9 ᠳ᠋ᠦ᠋ᠭᠡᠷ ᠰᠠᠷ᠎ᠠ ᠶᠢᠨ 16 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠰᠠᠭᠤᠳᠠᠯ ᠤᠨ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ | ᠬᠤᠷᠠᠯ ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ | ᠲᠤᠰ ᠬᠤᠷᠠᠯ ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠬᠤᠸᠠᠩ ᡁᠢ ᠴᠢᠶᠠᠩ᠂ ᠴᠢ᠊ | ᠪᠠᠲᠤ ᠬᠤᠷᠠᠯ ᠳᠤ ᠣᠷᠣᠯᠴᠠᠪᠠ᠃ ᠠᠷᠠᠳ ᠠᠴᠠ ᠡᠵᠡᠩᠨᠡᠭᠰᠡᠨ 36 ᠠᠵᠤ ᠠᠬᠤᠶᠢᠯᠠᠯᠲᠠᠨ ᠤ ᠲᠥᠯᠥᠭᠡᠯᠡᠭᠴᠢ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠱᠠᠨᠰᠢ ᠮᠣᠵᠢ ᠶᠢᠨ | ᠢᠤᠶ ᠯᠢᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠪᠠ ᠲᠣᠭᠲᠠᠭᠠᠯ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠲᠤᠰᠬᠠᠶᠢᠯᠠᠨ ᠴᠡᠭᠴᠡᠯᠡᠵᠦ ᠵᠠᠰᠠᠬᠤ ᠱᠠᠭᠠᠷᠳᠠᠯᠭ᠎ᠠ ᠶᠢ ᠭᠦᠨᠵᠡᠭᠡᠶᠢᠷᠡᠭᠦᠯᠦᠨ ᠠᠬᠢᠭᠤᠯᠬᠤ | ᠲᠤᠬᠠᠶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ | ᠠᠵᠢᠯ ᠢᠶᠠᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠣᠷᠣᠨ ᠨᠤᠲᠤᠭ ᠤᠨ ᠴᠢᠨᠠᠷᠲᠠᠶ | ᠬᠡᠰᠡᠭ ᠬᠠᠤᠯᠢ ᠲᠣᠭᠲᠠᠭᠠᠯ ᠤᠨ ᠡᠬᠡ ᠨᠣᠣᠷᠠᠭ᠂ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠯᠪᠣᠭᠳᠠᠯ ᠪᠥᠬᠦᠶ ᠲᠤᠰᠬᠠᠶ ᠲᠥᠯᠥᠪᠵᠢᠭᠦᠯᠭᠡ ᠵᠡᠷᠭᠡ ᠵᠦᠢᠯᠡᠰ ᠢ | ᠰᠤᠳᠤᠯᠪᠠ᠃ ᠬᠤᠷᠠᠯ ᠠᠴᠠ ᠪᠠᠰᠠ ᠪᠤᠰᠤᠳ ᠵᠦᠢᠯ ᠢ ᠰᠣᠳᠣᠯᠪᠠ᠃ | 2021 ᠣᠨ ᠤ ︽ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾ ᠤᠨ ᠥᠪᠥᠷ | ᠮᠣᠩᠭᠤᠯ ᠤᠨ ᠭᠤᠣᠯ ᠬᠤᠷᠠᠯ ᠤᠨ ᠲᠠᠯᠠᠪᠠᠢ ᠶᠢᠨ ᠠᠵᠢᠯᠯᠠᠭ᠎ᠠ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠳᠤ | ᠶᠠᠪᠤᠭᠳᠠᠪᠠ᠃ ᠪᠠᠶᠠᠷ ᠤᠨ ᠡᠳᠦᠷ ᠤᠨ ᠭᠤᠣᠯ ᠲᠥᠷᠢ ᠪᠣᠯᠤᠭᠰᠠᠨ ᠥᠷᠭᠡᠨ ᠤᠯᠠᠨ ᠲᠠᠷᠢᠶᠠᠴᠢᠨ ᠨᠠᠶᠢᠵᠠ ᠬᠤᠷᠠᠨ | ᠴᠤᠭᠯᠠᠷᠠᠵᠤ᠂ ᠡᠯᠪᠡᠭ ᠬᠤᠷᠢᠶᠠᠯᠲᠠ ᠶᠢ ᠬᠠᠮᠲᠤ ᠪᠠᠷ ᠪᠡᠯᠭᠡᠯᠡᠨ᠂ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠢᠶᠠᠨ | ᠬᠠᠮᠲᠤ ᠪᠠᠷ ᠬᠦᠷᠲᠡᠪᠡ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢ ᠪᠢᠩ ᠷᠦᠩ ᠲᠤᠰ | ᠠᠵᠢᠯᠯᠠᠭ᠎ᠠ ᠳᠤ ᠣᠷᠣᠯᠴᠠᠭᠰᠠᠨ ᠪᠥᠭᠡᠳ ᠪᠠᠶᠠᠷ ᠤᠨ ᠨᠠᠶᠢᠷ ᠡᠬᠢᠯᠡᠭᠰᠡᠨ ᠢ ᠲᠤᠩᠬᠠᠭᠯᠠᠪᠠ᠃ | 9 ᠳ᠋ᠦ᠋ᠭᠡᠷ ᠰᠠᠷ᠎ᠠ ᠶᠢᠨ 16 ᠤ ᠡᠳᠦᠷ ᠠᠴᠠ 25 ᠤ ᠡᠳᠦᠷ ᠪᠣᠯᠲᠠᠯ᠎ᠠ ᠪᠥᠬᠦ ᠤᠯᠤᠰ ᠤᠨ ᠤᠯᠤᠰ ᠲᠥᠷᠥ | ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠲᠥᠪ ᠤᠨ ᠳᠥᠷᠪᠡᠳᠦᠭᠡᠷ ᠰᠢᠮᠳᠠᠭᠤᠯᠤᠨ | ᠵᠢᠯᠣᠭᠤᠳᠬᠤ ᠳᠤᠭᠤᠶᠢᠯᠠᠩ ᠤᠨ ᠳᠠᠷᠤᠭ᠎ᠠ ᡁᠢ ᠱᠤ᠋ ᠫᠢᠩ᠂ ᠳᠡᠳ᠋ ᠳᠤᠭᠤᠶᠢᠯᠠᠩ ᠤᠨ ᠳᠠᠷᠤᠭ᠎ᠠ ᠹᠠᠨ ᠰᠢᠤᠢ ᠶᠢᠨ | ᠨᠠᠷ ᠤᠷᠢᠳ ᠬᠤᠵᠢᠳ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ | ᠳᠣᠲᠣᠭᠠᠳᠤ ᠶᠢ ᠬᠠᠮᠠᠭᠠᠯᠠᠬᠤ ᠲᠢᠩᠬᠢᠮ᠂ ᠠᠷᠠᠳ ᠤᠨ ᠪᠠᠶᠢᠴᠠᠭᠠᠬᠤ ᠬᠤᠷᠢᠶ᠎ᠠ᠂ ᠬᠠᠤᠯᠢ ᠴᠠᠭᠠᠵᠠ ᠶᠢᠨ ᠲᠢᠩᠬᠢᠮ᠂ | ᠭᠢᠨᠳᠠᠨ ᠤ ᠬᠠᠮᠢᠶᠠᠷᠤᠯᠲᠠ ᠶᠢᠨ ᠲᠣᠪᠴᠢᠶ᠎ᠠ ᠳᠤ ᠭᠦᠨᠵᠡᠭᠡᠶᠢᠷᠡᠨ ᠭᠤᠤᠯᠳᠠᠯᠭ᠎ᠠ ᠲᠠᠢ ᠰᠢᠮᠳᠠᠭᠤᠯᠤᠨ ᠵᠢᠯᠣᠭᠤᠳᠬᠤ | ᠠᠵᠢᠯ ᠢ ᠥᠷᠨᠢᠭᠦᠯᠪᠡ᠃ ᠪᠦᠬᠦ ᠤᠯᠤᠰ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ | ᠴᠡᠭᠴᠡᠯᠡᠯᠲᠡ ᠶᠢᠨ ᠲᠥᠪ ᠤᠨ ᠳᠥᠷᠪᠡᠳᠦᠭᠡᠷ ᠰᠢᠮᠳᠠᠭᠤᠯᠤᠨ ᠵᠢᠯᠣᠭᠤᠳᠬᠤ ᠳᠤᠭᠤᠶᠢᠯᠠᠩ ᠲᠤᠬᠠᠢ ᠶᠢᠨ | ᠭᠠᠵᠠᠷ ᠲᠤ ᠨᠢ ᠪᠠᠶᠢᠴᠠᠭᠠᠨ ᠦᠵᠡᠬᠦ᠂ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ᠂ ᠤᠯᠤᠰ ᠲᠦᠷᠦ | ᠬᠠᠤᠯᠢ ᠴᠠᠭᠠᠵᠠ ᠶᠢᠨ ᠡᠩᠨᠡᠭᠡᠨ ᠤ ᠪᠠᠭᠠᠲᠤᠷ ᠵᠢᠱᠢᠶᠡᠴᠢ ᠪᠠ ᠲᠡᠷᠢᠭᠦᠨ ᠤ ᠨᠡᠶᠢᠲᠡᠯᠢᠭ ᠬᠦᠮᠦᠰ ᠢ ᠡᠷᠬᠢᠨ ᠦᠵᠡᠵᠦ | ᠪᠣᠯᠭᠤᠭᠠᠨ ᠲᠣᠬᠤᠨᠢᠭᠤᠯᠬᠤ ᠪᠠᠷ ᠳᠠᠮᠵᠢᠭᠤᠯᠤᠨ᠂ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠡᠯ᠎ᠡ ᠤᠯᠤᠰ | ᠲᠦᠷᠦ ᠬᠠᠤᠯᠢ ᠴᠠᠭᠠᠵᠠ ᠶᠢᠨ ᠨᠢᠭᠡᠴᠢ ᠶᠢᠨ ᠬᠤᠶᠠᠳᠤᠭᠠᠷ ᠪᠦᠯᠦᠭ ᠤᠨ ᠬᠥᠮᠦᠵᠢᠯ ᠴᠡᠭᠴᠡᠯᠡᠯᠲᠡ ᠥᠷᠨᠢᠭᠦᠯᠦᠭᠰᠡᠨ | ᠪᠠᠶᠢᠳᠠᠯ ᠢ ᠨᠠᠷᠢᠨ ᠣᠶᠢᠯᠠᠭᠠᠵᠤ᠂ ᠬᠥᠮᠦᠵᠢᠯ ᠴᠡᠭᠴᠡᠯᠡᠯᠲᠡ ᠬᠢᠭᠡᠳ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ᠶᠢ ᠨᠢ ᠵᠣᠯᠭᠠᠭᠤᠯᠬᠤ᠂ ᠵᠠᠮ ᠬᠠᠷᠢᠯᠴᠠᠭᠠᠨ ᠤ ᠬᠠᠮᠢᠶᠠᠷᠤᠯᠲᠠ ᠶᠢ ᠵᠢᠷᠤᠮᠵᠢᠭᠤᠯᠬᠤ᠂ ᠬᠠᠤᠯᠢ | ᠴᠠᠭᠠᠵᠠ ᠶᠢᠨ ᠬᠢᠨᠠᠯᠲᠠ ᠲᠠᠯᠪᠢᠯᠲᠠ ᠶᠢ ᠴᠢᠩᠭᠠᠳᠬᠠᠬᠤ᠂ ᠠᠷᠬᠠᠭ ᠬᠡᠮ ᠢ ᠴᠡᠭᠴᠡᠯᠡᠨ ᠵᠠᠰᠠᠬᠤ ᠵᠡᠷᠭᠡ ᠠᠵᠢᠯ ᠤᠨ | ᠪᠠᠶᠢᠳᠠᠯ ᠳᠤ ᠴᠢᠭᠯᠡᠭᠦᠯᠦᠨ᠂ ᠳᠠᠷᠠᠭᠠᠴᠢ ᠶᠢᠨ ᠠᠯᠬᠤᠮ ᠤᠨ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ | ᠬᠤᠷᠢᠶᠠᠨ ᠤ ᠱᠦᠵᠢ ᠯᠢᠨ ᠱᠤᠤ ᠴᠦᠨ ᠬᠡᠰᠡᠭ ᠰᠢᠮᠳᠠᠭᠤᠯᠤᠨ ᠵᠢᠯᠣᠭᠤᠳᠬᠤ ᠳᠤ ᠪᠠᠷ᠎ᠠ ᠪᠣᠯᠵᠣ ᠣᠷᠣᠯᠴᠠᠪᠠ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ | ᠬᠠᠮᠠᠭᠠᠯᠠᠬᠤ ᠲᠢᠩᠬᠢᠮ ᠤᠨ ᠳᠠᠷᠤᠭ᠎ᠠ ᠾᠧᠩ ᠰᠢᠶᠤᠤ ᠹᠠᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ | ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠶᠠᠩ ᠽᠦᠩ ᠷᠧᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠯᠢ ᠴᠢ ᠯᠢᠨ᠂ ᠥᠪᠡᠷᠲᠡᠭᠡᠨ ᠵᠠᠰᠠᠬᠤ ᠣᠷᠣᠨ ᠤ ᠬᠠᠤᠯᠢ | ᠴᠠᠭᠠᠵᠠ ᠶᠢᠨ ᠲᠢᠩᠬᠢᠮ᠂ ᠭᠢᠨᠳᠠᠨ ᠤ ᠬᠠᠮᠢᠶᠠᠷᠤᠯᠲᠠ ᠶᠢᠨ ᠲᠣᠪᠴᠢᠶᠠᠨ ᠤ ᠬᠤᠯᠪᠣᠭᠳᠠᠯ ᠪᠥᠬᠦᠶ ᠬᠠᠷᠢᠭᠤᠴᠠᠯᠭᠠᠲᠠᠨ | ᠨᠥᠬᠦᠳ ᠬᠤᠷᠠᠯ ᠳᠤ ᠣᠷᠣᠯᠴᠠᠭᠰᠠᠨ ᠪᠥᠭᠡᠳ ᠲᠣᠰ ᠲᠣᠰ ᠠᠵᠢᠯ ᠤᠨ ᠬᠠᠷᠢᠭᠤ ᠮᠡᠳᠡᠭᠦᠯᠦᠯᠲᠡ ᠬᠢᠪᠠ᠃ | 9 ᠳ᠋ᠦ᠋ᠭᠡᠷ ᠰᠠᠷ᠎ᠠ ᠶᠢᠨ 17 ᠤ ᠡᠳᠦᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ | ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ 2021 ᠣᠨ ᠤ 10 ᠳ᠋ᠤᠭᠠᠷ | ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠵᠢᠴᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠠᠪᠤᠳᠠᠬᠢ | ᠲᠤᠰᠬᠠᠶ ᠰᠡᠳᠦᠪᠲᠦ ᠶᠢᠨ ᠰᠤᠷᠤᠯᠴᠠᠵᠤ ᠰᠤᠳᠤᠯᠤᠨ ᠶᠠᠷᠢᠯᠴᠠᠬᠤ ᠬᠤᠷᠠᠯ ᠬᠢᠵᠦ᠂ ᠶᠡᠷᠦᠩᠬᠡᠶ ᠱᠦᠵᠢ ᠰᠢ ᠶᠢᠨ | ᠫᠢᠩ ᠤᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ | ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠤᠶᠢᠯᠠᠭᠠᠨ ᠡᠵᠡᠮᠰᠢᠵᠦ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠠᠢ ᠨᠢᠭᠲᠠ | ᠤᠶᠠᠯᠳᠤᠭᠤᠯᠤᠨ᠂ ᠦᠨᠳᠦᠰᠦᠲᠡᠨ ᠤ ᠠᠵᠢᠯ ᠢ ᠤᠯᠠᠮ ᠴᠢᠨᠠᠭᠰᠢᠳᠠ ᠴᠢᠩᠭᠠᠳᠬᠠᠨ ᠰᠠᠶᠢᠵᠢᠷᠠᠭᠤᠯᠬᠤ ᠲᠠᠯ᠎ᠠ ᠪᠠᠷ | ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ | ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠯᠢ ᠰᠢᠶᠠ ᠲᠤᠰ ᠬᠤᠷᠠᠯ ᠢ ᠡᠷᠬᠢᠯᠡᠭᠰᠡᠨ | ᠪᠥᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ ᠵᠠᠩ ᠱᠤᠤ ᠴᠦᠨ᠂ ᠠᠶ ᠯᠢ ᠬᠤᠸᠠ᠂ ᠪᠣᠣ ᠭᠠᠩ᠂ ᠬᠤᠸᠠᠩ ᡁᠢ ᠴᠢᠶᠠᠩ᠂ | ᠴᠢ᠊ ᠪᠠᠲᠤ᠂ ᠵᠧᠩ ᠳ᠋ᠦᠩ ᠪᠥᠸᠧ ᠬᠤᠷᠠᠯ ᠳᠤ ᠣᠷᠣᠯᠴᠠᠭᠰᠠᠨ ᠪᠥᠭᠡᠳ ᠭᠤᠤᠯᠳᠠᠯᠭ᠎ᠠ ᠲᠠᠢ ᠶᠠᠷᠢᠶ᠎ᠠ ᠲᠠᠯᠪᠢᠪᠠ᠃ | 9 ᠳ᠋ᠦ᠋ᠭᠡᠷ ᠰᠠᠷ᠎ᠠ ᠶᠢᠨ 18 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠴᠡᠷᠢᠭ ᠤᠨ | ᠤᠳᠤᠷᠢᠳᠤᠯᠭ᠎ᠠ ᠨᠠᠷ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠠᠵᠤ ᠦᠢᠯᠡᠳᠪᠦᠷᠢ ᠶᠢᠨ ᠪᠦᠯᠦᠭᠯᠡᠯ ᠤᠨ ᠵᠢᠷᠭᠤᠳᠤᠭᠠᠷ ᠰᠣᠳᠣᠯᠣᠯ ᠤᠨ ᠬᠦᠷᠢᠶᠡᠯᠡᠩ ᠤᠨ ᠰᠢᠨᠵᠢᠯᠡᠬᠦ ᠤᠬᠠᠭᠠᠨ ᠤ | ᠰᠣᠳᠤᠯᠤᠯ ᠦᠢᠯᠡᠳᠪᠦᠷᠢᠯᠡᠯ ᠤᠨ ᠰᠠᠭᠤᠷᠢᠨ ᠭᠠᠵᠠᠷ ᠲᠤ ᠭᠦᠨᠵᠡᠭᠡᠶᠢᠷᠡᠨ ᠴᠡᠷᠢᠭ ᠤᠨ ᠶᠠᠪᠤᠳᠠᠯ ᠤᠨ ᠡᠳᠦᠷ ᠤᠨ | ᠠᠵᠢᠯᠯᠠᠭ᠎ᠠ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ᠂ | ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠱᠢ ᠲᠠᠢ ᠹᠧᠩ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ | ᠵᠥᠪᠯᠡᠯ ᠤᠨ ᠡᠷᠬᠢᠯᠡᠭᠴᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ | ᠲᠡᠷᠢᠭᠦᠯᠡᠭᠴᠢ ᠯᠢ ᠰᠢᠤ ᠯᠢᠩ ᠠᠵᠢᠯᠯᠠᠭ᠎ᠠ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠡ᠂ ᠵᠠᠰᠠᠭ ᠤᠨ ᠣᠷᠳᠣᠨ᠂ ᠤᠯᠤᠰ | ᠲᠦᠷᠦ ᠶᠢᠨ ᠵᠥᠪᠯᠡᠯᠭᠡᠨ ᠤ ᠤᠳᠤᠷᠢᠳᠬᠤ ᠨᠥᠬᠦᠳ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ | ᠬᠤᠷᠢᠶᠠᠨ ᠤ ᠪᠠᠶᠢᠴᠠᠭᠠᠬᠤ ᠳᠠᠷᠤᠭ᠎ᠠ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠺᠣᠮᠢᠰᠰᠠᠷ᠂ ᠳᠡᠳ᠋ | ᠺᠣᠮᠠᠨᠳ᠋ᠯᠠᠭᠴᠢ᠂ ᠳᠡᠳ᠋ ᠺᠣᠮᠢᠰᠰᠠᠷ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠬᠢ ᠶᠢᠨ | ᠺᠣᠮᠠᠨᠳ᠋ᠯᠠᠭᠴᠢ ᠨᠠᠷ ᠠᠵᠢᠯᠯᠠᠭ᠎ᠠ ᠳᠤ ᠣᠷᠣᠯᠴᠠᠪᠠ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤᠯᠤᠰ ᠤᠨ ᠦᠮᠴᠢᠯᠠᠯᠲᠤ ᠠᠵᠤ | ᠠᠬᠤᠶᠢᠯᠠᠯ ᠤᠨ ᠰᠠᠭᠤᠳᠠᠯ ᠤᠨ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ | ᠣᠷᠣᠯᠴᠠᠭᠰᠠᠨ ᠪᠦᠭᠡᠳ ᠶᠠᠷᠢᠶ᠎ᠠ ᠲᠠᠯᠪᠢᠪᠠ᠃ ᠬᠤᠷᠠᠯ ᠠᠴᠠ ᠡᠮᠦᠨ᠎ᠡ᠂ ᠸᠠᠩ ᠯᠢ ᠰᠢᠶᠠ ᠨᠠᠷ ᠤᠷᠢᠳ ᠬᠤᠵᠢᠳ | ᠵᠦᠩ ᠭᠤᠸᠠᠩ ᠾᠧ ᠰᠢᠨ᠎ᠡ ᠡᠨᠧᠷᠭᠢ ᠶᠢᠨ ᠪᠡᠯᠡ ᠣᠷᠣᠭᠤᠯᠤᠯᠲᠠ ︵ᠱᠧᠨᠵᠧᠨ ︶ ᠶᠢᠨ ᠬᠢᠵᠠᠭᠠᠷᠲᠤ ᠺᠣᠮᠫᠠᠨᠢ ᠶᠢᠨ | ᠥᠪᠥᠷ ᠮᠣᠩᠭᠤᠯ ᠳᠠᠬᠢ ᠬᠤᠪᠢᠶᠠᠷᠢ ᠺᠣᠮᠫᠠᠨᠢ᠂ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ | ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ᠃ ᠬᠤᠷᠠᠯ ᠳᠡᠭᠡᠷ᠎ᠡ᠂ ᠤᠯᠤᠰ ᠤᠨ | ᠦᠮᠴᠢᠯᠠᠯᠲᠤ ᠠᠵᠤ ᠠᠬᠤᠶᠢᠯᠠᠯ ᠤᠨ 8 ᠲᠦ᠋ᠯᠦᠭᠡᠯᠡᠭᠴᠢ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠥᠪᠥᠷ | ᠮᠣᠩᠭᠤᠯ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠶᠢᠨ ᠲᠤᠭᠤᠷᠢᠨ ᠳᠤ ᠦᠭᠡ | ᠶᠠᠷᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ | ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ᠂ ᠥᠪᠡᠷᠲᠡᠭᠡᠨ ᠵᠠᠰᠠᠬᠤ ᠣᠷᠣᠨ ᠤ ᠳᠡᠳ᠋ | ᠲᠡᠷᠢᠭᠦᠯᠡᠭᠴᠢ ᠬᠤᠸᠠᠩ ᡁᠢ ᠴᠢᠶᠠᠩ᠂ ᠴᠢ᠊ ᠪᠠᠲᠤ ᠬᠤᠷᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ | ᠳᠡᠳ᠋ ᠲᠡᠷᠢᠭᠦᠯᠡᠭᠴᠢ ᠠᠶ ᠯᠢ ᠬᠤᠸᠠ ᠲᠤᠰ ᠬᠤᠷᠠᠯ ᠢ ᠡᠷᠭᠢᠯᠡᠪᠡ᠃ ᠲᠥᠪ ᠤᠨ ᠪᠠ ᠡᠯ᠎ᠡ ᠮᠤᠵᠢ ︵ᠣᠷᠣᠨ᠂ | ᠬᠤᠳᠠ︶ ᠶᠢᠨ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠤᠯᠤᠰ ᠤᠨ ᠦᠮᠴᠢᠯᠡᠯᠲᠦ ᠠᠵᠤ ᠠᠬᠤᠶᠢᠯᠠᠯ ᠪᠠ | ᠣᠷᠣᠨ ᠤ ᠬᠠᠷᠢᠶ᠎ᠠ ᠤᠯᠤᠰ ᠤᠨ ᠦᠮᠴᠢᠯᠡᠯᠲᠦ 31 ᠠᠵᠤ ᠠᠬᠤᠶᠢᠯᠠᠯ ᠪᠠ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠨᠦᠬᠦᠳ ᠬᠤᠷᠠᠯ ᠳᠤ ᠣᠷᠣᠯᠴᠠᠪᠠ᠃ | ᠥᠪᠡᠷᠲᠡᠭᠡᠨ ᠵᠠᠰᠠᠬᠤ ᠣᠷᠣᠨ ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ ᠤᠨ ᠬᠤᠭᠤᠴᠠᠭᠠᠨ ᠤ | ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠤᠨ ᠲᠧᠯᠸᠢᠰ ᠤᠲᠠᠰᠤᠲᠦ ᠬᠤᠷᠠᠯ ᠬᠤᠷᠠᠯᠳᠤᠭᠤᠯᠵᠤ᠂ ᠶᠡᠷᠦᠩᠬᠡᠢ | ᠱᠦᠵᠢ ᠰᠢ ᠶᠢᠨ ᠫᠢᠩ ᠤᠨ ᠠᠶᠤᠯ ᠦᠭᠡᠢ ᠦᠢᠯᠡᠳᠪᠦᠷᠢᠯᠡᠯ ᠪᠠ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠨ | ᠭᠠᠮᠰᠢᠭ ᠠᠴᠠ ᠠᠪᠤᠷᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠢᠮᠠᠨ | ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ ᠤᠨ ᠬᠤᠭᠤᠴᠠᠭᠠᠨ ᠤ ᠠᠮᠤᠷ ᠲᠦᠪᠰᠢᠨ ᠤ ᠰᠡᠷᠭᠡᠶᠢᠯᠡᠯᠲᠡ ᠵᠡᠷᠭᠡ | ᠠᠵᠢᠯ ᠢ ᠰᠠᠶᠢᠲᠤᠷ ᠬᠢᠬᠦ ᠪᠠᠷ ᠲᠤᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ | ᠱᠤᠤ ᠴᠦᠨ ᠬᠤᠷᠠᠯ ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠪᠠ᠃ | 9 ᠳ᠋ᠦ᠋ᠭᠡᠷ ᠰᠠᠷ᠎ᠠ ᠶᠢᠨ 19 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ | ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ ᠭᠦᠨᠵᠡᠭᠡᠶᠢᠷᠡᠨ | ᠢᠳᠡᠭᠡᠨ ᠤ ᠠᠮᠤᠷ ᠲᠦᠪᠰᠢᠨ᠂ ᠪᠠᠶᠠᠷ ᠤᠨ ᠡᠳᠦᠷ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠶᠢᠳᠠᠯ ᠳᠤ | ᠪᠠᠶᠢᠴᠠᠭᠠᠨ ᠰᠣᠳᠣᠯᠣᠯᠲᠠ ᠬᠢᠬᠦ ᠳᠤ ᠪᠠᠨ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ | ᠰᠠᠨᠠᠭ᠎ᠠ ᠶᠢ ᠭᠦᠨᠵᠡᠭᠡᠶ ᠦᠢᠯᠡᠳᠦᠯᠭᠡᠵᠢᠭᠦᠯᠵᠦ᠂ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ | ᠡᠷᠴᠢᠮ ᠢᠶᠠᠨ ᠴᠢᠩᠭᠠᠷᠠᠭᠤᠯᠵᠤ᠂ ᠵᠠᠬ᠎ᠠ ᠳᠡᠯᠭᠡᠭᠦᠷ ᠤᠨ ᠬᠠᠩᠭᠠᠯᠭ᠎ᠠ ᠭᠦᠢᠴᠡᠳ᠂ ᠦᠨ᠎ᠡ ᠬᠠᠩᠰᠢ ᠲᠣᠭᠲᠠᠭᠤᠨ | ᠪᠠᠶᠢᠬᠤ ᠶᠢ ᠦᠨᠡᠨ ᠬᠦ ᠪᠠᠲᠤᠯᠠᠵᠤ᠂ ᠣᠯᠠᠨ ᠲᠦᠮᠡᠨ ᠬᠤᠳᠠᠯᠳᠤᠨ ᠠᠪᠬᠤ ᠳᠤ ᠢᠲᠡᠭᠡᠮᠵᠢᠲᠡᠢ ᠪᠦᠭᠡᠳ ᠰᠠᠨᠠᠭ᠎ᠠ | ᠠᠮᠤᠷ ᠢᠶᠠᠷ ᠡᠳ᠋ᠯᠡᠵᠦ ᠬᠡᠷᠡᠭᠯᠡᠨ᠂ ᠪᠠᠶᠠᠷ ᠬᠥᠷ ᠲᠠᠢ ᠡᠶ᠎ᠡ ᠵᠣᠬᠢᠴᠠᠩᠭᠤᠶ ᠪᠠᠶᠠᠷ ᠤᠨ ᠡᠳᠦᠷ ᠤᠨ ᠠᠭᠤᠷ ᠠᠮᠢᠰᠬᠤᠯ ᠢ | ᠪᠣᠶ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃ ᠥᠪᠡᠷᠲᠡᠭᠡᠨ ᠵᠠᠰᠠᠬᠤ ᠣᠷᠣᠨ ᠬᠢᠭᠡᠳ ᠬᠥᠬᠡᠬᠤᠲᠠ ᠶᠢᠨ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ | ᠣᠷᠣᠯᠴᠠᠪᠠ᠃ | 9 ᠳ᠋ᠦ᠋ᠭᠡᠷ ᠰᠠᠷ᠎ᠠ ᠶᠢᠨ 21 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ | ᠬᠥᠬᠡᠬᠤᠲᠠ ᠳᠤ ᠭᠦᠨᠵᠡᠭᠡᠶᠢᠷᠡᠨ ᠴᠠᠬᠢᠯᠭᠠᠨ ᠬᠦᠴᠦᠨ ᠤ ᠠᠮᠤᠷ ᠲᠦᠪᠰᠢᠨ ᠪᠦᠭᠡᠳ ᠲᠣᠭᠲᠠᠭᠤᠨ ᠬᠠᠩᠭᠠᠬᠤ | ᠠᠵᠢᠯ ᠢ ᠪᠠᠶᠢᠴᠠᠭᠠᠨ ᠰᠤᠳᠤᠯᠵᠤ᠂ ᠤᠷᠢᠳ ᠬᠤᠵᠢᠳ ᠶᠢᠨ ᠴᠢᠶᠣᠤ ᠢᠯᠴᠢ ᠴᠠᠬᠢᠯᠭᠠᠨ ᠤ ᠦᠢᠯᠡᠳᠪᠦᠷᠢ ᠳᠤ | ᠬᠦᠷᠴᠦ᠂ ᠴᠠᠬᠢᠯᠭᠠᠨ ᠭᠠᠷᠭᠠᠬᠤ ᠦᠢᠯᠡᠳᠪᠦᠷᠢ ᠶᠢᠨ ᠬᠠᠳᠠᠭᠠᠯᠠᠵᠤ ᠪᠠᠶᠢᠭ᠎ᠠ ᠨᠡᠭᠦᠷᠡᠰᠦ᠂ ᠮᠠᠰᠢᠨ ᠴᠣᠭᠴᠠᠯᠠᠪᠤᠷᠢ ᠶᠢᠨ | ᠠᠵᠢᠯᠯᠠᠭᠠᠨ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤ ᠨᠢ ᠪᠠᠶᠢᠴᠠᠭᠠᠨ ᠦᠵᠡᠪᠡ᠃ ᠥᠪᠡᠷᠲᠡᠭᠡᠨ ᠵᠠᠰᠠᠬᠤ | ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠴᠠᠬᠢᠯᠭᠠᠨ ᠬᠦᠴᠦᠨ ᠤ ᠠᠵᠤ ᠠᠬᠤᠶᠢᠯᠠᠯ ᠤᠨ | ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | 9 ᠳ᠋ᠦ᠋ᠭᠡᠷ ᠰᠠᠷ᠎ᠠ ᠶᠢᠨ 22 ᠤᠨ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ | ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢᠨ | ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠸᠠᠩ ᠯᠢ ᠰᠢᠶᠠ ᠪᠥᠬᠦ ᠣᠷᠣᠨ ᠤ ᠪᠠᠷᠢᠯᠭ᠎ᠠ ᠶᠢᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢᠨ ᠠᠵᠢᠯ ᠢ | ᠠᠬᠢᠭᠤᠯᠬᠤ ᠬᠤᠷᠠᠯ ᠳᠤ ᠣᠷᠣᠯᠴᠠᠭᠰᠠᠨ ᠪᠥᠭᠡᠳ ᠶᠠᠷᠢᠶᠠᠨ ᠳᠤ ᠪᠠᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ | ᠲᠥᠷᠥᠯ ᠵᠦᠢᠯ ᠢ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢᠨ ᠲᠤᠬᠠᠶ ᠲᠥᠪ ᠤᠨ ᠪᠠᠶᠢᠷᠢᠯᠠᠭᠤᠯᠤᠯᠲᠠ | ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠣᠪᠤᠶᠢᠮ᠎ᠠ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ | ᠭᠤᠤᠯᠳᠠᠯᠭ᠎ᠠ ᠲᠠᠢ ᠡᠭᠦᠷᠭᠡ ᠶᠢ ᠭᠦᠨᠵᠡᠭᠡᠶ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠶᠢᠨ ᠰᠢᠪᠲᠤᠯᠤᠯᠲᠠ ᠪᠠᠷ | ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢᠶᠠᠨ ᠰᠢᠯᠢᠳᠡᠭᠵᠢᠭᠦᠯᠬᠦ ᠶᠢ ᠳᠠᠶᠢᠴᠢᠯᠠᠬᠤ ᠬᠡᠷᠡᠭᠲᠡᠶ ᠭᠡᠵᠦ | ᠴᠢᠬᠤᠯᠠᠴᠢᠯᠠᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠣᠣ ᠭᠠᠩ ᠲᠤᠰ ᠬᠤᠷᠠᠯ ᠢ ᠡᠷᠬᠢᠯᠡᠪᠡ᠃ | ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠢᠩᠬᠢᠮ ᠨᠢ ᠥᠭᠡᠷᠡᠴᠢᠯᠡᠯᠲᠡ ᠶᠢ ᠠᠬᠢᠭᠤᠯᠤᠭᠰᠠᠨ ᠪᠠᠶᠢᠳᠠᠯ ᠢᠶᠠᠨ ᠨᠡᠪᠲᠡᠷᠡᠭᠦᠯᠦᠨ ᠮᠡᠳᠡᠭᠡᠯᠡᠪᠡ᠃ ᠬᠤᠷᠠᠯ ᠳᠡᠭᠡᠷ᠎ᠡ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ | ᠪᠠᠶᠠᠯᠢᠭ ᠤᠨ ᠲᠢᠩᠬᠢᠮ ᠪᠠ ᠤᠯᠠᠭᠠᠨᠬᠠᠳᠠ ᠬᠤᠲᠠ᠂ ᠤᠯᠠᠭᠠᠨᠴᠠᠪ ᠬᠤᠲᠠ ᠶᠢᠨ ᠣᠷᠣᠯᠴᠠᠭᠰᠠᠳ ᠲᠣᠰ ᠲᠣᠰ ᠦᠭᠡ | ᠬᠡᠯᠡᠪᠡ᠃ ᠥᠪᠡᠷᠲᠡᠭᠡᠨ ᠵᠠᠰᠠᠬᠤ ᠣᠷᠣᠨ᠂ ᠡᠯ᠎ᠡ ᠠᠶᠢᠮᠠᠭ ᠬᠤᠲᠠ ᠶᠢᠨ ᠪᠠᠷᠢᠯᠭ᠎ᠠ ᠶᠢᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢᠨ ᠠᠵᠢᠯ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠢ ᠬᠤᠷᠠᠯ ᠳᠤ ᠣᠷᠣᠯᠴᠠᠪᠠ᠃ ᠬᠤᠷᠠᠯ ᠢ ᠸᠢᠳᠢᠣ᠋ ᠶᠢᠨ | ᠬᠡᠯᠪᠡᠷᠢ ᠪᠠᠷ ᠬᠤᠷᠠᠯᠳᠤᠭᠤᠯᠪᠠ᠃ | 9 ᠳ᠋ᠦ᠋ᠭᠡᠷ ᠰᠠᠷ᠎ᠠ ᠶᠢᠨ 23 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠦᠨᠳᠦᠰᠦᠲᠡᠨ ᠤ ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠪᠠ᠃ ᠬᠤᠷᠠᠯ ᠠᠴᠠ ᠲᠥᠪ ᠤᠨ ᠦᠨᠳᠦᠰᠦᠲᠡᠨ ᠤ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠪᠠᠶᠢᠳᠠᠯ | ᠳᠤᠤᠷᠠᠬᠢ ᠮᠠᠨ ᠤ ᠣᠷᠣᠨ ᠤ ᠦᠨᠳᠦᠰᠦᠲᠡᠨ ᠤ ᠠᠵᠢᠯ ᠢ ᠰᠤᠳᠤᠯᠤᠨ ᠪᠠᠶᠢᠷᠢᠯᠠᠭᠤᠯᠵᠤ᠂ | ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠰᠢᠨ᠎ᠡ ᠲᠡᠦᠬᠡ ᠶᠢᠨ ᠭᠠᠷᠤᠭ᠎ᠠ ᠳᠡᠭᠡᠷ᠎ᠡ ᠰᠠᠬᠢᠨ ᠪᠡᠷᠡᠯᠡᠵᠦ | ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠣᠳᠣᠬᠢᠴᠢᠯᠠᠭᠰᠠᠨ ᠥᠪᠥᠷ ᠮᠣᠩᠭᠤᠯ ᠤᠨ ᠪᠥᠲᠥᠭᠡᠨ | ᠪᠠᠶᠢᠭᠤᠯᠤᠯᠲᠠ ᠶᠢ ᠲᠦᠷᠭᠡᠳᠬᠡᠬᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠶᠢᠨ | ᠲᠥᠯᠥᠭᠡ ᠴᠥᠬᠦᠷᠡᠰᠢ ᠥᠬᠡᠶ ᠴᠢᠷᠮᠠᠶᠢᠬᠤ ᠬᠡᠷᠡᠭᠲᠡᠢ ᠭᠡᠵᠦ ᠳᠠᠶᠢᠴᠢᠯᠠᠪᠠ᠃ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ | ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ | ᠣᠷᠣᠨ ᠤ ᠲᠡᠷᠢᠭᠦᠯᠡᠭᠴᠢ ᠸᠠᠩ ᠯᠢ ᠰᠢᠶᠠ ᠠᠩᠬᠠᠳᠤᠭᠠᠷ ᠤᠳᠠᠭ᠎ᠠ ᠶᠢᠨ ᠪᠥᠬᠦᠳᠡ ᠬᠤᠷᠠᠯ ᠢ ᠡᠷᠭᠢᠯᠡᠪᠡ᠃ | ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢ ᠰᠢᠤ ᠯᠢᠩ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠬᠤᠯᠪᠣᠭᠳᠠᠯ ᠪᠥᠬᠦᠶ ᠤᠳᠤᠷᠢᠳᠬᠤ | ᠨᠥᠬᠦᠳ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ᠂ | ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠶ ᠠᠩᠭᠢ ᠶᠢᠨ ᠺᠣᠮᠠᠨᠳ᠋ᠯᠠᠭᠴᠢ ᠬᠤᠷᠠᠯ ᠳᠤ ᠣᠷᠣᠯᠴᠠᠪᠠ᠃ | ᠬᠤᠶᠠᠳᠤᠭᠠᠷ ᠤᠳᠠᠭ᠎ᠠ ᠶᠢᠨ ᠪᠥᠬᠦᠳᠡ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠳ᠋ᠤᠸᠠᠨ ᡁᠢ ᠴᠢᠶᠠᠩ ᠬᠤᠷᠠᠯ ᠳᠤ | ᠣᠷᠣᠯᠴᠠᠭᠰᠠᠨ ᠪᠦᠭᠡᠳ ᠳ᠋ᠦᠩᠨᠡᠯᠲᠡ ᠶᠢᠨ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠳᠡᠳ᠋ | ᠲᠡᠷᠢᠭᠦᠯᠡᠭᠴᠢ ᠴᠢ᠊ ᠪᠠᠲᠤ ᠲᠤᠰ ᠬᠤᠷᠠᠯ ᠢ ᠡᠷᠭᠢᠯᠡᠪᠡ᠃ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠪᠠ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠨᠤᠤᠷᠠᠭ ᠢ ᠶᠠᠷᠢᠯᠴᠠᠪᠠ᠃ | ᠬᠤᠷᠠᠯ ᠢ ᠸᠢᠳᠢᠣ᠋ ᠶᠢᠨ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠠᠶᠢᠮᠠᠭ ᠬᠤᠳᠠ ᠪᠠ ᠮᠠᠨᠵᠤᠤᠷ ᠬᠤᠳᠠ᠂ ᠡᠷᠢᠶᠡᠨ | ᠬᠤᠳᠠ ᠳᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠪᠠ᠃ | ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ 2021 ᠣᠨ ᠤ ᠭᠤᠷᠪᠠᠳᠤᠭᠠᠷ | ᠤᠳᠠᠭ᠎ᠠ ᠶᠢᠨ ᠴᠠᠭ ᠤᠨ ᠪᠠᠶᠢᠳᠠᠯ ᠢ ᠮᠡᠳᠡᠵᠦ ᠵᠠᠰᠠᠭ ᠤᠨ ᠶᠠᠪᠤᠳᠠᠯ ᠢ ᠣᠶᠢᠯᠠᠭᠠᠬᠤ ᠪᠠᠶᠢᠳᠠᠯ ᠢ ᠮᠡᠳᠡᠭᠳᠡᠬᠦ ᠬᠤᠷᠠᠯ | ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢ ᠰᠢᠤ | ᠯᠢᠩ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠡᠸᠤ | ᠶᠠᠩ ᠰᠢᠶᠤᠤ ᠬᠤᠶ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ | ᠯᠦᠸᠧ ᡁᠢ ᠬᠤ᠋᠂ ᠳ᠋ᠦᠩ ᠾᠧᠩ ᠢᠤᠶ᠂ ᠴᠡᠴᠡᠭ᠂ ᠸᠧᠶ ᠭᠦᠸᠧ ᠨᠠᠨ ᠲᠤᠰ ᠪᠠᠶᠢᠳᠠᠯ ᠢ ᠮᠡᠳᠡᠭᠳᠡᠬᠦ ᠬᠤᠷᠠᠯ ᠳᠤ | ᠣᠷᠣᠯᠴᠠᠪᠠ᠃ ᠲᠣᠰ ᠤᠳᠠᠭᠠᠨ ᠤ ᠪᠠᠶᠢᠳᠠᠯ ᠢ ᠮᠡᠳᠡᠭᠳᠡᠬᠦ ᠬᠤᠷᠠᠯ ᠨᠢ ᠤᠯᠤᠰ ᠲᠥᠷᠥ ᠶᠢᠨ ᠵᠥᠪᠯᠡᠯᠭᠡᠨ ᠤ ᠡᠭᠦᠯᠡᠨ | ᠨᠢᠭᠡᠳᠦᠭᠰᠡᠨ ᠬᠤᠯᠪᠣᠭ᠎ᠠ ᠪᠠᠷ ᠳᠠᠮᠵᠢᠭᠤᠯᠵᠤ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ | ᠤᠯᠤᠰ ᠲᠥᠷᠥ ᠶᠢᠨ ᠵᠥᠪᠯᠡᠯᠭᠡᠨ᠂ ᠠᠶᠢᠮᠠᠭ ᠬᠤᠲᠠ᠂ ᠬᠤᠰᠢᠭᠤ ᠰᠢᠶᠠᠨ ᠳᠤ ᠰᠠᠭᠤᠭ᠎ᠠ ᠥᠪᠡᠷᠲᠡᠭᠡᠨ ᠵᠠᠰᠠᠬᠤ | ᠣᠷᠣᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ | ᠲᠣᠭᠤᠷᠢᠭ ︶ ᠤ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ ᠶᠢᠨ ᠺᠠᠳ᠋ᠷᠴᠤᠳ ᠸᠢᠳᠢᠣ᠋ ᠶᠢᠨ ᠬᠡᠯᠪᠡᠷᠢ ᠪᠠᠷ ᠲᠤᠰ | ᠪᠠᠶᠢᠳᠠᠯ ᠢ ᠮᠡᠳᠡᠭᠳᠡᠬᠦ ᠬᠤᠷᠠᠯ ᠳᠤ ᠣᠷᠣᠯᠴᠠᠪᠠ᠃ | 9 ᠳ᠋ᠦ᠋ᠭᠡᠷ ᠰᠠᠷ᠎ᠠ ᠶᠢᠨ 24 ᠤ ᠡᠳᠦᠷ ᠤᠳᠤᠷᠢᠳᠬᠤ ᠺᠠᠳ᠋ᠷᠴᠤᠳ ᠤᠨ ᠶᠡᠭᠡ ᠬᠤᠷᠠᠯ ᠬᠥᠬᠡᠬᠤᠲᠠ ᠳᠤ | ᠬᠤᠷᠠᠯᠳᠤᠵᠤ᠂ ᠬᠥᠬᠡᠬᠤᠲᠠ ᠶᠢᠨ ᠨᠠᠮ ᠤᠨ ᠬᠤᠷᠢᠶᠠᠨ ᠤ ᠭᠤᠤᠯ ᠤᠳᠤᠷᠢᠳᠬᠤ ᠲᠤᠰᠢᠶᠠᠯ ᠳᠤ ᠲᠣᠬᠢᠷᠠᠭᠤᠯᠤᠯᠲᠠ | ᠬᠢᠬᠦ ᠲᠤᠬᠠᠶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠲᠠᠭᠠᠯ ᠢ ᠨᠡᠶᠢᠲᠡᠯᠡᠪᠡ᠃ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠳᠤ | ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ ᠠᠴᠠ ᠪᠣᠣ ᠭᠠᠩ | ᠨᠥᠬᠦᠷ ᠢ ᠬᠥᠬᠡᠬᠤᠲᠠ ᠶᠢᠨ ᠨᠠᠮ ᠤᠨ ᠬᠤᠷᠢᠶᠠᠨ ᠤ ᠭᠡᠰᠢᠭᠦᠨ᠂ ᠪᠠᠶᠢᠩᠭᠤ ᠶᠢᠨ ᠭᠡᠰᠢᠭᠦᠨ᠂ ᠱᠦᠵᠢ ᠶᠢᠨ | ᠲᠤᠰᠢᠶᠠᠯ ᠳᠤ ᠲᠣᠮᠢᠯᠠᠵᠤ᠂ ᠸᠠᠩ ᠯᠢ ᠰᠢᠶᠠ ᠨᠥᠬᠦᠷ ᠬᠥᠬᠡᠬᠤᠲᠠ ᠶᠢᠨ ᠨᠠᠮ ᠤᠨ ᠬᠤᠷᠢᠶᠠᠨ ᠤ ᠱᠦᠵᠢ᠂ | ᠪᠠᠶᠢᠩᠭᠤ ᠶᠢᠨ ᠭᠡᠰᠢᠭᠦᠨ᠂ ᠭᠡᠰᠢᠭᠦᠨ ᠤ ᠲᠤᠰᠢᠶᠠᠯ ᠢ ᠡᠭᠦᠷᠭᠡᠯᠡᠭᠦ ᠦᠭᠡᠢ ᠬᠡᠮᠡᠨ ᠲᠣᠭᠲᠠᠪᠠ᠃ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠶᠠᠩ | ᠸᠧᠢ ᠳ᠋ᠦᠩ ᠬᠤᠷᠠᠯ ᠳᠤ ᠣᠷᠣᠯᠴᠠᠭᠰᠠᠨ ᠪᠥᠭᠡᠳ ᠲᠣᠭᠲᠠᠭᠠᠯ ᠢ ᠤᠩᠰᠢᠨ ᠨᠡᠶᠢᠲᠡᠯᠡᠪᠡ᠃ ᠸᠠᠩ ᠯᠢ ᠰᠢᠶᠠ᠂ ᠪᠣᠣ | ᠭᠠᠩ ᠲᠤᠰ ᠲᠤᠰ ᠶᠠᠷᠢᠶ᠎ᠠ ᠲᠠᠯᠪᠢᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ᠂ ᠥᠪᠡᠷᠲᠡᠭᠡᠨ | ᠵᠠᠰᠠᠬᠤ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠤᠳᠤᠷᠢᠳᠬᠤ | ᠳᠤᠭᠤᠶᠢᠯᠠᠩ ᠤᠨ ᠳᠠᠷᠤᠭ᠎ᠠ ᠱᠢ ᠲᠠᠢ ᠹᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ | ᠲᠥᠷᠥ ᠬᠠᠤᠯᠢ ᠴᠠᠭᠠᠵᠠ ᠶᠢᠨ ᠬᠤᠷᠢᠶ᠎ᠠ ᠪᠠ ᠤᠯᠤᠰ ᠲᠥᠷᠥ ᠬᠠᠤᠯᠢ ᠴᠠᠭᠠᠵᠠ ᠶᠢᠨ ᠡᠯ᠎ᠡ ᠨᠢᠭᠡᠴᠢ ᠶᠢᠨ | ᠤᠳᠤᠷᠢᠳᠬᠤ ᠪᠠᠭ ᠤᠨ ᠪᠦᠷᠢᠯᠳᠦᠬᠦᠨ ᠲᠠᠢ ᠬᠠᠮᠲᠤ ᠪᠠᠷ ᠶᠠᠷᠢᠯᠴᠠᠵᠤ᠂ ᠤᠯᠤᠰ ᠲᠥᠷᠥ ᠬᠠᠤᠯᠢ ᠴᠠᠭᠠᠵᠠ ᠶᠢᠨ | ᠰᠢᠰᠲ᠋ᠧᠮ ᠤᠨ ︽ᠵᠠᠩᠭᠢᠯᠠᠭ᠎ᠠ ᠶᠢᠨ ᠴᠥᠭᠡᠨ ᠲᠣᠭᠠᠲᠠᠨ︾ ᠨᠢ ᠳᠠᠭᠠᠭᠤᠯᠤᠭᠴᠢ ᠶᠢᠨ ᠦᠢᠯᠡᠳᠦᠯ ᠢᠶᠠᠨ ᠭᠦᠢᠴᠡᠳ | ᠪᠠᠳᠠᠷᠠᠭᠤᠯᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠬᠠᠷᠢᠭᠤᠴᠠᠯᠭ᠎ᠠ ᠡᠭᠦᠷᠭᠡᠯᠡᠯ ᠢᠶᠠᠨ | ᠴᠢᠩᠭᠠᠳᠬᠠᠵᠤ᠂ ᠲᠦᠷᠦᠭᠦᠯᠡᠨ ᠦᠨᠡᠨ ᠬᠦ ᠠᠳᠬᠤᠵᠤ ᠪᠣᠳᠠᠲᠠᠶ ᠠᠵᠢᠯᠯᠠᠨ᠂ ᠤᠯᠤᠰ ᠲᠥᠷᠥ ᠬᠠᠤᠯᠢ ᠴᠠᠭᠠᠵᠠ ᠶᠢᠨ | ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠭᠦᠨᠵᠡᠭᠡᠶ ᠥᠷᠨᠢᠬᠦ ᠶᠢ ᠬᠦᠴᠦᠯᠡᠨ ᠠᠬᠢᠭᠤᠯᠵᠤ᠂ ᠵᠢᠱᠢᠭᠰᠡᠨ ᠦᠷ᠎ᠡ | ᠪᠦᠲᠦᠮᠵᠢ ᠤᠯᠬᠤ ᠪᠠᠨ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠤᠤ | ᠴᠦᠨ ᠲᠤᠰ ᠬᠤᠷᠠᠯ ᠢ ᠡᠷᠭᠢᠯᠡᠭᠰᠡᠨ ᠪᠥᠭᠡᠳ ᠣᠪᠣᠷ ᠢᠶᠠᠨ ᠢᠯᠡᠳᠬᠡᠬᠦ ᠦᠭᠡ ᠬᠡᠯᠡᠪᠡ᠃ ᠥᠪᠡᠷᠲᠡᠭᠡᠨ ᠵᠠᠰᠠᠬᠤ | ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ | ᠳᠠᠷᠤᠭ᠎ᠠ ᠾᠧᠩ ᠰᠢᠶᠤᠤ ᠹᠠᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ | ᠬᠤᠷᠢᠶᠠᠨ ᠤ ᠳᠠᠷᠤᠭ᠎ᠠ ᠶᠠᠩ ᠽᠦᠩ ᠷᠧᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ | ᠬᠤᠷᠢᠶᠠᠨ ᠤ ᠪᠠᠶᠢᠴᠠᠭᠠᠬᠤ ᠳᠠᠷᠤᠭ᠎ᠠ ᠯᠢ ᠴᠢ ᠯᠢᠨ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠠᠮᠤᠷ | ᠲᠦᠪᠰᠢᠨ ᠤ ᠲᠢᠩᠬᠢᠮ᠂ ᠬᠠᠤᠯᠢ ᠴᠠᠭᠠᠵᠠ ᠶᠢᠨ ᠲᠢᠩᠬᠢᠮ ᠤᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ | ᠣᠷᠣᠯᠴᠠᠭᠰᠠᠨ ᠪᠥᠭᠡᠳ ᠲᠣᠰ ᠲᠣᠰ ᠣᠪᠣᠷ ᠢᠶᠠᠨ ᠢᠯᠡᠳᠬᠡᠬᠦ ᠦᠭᠡ ᠬᠡᠯᠡᠪᠡ᠃ | ᠥᠪᠡᠷᠲᠡᠭᠡᠨ ᠵᠠᠰᠠᠬᠤ ᠣᠷᠣᠨ ᠤ ᠣᠢ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ | ᠤᠨᠲᠠᠷᠠᠭᠠᠬᠤ ᠠᠵᠢᠯ ᠤᠨ ᠵᠢᠯᠣᠭᠤᠳᠬᠤ ᠭᠠᠵᠠᠷ ᠪᠥᠬᠦ ᠣᠷᠣᠨ ᠤ ᠨᠠᠮᠤᠷ ᠡᠪᠦᠯ ᠤᠨ ᠤᠯᠠᠷᠢᠯ ᠳᠠᠬᠢ ᠣᠢ ᠰᠢᠭᠤᠶ | ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠲᠧᠯᠸᠢᠰ ᠤᠲᠠᠰᠤᠲᠤ ᠬᠤᠷᠠᠯ | ᠬᠤᠷᠠᠯᠳᠤᠭᠤᠯᠵᠤ᠂ ᠪᠥᠬᠦ ᠤᠯᠤᠰ ᠤᠨ ᠨᠠᠮᠤᠷ ᠡᠪᠦᠯ ᠤᠨ ᠤᠯᠠᠷᠢᠯ ᠳᠠᠬᠢ ᠣᠢ ᠰᠢᠭᠤᠶ ᠨᠤᠲᠤᠭ ᠪᠡᠯᠴᠢᠭᠡᠷ ᠤᠨ | ᠲᠦᠢᠮᠡᠷ ᠰᠡᠷᠭᠡᠶᠢᠯᠡᠨ ᠤᠨᠲᠠᠷᠠᠭᠠᠬᠤ ᠠᠵᠢᠯ ᠤᠨ ᠲᠧᠯᠸᠢᠰ ᠤᠲᠠᠰᠤᠲᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠲᠤᠭᠤᠰᠢᠯᠠᠭᠤᠯᠵᠤ᠂ ᠮᠠᠨ ᠤ ᠣᠷᠣᠨ ᠤ ᠨᠠᠮᠤᠷ ᠡᠪᠦᠯ ᠤᠨ ᠤᠯᠠᠷᠢᠯ ᠳᠠᠬᠢ ᠣᠢ ᠰᠢᠭᠤᠶ ᠨᠤᠲᠤᠭ ᠪᠡᠯᠴᠢᠭᠡᠷ ᠤᠨ | ᠲᠦᠢᠮᠡᠷ ᠢ ᠰᠡᠷᠭᠡᠶᠢᠯᠡᠨ ᠤᠨᠲᠠᠷᠠᠭᠠᠬᠤ ᠭᠤᠤᠯᠳᠠᠯᠭ᠎ᠠ ᠲᠠᠢ ᠠᠵᠢᠯ ᠢᠶᠠᠨ ᠲᠤᠬᠢᠷᠠᠭᠤᠯᠤᠨ ᠪᠠᠶᠢᠷᠢᠯᠠᠭᠤᠯᠪᠠ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ | ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠣᠭᠤᠳᠬᠤ ᠭᠠᠵᠠᠷ ᠤᠨ ᠪᠠᠶᠢᠩᠭᠤ ᠶᠢᠨ ᠳᠡᠳ᠋ | ᠶᠡᠷᠦᠩᠬᠡᠶ ᠵᠢᠯᠣᠭᠤᠳᠣᠭᠴᠢ ᠯᠢ ᠪᠢᠩ ᠷᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | 9 ᠳ᠋ᠦ᠋ᠭᠡᠷ ᠰᠠᠷ᠎ᠠ ᠶᠢᠨ 26 ᠤ ᠡᠳᠦᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠨᠤᠭᠤᠳ ᠤᠨ ᠥᠷᠢ | ᠥᠭᠴᠡᠭᠡ ᠶᠢᠨ ᠬᠠᠮᠢᠶᠠᠷᠤᠯᠲᠠ ᠶᠢ ᠵᠢᠷᠤᠮᠵᠢᠭᠤᠯᠵᠤ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ | ᠠᠷᠢᠯᠭᠠᠬᠤ ᠠᠵᠢᠯ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠵᠤ᠂ ᠮᠥᠩᠭᠦᠨ ᠭᠦᠢᠯᠭᠡᠭᠡᠨ ᠤ | ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠨᠤᠭᠤᠳ ᠤᠨ ᠥᠷᠢ ᠥᠭᠴᠡᠭᠡ ᠶᠢᠨ ᠬᠠᠮᠢᠶᠠᠷᠤᠯᠲᠠ ᠶᠢ ᠵᠢᠷᠤᠮᠵᠢᠭᠤᠯᠵᠤ ᠮᠥᠩᠭᠦᠨ ᠭᠦᠢᠯᠭᠡᠭᠡᠨ ᠤ | ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠱᠢ ᠲᠠᠢ ᠹᠧᠩ | ᠲᠤᠰ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ᠂ ᠥᠪᠡᠷᠲᠡᠭᠡᠨ ᠵᠠᠰᠠᠬᠤ | ᠣᠷᠣᠨ ᠤ ᠤᠳᠤᠷᠢᠳᠤᠯᠭ᠎ᠠ ᠯᠢᠨ ᠱᠤᠤ ᠴᠦᠨ᠂ ᠯᠢᠦ ᠴᠢ ᠹᠠᠨ᠂ ᠵᠠᠩ ᠱᠤᠤ ᠴᠦᠨ᠂ ᠳ᠋ᠢᠩ ᠰᠢᠤ ᠹᠧᠩ᠂ | ᠬᠤᠸᠠᠩ ᡁᠢ ᠴᠢᠶᠠᠩ ᠬᠤᠷᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠨᠤᠭᠤᠳ ᠤᠨ ᠥᠷᠢ ᠥᠭᠴᠡᠭᠡ ᠶᠢᠨ ᠬᠠᠮᠢᠶᠠᠷᠤᠯᠲᠠ ᠶᠢ ᠵᠢᠷᠤᠮᠵᠢᠭᠤᠯᠵᠤ ᠮᠥᠩᠭᠦᠨ ᠭᠦᠢᠯᠭᠡᠭᠡᠨ ᠤ | ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠵᠢᠴᠢ | ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃ | ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠳᠤᠭᠠᠷ ᠬᠤᠷᠠᠯ ᠨᠢ ᠬᠥᠬᠡᠬᠤᠲᠠ ᠳᠤ | ᠡᠷᠬᠢᠯᠡᠭᠰᠡᠨ ᠪᠦᠭᠡᠳ ᠠᠩᠬᠠᠳᠤᠭᠠᠷ ᠤᠳᠠᠭ᠎ᠠ ᠶᠢᠨ ᠪᠥᠬᠦᠳᠡ ᠬᠤᠷᠠᠯ ᠬᠢᠪᠠ᠃ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠲᠤᠰ ᠬᠤᠷᠠᠯ ᠢ ᠡᠷᠬᠢᠯᠡᠪᠡ᠃ ᠥᠪᠡᠷᠲᠡᠭᠡᠨ | ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠪᠠᠶᠢᠩᠭᠤ ᠶᠢᠨ ᠳᠡᠳ᠋ ᠡᠷᠬᠢᠯᠡᠭᠴᠢ ᠨᠠᠰᠤᠨᠮᠦ᠋ᠡᠭᠭᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠠᠩ ᠪᠥᠸᠧ᠂ ᠯᠢᠶᠠᠨ | ᠰᠦ᠋᠂ ᠵᠠᠩ ᠶᠤᠸᠠᠨ ᠵᠥᠩ᠂ ᠾᠧ ᠶᠠᠨ ᠯᠢᠩ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ ᠱᠢ ᠸᠧᠨ | ᠰᠢᠤᠸᠠᠢ ᠵᠢᠴᠢ ᠪᠠᠶᠢᠩᠭᠤ ᠶᠢᠨ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠪᠠ᠃ ᠥᠪᠡᠷᠲᠡᠭᠡᠨ ᠵᠠᠰᠠᠬᠤ | ᠣᠷᠣᠨ ᠤ ᠳᠡᠳ᠋ ᠲᠡᠷᠢᠭᠦᠯᠡᠭᠴᠢ ᠴᠢ᠊ ᠪᠠᠲᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ | ᠰᠢᠭᠦᠬᠦ ᠬᠤᠷᠢᠶᠠᠨ ᠤ ᠳᠠᠷᠤᠭ᠎ᠠ ᠶᠠᠩ ᠽᠦᠩ ᠷᠧᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ | ᠬᠤᠷᠢᠶᠠᠨ ᠤ ᠪᠠᠶᠢᠴᠠᠭᠠᠬᠤ ᠳᠠᠷᠤᠭ᠎ᠠ ᠯᠢ ᠴᠢ ᠯᠢᠨ ᠬᠤᠷᠠᠯ ᠳᠤ ᠰᠤᠯᠠ ᠣᠷᠣᠯᠴᠠᠪᠠ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠰᠠᠭᠤᠳᠠᠯ ᠤᠨ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ | ᠣᠷᠣᠯᠴᠠᠭᠰᠠᠨ ᠪᠦᠭᠡᠳ ᠶᠠᠷᠢᠶ᠎ᠠ ᠲᠠᠯᠪᠢᠪᠠ᠃ ᠬᠤᠷᠠᠯ ᠠᠴᠠ ᠡᠮᠦᠨ᠎ᠡ᠂ ᠸᠠᠩ ᠯᠢ ᠰᠢᠶᠠ ᠨᠠᠷ ᠵᠦᠩ ᠰᠢᠨ | ᠪᠠᠩᠬᠢ ᠶᠢᠨ ᠬᠥᠬᠡᠬᠤᠲᠠ ᠳᠠᠬᠢ ᠬᠤᠪᠢᠶᠠᠷᠢ ᠪᠠᠩᠬᠢ᠂ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠶᠢᠨ | ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ᠃ | ᠬᠤᠷᠠᠯ ᠳᠡᠭᠡᠷ᠎ᠡ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ 10 ᠬᠠᠷᠢᠭᠤᠴᠠᠯᠭᠠᠲᠠᠨ ᠨᠦᠬᠦᠳ ᠮᠥᠩᠭᠦᠨ | ᠭᠦᠢᠯᠭᠡᠭᠡᠨ ᠢᠶᠠᠷ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ | ᠬᠦᠴᠦᠨ ᠨᠡᠮᠡᠷᠢᠯᠡᠬᠦ ᠶᠢᠨ ᠲᠣᠭᠤᠷᠢᠨ ᠳᠤ ᠰᠠᠨᠠᠯ ᠰᠠᠨᠠᠭᠤᠯᠭ᠎ᠠ ᠳᠤᠷᠠᠳᠤᠨ ᠭᠠᠷᠭᠠᠪᠠ᠃ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ | ᠲᠡᠷᠢᠭᠦᠯᠡᠭᠴᠢ ᠵᠠᠩ ᠱᠤᠤ ᠴᠦᠨ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠶ ᠯᠢ ᠬᠤᠸᠠ | ᠬᠤᠷᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠲᠤᠰ | ᠬᠤᠷᠠᠯ ᠢ ᠡᠷᠬᠢᠯᠡᠪᠡ᠃ ᠬᠡᠰᠡᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢ ᠪᠢᠩ ᠷᠦᠩ ᠬᠢᠩᠭᠠᠨ ᠠᠶᠢᠮᠠᠭ ᠲᠤ | ᠭᠦᠨᠵᠡᠭᠡᠶᠢᠷᠡᠨ ᠨᠠᠮᠤᠷ ᠡᠪᠦᠯ ᠤᠨ ᠤᠯᠠᠷᠢᠯ ᠳᠠᠬᠢ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ | ᠤᠨᠲᠠᠷᠠᠭᠠᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠬᠤ ᠳᠤ ᠪᠠᠨ ᠬᠥᠭᠵᠢᠯᠲᠡ ᠪᠠ ᠠᠮᠤᠷ ᠲᠦᠪᠰᠢᠨ | ᠡᠨᠡ ᠬᠦ ᠬᠤᠶᠠᠷ ᠶᠡᠭᠡ ᠶᠠᠪᠤᠳᠠᠯ ᠢ ᠨᠢᠭᠡᠳᠦᠯᠲᠡᠶ ᠲᠥᠯᠥᠪᠵᠢᠭᠦᠯᠵᠦ᠂ ᠣᠶ ᠰᠢᠭᠤᠶ ᠨᠤᠲᠤᠭ ᠪᠡᠯᠴᠢᠭᠡᠷ ᠤᠨ | ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠢᠶᠠᠨ ᠥᠴᠦᠬᠡᠨ ᠴᠦ ᠰᠤᠯᠠᠷᠠᠭᠤᠯᠤᠯ ᠥᠬᠡᠶ ᠰᠠᠶᠢᠲᠤᠷ ᠠᠳᠬᠤᠬᠤ | ᠬᠡᠷᠡᠭᠲᠡᠶ ᠭᠡᠵᠦ ᠴᠢᠬᠤᠯᠠᠴᠢᠯᠠᠪᠠ᠃ | ᠬᠤᠶᠠᠳᠤᠭᠠᠷ ᠬᠤᠭᠤᠴᠠᠭᠠᠨ ᠤ ᠰᠤᠷᠭᠠᠭᠤᠯᠢ ᠶᠢᠨ ᠠᠨᠳᠠ ᠶᠢᠨ ᠠᠵᠤ ᠠᠬᠤᠶ ᠶᠢᠨ ᠶᠠᠷᠢᠶᠠᠨ ᠤ ᠲᠠᠪᠴᠠᠩ | ᠷᠠᠰᠢᠶᠠᠨ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢ ᠪᠢᠩ ᠷᠦᠩ ᠬᠤᠷᠠᠯ ᠳᠤ | ᠣᠷᠣᠯᠴᠠᠭᠰᠠᠨ ᠪᠦᠭᠡᠳ ᠪᠠᠶᠠᠷ ᠤᠨ ᠦᠭᠡ ᠬᠡᠯᠡᠪᠡ᠃ | 9 ᠳ᠋ᠦ᠋ᠭᠡᠷ ᠰᠠᠷ᠎ᠠ ᠶᠢᠨ 26 ᠠᠴᠠ 28 ᠤ ᠡᠳᠦᠷ ᠪᠣᠯᠲᠠᠯ᠎ᠠ ᠪᠥᠬᠦ ᠤᠯᠤᠰ ᠤᠨ ᠤᠯᠤᠰ ᠲᠥᠷᠥ ᠬᠠᠤᠯᠢ | ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠲᠥᠪ ᠤᠨ ᠳᠥᠷᠪᠡᠳᠦᠭᠡᠷ ᠰᠢᠮᠳᠠᠭᠤᠯᠤᠨ ᠵᠢᠯᠣᠭᠤᠳᠬᠤ | ᠳᠤᠭᠤᠶᠢᠯᠠᠩ ᠤᠨ ᠳᠠᠷᠤᠭ᠎ᠠ ᡁᠢ ᠱᠤ᠋ ᠫᠢᠩ ᠰᠢᠮᠳᠠᠭᠤᠯᠤᠨ ᠵᠢᠯᠣᠭᠤᠳᠬᠤ ᠳᠤᠭᠤᠶᠢᠯᠠᠩ ᠢ ᠳᠠᠭᠠᠭᠤᠯᠤᠨ ᠬᠥᠯᠥᠨ | ᠪᠤᠶᠢᠷ ᠬᠤᠲᠠ ᠳᠤ ᠭᠦᠨᠵᠡᠭᠡᠶᠢᠷᠡᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ | ᠠᠵᠢᠯ ᠢ ᠰᠢᠮᠳᠠᠭᠤᠯᠤᠨ ᠵᠢᠯᠣᠭᠤᠳᠪᠠ᠃ ᠪᠦᠬᠦ ᠤᠯᠤᠰ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ | ᠬᠥᠮᠦᠵᠢᠯ ᠴᠡᠭᠴᠡᠯᠡᠯᠲᠡ ᠶᠢᠨ ᠲᠥᠪ ᠤᠨ ᠳᠥᠷᠪᠡᠳᠦᠭᠡᠷ ᠰᠢᠮᠳᠠᠭᠤᠯᠤᠨ ᠵᠢᠯᠣᠭᠤᠳᠬᠤ ᠳᠤᠭᠤᠶᠢᠯᠠᠩ ᠤᠨ ᠳᠡᠳ᠋ | ᠳᠠᠷᠤᠭ᠎ᠠ ᠹᠠᠨ ᠰᠢᠤᠢ ᠶᠢᠨ ᠲᠤᠰ ᠰᠢᠮᠳᠠᠭᠤᠯᠤᠨ ᠵᠢᠯᠣᠭᠤᠳᠬᠤ ᠳᠤ ᠣᠷᠣᠯᠴᠠᠪᠠ᠃ ᠥᠪᠡᠷᠲᠡᠭᠡᠨ ᠵᠠᠰᠠᠬᠤ | ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ | ᠳᠠᠷᠤᠭ᠎ᠠ ᠾᠧᠩ ᠰᠢᠶᠤᠤ ᠹᠠᠨ ᠪᠠᠷ᠎ᠠ ᠪᠤᠯᠵᠤ ᠰᠢᠮᠳᠠᠭᠤᠯᠤᠨ ᠵᠢᠯᠣᠭᠤᠳᠪᠠ᠃ | 9 ᠳ᠋ᠦ᠋ᠭᠡᠷ ᠰᠠᠷ᠎ᠠ ᠶᠢᠨ 27 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ | ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ︽ᠭᠤᠷᠪᠠᠨ ᠨᠠᠭᠤᠷ︾ ᠢ ᠶᠡᠷᠦᠩᠬᠡᠶᠢᠯᠡᠨ | ᠵᠠᠰᠠᠬᠤ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠲᠤᠭᠤᠰᠢᠯᠠᠭᠤᠯᠵᠤ᠂ ᠬᠥᠯᠥᠨ ᠪᠤᠶᠢᠷ ᠬᠤᠲᠠ᠂ ᠪᠠᠶᠠᠨᠨᠠᠭᠤᠷ ᠬᠤᠲᠠ᠂ ᠤᠯᠠᠭᠠᠨᠴᠠᠪ ᠬᠤᠲᠠ ᠪᠣᠯᠤᠨ ᠥᠪᠡᠷᠲᠡᠭᠡᠨ | ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠶ ᠣᠷᠴᠢᠨ ᠲᠣᠭᠤᠷᠢᠨ ᠤ | ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ ᠤᠨ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠶᠡᠷᠦᠩᠬᠡᠶᠢᠯᠡᠨ ᠵᠠᠰᠠᠬᠤ ᠡᠯ᠎ᠡ ᠵᠦᠢᠯ ᠤᠨ ᠠᠵᠢᠯ ᠢ ᠰᠤᠳᠤᠯᠤᠨ ᠠᠬᠢᠭᠤᠯᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ | ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ᠂ ᠥᠪᠡᠷᠲᠡᠭᠡᠨ ᠵᠠᠰᠠᠬᠤ ᠣᠷᠣᠨ ᠤ ᠳᠡᠳ᠋ | ᠲᠡᠷᠢᠭᠦᠯᠡᠭᠴᠢ ᠯᠢ ᠪᠢᠩ ᠷᠦᠩ ᠬᠤᠷᠠᠯ ᠳᠤ ᠣᠷᠣᠯᠴᠠᠪᠠ᠃ ᠬᠥᠯᠥᠨ ᠪᠤᠶᠢᠷ ᠬᠤᠲᠠ᠂ ᠪᠠᠶᠠᠨᠨᠠᠭᠤᠷ ᠬᠤᠲᠠ᠂ | ᠤᠯᠠᠭᠠᠨᠴᠠᠪ ᠬᠤᠲᠠ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃ | ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠳᠤᠭᠠᠷ ᠬᠤᠷᠠᠯ ᠨᠢ ᠬᠤᠶᠠᠳᠤᠭᠠᠷ | ᠤᠳᠠᠭ᠎ᠠ ᠶᠢᠨ ᠪᠥᠬᠦᠳᠡ ᠬᠤᠷᠠᠯ ᠬᠢᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠩᠭᠤ ᠶᠢᠨ ᠳᠡᠳ᠋ ᠡᠷᠬᠢᠯᠡᠭᠴᠢ ᠨᠠᠰᠤᠨᠮᠦ᠋ᠡᠭᠭᠡ ᠲᠤᠰ ᠬᠤᠷᠠᠯ ᠢ | ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠳᠡᠳ᠋ ᠡᠷᠬᠢᠯᠡᠭᠴᠢ ᠸᠠᠩ ᠪᠥᠸᠧ᠂ ᠯᠢᠶᠠᠨ ᠰᠦ᠋᠂ ᠵᠠᠩ ᠶᠤᠸᠠᠨ ᠵᠥᠩ᠂ ᠾᠧ ᠶᠠᠨ ᠯᠢᠩ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠨᠠᠷᠢᠨ ᠪᠢᠴᠢᠭ ᠤᠨ ᠳᠠᠷᠤᠭ᠎ᠠ ᠱᠢ ᠸᠧᠨ ᠰᠢᠤᠸᠠᠢ ᠵᠢᠴᠢ ᠪᠠᠶᠢᠩᠭᠤ ᠶᠢᠨ ᠬᠤᠷᠢᠶᠠᠨ ᠤ ᠭᠡᠰᠢᠭᠦᠳ ᠬᠤᠷᠠᠯ ᠳᠤ | ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢ ᠪᠢᠩ ᠷᠦ᠋ᠩ ᠬᠤᠷᠠᠯ ᠳᠤ ᠰᠤᠯᠠ | ᠣᠷᠣᠯᠴᠠᠪᠠ᠃ | 9 ᠳ᠋ᠦ᠋ᠭᠡᠷ ᠰᠠᠷ᠎ᠠ ᠶᠢᠨ 28 ᠤ ᠡᠳᠦᠷ ︽ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠤᠷᠬᠢᠯ | ᠬᠡᠮᠵᠢᠭᠳᠡᠯ ᠠᠴᠠ ᠪᠠᠭᠤᠷᠠᠭᠤᠯᠬᠤ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠥᠮᠦᠨ ᠬᠢᠭᠡᠳ ᠪᠠᠶᠢᠭᠠᠯᠢ ᠶᠢᠨ ᠠᠮᠢ | ᠨᠠᠰᠤᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠤᠶ᠎ᠠ︾ ᠭᠡᠬᠦ ᠪᠠᠷ ᠭᠤᠣᠯ ᠰᠡᠳᠦᠪ ᠪᠣᠯᠭᠠᠭᠰᠠᠨ | ᠨᠠᠢᠮᠠᠳᠤᠭᠠᠷ ᠬᠤᠭᠤᠴᠠᠭᠠᠨ ᠤ ᠬᠥᠪᠴᠢ ᠶᠢᠨ ᠤᠯᠠᠨ ᠤᠯᠤᠰ ᠤᠨ ᠡᠯᠡᠰᠦᠨ ᠤ ᠶᠠᠷᠢᠶᠠᠨ ᠤ ᠲᠠᠪᠴᠠᠩ ᠤᠷᠳᠤᠰ | ᠬᠤᠳᠠ ᠶᠢᠨ ᠬᠠᠩᠭᠢᠨ ᠬᠤᠰᠢᠭᠤᠨ ᠳᠤ ᠡᠬᠢᠯᠡᠪᠡ᠃ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ | ᠲᠡᠷᠢᠭᠦᠯᠡᠭᠴᠢ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ | ᠲᠡᠷᠢᠭᠦᠯᠡᠭᠴᠢ ᠸᠠᠨ ᠭᠠᠩ ᠸᠢᠳᠢᠣ᠋ ᠶᠢᠨ ᠬᠡᠯᠪᠡᠷᠢ ᠪᠠᠷ ᠪᠠᠶᠠᠷ ᠤᠨ ᠦᠭᠡ ᠬᠡᠯᠡᠪᠡ᠃ ᠠᠷᠪᠠᠨ ᠬᠤᠶᠠᠳᠤᠭᠠᠷ | ᠬᠤᠭᠤᠴᠠᠭᠠᠨ ᠤ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠳᠤᠮᠳᠠᠳᠤ | ᠤᠯᠤᠰ ᠤᠨ ᠰᠦᠩ ᠴᠢᠩ ᠯᠢᠩ ᠰᠠᠭᠤᠷᠢ ᠮᠥᠩᠭᠦᠨ ᠤ ᠨᠡᠶᠢᠭᠡᠮᠯᠢᠭ ᠤᠨ ᠲᠡᠷᠢᠭᠦᠯᠡᠭᠴᠢ᠂ ᠳᠤᠮᠳᠠᠳᠤ ᠤᠯᠤᠰ ᠤᠨ | ᠠᠰᠠᠷᠠᠮᠵᠢ ᠶᠢᠨ ᠨᠡᠶᠢᠭᠡᠮᠯᠢᠭ ᠤᠨ ᠲᠡᠷᠢᠭᠦᠯᠡᠭᠴᠢ ᠸᠠᠩ ᠵᠢᠶᠠ ᠷᠦᠢ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ ᠤ ᠳᠡᠳ᠋ ᠰᠠᠶᠢᠳ ᠵᠠᠩ ᠢᠤᠶ ᠳ᠋ᠦᠩ ᠲᠤᠰ ᠡᠬᠢᠯᠡᠯᠲᠡ ᠶᠢᠨ | ᠶᠣᠰᠣᠯᠠᠯ ᠢ ᠡᠷᠭᠢᠯᠡᠭᠰᠡᠨ ᠪᠥᠭᠡᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ ᠤ ᠰᠠᠶᠢᠳ ᠸᠠᠩ ᡁᠢ | ᠭᠠᠩ ᠤᠨ ᠪᠠᠶᠠᠷ ᠤᠨ ᠦᠭᠡ ᠶᠢ ᠤᠩᠰᠢᠪᠠ᠃ ᠤᠯᠤᠰ ᠤᠨ ᠤᠢ ᠰᠢᠭᠤᠢ ᠪᠠ ᠨᠤᠲᠤᠭ ᠪᠡᠯᠴᠢᠭᠡᠷ ᠤᠨ | ᠲᠣᠪᠴᠢᠶᠠᠨ ᠤ ᠳᠡᠳ᠋ ᠳᠠᠷᠤᠭ᠎ᠠ ᠯᠢᠦ ᠳ᠋ᠥᠩ ᠱᠧᠩ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ | ᠬᠤᠸᠠᠩ ᡁᠢ ᠴᠢᠶᠠᠩ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠪᠡ᠃ | ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠡᠴᠡᠭ᠂ ᠤᠯᠤᠰ ᠤᠨ | ᠡᠨᠧᠷᠭᠢ ᠶᠢᠨ ᠲᠣᠪᠴᠢᠶᠠᠨ ᠤ ᠶᠡᠷᠦᠩᠬᠡᠢ ᠢᠨᠵᠧᠨᠧᠷ ᠰᠢᠶᠠᠩ ᠬᠠᠢ ᠫᠢᠩ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ | | ᠥᠪᠡᠷᠲᠡᠭᠡᠨ ᠵᠠᠰᠠᠬᠤ ᠣᠷᠣᠨ ᠤ ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠢ | ᠦᠨᠳᠦᠰᠦᠨ ᠳᠤ ᠪᠠᠨ ᠲᠡᠩᠴᠡᠭᠦᠷᠢᠲᠡᠶ ᠬᠥᠭᠵᠢᠭᠦᠯᠬᠦ ᠤᠯᠤᠰ ᠤᠨ ᠰᠢᠮᠳᠠᠭᠤᠯᠤᠨ ᠵᠢᠯᠣᠭᠤᠳᠴᠤ ᠪᠠᠶᠢᠴᠠᠭᠠᠵᠤ | ᠬᠠᠷᠢᠭᠤ ᠲᠤᠰᠬᠠᠬᠤ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ᠂ ᠰᠤᠷᠭᠠᠨ | ᠬᠥᠮᠦᠵᠢᠯ ᠤᠨ ᠶᠠᠮᠤᠨ ᠤ ᠳᠡᠳ᠋ ᠰᠠᠶᠢᠳ᠂ ᠰᠤᠷᠭᠠᠨ ᠬᠦᠮᠦᠵᠢᠯ ᠤᠨ ᠶᠡᠷᠦᠩᠬᠡᠢ ᠪᠠᠶᠢᠴᠠᠭᠠᠭᠴᠢ ᠵᠧᠩ ᠹᠦ᠋ ᡁᠢ | ᠬᠤᠷᠠᠯ ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠪᠠ᠃ ᠤᠯᠤᠰ ᠤᠨ ᠰᠤᠷᠭᠠᠨ ᠬᠥᠮᠦᠵᠢᠯ ᠤᠨ ᠰᠢᠮᠳᠠᠭᠤᠯᠤᠨ | ᠵᠢᠯᠣᠭᠤᠳᠴᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠰᠤᠷᠭᠠᠨ ᠬᠦᠮᠦᠵᠢᠯ ᠤᠨ ᠶᠡᠷᠦᠩᠬᠡᠶ ᠪᠠᠶᠢᠴᠠᠭᠠᠭᠴᠢ | ᠵᠥᠪᠯᠡᠭᠴᠢ ᠭᠦᠸᠧ ᠬᠤ᠋ ᠰᠢᠮᠳᠠᠭᠤᠯᠤᠨ ᠵᠢᠯᠣᠭᠤᠳᠴᠤ ᠪᠠᠶᠢᠴᠠᠭᠠᠭᠰᠠᠨ ᠰᠠᠨᠠᠯ ᠢᠶᠠᠨ ᠬᠠᠷᠢᠭᠤ ᠲᠤᠰᠬᠠᠪᠠ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ ᠬᠤᠷᠠᠯ ᠳᠤ ᠣᠷᠣᠯᠴᠠᠪᠠ᠃ ᠬᠤᠷᠠᠯ ᠢ ᠸᠢᠳᠢᠣ᠋ ᠶᠢᠨ | ᠬᠡᠯᠪᠡᠷᠢ ᠪᠠᠷ ᠬᠤᠷᠠᠯᠳᠤᠭᠤᠯᠪᠠ᠃ | ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠳᠤᠭᠠᠷ ᠬᠤᠷᠠᠯ ᠨᠢ ᠳᠤᠭᠤᠶᠢᠯᠠᠩ | ᠬᠠᠮᠲᠤᠷᠠᠭᠰᠠᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠬᠤᠳᠠᠯᠳᠤᠭᠠᠴᠢᠨ ᠢ ᠤᠷᠢᠵᠤ ᠪᠠᠯᠠ ᠣᠷᠣᠭᠤᠯᠬᠤ ᠡᠷᠴᠢᠮ ᠢ ᠴᠢᠩᠭᠠᠷᠠᠭᠤᠯᠤᠭᠰᠠᠨ᠂ ᠠᠵᠤ ᠦᠢᠯᠡᠰ ᠤᠨ ᠴᠢᠬᠤᠯᠠ | ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠᠨ ᠠᠬᠢᠭᠤᠯᠤᠭᠰᠠᠨ ᠪᠠᠶᠢᠳᠠᠯ ᠢ ᠲᠤᠰᠬᠠᠶ ᠰᠡᠳᠦᠪ ᠢᠶᠠᠷ | ᠠᠰᠠᠭᠤᠨ ᠯᠠᠪᠯᠠᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠪᠠᠶᠢᠩᠭᠤ ᠶᠢᠨ ᠳᠡᠳ᠋ ᠡᠷᠬᠢᠯᠡᠭᠴᠢ ᠨᠠᠰᠤᠨᠮᠦ᠋ᠡᠭᠭᠡ ᠬᠤᠷᠠᠯ ᠳᠤ ᠣᠷᠣᠯᠴᠠᠭᠰᠠᠨ ᠪᠦᠭᠡᠳ | ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠠᠩ ᠪᠥᠸᠧ ᠲᠤᠰ ᠬᠤᠷᠠᠯ ᠢ ᠡᠷᠭᠢᠯᠡᠪᠡ᠃ ᠥᠪᠡᠷᠲᠡᠭᠡᠨ ᠵᠠᠰᠠᠬᠤ | ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ | ᠯᠢᠶᠠᠨ ᠰᠥ᠂ ᠵᠠᠩ ᠶᠤᠸᠠᠨ ᠵᠥᠩ ᠵᠢᠴᠢ ᠪᠠᠶᠢᠩᠭᠤ ᠶᠢᠨ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠪᠠ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠢ ᠯᠢ ᠬᠤᠸᠠ ᠬᠤᠷᠠᠯ ᠳᠤ ᠣᠷᠣᠯᠴᠠᠭᠰᠠᠨ ᠪᠦᠭᠡᠳ | ᠣᠪᠣᠷ ᠢᠶᠠᠨ ᠢᠯᠡᠳᠬᠡᠬᠦ ᠦᠭᠡ ᠬᠡᠯᠡᠪᠡ᠃ | ᠫᠧᠷᠵᠧᠧᠯᠠᠰᠻᠢ ᠲᠠᠬᠢ ᠶᠢ ᠬᠦᠳᠡᠭᠡ ᠬᠡᠭᠡᠷ᠎ᠡ ᠪᠤᠴᠠᠭᠠᠵᠤ ᠲᠠᠯᠪᠢᠬᠤ ᠠᠩᠬᠠᠳᠠᠭᠴᠢ ᠠᠵᠢᠯᠯᠠᠭ᠎ᠠ ᠳᠠᠯᠠᠨ ᠬᠠᠷ᠎ᠠ | ᠠᠭᠤᠯᠠ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠶᠠᠪᠤᠭᠳᠠᠪᠠ᠃ 6 ᠲᠠᠬᠢ ᠶᠢ | ᠬᠦᠳᠡᠭᠡ ᠬᠡᠭᠡᠷ᠎ᠡ ᠪᠤᠴᠠᠭᠠᠵᠤ ᠲᠠᠯᠪᠢᠭᠰᠠᠨ ᠤ ᠬᠠᠮᠲᠤ᠂ GPS ᠬᠦ᠋ᠵᠦᠭᠦᠪᠴᠢ ᠵᠡᠭᠦᠯᠭᠡᠵᠦ᠂ ᠬᠡᠭᠡᠷ᠎ᠡ ᠭᠠᠳᠠᠨᠠᠬᠢ | ᠵᠠᠮ ᠮᠦᠷ ᠢ ᠨᠢ ᠴᠠᠭ ᠲᠤᠬᠠᠶ ᠳᠤ ᠨᠢ ᠬᠢᠨᠠᠨ ᠰᠢᠨᠵᠢᠬᠦ ᠪᠠᠷ ᠳᠠᠮᠵᠢᠭᠤᠯᠤᠨ᠂ ᠰᠦᠯᠵᠢᠶ᠎ᠡ ᠪᠠᠷ ᠬᠠᠮᠢᠶᠠᠷᠬᠤ ᠪᠣᠯᠭᠠᠪᠠ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢ ᠪᠢᠩ ᠷᠦᠩ ᠲᠤᠰ ᠠᠵᠢᠯᠯᠠᠭ᠎ᠠ ᠳᠤ ᠣᠷᠣᠯᠴᠠᠪᠠ᠃ | 9 ᠳ᠋ᠦ᠋ᠭᠡᠷ ᠰᠠᠷ᠎ᠠ ᠶᠢᠨ 29 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠳᠤᠭᠠᠷ | ᠬᠤᠷᠠᠯ ᠲᠡᠭᠦᠰᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ | ᠹᠧᠩ ᠲᠤᠰ ᠬᠤᠷᠠᠯ ᠢ ᠡᠷᠬᠢᠯᠡᠭᠰᠡᠨ ᠪᠥᠭᠡᠳ ᠲᠤᠰᠢᠶᠠᠯ ᠳᠤ ᠲᠣᠮᠢᠯᠠᠭᠰᠠᠳ ᠲᠤ ᠲᠣᠮᠢᠯᠠᠬᠤ ᠪᠢᠴᠢᠭ ᠭᠠᠷᠳᠠᠭᠤᠯᠪᠠ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠪᠠᠶᠢᠩᠭᠤ ᠶᠢᠨ ᠳᠡᠳ᠋ ᠡᠷᠬᠢᠯᠡᠭᠴᠢ ᠨᠠᠰᠤᠨᠮᠦ᠋ᠡᠭᠭᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠠᠩ ᠪᠥᠸᠧ᠂ ᠯᠢᠶᠠᠨ | ᠰᠥ᠂ ᠵᠠᠩ ᠶᠤᠸᠠᠨ ᠵᠥᠩ ᠪᠠ ᠪᠠᠶᠢᠩᠭᠤ ᠶᠢᠨ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠪᠠ᠃ᠥᠪᠡᠷᠲᠡᠭᠡᠨ | ᠵᠠᠰᠠᠬᠤ ᠣᠷᠣᠨ ᠤ ᠳᠡᠳ᠋ ᠲᠡᠷᠢᠭᠦᠯᠡᠭᠴᠢ ᠠᠶ ᠯᠢ ᠬᠤᠸᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠯᠢ ᠴᠢ ᠯᠢᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠲᠤᠰᠬᠠᠶ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ᠂ ᠭᠡᠰᠢᠭᠦᠨ᠂ | ᠬᠡᠰᠡᠭ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ | ᠪᠠᠶᠢᠭᠤᠯᠤᠮᠵᠢ ᠪᠠ ᠠᠶᠢᠮᠠᠭ ᠤᠨ ᠠᠵᠢᠯ ᠤᠨ ᠵᠥᠪᠯᠡᠯ ᠤᠨ ᠬᠠᠷᠢᠭᠤᠴᠠᠯᠭᠠᠲᠠᠨ ᠨᠥᠬᠦᠳ᠂ ᠡᠯ᠎ᠡ ᠲᠣᠭᠤᠷᠢᠭ | ᠪᠠᠶᠢᠭᠤᠯᠤᠭᠰᠠᠨ ᠬᠤᠲᠠ᠂ ᠲᠥᠯᠥᠪᠯᠡᠭᠡ ᠳᠤ ᠠᠰᠳᠠᠭᠠᠨ ᠵᠢᠭᠰᠠᠭᠠᠭᠰᠠᠨ ᠬᠤᠲᠠ ᠪᠠ ᠥᠪᠡᠷᠲᠡᠭᠡᠨ ᠵᠠᠰᠠᠬᠤ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ᠂ ᠵᠠᠰᠠᠭ ᠤᠨ | ᠣᠷᠳᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ | ᠣᠷᠣᠯᠴᠠᠪᠠ᠃ | 9 ᠳ᠋ᠦ᠋ᠭᠡᠷ ᠰᠠᠷ᠎ᠠ ᠶᠢᠨ 30 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠡᠷᠬᠢᠯᠡᠭᠴᠢ ᠱᠢ ᠲᠠᠢ ᠹᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠤᠯᠤᠰ | ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢ ᠰᠢᠤ ᠯᠢᠩ ᠵᠡᠷᠭᠡ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ | ᠨᠠᠷ ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠰᠣᠶᠣᠯ ᠤᠨ ᠴᠡᠴᠡᠷᠯᠢᠭ ᠲᠤ ᠬᠦᠷᠴᠦ᠂ ᠣᠷᠣᠨ ᠤ ᠲᠥᠪ ᠤᠨ | ᠦᠨᠳᠦᠰᠦᠲᠡᠨ ᠨᠦᠭᠦᠳ ᠤᠨ ᠡᠯ᠎ᠡ ᠡᠲᠡᠭᠡᠳ ᠤᠨ ᠲᠥᠯᠥᠭᠡᠯᠡᠭᠴᠢᠳ ᠲᠠᠢ ᠬᠠᠮᠲᠤ ᠪᠠᠷ ᠦᠷᠡᠭᠳᠡᠭᠰᠡᠨ | ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠳᠤ ᠴᠡᠴᠡᠭᠲᠦ ᠰᠠᠭᠰᠤ ᠡᠷᠭᠦᠨ ᠲᠠᠯᠪᠢᠵᠤ᠂ ᠬᠤᠪᠢᠰᠬᠠᠯ ᠤᠨ | ᠦᠷᠡᠭᠳᠡᠭᠰᠡᠨ ᠪᠠᠭᠠᠲᠤᠷᠴᠤᠳ ᠢ ᠭᠦᠨ ᠳᠤᠷᠠᠰᠤᠨ ᠰᠠᠨᠠᠭᠠᠯᠵᠠᠵᠤ᠂ ᠠᠷᠠᠳ ᠤᠨ ᠪᠠᠭᠠᠲᠤᠷᠴᠤᠳ ᠲᠤ ᠬᠠᠮᠤᠭ ᠤᠨ | ᠡᠷᠬᠢᠮ ᠳᠡᠭᠡᠳᠦ ᠬᠦᠨᠳᠦᠳᠬᠡᠯ ᠳᠡᠪᠰᠢᠭᠦᠯᠪᠡ᠃ ᠴᠡᠴᠡᠭᠲᠦ ᠰᠠᠭᠰᠤ ᠡᠷᠭᠦᠨ ᠲᠠᠯᠪᠢᠬᠤ ᠶᠣᠰᠣᠯᠠᠯ ᠢ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶᠠᠨ ᠤ | ᠱᠦᠵᠢ ᠪᠣᠣ ᠭᠠᠩ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ | ᠵᠥᠪᠯᠡᠯᠭᠡᠨ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠥᠪᠥᠷ ᠮᠣᠩᠭᠤᠯ ᠤᠨ ᠴᠡᠷᠢᠭ ᠤᠨ ᠲᠣᠭᠤᠷᠢᠭ᠂ | ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠶ ᠠᠩᠭᠢ ᠶᠢᠨ ᠤᠳᠤᠷᠢᠳᠬᠤ ᠨᠥᠬᠦᠳ ᠴᠡᠴᠡᠭᠲᠦ ᠰᠠᠭᠰᠤ | ᠡᠷᠭᠦᠨ ᠲᠠᠯᠪᠢᠬᠤ ᠶᠣᠰᠣᠯᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠡᠯ᠎ᠡ ᠰᠠᠯᠠᠭ᠎ᠠ ᠮᠥᠴᠢᠷ ᠤᠨ | ᠭᠤᠣᠯ ᠬᠠᠷᠢᠭᠤᠴᠠᠯᠭᠠᠲᠠᠨ ᠨᠥᠬᠦᠳ᠂ ᠬᠥᠬᠡᠬᠤᠲᠠ ᠶᠢᠨ ᠦᠨᠳᠦᠰᠦᠲᠡᠨ ᠨᠦᠭᠦᠳ ᠤᠨ ᠡᠯ᠎ᠡ ᠡᠲᠡᠭᠡᠳ ᠤᠨ ᠺᠠᠳ᠋ᠷ | ᠤᠯᠠᠨ ᠲᠦᠮᠡᠨ ᠨᠡᠶᠢᠳᠡ 1200 ᠭᠠᠷᠤᠢ ᠬᠥᠮᠦᠨ ᠴᠡᠴᠡᠭᠲᠦ ᠰᠠᠭᠰᠤ ᠡᠷᠭᠦᠨ ᠲᠠᠯᠪᠢᠬᠤ ᠶᠣᠰᠣᠯᠠᠯ ᠳᠤ | ᠣᠷᠣᠯᠴᠠᠪᠠ᠃ | ᠪᠦᠬᠦ ᠣᠷᠣᠨ ᠤ ᠠᠶᠤᠯ ᠥᠬᠡᠶ ᠦᠢᠯᠡᠳᠪᠦᠷᠢᠯᠡᠯ ᠬᠢᠭᠡᠳ ᠠᠮᠤᠷ ᠲᠦᠪᠰᠢᠨ ᠤ ᠰᠡᠷᠭᠡᠶᠢᠯᠡᠯᠲᠡ ᠶᠢᠨ | ᠠᠵᠢᠯ ᠤᠨ ᠲᠧᠯᠸᠢᠰ ᠤᠲᠠᠰᠤᠲᠤ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ | ᠬᠤᠷᠠᠯ ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ | ᠲᠤᠰ ᠬᠤᠷᠠᠯ ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠠᠶ ᠯᠢ ᠬᠤᠸᠠ᠂ ᠡᠸᠤ ᠶᠠᠩ | ᠰᠢᠶᠤᠤ ᠬᠤᠶ᠂ ᠯᠢ ᠪᠢᠩ ᠷᠦᠩ᠂ ᠬᠤᠸᠠᠩ ᡁᠢ ᠴᠢᠶᠠᠩ᠂ ᠾᠧᠩ ᠰᠢᠶᠤᠤ ᠹᠠᠨ᠂ ᠴᠢ᠊ ᠪᠠᠲᠤ ᠬᠤᠷᠠᠯ ᠳᠤ | ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠨᠥᠬᠦᠳ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ 2021 ᠣᠨ ᠤ ᠪᠥᠬᠦ ᠣᠷᠣᠨ ᠤ ᠠᠶᠤᠯ ᠥᠬᠡᠶ ᠦᠢᠯᠡᠳᠪᠦᠷᠢᠯᠡᠯ ᠤᠨ | ᠠᠵᠢᠯ ᠤᠨ ᠪᠠᠶᠢᠳᠠᠯ ᠢᠶᠠᠨ ᠨᠡᠪᠲᠡᠷᠡᠭᠦᠯᠦᠨ ᠮᠡᠳᠡᠭᠡᠯᠡᠵᠦ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠡᠨᠧᠷᠭᠢ ᠶᠢᠨ ᠲᠣᠪᠴᠢᠶ᠎ᠠ ᠪᠠ ᠣᠷᠳᠣᠰ ᠬᠤᠲᠠ᠂ | ᠪᠠᠶᠠᠨᠨᠠᠭᠤᠷ ᠬᠤᠲᠠ ᠲᠣᠰ ᠲᠣᠰ ᠦᠭᠡ ᠶᠠᠷᠢᠪᠠ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ | ᠵᠠᠰᠠᠭ ᠤᠨ ᠣᠷᠳᠣᠨ ᠪᠠ ᠥᠪᠥᠷ ᠮᠣᠩᠭᠤᠯ ᠤᠨ ᠣᠶ ᠰᠢᠭᠤᠶ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ | ᠬᠠᠷᠢᠭᠤᠴᠠᠯᠭᠠᠲᠠᠨ ᠨᠥᠬᠦᠳ ᠬᠤᠪᠢᠶᠠᠷᠢ ᠲᠠᠯᠠᠪᠠᠶ ᠶᠢᠨ ᠬᠤᠷᠠᠯ ᠳᠤ ᠣᠷᠣᠯᠴᠠᠪᠠ᠃ |