ᠥᠪᠥᠷ ᠵᠠᠰᠠᠭ ᠲᠠᠷᠬᠠᠭᠠᠭᠰᠠᠨ ︹2021︺ 8 ᠳ᠋ᠤᠭᠠᠷ ᠲᠣᠭᠠᠲᠤ | 2021 ᠣᠨ ᠤ 8 ᠳ᠋ᠤᠭᠠᠷ ᠰᠠᠷ᠎ᠠ ᠶᠢᠨ 30 ᠤ ᠡᠳᠦᠷ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢᠨ ᠭᠠᠶᠢᠯᠢ | ᠲᠠᠲᠠᠪᠤᠷᠢᠯᠠᠬᠤ ᠠᠵᠢᠯᠯᠠᠭ᠎ᠠ ᠶᠢ ᠵᠢᠷᠤᠮᠵᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠠᠴᠠ ᠰᠤᠳᠤᠯᠵᠤ ᠲᠣᠭᠲᠠᠭᠠᠬᠤ ᠪᠠᠷ ᠳᠠᠮᠵᠢᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠬᠤᠲᠠ ᠶᠢᠨ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢᠨ ᠭᠠᠶᠢᠯᠢ ᠶᠢᠨ ᠬᠠᠤᠯᠢ︾ ᠶᠢᠨ | ᠳᠥᠷᠪᠡᠳᠦᠭᠡᠷ ᠵᠦᠢᠯ ᠤᠨ ᠨᠢᠭᠡᠳᠦᠭᠡᠷ ᠵᠤᠷᠪᠤᠰ ᠲᠤ ᠬᠡᠯᠡᠵᠦ ᠪᠠᠶᠢᠭ᠎ᠠ ᠭᠠᠶᠢᠯᠢ ᠲᠤᠰᠢᠶᠠᠭᠴᠢ ᠶᠢᠨ ᠪᠠᠶᠢᠭ᠎ᠠ | ᠭᠠᠵᠠᠷ ᠤᠨ ᠪᠣᠳᠠᠲᠠᠶ ᠭᠠᠵᠠᠷ ᠢ ᠳᠣᠤᠷᠠᠬᠢ ᠲᠣᠭᠲᠠᠭᠠᠯ ᠶᠣᠰᠣᠭᠠᠷ ᠲᠣᠭᠲᠠᠭᠠᠪᠠ᠃ | ᠨᠢᠭᠡ᠂ ᠭᠠᠶᠢᠯᠢ ᠶᠢᠨ ᠶᠠᠪᠤᠳᠠᠯ ᠤᠨ ᠳᠡᠩᠰᠡᠯᠡᠯᠲᠡ ᠬᠢᠯᠭᠡᠭᠰᠡᠨ ᠭᠠᠶᠢᠯᠢ ᠲᠤᠰᠢᠶᠠᠭᠴᠢ ᠪᠦᠬᠦᠨ ᠤ ᠬᠤᠲᠠ ᠶᠢᠨ | ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢᠨ ᠭᠠᠶᠢᠯᠢ ᠶᠢᠨ ᠭᠠᠶᠢᠯᠢ ᠲᠤᠰᠢᠶᠠᠭᠴᠢ ᠶᠢᠨ ᠪᠠᠶᠢᠭ᠎ᠠ ᠭᠠᠵᠠᠷ ᠢ | ᠭᠠᠶᠢᠯᠢ ᠶᠢᠨ ᠶᠠᠪᠤᠳᠠᠯ ᠤᠨ ᠪᠦᠷᠢᠳᠭᠡᠨ ᠳᠠᠩᠰᠠᠯᠠᠭᠤᠯᠤᠭᠰᠠᠨ ᠭᠠᠵᠠᠷ ᠢᠶᠠᠷ ᠨᠢ ᠲᠣᠭᠲᠠᠭᠠᠨ᠎ᠠ᠃ ᠭᠠᠶᠢᠯᠢ ᠶᠢᠨ | ᠶᠠᠪᠤᠳᠠᠯ ᠤᠨ ᠳᠡᠩᠰᠡᠯᠡᠯᠲᠡ ᠬᠢᠯᠭᠡᠭᠰᠡᠨ ᠥᠬᠡᠶ ᠭᠠᠶᠢᠯᠢ ᠲᠤᠰᠢᠶᠠᠭᠴᠢ ᠪᠦᠬᠦᠨ ᠤ ᠬᠤᠲᠠ ᠶᠢᠨ ᠬᠠᠮᠠᠭᠠᠯᠠᠯᠲᠠ | ᠪᠥᠲᠥᠭᠡᠨ ᠪᠠᠶᠢᠭᠤᠯᠤᠯᠲᠠ ᠶᠢᠨ ᠭᠠᠶᠢᠯᠢ ᠶᠢᠨ ᠭᠠᠶᠢᠯᠢ ᠲᠤᠰᠢᠶᠠᠭᠴᠢ ᠶᠢᠨ ᠪᠠᠶᠢᠭ᠎ᠠ ᠭᠠᠵᠠᠷ ᠢ ᠲᠡᠭᠦᠨ ᠤ ᠥᠷᠲᠡᠭ | ᠨᠡᠮᠡᠭᠳᠡᠯ ᠤᠨ ᠭᠠᠶᠢᠯᠢ᠂ ᠬᠡᠷᠡᠭᠯᠡᠭᠡᠨ ᠤ ᠭᠠᠶᠢᠯᠢ ᠶᠢ ᠪᠣᠳᠠᠲᠠᠶ ᠲᠤᠰᠢᠶᠠᠭᠰᠠᠨ ᠭᠠᠵᠠᠷ ᠢᠶᠠᠷ ᠨᠢ ᠲᠣᠭᠲᠠᠭᠠᠨ᠎ᠠ᠃ | ᠬᠤᠶᠠᠷ᠂ ᠦᠷᠳᠡᠭ ᠨᠡᠮᠡᠭᠳᠡᠯ ᠤᠨ ᠭᠠᠶᠢᠯᠢ ᠪᠠ ᠬᠡᠷᠡᠭᠯᠡᠭᠡᠨ ᠤ ᠭᠠᠶᠢᠯᠢ ᠶᠢ ᠣᠷᠣᠯᠠᠨ ᠰᠠᠭᠤᠯᠭᠠᠵᠤ ᠣᠷᠣᠯᠠᠨ | ᠲᠤᠰᠢᠶᠠᠬᠤ᠂ ᠣᠷᠣᠯᠠᠨ ᠬᠤᠷᠢᠶᠠᠵᠤ ᠣᠷᠣᠯᠠᠨ ᠲᠤᠰᠢᠶᠠᠬᠤ ᠨᠢᠭᠡᠴᠢ ᠪᠠ ᠬᠤᠪᠢ ᠬᠥᠮᠦᠨ ᠤ ᠪᠣᠯ ᠦᠷᠳᠡᠭ | ᠨᠡᠮᠡᠭᠳᠡᠯ ᠤᠨ ᠭᠠᠶᠢᠯᠢ᠂ ᠬᠡᠷᠡᠭᠯᠡᠭᠡᠨ ᠤ ᠭᠠᠶᠢᠯᠢ ᠶᠢ ᠣᠷᠣᠯᠠᠨ ᠰᠠᠭᠤᠯᠭᠠᠵᠤ ᠣᠷᠣᠯᠠᠨ ᠲᠤᠰᠢᠶᠠᠭᠰᠠᠨ᠂ ᠣᠷᠣᠯᠠᠨ | ᠬᠤᠷᠢᠶᠠᠵᠤ ᠣᠷᠣᠯᠠᠨ ᠲᠤᠰᠢᠶᠠᠭᠰᠠᠨ ᠭᠠᠵᠠᠷ ᠢᠶᠠᠷ ᠨᠢ ᠲᠣᠭᠲᠠᠭᠠᠨ᠎ᠠ︔ ᠰᠢᠯᠵᠢᠩᠭᠦᠢ ᠡᠵᠡᠩᠨᠡᠯᠲᠡ ᠬᠢᠵᠦ ᠪᠠᠶᠢᠭ᠎ᠠ | ᠵᠡᠷᠭᠡ ᠲᠣᠭᠲᠠᠮᠠᠯ ᠭᠠᠶᠢᠯᠢ ᠲᠤᠰᠢᠶᠠᠬᠤ ᠭᠠᠵᠠᠷ ᠦᠭᠡᠢ ᠨᠢᠭᠡᠴᠢ ᠪᠠ ᠬᠤᠪᠢ ᠬᠥᠮᠦᠨ ᠤ ᠪᠣᠯ ᠦᠷᠳᠡᠭ ᠨᠡᠮᠡᠭᠳᠡᠯ ᠤᠨ | ᠭᠠᠶᠢᠯᠢ᠂ ᠬᠡᠷᠡᠭᠯᠡᠭᠡᠨ ᠤ ᠭᠠᠶᠢᠯᠢ ᠪᠣᠳᠠᠲᠠᠶ ᠲᠤᠰᠢᠶᠠᠭᠰᠠᠨ ᠭᠠᠵᠠᠷ ᠢᠶᠠᠷ ᠨᠢ ᠲᠣᠭᠲᠠᠭᠠᠨ᠎ᠠ᠃ | ᠭᠤᠷᠪᠠ᠂ ᠭᠠᠶᠢᠯᠢ ᠲᠤᠰᠢᠶᠠᠭᠴᠢ ᠨᠢ ᠭᠠᠵᠠᠷ ᠣᠷᠣᠨ ᠠᠯᠤᠰᠯᠠᠨ ᠪᠠᠷᠢᠯᠭ᠎ᠠ ᠶᠢᠨ ᠦᠢᠯᠡᠴᠢᠯᠡᠭᠡ ᠬᠠᠩᠭᠠᠬᠤ᠂ | ᠦᠯᠦ ᠬᠥᠳᠡᠯᠬᠦ ᠬᠦᠷᠦᠩᠭᠡ ᠪᠣᠷᠣᠯᠠᠭᠤᠯᠬᠤ ᠪᠠ ᠲᠦᠷᠢᠶᠡᠰᠦᠯᠡᠭᠦᠯᠪᠡᠯ᠂ ᠪᠠᠷᠢᠯᠭ᠎ᠠ ᠶᠢᠨ ᠦᠢᠯᠡᠴᠢᠯᠡᠭᠡ ᠡᠭᠦᠰᠦᠭᠰᠡᠨ | ᠭᠠᠵᠠᠷ᠂ ᠦᠯᠦ ᠬᠥᠳᠡᠯᠬᠦ ᠬᠦᠷᠦᠩᠭᠡ ᠶᠢᠨ ᠪᠠᠶᠢᠭ᠎ᠠ ᠭᠠᠵᠠᠷ ᠲᠤ ᠦᠷᠳᠡᠭ ᠨᠡᠮᠡᠭᠳᠡᠯ ᠤᠨ ᠭᠠᠶᠢᠯᠢ ᠶᠢ ᠤᠷᠢᠳᠴᠢᠯᠠᠨ | ᠲᠤᠰᠢᠶᠠᠬᠤ ᠳᠤ ᠪᠠᠨ᠂ ᠤᠷᠢᠳᠴᠢᠯᠠᠨ ᠲᠤᠰᠢᠶᠠᠬᠤ ᠦᠷᠳᠡᠭ ᠨᠡᠮᠡᠭᠳᠡᠯ ᠤᠨ ᠭᠠᠶᠢᠯᠢ ᠶᠢᠨ ᠭᠠᠶᠢᠯᠢ ᠶᠢᠨ ᠲᠤᠭ᠎ᠠ ᠪᠠᠷ | ᠭᠠᠶᠢᠯᠢ ᠪᠤᠳᠤᠬᠤ ᠦᠨᠳᠦᠰᠦᠯᠡᠯ ᠪᠣᠯᠭᠠᠬᠤ ᠶᠢᠨ ᠬᠠᠮᠲᠤ᠂ ᠦᠷᠳᠡᠭ ᠨᠡᠮᠡᠭᠳᠡᠯ ᠤᠨ ᠭᠠᠶᠢᠯᠢ ᠶᠢ ᠤᠷᠢᠳᠴᠢᠯᠠᠨ | ᠲᠤᠰᠢᠶᠠᠬᠤ ᠭᠠᠵᠠᠷ ᠤᠨ ᠬᠤᠳᠠ ᠶᠢᠨ ᠬᠠᠮᠠᠭᠠᠯᠠᠯᠲᠠ ᠪᠦᠳᠦᠭᠡᠨ ᠪᠠᠶᠢᠭᠤᠯᠤᠯᠲᠠ ᠶᠢᠨ ᠭᠠᠶᠢᠯᠢ ᠶᠢᠨ ᠲᠣᠬᠢᠷᠠᠭᠤᠯᠤᠨ | ᠬᠡᠷᠡᠭᠯᠡᠬᠦ ᠭᠠᠶᠢᠯᠢ ᠶᠢᠨ ᠨᠤᠷᠮ᠎ᠠ ᠪᠠᠷ ᠬᠤᠳᠠ ᠶᠢᠨ ᠬᠠᠮᠠᠭᠠᠯᠠᠯᠲᠠ ᠪᠦᠳᠦᠭᠡᠨ ᠪᠠᠶᠢᠭᠤᠯᠤᠯᠲᠠ ᠶᠢᠨ ᠭᠠᠶᠢᠯᠢ ᠶᠢ | ᠲᠤᠬᠠᠶ ᠶᠢᠨ ᠭᠠᠵᠠᠷ ᠲᠤ ᠨᠢ ᠪᠤᠳᠤᠵᠤ ᠲᠤᠰᠢᠶᠠᠯᠭᠠᠨ᠎ᠠ᠃ | ᠥᠷᠲᠡᠭ ᠨᠡᠮᠡᠭᠳᠡᠯ ᠤᠨ ᠭᠠᠶᠢᠯᠢ ᠶᠢ ᠤᠷᠢᠳᠴᠢᠯᠠᠨ ᠲᠤᠰᠢᠶᠠᠬᠤ ᠭᠠᠶᠢᠯᠢ ᠲᠤᠰᠢᠶᠠᠭᠴᠢ ᠨᠢ ᠥᠪᠡᠷ ᠤᠨ | ᠪᠠᠶᠢᠭᠤᠯᠤᠮᠵᠢ ᠶᠢᠨ ᠪᠠᠶᠢᠭ᠎ᠠ ᠭᠠᠵᠠᠷ ᠲᠤ ᠪᠠᠨ ᠥᠷᠲᠡᠭ ᠨᠡᠮᠡᠭᠳᠡᠯ ᠤᠨ ᠭᠠᠶᠢᠯᠢ ᠲᠤᠰᠢᠶᠠᠬᠤ ᠪᠠᠷ ᠮᠡᠳᠡᠭᠦᠯᠬᠦ ᠳᠤ ᠪᠠᠨ᠂ | ᠲᠡᠭᠦᠨ ᠤ ᠪᠣᠳᠠᠲᠠᠶ ᠲᠤᠰᠢᠶᠠᠭᠰᠠᠨ ᠥᠷᠲᠡᠭ ᠨᠡᠮᠡᠭᠳᠡᠯ ᠤᠨ ᠭᠠᠶᠢᠯᠢ ᠶᠢᠨ ᠭᠠᠶᠢᠯᠢ ᠶᠢᠨ ᠲᠤᠭ᠎ᠠ ᠪᠠᠷ ᠭᠠᠶᠢᠯᠢ | ᠪᠤᠳᠤᠬᠤ ᠦᠨᠳᠦᠰᠦᠯᠡᠯ ᠪᠣᠯᠭᠠᠬᠤ ᠶᠢᠨ ᠬᠠᠮᠲᠤ᠂ ᠪᠠᠶᠢᠭᠤᠯᠤᠮᠵᠢ ᠶᠢᠨ ᠪᠠᠶᠢᠭ᠎ᠠ ᠭᠠᠵᠠᠷ ᠤᠨ ᠬᠤᠲᠠ ᠶᠢᠨ | ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢᠨ ᠭᠠᠶᠢᠯᠢ ᠶᠢᠨ ᠲᠣᠬᠢᠷᠠᠭᠤᠯᠤᠨ ᠬᠡᠷᠡᠭᠯᠡᠬᠦ ᠭᠠᠶᠢᠯᠢ ᠶᠢᠨ ᠨᠣᠷᠮ᠎ᠠ ᠪᠠᠷ | ᠬᠤᠲᠠ ᠶᠢᠨ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢᠨ ᠭᠠᠶᠢᠯᠢ ᠶᠢ ᠲᠤᠬᠠᠶ ᠶᠢᠨ ᠭᠠᠵᠠᠷ ᠲᠤ ᠨᠢ ᠪᠤᠳᠤᠵᠤ | ᠲᠤᠰᠢᠶᠠᠯᠭᠠᠨ᠎ᠠ᠃ | ᠲᠦᠷᠪᠡ᠂ ᠦᠷᠳᠡᠭ ᠨᠡᠮᠡᠭᠳᠡᠯ ᠤᠨ ᠭᠠᠶᠢᠯᠢ᠂ ᠬᠡᠷᠡᠭᠯᠡᠭᠡᠨ ᠤ ᠭᠠᠶᠢᠯᠢ ᠶᠢ ᠬᠤᠷᠢᠶᠠᠩᠭᠤᠶᠢᠯᠠᠨ ᠲᠤᠰᠢᠶᠠᠬᠤ ᠶᠢ | ᠬᠡᠷᠡᠭᠵᠢᠭᠦᠯᠦᠭᠰᠡᠨ ᠭᠠᠶᠢᠯᠢ ᠲᠤᠰᠢᠶᠠᠭᠴᠢ᠂ ᠶᠡᠷᠦᠩᠬᠡᠶ ᠪᠠᠶᠢᠭᠤᠯᠤᠮᠵᠢ᠂ ᠰᠠᠯᠪᠤᠷᠢ ᠪᠠᠶᠢᠭᠤᠯᠤᠮᠵᠢ ᠶᠢᠨ ᠬᠤᠪᠢ | ᠬᠤᠪᠢ ᠪᠠᠷ ᠢᠶᠠᠨ ᠲᠤᠰᠢᠶᠠᠬᠤ ᠬᠤᠳᠠ ᠶᠢᠨ ᠬᠠᠮᠠᠭᠠᠯᠠᠯᠲᠠ ᠪᠦᠳᠦᠭᠡᠨ ᠪᠠᠶᠢᠭᠤᠯᠤᠯᠲᠠ ᠶᠢᠨ ᠭᠠᠶᠢᠯᠢ ᠶᠢ ᠪᠣᠯ ᠲᠤᠰ | ᠲᠤᠰ ᠪᠠᠶᠢᠭ᠎ᠠ ᠭᠠᠵᠠᠷ ᠢᠶᠠᠷ ᠨᠢ ᠭᠠᠶᠢᠯᠢ ᠲᠤᠰᠢᠶᠠᠭᠴᠢ ᠶᠢᠨ ᠪᠠᠶᠢᠭ᠎ᠠ ᠭᠠᠵᠠᠷ ᠢᠶᠠᠷ ᠪᠣᠳᠤᠵᠤ᠂ ᠵᠣᠬᠢᠬᠤ ᠬᠤᠳᠠ ᠶᠢᠨ | ᠬᠠᠮᠠᠭᠠᠯᠠᠯᠲᠠ ᠪᠦᠳᠦᠭᠡᠨ ᠪᠠᠶᠢᠭᠤᠯᠤᠯᠲᠠ ᠶᠢᠨ ᠭᠠᠶᠢᠯᠢ ᠶᠢᠨ ᠲᠣᠬᠢᠷᠠᠭᠤᠯᠤᠨ ᠬᠡᠷᠡᠭᠯᠡᠬᠦ ᠭᠠᠶᠢᠯᠢ ᠶᠢᠨ ᠨᠤᠷᠮ᠎ᠠ ᠶᠢ | ᠲᠣᠭᠲᠠᠭᠠᠨ᠎ᠠ᠃ | ᠲᠠᠪᠤ᠂ ᠳᠡᠭᠡᠷ᠎ᠡ ᠳᠤᠷᠠᠳᠤᠭᠰᠠᠨ ᠲᠣᠭᠲᠠᠭᠠᠯ ᠨᠢ ᠡᠳ᠋ ᠤᠨ ᠵᠠᠰᠠᠭ ᠤᠨ ᠶᠠᠮᠤᠨ᠂ ᠤᠯᠤᠰ ᠤᠨ ᠭᠠᠶᠢᠯᠢ ᠶᠢᠨ | ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠬᠤᠶᠢᠰᠢᠳᠠ ᠨᠡᠶᠢᠲᠡᠯᠡᠬᠦ ᠬᠤᠯᠪᠣᠭᠳᠠᠯ ᠪᠦᠬᠦᠢ ᠲᠣᠭᠲᠠᠭᠠᠯ ᠲᠠᠢ ᠨᠢᠭᠡᠳᠦᠯ | ᠦᠭᠡᠢ ᠪᠣᠯ᠂ ᠡᠳ᠋ ᠤᠨ ᠵᠠᠰᠠᠭ ᠤᠨ ᠶᠠᠮᠤᠨ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ | ᠲᠣᠭᠲᠠᠭᠠᠯ ᠢᠶᠠᠷ ᠪᠠᠷᠢᠮᠵᠢᠶ᠎ᠠ ᠪᠣᠯᠭᠠᠨ᠎ᠠ᠃ | ᠲᠤᠰ ᠮᠡᠳᠡᠭᠳᠡᠯ ᠢ 2021 ᠣᠨ ᠤ 9 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | |