︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ  ᠰᠦ ᠰᠠᠭᠠᠯᠢ ᠶᠢᠨ ᠦᠢᠯᠡᠰ  ᠤᠨ ᠬᠦᠭᠵᠢᠨ ᠮᠠᠨᠳᠤᠯᠳᠠ ᠶᠢ ᠠᠬᠢᠭᠤᠯᠬᠤ ᠶᠢᠰᠦᠨ ᠵᠤᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠶᠢᠨ  ᠲᠠᠶᠢᠯᠤᠮᠵᠢ
ᠨᠡᠶᠢᠲᠡᠯᠡᠭᠰᠡᠨ ᠴᠠᠭ᠄
2022/4/24
      ᠥᠪᠡᠷᠲᠡᠭᠡᠨ ᠵᠠᠰᠠᠬᠤ ᠣᠷᠣᠨ ᠤ ᠰᠦ ᠰᠠᠭᠠᠯᠢ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ  ᠶᠢ ᠠᠬᠢᠭᠤᠯᠵᠤ ᠂ ᠪᠦᠬᠦ ᠤᠯᠤᠰ ᠲᠤ ᠰᠦ ᠰᠠᠭᠠᠯᠢ ᠶᠢᠨ ᠦᠢᠯᠡᠰ ᠤᠨ ᠬᠦᠭᠵᠢᠨ ᠮᠠᠨᠳᠤᠯᠳᠠ  ᠶᠢ  ᠲᠦᠷᠦᠭᠦᠯᠡᠨ ᠪᠡᠶᠡᠯᠡᠭᠦᠯᠬᠦ ᠶᠢᠨ ᠲᠤᠰᠠᠳᠠ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦ ᠰᠠᠭᠠᠯᠢ ᠶᠢᠨ ᠦᠢᠯᠡᠰ ᠤᠨ ᠬᠦᠭᠵᠢᠨ ᠮᠠᠨᠳᠤᠯᠳᠠ ᠶᠢ ᠠᠬᠢᠭᠤᠯᠬᠤ ᠶᠢᠰᠦᠨ ᠵᠤᠷᠪᠤᠰ ᠲᠥᠷᠥ ᠶᠢᠨ ᠪᠣᠳᠣᠯᠭ᠎ᠠ ᠶᠢᠨ ᠠᠷᠭ᠎ᠠᠬᠡᠮᠵᠢᠶ᠎ᠡ︾ ︵ᠥᠪᠥᠷ ᠵᠠᠰᠠᠭ ᠠᠯᠪᠠᠨ ᠲᠠᠷᠬᠠᠭᠠᠭᠰᠠᠨ ﹇2022﹈ 18 ᠳ᠋ᠤᠭᠠᠷ ᠲᠣᠭᠠᠲᠤ︶ ᠶᠢ ᠳᠠᠷᠤᠮᠠᠯᠯᠠᠨ ᠲᠠᠷᠬᠠᠭᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠮᠠᠨ ᠤ ᠣᠷᠣᠨ ᠤ ᠰᠦ ᠰᠠᠭᠠᠯᠢ ᠶᠢᠨ ᠦᠢᠯᠡᠰ ᠤᠨ ᠬᠥᠭᠵᠢᠯᠲᠡ ᠶᠢᠨ ᠲᠠᠯ᠎ᠠ ᠪᠠᠷ ᠬᠢ ᠭᠤᠣᠯᠳᠠᠯᠭ᠎ᠠ ᠲᠠᠢ ᠳᠡᠮᠵᠢᠬᠦ ᠠᠷᠭ᠎ᠠ ᠬᠡᠮᠵᠢᠶ᠎ᠡ ᠶᠢ ᠲᠤᠳᠤᠷᠬᠠᠶᠢᠯᠠᠪᠠ ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ᠂ ᠬᠠᠮᠢᠶ᠎ᠠ ᠪᠦᠬᠦᠢ ᠠᠵᠤ ᠠᠬᠤᠶᠢᠯᠠᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠤᠰᠤᠳᠴᠢ ᠪᠠᠷ᠂ ᠭᠦᠨᠵᠡᠭᠡᠢ ᠣᠶᠢᠯᠠᠭᠠᠬᠤ ᠳᠤ ᠲᠥᠬᠦᠮ ᠦᠵᠡᠭᠦᠯᠬᠦ ᠶᠢᠨ ᠲᠤᠰᠠᠳᠠ᠂ ᠡᠳᠦᠭᠡ ᠬᠠᠮᠢᠶ᠎ᠠ ᠪᠦᠬᠦᠢ ᠠᠭᠤᠯᠭ᠎ᠠ ᠶᠢ ᠳᠣᠣᠷᠠᠬᠢ ᠮᠡᠲᠦ ᠲᠠᠶᠢᠯᠪᠤᠷᠢᠯᠠᠪᠠ ᠄      ᠨᠢᠭᠡ᠂ ᠨᠡᠶᠢᠲᠡᠯᠡᠭᠰᠡᠨ ᠠᠬᠤᠢ ᠪᠠᠶᠢᠳᠠᠯ ᠬᠢᠭᠡᠳ ᠴᠢᠬᠤᠯᠠ ᠠᠴᠢ ᠬᠤᠯᠪᠣᠭᠳᠠᠯ      ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠭᠠᠷᠭᠠᠭᠰᠠᠨ ᠴᠢᠬᠤᠯᠠ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠣᠨ᠎ᠠ᠂ 2018 ᠣᠨ ᠠᠴᠠ ᠨᠠᠭᠠᠰᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠲᠥᠪ ᠤᠨ ᠰᠢᠢᠳᠪᠦᠷᠢᠲᠦ ᠪᠣᠳᠣᠯᠭ᠎ᠠ ᠶᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂︽ ᠰᠦ ᠰᠠᠭᠠᠯᠢ ᠶᠢᠨ ᠦᠢᠯᠡᠰ ᠤᠨ ᠬᠦᠭᠵᠢᠨ ᠮᠠᠨᠳᠤᠯᠳᠠ ᠶᠢ ᠲᠦᠯᠬᠢᠨ ᠠᠬᠢᠭᠤᠯᠬᠤ ᠶᠢᠨ ᠬᠡᠷᠡᠭᠵᠢᠭᠦᠯᠬᠦ ᠰᠠᠨᠠᠯ︾ ᠵᠡᠷᠭᠡ ᠰᠢᠷᠢᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ ᠠᠵᠤ ᠦᠢᠯᠡᠰ ᠤᠨ ᠳᠡᠮᠵᠢᠯᠭᠡ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠤᠭᠠᠳ ᠂ ᠰᠦ ᠰᠠᠭᠠᠯᠢ ᠶᠢᠨ ᠦᠢᠯᠡᠰ ᠤᠨ ᠬᠥᠭᠵᠢᠯᠲᠡ ᠪᠥᠬᠦ ᠤᠯᠤᠰ ᠤᠨ ᠲᠡᠷᠢᠭᠦᠨ ᠤ ᠪᠠᠶᠢᠷᠢᠨ ᠳᠤ ᠣᠷᠣᠪᠠ᠂ ᠭᠡᠪᠡᠴᠦ ᠮᠠᠨ ᠤ ᠣᠷᠣᠨ ᠤ ᠰᠦ ᠰᠠᠭᠠᠯᠢ ᠶᠢᠨ ᠦᠢᠯᠡᠰ ᠤᠨ ᠲᠦᠷᠭᠡᠨ ᠬᠥᠭᠵᠢᠯᠲᠡ ᠶᠢ ᠳᠠᠭᠠᠯᠳᠤᠨ᠂ ᠤᠤᠯ ᠤᠨ ᠪᠠᠶᠢᠭᠰᠠᠨ ᠲᠥᠷᠥ ᠶᠢᠨ ᠪᠣᠳᠣᠯᠭ᠎ᠠ ᠨᠢ ᠨᠢᠭᠡᠨᠲᠡ ᠰᠢᠨ᠎ᠡ ᠪᠠᠶᠢᠳᠠᠯ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠳᠡᠶᠢᠯᠬᠦ ᠦᠭᠡᠢ ᠪᠣᠯᠵᠠᠢ ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠣᠳᠣᠬᠠᠨ ᠤ ᠰᠦ ᠰᠠᠭᠠᠯᠢ ᠶᠢᠨ ᠦᠢᠯᠡᠰ ᠤᠨ ᠬᠥᠭᠵᠢᠯᠲᠡ ᠶᠢᠨ ᠪᠠᠶᠢᠳᠠᠯ ᠢ ᠭᠦᠨᠵᠡᠭᠡᠢ ᠰᠤᠳᠤᠯᠤᠨ ᠵᠠᠳᠠᠯᠤᠭᠰᠠᠨ ᠰᠠᠭᠤᠷᠢᠨ ᠳᠡᠭᠡᠷ᠎ᠡ᠂ ᠣᠲᠣ ᠶᠢᠨ ᠪᠠᠶᠢᠭ᠎ᠠ ᠲᠥᠷᠥ ᠶᠢᠨ ᠪᠣᠳᠣᠯᠭ᠎ᠠ ᠶᠢᠨ ᠦᠢᠯᠡᠳᠦᠯ ᠢᠶᠠᠨ ᠪᠠᠳᠠᠷᠠᠭᠤᠯᠬᠤ ᠶᠢ ᠨᠢ ᠬᠡᠪ ᠢᠶᠠᠷ ᠪᠠᠶᠢᠯᠭᠠᠬᠤ᠂ ᠡᠷᠬᠢᠨ ᠲᠣᠭᠤᠷᠢᠨ ᠤ ᠮᠤᠵᠢ ᠣᠷᠣᠨ ᠤ ᠯᠠᠪᠯᠠᠯᠲᠠ ᠪᠣᠯᠭᠠᠵᠤ ᠪᠣᠯᠬᠤ ᠲᠥᠷᠥ ᠶᠢᠨ ᠪᠣᠳᠣᠯᠭ᠎ᠠ ᠶᠢ ᠳᠠᠭᠠᠵᠤ ᠠᠮᠵᠢᠬᠤ᠂ ᠨᠥᠬᠦᠪᠦᠷᠢᠯᠡᠬᠦ ᠴᠢᠬᠤᠯᠠᠲᠠᠢ ᠲᠥᠷᠥ ᠶᠢᠨ ᠪᠣᠳᠣᠯᠭ᠎ᠠ ᠶᠢ ᠭᠦᠢᠴᠡᠳ ᠨᠥᠬᠦᠪᠦᠷᠢᠯᠡᠬᠦ ᠵᠠᠷᠴᠢᠮ ᠶᠣᠰᠣᠭᠠᠷ᠂ ᠪᠣᠳᠠᠲᠠᠢ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦ ᠰᠠᠭᠠᠯᠢ ᠶᠢᠨ ᠦᠢᠯᠡᠰ ᠤᠨ ᠬᠦᠭᠵᠢᠨ ᠮᠠᠨᠳᠤᠯᠳᠠ ᠶᠢ ᠠᠬᠢᠭᠤᠯᠬᠤ ᠶᠢᠰᠦᠨ ᠵᠤᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠶᠢ ᠰᠤᠳᠤᠯᠤᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠰᠦ ᠰᠠᠭᠠᠯᠢ ᠶᠢᠨ ᠦᠢᠯᠡᠰ  ᠤᠨ ᠪᠥᠬᠦ ᠲᠠᠯ᠎ᠠ  ᠶᠢᠨ ᠬᠦᠭᠵᠢᠨ ᠮᠠᠨᠳᠤᠯᠳᠠ ᠶᠢ  ᠠᠬᠢᠭᠤᠯᠤᠨ᠎ᠠ ᠃      ᠬᠤᠶᠠᠷ ᠂ ᠦᠨᠳᠦᠰᠦᠨ ᠪᠣᠷᠣ ᠲᠥᠯᠥᠪ ᠪᠠ ᠭᠤᠣᠯ ᠠᠭᠤᠯᠭ᠎ᠠ      ᠥᠪᠡᠷᠲᠡᠭᠡᠨ ᠵᠠᠰᠠᠬᠤ ᠣᠷᠣᠨ ᠤ ᠰᠦ ᠰᠠᠭᠠᠯᠢ ᠶᠢᠨ ᠦᠢᠯᠡᠰ  ᠤᠨ ᠬᠦᠭᠵᠢᠨ ᠮᠠᠨᠳᠤᠯᠳᠠ ᠶᠢ ᠠᠬᠢᠭᠤᠯᠬᠤ ᠶᠢᠰᠦᠨ ᠵᠣᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠭᠤᠣᠯᠳᠠᠭᠤ ᠰᠦ ᠰᠠᠭᠠᠯᠢ ᠶᠢᠨ ᠢᠷᠡᠯᠲᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ᠂ ᠡᠭᠦᠯᠳᠡᠷ ᠤᠨ ᠢᠷᠡᠯᠲᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ᠂ ᠴᠢᠨᠠᠷ ᠰᠠᠶᠢᠲᠠᠢ ᠲᠡᠵᠢᠭᠡᠯ ᠡᠪᠡᠰᠦ ᠪᠣᠷᠳᠣᠭᠠᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ᠂ ᠠᠵᠤ ᠠᠬᠤᠶᠢᠯᠠᠯ ᠤᠨ ᠰᠢᠯᠢᠳᠡᠭᠵᠢᠨ ᠬᠦᠴᠦᠷᠬᠡᠭᠵᠢᠬᠦ ᠶᠢ ᠳᠡᠮᠵᠢᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠲᠤᠯᠭᠠᠭᠤᠷᠢᠯᠠᠭᠤᠯᠬᠤ ᠵᠡᠷᠭᠡ ᠲᠠᠯ᠎ᠠ ᠶᠢᠨ ᠲᠤᠭᠤᠷᠢᠨ ᠳᠤ ᠲᠣᠭᠲᠠᠭᠠᠪᠠ᠃ ᠲᠤᠰ ᠲᠤᠰ᠄ ᠰᠢᠨ᠎ᠡ ᠪᠠᠷ ᠪᠠᠶᠢᠭᠤᠯᠤᠭᠰᠠᠨ ᠬᠡᠪᠴᠢᠶᠡᠵᠢᠭᠰᠡᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠳᠤ ᠨᠥᠬᠦᠪᠦᠷᠢ ᠦᠭᠬᠦᠨ᠎ᠡ ᠂ ᠲᠤᠰᠬᠠᠢ ᠵᠦᠢᠯ ᠤᠨ ᠵᠢᠭᠡᠯᠡᠯᠭᠡ ᠪᠠᠷ ᠰᠢᠨ᠎ᠡ ᠪᠠᠶᠢᠭᠤᠯᠤᠭᠰᠠᠨ ᠰᠦ ᠰᠠᠭᠠᠯᠢ ᠶᠢᠨ ᠦᠢᠯᠡᠰ ᠤᠨ ᠬᠥᠭᠵᠢᠯᠲᠡ ᠶᠢᠨ ᠬᠦᠷᠢᠶᠡᠯᠡᠩ ᠲᠣᠭᠤᠷᠢᠭ ᠲᠤ ᠳᠡᠮᠵᠢᠯᠭᠡ ᠦᠵᠡᠭᠦᠯᠬᠦ ᠂ ᠬᠥᠲᠥᠴᠢ ᠠᠵᠤ ᠠᠬᠤᠶᠢᠯᠠᠯ ᠤᠨ ᠲᠦᠭᠦᠬᠡᠢ ᠰᠢᠨ᠎ᠡ ᠰᠦ ᠶᠢᠨ ᠪᠣᠯᠪᠠᠰᠤᠷᠠᠭᠤᠯᠬᠤ ᠬᠡᠮᠵᠢᠶ᠎ᠡ ᠶᠢ ᠨᠡᠮᠡᠭᠳᠡᠭᠦᠯᠬᠦ ᠳᠤ ᠨᠥᠬᠦᠪᠦᠷᠢ ᠦᠭᠬᠦ ᠂ ᠬᠥᠲᠥᠴᠢ ᠠᠵᠤ ᠠᠬᠤᠶᠢᠯᠠᠯ ᠤᠨ ᠲᠦᠭᠦᠬᠡᠢ ᠰᠢᠨ᠎ᠡ ᠰᠦ  ᠶᠢ  ᠲᠠᠯᠬᠠᠳᠠᠬᠤ ᠳᠤ ᠨᠥᠬᠦᠪᠦᠷᠢ ᠦᠭᠬᠦ ᠂ ᠪᠡᠯᠭᠡ ᠶᠢᠨ ᠡᠵᠡᠮᠳᠡᠯᠳᠦ ᠬᠦᠪᠦᠷᠡᠯ ᠪᠤᠶᠢᠵᠢᠭᠤᠯᠬᠤ ᠮᠡᠷᠭᠡᠵᠢᠯ ᠢ ᠠᠰᠢᠭᠯᠠᠨ ᠴᠢᠨᠠᠷ ᠰᠠᠶᠢᠲᠠᠢ ᠰᠠᠭᠠᠯᠢ ᠶᠢᠨ ᠦᠨᠢᠶ᠎ᠡ ᠪᠣᠶᠢᠵᠢᠭᠤᠯᠬᠤ ᠳᠤ ᠨᠥᠬᠦᠪᠦᠷᠢ ᠦᠭᠬᠦ ᠂ ᠰᠢᠨ᠎ᠡ ᠪᠠᠷ ᠨᠡᠮᠡᠭᠳᠡᠭᠰᠡᠨ ᠬᠡᠪᠴᠢᠶᠡᠵᠢᠭᠰᠡᠨ ᠴᠠᠷᠭᠠᠰᠤ ᠡᠪᠡᠰᠦ ᠳᠠᠷᠢᠬᠤ ᠠᠵᠤ ᠠᠬᠤᠶᠢᠯᠠᠯ ᠳᠤ ᠨᠥᠬᠦᠪᠦᠷᠢ ᠦᠭᠬᠦ ᠂ ᠰᠠᠭᠠᠯᠢ ᠶᠢᠨ ᠦᠨᠢᠶᠡᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠤᠰᠬᠠᠢ ᠪᠡᠯᠡ ᠮᠥᠩᠭᠦ ᠪᠠᠶᠢᠭᠤᠯᠬᠤ ᠂ ᠰᠦ ᠰᠠᠭᠠᠯᠢ ᠶᠢᠨ ᠦᠢᠯᠡᠰ ᠤᠨ ᠰᠢᠨ᠎ᠡ ᠶᠢ ᠡᠭᠦᠳᠬᠦ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠂ ᠥᠪᠡᠷᠲᠡᠭᠡᠨ ᠵᠠᠰᠠᠬᠤ ᠣᠷᠣᠨ ᠤ ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠰᠠᠭᠤᠷᠢ ᠮᠥᠩᠭᠦ ᠶᠢ ᠪᠠᠶᠢᠭᠤᠯᠬᠤ ᠪᠤᠯᠤᠨ᠎ᠠ ᠃ ᠲᠥᠷᠥ ᠶᠢᠨ ᠪᠣᠳᠣᠯᠭ᠎ᠠ ᠶᠢ 4 ᠵᠢᠯ︵2022 ᠣᠨ - 2025 ᠣᠨ︶ ᠬᠡᠷᠡᠭᠵᠢᠭᠦᠯᠬᠦ ᠪᠠᠷ ᠪᠣᠶ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2019 ᠣᠨ ᠳᠤ ᠨᠡᠶᠢᠲᠡᠯᠡᠭᠰᠡᠨ ︽ ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ︾ ᠢ ᠦᠷᠭᠦᠯᠵᠢᠯᠡᠨ ᠬᠡᠷᠡᠭᠵᠢᠭᠦᠯᠦᠨ᠎ᠡ᠃      ᠭᠤᠷᠪᠠ᠂ ᠭᠤᠣᠯ ᠪᠣᠯᠬᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ      ︵ᠨᠢᠭᠡ︶ ᠰᠢᠨ᠎ᠡ ᠪᠠᠷ ᠪᠠᠶᠢᠭᠤᠯᠤᠭᠰᠠᠨ ᠬᠡᠪᠴᠢᠶᠡᠵᠢᠭᠰᠡᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠳᠤ ᠨᠥᠬᠦᠪᠦᠷᠢ ᠥᠭᠭᠦᠨ᠎ᠡ᠃ ᠪᠥᠬᠦ ᠣᠷᠣᠨ ᠤ ᠲᠠᠪᠤᠨ ᠲᠣᠮᠣ ᠰᠦ ᠰᠠᠭᠠᠯᠢ ᠶᠢᠨ ᠢᠷᠡᠯᠲᠡ ᠶᠢᠨ ᠰᠠᠭᠤᠷᠢᠨ ᠭᠠᠵᠠᠷ ᠪᠣᠯᠣᠨ 10 ᠲᠣᠮᠣ ᠰᠦ ᠰᠠᠭᠠᠯᠢ ᠶᠢᠨ ᠦᠢᠯᠡᠰ ᠤᠨ ᠰᠦᠷᠦᠭᠵᠢᠯ ᠢ ᠶᠠᠭ ᠲᠦᠷᠭᠡᠳᠬᠡᠨ ᠪᠠᠶᠢᠭᠤᠯᠵᠤ ᠪᠣᠢ ᠂ ᠢᠯᠢ᠂ ᠮᠧᠩ ᠨᠢᠦ ᠶᠢᠨ ᠪᠠᠶᠢᠷᠢᠰᠢᠭᠤᠯᠤᠭᠰᠠᠨ ᠪᠣᠯᠪᠠᠰᠤᠷᠠᠭᠤᠯᠬᠤ ᠰᠠᠭᠤᠷᠢᠨ ᠭᠠᠵᠠᠷ  ᠨᠢ ᠵᠠᠯᠭᠠᠭ᠎ᠠ ᠪᠠᠷ ᠠᠰᠢᠭᠯᠠᠯᠲᠠ ᠳᠤ ᠤᠷᠤᠭᠤᠯᠬᠤ ᠪᠤᠶᠤ ᠤᠳᠠᠯ ᠦᠭᠡᠢ ᠠᠰᠢᠭᠯᠠᠯᠲᠠ ᠳᠤ ᠣᠷᠣᠭᠤᠯᠬᠤ ᠪᠠᠷ ᠪᠠᠶᠢᠨ᠎ᠠ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠢᠯᠡᠳᠲᠡ ᠤᠳᠠᠭᠠᠰᠢᠷᠠᠵᠤ᠂ ᠰᠦ ᠰᠠᠭᠠᠯᠢ ᠶᠢᠨ ᠢᠷᠡᠯᠲᠡ ᠶᠢᠨ ᠬᠠᠩᠭᠠᠯᠭ᠎ᠠ ᠬᠦᠷᠦᠯᠴᠡᠬᠦ ᠦᠭᠡᠢ ᠠᠴᠠ ᠪᠣᠯᠵᠤ ᠰᠦ ᠰᠠᠭᠠᠯᠢ ᠶᠢᠨ ᠠᠵᠤ ᠠᠬᠤᠶᠢᠯᠠᠯ ᠤᠨ ᠬᠡᠰᠡᠭ ᠦᠢᠯᠡᠳᠪᠦᠷᠢᠯᠡᠯ ᠤᠨ ᠴᠢᠳᠠᠪᠤᠷᠢ ᠶᠢ ᠰᠤᠯᠠ ᠲᠠᠯᠪᠢᠵᠤ ᠪᠠᠶᠢᠨ᠎ᠠ᠃ ᠭᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠢ ᠶᠢ ᠰᠢᠨ᠎ᠡ ᠪᠠᠷ ᠪᠠᠶᠢᠭᠤᠯᠬᠤ ᠪᠣᠯ ᠰᠠᠭᠠᠯᠢ ᠶᠢᠨ ᠦᠨᠢᠶ᠎ᠡ ᠶᠢᠨ ᠰᠦᠷᠦᠭᠵᠢᠯ ᠢ ᠥᠷᠭᠡᠳᠬᠡᠨ ᠨᠡᠮᠡᠭᠳᠡᠭᠦᠯᠬᠦ ᠶᠢᠨ ᠰᠠᠭᠤᠷᠢ ᠨᠥᠬᠦᠴᠡᠯ ᠪᠣᠯᠬᠤ ᠪᠥᠭᠡᠳ ᠮᠦᠨ ᠴᠦ ᠰᠦ ᠰᠠᠭᠠᠯᠢ ᠶᠢᠨ ᠢᠷᠡᠯᠲᠡ ᠶᠢᠨ ᠬᠠᠩᠭᠠᠯᠭ᠎ᠠ ᠶᠢ ᠨᠡᠮᠡᠭᠳᠡᠭᠦᠯᠬᠦ ᠭᠤᠣᠯ ᠠᠷᠭ᠎ᠠ ᠵᠠᠮ ᠪᠣᠯᠣᠨ᠎ᠠ ᠃ ᠰᠢᠨ᠎ᠡ ᠪᠠᠷ ᠪᠠᠶᠢᠭᠤᠯᠤᠭᠰᠠᠨ  ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠢ ᠳᠤ ᠨᠥᠬᠦᠪᠦᠷᠢ ᠥᠭᠬᠦ ᠨᠢ ᠲᠡᠵᠢᠭᠡᠨ ᠦᠷᠡᠵᠢᠭᠦᠯᠬᠦ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢᠨ ᠢᠳᠡᠪᠬᠢᠵᠢᠯ ᠢ ᠳᠡᠭᠡᠭᠰᠢᠯᠡᠭᠦᠯᠵᠦ ᠪᠣᠯᠣᠨ᠎ᠠ ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ  ᠨᠢ 2021 ᠣᠨ  ᠠᠴᠠ ᠰᠡᠭᠦᠯᠡᠷ ᠰᠢᠨ᠎ᠡ ᠪᠠᠷ ᠪᠠᠶᠢᠭᠤᠯᠤᠭᠰᠠᠨ 3000 ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠶ ᠳᠤ 600 ᠲᠦᠮᠡᠨ ᠲᠥᠭᠦᠷᠢᠭ ᠤᠨ ᠨᠥᠬᠦᠪᠦᠷᠢ ᠥᠭᠴᠦ᠂ ᠠᠶᠢᠮᠠᠭ ᠬᠤᠲᠠ ᠨᠢ ᠥᠪᠡᠷᠲᠡᠭᠡᠨ ᠵᠠᠰᠠᠬᠤ ᠣᠷᠣᠨ ᠤ ᠨᠥᠬᠦᠪᠦᠷᠢ ᠶᠢᠨ ᠪᠡᠯᠡ ᠮᠥᠩᠭᠦ ᠶᠢᠨ 20% ᠪᠠᠷ ᠨᠡᠮᠡᠭᠳᠡᠭᠦᠯᠦᠨ ᠢᠵᠢ ᠪᠦᠷᠢᠳᠦᠭᠦᠯᠦᠨ᠎ᠡ᠃ ᠲᠦᠮᠡᠨ ᠲᠣᠯᠣᠭᠠᠢ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠶᠢᠨ ᠰᠠᠭᠤᠷᠢ ᠲᠦᠬᠦᠭᠡᠷᠦᠮᠵᠢ ᠶᠢᠨ ᠶᠡᠷᠦᠩᠬᠡᠢ ᠪᠡᠯᠡ ᠣᠷᠣᠭᠤᠯᠤᠯᠲᠠ ᠶᠢ 3 ᠳ᠋ᠦᠩᠰᠢᠭᠤᠷ ᠲᠥᠭᠦᠷᠢᠭ ᠢᠶᠠᠷ ᠪᠤᠳᠤᠪᠠᠯ ᠂ ᠥᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ ᠬᠤᠲᠠ ᠶᠢᠨ ᠨᠥᠬᠦᠪᠦᠷᠢ ᠨᠢ ᠰᠠᠭᠤᠷᠢ ᠲᠦᠬᠦᠭᠡᠷᠦᠮᠵᠢ ᠶᠢᠨ ᠶᠡᠷᠦᠩᠬᠡᠢ ᠪᠡᠯᠡ ᠣᠷᠣᠭᠤᠯᠤᠯᠲᠠ ᠶᠢᠨ 8% ᠣᠷᠴᠢᠮ ᠢ ᠡᠵᠡᠯᠡᠵᠦ᠂ ᠭᠤᠣᠯᠳᠠᠭᠤ ︽ᠭᠤᠷᠪᠠ ᠶᠢ ᠨᠠᠪᠲᠠᠷᠡᠭᠦᠯᠵᠦ ᠨᠢᠭᠡ ᠶᠢ ᠲᠡᠭᠰᠢᠯᠡᠬᠦ︾ ᠵᠠᠷᠤᠳᠠᠯ ᠳᠤ ᠬᠡᠷᠡᠭᠯᠡᠬᠦ ᠶᠢᠨ ᠬᠠᠮᠲᠤ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠬᠠᠮᠲᠤ ᠳᠤ  ᠨᠢ ᠬᠠᠷᠠᠭᠠᠯᠵᠠᠨ᠎ᠠ᠃      ︵ᠬᠤᠶᠠᠷ︶ ᠲᠤᠰᠬᠠᠢ ᠵᠦᠢᠯ ᠤᠨ ᠵᠢᠭᠡᠯᠡᠭᠡ ᠶᠢ ᠬᠡᠷᠡᠭᠯᠡᠨ ᠰᠦ ᠰᠠᠭᠠᠯᠢ ᠶᠢᠨ ᠦᠢᠯᠡᠰ ᠤᠨ ᠬᠥᠭᠵᠢᠯᠲᠡ ᠶᠢᠨ ᠬᠦᠷᠢᠶᠡᠯᠡᠩ ᠲᠣᠭᠤᠷᠢᠭ ᠢ ᠰᠢᠨ᠎ᠡ ᠪᠠᠷ ᠪᠠᠶᠢᠭᠤᠯᠬᠤ ᠳᠤ ᠳᠡᠮᠵᠢᠯᠭᠡ ᠦᠵᠡᠭᠦᠯᠦᠨ᠎ᠡ᠃ ᠠᠵᠤ ᠠᠬᠤᠶᠢᠯᠠᠯ ᠤᠨ ᠲᠡᠵᠢᠭᠡᠨ ᠦᠷᠡᠵᠢᠭᠦᠯᠬᠦ ᠲᠠᠯᠠᠪᠠᠢ ᠶᠢ ᠦᠪᠡᠰᠦᠪᠡᠨ ᠪᠠᠶᠢᠭᠤᠯᠤᠭᠰᠠᠨ ᠪᠡᠯᠡ ᠮᠥᠩᠭᠦ ᠶᠢᠨ ᠳᠠᠷᠤᠯᠲᠠ ᠶᠢ ᠪᠦᠲᠦᠮᠵᠢᠲᠡᠶ ᠬᠥᠩᠭᠡᠷᠡᠭᠦᠯᠦᠨ ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢ ᠠᠰᠢᠭᠯᠠᠨ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠢ ᠪᠠᠷ ᠭᠤᠣᠯ ᠠᠭᠤᠯᠭ᠎ᠠ ᠪᠣᠯᠭᠠᠭᠰᠠᠨ ᠰᠠᠭᠠᠯᠢ ᠶᠢᠨ ᠦᠢᠯᠡᠰ ᠤᠨ ᠬᠥᠭᠵᠢᠯᠲᠡ ᠶᠢᠨ ᠬᠦᠷᠢᠶᠡᠯᠡᠩ ᠲᠣᠭᠤᠷᠢᠭ ᠪᠠᠶᠢᠭᠤᠯᠬᠤ ᠶᠢ ᠵᠣᠷᠢᠭᠵᠢᠭᠤᠯᠵᠤ ᠂ ᠪᠠᠶᠢᠭᠤᠯᠤᠭᠰᠠᠨ ᠤ ᠳᠠᠷᠠᠭ᠎ᠠ ᠲᠦᠷᠢᠶᠡᠰᠦᠯᠡᠬᠦ ᠬᠡᠯᠪᠡᠷᠢ ᠪᠠᠷ ᠲᠦᠷᠢᠶᠡᠰᠦᠨ ᠮᠥᠩᠭᠦ ᠬᠤᠷᠢᠶᠠᠨ ᠲᠤᠰᠬᠠᠢ ᠵᠦᠢᠯ ᠤᠨ ᠥᠷᠢ ᠥᠭᠴᠡᠭᠡ ᠶᠢ ᠳᠦᠯᠦᠬᠦ ᠶᠢᠨ ᠲᠤᠰᠠᠳᠠ ᠂ ᠥᠪᠡᠷᠲᠡᠭᠡᠨ ᠵᠠᠰᠠᠬᠤ ᠣᠷᠣᠨ ᠲᠤᠰᠬᠠᠢ ᠵᠦᠢᠯ ᠤᠨ ᠥᠷᠢ ᠥᠭᠴᠡᠭᠡ ᠶᠢᠨ ᠲᠣᠬᠢᠷᠠᠭᠤᠯᠤᠯᠲᠠ ᠶᠢᠨ ᠲᠠᠯ᠎ᠠ ᠪᠠᠷ ᠣᠷᠣᠨ ᠨᠤᠲᠤᠭ ᠤᠨ ᠵᠠᠰᠠᠭ ᠤᠨ ᠣᠷᠳᠣᠨ ᠤ ᠰᠢᠨ᠎ᠡ ᠪᠠᠷ ᠪᠠᠶᠢᠭᠤᠯᠤᠭᠰᠠᠨ ᠰᠠᠭᠠᠯᠢ ᠶᠢᠨ ᠦᠢᠯᠡᠰ ᠤᠨ ᠬᠥᠭᠵᠢᠯᠲᠡ ᠶᠢᠨ ᠬᠦᠷᠢᠶᠡᠯᠡᠩ ᠲᠣᠭᠤᠷᠢᠭ ᠢ ᠭᠤᠣᠯᠳᠠᠯᠭ᠎ᠠ ᠲᠠᠢ ᠳᠡᠮᠵᠢᠨ᠎ᠡ ᠃      ︵ᠭᠤᠷᠪᠠ︶ ᠬᠥᠲᠥᠴᠢ ᠠᠵᠤ ᠠᠬᠤᠶᠢᠯᠠᠯ ᠤᠨ ᠲᠦᠭᠦᠬᠡᠢ ᠰᠢᠨ᠎ᠡ ᠰᠦ ᠶᠢᠨ ᠪᠣᠯᠪᠠᠰᠤᠷᠠᠭᠤᠯᠬᠤ ᠬᠡᠮᠵᠢᠶ᠎ᠡ ᠶᠢ ᠨᠡᠮᠡᠭᠳᠡᠭᠦᠯᠬᠦ ᠳᠤ ᠨᠥᠬᠦᠪᠦᠷᠢ ᠥᠭᠭᠦᠨ᠎ᠡ᠃ ᠠᠵᠤ ᠠᠬᠤᠶᠢᠯᠠᠯ ᠪᠣᠯᠣᠨ ᠣᠷᠣᠨ ᠨᠤᠲᠤᠭ ᠤᠨ ᠵᠠᠰᠠᠭ ᠤᠨ ᠣᠷᠳᠣᠨ ᠤ ᠰᠦ ᠰᠠᠭᠠᠯᠢ ᠶᠢᠨ ᠢᠷᠡᠯᠲᠡ ᠶᠢᠨ ᠰᠠᠭᠤᠷᠢᠨ ᠭᠠᠵᠠᠷ ᠪᠠᠶᠢᠭᠤᠯᠬᠤ ᠢᠳᠡᠪᠬᠢᠵᠢᠯ ᠢ ᠭᠦᠢᠴᠡᠳ ᠳᠠᠶᠢᠴᠢᠯᠠᠵᠤ᠂ ᠰᠦ ᠰᠠᠭᠠᠯᠢ ᠶᠢᠨ ᠢᠷᠡᠯᠲᠡ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠲᠦᠷᠭᠡᠨ ᠰᠢᠢᠳᠪᠦᠷᠢᠯᠡᠬᠦ ᠶᠢᠨ ᠲᠤᠰᠠᠳᠠ᠂ ᠠᠵᠤ ᠠᠬᠤᠶᠢᠯᠠᠯ ᠤᠨ ᠰᠤᠯᠠ ᠪᠠᠶᠢᠬᠤ ᠦᠢᠯᠡᠳᠪᠦᠷᠢᠯᠡᠬᠦ ᠴᠢᠳᠠᠪᠤᠷᠢ ᠪᠠᠨ ᠪᠦᠲᠦᠮᠵᠢᠲᠡᠶ ᠠᠰᠢᠭᠯᠠᠬᠤ ᠶᠢ ᠳᠡᠮᠵᠢᠵᠦ᠂ ᠦᠢᠯᠡᠳᠬᠦᠨ ᠤ ᠥᠷᠲᠡᠭ ᠪᠣᠯᠣᠨ ᠭᠠᠶᠢᠯᠢ ᠲᠠᠲᠠᠪᠤᠷᠢ ᠶᠢ ᠨᠡᠮᠡᠭᠳᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ ᠬᠤᠳᠠ ᠶᠢᠨ ᠡᠳ᠋ ᠤᠨ ᠵᠠᠰᠠᠭ ᠠᠴᠠ 2022 ᠣᠨ ᠠᠴᠠ ᠡᠬᠢᠯᠡᠨ ᠂ ᠳᠡᠭᠡᠷ᠎ᠡ ᠨᠢᠭᠡ ᠵᠢᠯ ᠤᠨ ᠲᠦᠭᠦᠬᠡᠢ ᠰᠢᠨ᠎ᠡ ᠰᠦ ᠪᠣᠯᠪᠠᠰᠤᠷᠠᠭᠤᠯᠬᠤ ᠬᠡᠮᠵᠢᠶ᠎ᠡ ᠪᠠᠷ ᠰᠠᠭᠤᠷᠢ ᠲᠤᠭ᠎ᠠ ᠪᠣᠯᠭᠠᠨ ᠂ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠴᠠᠭᠠᠨ ᠢᠳᠡᠭᠡᠨ ᠪᠣᠯᠪᠠᠰᠤᠷᠠᠭᠤᠯᠬᠤ ᠬᠦᠲᠦᠴᠢ ᠠᠵᠤ ᠠᠬᠤᠶᠢᠯᠠᠯ ᠳᠤ 1 ᠲᠣᠨ ᠲᠦᠭᠦᠬᠡᠢ ᠰᠦ ᠪᠣᠯᠪᠠᠰᠤᠷᠠᠭᠤᠯᠬᠤ ᠬᠡᠮᠵᠢᠶ᠎ᠡ ᠨᠡᠮᠡᠭᠳᠡᠬᠦ ᠪᠦᠷᠢ 200 ᠲᠥᠭᠦᠷᠢᠭ ᠤᠨ ᠨᠥᠬᠦᠪᠦᠷᠢ ᠥᠭᠴᠦ ᠰᠦ ᠰᠠᠭᠠᠯᠢ ᠶᠢᠨ ᠢᠷᠡᠯᠲᠡ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠭᠦᠯᠵᠦ ᠂ ᠨᠥᠬᠦᠪᠦᠷᠢ ᠶᠢᠨ ᠬᠠᠷᠢᠴᠠᠯ ᠢ ᠥᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ ᠬᠤᠳᠠ ᠨᠤᠭᠤᠳ ᠲᠤᠰ ᠲᠤᠰ 50% ᠶᠢ ᠡᠭᠦᠷᠭᠡᠯᠡᠨ᠎ᠡ ᠃      ︵ᠳᠥᠷᠪᠡ︶ ᠬᠥᠲᠥᠴᠢ ᠠᠵᠤ ᠠᠬᠤᠶᠢᠯᠠᠯ ᠤᠨ ᠲᠦᠭᠦᠬᠡᠢ ᠰᠢᠨ᠎ᠡ ᠰᠦ  ᠶᠢ  ᠲᠠᠯᠬᠠᠳᠠᠬᠤ  ᠳᠤ ᠨᠥᠬᠦᠪᠦᠷᠢ ᠦᠭᠭᠦᠨ᠎ᠡ᠃ ᠵᠢᠯ ᠪᠦᠷᠢ ᠶᠢᠨ 3 - 5 ᠰᠠᠷ᠎ᠠ ᠪᠣᠯ ᠴᠠᠭᠠᠨ ᠢᠳᠡᠭᠡᠨ ᠤ ᠪᠣᠷᠤᠯᠠᠭᠤᠯᠭ᠎ᠠ ᠠᠨᠠᠢ ᠤᠯᠠᠷᠢᠯ ᠪᠣᠯᠬᠤᠷ ᠱᠠᠲᠤ ᠦᠶ᠎ᠡ ᠶᠢᠨ ᠴᠢᠨᠠᠷᠲᠠᠢ ᠲᠦᠭᠦᠬᠡᠢ ᠰᠢᠨ᠎ᠡ ᠰᠦ ᠶᠢᠨ ᠬᠠᠩᠭᠠᠯᠭ᠎ᠠ ᠦᠯᠡᠭᠦᠳᠡᠬᠦ ᠠᠰᠠᠭᠤᠳᠠᠯ ᠭᠠᠷᠳᠠᠭ᠂ ᠲᠣᠮᠣ ᠬᠡᠯᠪᠡᠷᠢ ᠶᠢᠨ ᠴᠠᠭᠠᠨ ᠢᠳᠡᠭᠡᠨ ᠤ ᠠᠵᠤ ᠠᠬᠤᠶᠢᠯᠠᠯ ᠤᠳ ᠨᠡᠶᠢᠳᠡᠮ ᠳᠤ ᠪᠠᠨ  ᠲᠠᠯᠬᠠᠳᠠᠬᠤ ᠠᠷᠭ᠎ᠠ ᠪᠠᠷ ᠲᠡᠵᠢᠭᠡᠨ ᠦᠷᠡᠵᠢᠭᠦᠯᠬᠦ ᠡᠷᠦᠬᠡ ᠶᠢᠨ ᠰᠦ ᠲᠤᠰᠢᠶᠠᠬᠤ ᠠᠰᠠᠭᠤᠳᠠᠯ  ᠢ ᠰᠢᠢᠳᠪᠦᠷᠢᠯᠡᠳᠡᠭ᠃  ᠲᠠᠯᠬᠠᠳᠠᠬᠤ  ᠨᠢ ᠠᠵᠤ ᠠᠬᠤᠶᠢᠯᠠᠯ ᠤᠨ ᠬᠤᠬᠢᠷᠠᠯ ᠢ ᠪᠤᠢ ᠪᠣᠯᠭᠠᠨ᠎ᠠ ᠂ ᠲᠡᠵᠢᠭᠡᠨ ᠦᠷᠡᠵᠢᠭᠦᠯᠬᠦ ᠡᠷᠥᠭᠡ ᠶᠢᠨ ᠠᠰᠢᠭ ᠲᠤᠰᠠ ᠶᠢ ᠬᠠᠮᠠᠭᠠᠯᠠᠵᠤ ᠂ ᠠᠵᠤ ᠠᠬᠤᠶᠢᠯᠠᠯ ᠤᠨ ᠬᠤᠬᠢᠷᠠᠯ ᠤᠨ ᠳᠠᠷᠤᠯᠲᠠ ᠶᠢ ᠬᠥᠩᠭᠡᠷᠡᠭᠦᠯᠬᠦ ᠶᠢᠨ ᠲᠤᠰᠠᠳᠠ ᠂ ᠥᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ ᠬᠤᠳᠠ ᠶᠢᠨ  ᠡᠳ᠋ ᠤᠨ ᠵᠠᠰᠠᠭ ᠠᠴᠠ 2022 ᠣᠨ ᠠᠴᠠ ᠡᠬᠢᠯᠡᠨ ᠂ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠳᠡᠰ ᠤᠨ ᠴᠠᠭᠠᠨ ᠢᠳᠡᠭᠡᠨ ᠪᠣᠯᠪᠠᠰᠤᠷᠠᠭᠤᠯᠬᠤ ᠬᠦᠲᠦᠴᠢ ᠠᠵᠤ ᠠᠬᠤᠶᠢᠯᠠᠯ ᠤᠨ ᠲᠦᠭᠦᠬᠡᠢ ᠰᠢᠨ᠎ᠡ ᠰᠦ ᠬᠤᠳᠠᠯᠳᠤᠨ ᠠᠪᠤᠭᠠᠳ  ᠲᠠᠯᠬᠠᠳᠠᠪᠠᠯ ᠨᠥᠬᠦᠪᠦᠷᠢ ᠦᠭᠭᠦᠨ᠎ᠡ᠂ ᠲᠦᠭᠦᠬᠡᠢ ᠰᠢᠨ᠎ᠡ ᠰᠦ ᠬᠤᠳᠠᠯᠳᠤᠨ ᠠᠪᠤᠭᠰᠠᠨ ᠲᠤᠭ᠎ᠠ ᠬᠡᠮᠵᠢᠶ᠎ᠡ ᠶᠢᠨ 10% ᠪᠠᠷ ᠨᠥᠬᠦᠪᠦᠷᠢ ᠥᠭᠴᠦ ᠂ ᠲᠣᠨ ᠪᠦᠷᠢ ᠳᠤ 800 ᠲᠥᠭᠦᠷᠢᠭ ᠨᠥᠬᠦᠪᠦᠷᠢᠯᠡᠵᠦ ᠂ ᠨᠥᠬᠦᠪᠦᠷᠢ ᠶᠢᠨ ᠬᠠᠷᠢᠴᠠᠯ ᠢ ᠥᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ ᠬᠤᠳᠠ ᠲᠤᠰ ᠲᠤᠰ 50% ᠪᠠᠷ ᠡᠭᠦᠷᠭᠡᠯᠡᠨ᠎ᠡ ᠃      ︵ᠲᠠᠪᠤ︶ ᠪᠡᠯᠭᠡ ᠶᠢᠨ ᠡᠵᠡᠮᠳᠡᠯᠳᠦ ᠬᠦᠪᠦᠷᠡᠯ ᠪᠤᠶᠢᠵᠢᠭᠤᠯᠬᠤ ᠮᠡᠷᠭᠡᠵᠢᠯ ᠢ ᠠᠰᠢᠭᠯᠠᠨ ᠥᠨᠳᠥᠷ ᠭᠠᠷᠤᠯᠲᠠ ᠲᠠᠢ ᠰᠠᠭᠠᠯᠢ ᠶᠢᠨ ᠦᠨᠢᠶ᠎ᠡ ᠪᠣᠶᠢᠵᠢᠭᠤᠯᠬᠤ ᠳᠤ ᠨᠥᠬᠦᠪᠦᠷᠢ ᠦᠭᠭᠦᠨ᠎ᠡ᠃ ᠪᠡᠯᠭᠡ ᠶᠢᠨ ᠡᠵᠡᠮᠳᠡᠯᠳᠦ ᠬᠦᠪᠦᠷᠡᠯ ᠪᠤᠶᠢᠵᠢᠭᠤᠯᠬᠤ ᠮᠡᠷᠭᠡᠵᠢᠯ  ᠢ ᠠᠰᠢᠭᠯᠠᠨ ᠥᠨᠳᠥᠷ ᠭᠠᠷᠤᠯᠲᠠ ᠲᠠᠢ ᠰᠠᠭᠠᠯᠢ ᠶᠢᠨ ᠦᠨᠢᠶ᠎ᠡ ᠶᠢ ᠪᠣᠶᠢᠵᠢᠭᠤᠯᠪᠠᠯ ᠪᠡᠶ᠎ᠡ ᠪᠠᠨ ᠳᠠᠭᠠᠭᠠᠭᠰᠠᠨ ᠡᠭᠦᠯᠳᠡᠷ ᠢ ᠪᠣᠶᠢᠵᠢᠭᠤᠯᠵᠤ ᠪᠣᠯᠬᠤ ᠮᠥᠷᠲᠡᠭᠡᠨ ᠪᠠᠰᠠ ᠭᠠᠳᠠᠭᠠᠳᠤ ᠠᠴᠠ ᠣᠷᠣᠭᠤᠯᠤᠭᠰᠠᠨ ᠰᠠᠭᠠᠯᠢ ᠶᠢᠨ ᠦᠨᠢᠶ᠎ᠡ ᠶᠢᠨ ᠬᠠᠩᠭᠠᠯᠭ᠎ᠠ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠨᠠᠮᠳᠠᠭᠤᠯᠵᠤ ᠪᠣᠯᠣᠨ᠎ᠠ ᠃ ᠣᠲᠣ ᠶᠢᠨ ᠪᠠᠶᠢᠭ᠎ᠠ ᠲᠥᠷᠥ ᠶᠢᠨ ᠪᠣᠳᠣᠯᠭ᠎ᠠ ᠪᠣᠯ ᠪᠡᠯᠭᠡ ᠶᠢᠨ ᠡᠵᠡᠮᠳᠡᠯᠳᠦ ᠢᠴᠡᠭᠡᠯ ᠦᠷ᠎ᠡ ᠬᠡᠷᠡᠭᠯᠡᠪᠡᠯ 120 ᠲᠥᠭᠦᠷᠢᠭ ᠤᠨ ᠨᠥᠬᠦᠪᠦᠷᠢ ᠥᠭᠭᠦᠨ᠎ᠡ᠂ ᠭᠡᠪᠡᠴᠦ ᠠᠷᠭ᠎ᠠ ᠬᠡᠯᠪᠡᠷᠢ  ᠨᠢ ᠲᠠᠩ ᠴᠤᠯᠭᠤᠢ᠂ ᠬᠡᠪᠴᠢᠶ᠎ᠡ ᠨᠢ ᠬᠢᠵᠠᠭᠠᠷ ᠲᠠᠢ ᠪᠣᠯᠬᠤᠷ ᠣᠲᠣ ᠶᠢᠨ ᠬᠡᠷᠡᠭᠴᠡᠭᠡ ᠶᠢ ᠬᠠᠩᠭᠠᠵᠤ ᠳᠡᠶᠢᠯᠬᠦ ᠦᠭᠡᠢ᠃ ᠡᠶᠢᠮᠦ ᠠᠴᠠ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ  ᠠᠴᠠ ᠲᠡᠵᠢᠭᠡᠨ ᠦᠷᠡᠵᠢᠭᠦᠯᠬᠦ ᠲᠠᠯᠠᠪᠠᠶ ᠶᠢᠨ ᠦᠷᠡᠵᠢᠵᠦ ᠳᠡᠶᠢᠯᠬᠦ ᠡᠬᠡ ᠮᠠᠯ ᠤᠨ ᠪᠡᠯᠭᠡ ᠶᠢᠨ ᠡᠵᠡᠮᠳᠡᠯᠳᠦ ᠬᠦᠪᠦᠷᠡᠯ ᠪᠤᠶᠢᠵᠢᠭᠤᠯᠬᠤ ᠮᠡᠷᠭᠡᠵᠢᠯ ᠢ ᠠᠰᠢᠭᠯᠠᠨ ᠥᠨᠳᠥᠷ ᠭᠠᠷᠣᠯᠲᠠ ᠲᠠᠢ ᠰᠠᠭᠠᠯᠢ ᠶᠢᠨ ᠦᠨᠢᠶ᠎ᠡ ᠪᠣᠶᠢᠵᠢᠭᠤᠯᠬᠤ ᠳᠤ ᠨᠥᠬᠦᠪᠦᠷᠢ ᠥᠭᠴᠦ᠂ ᠬᠡᠷᠡᠭᠯᠡᠵᠦ ᠪᠠᠶᠢᠭ᠎ᠠ ᠤᠯᠤᠰ ᠲᠤ ᠪᠠᠨ ᠦᠢᠯᠡᠳᠪᠦᠷᠢᠯᠡᠭᠰᠡᠨ ᠪᠠ ᠭᠠᠳᠠᠭᠠᠳᠤ ᠠᠴᠠ ᠣᠷᠣᠭᠤᠯᠤᠭᠰᠠᠨ ᠪᠡᠯᠭᠡ ᠶᠢᠨ ᠡᠵᠡᠮᠳᠡᠯᠳᠦ ᠬᠦᠪᠦᠷᠡᠯ ᠳᠤ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ 50% ᠪᠠᠷ ᠨᠥᠬᠦᠪᠦᠷᠢ ᠥᠭᠭᠦᠨ᠎ᠡ᠃      ︵ᠵᠢᠷᠭᠤᠭ᠎ᠠ︶ ᠰᠢᠨ᠎ᠡ ᠪᠠᠷ ᠨᠡᠮᠡᠭᠳᠡᠭᠰᠡᠨ ᠬᠡᠪᠴᠢᠶᠡᠵᠢᠭᠰᠡᠨ ᠴᠠᠷᠭᠠᠰᠤ  ᠳᠠᠷᠢᠬᠤ ᠠᠵᠤ ᠠᠬᠤᠶᠢᠯᠠᠯ ᠳᠤ ᠨᠥᠬᠦᠪᠦᠷᠢ ᠥᠭᠭᠦᠨ᠎ᠡ᠃ ᠴᠠᠷᠭᠠᠰᠤ ᠶᠢᠨ ᠬᠠᠩᠭᠠᠯᠭ᠎ᠠ ᠬᠦᠷᠦᠯᠴᠡᠬᠦ ᠦᠭᠡᠢ ᠪᠠᠶᠢᠬᠤ ᠨᠢ ᠰᠦ ᠰᠠᠭᠠᠯᠢ ᠶᠢᠨ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠬᠢᠵᠠᠭᠠᠷᠯᠠᠵᠤ ᠪᠠᠶᠢᠭ᠎ᠠ ᠬᠦᠴᠦᠨ ᠵᠦᠢᠯ ᠪᠣᠯᠣᠭᠰᠠᠭᠠᠷ ᠢᠷᠡᠵᠡᠶ᠂ ᠪᠥᠬᠦ ᠣᠷᠣᠨ ᠤ ᠴᠠᠷᠭᠠᠰᠤ ᠶᠢᠨ ᠬᠠᠩᠭᠠᠯᠭ᠎ᠠ ᠵᠥᠪᠬᠡᠨ 40% ᠶᠢᠨ ᠬᠡᠷᠡᠭᠴᠡᠭᠡ ᠶᠢ ᠬᠠᠩᠭᠠᠵᠤ᠂ ᠬᠦᠷᠦᠯᠴᠡᠬᠦ ᠦᠭᠡᠢ ᠬᠡᠰᠡᠭ ᠢ ᠣᠷᠳᠣ ᠬᠤᠭᠤᠴᠠᠭ᠎ᠠ ᠪᠠᠷ ᠭᠠᠳᠠᠭᠠᠳᠤ ᠠᠴᠠ ᠣᠷᠣᠭᠤᠯᠬᠤ ᠴᠢᠬᠤᠯᠠᠲᠠᠢ ᠪᠠᠶᠢᠨ᠎ᠠ᠃2022 ᠣᠨ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠰᠢᠨ᠎ᠡ ᠪᠠᠷ ᠨᠡᠮᠡᠭᠳᠡᠭᠰᠡᠨ ᠲᠥᠪᠯᠡᠷᠡᠨ ᠵᠠᠯᠭᠠᠯᠳᠤᠭᠰᠠᠨ ᠪᠠᠷᠢᠮᠵᠢᠶᠠᠵᠢᠭᠤᠯᠤᠨ ᠳᠠᠷᠢᠬᠤ 500 ᠮᠦ ᠠᠴᠠ ᠳᠡᠭᠡᠭᠰᠢᠬᠢ ᠴᠠᠷᠭᠠᠰᠤ  ᠳᠠᠷᠢᠬᠤ ᠠᠵᠤ ᠠᠬᠤᠶᠢᠯᠠᠯ ︵ᠬᠤᠷᠰᠢᠶ᠎ᠠ᠂ ᠲᠠᠷᠢᠶᠠᠴᠢᠨ ᠡᠷᠦᠬᠡ︶ ᠳᠤ ᠨᠥᠬᠦᠪᠦᠷᠢ ᠥᠭᠴᠦ᠂ 500 ᠮᠦ ᠪᠠᠷ ᠨᠢᠭᠡ ᠨᠢᠭᠡᠴᠢ ᠪᠣᠯᠭᠠᠵᠤ᠂ ᠨᠢᠭᠡ ᠤᠳᠠᠭ᠎ᠠ ᠶᠢᠨ ᠴᠢᠨᠠᠷᠲᠠᠢ ᠪᠠᠷ 5 ᠲᠦᠮᠡᠨ ᠲᠥᠭᠦᠷᠢᠭ ᠤᠨ ᠨᠥᠬᠦᠪᠦᠷᠢ ᠥᠭᠪᠡᠯ ᠴᠠᠷᠭᠠᠰᠤ ᠳᠠᠷᠢᠬᠤ ᠲᠠᠯᠠᠪᠠᠶ ᠶᠢ ᠪᠦᠲᠦᠮᠵᠢᠲᠡᠶ ᠳᠡᠭᠡᠭᠰᠢᠯᠡᠭᠦᠯᠵᠦ᠂ ᠲᠡᠵᠢᠭᠡᠨ ᠦᠷᠡᠵᠢᠭᠦᠯᠬᠦ ᠲᠠᠯᠠᠪᠠᠶ ᠶᠢᠨ ᠣᠷᠣᠨ ᠤ ᠳᠣᠲᠣᠷᠠᠬᠢ ᠡᠪᠡᠰᠦ ᠪᠣᠷᠳᠤᠭ᠎ᠠ ᠶᠢᠨ ᠬᠠᠩᠭᠠᠯᠭ᠎ᠠ ᠶᠢ ᠨᠡᠮᠡᠭᠳᠡᠭᠦᠯᠵᠦ ᠪᠣᠯᠣᠨ᠎ᠠ᠃      ︵ᠲᠤᠯᠤᠭ᠎ᠠ︶ ᠰᠠᠭᠠᠯᠢ ᠶᠢᠨ ᠦᠨᠢᠶᠡᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠤᠰᠬᠠᠢ ᠵᠦᠢᠯ ᠤᠨ ᠪᠡᠯᠡ ᠮᠥᠩᠭᠦ ᠪᠠᠶᠢᠭᠤᠯᠤᠨ᠎ᠠ᠃ ᠰᠠᠭᠠᠯᠢ ᠶᠢᠨ ᠦᠨᠢᠶ᠎ᠡ ᠶᠢᠨ ᠬᠢᠵᠢᠭ ᠡᠪᠡᠳᠴᠢᠨ ᠨᠢ ᠰᠦ ᠰᠠᠭᠠᠯᠢ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠬᠦᠨᠳᠦ ᠨᠣᠴᠢᠲᠠᠢ ᠨᠥᠯᠥᠭᠡᠯᠡᠵᠦ ᠂ ᠥᠪᠡᠷᠲᠡᠭᠡᠨ ᠵᠠᠰᠠᠬᠤ ᠣᠷᠣᠨ ᠤ ᠬᠢᠵᠢᠭ ᠢ ᠰᠡᠷᠭᠡᠶᠢᠯᠡᠬᠦ ᠮᠡᠷᠭᠡᠵᠢᠯ ᠤᠨ ᠪᠣᠭᠤᠮᠲᠠ ᠰᠢᠪᠲᠤᠯᠤᠨ ᠳᠡᠯᠭᠡᠷᠡᠭᠦᠯᠬᠦ ᠰᠢᠰᠲ᠋ᠧᠮᠵᠢ ᠶᠢ ᠪᠠᠶᠢᠭᠤᠯᠪᠠᠯ᠂ ᠰᠠᠭᠠᠯᠢ ᠶᠢᠨ ᠦᠨᠢᠶ᠎ᠡ ᠶᠢᠨ ᠬᠢᠵᠢᠭ ᠡᠪᠡᠳᠴᠢᠨ ᠡᠭᠦᠰᠬᠦ ᠪᠠ ᠳᠡᠯᠭᠡᠷᠡᠬᠦ ᠶᠢ ᠪᠦᠲᠦᠮᠵᠢᠲᠡᠶ ᠰᠡᠷᠭᠡᠶᠢᠯᠡᠵᠦ ᠂  ᠰᠠᠭᠠᠯᠢ ᠶᠢᠨ ᠦᠨᠢᠶ᠎ᠡ ᠶᠢᠨ ᠰᠢᠭᠰᠢᠭᠳᠡᠬᠦ ᠨᠤᠷᠮ᠎ᠠ ᠶᠢ ᠪᠠᠭᠠᠰᠬᠠᠵᠤ ᠪᠣᠯᠣᠨ᠎ᠠ ᠃ ᠥᠪᠡᠷᠲᠡᠭᠡᠨ ᠵᠠᠰᠠᠬᠤ ᠣᠷᠣᠨ 5000 ᠲᠦᠮᠡᠨ ᠲᠥᠭᠦᠷᠢᠭ ᠤᠨ ᠰᠠᠭᠠᠯᠢ ᠶᠢᠨ ᠦᠨᠢᠶ᠎ᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠲᠤᠰᠬᠠᠢ ᠪᠡᠯᠡ ᠮᠥᠩᠭᠦ ᠶᠢ ᠪᠠᠶᠢᠭᠤᠯᠵᠤ᠂ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠶᠢᠨ ᠡᠬᠢ ᠪᠠᠶᠠᠯᠢᠭ ᠪᠠ ᠮᠡᠷᠭᠡᠵᠢᠯ ᠤᠨ ᠳᠠᠪᠠᠭᠤᠯᠢᠭ ᠲᠤ ᠲᠦᠰᠢᠭᠯᠡᠨ᠂ ᠭᠤᠣᠯᠳᠠᠭᠤ ᠰᠠᠭᠠᠯᠢ ᠶᠢᠨ ᠦᠨᠢᠶ᠎ᠡ ᠶᠢᠨ ᠪᠷᠦ᠋ᠼᠧᠯ ᠡᠪᠡᠳᠴᠢᠨ ᠵᠡᠷᠭᠡ ᠬᠢᠵᠢᠭ ᠡᠪᠡᠳᠴᠢᠨ ᠤ ᠸᠠᠺᠼᠢᠨ ᠤ ᠰᠢᠨ᠎ᠡ ᠶᠢ ᠡᠭᠦᠳᠬᠦ ᠰᠤᠳᠤᠯᠤᠯ᠂ ᠪᠷᠦ᠋ᠼᠧᠯ ᠡᠪᠡᠳᠴᠢᠨ᠂ ᠰᠦᠷᠢᠶ᠎ᠡ ᠡᠪᠡᠳᠴᠢᠨ ᠵᠡᠷᠭᠡ ᠬᠥᠮᠥᠨ ᠮᠠᠯ ᠳᠤ ᠬᠠᠮᠲᠤ ᠲᠤᠰᠳᠠᠭ ᠡᠪᠡᠳᠴᠢᠨ ᠢ ᠲᠦᠷᠭᠡᠨ ᠬᠢᠨᠠᠨ ᠬᠡᠮᠵᠢᠬᠦ᠂ ᠣᠨᠣᠰᠢᠯᠠᠬᠤ᠂ ᠴᠡᠪᠡᠷᠰᠢᠭᠦᠯᠬᠦ ᠮᠡᠷᠭᠡᠵᠢᠯ ᠤᠨ ᠰᠤᠳᠤᠯᠤᠯ ᠪᠠ ᠳᠡᠯᠭᠡᠷᠡᠭᠦᠯᠦᠨ ᠬᠡᠷᠡᠭᠯᠡᠬᠦ᠂ ᠰᠠᠭᠠᠯᠢ ᠶᠢᠨ ᠦᠨᠢᠶ᠎ᠡ ᠶᠢᠨ  ᠲᠡᠯᠡᠩ ᠤᠨ ᠦᠷᠪᠢᠰᠦᠯ ᠵᠡᠷᠭᠡ ᠦᠷᠡᠵᠢᠯ ᠤᠨ ᠰᠢᠰᠲ᠋ᠧᠮ ᠤᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠵᠢᠴᠢ ᠰᠣᠯᠢᠯᠴᠠᠭ᠎ᠠ ᠶᠢᠨ ᠡᠪᠡᠳᠴᠢᠨ ᠢ ᠰᠤᠳᠤᠯᠬᠤ ᠪᠠ ᠳᠡᠯᠭᠡᠷᠡᠭᠦᠯᠦᠨ ᠬᠡᠷᠡᠭᠯᠡᠬᠦ ᠵᠡᠷᠭᠡ ᠲᠤᠰᠬᠠᠢ ᠦᠢᠯᠡᠴᠢᠯᠡᠭᠡᠨ ᠳᠤ ᠬᠡᠷᠡᠭᠯᠡᠨ᠎ᠡ᠃      ︵ᠨᠠᠢᠮᠠ︶ ᠰᠦ ᠰᠠᠭᠠᠯᠢ ᠶᠢᠨ ᠦᠢᠯᠡᠰ ᠤᠨ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠳᠡᠮᠵᠢᠨ᠎ᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠰᠦ ᠰᠠᠭᠠᠯᠢ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠦᠵᠡᠭᠦᠯᠬᠦ ᠴᠢᠬᠤᠯᠠ ᠦᠢᠯᠡᠳᠦᠯ ᠢ ᠨᠠᠩ ᠰᠠᠶᠢᠨ ᠪᠠᠳᠠᠷᠠᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠤᠯᠤᠰ ᠤᠨ ᠰᠦ ᠰᠠᠭᠠᠯᠢ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠰᠠᠭᠤᠷᠢ ᠴᠢᠨᠠᠷᠲᠠᠢ ᠰᠤᠳᠤᠯᠤᠨ ᠨᠡᠭᠡᠭᠡᠬᠦ ᠵᠠᠷᠤᠳᠠᠯ ᠤᠨ ᠣᠷᠣᠭᠤᠯᠤᠯᠲᠠ ᠶᠢ ᠨᠡᠮᠡᠭᠳᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠵᠢᠯ ᠪᠦᠷᠢ 1 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠲᠣᠬᠢᠷᠠᠭᠤᠯᠵᠤ ᠤᠯᠤᠰ ᠤᠨ ᠴᠠᠭᠠᠨ ᠢᠳᠡᠭᠡᠨ ᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠤ ᠂ ᠭᠤᠣᠯᠳᠠᠭᠤ ᠲᠠᠪᠴᠠᠩ ᠤᠨ ᠪᠠᠶᠢᠭᠤᠯᠤᠯᠲᠠ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠂ ᠭᠤᠣᠯᠳᠠᠯᠭ᠎ᠠ ᠲᠠᠢ ᠰᠡᠳᠦᠪ ᠤᠨ ᠪᠣᠭᠤᠮᠲᠠ ᠰᠤᠪᠲᠤᠯᠤᠯᠲᠠ ᠳᠤ ᠬᠡᠷᠡᠭᠯᠡᠨ᠎ᠡ ᠃ ᠴᠢᠬᠤᠯᠠ ᠶᠡᠭᠡ ᠰᠡᠳᠦᠪ ᠢ ᠰᠤᠳᠤᠯᠬᠤ ᠳᠤ ᠲᠠᠬᠢᠭᠠᠳ ︽  ᠠᠰ ᠠᠰ ᠢᠶᠠᠷ ᠨᠢ ᠵᠥᠪᠯᠡᠬᠦ ︾ ᠶᠢ ᠬᠡᠷᠡᠭᠵᠢᠭᠦᠯᠦᠨ᠎ᠡ ᠃      ︵ᠶᠢᠰᠦ︶ ᠰᠦ ᠰᠠᠭᠠᠯᠢ ᠶᠢᠨ ᠦᠢᠯᠡᠰ ᠢ ᠬᠥᠭᠵᠢᠭᠦᠯᠬᠦ ᠰᠠᠭᠤᠷᠢ ᠮᠥᠩᠭᠦ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠢᠶᠠᠷ ᠵᠦᠪᠰᠢᠶᠡᠷᠡᠭᠦᠯᠦᠭᠰᠡᠨ ᠤ ᠳᠠᠷᠠᠭ᠎ᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠭᠤᠷᠢ ᠮᠥᠩᠭᠦ ᠶᠢᠨ ᠳᠣᠣᠷ᠎ᠠ ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠰᠠᠭᠤᠷᠢ ᠮᠥᠩᠭᠦ ᠪᠠᠶᠢᠭᠤᠯᠵᠤ᠂ ᠰᠠᠭᠤᠷᠢ ᠮᠥᠩᠭᠦ ᠶᠢᠨ ᠪᠡᠯᠡ ᠣᠷᠣᠭᠤᠯᠤᠯᠲᠠ ᠶᠢᠨ ᠠᠷᠭ᠎ᠠ ᠪᠠᠷ ᠳᠠᠮᠵᠢᠭᠤᠯᠤᠨ᠂ ᠠᠵᠤ ᠦᠢᠯᠡᠰ ᠤᠨ ᠬᠡᠯᠬᠢᠶ᠎ᠡ ︵ᠡᠭᠦᠯᠳᠡᠷ ᠤᠨ ᠢᠷᠡᠯᠲᠡ ᠶᠢᠨ ᠰᠠᠭᠤᠷᠢᠨ ᠭᠠᠵᠠᠷ᠂ ᠲᠡᠵᠢᠭᠡᠯ ᠡᠪᠡᠰᠦ ᠪᠣᠷᠳᠣᠭᠠᠨ ᠤ ᠰᠠᠭᠤᠷᠢᠨ ᠭᠠᠵᠠᠷ᠂ ᠰᠦ ᠰᠠᠭᠠᠯᠢ ᠶᠢᠨ ᠢᠷᠡᠯᠲᠡ ᠶᠢᠨ ᠰᠠᠭᠤᠷᠢᠨ ᠭᠠᠵᠠᠷ᠂ ᠪᠣᠯᠪᠠᠰᠤᠷᠠᠭᠤᠯᠬᠤ ᠠᠵᠤ ᠠᠬᠤᠶᠢᠯᠠᠯ᠂ ᠦᠢᠯᠡᠳᠬᠦᠨ ᠤ ᠦᠢᠯᠡᠳᠪᠦᠷᠢᠯᠡᠯ᠂ ᠪᠣᠷᠤᠯᠠᠭᠤᠯᠭ᠎ᠠ ᠶᠢᠨ ᠭᠦᠢᠯᠭᠡᠭᠡ︶ ᠳᠡᠭᠡᠷ᠎ᠡ ᠪᠠᠶᠢᠭ᠎ᠠ ᠴᠢᠨᠠᠷ ᠰᠠᠶᠢᠲᠠᠢ ᠬᠥᠲᠥᠴᠢ ᠠᠵᠤ ᠠᠬᠤᠶᠢᠯᠠᠯ ᠢ ᠭᠤᠣᠯᠳᠠᠯᠭ᠎ᠠ ᠲᠠᠢ ᠳᠡᠮᠵᠢᠵᠦ᠂ ᠠᠵᠤ ᠠᠬᠤᠶᠢᠯᠠᠯ ᠤᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠦᠢᠯᠡᠳᠪᠦᠷᠢᠯᠡᠯ ᠡᠵᠡᠩᠨᠡᠯᠲᠡ ᠶᠢᠨ ᠶᠠᠪᠤᠴᠠ ᠳᠤ ᠲᠤᠯᠭᠠᠷᠠᠭᠰᠠᠨ ᠪᠡᠯᠡ ᠮᠥᠩᠭᠦ ᠳᠤᠲᠠᠭᠳᠠᠬᠤ ᠠᠰᠠᠭᠤᠳᠠᠯ ᠢ ᠰᠢᠢᠳᠪᠦᠷᠢᠯᠡᠨ᠎ᠡ᠃      ᠳᠡᠭᠡᠷ᠎ᠡ ᠳᠤᠷᠠᠳᠤᠭᠰᠠᠨ ᠲᠥᠷᠥ ᠶᠢᠨ ᠪᠣᠳᠣᠯᠭ᠎ᠠ ᠶᠢ ︽ᠤᠷᠢᠳᠠᠪᠠᠷ ᠪᠠᠶᠢᠭᠤᠯᠵᠤ ᠳᠠᠷᠠᠭ᠎ᠠ ᠨᠢᠨᠥᠬᠦᠪᠦᠷᠢᠯᠡᠬᠦ᠂ ᠱᠠᠩᠨᠠᠬᠤ ᠪᠠᠷ ᠨᠥᠬᠦᠪᠦᠷᠢᠯᠡᠬᠦ ᠶᠢ ᠣᠷᠣᠯᠠᠭᠤᠯᠬᠤ︾ ᠠᠷᠭ᠎ᠠ ᠪᠠᠷ ᠬᠡᠷᠡᠭᠵᠢᠭᠦᠯᠦᠨ᠎ᠡ ᠂ ᠡᠯ᠎ᠡ ᠲᠤᠯᠤᠭᠠᠶᠢᠯᠠᠬᠤ ᠰᠠᠯᠠᠭ᠎ᠠ ᠮᠥᠴᠢᠷ ᠤᠳ ᠪᠡᠯᠡ ᠮᠥᠩᠭᠦ ᠶᠢᠨ ᠬᠠᠮᠢᠶᠠᠷᠤᠯᠲᠠ ᠪᠠ ᠰᠢᠯᠭᠠᠨ ᠬᠤᠷᠢᠶᠠᠵᠤ ᠰᠢᠯᠭᠠᠨ ᠬᠢᠨᠠᠬᠤ ᠪᠣᠳᠠᠲᠠᠢ ᠠᠷᠭ᠎ᠠ ᠶᠢ ᠲᠣᠭᠲᠠᠭᠠᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠴᠠᠲᠠᠢ ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠃       ᠲᠦᠷᠦ ᠶᠢᠨ ᠪᠣᠳᠣᠯᠭ᠎ᠠ ᠶᠢᠨ ᠤᠭ ᠮᠠᠲ᠋ᠧᠷᠢᠶᠠᠯ᠄ ᠰᠦ ᠰᠠᠭᠠᠯᠢ ᠶᠢᠨ ᠦᠢᠯᠡᠰ ᠤᠨ ᠬᠦᠭᠵᠢᠨ ᠮᠠᠨᠳᠤᠯᠳᠠ ᠶᠢ ᠠᠬᠢᠭᠤᠯᠬᠤ ᠶᠢᠰᠦᠨ ᠵᠤᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ      ᠠᠭᠤᠯᠭ᠎ᠠ ᠶᠢᠨ ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号