《2022 ᠣᠨ ᠤ ᠠᠩᠬᠠᠳᠠᠭᠴᠢ ᠪᠦᠯᠦᠭ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ  ᠤ ᠲᠠᠷᠢᠶᠠᠯᠠᠩ ᠤᠨ ᠮᠠᠰᠢᠨ ᠢ ᠲᠤᠷᠰᠢᠯᠲᠠ ᠪᠠᠷ ᠬᠢᠨᠠᠨ ᠲᠣᠭᠲᠠᠭᠠᠬᠤ ᠦᠶᠯᠡᠳᠬᠦᠨ ᠤ ᠲᠥᠷᠥᠯ ᠵᠦᠶᠯ  ᠤᠨ ᠵᠦᠭᠯᠡᠭᠦᠷ》 ᠢ ᠨᠡᠶᠢᠲᠡᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2022/3/29
ᠡᠯ᠎ᠡ ᠬᠠᠮᠢᠶ᠎ᠠ ᠪᠦᠬᠦᠢ ᠲᠠᠷᠢᠶᠠᠯᠠᠩ ᠤᠨ ᠮᠠᠰᠢᠨ ᠤ ᠠᠵᠤ ᠠᠬᠤᠢᠯᠠᠯ ᠳᠤ ᠄      《 ᠲᠠᠷᠢᠶᠠᠯᠠᠩ ᠤᠨ ᠮᠠᠰᠢᠨ ᠢ ᠲᠤᠷᠰᠢᠯᠲᠠ ᠪᠠᠷ ᠬᠢᠨᠠᠨ ᠲᠣᠭᠲᠠᠭᠠᠬᠤ ᠠᠷᠭ᠎ᠠ 》 ( ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠵᠠᠷᠯᠢᠭ 2018 ᠣᠨ ᠤ 3 ᠳ᠋ᠤᠭᠠᠷ ᠲᠣᠭᠠᠲᠤ ) ᠂ 《 ᠲᠠᠷᠢᠶᠠᠯᠠᠩ ᠤᠨ ᠮᠠᠰᠢᠨ ᠢ ᠲᠤᠷᠰᠢᠯᠲᠠ ᠪᠠᠷ ᠬᠢᠨᠠᠨ ᠲᠣᠭᠲᠠᠭᠠᠬᠤ ᠠᠵᠢᠯ ᠤᠨ ᠳᠦᠷᠢᠮᠵᠢᠯ 》 ( ᠲᠠᠷᠢᠶᠠᠯᠠᠩ ᠮᠠᠰᠢᠨ ᠲᠠᠷᠬᠠᠭᠠᠭᠰᠠᠨ  ﹇2019 ﹈ 3 ᠳ᠋ᠤᠭᠠᠷ ᠲᠣᠭᠠᠲᠤ ) ᠂ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ  ᠤᠨ ᠮᠠᠰᠢᠨ ᠤ ᠳᠡᠯᠭᠡᠷᠡᠭᠦᠯᠦᠯᠲᠡ ᠶᠢᠨ ᠬᠢᠨᠠᠨ ᠲᠤᠭᠲᠠᠭᠠᠭᠯᠲᠠ ᠶᠢᠨ ᠬᠡᠷᠡᠭᠵᠢᠭᠦᠯᠬᠦ ᠨᠠᠷᠢᠨ ᠲᠦᠷᠢᠮ 》 ( ᠥᠪᠥᠷ ᠲᠠᠷᠢᠶᠠᠯᠠᠩ ᠮᠠᠰᠢᠨ ᠬᠢᠨᠠᠨ ᠲᠠᠷᠬᠠᠭᠠᠭᠰᠠᠨ ﹇2019 ﹈ 15 ᠳ᠋ᠤᠭᠠᠷ ᠲᠣᠭᠠᠲᠤ ) ᠵᠢᠴᠢ 《 ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠤ ᠲᠤᠰᠬᠠᠢ ᠵᠦᠢᠯ ᠤᠨ ᠬᠢᠨᠠᠨ ᠲᠤᠭᠲᠠᠭᠠᠭᠯᠲᠠ  ᠶᠢᠨ ᠬᠡᠷᠡᠭᠵᠢᠭᠦᠯᠬᠦ ᠨᠠᠷᠢᠨ ᠲᠦᠷᠢᠮ 》 ( ᠥᠪᠥᠷ ᠲᠠᠷᠢᠶᠠᠯᠠᠩ ᠮᠠᠰᠢᠨ ᠬᠢᠨᠠᠨ ᠲᠠᠷᠬᠠᠭᠠᠭᠰᠠᠨ ﹇2019 ﹈ 17 ᠳ᠋ᠤᠭᠠᠷ ᠲᠣᠭᠠᠲᠤ )  ᠤᠨ ᠲᠣᠭᠲᠠᠭᠠᠯ ᠂ 《 ᠤᠯᠤᠰ ᠠᠴᠠ ᠳᠠᠮᠵᠢᠵᠤ ᠪᠠᠶᠢᠭ᠎ᠠ ᠳᠡᠯᠭᠡᠷᠡᠭᠦᠯᠬᠦ ᠶᠢ ᠬᠢᠨᠠᠨ ᠲᠤᠭᠲᠠᠭᠠᠭᠰᠠᠨ ᠦᠶᠯᠡᠳᠬᠦᠨ ᠤ ᠵᠦᠭᠯᠡᠭᠦᠷ 》 ᠪᠠ ᠥᠪᠡᠷᠲᠡᠭᠡᠨ ᠵᠠᠰᠠᠬᠤ ᠣᠷᠣᠨ ᠤ ᠣᠳᠣ ᠶᠢᠨ ᠪᠠᠶᠢᠭ᠎ᠠ ᠬᠢᠨᠠᠨ ᠲᠣᠭᠲᠠᠭᠠᠬᠤ ᠴᠢᠳᠠᠪᠤᠷᠢ ᠲᠠᠢ ᠤᠶᠠᠯᠳᠣᠭᠤᠯᠣᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠵᠥᠪᠰᠢᠶᠡᠷᠡᠯ ᠢᠶᠠᠷ ᠂ ᠡᠳᠦᠭᠡ 《 2022 ᠣᠨ ᠤ ᠠᠩᠬᠠᠳᠠᠭᠴᠢ ᠪᠦᠯᠦᠭ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠢ ᠲᠤᠷᠰᠢᠯᠲᠠ ᠪᠠᠷ ᠬᠢᠨᠠᠨ ᠲᠣᠭᠲᠠᠭᠠᠬᠤ ᠦᠶᠯᠡᠳᠬᠦᠨ ᠤ ᠲᠥᠷᠥᠯ ᠵᠦᠶᠯ ᠤᠨ ᠵᠦᠭᠯᠡᠭᠦᠷ 》 ᠢ ᠨᠡᠶᠢᠲᠡᠯᠡᠬᠦ ᠶᠢᠨ ᠬᠠᠮᠲᠤ ᠲᠣᠰ ᠡᠳᠦᠷ ᠠᠴᠠ ᠡᠬᠢᠯᠡᠨ ᠬᠡᠷᠡᠭᠵᠢᠭᠦᠯᠵᠦ᠂ 2021 ᠣᠨ ᠳᠤ ᠨᠡᠶᠢᠲᠡᠯᠡᠭᠰᠡᠨ ᠵᠦᠭᠯᠡᠭᠦᠷ ᠢ ᠲᠣᠰ ᠡᠳᠦᠷ  ᠠᠴᠠ ᠡᠬᠢᠯᠡᠨ ᠬᠦᠴᠦᠨ ᠥᠬᠡᠶ ᠪᠣᠯᠭᠠᠨ᠎ᠠ᠃ ᠲᠠᠷᠢᠶᠠᠯᠠᠩ ᠤᠨ ᠮᠠᠰᠢᠨ ᠤ ᠠᠵᠤ ᠠᠬᠤᠶᠢᠯᠠᠯ ᠨᠢ ᠳᠡᠭᠡᠷᠡᠬᠢ ᠪᠢᠴᠢᠭ ᠮᠠᠲ᠋ᠧᠷᠢᠶᠠᠯ ᠢ ᠦᠨᠳᠦᠰᠦᠯᠡᠨ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠰᠦᠯᠵᠢᠶ᠎ᠡ( http://zwfw.nmg.gov.cn ) ᠳᠡᠭᠡᠷ᠎ᠡ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠢᠶᠠᠨ ᠲᠤᠷᠰᠢᠯᠲᠠ ᠪᠠᠷ ᠬᠢᠨᠠᠨ ᠲᠤᠭᠲᠠᠭᠠᠯᠭᠠᠬᠤ ( ᠳᠡᠯᠭᠡᠷᠡᠭᠦᠯᠦᠯᠲᠡ ᠶᠢᠨ ᠬᠢᠨᠠᠨ ᠲᠣᠭᠲᠠᠭᠠᠯᠲᠠ᠂ ᠲᠤᠰᠬᠠᠶ ᠵᠦᠶᠯ ᠤᠨ ᠬᠢᠨᠠᠨ ᠲᠣᠭᠲᠠᠭᠠᠯᠲᠠ ᠪᠠ ᠦᠨᠡᠮᠯᠡᠯ ᠤᠨ ᠬᠤᠭᠤᠴᠠᠭ᠎ᠠ ᠲᠤᠯᠤᠭᠰᠠᠨ ᠠᠴᠠ ᠦᠨᠡᠮᠯᠡᠯ ᠢᠶᠠᠨ ᠰᠣᠯᠢᠬᠤ ᠶᠢ ᠪᠠᠭᠲᠠᠭᠠᠨ᠎ᠠ ) ᠪᠠᠷ ᠭᠤᠶᠤᠴᠢᠯᠠᠵᠤ ᠪᠣᠯᠤᠨ᠎ᠠ᠃      ᠲᠤᠰᠬᠠᠶ ᠵᠦᠶᠯ ᠤᠨ ᠬᠢᠨᠠᠨ ᠲᠣᠭᠲᠠᠭᠠᠯᠲᠠ ᠬᠢᠯᠭᠡᠬᠦ ᠪᠠᠷ ᠮᠡᠳᠡᠭᠦᠯᠬᠦ ᠦᠶ᠎ᠡ ᠳᠤ᠂ ᠬᠥᠲᠥᠯᠪᠦᠷᠢ ᠶᠢᠨ ᠱᠠᠭᠠᠷᠳᠠᠯᠭ᠎ᠠ ᠳᠤ ᠨᠡᠶᠢᠴᠡᠭᠰᠡᠨ ᠰᠢᠨ᠎ᠡ ᠶᠢ ᠡᠭᠦᠳᠬᠦ ᠴᠢᠨᠠᠷᠲᠠᠶ ᠭᠡᠷᠡᠴᠢᠯᠡᠬᠦ ᠪᠢᠴᠢᠭ ᠮᠠᠲ᠋ᠧᠷᠢᠶᠠᠯ ᠢ ᠬᠡᠷᠡᠭᠯᠡᠭᠴᠢ ᠶᠢᠨ ᠨᠡᠷᠡᠰ ᠤᠨ ᠭᠠᠵᠠᠷ ᠲᠤ ᠳᠠᠮᠵᠢᠭᠤᠯᠵᠤ᠂ ᠬᠥᠲᠥᠯᠪᠦᠷᠢ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠭᠰᠡᠨ ᠮᠡᠳᠡᠭᠦᠯᠦᠯᠲᠡ ᠪᠤᠶᠤ ᠦᠶᠯᠡᠳᠬᠦᠨ ᠤ ᠬᠡᠷᠡᠭᠯᠡᠭᠡᠨ ᠤ ᠮᠡᠳᠡᠭᠦᠯᠦᠯᠲᠡ (ᠪᠠᠶᠢᠬᠤ ᠳᠤ ᠭᠦᠷᠪᠡᠯ)  ᠶᠢ ᠰᠢᠨ᠎ᠡ ᠶᠢ ᠡᠭᠦᠳᠬᠦ ᠴᠢᠨᠠᠷᠲᠠᠶ ᠭᠡᠷᠡᠴᠢᠯᠡᠬᠦ ᠪᠢᠴᠢᠭ ᠮᠠᠲ᠋ᠧᠷᠢᠶᠠᠯ ᠲᠠᠢ ᠨᠡᠶᠢᠯᠡᠭᠦᠯᠦᠨ ᠳᠡᠭᠡᠭᠰᠢ ᠳᠠᠮᠵᠢᠭᠤᠯᠤᠨ᠎ᠠ᠃ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠢ ᠲᠤᠷᠰᠢᠯᠲᠠ ᠪᠠᠷ ᠬᠢᠨᠠᠨ ᠲᠣᠭᠲᠠᠭᠠᠯᠭᠠᠬᠤ ᠭᠤᠶᠤᠴᠢᠯᠠᠯ ᠤᠨ ᠬᠦᠰᠦᠨᠦᠭ 》᠂ 《 ᠬᠡᠷᠡᠭᠯᠡᠭᠴᠢ ᠶᠢᠨ ᠨᠡᠷᠡᠰ 》 ᠢ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠰᠦᠯᠵᠢᠶᠡᠨ ᠠᠴᠠ ᠬᠤᠭᠤᠰᠣᠨ ᠥᠯᠢᠭᠡᠷ ᠬᠦᠰᠦᠨᠦᠭ ᠢ ᠪᠠᠭᠤᠯᠭᠠᠵᠤ᠂ ᠪᠤᠰᠤᠳ ᠮᠠᠲ᠋ᠧᠷᠢᠶᠠᠯ ᠢ ᠲᠤᠷᠰᠢᠯᠲᠠ ᠪᠠᠷ ᠬᠢᠨᠠᠨ ᠲᠣᠭᠲᠠᠭᠠᠬᠤ ᠶᠢᠨ ᠲᠥᠷᠥᠯ ᠬᠡᠯᠪᠡᠷᠢ ᠪᠠ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠰᠦᠯᠵᠢᠶ᠎ᠡ ᠶᠢᠨ ᠱᠠᠭᠠᠷᠳᠠᠯᠭ᠎ᠠ ᠶᠣᠰᠣᠭᠠᠷ ᠪᠡᠯᠡᠳᠬᠡᠵᠦ᠂ ᠬᠠᠷᠠᠭᠠᠯᠵᠠᠭᠰᠠᠨ ᠪᠤᠯᠤᠩ ᠳᠤ ᠬᠠᠮᠢᠶ᠎ᠠ ᠪᠥᠬᠦᠶ ᠮᠠᠲ᠋ᠧᠷᠢᠶᠠᠯ ᠢ ᠳᠠᠮᠵᠢᠭᠤᠯᠬᠤ ᠬᠡᠷᠡᠭᠲᠡᠶ᠃ ᠳᠡᠯᠭᠡᠷᠡᠭᠦᠯᠦᠯᠲᠡ ᠶᠢᠨ ᠬᠢᠨᠠᠨ ᠲᠣᠭᠲᠠᠭᠠᠯᠲᠠ ᠪᠠ ᠲᠤᠰᠬᠠᠶ ᠵᠦᠢᠯ ᠤᠨ ᠬᠢᠨᠠᠨ ᠲᠣᠭᠲᠠᠭᠠᠯᠲᠠ ᠬᠢᠯᠭᠡᠬᠦ  ᠳᠤ᠂ ᠴᠠᠭᠠᠰᠤᠨ ᠮᠠᠲ᠋ᠧᠷᠢᠶᠠᠯ ᠤᠨ ᠭᠤᠶᠤᠴᠢᠯᠠᠬᠤ ᠬᠦᠰᠦᠨᠦᠭ ᠪᠠ ᠦᠶᠯᠡᠳᠬᠦᠨ ᠤ ᠲᠣᠳᠣᠷᠬᠠᠶᠢᠯᠠᠯᠲᠠ ᠶᠢᠨ ᠪᠢᠴᠢᠭ ᠢᠶᠠᠨ ᠰᠢᠦᠳᠠᠨ ᠢᠶᠠᠷ ᠢᠯᠡᠭᠡᠬᠦ ᠴᠢᠬᠤᠯᠠᠲᠠᠶ᠃      ᠥᠪᠡᠷᠲᠡᠭᠡᠨ ᠵᠠᠰᠠᠬᠤ ᠣᠷᠣᠨ ᠤ ᠳᠡᠯᠭᠡᠷᠡᠭᠦᠯᠦᠯᠲᠡ ᠶᠢᠨ ᠬᠢᠨᠠᠨ ᠲᠣᠭᠲᠠᠭᠠᠯᠲᠠ ᠶᠢᠨ ᠦᠨᠡᠮᠯᠡᠯ  ᠨᠢ 2022 ᠣᠨ ᠤ 12 ᠰᠠᠷ᠎ᠠ ᠶᠢᠨ 31 ᠤ ᠡᠳᠦᠷ ᠬᠤᠭᠤᠴᠠᠭ᠎ᠠ ᠨᠢ ᠲᠤᠯᠤᠪᠠᠯ ᠂ 2022 ᠣᠨ ᠤ 6 ᠰᠠᠷ᠎ᠠ ᠶᠢᠨ 30 ᠤ ᠡᠳᠦᠷ ᠠᠴᠠ ᠡᠮᠦᠨ᠎ᠡ ᠦᠨᠡᠮᠯᠡᠯ ᠰᠣᠯᠢᠬᠤ ᠪᠠᠷ ᠭᠤᠶᠤᠴᠢᠯᠠᠨ ᠮᠡᠳᠡᠭᠦᠯᠬᠦ ᠬᠡᠷᠡᠭᠲᠡᠶ᠂ ᠬᠡᠷᠪᠡ  ᠲᠠᠭᠤᠰᠬᠤ ᠡᠳᠦᠷ  ᠠᠴᠠ ᠡᠮᠦᠨ᠎ᠡ ᠭᠤᠶᠤᠴᠢᠯᠠᠨ ᠮᠡᠳᠡᠭᠦᠯᠦᠭᠰᠡᠨ ᠥᠬᠡᠶ ᠪᠠᠶᠢᠪᠠᠯ ᠳᠠᠭᠢᠵᠤ ᠭᠥᠯᠢᠶᠡᠨ ᠠᠪᠴᠤ ᠰᠢᠶᠳᠪᠦᠷᠢᠯᠡᠬᠦ ᠥᠬᠡᠶ᠃ ᠳᠡᠯᠭᠡᠷᠡᠭᠦᠯᠦᠯᠲᠡ ᠶᠢᠨ ᠬᠢᠨᠠᠨ ᠲᠣᠭᠲᠠᠭᠠᠯᠲᠠ ᠶᠢᠨ ᠦᠨᠡᠮᠯᠡᠯ ᠤᠨ ᠬᠤᠭᠤᠴᠠᠭ᠎ᠠ  ᠨᠢ ᠲᠤᠯᠵᠤ ᠦᠨᠡᠮᠯᠡᠯ ᠰᠣᠯᠢᠬᠤ ᠦᠶᠯᠡᠳᠬᠦᠨ ᠲᠣᠰ ᠵᠦᠭᠯᠡᠭᠦᠷ ᠲᠤ ᠬᠢᠵᠠᠭᠠᠷᠯᠠᠭᠳᠠᠬᠤ ᠥᠬᠡᠶ᠂ ᠭᠡᠪᠡᠴᠦ ᠣᠲᠣ ᠶᠢᠨ ᠬᠡᠷᠡᠭᠵᠢᠭᠦᠯᠵᠦ ᠪᠠᠶᠢᠭ᠎ᠠ ᠬᠦᠴᠦᠨ ᠪᠥᠬᠦᠶ ᠬᠥᠲᠥᠯᠪᠦᠷᠢ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠂ ᠭᠤᠶᠤᠴᠢᠯᠠᠬᠤ ᠦᠶ᠎ᠡ ᠳᠤ ᠦᠶᠯᠡᠳᠬᠦᠨ ᠤ ᠲᠥᠷᠥᠯ ᠢᠯᠭᠠᠯ ᠪᠠ ᠦᠶᠯᠡᠳᠬᠦᠨ ᠤ ᠲᠥᠷᠥᠯ ᠵᠦᠶᠯ ᠢ ᠲᠠᠭᠯᠠᠨ ᠪᠢᠴᠢᠬᠦ ᠳᠤ ᠪᠠᠨ ᠪᠥᠬᠦ ᠤᠯᠤᠰ  ᠤᠨ ᠲᠠᠷᠢᠶᠠᠯᠠᠩ ᠤᠨ ᠮᠠᠰᠢᠨ ᠢ ᠲᠤᠷᠰᠢᠯᠲᠠ ᠪᠠᠷ ᠬᠢᠨᠠᠨ ᠲᠤᠭᠲᠠᠭᠠᠬᠤ ᠬᠠᠮᠢᠶᠠᠷᠤᠯᠲᠠ ᠶᠢᠨ ᠦᠶᠯᠡᠴᠢᠯᠡᠭᠡᠨ ᠤ ᠮᠡᠳᠡᠭᠡ ᠵᠠᠩᠭᠢᠵᠢᠯᠲᠠ ᠶᠢᠨ ᠲᠠᠪᠴᠠᠩ ( http://202.127.42.49:8080/nongji/front/main/index0.do ) ᠳᠤ ᠨᠡᠶᠢᠲᠡᠯᠡᠭᠰᠡᠨ ᠲᠠᠢ ᠨᠢᠭᠡᠳᠦᠯᠲᠡᠶ ᠪᠠᠶᠢᠬᠤ ᠬᠡᠷᠡᠭᠲᠡᠶ᠃ ᠡᠭᠦᠨ ᠤ ᠬᠠᠮᠲᠤ᠂ ᠦᠨᠡᠮᠯᠡᠯ ᠰᠣᠯᠢᠬᠤ ᠪᠠᠷ ᠭᠤᠶᠤᠴᠢᠯᠠᠨ ᠮᠡᠳᠡᠭᠦᠯᠬᠦ ᠦᠶ᠎ᠡ ᠳᠤ ᠴᠠᠭᠠᠰᠤᠨ ᠮᠠᠲ᠋ᠧᠷᠢᠶᠠᠯ  ᠤᠨ ᠭᠤᠶᠤᠴᠢᠯᠠᠬᠤ ᠬᠦᠰᠦᠨᠦᠭ ᠪᠠ ᠠᠵᠤ ᠠᠬᠤᠶᠢᠯᠠᠯ ᠤᠨ ᠦᠪᠡᠷ ᠤᠨ ᠢᠯᠡᠷᠬᠡᠶᠢᠯᠡᠯᠲᠡ ᠪᠠᠨ ᠰᠢᠤᠳᠠᠨ ᠢᠶᠠᠷ ᠢᠯᠡᠭᠡᠬᠦ ᠶᠢ ᠠᠩᠬᠠᠷᠬᠤ ᠬᠡᠷᠡᠭᠲᠡᠶ ( ᠳᠠᠭᠠᠯᠳᠤᠭᠤᠯᠤᠯ 2 ᠳᠤ ᠦᠵᠡᠭᠡᠷᠡᠢ )  ᠃ ᠡᠭᠦᠨ ᠠᠴᠠ ᠭᠠᠳᠠᠨ᠎ᠠ᠂ ᠦᠨᠡᠮᠯᠡᠯ ᠤᠨ ᠮᠡᠳᠡᠭᠡ ᠵᠠᠩᠭᠢ ᠳᠤ ᠬᠤᠪᠢᠷᠠᠯᠲᠠ ᠭᠠᠷᠤᠭᠰᠠᠨ ᠪᠠᠶᠢᠪᠠᠯ ᠬᠤᠪᠢᠷᠠᠯᠲᠠ ᠭᠠᠷᠤᠭᠰᠠᠨ ᠡᠳᠦᠷ ᠠᠴᠠ ᠡᠬᠢᠯᠡᠨ 3 ᠰᠠᠷ᠎ᠠ ᠶᠢᠨ ᠳᠣᠲᠣᠷ᠎ᠠ ᠬᠤᠪᠢᠷᠠᠭᠤᠯᠬᠤ ᠪᠠᠷ ᠭᠤᠶᠤᠴᠢᠯᠠᠨ ᠮᠡᠳᠡᠭᠦᠯᠬᠦ ᠬᠡᠷᠡᠭᠲᠡᠶ᠂ ᠭᠤᠶᠤᠴᠢᠯᠠᠨ ᠮᠡᠳᠡᠭᠦᠯᠦᠭᠰᠡᠨ ᠥᠬᠡᠶ ᠪᠣᠯ ᠬᠦᠴᠦᠨ ᠥᠬᠡᠶ ᠪᠣᠯᠭᠠᠨ᠎ᠠ᠃      ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠰᠦᠯᠵᠢᠶ᠎ᠡ ᠶᠢᠨ ᠠᠰᠠᠭᠤᠨ ᠯᠠᠪᠯᠠᠬᠤ ᠤᠲᠠᠰᠤ᠄ 0471-5332462       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠢ ᠲᠤᠷᠰᠢᠯᠲᠠ ᠪᠠᠷ ᠬᠢᠨᠠᠨ ᠲᠣᠭᠲᠠᠭᠠᠬᠤ ᠥᠷᠲᠡᠭᠡ ᠶᠢᠨ ᠠᠰᠠᠭᠤᠨ ᠯᠠᠪᠯᠠᠬᠤ ᠤᠲᠠᠰᠤ᠄ 0471-4314387      ᠮᠠᠲ᠋ᠧᠷᠢᠶᠠᠯ ᠢᠯᠡᠭᠡᠬᠦ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠴᠡᠯᠡᠭᠡᠷ ᠲᠠᠯ᠎ᠠ ᠶᠡᠭᠡ ᠵᠡᠭᠡᠯᠢ ᠬᠢᠭᠡᠳ ᠸᠠᠨ ᠲᠦᠩ ᠵᠠᠮ ᠤᠨ ᠠᠭᠤᠯᠵᠠᠷ ᠤᠨ ᠵᠡᠭᠦᠨ ᠡᠮᠦᠨ᠎ᠡ ᠥᠨᠴᠥᠭ      ᠬᠦᠯᠢᠶᠡᠨ ᠠᠪᠤᠬᠴᠢ ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ 13 ᠳ᠋ᠤᠭᠠᠷ ᠳᠠᠪᠬᠤᠷᠭ᠎ᠠ ᠶᠢᠨ 27 ᠳ᠋ᠤᠭᠠᠷ ᠴᠣᠩᠬᠤᠪᠴᠢ ᠶᠢᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ      ᠬᠦᠯᠢᠶᠡᠨ ᠠᠪᠤᠭᠴᠢ  ᠶᠢᠨ ᠤᠲᠠᠰᠤ᠄ 0471-5332462       ᠳᠠᠭᠠᠯᠳᠣᠭᠤᠯᠣᠯ᠄《 2022 ᠣᠨ ᠤ ᠠᠩᠬᠠᠳᠠᠭᠴᠢ ᠪᠦᠯᠦᠭ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠢ ᠲᠤᠷᠰᠢᠯᠲᠠ ᠪᠠᠷ ᠬᠢᠨᠠᠨ ᠲᠣᠭᠲᠠᠭᠠᠬᠤ ᠦᠶᠯᠡᠳᠬᠦᠨ ᠤ ᠲᠥᠷᠥᠯ ᠵᠦᠶᠯ ᠤᠨ ᠵᠦᠭᠯᠡᠭᠦᠷ 》 ᠢ ᠨᠡᠶᠢᠲᠡᠯᠡᠬᠦ ᠲᠤᠬᠠᠶ ᠮᠡᠳᠡᠭᠳᠡᠯ                ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ               ᠮᠠᠯ ᠠᠵᠤ ᠠᠬᠤᠶ ᠶᠢᠨ ᠮᠠᠰᠢᠨ ᠢ ᠲᠤᠷᠰᠢᠯᠲᠠ ᠪᠠᠷ ᠬᠢᠨᠠᠨ ᠲᠣᠭᠲᠠᠭᠠᠬᠤ ᠥᠷᠲᠡᠭᠡ                              2022 ᠣᠨ ᠤ 3 ᠰᠠᠷ᠎ᠠ ᠶᠢᠨ 25 ᠤ ᠡᠳᠦᠷ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号