ᠭᠡᠷ ᠤᠨ ᠲᠡᠵᠢᠭᠡᠪᠦᠷᠢ ᠶᠢᠨ ᠬᠥᠯᠳᠡᠭᠰᠡᠨ ᠰᠢᠷᠬ᠎ᠠ ᠶᠢ ᠬᠡᠷᠬᠢᠨ ᠰᠢᠢᠳᠪᠦᠷᠢᠯᠡᠪᠡᠯ ᠨᠡᠩ ᠰᠠᠶᠢᠨ ᠪᠣᠢ
ᠨᠡᠶᠢᠲᠡᠯᠡᠭᠰᠡᠨ ᠴᠠᠭ᠄
2022/3/24
      ᠡᠪᠦᠯ ᠤᠨ ᠤᠯᠠᠷᠢᠯ ᠳᠤ᠂ ᠣᠷᠳᠣ ᠬᠤᠭᠤᠴᠠᠭ᠎ᠠ ᠪᠠᠷ ᠬᠠᠬᠢᠷ ᠬᠦᠢᠲᠡᠨ ᠴᠢᠭᠢᠭᠯᠢᠭ ᠣᠷᠴᠢᠨ ᠲᠣᠭᠤᠷᠢᠨ ᠳᠤ ᠲᠡᠵᠢᠭᠡᠭᠰᠡᠨ ᠭᠡᠷ ᠤᠨ ᠲᠡᠵᠢᠭᠡᠪᠦᠷᠢ ᠶᠢᠨ ᠳᠤᠯᠠᠭᠠᠯᠠᠬᠤ ᠠᠵᠢᠯ ᠢ ᠰᠠᠶᠢᠲᠤᠷ ᠬᠢᠭᠰᠡᠨ ᠦᠭᠡᠢ ᠪᠣᠯ ᠰᠡᠭᠦᠯ᠂ ᠳᠥᠷᠪᠡᠨ ᠮᠥᠴᠢ᠂ ᠴᠢᠬᠢ᠂ ᠬᠥᠬᠦ ᠵᠡᠷᠭᠡ ᠶᠢᠨ ᠦᠵᠦᠭᠦᠷ ᠤᠨ ᠡᠷᠬᠡᠲᠡᠨ ᠨᠢ ᠬᠥᠯᠳᠡᠵᠦ ᠰᠢᠷᠬᠠᠲᠤᠳᠠᠭ᠂ ᠢᠯᠠᠩᠭᠤᠶ᠎ᠠ ᠬᠦᠭᠰᠢᠨ ᠂ ᠡᠴᠡᠩᠬᠡᠢ᠂ ᠳᠤᠷᠤᠢ ᠂ ᠴᠢᠰᠤ ᠳᠤᠲᠠᠬᠤ ᠭᠡᠷ ᠤᠨ ᠲᠡᠵᠢᠭᠡᠪᠦᠷᠢ ᠲᠤ ᠠᠮᠠᠷᠬᠠᠨ ᠲᠤᠰᠳᠠᠭ᠃       ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ      ︵1︶ ᠭᠡᠷ ᠤᠨ ᠲᠡᠵᠢᠭᠡᠪᠦᠷᠢ ᠶᠢᠨ ᠬᠥᠯᠳᠡᠵᠦ ᠰᠢᠷᠬᠠᠲᠤᠬᠤ ᠶᠢ ᠰᠡᠷᠭᠡᠶᠢᠯᠡᠬᠦ ᠳᠤ ᠡᠷᠬᠡᠪᠰᠢ ᠡᠪᠦᠯ ᠣᠷᠣᠬᠤ ᠠᠴᠠ ᠡᠮᠦᠨ᠎ᠡ ᠬᠦᠢᠲᠡᠨ ᠢ ᠰᠡᠷᠭᠡᠶᠢᠯᠡᠵᠦ ᠳᠤᠯᠠᠭᠠᠨ ᠢ ᠪᠠᠲᠤᠯᠠᠬᠤ ᠠᠵᠢᠯ ᠢ ᠡᠷᠲᠡ ᠠᠴᠠ ᠰᠠᠶᠢᠲᠤᠷ ᠬᠢᠵᠦ ᠂ ᠭᠡᠷ ᠤᠨ ᠲᠡᠵᠢᠭᠡᠪᠦᠷᠢ ᠶᠢᠨ ᠬᠠᠰᠢᠶ᠎ᠠ ᠶᠢ ᠰᠠᠯᠬᠢ ᠵᠢᠪᠠᠷ ᠨᠡᠪᠲᠡᠷᠡᠬᠦ ᠦᠭᠡᠢ ᠭᠠᠵᠠᠷ ᠲᠤ ᠪᠠᠶᠢᠭᠤᠯᠬᠤ ᠶᠢᠨ ᠬᠠᠮᠲᠤ ᠬᠠᠰᠢᠶ᠎ᠠ ᠶᠢ  ᠨᠢ ᠰᠠᠯᠬᠢ ᠨᠡᠪᠲᠡᠷᠡᠬᠦ ᠦᠭᠡᠢ ᠪᠠᠶᠢᠯᠭᠠᠵᠤ ᠂ ᠡᠭᠦᠳᠡ ᠴᠣᠩᠬᠤᠨ ᠳᠤ  ᠨᠢ ᠡᠪᠡᠰᠦᠨ ᠳᠠᠷᠤᠭ᠎ᠠ ᠨᠡᠮᠡᠵᠦ ᠂ ᠭᠡᠷ ᠤᠨ ᠲᠡᠵᠢᠭᠡᠪᠦᠷᠢ ᠶᠢᠨ ᠡᠪᠦᠯ ᠤᠨ ᠤᠯᠠᠷᠢᠯ ᠳᠤ ᠬᠦᠯᠳᠡᠵᠦ ᠰᠢᠷᠬᠠᠲᠤᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠃      ︵2︶ ᠡᠪᠦᠯ ᠤᠨ ᠤᠯᠠᠷᠢᠯ ᠳᠤ ᠠᠷᠠᠴᠢᠯᠠᠵᠤ ᠳᠤᠲᠤᠮᠳᠠᠬᠤ ᠪᠠᠨ ᠴᠢᠩᠭᠠᠳᠬᠠᠵᠤ ᠂ ᠢᠯᠠᠩᠭᠤᠶ᠎ᠠ ᠨᠢᠯᠬ᠎ᠠ ᠪᠠᠭ᠎ᠠ ᠂ ᠲᠤᠷᠤᠢ ᠪᠠᠭᠤᠷᠠᠢ ᠂ ᠨᠠᠰᠤ  ᠬᠦᠭᠰᠢᠷᠡᠭᠰᠡᠨ ᠭᠡᠷ ᠤᠨ ᠲᠡᠵᠢᠭᠡᠪᠦᠷᠢ ᠶᠢᠨ ᠬᠠᠰᠢᠶ᠎ᠠ ᠰᠠᠷᠠᠪᠴᠢ ᠶᠢᠨ ᠳᠤᠯᠠᠭᠠᠨ ᠂ ᠬᠠᠭᠤᠷᠠᠢ ᠂ ᠠᠷᠢᠭᠤᠨ ᠴᠡᠪᠡᠷ ᠪᠠᠶᠢᠬᠤ ᠶᠢ ᠪᠠᠲᠤᠯᠠᠬᠤ ᠬᠡᠷᠡᠭᠲᠡᠢ᠃ ᠮᠠᠯ ᠤᠨ ᠪᠡᠶ᠎ᠡ ᠶᠢ ᠦᠷᠭᠦᠯᠵᠢ ᠱᠦᠷᠭᠦᠭᠡᠵᠦ ᠪᠠᠶᠢᠪᠠᠯ ᠠᠷᠠᠰᠤᠨ ᠤ ᠬᠢᠯᠭᠠᠰᠤᠨ ᠰᠤᠳᠠᠯ ᠤᠨ ᠴᠢᠰᠤᠨ ᠤ ᠡᠷᠭᠢᠯᠲᠡ ᠶᠢ ᠠᠬᠢᠭᠤᠯᠤᠨ᠎ᠠ ᠃ ᠲᠤᠩᠭᠠᠯᠠᠭ ᠳᠤᠯᠠᠭᠠᠨ ᠡᠳᠦᠷ ᠭᠡᠷ ᠤᠨ ᠲᠡᠵᠢᠭᠡᠪᠦᠷᠢ ᠶᠢ ᠨᠡᠷᠡᠨ ᠳᠤ ᠢᠯᠡᠭᠦᠦ ᠡᠭᠡᠭᠡᠵᠦ ᠬᠥᠳᠡᠯᠭᠡᠭᠡᠨ ᠬᠢᠯᠭᠡᠬᠦ ᠶᠢᠨ ᠬᠠᠮᠲᠤ ᠮᠠᠯ ᠤᠨ ᠬᠠᠰᠢᠶ᠎ᠠ ᠳᠤ ᠬᠤᠯᠠᠭᠠᠢ ᠰᠠᠯᠬᠢ ᠣᠷᠣᠬᠤ ᠠᠴᠠ ᠰᠡᠷᠭᠡᠶᠢᠯᠡᠨ᠎ᠡ ᠃      ᠡᠮᠴᠢᠯᠡᠬᠦ ᠠᠷᠭ᠎ᠠ      1.ᠬᠥᠩᠭᠡᠨ ᠰᠢᠷᠬ᠎ᠠ ① ᠡᠩ ᠤᠨ ᠬᠥᠩᠭᠡᠨ ᠬᠥᠯᠳᠡᠭᠰᠡᠨ ᠰᠢᠷᠬ᠎ᠠ ᠳᠤ ᠵᠣᠬᠢᠬᠤ ᠬᠡᠮᠵᠢᠶᠡᠨ ᠤ ᠬᠠᠨᠳᠠ ᠡᠮ ᠢ ᠭᠡᠷ ᠤᠨ ᠲᠡᠵᠢᠭᠡᠪᠦᠷᠢ ᠶᠢᠨ ᠬᠥᠯᠳᠡᠭᠰᠡᠨ ᠬᠡᠰᠡᠭ ᠲᠤ  ᠨᠢ ᠲᠦᠷᠬᠢᠵᠦ ᠂ ᠪᠣᠭᠤᠵᠤ ᠪᠣᠯᠬᠤ ᠬᠡᠰᠡᠭ ᠢ ᠨᠢ ᠪᠣᠭᠤᠵᠤ ᠂ ᠳᠠᠷᠠᠭ᠎ᠠ ᠨᠢ ᠡᠳᠦᠷ ᠪᠦᠷᠢ ᠨᠢᠭᠡ ᠤᠳᠠᠭ᠎ᠠ ᠰᠣᠯᠢᠵᠤ ᠂ ᠬᠤᠶᠠᠷ ᠤᠳᠠᠭ᠎ᠠ ᠳᠤ ᠡᠳᠡᠭᠦᠷᠡᠭᠦᠯᠦᠴᠢᠬᠡᠨ᠎ᠡ᠃ ②  ᠢᠺᠡᠲᠦᠯᠢᠨ ᠤ ᠬᠠᠨᠳᠠ ᠡᠮ ︵鱼石脂膏︶ ᠢ ᠬᠦᠯᠢᠭᠳᠡᠭᠰᠡᠨ ᠬᠡᠰᠡᠭ ᠲᠤ ᠨᠢ ᠳᠦᠷᠭᠢᠭᠰᠡᠨ ᠤ ᠳᠠᠷᠠᠭ᠎ᠠ ᠢᠣᠳ᠋ᠲᠤ ᠭᠯᠢᠼᠧᠷᠢᠨ ᠤ ᠨᠠᠶᠢᠷᠠᠯᠭ᠎ᠠ ︵碘甘油合剂︶ ᠪᠤᠶᠤ ᠭᠠᠪᠤᠷ ᠤᠨ ᠲᠣᠰᠣ ︵樟脑油︶ ᠶᠢ ᠲᠦᠷᠬᠢᠵᠦ ᠪᠣᠭᠤᠨ᠎ᠠ ᠃      2. ᠡᠩ ᠤᠨ ᠰᠢᠷᠬ᠎ᠠ᠂ ᠵᠢᠱᠢᠶᠡᠯᠡᠪᠡᠯ ᠰᠢᠷᠬᠠᠨ ᠤ ᠬᠡᠰᠡᠭ ᠨᠢ ᠲᠣᠮᠣ ᠤᠰᠤᠨ ᠴᠥᠪᠥᠷᠢᠭᠦᠦ ᠪᠠᠶᠢᠪᠠᠯ᠂ ᠡᠰᠬᠡᠵᠦ ᠬᠠᠭᠠᠯᠤᠭᠰᠠᠨ ᠤ ᠳᠠᠷᠠᠭ᠎ᠠ ᠪᠣᠷᠣ ᠡᠪᠡᠰᠦᠨ ᠤ ᠬᠠᠨᠳᠠ ︵紫草膏︶ ᠲᠦᠷᠬᠢᠨ᠎ᠡ᠃ ᠲᠡᠭᠦᠨ ᠤ ᠨᠠᠶᠢᠷᠠᠯᠭ᠎ᠠ ᠄ ᠳ᠋ᠠᠩᠭᠦᠨ ︵当归︶᠂ ᠰᠦᠭᠪᠠ ᠴᠡᠴᠡᠭ ︵白芷︶᠂ ᠤᠯᠠᠭᠠᠨ ᠴᠠᠨ᠎ᠠ ︵赤芍︶ ᠲᠤᠰ ᠪᠦᠷᠢ 25 ᠭᠷᠡᠮ ᠂ ᠪᠣᠷᠣ ᠡᠪᠡᠰᠦ ︵紫草︶᠂ ᠰᠢᠷ᠎ᠠ ᠯᠠ ︵黄蜡︶᠂ ᠴᠠᠭᠠᠨ ᠯᠠ ︵白蜡︶ ᠲᠤᠰ ᠪᠦᠷᠢ 50 ᠭᠷᠡᠮ ᠂ ᠲᠦᠭᠦᠬᠡᠢ ᠤᠭᠤᠷᠠᠭᠲᠤ ᠮᠣᠳᠣ ︵生乳香︶᠂  ᠮᠠᠳᠠᠷ ᠤᠨ ᠴᠢᠰᠤ ︵血竭︶ ᠲᠤᠰ ᠪᠦᠷᠢ 15 ᠭᠷᠡᠮ ᠂ ᠴᠠᠭᠠᠨ ᠰᠢᠩᠬᠤ  ︵轻粉︶ ᠂ ᠲᠡᠷᠢᠭᠦᠯᠡᠭᠴᠢ ᠴᠡᠴᠡᠭ ᠤᠨ ᠢᠯᠲᠠᠰᠤ ︵梅片︶ ᠲᠤᠰ ᠪᠦᠷᠢ 5 ᠭᠷᠡᠮ ᠂ ᠤᠷᠭᠤᠮᠠᠯ ᠤᠨ ᠲᠣᠰᠣ 500 ᠭᠷᠡᠮ ᠃ ᠤᠷᠢᠳ ᠢᠶᠠᠷ ᠳ᠋ᠠᠩᠭᠦᠨ ᠂ ᠪᠣᠷᠣ ᠡᠪᠡᠰᠦ᠂ ᠤᠯᠠᠭᠠᠨ ᠴᠡᠨ᠎ᠡ ᠂ ᠴᠠᠭᠠᠨ ᠰᠦᠭᠪᠠ ᠶᠢ ᠨᠤᠨᠳᠠᠭᠯᠠᠭᠰᠠᠨ ᠤ ᠳᠠᠷᠠᠭ᠎ᠠ ᠤᠷᠭᠤᠮᠠᠯ ᠤᠨ ᠲᠣᠰᠣᠨ ᠳᠤ ᠨᠢᠭᠡ ᠭᠠᠷᠠᠭ ᠳᠡᠪᠲᠦᠭᠡᠵᠦ ᠂ ᠳᠠᠷᠠᠭ᠎ᠠ ᠨᠢ ᠤᠷᠭᠤᠮᠠᠯ ᠤᠨ ᠲᠣᠰᠣᠨ ᠳᠤ ᠳᠡᠪᠲᠦᠭᠡᠭᠰᠡᠨ ᠡᠮ ᠢ ᠬᠠᠯᠠᠭᠠᠵᠤ 15 ᠮᠢᠨᠦ᠋ᠲ ᠪᠤᠴᠠᠯᠭᠠᠭᠠᠳ ᠰᠢᠭᠠᠷᠤ ᠶᠢ ᠨᠢ ᠠᠪᠴᠤ ᠬᠠᠶᠠᠭᠰᠠᠨ ᠤ ᠳᠠᠷᠠᠭ᠎ᠠ ᠤᠭᠤᠷᠠᠭᠲᠤ ᠮᠣᠳᠣ ᠂ ᠮᠠᠳᠠᠷ ᠤᠨ ᠴᠢᠰᠤ ︵血竭︶᠂  ᠴᠠᠭᠠᠨ ᠰᠢᠩᠬᠤ  ︵轻粉︶ ᠂ ᠲᠡᠷᠢᠭᠦᠯᠡᠭᠴᠢ ᠴᠡᠴᠡᠭ ᠂ ᠰᠢᠷ᠎ᠠ ᠯᠠ ᠂ ᠴᠠᠭᠠᠨ ᠯᠠ ᠶᠢ ᠳᠡᠰ ᠳᠠᠷᠠᠭ᠎ᠠ ᠲᠠᠢ ᠪᠠᠷ ᠬᠢᠵᠦ ᠂ ᠪᠦᠷᠢᠮᠦᠰᠦᠨ ᠠᠭᠤᠰᠬᠠᠵᠤ᠂ ᠬᠠᠨᠳᠠ ᠰᠢᠩᠭᠡᠨ ᠢ ᠨᠢ ᠬᠤᠷᠢᠶᠠᠵᠤ ᠬᠠᠯᠠᠭᠤᠨ ᠢ ᠨᠢ ᠪᠠᠭᠤᠷᠠᠭᠤᠯᠤᠨ ᠂ ᠨᠢᠭᠲᠠ ᠪᠢᠲᠡᠭᠦᠮᠵᠢᠯᠡᠭᠰᠡᠨ ᠤ ᠳᠠᠷᠠᠭ᠎ᠠ ᠬᠠᠳᠠᠭᠠᠯᠠᠬᠤ ᠳᠤ ᠪᠡᠯᠡᠳᠬᠡᠨ᠎ᠡ ᠃      3. ᠬᠦᠨᠳᠦ ᠰᠢᠷᠬᠠᠲᠤᠭᠰᠠᠨ ᠂ ᠬᠦᠨᠳᠦ ᠬᠦᠯᠳᠡᠵᠦ ᠰᠢᠷᠬᠠᠲᠤᠭᠰᠠᠨ ᠭᠡᠷ ᠤᠨ ᠲᠡᠵᠢᠭᠡᠪᠦᠷᠢ ᠳᠤ ᠯᠠᠵᠤᠤ ᠶᠢᠨ ᠡᠰᠢ 500 ᠭᠷᠡᠮ ᠂ ᠬᠠᠰᠢ ᠶᠢᠨ ᠡᠰᠢ 500 ᠭᠷᠡᠮ ᠢ ᠤᠰᠤᠨ ᠳᠤ ᠴᠢᠨᠠᠵᠤ ᠰᠢᠭᠦᠰᠦ ᠶᠢ ᠨᠢ ᠴᠡᠪᠡᠷ ᠰᠠᠪᠠᠨ ᠳᠤ ᠬᠢᠵᠦ ᠂ ᠡᠳᠦᠷ ᠪᠦᠷᠢ ᠶᠢᠨ ᠦᠷᠯᠦᠭᠡ ᠦᠳᠡᠰᠢ ᠡᠮ ᠤᠨ ᠰᠢᠭᠦᠰᠦ ᠶᠢ ᠬᠠᠯᠠᠭᠤᠯᠤᠭᠰᠠᠨ ᠤ ᠳᠠᠷᠠᠭ᠎ᠠ ᠬᠥᠯᠳᠡᠭᠰᠡᠨ ᠰᠢᠷᠬ᠎ᠠ ᠶᠢ ᠨᠢ ᠤᠬᠢᠶᠠᠵᠤ ᠡᠳᠡᠭᠡᠷᠡᠭᠦᠯᠦᠨ᠎ᠡ ᠃ ᠡᠪᠡᠳᠴᠢᠯᠡᠭᠰᠡᠨ ᠬᠡᠰᠡᠭ ᠤᠨ ᠦᠬᠦᠵᠢᠭᠰᠡᠨ ᠨᠡᠬᠡᠳᠡᠰᠦ ᠶᠢ ᠴᠠᠭ ᠲᠤᠬᠠᠢ ᠳᠤ ᠨᠢ ᠣᠭᠲᠣᠯᠣᠨ ᠬᠠᠶᠠᠵᠤ᠂ ᠤᠭᠲᠤᠯᠤᠭᠰᠠᠨ ᠰᠢᠷᠬ᠎ᠠ ᠶᠢ ᠡᠩ ᠤᠨ ᠬᠥᠯᠳᠡᠭᠰᠡᠨ ᠰᠢᠷᠬ᠎ᠠ ᠪᠠᠷ ᠰᠢᠢᠳᠪᠦᠷᠢᠯᠡᠨ᠎ᠡ ᠃ 
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号