ᠳ᠋ᠠ ᠯᠢ ᠱᠢ ᠠᠮᠲᠠᠲᠤ ᠰᠢᠰᠢ
ᠨᠡᠶᠢᠲᠡᠯᠡᠭᠰᠡᠨ ᠴᠠᠭ᠄
2022/3/28
      ᠳ᠋ᠠ ᠯᠢ ᠱᠢ ᠠᠮᠲᠠᠲᠤ ᠰᠢᠰᠢ ᠪᠣᠯ ᠲᠡᠵᠢᠭᠡᠯ ᠪᠣᠷᠳᠣᠭᠠᠨ ᠤ ᠬᠡᠯᠪᠡᠷᠢ ᠶᠢᠨ ᠡᠷᠯᠢᠰᠡᠵᠢᠭᠦᠯᠦᠭᠰᠡᠨ ᠠᠮᠲᠠᠲᠤ ᠰᠢᠰᠢ᠂ ᠨᠢᠭᠡ ᠨᠠᠰᠤᠲᠤ ᠦᠶᠡᠲᠦ ᠤᠷᠭᠤᠮᠠᠯ ᠤᠨ ᠢᠵᠠᠭᠤᠷ ᠤᠨ ᠲᠡᠵᠢᠭᠡᠯ ᠪᠣᠷᠳᠣᠭᠠᠨ ᠤ ᠤᠷᠭᠤᠮᠠᠯ᠂ ᠨᠢᠭᠡ ᠮᠦ ᠳ᠋ᠠ ᠯᠢ ᠱᠢ  ᠨᠢ ᠬᠤᠶᠠᠷ ᠮᠦ ᠲᠡᠵᠢᠭᠡᠯ ᠪᠣᠷᠳᠣᠭᠠᠨ ᠤ ᠡᠷᠳᠡᠨᠢ ᠰᠢᠰᠢ  ᠲᠠᠢ ᠲᠡᠩᠴᠡᠨ᠎ᠡ ᠃ ᠤᠷᠭᠤᠮᠠᠯ ᠤᠨ ᠥᠨᠳᠥᠷ  ᠨᠢ 3 - 4 ᠮᠧᠲᠷ ᠲᠤ ᠬᠦᠷᠴᠦ ᠂ ᠨᠠᠪᠴᠢ ᠨᠢ ᠶᠡᠭᠡ ᠂ ᠡᠰᠢ ᠨᠢ ᠵᠥᠭᠡᠯᠡᠨ ᠂ ᠪᠤᠳᠠᠯᠠᠬᠤ ᠴᠢᠳᠠᠪᠤᠷᠢ ᠪᠠᠷ ᠴᠢᠩᠭ᠎ᠠ ᠪᠠ ᠬᠠᠳᠤᠭᠰᠠᠨ ᠤ ᠳᠠᠷᠠᠭᠠᠬᠢ ᠳᠠᠬᠢᠨ ᠤᠷᠭᠤᠬᠤ ᠬᠤᠷᠳᠤᠴᠠ ᠨᠢ ᠲᠦᠷᠭᠡᠨ ᠵᠡᠷᠭᠡ ᠣᠨᠴᠠᠯᠢᠭ ᠲᠠᠢ ᠪᠠᠶᠢᠳᠠᠭ᠃       ᠡᠰᠡᠷᠭᠦᠴᠡᠬᠦ ᠴᠢᠳᠠᠪᠤᠷᠢ  ᠨᠢ ᠰᠠᠶᠢᠨ᠄ ᠳ᠋ᠠ ᠯᠢ ᠱᠢ ᠭᠠᠩ ᠳᠠᠭᠠᠭᠠᠬᠤ ᠴᠢᠳᠠᠪᠤᠷᠢ  ᠪᠠᠷ ᠮᠠᠰᠢ ᠴᠢᠩᠭ᠎ᠠ ᠪᠠᠶᠢᠳᠠᠭ ᠢᠶᠠᠷ ᠪᠠᠷᠠᠬᠤ ᠦᠭᠡᠢ᠂ ᠲᠡᠭᠦᠨ ᠤ ᠳᠠᠪᠤᠰᠤ ᠬᠤᠵᠢᠷ ᠲᠤ ᠲᠡᠰᠪᠦᠷᠢᠲᠡᠢ᠂ ᠲᠠᠴᠢᠷ ᠨᠢᠮᠭᠡᠨ᠂ ᠤᠰᠤᠲᠤᠯ ᠳᠤ ᠲᠡᠰᠪᠦᠷᠢᠲᠡᠢ ᠣᠨᠴᠠᠯᠢᠭ ᠨᠢ ᠮᠠᠰᠢ ᠲᠣᠪᠣᠶᠢᠮ᠎ᠠ ᠪᠠᠶᠢᠳᠠᠭ ᠪᠣᠯᠬᠤᠷ ᠵᠣᠬᠢᠴᠠᠬᠤ ᠴᠢᠨᠠᠷ ᠨᠢ ᠮᠠᠰᠢ ᠥᠷᠭᠡᠨ ᠳᠡᠯᠭᠡᠷ ᠪᠠᠶᠢᠳᠠᠭ᠃ ᠳ᠋ᠠ ᠯᠢ ᠱᠢ ᠶᠢᠨ ᠮᠦ ᠪᠦᠷᠢ ᠶᠢᠨ ᠰᠤᠷᠭᠤᠭ ᠡᠪᠡᠰᠦᠨ ᠤ ᠤᠨᠠᠯᠲᠠ ᠨᠢ 25 ᠲᠣᠨ ᠠᠴᠠ ᠳᠡᠭᠡᠭᠰᠢ ᠪᠠᠶᠢᠳᠠᠭ ᠃ ᠠᠳᠠᠯᠢᠬᠠᠨ ᠨᠥᠬᠦᠴᠡᠯ ᠳᠤ ᠳᠠᠷᠤᠰᠢᠭᠤᠯᠬᠤ ᠡᠷᠳᠡᠨᠢ ᠰᠢᠰᠢ ᠪᠠ ᠮᠧᠺᠰᠢᠺᠦ ᠶᠢᠨ ᠡᠷᠳᠡᠨᠢ ᠰᠢᠰᠢ ᠶᠢᠨ ᠤᠨᠠᠯᠲᠠ ᠠᠴᠠ ᠬᠤᠯᠠ ᠳᠠᠪᠠᠭᠰᠠᠨ ᠪᠠᠶᠢᠨ᠎ᠠ᠃ ᠳ᠋ᠠ ᠯᠢ ᠱᠢ ᠤᠯᠤᠰ ᠤᠨ ᠳᠣᠲᠣᠭᠠᠳᠤ ᠳᠤ ᠢᠯᠡᠷᠬᠡᠢ ᠡᠪᠡᠳᠴᠢᠨ ᠬᠤᠷᠣᠬᠠᠢ ᠶᠢᠨ ᠭᠠᠮᠰᠢᠭ ᠡᠭᠦᠰᠦᠭᠰᠡᠨ ᠦᠭᠡᠢ᠃       ᠰᠢᠮ᠎ᠡ ᠲᠡᠵᠢᠭᠡᠯ ᠤᠨ ᠥᠷᠲᠡᠭ ᠥᠨᠳᠥᠷ᠄ ᠳ᠋ᠠ ᠯᠢ ᠱᠢ ᠶᠢᠨ ᠡᠰᠢᠨ ᠳᠤ ᠰᠢᠬᠢᠷ ᠤᠨ ᠠᠭᠤᠯᠤᠭᠳᠠᠴᠠ ᠥᠨᠳᠥᠷ ᠲᠤᠯᠠ ᠭᠡᠷ ᠤᠨ ᠲᠡᠵᠢᠭᠡᠪᠦᠷᠢ ᠮᠠᠰᠢ ᠳᠤᠷᠠᠲᠠᠢ ᠪᠠᠶᠢᠳᠠᠭ᠃ ᠦᠶᠡᠯᠡᠬᠦ ᠬᠤᠭᠤᠴᠠᠭᠠᠨ ᠤ ᠳ᠋ᠠ ᠯᠢ ᠱᠢ ᠶᠢᠨ ᠡᠰᠢ ᠨᠠᠪᠴᠢ ᠶᠢᠨ ᠬᠠᠷᠢᠴᠠᠯ ᠨᠢ 1 ᠄ 1 ᠂ ᠪᠦᠳᠦᠭᠦᠯᠢᠭ ᠤᠭᠤᠷᠠᠭ ᠤᠨ ᠠᠭᠤᠯᠤᠭᠳᠠᠴᠠ ᠨᠢ 16% ᠣᠷᠴᠢᠮ ᠂ ᠡᠨᠧᠷᠭᠢ ᠶᠢᠨ ᠠᠭᠤᠯᠤᠭᠳᠠᠴᠠ ᠨᠢ ᠳᠠᠷᠤᠰᠢᠭᠤᠯᠤᠭᠰᠠᠨ ᠡᠷᠳᠡᠨᠢ ᠰᠢᠰᠢ ᠲᠠᠢ ᠠᠳᠠᠯᠢᠬᠠᠨ ᠂ ᠮᠠᠰᠢ ᠥᠨᠳᠥᠷ ᠰᠢᠮ᠎ᠡ ᠲᠡᠵᠢᠭᠡᠯ ᠤᠨ ᠦᠨ᠎ᠡ ᠦᠷᠲᠡᠭ ᠲᠠᠢ ᠃      ᠠᠰᠢᠭᠯᠠᠬᠤ ᠠᠷᠭ᠎ᠠ ᠬᠡᠯᠪᠡᠷᠢ ᠄ ᠳ᠋ᠠ ᠯᠢ ᠱᠢ ᠶᠢᠨ ᠡᠰᠢ ᠨᠠᠪᠴᠢ ᠪᠣᠯ ᠰᠠᠭᠠᠯᠢ ᠶᠢᠨ ᠦᠨᠢᠶ᠎ᠡ ᠂ ᠠᠯᠠᠰᠢᠨ ᠦᠬᠡᠷ ᠪᠠ ᠬᠤᠨᠢ ᠶᠢ ᠲᠡᠵᠢᠭᠡᠬᠦ ᠰᠢᠯᠢᠳᠡᠭ ᠲᠡᠵᠢᠭᠡᠯ ᠡᠪᠡᠰᠦ ᠪᠣᠯᠣᠨ᠎ᠠ ᠂ ᠥᠷᠭᠡᠨ ᠨᠠᠪᠴᠢ  ᠶᠢ  ᠨᠢ ᠠᠮᠤᠷ ᠵᠢᠭᠠᠰᠤ ᠴᠤ ᠲᠤᠶᠢᠯ ᠤᠨ ᠢᠳᠡᠬᠦ ᠳᠤᠷᠠᠲᠠᠢ ᠪᠠᠶᠢᠳᠠᠭ ᠃ ᠨᠣᠭᠤᠭᠠᠨ ᠪᠣᠷᠳᠤᠭ᠎ᠠ ᠪᠤᠶᠤ ᠳᠠᠷᠤᠰᠢᠭᠤᠯᠬᠤ ᠳᠤ ᠬᠡᠷᠡᠭᠯᠡᠵᠦ ᠪᠣᠯᠣᠨ᠎ᠠ ᠂ ᠪᠠᠰᠠ ᠬᠠᠭᠤᠷᠠᠢ ᠡᠪᠡᠰᠦ ᠪᠣᠯᠭᠠᠨ ᠨᠠᠶᠢᠷᠠᠭᠤᠯᠵᠤ ᠪᠣᠯᠣᠨ᠎ᠠ ᠃
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号