠦᠷᠢ ᠥᠭᠭᠦᠨ᠎ᠡ      ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠳᠡᠰ ᠤᠨ ᠴᠠᠭᠠᠨ ᠢᠳᠡᠭᠡ ᠪᠣᠯᠪᠠᠰᠤᠷᠠᠭᠤᠯᠬᠤ ᠬᠦᠲᠦᠴᠢ ᠠᠵᠤ ᠠᠬᠤᠶᠢᠯᠠᠯ ᠳᠤ ᠲᠦᠭᠦᠬᠡᠢ ᠰᠢᠨ᠎ᠡ ᠰᠦ ᠪᠣᠯᠪᠠᠰᠤᠷᠠᠭᠤᠯᠬᠤ ᠬᠡᠮᠵᠢᠶ᠎ᠡ ᠶᠢ ᠨᠡᠮᠡᠭᠳᠡᠭᠦᠯᠬᠦ ᠳᠤ ᠨᠥᠬᠦᠪᠦᠷᠢ ᠣᠯᠭᠤᠵᠤ ᠂ 2022 ᠣᠨ ᠠᠴᠠ ᠡᠬᠢᠯᠡᠨ ᠂ ᠳᠡᠭᠡᠷ᠎ᠡ ᠨᠢᠭᠡ ᠵᠢᠯ ᠤᠨ ᠲᠦᠭᠦᠬᠡᠢ ᠰᠢᠨ᠎ᠡ ᠰᠦ  ᠪᠣᠯᠪᠠᠰᠤᠷᠠᠭᠤᠯᠤᠭᠰᠠᠨ ᠬᠡᠮᠵᠢᠶ᠎ᠡ ᠪᠠᠷ ᠰᠠᠭᠤᠷᠢ ᠲᠤᠭ᠎ᠠ ᠪᠣᠯᠭᠠᠨ ᠂ ᠠᠵᠤ ᠠᠬᠤᠶᠢᠯᠠᠯ ᠳᠤ 1 ᠲᠣᠨ ᠲᠦᠭᠦᠬᠡᠢ ᠰᠢᠨ᠎ᠡ ᠰᠦ ᠪᠣᠯᠪᠠᠰᠤᠷᠠᠭᠤᠯᠬᠤ ᠪᠠᠨ ᠨᠡᠮᠡᠭᠳᠡᠭᠦᠯᠬᠦ ᠪᠦᠷᠢ 200 ᠲᠥᠭᠦᠷᠢᠭ ᠤᠨ ᠨᠥᠬᠦᠪᠦᠷᠢ ᠥᠭᠴᠦ ᠰᠠᠭᠠᠯᠢ ᠶᠢᠨ ᠢᠷᠡᠯᠲᠡ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠵᠦ ᠂ ᠨᠥᠬᠦᠪᠦᠷᠢ ᠥᠭᠬᠦ ᠬᠠᠷᠢᠴᠠᠯ ᠢ ᠥᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ ᠬᠤᠳᠠ ᠨᠤᠭᠤᠳ ᠲᠤᠰ ᠲᠤᠰ 50%  ᠪᠠᠷ ᠡᠭᠦᠷᠭᠡᠯᠡᠨ᠎ᠡ ᠃       ᠬᠥᠲᠥᠴᠢ ᠠᠵᠤ ᠠᠬᠤᠶᠢᠯᠠᠯ ᠤᠨ ᠲᠦᠭᠦᠬᠡᠢ ᠰᠢᠨ᠎ᠡ ᠰᠦ ᠶᠢ ᠲᠠᠯᠬᠠᠲᠠᠬᠤ ᠳᠤ ᠨᠥᠬᠦᠪᠦᠷᠢ ᠥᠭᠭᠦᠨ᠎ᠡ      ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠳᠡᠰ ᠤᠨ ᠴᠠᠭᠠᠨ ᠢᠳᠡᠭᠡ ᠪᠣᠯᠪᠠᠰᠤᠷᠠᠭᠤᠯᠬᠤ  ᠬᠦᠲᠦᠴᠢ ᠠᠵᠤ ᠠᠬᠤᠶᠢᠯᠠᠯ ᠤᠳ 3 - 5 ᠳ᠋ᠤᠭᠠᠷ ᠰᠠᠷ᠎ᠠ ᠳᠤ ᠲᠦᠭᠦᠬᠡᠢ ᠰᠢᠨ᠎ᠡ ᠰᠦ ᠶᠢ  ᠲᠠᠯᠬᠠᠳᠠᠬᠤ ᠳᠤ ᠨᠥᠬᠦᠪᠦᠷᠢ ᠥᠭᠴᠦ ᠂ ᠲᠦᠭᠦᠬᠡᠢ ᠰᠢᠨ᠎ᠡ ᠰᠦ ᠬᠤᠳᠠᠯᠳᠤᠨ ᠠᠪᠤᠭᠰᠠᠨ ᠲᠤᠭ᠎ᠠ ᠬᠡᠮᠵᠢᠶ᠎ᠡ ᠶᠢᠨ 10%  ᠪᠠᠷ ᠂ ᠲᠣᠨ ᠪᠦᠷᠢ ᠳᠤ 800 ᠲᠥᠭᠦᠷᠢᠭ ᠨᠥᠬᠦᠪᠦᠷᠢᠯᠡᠵᠦ ᠂ ᠨᠥᠬᠦᠪᠦᠷᠢ ᠶᠢᠨ ᠬᠠᠷᠢᠴᠠᠯ ᠢ ᠥᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ ᠬᠤᠳᠠ ᠲᠤᠰ ᠲᠤᠰ 50% ᠪᠠᠷ ᠡᠭᠦᠷᠭᠡᠯᠡᠨ᠎ᠡ ᠃       ᠪᠡᠯᠭᠡ ᠶᠢᠨ ᠡᠵᠡᠮᠳᠡᠯᠳᠦ ᠬᠦᠪᠦᠷᠡᠯ ᠪᠣᠶᠢᠵᠢᠭᠤᠯᠬᠤ ᠮᠡᠷᠭᠡᠵᠢᠯ ᠢ ᠠᠰᠢᠭᠯᠠᠨ ᠴᠢᠨᠠᠷ ᠰᠠᠶᠢᠲᠠᠢ ᠰᠠᠭᠠᠯᠢ ᠶᠢᠨ ᠦᠨᠢᠶ᠎ᠡ ᠪᠣᠶᠢᠵᠢᠭᠤᠯᠬᠤ ᠳᠤ ᠨᠥᠬᠦᠪᠦᠷᠢ ᠥᠭᠭᠦᠨ᠎ᠡ      ᠲᠡᠵᠢᠭᠡᠨ ᠦᠷᠡᠵᠢᠭᠦᠯᠬᠦ ᠲᠠᠯᠠᠪᠠᠢ ᠶᠢᠨ ᠦᠷᠡᠵᠢᠭᠦᠯᠬᠦ ᠴᠢᠳᠠᠪᠤᠷᠢ ᠲᠠᠢ ᠡᠬᠡ ᠮᠠᠯ ᠤᠨ ᠪᠡᠯᠭᠡ ᠶᠢᠨ ᠡᠵᠡᠮᠳᠡᠯᠳᠦ ᠬᠦᠪᠦᠷᠡᠯ ᠪᠣᠶᠢᠵᠢᠭᠤᠯᠬᠤ ᠮᠡᠷᠭᠡᠵᠢᠯ ᠢ ᠠᠰᠢᠭᠯᠠᠨ ᠥᠨᠳᠥᠷ ᠭᠠᠷᠣᠯᠲᠠ ᠲᠠᠢ ᠰᠠᠭᠠᠯᠢ ᠶᠢᠨ ᠦᠨᠢᠶ᠎ᠡ ᠪᠣᠶᠢᠵᠢᠭᠤᠯᠬᠤ ᠳᠤ ᠨᠥᠬᠦᠪᠦᠷᠢ ᠥᠭᠴᠦ ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠤᠯᠤᠰ ᠲᠤ ᠪᠠᠨ ᠦᠢᠯᠡᠳᠪᠦᠷᠢᠯᠡᠭᠰᠡᠨ ᠪᠠ ᠭᠠᠳᠠᠭᠠᠳᠤ ᠠᠴᠠ ᠣᠷᠣᠭᠤᠯᠤᠭᠰᠠᠨ ᠪᠡᠯᠭᠡ ᠶᠢᠨ ᠡᠵᠡᠮᠳᠡᠯᠳᠦ ᠬᠦᠪᠦᠷᠡᠯ ᠢ ᠬᠡᠷᠡᠭᠯᠡᠬᠦ ᠳᠤ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ 50% ᠪᠠᠷ ᠨᠥᠬᠦᠪᠦᠷᠢ ᠥᠭᠭᠦᠨ᠎ᠡ ᠃       ᠰᠢᠨ᠎ᠡ ᠪᠠᠷ ᠨᠡᠮᠡᠭᠳᠡᠭᠰᠡᠨ ᠬᠡᠪᠴᠢᠶᠡᠵᠢᠭᠰᠡᠨ ᠴᠠᠷᠭᠠᠰᠤ ᠳᠠᠷᠢᠬᠤ ᠠᠵᠤ ᠠᠬᠤᠶᠢᠯᠠᠯ ᠳᠤ ᠨᠥᠬᠦᠪᠦᠷᠢ ᠥᠭᠭᠦᠨ᠎ᠡ      2022 ᠣᠨ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠰᠢᠨ᠎ᠡ ᠪᠠᠷ ᠨᠡᠮᠡᠭᠳᠡᠭᠰᠡᠨ ᠲᠥᠪᠯᠡᠷᠡᠨ ᠵᠠᠯᠭᠠᠯᠳᠤᠭᠰᠠᠨ ᠪᠠᠷᠢᠮᠵᠢᠶᠠᠵᠢᠭᠤᠯᠤᠨ ᠳᠠᠷᠢᠬᠤ 500 ᠮᠦ ᠠᠴᠠ ᠳᠡᠭᠡᠭᠰᠢᠬᠢ ᠴᠠᠷᠭᠠᠰᠤ ᠳᠠᠷᠢᠬᠤ ᠠᠵᠤ ᠠᠬᠤᠶᠢᠯᠠᠯ ︵ᠬᠤᠷᠰᠢᠶ᠎ᠠ᠂ ᠳᠠᠷᠢᠬᠤ ᠡᠷᠦᠬᠡ︶ ᠳᠤ ᠨᠥᠬᠦᠪᠦᠷᠢ ᠥᠭᠴᠦ᠂ 500 ᠮᠦ ᠪᠠᠷ ᠨᠢᠭᠡ ᠨᠢᠭᠡᠴᠢ ᠪᠣᠯᠭᠠᠵᠤ᠂ ᠨᠢᠭᠡ ᠤᠳᠠᠭ᠎ᠠ ᠶᠢᠨ ᠴᠢᠨᠠᠷᠲᠠᠢ ᠪᠠᠷ 5 ᠲᠦᠮᠡᠨ ᠲᠥᠭᠦᠷᠢᠭ ᠤᠨ ᠨᠥᠬᠦᠪᠦᠷᠢ ᠥᠭᠭᠦᠨ᠎ᠡ᠃       ᠰᠠᠭᠠᠯᠢ ᠶᠢᠨ ᠦᠨᠢᠶ᠎ᠡ ᠶᠢᠨ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠤᠰᠬᠠᠢ ᠪᠡᠯᠡ ᠮᠥᠩᠭᠦ ᠪᠠᠶᠢᠭᠤᠯᠤᠨ᠎ᠠ      ᠥᠪᠡᠷᠲᠡᠭᠡᠨ ᠵᠠᠰᠠᠬᠤ ᠣᠷᠣᠨ 5000 ᠲᠦᠮᠡᠨ ᠲᠥᠭᠦᠷᠢᠭ ᠤᠨ ᠰᠠᠭᠠᠯᠢ ᠶᠢᠨ ᠦᠨᠢᠶ᠎ᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠲᠤᠰᠬᠠᠢ ᠪᠡᠯᠡ ᠮᠥᠩᠭᠦ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠶᠢᠨ ᠡᠬᠢ ᠪᠠᠶᠠᠯᠢᠭ ᠪᠠ ᠮᠡᠷᠭᠡᠵᠢᠯ ᠤᠨ ᠳᠠᠪᠠᠭᠤᠯᠢᠭ ᠲᠤ ᠲᠦᠰᠢᠭᠯᠡᠨ᠂ ᠭᠤᠣᠯᠳᠠᠭᠤ ᠰᠠᠭᠠᠯᠢ ᠶᠢᠨ ᠦᠨᠢᠶ᠎ᠡ ᠶᠢᠨ ᠪᠷᠦ᠋ᠼᠧᠯ ᠡᠪᠡᠳᠴᠢᠨ ᠵᠡᠷᠭᠡ ᠬᠢᠵᠢᠭ ᠡᠪᠡᠳᠴᠢᠨ ᠤ ᠸᠠᠺᠼᠢᠨ ᠤ ᠰᠢᠨ᠎ᠡ ᠶᠢ ᠡᠭᠦᠳᠬᠦ ᠰᠤᠳᠤᠯᠤᠯ᠂ ᠪᠷᠦ᠋ᠼᠧᠯ ᠡᠪᠡᠳᠴᠢᠨ᠂ ᠰᠦᠷᠢᠶ᠎ᠡ ᠡᠪᠡᠳᠴᠢᠨ ᠵᠡᠷᠭᠡ ᠬᠥᠮᠥᠨ ᠮᠠᠯ ᠳᠤ ᠪᠦᠷ ᠲᠤᠰᠳᠠᠭ ᠡᠪᠡᠳᠴᠢᠨ ᠢ ᠲᠦᠷᠭᠡᠨ ᠬᠢᠨᠠᠨ ᠬᠡᠮᠵᠢᠬᠦ᠂ ᠣᠨᠣᠰᠢᠯᠠᠬᠤ᠂ ᠴᠡᠪᠡᠷᠰᠢᠭᠦᠯᠬᠦ ᠮᠡᠷᠭᠡᠵᠢᠯ ᠤᠨ ᠰᠤᠳᠤᠯᠤᠯ ᠪᠠ ᠳᠡᠯᠭᠡᠷᠡᠭᠦᠯᠦᠨ ᠬᠡᠷᠡᠭᠯᠡᠬᠦ᠂ ᠰᠠᠭᠠᠯᠢ ᠶᠢᠨ ᠦᠨᠢᠶ᠎ᠡ ᠶᠢᠨ ᠬᠥᠬᠦᠨ ᠤ ᠦᠷᠪᠢᠰᠦᠯ ᠵᠡᠷᠭᠡ ᠦᠷᠡᠵᠢᠯ ᠤᠨ ᠰᠢᠰᠲ᠋ᠧᠮ ᠤᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠵᠢᠴᠢ ᠰᠣᠯᠢᠯᠴᠠᠭ᠎ᠠ ᠶᠢᠨ ᠡᠪᠡᠳᠴᠢᠨ ᠢ ᠰᠤᠳᠤᠯᠬᠤ ᠪᠠ ᠳᠡᠯᠭᠡᠷᠡᠭᠦᠯᠦᠨ ᠬᠡᠷᠡᠭᠯᠡᠬᠦ ᠵᠡᠷᠭᠡ ᠲᠤᠰᠬᠠᠢ ᠦᠢᠯᠡᠴᠢᠯᠡᠭᠡᠨ ᠳᠤ ᠬᠡᠷᠡᠭᠯᠡᠨ᠎ᠡ᠃       ᠰᠦ ᠰᠠᠭᠠᠯᠢ ᠶᠢᠨ ᠦᠢᠯᠡᠰ ᠤᠨ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠳᠡᠮᠵᠢᠨ᠎ᠡ      ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠵᠢᠯ ᠪᠦᠷᠢ 1 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠲᠣᠬᠢᠷᠠᠭᠤᠯᠵᠤ ᠤᠯᠤᠰ ᠤᠨ ᠴᠠᠭᠠᠨ ᠢᠳᠡᠭᠡᠨ ᠤ ᠦᠢᠯᠡᠰ ᠤᠨ ᠮᠡᠷᠭᠡᠵᠢᠯ  ᠤᠨ ᠰᠢᠨ᠎ᠡ ᠶᠢ ᠡᠭᠦᠳᠬᠦ ᠲᠥᠪ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠤ ᠂ ᠭᠤᠣᠯᠳᠠᠭᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠪᠦᠲᠦᠭᠡᠨ ᠪᠠᠶᠢᠭᠤᠯᠤᠯᠲᠠ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠂ ᠭᠤᠣᠯᠳᠠᠯᠭ᠎ᠠ ᠲᠠᠢ ᠰᠡᠳᠦᠪ ᠤᠨ ᠪᠣᠭᠤᠮᠲᠠ ᠰᠢᠪᠲᠤᠯᠤᠯᠲᠠ ᠳᠤ ᠬᠡᠷᠡᠭᠯᠡᠨ᠎ᠡ ᠃ ᠴᠢᠬᠤᠯᠠ ᠶᠡᠭᠡ ᠰᠡᠳᠦᠪ ᠢ ᠰᠤᠳᠤᠯᠬᠤ ᠳᠤ ︽ ᠠᠰ ᠠᠰ ᠢᠶᠠᠷ ᠨᠢ ᠵᠥᠪᠯᠡᠬᠦ ︾ ᠶᠢ ᠬᠡᠷᠡᠭᠵᠢᠭᠦᠯᠦᠨ᠎ᠡ ᠃       ᠥᠪᠡᠷᠲᠡᠭᠡᠨ ᠵᠠᠰᠠᠬᠤ ᠣᠷᠣᠨ ᠤ ᠰᠦ ᠰᠠᠭᠠᠯᠢ ᠶᠢᠨ ᠦᠢᠯᠡᠰ ᠢ ᠬᠥᠭᠵᠢᠭᠦᠯᠬᠦ ᠰᠠᠭᠤᠷᠢ ᠮᠥᠩᠭᠦ ᠶᠢ ᠪᠠᠶᠢᠭᠤᠯᠤᠨ᠎ᠠ      ᠰᠠᠭᠤᠷᠢ ᠮᠥᠩᠭᠦᠨ ᠤ ᠪᠡᠯᠡ ᠣᠷᠣᠭᠤᠯᠤᠯᠲᠠ ᠶᠢᠨ ᠬᠡᠯᠪᠡᠷᠢ ᠪᠠᠷ ᠳᠠᠮᠵᠢᠭᠤᠯᠤᠨ᠂ ᠨᠡᠶᠢᠭᠡᠮ ᠤᠨ ᠬᠥᠷᠥᠩᠭᠡ ᠶᠢ ᠰᠦ ᠰᠠᠭᠠᠯᠢ ᠶᠢᠨ ᠦᠢᠯᠡᠰ ᠤᠨ ᠬᠥᠭᠵᠢᠯᠲᠡ ᠳᠤ ᠣᠷᠣᠯᠴᠠᠭᠤᠯᠵᠤ᠂ ᠠᠵᠤ ᠦᠢᠯᠡᠰ ᠤᠨ ᠬᠡᠯᠬᠢᠶ᠎ᠡ ᠳᠤ ᠪᠠᠶᠢᠭ᠎ᠠ ᠰᠦ ᠰᠠᠭᠠᠯᠢ ᠶᠢᠨ ᠦᠢᠯᠡᠰ ᠤᠨ ᠬᠦᠲᠦᠴᠢ ᠠᠵᠤ ᠠᠬᠤᠶᠢᠯᠠᠯ ᠢ ᠭᠤᠣᠯᠳᠠᠯᠭ᠎ᠠ ᠲᠠᠢ ᠳᠡᠮᠵᠢᠵᠦ᠂ ᠪᠡᠯᠡ ᠮᠥᠩᠭᠦ ᠲᠤᠲᠠᠭᠳᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠨ᠎ᠡ᠃       ᠢᠷᠡᠯᠲᠡ᠄ ᠥᠪᠥᠷ ᠮᠣᠩᠭᠤᠯ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠶᠢᠨ ᠭᠠᠵᠠᠷ  
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号