ᠰᠤᠷᠪᠤᠯᠵᠢᠯᠠᠭᠰᠠᠨ ᠵᠣᠴᠢᠨ᠄ ᠮᠦ ᠶᠤᠸᠠᠨ | ᠰᠣᠷᠪᠤᠯᠵᠢᠯᠠᠭᠰᠠᠨ ᠴᠠᠭ᠄ 2022 ᠣᠨ ᠤ 4 ᠰᠠᠷ᠎ᠠ ᠶᠢᠨ 8 ᠤ ᠡᠳᠦᠷ | ᠭᠤᠣᠯ ᠠᠭᠤᠯᠭ᠎ᠠ ᠄ ᠣᠶᠢᠷ᠎ᠠ ᠳᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ | ᠣᠷᠳᠣᠨ ᠠᠴᠠ ︽ 2022 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ | ᠠᠵᠢᠯ ᠢ ᠰᠠᠶᠢᠲᠤᠷ ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ ︾ ︵ ᠳᠣᠷᠣᠭᠰᠢ | ︽ᠬᠡᠷᠡᠭᠵᠢᠭᠦᠯᠬᠦ ᠰᠠᠨᠠᠯ ︾ ᠭᠡᠵᠦ ᠳᠥᠭᠦᠮᠴᠢᠯᠡᠨ᠎ᠡ ︶ ᠢ ᠳᠠᠷᠤᠮᠠᠯᠯᠠᠨ ᠲᠠᠷᠬᠠᠭᠠᠪᠠ ᠃ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ | ᠭᠡᠷ ᠤᠨ ᠬᠠᠷᠢᠭᠤᠴᠠᠯᠭᠠᠲᠠᠨ ︽ᠬᠡᠷᠡᠭᠵᠢᠭᠦᠯᠬᠦ ᠰᠠᠨᠠᠯ︾ ᠤᠨ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ | ᠰᠤᠷᠪᠤᠯᠵᠢᠯᠠᠭᠴᠢ ᠶᠢᠨ ᠠᠰᠠᠭᠤᠭᠰᠠᠨ ᠢ ᠬᠠᠷᠢᠭᠤᠯᠪᠠ᠃ | ᠬᠥᠲᠥᠯᠥᠭᠴᠢ ᠠᠰᠠᠭᠤᠭᠰᠠᠨ ᠨᠢ᠄ ︽ᠬᠡᠷᠡᠭᠵᠢᠭᠦᠯᠬᠦ ᠰᠠᠨᠠᠯ︾ ᠢ ᠨᠡᠶᠢᠲᠡᠯᠡᠭᠰᠡᠨ ᠠᠬᠤᠢ ᠪᠠᠶᠢᠳᠠᠯ ᠨᠢ ᠶᠠᠭᠤ | ᠪᠣᠶ︖ | ᠵᠣᠴᠢᠨ ᠮᠦ ᠶᠤᠸᠠᠨ ᠬᠠᠷᠢᠭᠤᠯᠤᠭᠰᠠᠨ ᠨᠢ᠄ ᠶᠡᠷᠦᠩᠬᠡᠢ ᠱᠦᠵᠢ ᠰᠢ ᠶᠢᠨ ᠫᠢᠩ ᠡᠯ᠎ᠡ ᠲᠥᠷᠥᠯ ᠤᠨ ᠠᠶᠤᠯ | ᠲᠦᠭᠰᠢᠭᠦᠷᠢ ᠶᠢᠨ ᠥᠷᠢᠰᠦᠯᠳᠦᠭᠡᠨ ᠢ ᠠᠷᠭᠠᠴᠠᠬᠤ ᠳᠤ ᠡᠷᠬᠡᠪᠰᠢ ᠤᠯᠤᠰ ᠤᠨ ᠪᠠᠶᠢᠯᠳᠤᠬᠤ ᠪᠣᠳᠣᠯᠭ᠎ᠠ ᠶᠢᠨ | ᠬᠡᠷᠡᠭᠴᠡᠭᠡ ᠶᠢ ᠪᠣᠳᠣᠯᠬᠢᠯᠠᠨ᠂ ᠲᠠᠷᠢᠶᠠᠯᠠᠩ ᠤᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠵᠤ᠂ ︽ᠲᠠᠷᠢᠶᠠᠯᠠᠩ | ᠲᠠᠷᠢᠶᠠᠯᠠᠬᠤ ᠣᠷᠤᠨ ᠲᠠᠷᠢᠶᠠᠴᠢᠨ ︾ ᠤ ᠠᠵᠢᠯ ᠢ ᠰᠠᠶᠢᠲᠤᠷ ᠬᠢᠵᠦ᠂ ᠠᠷᠭ᠎ᠠ ᠬᠡᠮᠵᠢᠶ᠎ᠡ ᠨᠢ ᠴᠢᠩᠭ᠎ᠠ ᠂ ᠬᠡᠷᠡᠭᠵᠢᠭᠦᠯᠬᠦ | ᠬᠦᠴᠦᠨ ᠨᠢ ᠴᠢᠩᠭ᠎ᠠ ᠂ ᠭᠠᠷᠤᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠶᠢ ᠦᠨᠡᠨ ᠬᠦ ᠪᠠᠲᠤᠯᠠᠵᠤ᠂ | ᠲᠠᠷᠢᠶᠠᠯᠠᠩ ᠬᠥᠳᠡᠭᠡ ᠲᠣᠰᠬᠤᠨ ᠤ ᠲᠣᠭᠲᠠᠭᠤᠨ ᠢᠶᠠᠷ ᠬᠥᠭᠵᠢᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ | ᠴᠢᠬᠤᠯᠠᠴᠢᠯᠠᠵᠠᠢ᠃ 2021 ᠣᠨ ᠳᠤ᠂ ᠮᠠᠨ ᠤ ᠣᠷᠣᠨ ᠶᠡᠷᠦᠩᠬᠡᠢ ᠱᠦᠵᠢ ᠰᠢ ᠶᠢᠨ ᠫᠢᠩ ᠤᠨ ︽ ᠲᠠᠷᠢᠶᠠᠯᠠᠩ | ᠲᠠᠷᠢᠶᠠᠯᠠᠬᠤ ᠣᠷᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠣᠨ ᠥᠪᠥᠷ ᠮᠣᠩᠭᠤᠯ | ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ | ᠲᠤᠭᠤᠰᠢᠯᠠᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ | ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠪᠦᠬᠦ | ᠣᠷᠣᠨ ᠤ ᠠᠮᠤ ᠪᠤᠳᠠᠭᠠᠨ ᠤ ᠦᠢᠯᠡᠳᠪᠦᠷᠢᠯᠡᠯ ᠳᠤ ︽ᠠᠷᠪᠠᠨ ᠨᠠᠢᠮᠠᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠬᠤ︾ | ᠶᠢ ᠪᠡᠶᠡᠯᠡᠭᠦᠯᠵᠦ᠂ ᠮᠠᠯ ᠠᠵᠤ ᠠᠬᠤᠢ ᠶᠢᠨ ᠦᠢᠯᠡᠳᠪᠦᠷᠢᠯᠡᠯ ᠳᠤ ︽ᠠᠷᠪᠠᠨ ᠳᠣᠯᠣᠭᠠᠨ ᠵᠢᠯ ᠳᠠᠷᠠᠭᠠᠯᠠᠨ | ᠲᠣᠭᠲᠠᠭᠤᠨ ᠪᠠᠶᠢᠬᠤ︾ ᠶᠢ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ | ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 18337 ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 10.7% ᠨᠡᠮᠡᠭᠳᠡᠪᠡ ᠂ ᠨᠡᠮᠡᠭᠳᠡᠯ ᠤᠨ ᠬᠤᠷᠳᠤᠴᠠ ᠨᠢ ᠬᠤᠲᠠ ᠪᠠᠯᠭᠠᠰᠤᠨ ᠤ | ᠰᠠᠭᠤᠭᠠᠯᠢ ᠠᠷᠠᠳ ᠠᠴᠠ 3.4 ᠵᠠᠭᠤᠨ ᠤ ᠨᠢᠭᠡᠴᠢ ᠥᠨᠳᠥᠷ ᠪᠠᠶᠢᠵᠤ᠂ ᠮᠠᠯᠵᠢᠬᠤ ᠲᠠᠷᠢᠶᠠᠯᠠᠬᠤ ᠣᠷᠣᠨ ᠤ | ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠵᠤ ᠂ ᠬᠥᠳᠡᠭᠡ ᠲᠣᠰᠬᠤᠨ ᠤ | ᠵᠠᠰᠠᠯᠲᠠ ᠶᠢᠨ ᠲᠦᠪᠰᠢᠨ ᠲᠠᠰᠤᠷᠠᠯᠲᠠ ᠦᠭᠡᠢ ᠳᠡᠭᠡᠭᠰᠢᠯᠡᠨ᠂ ᠲᠠᠷᠢᠶᠠᠯᠠᠩ ᠮᠠᠯ ᠠᠵᠤ ᠠᠬᠤᠢ ᠮᠠᠯᠵᠢᠬᠤ | ᠲᠠᠷᠢᠶᠠᠯᠠᠬᠤ ᠣᠷᠣᠨ ᠤ ᠬᠥᠭᠵᠢᠯᠲᠡ ᠶᠢᠨ ᠪᠠᠶᠢᠳᠠᠯ ᠦᠷᠭᠦᠯᠵᠢᠯᠡᠨ ᠰᠠᠶᠢᠵᠢᠷᠠᠵᠤ ᠂ ᠲᠠᠷᠢᠶᠠᠯᠠᠩ ᠮᠠᠯ ᠠᠵᠤ | ᠠᠬᠤᠢ ᠶᠢᠨ ᠦᠢᠯᠡᠳᠪᠦᠷᠢᠯᠡᠯ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠲᠤᠯᠠᠨ ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠲᠠᠯ᠎ᠠ ᠪᠠᠷ ᠯᠠᠪᠳᠠᠭᠤᠨ ᠪᠠᠲᠤᠲᠠᠢ | ᠠᠯᠬᠤᠮ ᠢ ᠠᠯᠬᠤᠨ᠂ ︽ ᠠᠷᠪᠠᠨ ᠳᠥᠷᠪᠡᠳᠦᠭᠡᠷ ᠲᠠᠪᠤᠨ ᠵᠢᠯ ︾ ᠤᠨ ᠰᠠᠶᠢᠨ ᠡᠬᠢᠯᠡᠯᠲᠡ ᠶᠢ ᠪᠡᠶᠡᠯᠡᠭᠦᠯᠬᠦ ᠳᠤ | ᠬᠦᠴᠦᠲᠡᠢ ᠲᠤᠯᠭᠠᠭᠤᠷᠢᠯᠠᠯ ᠬᠠᠩᠭᠠᠪᠠ᠃ ᠣᠳᠣᠬᠠᠨ ᠳᠤ ᠂ ᠵᠠᠭᠤᠨ ᠵᠢᠯ ᠤᠨ ᠬᠤᠪᠢᠷᠠᠯᠲᠠ ᠪᠠ ᠡᠷᠡᠨ ᠵᠠᠭᠤᠨ ᠤ | ᠬᠢᠵᠢᠭ ᠤᠨ ᠪᠠᠶᠢᠳᠠᠯ ᠰᠣᠯᠪᠢᠴᠠᠨ ᠳᠠᠪᠬᠤᠴᠠᠵᠤ ᠂ ᠨᠠᠷᠢᠨ ᠪᠤᠳᠤᠯᠢᠶᠠᠨᠲᠠᠢ ᠪᠥᠭᠡᠳ ᠬᠦᠨᠳᠦ ᠬᠡᠴᠡᠭᠦᠦ ᠭᠠᠳᠠᠭᠠᠳᠤ | ᠣᠷᠴᠢᠨ ᠨᠥᠬᠦᠴᠡᠯ ᠤᠨ ᠡᠮᠦᠨ᠎ᠡ ᠂ ᠲᠠᠷᠢᠶᠠᠯᠠᠩ ᠤᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠤᠨ ᠂ ︽ᠲᠠᠷᠢᠶᠠᠯᠠᠩ | ᠲᠠᠷᠢᠶᠠᠯᠠᠬᠤ ᠣᠷᠤᠨ ᠲᠠᠷᠢᠶᠠᠴᠢᠨ︾ ᠤ ᠠᠵᠢᠯ ᠢ ᠰᠠᠶᠢᠲᠤᠷ ᠬᠢᠵᠦ ᠂ ᠲᠠᠷᠢᠶᠠᠯᠠᠩ ᠤᠨ ᠭᠠᠷᠤᠯᠲᠠ ᠶᠢ | ᠲᠣᠭᠲᠠᠪᠤᠷᠢᠵᠢᠭᠤᠯᠤᠨ ᠭᠠᠷᠤᠯᠲᠠ ᠶᠢ ᠨᠡᠮᠡᠭᠳᠡᠭᠦᠯᠬᠦ ᠂ ᠲᠠᠷᠢᠶᠠᠴᠢᠳ ᠤᠨ ᠣᠷᠣᠯᠭ᠎ᠠ ᠶᠢ ᠲᠣᠭᠲᠠᠭᠤᠨ ᠢᠶᠠᠷ | ᠨᠡᠮᠡᠭᠳᠡᠭᠦᠯᠬᠦ ᠂ ᠬᠥᠳᠡᠭᠡ ᠲᠣᠰᠬᠤᠨ ᠤ ᠠᠮᠤᠷ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠨᠢ ᠠᠵᠤ ᠠᠬᠤᠢ | ᠨᠡᠶᠢᠭᠡᠮ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠬᠤ ᠳᠤ ᠣᠨᠴᠠᠭᠠᠶ ᠴᠢᠬᠤᠯᠠ | ᠠᠴᠢ ᠬᠤᠯᠪᠣᠭᠳᠠᠯ ᠲᠠᠢ ᠶᠤᠮ ᠃ ᠡᠨᠡ ᠵᠢᠯ ᠤᠨ 1 ᠰᠠᠷ᠎ᠠ ᠶᠢᠨ 5 ᠤ ᠡᠳᠦᠷ ᠂ ᠨᠠᠮ ᠤᠨ ᠲᠥᠪ ᠬᠤᠷᠢᠶ᠎ᠠ ᠂ | ᠲᠦᠷᠦ ᠶᠢᠨ ᠶᠠᠪᠤᠳᠠᠯ ᠤᠨ ᠬᠤᠷᠢᠶ᠎ᠠ ︽ 2022 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠭᠤᠣᠯᠳᠠᠯᠭ᠎ᠠ ᠲᠠᠢ ᠠᠵᠢᠯ ᠢ ᠪᠦᠬᠦ ᠲᠠᠯ᠎ᠠ ᠪᠠᠷ ᠠᠬᠢᠭᠤᠯᠬᠤ ᠲᠤᠬᠠᠢ ᠨᠠᠮ ᠤᠨ ᠲᠥᠪ ᠬᠤᠷᠢᠶ᠎ᠠ ᠂ ᠲᠦᠷᠦ ᠶᠢᠨ | ᠶᠠᠪᠤᠳᠠᠯ ᠤᠨ ᠬᠤᠷᠢᠶᠠᠨ ᠤ ᠰᠠᠨᠠᠯ ︾ ᠢ ᠳᠠᠷᠤᠮᠠᠯᠯᠠᠨ ᠲᠠᠷᠬᠠᠭᠠᠵᠤ ᠂ ︽ ᠲᠠᠷᠢᠶᠠᠯᠠᠩ ᠲᠠᠷᠢᠶᠠᠯᠠᠬᠤ ᠣᠷᠤᠨ | ᠲᠠᠷᠢᠶᠠᠴᠢᠨ ︾ ᠤ ᠠᠵᠢᠯ ᠳᠤ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠪᠡ᠃ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠨᠠᠮ ᠤᠨ ᠲᠥᠪ ᠬᠤᠷᠢᠶᠠᠨ ᠤ ᠰᠢᠨ᠎ᠡ ᠬᠥᠭᠵᠢᠯᠲᠡ ᠶᠢᠨ | ᠱᠠᠲᠤᠨ ᠳᠠᠬᠢ ︽ ᠲᠠᠷᠢᠶᠠᠯᠠᠩ ᠲᠠᠷᠢᠶᠠᠯᠠᠬᠤ ᠣᠷᠤᠨ ᠲᠠᠷᠢᠶᠠᠴᠢᠨ ︾ ᠤ ᠠᠵᠢᠯ ᠤᠨ ᠲᠤᠬᠠᠢ ᠪᠠᠶᠢᠯᠳᠤᠬᠤ | ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠭᠦᠨᠵᠡᠭᠡᠢ ᠣᠶᠢᠯᠠᠭᠠᠨ ᠡᠵᠡᠮᠰᠢᠵᠦ ᠂ ᠲᠥᠪ ᠤᠨ ᠠᠵᠤ ᠠᠬᠤᠢ ᠶᠢᠨ | ᠠᠵᠢᠯ ᠤᠨ ᠬᠤᠷᠠᠯ ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠣᠨ | ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠢ ᠲᠤᠭᠤᠰᠢᠯᠠᠭᠤᠯᠬᠤ ᠲᠠᠢ ᠤᠶᠠᠯᠳᠤᠭᠤᠯᠵᠤ ᠂ ᠲᠥᠪ ᠤᠨ | ︽ᠰᠠᠨᠠᠯ ︾ ᠳᠤ ᠳᠤᠷᠠᠳᠤᠭᠰᠠᠨ ᠴᠢᠬᠤᠯᠠ ᠶᠡᠭᠡ ᠡᠭᠦᠷᠭᠡ ᠠᠷᠭ᠎ᠠ ᠬᠡᠮᠵᠢᠶ᠎ᠡ ᠶᠢ ᠨᠢᠭᠡᠳ ᠨᠢᠭᠡ ᠪᠠᠷ ᠨᠠᠷᠢᠯᠢᠭᠵᠢᠭᠤᠯᠤᠨ | ᠪᠠᠶᠢᠷᠢᠯᠠᠭᠤᠯᠵᠤ ᠂ ︽ ᠬᠡᠷᠡᠭᠵᠢᠭᠦᠯᠬᠦ ᠰᠠᠨᠠᠯ ︾ ᠢ ᠲᠣᠭᠲᠠᠭᠠᠨ ᠨᠡᠶᠢᠲᠡᠯᠡᠪᠡ ᠃ | ᠬᠥᠲᠥᠯᠥᠭᠴᠢ ᠠᠰᠠᠭᠤᠭᠰᠠᠨ ᠨᠢ ᠄ ︽ᠬᠡᠷᠡᠭᠵᠢᠭᠦᠯᠬᠦ ᠰᠠᠨᠠᠯ︾ ᠤᠨ ᠭᠤᠣᠯ ᠠᠭᠤᠯᠭ᠎ᠠ ᠨᠢ ᠶᠠᠭᠤ ᠪᠣᠶ︖ | ᠵᠣᠴᠢᠨ ᠮᠦ ᠶᠤᠸᠠᠨ ᠬᠠᠷᠢᠭᠤᠯᠤᠭᠰᠠᠨ ᠨᠢ᠄ ︽ᠬᠡᠷᠡᠭᠵᠢᠭᠦᠯᠬᠦ ᠰᠠᠨᠠᠯ︾ ᠳᠤ 37 ᠵᠦᠢᠯ ᠤᠨ ᠭᠤᠣᠯᠳᠠᠯᠭ᠎ᠠ | ᠲᠠᠢ ᠡᠭᠦᠷᠭᠡ ᠶᠢ ᠳᠤᠷᠠᠳᠴᠤ᠂ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠤᠨ ᠤᠨᠠᠯᠲᠠ ᠶᠢ ᠨᠡᠮᠡᠭᠳᠡᠭᠦᠯᠬᠦ᠂ | ᠲᠠᠷᠢᠶᠠᠨ ᠭᠠᠵᠠᠷ ᠢ ᠬᠠᠮᠠᠭᠠᠯᠠᠬᠤ ᠪᠠ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠠᠵᠤ ᠦᠢᠯᠡᠰᠵᠢᠭᠦᠯᠦᠨ | ᠬᠥᠭᠵᠢᠭᠦᠯᠬᠦ᠂ ᠲᠠᠷᠢᠶᠠᠯᠠᠩ ᠮᠠᠯ ᠠᠵᠤ ᠠᠬᠤᠢ ᠶᠢᠨ ᠨᠡᠷᠡᠲᠦ ᠲᠡᠮᠳᠡᠭ ᠢ ᠳᠡᠭᠡᠭᠰᠢᠯᠡᠭᠦᠯᠬᠦ᠂ ᠦᠷ᠎ᠡ ᠶᠢᠨ ᠦᠢᠯᠡᠰ ᠢ | ᠬᠥᠭᠵᠢᠭᠦᠯᠬᠦ᠂ ᠰᠦ ᠶᠢᠨ ᠦᠢᠯᠡᠰ ᠢ ᠬᠥᠭᠵᠢᠭᠦᠯᠬᠦ ᠵᠡᠷᠭᠡ ᠵᠢᠷᠭᠤᠭᠠᠨ ᠶᠡᠭᠡ ᠠᠵᠢᠯᠯᠠᠭ᠎ᠠ ᠶᠢᠨ ᠪᠦᠲᠦᠭᠡᠨ | ᠪᠠᠶᠢᠭᠤᠯᠬᠤ ᠪᠣᠳᠠᠲᠠᠢ ᠠᠷᠭ᠎ᠠ ᠬᠡᠮᠵᠢᠶ᠎ᠡ ᠶᠢ ᠭᠦᠨᠵᠡᠭᠡᠢ ᠬᠡᠷᠡᠭᠵᠢᠭᠦᠯᠵᠦ᠂ 55 ᠵᠦᠢᠯ ᠤᠨ ᠪᠣᠳᠠᠲᠠᠢ ᠭᠦᠢᠴᠡᠳᠬᠡᠬᠦ | ᠲᠤᠭ᠎ᠠ ᠶᠢ ᠵᠢᠭᠰᠠᠭᠠᠪᠠ ᠃ ︽ᠬᠡᠷᠡᠭᠵᠢᠭᠦᠯᠬᠦ ᠰᠠᠨᠠᠯ︾ ᠤᠨ ᠭᠤᠣᠯ ᠠᠭᠤᠯᠭ᠎ᠠ ᠶᠢ ᠬᠤᠷᠢᠶᠠᠩᠭᠤᠶᠢᠯᠠᠪᠠᠯ᠄ ︽ᠬᠤᠶᠠᠷ | ᠬᠤᠷᠢᠭ᠎ᠠ ᠱᠤᠭᠤᠮ︾ ᠢ ᠪᠠᠲᠤ ᠰᠠᠬᠢᠵᠤ᠂ ︽ᠭᠤᠷᠪᠠᠨ ᠭᠤᠣᠯᠳᠠᠯᠭ᠎ᠠ︾ ᠶᠢ ᠰᠠᠶᠢᠲᠤᠷ ᠠᠳᠬᠤᠨ ᠂ ︽ᠳᠥᠷᠪᠡᠨ | ᠲᠤᠯᠭᠠᠭᠤᠷᠢᠯᠠᠯ︾ ᠢ ᠴᠢᠩᠭᠠᠷᠠᠭᠤᠯᠤᠨ᠂ ︽ᠨᠢᠭᠡ ᠶᠢ ᠴᠢᠩᠭᠠᠳᠬᠠᠬᠤ︾ ᠶᠢ ᠪᠠᠷᠢᠮᠲᠠᠯᠠᠨ᠎ᠠ᠃ ︽ ᠬᠤᠶᠠᠷ ᠬᠤᠷᠢᠭ᠎ᠠ | ᠱᠤᠭᠤᠮ︾ ᠢ ᠪᠠᠲᠤ ᠰᠠᠬᠢᠬᠤ ᠪᠣᠯ ᠳᠠᠷᠤᠢ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠪᠠ | ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠬᠤᠶᠠᠷ ᠬᠤᠷᠢᠭ᠎ᠠ ᠱᠤᠭᠤᠮ ᠢ ᠪᠠᠲᠤ ᠰᠠᠬᠢᠬᠤ ᠶᠠᠪᠤᠳᠠᠯ ᠪᠣᠯᠣᠨ᠎ᠠ ᠃ | ᠠᠮᠤ ᠪᠤᠳᠠᠭᠠᠨ ᠤ ᠦᠢᠯᠡᠳᠪᠦᠷᠢᠯᠡᠯ ᠪᠣᠯᠣᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠬᠠᠩᠭᠠᠯᠭ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ ᠂ ᠲᠠᠷᠢᠶᠠᠨ ᠭᠠᠵᠠᠷ ᠢ ᠬᠠᠮᠠᠭᠠᠯᠠᠬᠤ ᠪᠦᠲᠦᠭᠡᠨ | ᠪᠠᠶᠢᠭᠤᠯᠤᠯᠲᠠ ᠶᠢᠨ ᠬᠠᠲᠠᠭᠤ ᠠᠷᠭ᠎ᠠ ᠬᠡᠮᠵᠢᠶ᠎ᠡ ᠶᠢ ᠨᠡᠩ ᠶᠡᠭᠡ ᠡᠷᠴᠢᠮ ᠢᠶᠠᠷ ᠰᠠᠶᠢᠲᠤᠷ ᠨᠠᠶᠢᠲᠠᠪᠤᠷᠢᠵᠢᠭᠤᠯᠤᠨ᠂ | ᠠᠮᠤ ᠪᠤᠳᠠᠭ᠎ᠠ ᠲᠠᠷᠢᠬᠤ ᠲᠠᠯᠠᠪᠠᠢ ᠶᠢ 10290 ᠲᠦᠮᠡᠨ ᠮᠦ ᠳᠤ ᠲᠣᠭᠲᠠᠪᠤᠷᠢᠵᠢᠭᠤᠯᠵᠤ ᠂ ᠤᠨᠠᠯᠲᠠ ᠶᠢ 750 | ᠳ᠋ᠦᠩᠰᠢᠭᠤᠷ ᠵᠢᠩ ᠣᠷᠴᠢᠮ ᠳᠤ ᠲᠣᠭᠲᠠᠪᠤᠷᠢᠵᠢᠭᠤᠯᠬᠤ ᠶᠢ ᠪᠠᠲᠤᠯᠠᠨ᠂ ︽ ᠢᠳᠡᠰᠢᠨ ᠨᠣᠭᠤᠭ᠎ᠠ ︾ ᠶᠢᠨ | ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠨ᠎ᠠ︔ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠵᠦ | ᠬᠠᠪᠰᠤᠷᠤᠨ ᠲᠡᠳᠬᠦᠬᠦ ᠲᠣᠭᠲᠠᠴᠠ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ ᠂ ᠭᠤᠣᠯᠳᠠᠯᠭ᠎ᠠ ᠲᠠᠢ ᠭᠠᠵᠠᠷ | ᠣᠷᠣᠨ ᠢ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠤᠨ᠂ ᠬᠠᠪᠰᠤᠷᠤᠨ ᠲᠡᠳᠬᠦᠬᠦ ᠲᠦᠷᠦ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠵᠤ ᠂ ᠬᠡᠪᠴᠢᠶᠡᠵᠢᠭᠰᠡᠨ ᠴᠢᠨᠠᠷᠲᠠᠢ | ᠲᠠᠬᠢᠨ ᠶᠠᠳᠠᠭᠤᠷᠠᠬᠤ ᠪᠠᠶᠢᠳᠠᠯ ᠡᠭᠦᠰᠬᠦ ᠦᠭᠡᠢ ᠪᠠᠶᠢᠬᠤ ᠶᠢ ᠪᠠᠲᠤᠯᠠᠨ᠂ ᠶᠠᠳᠠᠭᠤ ᠠᠴᠠ ᠠᠩᠭᠢᠵᠢᠷᠠᠭᠰᠠᠨ ᠬᠥᠮᠥᠨ | ᠠᠮᠠ ᠶᠢᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠠᠬᠢᠭᠤᠯᠤᠨ᠎ᠠ ᠃ ︽ ᠭᠤᠷᠪᠠᠨ ᠭᠤᠣᠯᠳᠠᠯᠭ᠎ᠠ ︾ ᠶᠢ | ᠰᠠᠶᠢᠲᠤᠷ ᠠᠳᠬᠤᠬᠤ ᠪᠣᠯ ᠳᠠᠷᠤᠢ ᠬᠥᠳᠡᠭᠡ ᠲᠣᠰᠬᠤᠨ ᠤ ᠬᠥᠭᠵᠢᠯᠲᠡ ᠂ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠂ ᠬᠥᠳᠡᠭᠡ ᠲᠣᠰᠬᠤᠨ ᠤ ᠵᠠᠰᠠᠯᠲᠠ ᠶᠢᠨ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠡᠮᠬᠢ | ᠳᠢᠭᠯᠢᠮ ᠲᠠᠢ ᠰᠠᠶᠢᠲᠤᠷ ᠬᠢᠬᠦ ᠶᠠᠪᠤᠳᠠᠯ ᠪᠣᠯᠣᠨ᠎ᠠ ᠃ ᠬᠥᠳᠡᠭᠡ ᠲᠣᠰᠬᠤᠨ ᠤ ᠬᠥᠭᠵᠢᠯᠲᠡ ᠶᠢᠨ ᠲᠠᠯ᠎ᠠ ᠪᠠᠷ᠂ ᠥᠪᠥᠷ | ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ ᠰᠠᠭᠤᠷᠢ | ᠵᠡᠷᠭᠡ ᠲᠠᠯ᠎ᠠ ᠶᠢᠨ ᠬᠠᠷᠢᠴᠠᠩᠭᠤᠢ ᠳᠠᠪᠠᠭᠤᠯᠢᠭ ᠢ ᠪᠠᠳᠠᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠨᠢᠭᠡ ᠬᠤᠶᠠᠷ | ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠦᠷᠭᠦᠯᠵᠢᠯᠡᠨ ᠠᠬᠢᠭᠤᠯᠵᠤ᠂ ᠮᠠᠯᠴᠢᠨ | ᠲᠠᠷᠢᠶᠠᠴᠢᠨ ᠢ ᠳᠠᠶᠢᠴᠢᠯᠠᠨ ᠲᠤᠬᠠᠢ ᠶᠢᠨ ᠭᠠᠵᠠᠷ ᠪᠤᠶᠤ ᠣᠶᠢᠷ᠎ᠠ ᠬᠠᠪᠢ ᠳᠠᠭᠠᠨ ᠠᠵᠢᠯ ᠣᠯᠵᠤ ᠣᠷᠣᠯᠭ᠎ᠠ ᠪᠠᠨ | ᠨᠡᠮᠡᠩᠳᠡᠭᠦᠯᠬᠦ ᠶᠢ ᠳᠠᠶᠢᠴᠢᠯᠠᠨ᠎ᠠ ︔ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠬᠥᠳᠡᠭᠡ | ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠣᠭᠲᠠᠴᠠ ᠶᠢ ᠪᠦᠷᠢᠨᠰᠢᠭᠦᠯᠵᠦ᠂ ᠮᠠᠯᠵᠢᠬᠤ | ᠲᠠᠷᠢᠶᠠᠯᠠᠬᠤ ᠣᠷᠣᠨ ᠤ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠯᠴᠢᠨ | ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠤᠨ ᠪᠣᠳᠠᠲᠠᠢ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ ︔ ᠬᠥᠳᠡᠭᠡ | ᠲᠣᠰᠬᠤᠨ ᠤ ᠵᠠᠰᠠᠯᠲᠠ ᠶᠢᠨ ᠲᠠᠯ᠎ᠠ ᠪᠠᠷ᠂ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠵᠣᠬᠢᠶᠠᠨ | ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ | ᠳᠣᠣᠷᠠᠬᠢ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠶᠣᠰᠣ ᠮᠣᠷᠠᠯ ᠢᠶᠠᠷ ᠵᠠᠰᠠᠬᠤ ᠶᠢ ᠤᠶᠠᠯᠳᠤᠭᠤᠯᠤᠭᠰᠠᠨ | ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮᠵᠢ ᠶᠢ ᠪᠦᠷᠢᠨᠰᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ | ᠨᠡᠶᠢᠭᠡᠮ ᠤᠨ ᠠᠮᠤᠷ ᠲᠠᠶᠢᠪᠤᠩ ᠲᠣᠭᠲᠠᠭᠤᠨ ᠢ ᠦᠨᠡᠨ ᠬᠦ ᠪᠠᠲᠤᠯᠠᠨ᠎ᠠ ᠃ ︽ᠳᠥᠷᠪᠡᠨ ᠪᠠᠲᠤᠯᠠᠭ᠎ᠠ︾ ᠶᠢ | ᠴᠢᠩᠭᠠᠳᠬᠠᠬᠤ ᠪᠣᠯ ᠳᠠᠷᠤᠢ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠢ ᠤᠷᠢᠳ ᠢᠶᠠᠷ | ᠬᠥᠭᠵᠢᠭᠦᠯᠬᠦ ᠶᠢ ᠪᠠᠷᠢᠮᠲᠠᠯᠠᠵᠤ᠂ ᠪᠡᠯᠡ ᠮᠥᠩᠭᠦ ᠶᠢᠨ ᠣᠷᠣᠭᠤᠯᠤᠯᠲᠠ᠂ ᠮᠥᠩᠭᠦᠨ ᠭᠦᠢᠯᠭᠡᠭᠡᠨ ᠤ ᠦᠢᠯᠡᠴᠢᠯᠡᠭᠡ᠂ | ᠴᠢᠳᠠᠪᠤᠷᠢᠲᠠᠨ ᠤ ᠡᠩᠨᠡᠭᠡ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠥᠷᠪᠡᠨ ᠲᠠᠯ᠎ᠠ ᠪᠠᠷ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠴᠢᠬᠤᠯᠠ ᠬᠦᠴᠦᠨ ᠵᠦᠢᠯ ᠤᠨ ᠪᠠᠲᠤᠯᠠᠭ᠎ᠠ ᠶᠢ ᠦᠷᠭᠦᠯᠵᠢᠯᠡᠨ ᠴᠢᠩᠭᠠᠳᠬᠠᠬᠤ | ᠶᠠᠪᠤᠳᠠᠯ ᠪᠣᠯᠣᠨ᠎ᠠ᠃ ︽ ᠨᠢᠭᠡ ᠶᠢ ᠴᠢᠩᠭᠠᠳᠬᠠᠬᠤ ︾ ᠶᠢ ᠪᠠᠷᠢᠮᠲᠠᠯᠠᠬᠤ ᠪᠣᠯ ᠳᠠᠷᠤᠢ ᠨᠠᠮ ᠠᠴᠠ ︽ ᠮᠠᠯ ᠠᠵᠤ | ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠤᠨ ᠮᠠᠯᠴᠢᠨ ᠲᠠᠷᠢᠶᠠᠴᠢᠨ︾ ᠤ ᠠᠵᠢᠯ ᠳᠠᠬᠢ ᠪᠦᠬᠦ ᠲᠠᠯ᠎ᠠ ᠶᠢᠨ | ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠶᠠᠪᠤᠳᠠᠯ ᠪᠣᠯᠣᠨ᠎ᠠ ᠃ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠬᠢᠨᠠᠨ ᠰᠢᠯᠭᠠᠬᠤ ᠲᠣᠭᠲᠠᠴᠠ ᠶᠢ ᠪᠦᠷᠢᠨᠰᠢᠭᠦᠯᠬᠦ ᠂ ᠨᠠᠮ ᠤᠨ ᠮᠠᠯᠵᠢᠬᠤ | ᠲᠠᠷᠢᠶᠠᠯᠠᠬᠤ ᠣᠷᠣᠨ ᠤ ᠠᠵᠢᠯ ᠤᠨ ᠪᠠᠶᠢᠭᠤᠯᠤᠮᠵᠢ ᠶᠢ ᠪᠠᠶᠢᠭᠤᠯᠤᠨ ᠬᠦᠴᠦᠷᠬᠡᠭᠵᠢᠭᠦᠯᠬᠦ ᠂ ᠴᠡᠭ ᠢ ᠠᠳᠬᠤᠨ ᠪᠦᠬᠦ | ᠲᠠᠯ᠎ᠠ ᠶᠢ ᠳᠠᠶᠢᠴᠢᠯᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠥᠷᠨᠢᠭᠦᠯᠬᠦ ᠶᠢ | ᠠᠬᠢᠭᠤᠯᠬᠤ ᠵᠡᠷᠭᠡ ᠲᠠᠯ᠎ᠠ ᠪᠠᠷ ᠲᠣᠳᠣᠷᠬᠠᠢ ᠱᠠᠭᠠᠷᠳᠠᠯᠭ᠎ᠠ ᠳᠤᠷᠠᠳᠪᠠ ᠃ | ᠬᠥᠲᠥᠯᠥᠭᠴᠢ ᠠᠰᠠᠭᠤᠭᠰᠠᠨ ᠨᠢ᠄ ᠥᠪᠥᠷ ᠮᠣᠩᠭᠤᠯ ᠤᠯᠤᠰ ᠤᠨ ︽ᠠᠮᠤ ᠪᠤᠳᠠᠭᠠᠨ ᠤ ᠬᠥᠮᠥᠷᠭᠡ︾᠂ | ︽ᠰᠠᠭᠠᠯᠢ ᠶᠢᠨ ᠬᠦᠮᠦᠷᠭᠡ ︾᠂ ︽ᠮᠢᠬᠠᠨ ᠤ ᠬᠥᠮᠥᠷᠭᠡ︾ ᠪᠣᠯᠤᠭᠰᠠᠨ ᠤ ᠬᠤᠪᠢ ᠳᠤ᠂ ᠡᠨᠡ ᠵᠢᠯ ᠤᠯᠤᠰ ᠤᠨ ᠠᠮᠤ | ᠪᠤᠳᠠᠭᠠᠨ ᠤ ᠠᠮᠤᠷ ᠲᠦᠪᠰᠢᠨ ᠪᠠ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠬᠠᠩᠭᠠᠯᠭ᠎ᠠ ᠶᠢ ᠪᠠᠲᠤᠯᠠᠬᠤ ᠲᠠᠯ᠎ᠠ ᠪᠠᠷ ᠶᠠᠮᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠠᠪᠬᠤ ᠪᠣᠶ︖ | ᠵᠣᠴᠢᠨ ᠮᠦ ᠶᠤᠸᠠᠨ ᠬᠠᠷᠢᠭᠤᠯᠤᠭᠰᠠᠨ ᠨᠢ᠄ ︽ᠬᠡᠷᠡᠭᠵᠢᠭᠦᠯᠬᠦ ᠰᠠᠨᠠᠯ︾ ᠳᠤ ᠭᠤᠣᠯᠳᠠᠭᠤ ᠳᠥᠷᠪᠡᠨ ᠲᠠᠯ᠎ᠠ | ᠠᠴᠠ ᠪᠠᠶᠢᠷᠢᠯᠠᠭᠤᠯᠤᠯᠲᠠ ᠲᠣᠬᠢᠷᠠᠭᠤᠯᠤᠯᠲᠠ ᠬᠢᠪᠡ᠄ ᠨᠢᠭᠡ ᠳᠤ ᠠᠮᠤ ᠪᠤᠳᠠᠭᠠᠨ ᠤ ᠦᠢᠯᠡᠳᠪᠦᠷᠢᠯᠡᠯ ᠢ ᠪᠦᠬᠦ | ᠬᠦᠴᠦᠨ ᠢᠶᠠᠷ ᠢᠶᠠᠨ ᠰᠠᠶᠢᠲᠤᠷ ᠠᠳᠬᠤᠨ᠎ᠠ᠃ ᠤᠯᠤᠰ ᠤᠨ 13 ᠠᠮᠤ ᠪᠤᠳᠠᠭᠠᠨ ᠤ ᠭᠤᠣᠯ ᠭᠠᠷᠤᠯᠲᠠ ᠶᠢᠨ | ᠣᠷᠣᠨ ᠤ ᠨᠢᠭᠡ ᠪᠣᠯᠤᠭᠰᠠᠨ ᠤ ᠬᠤᠪᠢ ᠳᠤ ᠂ ᠪᠢᠳᠡ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ | ᠳᠡᠭᠡᠭᠰᠢᠯᠡᠭᠦᠯᠵᠦ ᠂ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠨ᠂ ᠠᠮᠤ ᠪᠤᠳᠠᠭᠠᠨ ᠤ ᠠᠮᠤᠷ ᠲᠦᠪᠰᠢᠨ ᠤ ᠨᠠᠮ | ᠵᠠᠰᠠᠭ ᠠᠳᠠᠯᠢ ᠬᠠᠷᠢᠭᠤᠴᠠᠯᠭ᠎ᠠ ᠲᠠᠢ ᠪᠠᠶᠢᠬᠤ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠂ ᠠᠮᠤ | ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠤᠨ ᠬᠢᠨᠠᠨ ᠰᠢᠯᠭᠠᠯᠲᠠ ᠶᠢ ᠦᠷᠨᠢᠭᠦᠯᠦᠨ᠂ ᠠᠮᠤ | ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠤᠨ ᠨᠡᠮᠡᠭᠳᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ ᠂ ᠠᠮᠤ ᠪᠤᠳᠠᠭ᠎ᠠ | ᠲᠠᠷᠢᠬᠤ ᠲᠠᠯᠠᠪᠠᠢ ᠪᠣᠯᠣᠨ ᠠᠮᠤ ᠪᠤᠳᠠᠭᠠᠨ ᠤ ᠤᠨᠠᠯᠲᠠ ᠶᠢᠨ ᠲᠣᠭᠲᠠᠭᠤᠨ ᠪᠠᠶᠢᠬᠤ ᠶᠢ ᠪᠠᠲᠤᠯᠠᠨ᠎ᠠ᠃ | ᠲᠠᠷᠢᠶᠠᠯᠠᠩ ᠤᠨ ᠪᠦᠲᠦᠴᠡ ᠶᠢ ᠤᠯᠠᠮ ᠨᠢᠭᠡ ᠠᠯᠬᠤᠮ ᠲᠣᠬᠢᠷᠠᠭᠤᠯᠤᠨ ᠰᠢᠯᠢᠳᠡᠭᠵᠢᠭᠦᠯᠵᠦ ᠂ ᠰᠢᠷ᠎ᠠ ᠪᠤᠷᠴᠠᠭ ᠡᠷᠳᠡᠨᠢ | ᠰᠢᠰᠢ ᠶᠢᠨ ᠪᠦᠰᠡᠯᠢᠭ ᠬᠡᠯᠪᠡᠷᠢᠲᠠᠢ ᠰᠣᠯᠢᠪᠴᠠᠯ ᠲᠠᠷᠢᠶᠠᠯᠠᠭ᠎ᠠ ᠶᠢ ᠶᠡᠭᠡ ᠪᠠᠷ ᠬᠦᠭᠵᠢᠭᠦᠯᠦᠨ᠂ ᠰᠢᠷ᠎ᠠ ᠪᠤᠷᠴᠠᠭ ᠪᠠ | ᠲᠣᠰᠣᠯᠢᠭ ᠲᠠᠷᠢᠮᠠᠯ ᠤᠨ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ ᠃ ᠲᠠᠷᠢᠶᠠᠯᠠᠩ ᠢ ᠬᠦᠴᠦᠷᠬᠡᠭᠵᠢᠭᠦᠯᠦᠨ | ᠲᠠᠷᠢᠶᠠᠴᠢᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠂ | ᠭᠤᠷᠪᠠᠨ ᠶᠡᠭᠡ ᠠᠮᠤ ᠪᠤᠳᠠᠭᠠᠨ ᠤ ᠲᠠᠷᠢᠮᠠᠯ ᠤᠨ ᠪᠦᠷᠢᠨ ᠥᠪᠡᠷ ᠤᠨ ᠦᠷᠲᠡᠭ ᠤᠨ ᠳᠠᠭᠠᠳᠬᠠᠯ ᠪᠠ ᠲᠠᠷᠢᠮᠠᠯ ᠤᠨ | ᠣᠷᠣᠯᠭ᠎ᠠ ᠶᠢᠨ ᠳᠠᠭᠠᠳᠬᠠᠯ ᠂ ᠠᠮᠤ ᠪᠤᠳᠠᠭᠠᠨ ᠤ ᠭᠠᠷᠤᠯᠲᠠ ᠶᠢᠨ ᠲᠣᠮᠣ ᠰᠢᠶᠠᠨ ᠢ ᠪᠦᠬᠦᠨ ᠢ ᠬᠠᠮᠤᠷᠬᠤ ᠶᠢ | ᠪᠡᠶᠡᠯᠡᠭᠦᠯᠦᠨ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡ ᠶᠢ ᠲᠦᠷᠭᠡᠪᠴᠢᠯᠡᠨ ᠬᠥᠭᠵᠢᠭᠦᠯᠵᠦ ᠂ | ᠲᠠᠷᠢᠶᠠᠴᠢᠳ ᠤᠨ ᠠᠮᠤ ᠪᠤᠳᠠᠭ᠎ᠠ ᠳᠠᠷᠢᠭᠰᠠᠨ ᠤ ᠠᠰᠢᠭ ᠣᠷᠣᠯᠭ᠎ᠠ ᠶᠢ ᠪᠠᠲᠤᠯᠠᠬᠤ ᠲᠣᠭᠲᠠᠴᠠ ᠶᠢ | ᠲᠡᠭᠦᠯᠳᠡᠷᠵᠢᠭᠦᠯᠦᠨ᠂ ᠡᠯ᠎ᠡ ᠭᠠᠵᠠᠷ ᠤᠨ ᠲᠠᠷᠢᠶᠠᠯᠠᠩ ᠢ ᠴᠢᠬᠤᠯᠠᠴᠢᠯᠠᠨ ᠠᠮᠤ ᠪᠤᠳᠠᠭ᠎ᠠ ᠶᠢ ᠠᠳᠬᠤᠬᠤ ᠂ | ᠲᠠᠷᠢᠶᠠᠴᠢᠳ ᠤᠨ ᠲᠠᠷᠢᠶᠠᠨ ᠠᠵᠢᠯ ᠬᠢᠵᠦ ᠠᠮᠤ ᠪᠤᠳᠠᠭ᠎ᠠ ᠲᠠᠷᠢᠬᠤ ᠢᠳᠡᠪᠬᠢᠵᠢᠯ ᠢ ᠭᠦᠢᠴᠡᠳ ᠳᠠᠶᠢᠴᠢᠯᠠᠨ᠎ᠠ ᠃ | ᠬᠤᠶᠠᠷ ᠲᠤ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠨ᠎ᠠ᠃ ︽ᠢᠳᠡᠰᠢᠨ | ᠨᠣᠭᠤᠭ᠎ᠠ︾ ᠶᠢᠨ ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠬᠤ ᠳᠦᠷᠢᠮ ᠤᠨ ᠰᠢᠯᠭᠠᠨ ᠬᠢᠨᠠᠬᠤ ᠶᠢ | ᠥᠷᠨᠢᠭᠦᠯᠵᠦ᠂ ᠴᠢᠬᠤᠯᠠ ᠪᠦᠬᠦᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢᠨ | ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠭᠦᠨᠵᠡᠭᠡᠢ | ᠬᠡᠷᠡᠭᠵᠢᠭᠦᠯᠵᠦ᠂ ᠰᠦ ᠶᠢᠨ ᠦᠢᠯᠡᠰ ᠤᠨ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ᠂ ᠪᠥᠬᠦ ᠣᠷᠣᠨ ᠤ ᠰᠦ ᠶᠢᠨ ᠭᠠᠷᠤᠯᠲᠠ ᠶᠢ 720 ᠲᠦᠮᠡᠨ ᠲᠣᠨ ᠠᠴᠠ ᠳᠠᠪᠠᠭᠤᠯᠬᠤ ᠪᠠᠷ | ᠴᠢᠷᠮᠠᠶᠢᠨ᠎ᠠ᠃ ᠠᠯᠠᠰᠢᠨ ᠦᠬᠡᠷ ᠠᠯᠠᠰᠢᠨ ᠬᠤᠨᠢᠨ ᠤ ᠬᠥᠭᠵᠢᠯᠲᠡ ᠶᠢᠨ ᠲᠠᠪᠤᠨ ᠵᠢᠯ ᠤᠨ ᠠᠵᠢᠯᠯᠠᠭ᠎ᠠ ᠶᠢ | ᠬᠡᠷᠡᠭᠵᠢᠭᠦᠯᠵᠦ᠂ ᠠᠮᠢᠳᠦ ᠭᠠᠭ᠋ᠠᠢ ᠶᠢᠨ ᠦᠢᠯᠡᠳᠪᠦᠷᠢᠯᠡᠯ ᠤᠨ ᠣᠷᠳᠣ ᠬᠤᠭᠤᠴᠠᠭᠠᠨ ᠤ ᠪᠦᠲᠦᠮᠵᠢᠲᠡᠶ ᠳᠡᠮᠵᠢᠯᠭᠡ ᠶᠢᠨ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠲᠡᠵᠢᠭᠡᠯ ᠡᠪᠡᠰᠦ ᠪᠣᠷᠳᠣᠭᠠᠨ ᠤ ᠲᠤᠰᠬᠠᠶᠢᠵᠢᠭᠰᠠᠨ | ᠦᠢᠯᠡᠳᠪᠦᠷᠢᠯᠡᠯ ᠢ ᠬᠥᠭᠵᠢᠭᠦᠯᠵᠦ᠂ ᠦᠬᠡᠷ ᠬᠤᠨᠢᠨ ᠤ ᠮᠢᠬᠠᠨ ᠤ ᠭᠠᠷᠤᠯᠲᠠ ᠶᠢ 180 ᠲᠦᠮᠡᠨ ᠲᠣᠨ | ᠣᠷᠴᠢᠮ ᠳᠤ ᠲᠣᠭᠲᠠᠭᠤᠨ ᠪᠠᠶᠢᠯᠭᠠᠬᠤ ᠶᠢ ᠦᠨᠡᠨᠬᠦ ᠪᠠᠲᠤᠯᠠᠨ᠎ᠠ᠃ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ | ᠲᠣᠬᠢᠷᠠᠭᠤᠯᠤᠨ ᠲᠦᠬᠦᠭᠡᠷᠡᠮᠵᠢᠳᠦ ᠲᠠᠷᠢᠶᠠᠯᠠᠩ ᠮᠠᠯ ᠠᠵᠤ ᠠᠬᠤᠢ ᠶᠢ ᠲᠦᠷᠭᠡᠳᠬᠡᠨ ᠬᠥᠭᠵᠢᠭᠦᠯᠵᠦ᠂ ᠨᠡᠯᠢᠶᠡᠳ | ᠴᠢᠩᠭ᠎ᠠ ᠣᠷᠣᠨ ᠪᠦᠰᠡ ᠶᠢᠨ ᠥᠷᠢᠰᠦᠯᠳᠦᠬᠦ ᠬᠦᠴᠦᠨ ᠲᠠᠢ ᠪᠠ ᠪᠥᠬᠦ ᠤᠯᠤᠰ ᠲᠤ ᠨᠥᠯᠥᠭᠡᠯᠡᠬᠦ ᠬᠦᠴᠦᠨ ᠲᠠᠢ | ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠰᠦᠪᠡᠭᠴᠢᠯᠡᠨ ᠪᠠᠶᠢᠭᠤᠯᠤᠨ᠎ᠠ᠃ ᠭᠤᠷᠪᠠ ᠳᠤ | ︽ᠰᠢᠳᠦ ᠲᠠᠢ︾ ᠲᠠᠷᠢᠶᠠᠨ ᠭᠠᠵᠠᠷ ᠢ ᠬᠠᠮᠠᠭᠠᠯᠠᠬᠤ ᠬᠠᠲᠠᠭᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ | ᠲᠠᠷᠢᠶᠠᠨ ᠭᠠᠵᠠᠷ ᠤᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ | ᠲᠠᠷᠢᠶᠠᠨ ᠭᠠᠵᠠᠷ ᠤᠨ ᠬᠠᠮᠠᠭᠠᠯᠠᠯᠲᠠ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ ᠪᠠᠶᠢᠬᠤ ᠶᠢ ᠬᠡᠷᠡᠭᠵᠢᠭᠦᠯᠦᠨ᠂ | ᠲᠠᠷᠢᠶᠠᠨ ᠭᠠᠵᠠᠷ ᠤᠨ ᠪᠠᠶᠢᠬᠤ ᠬᠡᠮᠵᠢᠶ᠎ᠡ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ | ᠬᠠᠷᠠᠯᠲᠠᠲᠤ ᠡᠭᠦᠷᠭᠡ ᠶᠢ ᠲᠤᠭ᠎ᠠ ᠶᠣᠰᠣᠭᠠᠷ ᠣᠷᠣᠨ ᠪᠠᠶᠢᠷᠢ ᠲᠠᠢ ᠱᠠᠲᠤ ᠳᠠᠷᠠᠭᠠᠯᠠᠨ ᠬᠤᠪᠢᠶᠠᠷᠢᠯᠠᠨ ᠪᠠᠭᠤᠯᠭᠠᠵᠤ᠂ | ᠲᠠᠷᠢᠶᠠᠨ ᠭᠠᠵᠠᠷ ᠤᠨ ᠬᠠᠮᠠᠭᠠᠯᠠᠯᠲᠠ ᠶᠢ ᠬᠠᠲᠠᠭᠤ ᠭᠦᠢᠴᠡᠳᠬᠡᠬᠦ ᠲᠤᠭ᠎ᠠ ᠪᠣᠯᠭᠠᠨ ᠴᠢᠩᠭ᠎ᠠ ᠬᠢᠨᠠᠨ ᠰᠢᠯᠭᠠᠵᠤ᠂ ᠨᠢᠭᠡ | ᠯᠡ ᠪᠢᠯᠧᠲ ᠢᠶᠠᠷ ᠦᠭᠡᠶᠢᠰᠬᠡᠬᠦ᠂ ᠨᠠᠰᠤᠨ ᠲᠤᠷᠰᠢᠲᠠ ᠬᠠᠷᠢᠭᠤᠴᠠᠯᠭ᠎ᠠ ᠨᠡᠬᠡᠮᠵᠢᠯᠡᠬᠦ ᠶᠢ ᠬᠡᠷᠡᠭᠵᠢᠭᠦᠯᠦᠨ᠎ᠡ᠃ | ᠲᠠᠷᠢᠶᠠᠨ ᠭᠠᠵᠠᠷ ᠤᠨ ᠬᠡᠷᠡᠭᠯᠡᠯᠲᠡ ᠶᠢᠨ ᠵᠠᠬᠢᠷᠤᠨ ᠬᠠᠮᠢᠶᠠᠷᠤᠯᠲᠠ ᠶᠢ ᠴᠢᠩᠭᠠᠳᠬᠠᠵᠤ ᠂ ᠲᠠᠷᠢᠶᠠᠨ ᠭᠠᠵᠠᠷ ᠢ ᠡᠵᠡᠯᠡᠬᠦ | ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠲᠦᠷᠦ ᠶᠢᠨ ᠪᠣᠳᠣᠯᠭ᠎ᠠ ᠶᠢ ᠨᠠᠶᠢᠲᠠᠪᠤᠷᠢᠵᠢᠭᠤᠯᠤᠨ᠂ ᠲᠠᠷᠢᠶᠠᠨ | ᠭᠠᠵᠠᠷ ᠤᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠡᠷᠴᠢᠮ ᠢ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠱᠠᠲᠤ ᠦᠶ᠎ᠡ ᠶᠢᠨ ᠴᠢᠨᠠᠷᠲᠠᠢ ᠡᠭᠦᠷᠭᠡ ᠶᠢ ᠪᠥᠬᠦ ᠲᠠᠯ᠎ᠠ ᠪᠠᠷ | ᠪᠡᠶᠡᠯᠡᠭᠦᠯᠵᠦ᠂ ᠬᠠᠷ᠎ᠠ ᠬᠥᠷᠥᠰᠥ ᠶᠢ ᠬᠠᠮᠠᠭᠠᠯᠠᠬᠤ ᠪᠠ ᠬᠤᠵᠢᠷᠯᠢᠭ ᠭᠠᠵᠠᠷ ᠢ ᠰᠠᠶᠢᠵᠢᠷᠠᠭᠤᠯᠬᠤ ᠠᠵᠢᠯ ᠢ ᠰᠠᠶᠢᠲᠤᠷ | ᠠᠳᠬᠤᠨ ᠂ ᠲᠠᠷᠢᠶᠠᠨ ᠭᠠᠵᠠᠷ ᠤᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠲᠠᠷᠢᠶᠠᠨ ᠭᠠᠵᠠᠷ ᠪᠣᠯ | ᠳᠠᠷᠤᠢ ᠲᠠᠷᠢᠶᠠᠨ ᠭᠠᠵᠠᠷ ᠪᠥᠭᠡᠳ ᠡᠷᠬᠡᠪᠰᠢ ᠰᠠᠶᠢᠨ ᠲᠠᠷᠢᠶᠠᠨ ᠭᠠᠵᠠᠷ ᠪᠠᠶᠢᠬᠤ ᠬᠡᠷᠡᠭᠲᠡᠢ ᠭᠡᠳᠡᠭ ᠢ ᠦᠨᠡᠨ ᠬᠦ | ᠪᠡᠶᠡᠯᠡᠭᠦᠯᠦᠨ᠎ᠡ ᠃ ᠳᠥᠷᠪᠡ ᠳᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ | ᠲᠣᠨᠤᠭ ᠲᠥᠬᠦᠭᠡᠷᠦᠮᠵᠢ ᠶᠢᠨ ᠲᠤᠯᠭᠠᠭᠤᠷᠢᠯᠠᠯ ᠢ ᠴᠢᠩᠭᠠᠳᠬᠠᠨ᠎ᠠ᠃ ᠦᠷ᠎ᠡ ᠶᠢᠨ ᠦᠢᠯᠡᠰ ᠢ ᠬᠥᠭᠵᠢᠭᠦᠯᠦᠨ | ᠮᠠᠨᠳᠤᠭᠤᠯᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ ᠂ ᠦᠷ᠎ᠡ ᠡᠳ᠋ ᠤᠨ ᠡᠬᠢ ᠪᠠᠶᠠᠯᠢᠭ ᠢ ᠬᠠᠮᠠᠭᠠᠯᠠᠨ | ᠠᠰᠢᠭᠯᠠᠵᠤ᠂ ᠳᠠᠪᠠᠭᠤᠯᠢᠭ ᠣᠨᠴᠠᠯᠢᠭᠲᠤ ᠡᠭᠦᠯᠳᠡᠷ ᠢ ᠪᠣᠶᠢᠵᠢᠭᠤᠯᠬᠤ ᠂ ᠰᠠᠶᠢᠨ ᠡᠭᠦᠯᠳᠡᠷᠵᠢᠭᠦᠯᠬᠦ ᠬᠢᠷᠢ ᠬᠡᠮᠵᠢᠶ᠎ᠡ ᠶᠢ | ᠳᠡᠭᠡᠭᠰᠢᠯᠡᠭᠦᠯᠬᠦ ᠶᠢ ᠲᠦᠯᠬᠢᠨ ᠠᠬᠢᠭᠤᠯᠵᠤ ᠂ ᠪᠣᠶᠢᠵᠢᠭᠤᠯᠤᠨ ᠦᠷᠡᠵᠢᠭᠦᠯᠵᠦ ᠳᠡᠯᠭᠡᠷᠡᠭᠦᠯᠬᠦ ᠨᠢᠭᠡ ᠴᠣᠭᠴᠠᠵᠢᠭᠤᠯᠤᠨ | ᠬᠥᠭᠵᠢᠭᠦᠯᠬᠦ ᠶᠢ ᠲᠦᠯᠬᠢᠨ ᠠᠬᠢᠭᠤᠯᠤᠨ᠎ᠠ ᠃ ᠡᠪᠡᠰᠦᠨ ᠤ ᠦᠢᠯᠡᠰ᠂ ᠰᠠᠭᠠᠯᠢ ᠶᠢᠨ ᠦᠨᠢᠶ᠎ᠡ᠂ ᠠᠯᠠᠰᠢᠨ ᠦᠬᠡᠷ᠂ | ᠠᠯᠠᠰᠢᠨ ᠬᠤᠨᠢ᠂ ᠲᠥᠮᠥᠰᠥ ᠵᠡᠷᠭᠡ ᠳᠠᠪᠠᠭᠤᠯᠢᠭ ᠣᠨᠴᠠᠯᠢᠭᠲᠤ ᠠᠵᠤ ᠦᠢᠯᠡᠰ ᠢᠶᠠᠷ ᠭᠤᠣᠯᠳᠠᠯᠭ᠎ᠠ ᠪᠣᠯᠭᠠᠨ᠂ | ︽ᠵᠠᠷᠯᠠᠨ ᠮᠠᠩᠯᠠᠶᠢᠯᠠᠭᠤᠯᠬᠤ︾ ᠳᠦᠷᠢᠮ ᠢ ᠬᠡᠷᠡᠭᠵᠢᠭᠦᠯᠵᠦ᠂ ᠡᠭᠦᠯᠳᠡᠷ ᠤᠨ ᠦᠢᠯᠡᠰ ᠤᠨ ᠵᠠᠩᠭᠢᠯᠠᠭ᠎ᠠ ᠶᠢᠨ | ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠶᠢ ᠥᠷᠨᠢᠭᠦᠯᠦᠨ᠎ᠡ᠃ ᠰᠢᠨ᠎ᠡ ᠨᠢᠭᠡᠨ ᠡᠭᠡᠯᠵᠢ ᠶᠢᠨ | ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠬᠦ ᠳᠤ ᠨᠥᠬᠦᠪᠦᠷᠢ ᠥᠭᠬᠦ ᠲᠦᠷᠦ ᠶᠢᠨ ᠪᠣᠳᠣᠯᠭ᠎ᠠ ᠶᠢ | ᠨᠠᠷᠢᠯᠢᠭ ᠣᠨᠣᠴᠠᠲᠠᠢ ᠪᠠᠷ ᠬᠡᠷᠡᠭᠵᠢᠭᠦᠯᠵᠦ ᠂ ᠲᠠᠷᠢᠶᠠᠯᠠᠩ ᠤᠨ ᠮᠠᠰᠢᠨ ᠲᠣᠨᠣᠭᠯᠠᠯ ᠢ ᠰᠤᠳᠤᠯᠤᠨ ᠨᠡᠭᠡᠭᠡᠵᠦ | ᠳᠡᠯᠭᠡᠷᠡᠭᠦᠯᠦᠨ ᠬᠡᠷᠡᠭᠯᠡᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ ᠃ | ᠬᠥᠲᠥᠯᠥᠭᠴᠢ ᠠᠰᠠᠭᠤᠭᠰᠠᠨ ᠨᠢ᠄ ᠶᠠᠳᠠᠭᠤ ᠠᠴᠠ ᠠᠩᠭᠢᠵᠢᠷᠠᠭᠤᠯᠬᠤ ᠶᠢᠨ ᠪᠤᠭᠤᠮᠳᠠ ᠰᠢᠪᠳᠤᠯᠬᠤ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠡᠪᠴᠢᠶᠡᠲᠦ ᠴᠢᠨᠠᠷᠲᠠᠢ ᠪᠠᠷ ᠳᠠᠬᠢᠨ ᠶᠠᠳᠠᠭᠤᠷᠠᠬᠤ ᠬᠢᠵᠠᠭᠠᠷ ᠱᠤᠭᠤᠮ ᠢ | ᠰᠠᠬᠢᠬᠤ ᠲᠠᠯ᠎ᠠ ᠪᠠᠷ ᠶᠠᠮᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠠᠪᠬᠤ ᠪᠣᠶ ︖ | ᠵᠣᠴᠢᠨ ᠮᠦ ᠶᠤᠸᠠᠨ ᠬᠠᠷᠢᠭᠤᠯᠤᠭᠰᠠᠨ ᠨᠢ ᠄ ᠶᠡᠷᠦᠩᠬᠡᠢ ᠱᠦᠵᠢ ᠰᠢ ᠶᠢᠨ ᠫᠢᠩ ᠵᠢᠭᠠᠵᠤ ᠭᠠᠷᠭᠠᠭᠰᠠᠨ ᠨᠢ ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠤᠷᠢᠲᠠᠯ ᠪᠣᠯ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠶᠠᠪᠤᠳᠠᠯ ᠪᠣᠯᠣᠨ᠎ᠠ ᠂ ᠦᠷᠭᠦᠯᠵᠢᠯᠡᠨ ᠴᠢᠩᠭ᠎ᠠ ᠠᠳᠬᠤᠵᠤ | ᠰᠠᠶᠢᠲᠤᠷ ᠠᠳᠬᠤᠵᠤ ᠂ ᠶᠠᠳᠠᠭᠤ ᠠᠴᠠ ᠠᠩᠭᠢᠵᠢᠷᠠᠭᠤᠯᠬᠤ ᠤᠯᠠᠨ ᠲᠦᠮᠡᠨ ᠤ ᠠᠮᠢᠳᠤᠷᠠᠯ ᠢ ᠨᠡᠩ ᠨᠢᠭᠡ ᠳᠡᠭᠲᠡᠷ ᠲᠤ | ᠭᠠᠷᠭᠠᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠪᠦᠬᠦ ᠲᠠᠯ᠎ᠠ ᠶᠢᠨ | ᠢᠯᠠᠯᠲᠠ ᠶᠢ ᠣᠯᠣᠭᠰᠠᠨ ᠤ ᠳᠠᠷᠠᠭ᠎ᠠ ᠂ ᠠᠵᠢᠯ ᠤᠨ ᠲᠣᠭᠲᠠᠴᠠ ᠂ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠂ | ᠪᠠᠶᠢᠭᠤᠯᠤᠮᠵᠢ ᠡᠩᠨᠡᠭᠡ ᠵᠡᠷᠭᠡ ᠶᠢ ᠵᠣᠯᠭᠠᠭᠤᠯᠬᠤ ᠠᠵᠢᠯ ᠡᠮᠬᠢ ᠵᠢᠷᠤᠮ ᠲᠠᠢ ᠠᠬᠢᠵᠤ ᠂ ᠮᠠᠨ ᠤ ᠣᠷᠣᠨ ᠤ | ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠭᠰᠡᠨ ᠪᠣᠯᠪᠠᠴᠤ ᠬᠡᠰᠡᠭ | ᠶᠠᠳᠠᠭᠤ ᠠᠴᠠ ᠠᠩᠭᠢᠵᠢᠷᠠᠭᠤᠯᠬᠤ ᠭᠠᠵᠠᠷ ᠣᠷᠣᠨ ᠤ ᠬᠥᠭᠵᠢᠯᠲᠡ ᠶᠢᠨ ᠰᠠᠭᠤᠷᠢ ᠮᠥᠨᠬᠦ ᠨᠡᠯᠢᠶᠡᠳ ᠪᠠᠭᠤᠷᠠᠢ ᠪᠠᠶᠢᠵᠤ ᠂ | ᠲᠠᠬᠢᠨ ᠶᠠᠳᠠᠭᠤᠷᠠᠬᠤ ᠶᠢ ᠰᠡᠷᠭᠡᠶᠢᠯᠡᠬᠦ ᠡᠭᠦᠷᠭᠡ ᠨᠡᠯᠢᠶᠡᠳ ᠬᠦᠨᠳᠦ ᠪᠠᠶᠢᠨ᠎ᠠ ᠃ ᠪᠢᠳᠡ ᠶᠠᠳᠠᠭᠤ ᠠᠴᠠ | ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ | ᠬᠡᠪᠴᠢᠶᠡᠵᠢᠭᠰᠡᠨ ᠴᠢᠨᠠᠷᠲᠠᠢ ᠳᠠᠬᠢᠨ ᠶᠠᠳᠠᠭᠤᠷᠠᠬᠤ ᠬᠢᠵᠠᠭᠠᠷ ᠱᠤᠭᠤᠮ ᠢ ᠰᠠᠬᠢᠬᠤ ᠶᠠᠪᠤᠳᠠᠯ ᠢ ᠮᠠᠯᠵᠢᠬᠤ ᠲᠠᠷᠢᠶᠠᠯᠠᠬᠤ | ᠣᠷᠣᠨ ᠤ ᠠᠵᠢᠯ ᠤᠨ ᠲᠡᠷᠢᠭᠦᠨ ᠴᠢᠬᠤᠯᠠ ᠡᠭᠦᠷᠭᠡ ᠪᠣᠯᠭᠠᠨ ᠴᠢᠩᠭ᠎ᠠ ᠪᠣᠳᠠᠲᠠᠢ ᠪᠠᠷ ᠠᠳᠬᠤᠨ᠎ᠠ ᠃ ᠲᠦᠷᠪᠡᠨ | ᠵᠦᠢᠯ ᠤᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ ᠄ ᠨᠢᠭᠡ ᠳᠤ ᠭᠤᠣᠯᠳᠠᠯᠭ᠎ᠠ ᠲᠠᠢ ᠬᠦᠮᠦᠰ ᠲᠤ | ᠠᠩᠬᠠᠷᠤᠯ ᠢᠶᠠᠨ ᠲᠥᠪᠯᠡᠷᠡᠭᠦᠯᠦᠨ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠵᠢᠭᠰᠠᠭᠠᠨ ᠪᠠᠶᠢᠴᠠᠭᠠᠬᠤ | ᠪᠠ ᠭᠤᠶᠤᠴᠢᠯᠠᠨ ᠮᠡᠳᠡᠭᠦᠯᠬᠦ ᠲᠣᠭᠲᠠᠴᠠ ᠶᠢ ᠰᠢᠯᠢᠳᠡᠭᠵᠢᠭᠦᠯᠵᠦ᠂ ᠳᠠᠬᠢᠨ ᠶᠠᠳᠠᠭᠤᠷᠠᠬᠤ ᠠᠴᠠ ᠪᠣᠯᠵᠤ ᠶᠠᠳᠠᠭᠤᠷᠠᠬᠤ | ᠲᠦᠭᠰᠢᠭᠦᠷᠢ ᠲᠠᠢ ᠪᠠ ᠭᠡᠨᠡᠳᠲᠡ ᠬᠦᠨᠳᠦ ᠨᠣᠴᠢᠲᠠᠢ ᠬᠦᠴᠢᠷᠳᠡᠯ ᠲᠠᠢ ᠮᠠᠯᠵᠢᠬᠤ ᠲᠠᠷᠢᠶᠠᠯᠠᠬᠤ ᠡᠷᠦᠬᠡ ᠶᠢ ᠬᠢᠨᠠᠨ | ᠰᠢᠯᠭᠠᠬᠤ ᠬᠦᠷᠢᠶ᠎ᠡ ᠬᠡᠪᠴᠢᠶᠡᠨ ᠳᠤ ᠣᠷᠣᠭᠤᠯᠤᠨ᠎ᠠ᠃ ᠬᠢᠨᠠᠨ ᠬᠡᠮᠵᠢᠭᠳᠡᠬᠦ ᠡᠲᠡᠭᠡᠳ ᠤᠨ ᠠᠶᠤᠯ ᠲᠦᠭᠰᠢᠭᠦᠷᠢ ᠶᠢᠨ | ᠲᠦᠷᠦᠯ ᠢᠯᠭᠠᠯ ᠢ ᠦᠨᠳᠦᠰᠦᠯᠡᠨ ᠂ ᠬᠥᠭᠵᠢᠯᠲᠡ ᠶᠢᠨ ᠬᠡᠷᠡᠭᠴᠡᠭᠡ ᠶᠢ ᠤᠨᠢᠨ ᠳᠡᠭᠡᠷ᠎ᠡ ᠨᠢ ᠲᠦᠷᠦ ᠶᠢᠨ | ᠪᠣᠳᠣᠯᠭ᠎ᠠ ᠶᠢ ᠬᠡᠷᠡᠭᠵᠢᠭᠦᠯᠵᠦ ᠂ ᠲᠠᠬᠢᠨ ᠶᠠᠳᠠᠭᠤᠷᠠᠵᠤ ᠶᠠᠳᠠᠭᠤᠷᠠᠬᠤ ᠠᠶᠤᠯ ᠲᠦᠭᠰᠢᠭᠦᠷᠢ ᠶᠢ ᠲᠣᠭᠲᠠᠭᠤᠨ ᠢᠶᠠᠷ | ᠠᠷᠢᠯᠭᠠᠨ᠎ᠠ ᠃ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠭᠰᠡᠨ ᠤ ᠳᠠᠷᠠᠭᠠᠬᠢ ᠦᠨᠡᠯᠡᠨ | ᠵᠢᠱᠢᠬᠦ ᠠᠵᠢᠯ ᠢ ᠰᠠᠶᠢᠲᠤᠷ ᠬᠢᠵᠦ ᠂ ᠬᠠᠪᠰᠤᠷᠤᠨ ᠲᠡᠳᠬᠦᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠂ | ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠂ ᠠᠵᠢᠯ ᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠤᠨ᠎ᠠ ᠃ | ᠬᠤᠶᠠᠷ ᠲᠤ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠳᠤ ᠠᠩᠬᠠᠷᠤᠯ ᠢᠶᠠᠨ ᠲᠥᠪᠯᠡᠷᠡᠭᠦᠯᠵᠦ ᠪᠠᠶᠢᠭᠠᠳ ᠶᠠᠳᠠᠭᠤ ᠠᠴᠠ | ᠠᠩᠭᠢᠵᠢᠷᠠᠭᠰᠠᠨ ᠬᠥᠮᠥᠨ ᠠᠮᠠ ᠶᠢᠨ ᠣᠷᠣᠯᠭ᠎ᠠ ᠶᠢ ᠦᠷᠭᠦᠯᠵᠢᠯᠡᠨ ᠶᠠᠳᠠᠭᠤ ᠠᠴᠠ ᠠᠩᠭᠢᠵᠢᠷᠠᠭᠤᠯᠬᠤ ᠭᠠᠵᠠᠷ | ᠣᠷᠣᠨ ᠤ ᠥᠪᠡᠷ ᠢ ᠪᠠᠨ ᠬᠥᠭᠵᠢᠭᠦᠯᠬᠦ ᠴᠢᠳᠠᠪᠤᠷᠢ ᠶᠢ ᠨᠡᠮᠡᠭᠳᠡᠭᠦᠯᠵᠦ᠂ ᠣᠨᠴᠠᠯᠢᠭᠲᠤ ᠠᠵᠤ ᠦᠢᠯᠡᠰ ᠤᠨ | ᠬᠥᠭᠵᠢᠯᠲᠡ ᠶᠢᠨ ᠲᠥᠯᠦᠪᠵᠢᠭᠦᠯᠭᠡ ᠶᠢ ᠰᠠᠶᠢᠲᠤᠷ ᠬᠢᠵᠦ᠂ ᠵᠣᠯᠭᠠᠭᠤᠯᠬᠤ ᠪᠡᠯᠡ ᠮᠥᠩᠭᠦ ᠶᠢᠨ ᠠᠵᠤ ᠦᠢᠯᠡᠰ ᠤᠨ | ᠬᠥᠭᠵᠢᠯᠲᠡ ᠳᠤ ᠬᠡᠷᠡᠭᠯᠡᠬᠦ ᠬᠤᠪᠢ ᠶᠢᠨ ᠵᠢᠩ ᠢ ᠤᠯᠠᠮ ᠨᠢᠭᠡ ᠠᠯᠬᠤᠮ ᠳᠡᠭᠡᠭᠰᠢᠯᠡᠭᠦᠯᠦᠨ ᠂ ᠠᠵᠤ ᠦᠢᠯᠡᠰ ᠢᠶᠠᠷ | ᠳᠠᠶᠢᠴᠢᠯᠠᠬᠤ ᠪᠠᠷ ᠳᠡᠮᠵᠢᠨ ᠶᠠᠳᠠᠭᠤ ᠠᠴᠠ ᠠᠩᠭᠢᠵᠢᠷᠠᠭᠤᠯᠬᠤ ᠬᠥᠮᠥᠨ ᠠᠮᠠ ᠶᠢᠨ ᠭᠡᠷ ᠪᠦᠯᠢ ᠶᠢᠨ ᠡᠵᠡᠩᠨᠡᠯᠲᠡ ᠶᠢᠨ | ᠴᠢᠨᠠᠷᠲᠠᠢ ᠣᠷᠣᠯᠭ᠎ᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠬᠥᠳᠡᠯᠮᠦᠷᠢ ᠶᠢᠨ ᠨᠢᠭᠳᠠᠴᠠᠳᠤ ᠠᠵᠤ | ᠦᠢᠯᠡᠰ ᠢ ᠬᠥᠭᠵᠢᠭᠦᠯᠬᠦ᠂ ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠶᠢ | ᠴᠢᠩᠭᠠᠳᠬᠠᠬᠤ᠂ ᠬᠠᠪᠰᠤᠷᠤᠨ ᠲᠡᠳᠬᠦᠬᠦ ᠦᠢᠯᠡᠳᠪᠦᠷᠢ ᠶᠢᠨ ᠲᠠᠰᠤᠭ ᠤᠨ ᠬᠥᠭᠵᠢᠯᠲᠡ ᠶᠢ ᠳᠡᠮᠵᠢᠬᠦ᠂ ᠨᠡᠶᠢᠲᠡ ᠶᠢᠨ | ᠠᠰᠠᠷᠠᠮᠵᠢ ᠶᠢᠨ ᠠᠵᠢᠯ ᠤᠨ ᠪᠠᠶᠢᠷᠢ ᠶᠢ ᠰᠢᠯᠢᠳᠡᠭᠵᠢᠭᠦᠯᠬᠦ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ | ᠳᠠᠮᠵᠢᠭᠤᠯᠤᠨ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠠᠵᠢᠯ ᠣᠯᠬᠤ ᠠᠷᠭ᠎ᠠ ᠵᠠᠮ ᠢ ᠥᠷᠭᠡᠳᠬᠡᠵᠦ᠂ | ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠬᠦᠴᠦᠨ ᠤ ᠠᠵᠢᠯ ᠣᠯᠬᠤ ᠬᠡᠪᠴᠢᠶ᠎ᠡ ᠶᠢᠨ ᠲᠣᠭᠲᠠᠭᠤᠨ ᠢ ᠪᠠᠲᠤᠯᠠᠨ᠎ᠠ᠃ | ᠭᠤᠷᠪᠠ ᠳᠤ ᠭᠤᠣᠯᠳᠠᠯᠭ᠎ᠠ ᠲᠠᠢ ᠭᠠᠵᠠᠷ ᠣᠷᠣᠨ ᠳᠤ ᠠᠩᠬᠠᠷᠤᠯ ᠢᠶᠠᠨ ᠲᠥᠪᠯᠡᠷᠡᠭᠦᠯᠦᠨ ᠳᠡᠮᠵᠢᠬᠦ ᠡᠷᠴᠢᠮ ᠢᠶᠠᠨ | ᠴᠢᠩᠭᠠᠷᠠᠭᠤᠯᠤᠨ᠎ᠠ ᠃ ᠲᠥᠷᠥ ᠶᠢᠨ ᠪᠣᠳᠣᠯᠭ᠎ᠠ ᠶᠢ ᠨᠢᠭᠡᠳᠦᠯᠲᠡᠢ ᠲᠥᠯᠥᠪᠯᠡᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ | ᠨᠢᠭᠡ ᠪᠦᠯᠦᠭ ᠳᠤᠲᠠᠭᠤᠳᠠᠯ ᠢ ᠨᠥᠬᠦᠪᠦᠷᠢᠯᠡᠵᠦ ᠬᠥᠭᠵᠢᠯᠲᠡ ᠶᠢ ᠠᠬᠢᠭᠤᠯᠬᠤ ᠲᠥᠷᠥᠯ ᠵᠦᠢᠯ ᠢ ᠬᠡᠷᠡᠭᠵᠢᠭᠦᠯᠦᠨ᠂ | ᠪᠡᠯᠡ ᠮᠥᠩᠭᠦ᠂ ᠴᠢᠳᠠᠪᠤᠷᠢᠲᠠᠨ ᠤ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠬᠥᠭᠵᠢᠯᠲᠡ ᠶᠢ ᠬᠢᠨᠠᠨ ᠬᠡᠮᠵᠢᠵᠦ | ᠦᠨᠡᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠰᠢᠨ᠎ᠡ ᠠᠶᠠᠨ ᠵᠠᠮ ᠳᠤ ᠡᠩᠨᠡᠭᠡ ᠠᠴᠠ ᠪᠠᠨ ᠬᠤᠴᠣᠷᠬᠤ | ᠦᠭᠡᠢ ᠪᠠᠶᠢᠬᠤ ᠶᠢ ᠦᠨᠡᠨᠬᠦ ᠪᠠᠲᠤᠯᠠᠨ᠎ᠠ ᠃ ᠣᠨᠳᠣᠣ ᠭᠠᠵᠠᠷ ᠲᠤ ᠨᠡᠭᠦᠯᠭᠡᠵᠦ ᠲᠥᠪᠯᠡᠷᠡᠭᠦᠯᠦᠨ ᠲᠥᠪᠬᠢᠨᠡᠭᠦᠯᠬᠦ | ᠣᠷᠣᠨ ᠤ ᠦᠷᠭᠦᠯᠵᠢᠯᠡᠨ ᠲᠡᠳᠬᠦᠬᠦ ᠶᠢ ᠴᠢᠩᠭᠠᠷᠠᠭᠤᠯᠵᠤ᠂ ᠨᠡᠭᠦᠯᠭᠡᠬᠦ ᠨᠡᠶᠢᠭᠡᠮ ᠲᠣᠭᠤᠷᠢᠭ ᠤᠨ ᠰᠠᠭᠤᠷᠢ | ᠲᠦᠬᠦᠭᠡᠷᠦᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ | ᠨᠡᠭᠦᠯᠭᠡᠭᠰᠡᠨ ᠣᠯᠠᠨ ᠲᠦᠮᠡᠨ ᠤ ᠯᠠᠪᠳᠠᠭᠤᠨ ᠲᠣᠭᠲᠠᠭᠤᠨ᠂ ᠠᠭᠤᠰᠤᠯᠴᠠᠵᠤ ᠳᠡᠶᠢᠯᠬᠦ᠂ ᠠᠯᠬᠤᠮ ᠠᠯᠬᠤᠮ ᠢᠶᠠᠷ | ᠪᠠᠶᠠᠵᠢᠨ ᠴᠢᠨᠡᠭᠡᠯᠢᠭᠵᠢᠬᠦ ᠶᠢ ᠦᠨᠡᠨᠬᠦ ᠪᠠᠲᠤᠯᠠᠨ᠎ᠠ ᠃ ᠳᠥᠷᠪᠡ ᠳᠤ ᠬᠠᠪᠰᠤᠷᠤᠨ ᠲᠡᠳᠬᠦᠬᠦ ᠲᠦᠷᠦ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠲᠦᠯᠬᠢᠨ ᠠᠬᠢᠭᠤᠯᠤᠨ᠎ᠠ ᠃ ᠬᠠᠪᠰᠤᠷᠤᠨ | ᠲᠡᠳᠬᠦᠬᠦ ᠭᠤᠣᠯ ᠲᠦᠷᠦ ᠶᠢᠨ ᠪᠣᠳᠣᠯᠭ᠎ᠠ ᠶᠢ ᠶᠡᠷᠦᠩᠬᠡᠢ ᠳᠡᠭᠡᠨ ᠲᠣᠭᠲᠠᠭᠤᠨ ᠪᠠᠶᠢᠯᠭᠠᠵᠤ ᠂ ᠶᠠᠳᠠᠭᠤ ᠠᠴᠠ | ᠠᠩᠭᠢᠵᠢᠷᠠᠭᠤᠯᠬᠤ ᠭᠠᠵᠠᠷ ᠣᠷᠣᠨ ᠤ ᠬᠥᠭᠵᠢᠯᠲᠡ ᠶᠢᠨ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ ᠃ | ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠠᠵᠢᠯ ᠤᠨ ᠬᠦᠷᠢᠶ᠎ᠡ ᠴᠠᠷᠠᠭ᠎ᠠ ᠶᠢ ᠥᠷᠭᠡᠳᠬᠡᠨ᠂ ᠬᠡᠷᠡᠭᠯᠡᠭᠡ ᠪᠠᠷ | ᠬᠠᠪᠰᠤᠷᠤᠨ ᠲᠡᠳᠬᠦᠬᠦ᠂ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ᠂ ︽ᠲᠦᠮᠡᠨ ᠠᠵᠤ ᠠᠬᠤᠶᠢᠯᠠᠯ ᠢᠶᠠᠷ ᠲᠦᠮᠡᠨ | ᠲᠣᠰᠬᠤᠨ ᠢ ᠬᠥᠭᠵᠢᠭᠦᠯᠦᠨ ᠮᠠᠨᠳᠤᠭᠤᠯᠬᠤ︾ ᠵᠡᠷᠭᠡ ᠬᠠᠪᠰᠤᠷᠤᠨ ᠲᠡᠳᠬᠦᠬᠦ ᠲᠣᠭᠲᠠᠴᠠ ᠶᠢ ᠪᠠᠷᠢᠮᠲᠠᠯᠠᠨ | ᠲᠡᠭᠦᠯᠳᠡᠷᠵᠢᠭᠦᠯᠵᠦ᠂ ᠨᠡᠶᠢᠭᠡᠮ ᠢᠶᠠᠷ ᠢᠶᠠᠨ ᠬᠠᠪᠰᠤᠷᠤᠨ ᠲᠡᠳᠬᠦᠬᠦ ᠬᠦᠴᠦᠷᠬᠡᠭ ᠶᠡᠭᠡ ᠨᠡᠶᠢᠯᠡᠮᠡᠯ ᠬᠦᠴᠦᠨ ᠢ | ᠨᠢᠭᠲᠠᠷᠠᠭᠤᠯᠤᠨ᠎ᠠ᠃ | ᠬᠥᠲᠥᠯᠥᠭᠴᠢ ᠠᠰᠠᠭᠤᠭᠰᠠᠨ ᠨᠢ᠄ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢ ᠬᠡᠷᠬᠢᠨ | ᠠᠬᠢᠭᠤᠯᠬᠤ ᠪᠣᠶ︖ ᠶᠠᠮᠠᠷ ᠶᠠᠮᠠᠷ ᠭᠤᠣᠯᠳᠠᠯᠭ᠎ᠠ ᠲᠠᠢ ᠡᠭᠦᠷᠭᠡ ᠪᠠᠶᠢᠬᠤ ᠪᠤᠢ ︖ | ᠵᠣᠴᠢᠨ ᠮᠦ ᠶᠤᠸᠠᠨ ᠬᠠᠷᠢᠭᠤᠯᠤᠭᠰᠠᠨ ᠨᠢ᠄ ᠶᠡᠷᠦᠩᠬᠡᠢ ᠱᠦᠵᠢ ᠰᠢ ᠶᠢᠨ ᠫᠢᠩ ᠵᠢᠭᠠᠵᠤ ᠭᠠᠷᠭᠠᠭᠰᠠᠨ ᠨᠢ᠂ | ᠠᠵᠤ ᠦᠢᠯᠡᠰ ᠢ ᠬᠥᠭᠵᠢᠭᠦᠯᠬᠦ ᠪᠣᠯ ᠬᠥᠳᠡᠭᠡ ᠲᠣᠰᠬᠤᠨ ᠤ ᠠᠯᠢᠪᠠ ᠠᠰᠠᠭᠤᠳᠠᠯ ᠢ ᠰᠢᠢᠳᠪᠦᠷᠢᠯᠡᠬᠦ ᠶᠢᠨ ᠤᠷᠢᠲᠠᠯ | ᠮᠥᠨ᠃ ᠭᠠᠭᠴᠠᠬᠦ ᠬᠥᠳᠡᠭᠡ ᠲᠣᠰᠬᠤᠨ ᠤ ᠠᠵᠤ ᠦᠢᠯᠡᠰ ᠢ ᠲᠦᠷᠭᠡᠨ ᠬᠥᠭᠵᠢᠭᠦᠯᠪᠡᠯ ᠰᠠᠶ᠋ᠢ ᠲᠠᠷᠢᠶᠠᠯᠠᠩ ᠮᠠᠯ | ᠠᠵᠤ ᠠᠬᠤᠢ ᠶᠢᠨ ᠪᠦᠬᠦ ᠲᠠᠯ᠎ᠠ ᠪᠠᠷ ᠲᠡᠰ ᠳᠡᠪᠰᠢᠬᠦ ᠂ ᠮᠠᠯᠵᠢᠬᠤ ᠲᠠᠷᠢᠶᠠᠯᠠᠬᠤ ᠣᠷᠣᠨ ᠤ ᠪᠦᠬᠦ ᠲᠠᠯ᠎ᠠ ᠪᠠᠷ | ᠲᠠᠪᠰᠢᠬᠤ ᠂ ᠮᠠᠯᠴᠢᠨ ᠲᠠᠷᠢᠶᠠᠴᠢᠨ ᠤ ᠪᠦᠬᠦ ᠲᠠᠯ᠎ᠠ ᠪᠠᠷ ᠬᠥᠭᠵᠢᠬᠦ ᠶᠢ ᠨᠡᠩ ᠰᠠᠶᠢᠲᠤᠷ ᠠᠬᠢᠭᠤᠯᠵᠤ ᠴᠢᠳᠠᠨ᠎ᠠ ᠃ | ᠣᠶᠢᠷ᠎ᠠ ᠶᠢᠨ ᠵᠢᠯ ᠠᠴᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠠᠴᠠ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠠᠮᠢ ᠠᠬᠤᠢ ᠶᠢ | ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠮᠢᠩᠭᠠᠨ ᠳ᠋ᠦᠩᠰᠢᠭᠤᠷ ᠤᠨ ᠲᠠᠰ ᠤᠨ ᠰᠦ ᠶᠢᠨ | ᠦᠢᠯᠡᠰ ᠪᠠ ᠡᠷᠳᠡᠨᠢ ᠰᠢᠰᠢ᠂ ᠵᠠᠭᠤᠨ ᠳ᠋ᠦᠩᠰᠢᠭᠤᠷ ᠤᠨ ᠲᠠᠰ ᠤᠨ ᠠᠯᠠᠰᠢᠨ ᠦᠬᠡᠷ᠂ ᠠᠯᠠᠰᠢᠨ ᠬᠤᠨᠢ᠂ | ᠲᠥᠮᠥᠰᠥ᠂ ᠡᠯᠳᠡᠪ ᠠᠮᠤ᠂ ᠪᠤᠭᠤᠳᠠᠢ᠂ ᠨᠡᠷᠡᠨ ᠬᠤᠸᠠᠷ᠂ ᠢᠳᠡᠰᠢᠨ ᠨᠣᠭᠤᠭ᠎ᠠ᠂ ᠢᠮᠠᠭᠠᠨ ᠨᠣᠯᠤᠥᠷ᠂ ᠰᠢᠷ᠎ᠠ | ᠪᠤᠷᠴᠠᠭ᠂ ᠲᠡᠵᠢᠭᠡᠯ ᠡᠪᠡᠰᠦ ᠵᠡᠷᠭᠡ 12 ᠵᠦᠢᠯ ᠤᠨ ᠦᠢᠯᠡᠳᠪᠦᠷᠢᠯᠡᠬᠦ ᠨᠡᠮᠡᠬᠦ ᠪᠣᠷᠣᠯᠠᠭᠤᠯᠬᠤ ᠶᠢ ᠨᠢᠭᠡ | ᠴᠣᠭᠴᠠᠵᠢᠭᠤᠯᠤᠭᠰᠠᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠬᠡᠯᠬᠢᠶ᠎ᠡ ᠶᠢ ᠠᠩᠬ᠎ᠠ ᠠᠯᠬᠤᠮ ᠪᠠᠶᠢᠭᠤᠯᠵᠤ᠂ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠴᠢᠨᠠᠷ | ᠰᠠᠶᠢᠲᠠᠢ ᠥᠨᠳᠥᠷ ᠦᠷ᠎ᠡ ᠪᠦᠲᠦᠮᠵᠢᠲᠡᠶ ᠳᠠᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ ᠲᠠᠷᠠᠭᠠᠴᠢ ᠶᠢᠨ | ᠠᠯᠬᠤᠮ ᠳᠤ᠂ ᠭᠤᠷᠪᠠᠨ ᠵᠦᠢᠯ ᠤᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄ ᠨᠢᠭᠡ ᠳᠤ ᠠᠵᠤ | ᠦᠶᠢᠯᠡᠰᠵᠢᠭᠦᠯᠬᠦ ᠪᠠ ᠨᠠᠷᠠᠲᠤ ᠲᠡᠮᠳᠡᠭᠵᠢᠭᠦᠯᠬᠦ ᠬᠤᠶᠠᠷ ᠵᠠᠩᠭᠢᠯᠠᠭ᠎ᠠ ᠶᠢ ᠪᠥᠬᠦ ᠬᠦᠴᠦᠨ ᠢᠶᠠᠷ ᠢᠶᠠᠨ ᠰᠠᠶᠢᠲᠤᠷ | ᠠᠳᠬᠤᠨ᠎ᠠ᠃ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠠᠵᠤ ᠦᠢᠯᠡᠰᠵᠢᠭᠦᠯᠦᠨ ᠬᠥᠭᠵᠢᠭᠦᠯᠬᠦ | ᠠᠵᠢᠯᠯᠠᠭ᠎ᠠ ᠶᠢ ᠰᠠᠭᠠᠯᠢ ᠶᠢᠨ ᠦᠢᠯᠡᠰ᠂ ᠠᠯᠠᠰᠢᠨ ᠦᠬᠡᠷ᠂ ᠠᠯᠠᠰᠢᠨ ᠬᠤᠨᠢ᠂ ᠲᠥᠮᠥᠰᠥ ᠵᠡᠷᠭᠡ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠳᠠᠪᠠᠭᠤᠯᠢᠭ ᠠᠵᠤ ᠦᠢᠯᠡᠰ ᠤᠨ ᠪᠦᠰᠡ ᠪᠠ ᠠᠵᠤ ᠦᠢᠯᠡᠰ ᠤᠨ | ᠰᠦᠷᠦᠭᠵᠢᠯ ᠢ ᠬᠦᠴᠦᠯᠡᠨ ᠪᠣᠶ ᠪᠣᠯᠭᠠᠵᠤ᠂ ᠰᠠᠭᠠᠯᠢ ᠶᠢᠨ ᠦᠢᠯᠡᠰ᠂ ᠠᠯᠠᠰᠢᠨ ᠦᠬᠡᠷ᠂ ᠠᠯᠠᠰᠢᠨ ᠬᠤᠨᠢ᠂ | ᠲᠥᠮᠥᠰᠥ᠂ ᠢᠮᠠᠭᠠᠨ ᠨᠣᠯᠤᠥᠷ ᠵᠡᠷᠭᠡ 5 ᠤᠯᠤᠰ ᠪᠠ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ | ᠦᠢᠯᠡᠰ ᠤᠨ ᠬᠡᠯᠬᠢᠶ᠎ᠡ ᠶᠢ ᠪᠦᠲᠦᠭᠡᠨ ᠪᠠᠶᠢᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ | ᠡᠳ᠋ᠰᠢᠭᠦᠯᠦᠨ ᠬᠤᠪᠢᠷᠠᠭᠤᠯᠬᠤ ᠨᠣᠷᠮ᠎ᠠ ᠪᠠ ᠥᠷᠲᠡᠭ ᠨᠡᠮᠡᠭᠳᠡᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠴᠢᠨᠠᠷ ᠰᠠᠶᠢᠲᠠᠢ | ᠥᠨᠳᠥᠷ ᠦᠷ᠎ᠡ ᠪᠦᠲᠦᠮᠵᠢᠲᠡᠶ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ ᠲᠠᠷᠢᠶᠠᠯᠠᠩ ᠮᠠᠯ ᠠᠵᠤ | ᠠᠬᠤᠢ ᠶᠢᠨ ᠨᠠᠷᠠᠲᠤ ᠲᠥᠷᠥᠯ ᠲᠡᠮᠳᠡᠭᠲᠦ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ︽ᠮᠣᠩᠭᠤᠯ︾ | ᠥᠰᠥᠭ ᠤᠨ ᠲᠡᠮᠳᠡᠭ ᠢᠶᠠᠷ ᠬᠥᠲᠥᠯᠥᠨ ᠳᠠᠭᠠᠭᠤᠯᠤᠭᠰᠠᠨ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠂ ᠨᠠᠷᠠᠲᠤ ᠲᠥᠷᠥᠯ ᠲᠡᠮᠳᠡᠭᠲᠦ ᠶᠢ ᠤᠬᠠᠭᠤᠯᠤᠨ ᠳᠡᠯᠭᠡᠷᠡᠭᠦᠯᠬᠦ ᠡᠷᠴᠢᠮ ᠢ | ᠦᠷᠭᠦᠯᠵᠢᠯᠡᠨ ᠴᠢᠩᠭᠠᠷᠠᠭᠤᠯᠵᠤ᠂ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠪᠥᠬᠦ ᠤᠯᠤᠰ ᠲᠤ ᠪᠣᠷᠤᠯᠠᠭᠤᠯᠭ᠎ᠠ ᠰᠠᠶᠢᠲᠠᠢ᠂ ᠳᠡᠯᠡᠬᠡᠢ ᠳᠤ ᠬᠠᠨᠳᠤᠬᠤ ᠶᠢ ᠠᠬᠢᠭᠤᠯᠤᠨ᠎ᠠ᠃ ᠬᠤᠶᠠᠷ ᠲᠤ ᠮᠠᠯᠵᠢᠬᠤ | ᠲᠠᠷᠢᠶᠠᠯᠠᠬᠤ ᠣᠷᠣᠨ ᠤ ᠨᠢᠭᠡ ᠬᠤᠶᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ | ᠦᠷᠭᠦᠯᠵᠢᠯᠡᠨ ᠠᠬᠢᠭᠤᠯᠤᠨ᠎ᠠ᠃ ᠰᠢᠶᠠᠨ ᠤ ᠬᠡᠪᠴᠢᠶᠡᠨ ᠳᠠᠬᠢ ᠬᠠᠷᠢᠴᠠᠭᠤᠯᠤᠭᠰᠠᠨ ᠳᠠᠪᠠᠭᠤᠯᠢᠭ ᠢᠶᠠᠷ ᠢᠯᠡᠷᠬᠡᠢ᠂ | ᠳᠠᠶᠢᠴᠢᠯᠠᠬᠤ ᠴᠢᠳᠠᠪᠤᠷᠢ ᠪᠠᠷ ᠴᠢᠩᠭ᠎ᠠ᠂ ᠠᠵᠢᠯ ᠣᠯᠭᠤᠬᠤ ᠪᠠᠭᠲᠠᠭᠠᠮᠵᠢ ᠪᠠᠷ ᠶᠡᠭᠡ ᠠᠵᠤ ᠦᠢᠯᠡᠰ ᠢ ᠶᠡᠬᠡᠪᠡᠷ | ᠬᠥᠭᠵᠢᠭᠦᠯᠵᠦ᠂ ᠰᠢᠶᠠᠨ ᠰᠢᠶᠠᠩ᠂ ᠰᠠᠭᠤᠷᠢᠨ ᠭᠠᠵᠠᠷ ᠢ ᠭᠠᠴᠠᠭ᠎ᠠ ᠲᠣᠰᠬᠤᠨ ᠳᠤ ᠡᠳ᠋ᠰᠢᠭᠦᠯᠬᠦ᠂ ᠣᠷᠣᠯᠭ᠎ᠠ ᠶᠢ | ᠲᠠᠷᠢᠶᠠᠯᠠᠬᠤ ᠮᠠᠯᠵᠢᠬᠤ ᠡᠷᠦᠬᠡ ᠳᠤ ᠨᠡᠮᠡᠭᠳᠡᠭᠦᠯᠬᠦ ᠶᠢ ᠪᠡᠶᠡᠯᠡᠭᠦᠯᠦᠨ᠎ᠡ ᠃ ᠮᠠᠯᠵᠢᠬᠤ ᠲᠠᠷᠢᠶᠠᠯᠠᠬᠤ ᠣᠷᠣᠨ ᠤ | ᠢᠯᠡᠭᠡᠯᠲᠡ ᠶᠢᠨ ᠲᠣᠣᠷ ᠰᠦᠯᠵᠢᠶ᠎ᠡ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠪᠦᠲᠦᠭᠡᠨ | ᠪᠠᠶᠢᠭᠤᠯᠤᠯᠲᠠ ᠶᠢ ᠲᠦᠷᠭᠡᠳᠬᠡᠵᠦ᠂ ᠮᠠᠯ ᠤᠨ ᠠᠰᠢᠭ ᠰᠢᠮ᠎ᠡᠲ᠋ᠠᠷᠢᠶᠠᠯᠠᠩ ᠤᠨ ᠪᠦᠲᠦᠭᠡᠭᠳᠡᠬᠦᠨ ᠤ ᠰᠢᠭᠤᠳ | ᠨᠡᠪᠲᠡᠷᠡᠭᠦᠯᠭᠡ ᠪᠠ ᠪᠠᠷᠠᠭ᠎ᠠ ᠶᠢᠨ ᠡᠷᠡᠭᠦᠯ ᠢᠶᠠᠷ ᠬᠥᠭᠵᠢᠬᠦ ᠶᠢ ᠬᠥᠲᠥᠯᠥᠨ ᠵᠢᠯᠤᠭᠤᠳᠴᠤ᠂ ᠲᠠᠷᠢᠶᠠᠯᠠᠩ ᠮᠠᠯ ᠠᠵᠤ | ᠠᠬᠤᠢ ᠶᠢᠨ ᠣᠯᠠᠨ ᠵᠦᠢᠯ ᠤᠨ ᠴᠢᠳᠠᠮᠵᠢ ᠶᠢ ᠠᠭᠤᠳᠠᠯᠵᠤ᠂ ᠮᠠᠯᠴᠢᠨ ᠲᠠᠷᠢᠶᠠᠴᠢᠨ ᠢ ᠳᠠᠶᠢᠴᠢᠯᠠᠨ ᠲᠤᠬᠠᠢ ᠶᠢᠨ | ᠭᠠᠵᠠᠷ ᠭᠡᠷ ᠣᠶᠢᠷ᠎ᠠ ᠬᠠᠪᠢ ᠳᠠᠭᠠᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠳᠠᠶᠢᠴᠢᠯᠠᠨ᠎ᠠ᠃ ᠮᠠᠯᠴᠢᠨ | ᠲᠠᠷᠢᠶᠠᠴᠢᠨ ᠬᠦᠴᠦ ᠶᠠᠪᠤᠭᠰᠠᠳ ᠲᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠡᠯ᠎ᠡ | ᠲᠥᠷᠥᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠥᠳᠡᠯᠮᠦᠷᠢᠴᠢᠳ ᠤᠨ ᠡᠷᠬᠡ ᠠᠰᠢᠭ ᠢ ᠪᠠᠲᠤᠯᠠᠬᠤ | ᠲᠣᠭᠲᠠᠴᠠ ᠶᠢ ᠲᠡᠭᠦᠯᠳᠡᠷᠵᠢᠭᠦᠯᠦᠨ᠂ ᠨᠢᠭᠡ ᠪᠦᠯᠦᠭ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ | ᠳᠠᠭᠠᠭᠤᠯᠤᠭᠴᠢ ᠶᠢ ᠪᠣᠶᠢᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠤ ᠡᠮᠬᠢ | ᠵᠢᠷᠤᠮ ᠲᠠᠢ ᠪᠠᠷ ᠰᠢᠯᠵᠢᠵᠦ ᠠᠵᠢᠯ ᠣᠯᠬᠤ ᠶᠢ ᠠᠬᠢᠭᠤᠯᠤᠨ᠎ᠠ᠃ ᠭᠤᠷᠪᠠ ᠳᠤ ᠬᠥᠭᠵᠢᠭᠦᠯᠬᠦ ᠪᠠ ᠬᠠᠮᠠᠭᠠᠯᠠᠬᠤ ᠶᠢᠨ | ᠬᠠᠷᠢᠴᠠᠭ᠎ᠠ ᠶᠢ ᠨᠢᠭᠡᠳᠦᠯᠲᠡᠢ ᠲᠥᠯᠥᠪᠯᠡᠨ᠎ᠡ ᠃ ᠲᠠᠷᠢᠶᠠᠯᠠᠩ ᠤᠨ ᠣᠯᠠᠨ ᠡᠬᠢᠲᠦ ᠪᠣᠬᠢᠷᠳᠤᠯ ᠢ ᠶᠡᠷᠦᠩᠬᠡᠶᠢᠯᠡᠨ | ᠵᠠᠰᠠᠬᠤ ᠶᠢ ᠴᠢᠩᠭᠠᠳᠬᠠᠵᠤ᠂ ᠠᠮᠢ ᠠᠬᠤᠢ ᠶᠢ ᠬᠠᠮᠠᠭᠠᠯᠠᠵᠤ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ | ᠬᠡᠷᠡᠭᠵᠢᠭᠦᠯᠦᠨ᠂ ᠪᠡᠯᠴᠢᠭᠡᠷᠯᠡᠭᠦᠯᠬᠦ ᠶᠢ ᠴᠠᠭᠠᠵᠠᠯᠠᠬᠤ᠂ ᠪᠡᠯᠴᠢᠭᠡᠷ ᠥᠨᠵᠢᠭᠦᠯᠬᠦ᠂ ᠮᠠᠯ ᠪᠡᠯᠴᠢᠭᠡᠷ ᠢ ᠲᠡᠩᠴᠡᠭᠦᠷᠢ ᠲᠠᠢ | ᠪᠠᠶᠢᠯᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ | ᠣᠷᠣᠨ ᠤ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠤᠨ᠎ᠠ᠃ | ᠬᠥᠲᠥᠯᠥᠭᠴᠢ ᠠᠰᠠᠭᠤᠭᠰᠠᠨ ᠨᠢ᠄ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠲᠦᠯᠬᠢᠨ | ᠠᠬᠢᠭᠤᠯᠬᠤ ᠲᠠᠯ᠎ᠠ ᠪᠠᠷ ᠶᠠᠮᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠠᠪᠬᠤ ᠪᠣᠶ︖ | ᠵᠣᠴᠢᠨ ᠮᠦ ᠶᠤᠸᠠᠨ ᠬᠠᠷᠢᠭᠤᠯᠤᠭᠰᠠᠨ ᠨᠢ᠄ ᠶᠡᠷᠦᠩᠬᠡᠢ ᠱᠦᠵᠢ ᠰᠢ ᠶᠢᠨ ᠫᠢᠩ ᠴᠢᠬᠤᠯᠠᠴᠢᠯᠠᠭᠰᠠᠨ ᠨᠢ ᠂ | ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠣᠯᠠᠨ ᠨᠡᠶᠢᠲᠡ ᠶᠢᠨ | ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠶᠢ ᠦᠷᠭᠦᠯᠵᠢᠯᠡᠨ ᠬᠥᠳᠡᠭᠡ | ᠲᠣᠰᠬᠤᠨ ᠳᠤ ᠲᠠᠯᠪᠢᠵᠤ᠂ ᠬᠤᠲᠠ ᠬᠥᠳᠡᠭᠡ ᠶᠢᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ | ᠲᠡᠭᠰᠢ ᠪᠣᠯᠭᠠᠬᠤ ᠶᠢ ᠲᠦᠯᠬᠢᠨ ᠠᠬᠢᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠲᠦᠭᠡᠮᠡᠯ ᠬᠠᠷᠠᠭᠠᠯᠵᠠᠯ ᠤᠨ | ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ᠂ ᠰᠠᠭᠤᠷᠢ ᠴᠢᠨᠠᠷᠲᠠᠢ ᠠᠷᠠᠳ ᠤᠨ ᠠᠮᠢᠳᠤᠷᠠᠯ ᠤᠨ | ᠪᠦᠲᠦᠭᠡᠨ ᠪᠠᠶᠢᠭᠤᠯᠤᠯᠲᠠ ᠶᠢ ᠴᠢᠬᠤᠯᠠᠴᠢᠯᠠᠨ ᠴᠢᠩᠭᠠᠳᠬᠠᠬᠤ ᠬᠡᠷᠡᠭᠲᠡᠢ ᠭᠡᠵᠡᠢ᠃ ︽ᠬᠡᠷᠡᠭᠵᠢᠭᠦᠯᠬᠦ ᠰᠠᠨᠠᠯ︾ ᠳᠤ | ᠳᠤᠷᠠᠳᠤᠭᠰᠠᠨ ᠨᠢ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠤᠨ᠎ᠠ ᠃ | ᠨᠢᠭᠡ ᠳᠤ ᠬᠡᠷᠡᠭᠵᠢᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠣᠯ ᠨᠢᠭᠡ ᠵᠦᠢᠯ ᠤᠨ ᠤᠷᠲᠤ ᠬᠤᠭᠤᠴᠠᠭᠠᠨ ᠤ ᠡᠭᠦᠷᠭᠡ ᠪᠠ ᠰᠢᠰᠲ᠋ᠧᠮᠲᠦ ᠢᠨᠵᠧᠨᠧᠷᠢᠩ ᠮᠥᠨ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠮᠠᠯᠴᠢᠨ ᠲᠠᠷᠢᠶᠠᠴᠢᠨ ᠤ ᠲᠥᠯᠥᠭᠡ ᠬᠥᠭᠵᠢᠭᠦᠯᠬᠦ ᠂ | ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠮᠠᠯᠴᠢᠨ ᠲᠠᠷᠢᠶᠠᠴᠢᠨ ᠤ ᠲᠥᠯᠥᠭᠡ ᠪᠠᠶᠢᠭᠤᠯᠬᠤ | ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ ᠂ ᠳᠣᠣᠷ᠎ᠠ ᠠᠴᠠ ᠳᠡᠭᠡᠭᠰᠢ ᠂ ᠲᠣᠰᠬᠤᠨ ᠤ ᠠᠷᠠᠳ ᠥᠪᠡᠷᠲᠡᠭᠡᠨ ᠵᠠᠰᠠᠬᠤ ᠂ | ᠮᠠᠯᠴᠢᠨ ᠲᠠᠷᠢᠶᠠᠴᠢᠨ ᠣᠷᠤᠯᠴᠠᠬᠤ ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ ᠂ ᠰᠢᠨᠵᠢᠯᠡᠬᠦ | ᠤᠬᠠᠭᠠᠨᠴᠢ ᠪᠠᠷ ᠲᠥᠯᠥᠪᠵᠢᠭᠦᠯᠬᠦ ᠶᠢ ᠪᠠᠷᠢᠮᠲᠠᠯᠠᠵᠤ ᠂ ᠠᠶᠢᠯ ᠲᠣᠰᠬᠤᠨ ᠤ ᠪᠦᠬᠦᠯᠢ ᠴᠣᠭᠴᠠ ᠶᠢᠨ ᠣᠷᠴᠢᠨ | ᠲᠣᠭᠤᠷᠢᠨ ᠢ ᠠᠯᠬᠤᠮ ᠠᠯᠬᠤᠮ ᠢᠶᠠᠷ ᠰᠠᠶᠢᠵᠢᠷᠠᠭᠤᠯᠵᠤ ᠂ ᠠᠶᠢᠯ ᠲᠣᠰᠬᠤᠨ ᠤ ᠲᠥᠬᠦᠭᠡᠷᠦᠮᠵᠢ ᠶᠢᠨ ᠲᠦᠪᠰᠢᠨ ᠢ | ᠳᠡᠭᠡᠭᠰᠢᠯᠡᠭᠦᠯᠵᠦ ᠂ ᠤᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠬᠢ ᠶᠢ ᠴᠢᠩᠭᠠᠳᠬᠠᠨ ᠂ ᠦᠨᠡᠨᠬᠦ ᠰᠠᠶᠢᠨ | ᠶᠠᠪᠤᠳᠠᠯ ᠢ ᠰᠠᠶᠢᠲᠤᠷ ᠬᠢᠵᠦ ᠂ ᠪᠣᠳᠠᠲᠠᠢ ᠶᠠᠪᠤᠳᠠᠯ ᠢ ᠪᠣᠳᠠᠲᠠᠢ ᠬᠢᠨ᠎ᠡ᠃ ᠬᠤᠶᠠᠷ ᠲᠤ ᠮᠠᠯᠵᠢᠬᠤ ᠲᠠᠷᠢᠶᠠᠯᠠᠬᠤ | ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠠᠪᠤᠨ | ᠵᠢᠯ ᠤᠨ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ᠃ ᠲᠤᠬᠠᠢ ᠶᠢᠨ ᠭᠠᠵᠠᠷ ᠤᠨ ᠪᠣᠳᠠᠲᠠᠢ ᠨᠥᠬᠦᠴᠡᠯ ᠪᠠ | ᠮᠠᠯᠴᠢᠨ ᠲᠠᠷᠢᠶᠠᠴᠢᠨ ᠤ ᠪᠣᠳᠠᠲᠠᠢ ᠬᠡᠷᠡᠭᠴᠡᠭᠡ ᠱᠠᠭᠠᠷᠳᠠᠯᠭ᠎ᠠ ᠠᠴᠠ ᠡᠭᠦᠰᠴᠦ᠂ ᠮᠠᠯᠵᠢᠬᠤ ᠲᠠᠷᠢᠶᠠᠯᠠᠬᠤ ᠣᠷᠣᠨ ᠤ | ᠠᠷᠢᠭᠤᠨ ᠴᠡᠪᠡᠷ ᠵᠣᠷᠯᠣᠩ ᠢ ᠰᠢᠨ᠎ᠡ ᠪᠠᠷ ᠪᠠᠶᠢᠭᠤᠯᠬᠤ ᠥᠭᠡᠷᠡᠴᠢᠯᠡᠯᠲᠡ ᠶᠢ ᠯᠠᠪᠳᠠᠭᠤᠨ ᠢᠶᠠᠷ ᠥᠷᠨᠢᠭᠦᠯᠵᠦ᠂ | ︽ᠠᠰᠠᠭᠤᠳᠠᠯ ᠲᠠᠢ ᠡᠷᠦᠬᠡ ᠶᠢᠨ ᠵᠣᠷᠯᠣᠩ︾ ᠢ ᠴᠡᠭᠴᠡᠯᠡᠨ ᠰᠠᠶᠢᠵᠢᠷᠠᠭᠤᠯᠵᠤ ᠬᠠᠰᠤᠬᠤ ᠶᠢ ᠦᠨᠡᠨᠬᠦ ᠰᠠᠶᠢᠲᠤᠷ ᠬᠢᠨ᠎ᠡ᠃ | ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ᠂ | ᠪᠣᠬᠢᠷ ᠤᠰᠤ ᠶᠢ ᠵᠠᠰᠠᠬᠤ ᠵᠡᠷᠭᠡ ᠶᠢ ᠦᠷᠭᠦᠯᠵᠢᠯᠡᠨ ᠠᠬᠢᠭᠤᠯᠵᠤ᠂ ᠠᠶᠢᠯ ᠲᠣᠰᠬᠤᠨ ᠢ ᠴᠡᠪᠡᠷᠯᠡᠬᠦ ᠠᠵᠢᠯᠯᠠᠭ᠎ᠠ ᠪᠠ | ᠬᠥᠳᠡᠭᠡ ᠲᠣᠰᠬᠤᠨ ᠢ ᠨᠣᠭᠤᠭᠠᠷᠠᠭᠤᠯᠵᠤ ᠭᠤᠶᠣᠵᠢᠭᠤᠯᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠰᠠᠶᠢᠨ | ᠰᠠᠶᠢᠬᠠᠨ ᠠᠮᠢ ᠠᠬᠤᠢ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠣᠷᠴᠢᠨ ᠲᠣᠭᠤᠷᠢᠨ ᠢ ᠪᠣᠶ ᠪᠣᠯᠭᠠᠨ᠎ᠠ᠃ | ᠭᠤᠷᠪᠠ ᠳᠤ ᠲᠦᠭᠡᠮᠡᠯ ᠬᠠᠷᠠᠭᠠᠯᠵᠠᠯ ᠤᠨ ᠴᠢᠨᠠᠷᠲᠠᠢ ᠂ ᠰᠠᠭᠤᠷᠢ ᠴᠢᠨᠠᠷᠲᠠᠢ ᠂ ᠦᠨᠳᠦᠰᠦᠨ ᠵᠦᠢᠯ ᠢ ᠪᠠᠲᠤᠯᠠᠬᠤ | ᠴᠢᠨᠠᠷᠲᠠᠢ ᠠᠷᠠᠳ ᠤᠨ ᠠᠮᠢᠳᠤᠷᠠᠯ ᠤᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠦᠨ᠎ᠡ ᠃ ᠮᠠᠯᠵᠢᠬᠤ | ᠲᠠᠷᠢᠶᠠᠯᠠᠬᠤ ᠣᠷᠣᠨ ᠤ ᠵᠠᠮ᠂ ᠤᠰᠤ ᠬᠠᠩᠭᠠᠬᠤ᠂ ᠴᠠᠬᠢᠯᠭᠠᠨ ᠬᠡᠷᠡᠭᠯᠡᠬᠦ᠂ ᠲᠣᠣᠷ ᠰᠦᠯᠵᠢᠶ᠎ᠡ᠂ ᠣᠷᠣᠨ | ᠰᠠᠭᠤᠴᠠ ᠶᠢᠨ ᠠᠮᠤᠷ ᠲᠦᠪᠰᠢᠨ᠂ ᠲᠣᠭᠠᠴᠢᠯᠠᠭᠰᠠᠨ ᠬᠥᠳᠡᠭᠡ ᠲᠣᠰᠬᠤᠨ ᠵᠡᠷᠭᠡ ᠭᠤᠣᠯᠳᠠᠯᠭ᠎ᠠ ᠲᠠᠢ ᠬᠦᠷᠢᠶ᠎ᠡ | ᠴᠠᠷᠠᠭ᠎ᠠ ᠶᠢᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠣᠯᠠᠨ ᠨᠡᠶᠢᠲᠡ ᠶᠢᠨ | ᠦᠨᠳᠦᠰᠦᠨ ᠦᠢᠯᠡᠴᠢᠯᠡᠭᠡᠨ ᠤ ᠰᠢᠶᠠᠨ ᠤ ᠬᠡᠪᠴᠢᠶ᠎ᠡ ᠶᠢ ᠨᠢᠭᠡᠳᠦᠯᠲᠡᠢ ᠲᠥᠯᠥᠪᠯᠡᠬᠦ ᠶᠢ ᠴᠢᠩᠭᠠᠷᠠᠭᠤᠯᠤᠨ᠂ ᠮᠠᠯᠴᠢᠨ | ᠲᠠᠷᠢᠶᠠᠴᠢᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠦᠨᠡᠨᠬᠦ ᠰᠠᠶᠢᠵᠢᠷᠠᠭᠤᠯᠤᠨ᠎ᠠ᠃ | ᠬᠥᠲᠥᠯᠥᠭᠴᠢ ᠠᠰᠠᠭᠤᠭᠰᠠᠨ ᠨᠢ ᠄ ᠥᠪᠡᠷᠲᠡᠭᠡᠨ ᠵᠠᠰᠠᠬᠤ ᠣᠷᠣᠨ ᠬᠥᠳᠡᠭᠡ ᠲᠣᠰᠬᠤᠨ ᠤ ᠵᠠᠰᠠᠯᠲᠠ ᠶᠢᠨ | ᠠᠵᠢᠯ ᠢ ᠬᠡᠷᠬᠢᠨ ᠠᠬᠢᠭᠤᠯᠬᠤ ᠪᠣᠶ︖ | ᠵᠣᠴᠢᠨ ᠮᠦ ᠶᠤᠸᠠᠨ ᠬᠠᠷᠢᠭᠤᠯᠤᠭᠰᠠᠨ ᠨᠢ᠄ ᠬᠥᠳᠡᠭᠡ ᠲᠣᠰᠬᠤᠨ ᠤ ᠵᠠᠰᠠᠯᠲᠠ ᠪᠣᠯ ᠤᠯᠤᠰ ᠤᠨ ᠵᠠᠰᠠᠯᠲᠠ | ᠶᠢᠨ ᠰᠠᠭᠤᠷᠢ ᠮᠥᠨ᠃ ᠬᠥᠳᠡᠭᠡ ᠲᠣᠰᠬᠤᠨ ᠤ ᠪᠦᠲᠦᠮᠵᠢᠲᠡᠢ ᠵᠠᠰᠠᠯᠲᠠ ᠪᠠᠶᠢᠬᠤ ᠦᠭᠡᠢ ᠪᠣᠯ ᠬᠥᠳᠡᠭᠡ | ᠲᠣᠰᠬᠤᠨ ᠤ ᠪᠦᠬᠦ ᠲᠠᠯ᠎ᠠ ᠶᠢᠨ ᠬᠥᠭᠵᠢᠯ ᠮᠠᠨᠳᠤᠯ ᠪᠠᠶᠢᠵᠤ ᠴᠢᠳᠠᠬᠤ ᠦᠭᠡᠢ ᠶᠤᠮ ᠃ ᠰᠢᠨ᠎ᠡ ᠱᠠᠲᠤ ᠦᠶ᠎ᠡ ᠰᠢᠨ᠎ᠡ | ᠠᠶᠠᠨ ᠵᠠᠮ ᠳᠤ᠂ ᠪᠢᠳᠡᠨ ᠳᠤ ᠲᠤᠯᠭᠠᠷᠠᠵᠤ ᠪᠠᠶᠢᠭ᠎ᠠ ᠭᠠᠳᠠᠭᠠᠳᠤ ᠣᠷᠴᠢᠨ ᠨᠥᠬᠦᠴᠡᠯ ᠨᠡᠩ ᠡᠭᠡᠳᠡᠷᠡᠭᠡᠨ | ᠪᠤᠳᠤᠯᠢᠶᠠᠨᠲᠠᠢ ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠨᠡᠩ ᠬᠠᠲᠠᠭᠤ ᠪᠡᠷᠬᠡ ᠪᠥᠭᠡᠳ ᠨᠦᠰᠡᠷ | ᠬᠦᠨᠳᠦ ᠪᠣᠯᠵᠤ ᠂ ᠬᠥᠳᠡᠭᠡ ᠲᠣᠰᠬᠤᠨ ᠤ ᠵᠠᠰᠠᠯᠲᠠ ᠶᠢ ᠴᠢᠩᠭᠠᠳᠬᠠᠨ ᠰᠠᠶᠢᠵᠢᠷᠠᠭᠤᠯᠵᠤ ᠂ ᠬᠥᠳᠡᠭᠡ ᠲᠣᠰᠬᠤᠨ ᠢ | ᠴᠢᠳᠠᠮᠠᠭᠠᠢ ᠪᠠᠷ ᠵᠠᠰᠠᠬᠤ ᠪᠠᠷ ᠰᠢᠨ᠎ᠡ ᠪᠠᠶᠢᠳᠠᠯ ᠢ ᠨᠡᠭᠡᠭᠡᠬᠦ ᠂ ᠪᠠᠴᠢᠮ ᠪᠠᠶᠢᠳᠠᠯ ᠢ ᠠᠷᠭᠠᠴᠠᠬᠤ ᠂ ᠶᠡᠭᠡ ᠲᠠᠯ᠎ᠠ ᠶᠢ | ᠲᠣᠭᠲᠠᠭᠤᠨ ᠪᠠᠶᠢᠯᠭᠠᠬᠤ ᠳᠤ ᠰᠠᠭᠤᠷᠢ ᠲᠤᠯᠭᠠᠭᠤᠷᠢᠯᠠᠯ ᠬᠠᠩᠭᠠᠨ᠎ᠠ᠃ ᠨᠢᠭᠡ ᠳᠤ ᠮᠠᠯᠵᠢᠬᠤ ᠲᠠᠷᠢᠶᠠᠯᠠᠬᠤ ᠣᠷᠣᠨ ᠤ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠢ | ᠭᠦᠢᠴᠡᠳ ᠪᠠᠳᠠᠷᠠᠭᠤᠯᠤᠨ᠎ᠠ ᠃ ᠬᠤᠰᠢᠭᠤ ᠰᠢᠶᠠᠨ ᠤ ᠱᠠᠲᠤᠨ ᠤ ᠨᠠᠮ ᠤᠨ ᠬᠤᠷᠢᠶ᠎ᠠ ᠶᠢᠨ ᠰᠢᠶᠠᠩ ᠢ ᠠᠳᠬᠤᠵᠤ | ᠲᠣᠰᠬᠤᠨ ᠢ ᠠᠬᠢᠭᠤᠯᠬᠤ ᠡᠭᠦᠷᠭᠡ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠶᠢᠨ ᠨᠢᠭᠡᠳᠦᠯᠲᠡᠢ ᠵᠢᠯᠤᠭᠤᠳᠬᠤ ᠪᠠ | ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠲᠣᠭᠲᠠᠴᠠ ᠶᠢ ᠪᠦᠷᠢᠨᠰᠢᠭᠦᠯᠵᠦ᠂ ᠭᠠᠴᠠᠭ᠎ᠠ ᠲᠣᠰᠬᠤᠨ ᠤ | ᠳᠠᠭᠠᠭᠤᠯᠤᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠨᠠᠷᠢᠨ ᠲᠠᠩᠰᠠ ᠶᠢᠨ ᠳᠦᠷᠢᠮ᠂ ᠬᠤᠪᠢ | ᠬᠤᠷᠠᠮᠳᠤᠭᠤᠯᠬᠤ ᠳᠦᠷᠢᠮ ᠵᠡᠷᠭᠡ ᠵᠠᠰᠠᠯᠲᠠ ᠶᠢᠨ ᠠᠷᠭ᠎ᠠ ᠬᠡᠯᠪᠡᠷᠢ ᠶᠢ ᠳᠡᠯᠭᠡᠷᠡᠭᠦᠯᠵᠦ᠂ ᠲᠣᠰᠬᠤᠨ ᠳᠤ ᠰᠠᠭᠤᠭ᠎ᠠ | ᠨᠢᠭᠡᠳᠦᠭᠡᠷ ᠱᠦᠵᠢ ᠪᠠ ᠠᠵᠢᠯᠯᠠᠬᠤ ᠠᠩᠭᠢ ᠶᠢᠨ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠦᠢᠯᠡᠳᠦᠯ ᠢ ᠪᠠᠳᠠᠷᠠᠭᠤᠯᠵᠤ᠂ ᠨᠠᠮ ᠤᠨ ᠵᠣᠬᠢᠶᠠᠨ | ᠪᠠᠶᠢᠭᠤᠯᠤᠯᠲᠠ ᠶᠢᠨ ᠤᠳᠤᠷᠢᠳᠤᠭᠰᠠᠨ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠮᠣᠷᠠᠯ ᠢᠶᠠᠷ ᠵᠠᠰᠠᠬᠤ ᠶᠢ | ᠤᠶᠠᠯᠳᠤᠭᠤᠯᠤᠭᠰᠠᠨ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮᠵᠢ ᠶᠢ ᠪᠦᠷᠢᠨᠰᠢᠭᠦᠯᠦᠨ᠎ᠡ᠃ ᠬᠤᠶᠠᠷ ᠲᠤ | ᠮᠠᠯᠵᠢᠬᠤ ᠲᠠᠷᠢᠶᠠᠯᠠᠬᠤ ᠣᠷᠣᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠪᠦᠲᠦᠮᠵᠢᠲᠡᠶ ᠲᠠᠪᠴᠠᠩ ᠤᠨ | ᠠᠴᠢᠶᠠᠯᠠᠪᠤᠷᠢ ᠶᠢᠨ ᠨᠠᠮ ᠤᠨ ᠮᠠᠯᠵᠢᠬᠤ ᠲᠠᠷᠢᠶᠠᠯᠠᠬᠤ ᠣᠷᠣᠨ ᠳᠠᠬᠢ ᠦᠵᠡᠯ ᠰᠠᠨᠠᠭ᠎ᠠ ᠤᠯᠤᠰ ᠲᠥᠷᠥ ᠶᠢᠨ | ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠵᠠᠩ ᠳᠠᠳᠬᠠᠯ ᠢ | ᠥᠭᠡᠷᠡᠴᠢᠯᠡᠬᠦ ᠶᠢ ᠦᠷᠭᠦᠯᠵᠢᠯᠡᠨ ᠠᠬᠢᠭᠤᠯᠵᠤ᠂ ᠥᠨᠳᠥᠷ ᠦᠨ᠎ᠡ ᠲᠠᠢ ᠪᠣᠭᠲᠣᠯᠠᠬᠤ ᠪᠡᠯᠡᠭ᠂ ᠶᠡᠭᠡ ᠪᠠᠷ ᠪᠠᠵᠠᠭᠠᠵᠤ | ᠶᠡᠭᠡ ᠪᠠᠷ ᠡᠷᠭᠢᠯᠡᠬᠦ᠂ ᠬᠦᠩᠭᠡᠪᠴᠢᠯᠡᠨ ᠠᠰᠠᠷᠠᠵᠦ ᠬᠦᠨᠳᠦ ᠪᠠᠷ ᠣᠷᠣᠰᠢᠭᠤᠯᠬᠤ ᠵᠡᠷᠭᠡ ᠬᠠᠭᠤᠴᠢᠨ ᠶᠣᠰᠣ | ᠪᠦᠳᠦᠭᠦᠯᠢᠭ ᠳᠠᠳᠬᠠᠯ ᠢ ᠴᠡᠭᠴᠡᠯᠡᠨ ᠵᠠᠰᠠᠨ᠎ᠠ᠃ ᠭᠤᠷᠪᠠ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠪᠠᠬᠢ ᠪᠣᠯᠭᠠᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ | ᠴᠣᠭᠴᠠᠯᠠᠨ ᠪᠠᠶᠢᠭᠤᠯᠬᠤ ᠦᠵᠡᠯ ᠤᠬᠠᠮᠰᠠᠷ ᠤᠨ ᠬᠥᠮᠦᠵᠢᠯ ᠢ ᠭᠦᠨᠵᠡᠭᠡᠶᠢᠷᠡᠭᠦᠯᠦᠨ ᠪᠠᠬᠢᠵᠢᠭᠦᠯᠵᠦ᠂ ᠳᠤᠮᠳᠠᠳᠤ ᠶᠢᠨ | ᠦᠨᠳᠦᠰᠦᠲᠡᠨ ᠤ ᠲᠡᠦᠬᠡ ᠶᠢᠨ ᠦᠵᠡᠯᠲᠡ ᠶᠢᠨ ᠬᠥᠮᠦᠵᠢᠯ ᠢ ᠴᠢᠩᠭᠠᠳᠬᠠᠨ᠂ ᠮᠠᠯᠴᠢᠨ ᠲᠠᠷᠢᠶᠠᠴᠢᠨ ᠣᠯᠠᠨ | ᠲᠦᠮᠡᠨ ᠤ ᠳᠤᠮᠳᠠᠳᠤ ᠶᠢᠨ ᠦᠨᠳᠦᠰᠦᠲᠡᠨ ᠢᠶᠠᠨ ᠮᠡᠳᠡᠷᠡᠬᠦ ᠰᠡᠳᠬᠢᠯᠭᠡ᠂ ᠬᠠᠷᠢᠶᠠᠯᠠᠭᠳᠠᠬᠤ ᠰᠡᠳᠬᠢᠯᠭᠡ᠂ ᠣᠮᠤᠭ | ᠪᠠᠭ᠋ᠠᠳᠤᠯᠲᠤ ᠰᠡᠳᠬᠢᠯᠭᠡ ᠶᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ | ᠦᠰᠦᠭ ᠪᠢᠴᠢᠭ ᠢ ᠪᠦᠬᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ ᠂ ᠤᠯᠤᠰ ᠤᠨ ᠨᠢᠭᠡᠳᠦᠯᠲᠡᠢ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠡᠷᠡᠰ ᠭᠤᠶᠢᠪᠢᠰᠢ ᠦᠭᠡᠢ ᠬᠡᠷᠡᠭᠵᠢᠭᠦᠯᠦᠨ᠎ᠡ ᠃ ᠳᠥᠷᠪᠡ ᠳᠤ | ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠠᠮᠤᠷ ᠲᠣᠭᠲᠠᠭᠤᠨ ᠪᠠᠶᠢᠳᠠᠯ ᠢ ᠦᠨᠡᠨᠬᠦ ᠬᠠᠮᠠᠭᠠᠯᠠᠨ᠎ᠠ᠃ ᠰᠢᠨ᠎ᠡ | ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠨᠠᠩ ᠥᠨᠳᠥᠷ ᠬᠢᠷᠢ | ᠲᠦᠪᠰᠢᠨ ᠪᠦᠬᠦᠢ ᠠᠮᠤᠷ ᠠᠮᠤᠭᠤᠯᠠᠩ ᠬᠠᠤᠯᠢ ᠪᠠᠷ ᠵᠠᠰᠠᠬᠤ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ | ᠠᠬᠢᠭᠤᠯᠤᠨ᠂ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠳᠠᠬᠢ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ | ᠪᠠᠶᠢᠴᠠᠭᠠᠬᠤ ᠪᠠ ᠲᠤᠰᠬᠠᠢ ᠵᠦᠢᠯ ᠢᠶᠠᠷ ᠵᠠᠰᠠᠬᠤ ᠶᠢ ᠥᠷᠨᠢᠭᠦᠯᠦᠨ᠎ᠡ᠃ | ᠬᠥᠲᠥᠯᠥᠭᠴᠢ ᠠᠰᠠᠭᠤᠭᠰᠠᠨ ᠨᠢ᠄ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ | ᠲᠠᠯ᠎ᠠ ᠪᠠᠷ ᠠᠬᠢᠭᠤᠯᠬᠤ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ | ᠣᠯᠬᠤ ᠶᠢ ᠬᠡᠷᠬᠢᠨ ᠪᠠᠲᠤᠯᠠᠬᠤ ᠪᠣᠶ︖ | ᠵᠣᠴᠢᠨ ᠮᠦ ᠶᠤᠸᠠᠨ ᠬᠠᠷᠢᠭᠤᠯᠤᠭᠰᠠᠨ ᠨᠢ ᠄ ᠣᠳᠣᠬᠠᠨ ᠳᠤ ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠠᠵᠢᠯ ᠨᠢᠭᠡᠨᠲᠡ ᠲᠥᠯᠥᠪᠵᠢᠭᠦᠯᠦᠨ ᠪᠠᠶᠢᠷᠢᠰᠢᠭᠤᠯᠬᠤ ᠠᠴᠠ | ᠪᠣᠳᠠᠲᠠᠢ ᠪᠠᠷᠢᠯᠭ᠎ᠠ ᠶᠢᠨ ᠱᠠᠲᠤᠨ ᠳᠤ ᠣᠷᠣᠵᠤ ᠂ ᠪᠦᠬᠦ ᠨᠠᠮ ᠪᠦᠬᠦ ᠨᠡᠶᠢᠭᠡᠮ ᠢᠶᠠᠷ ᠢᠶᠠᠨ ᠶᠡᠷᠦᠩᠬᠡᠢ ᠳᠠᠶᠢᠴᠢᠯᠠᠯᠲᠠ | ᠬᠢᠵᠦ ᠂ ᠰᠠᠯᠠᠭ᠎ᠠ ᠮᠥᠴᠢᠷ ᠪᠣᠯᠣᠨ ᠣᠷᠣᠨ ᠨᠤᠲᠤᠭ ᠤᠨ ᠬᠢᠨ ᠵᠡᠷᠭᠡᠪᠡᠷ ᠬᠦᠴᠦᠯᠡᠨ᠂ ᠦᠨᠡᠨ ᠪᠣᠳᠠᠲᠠᠢ ᠪᠠᠷ | ᠠᠵᠢᠯᠯᠠᠵᠤ ᠂ ᠰᠦᠷ ᠬᠦᠴᠦᠨ ᠢ ᠢᠯᠡᠷᠡᠭᠦᠯᠤᠨ᠂ ᠦᠢᠯᠡ ᠠᠵᠢᠯᠯᠠᠭ᠎ᠠ ᠶᠢ ᠥᠷᠨᠢᠭᠦᠯᠬᠦ ᠴᠢᠬᠤᠯᠠᠲᠠᠢ ᠪᠠᠶᠢᠨ᠎ᠠ ᠃ | ᠲᠠᠷᠠᠭᠠᠴᠢ ᠶᠢᠨ ᠠᠯᠬᠤᠮ ᠳᠤ ᠂ ᠪᠢᠳᠡ ︽ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠳᠡᠭᠡ ᠲᠣᠰᠬᠤᠨ ᠤ | ᠠᠵᠢᠯ ᠤᠨ ᠳᠦᠷᠢᠮ ︾ ᠵᠢᠴᠢ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠠᠷᠭ᠎ᠠ ᠶᠢ ᠭᠦᠨᠵᠡᠭᠡᠢ | ᠲᠤᠭᠤᠰᠢᠯᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ ᠶᠢ ᠪᠦᠬᠦ | ᠲᠠᠯ᠎ᠠ ᠪᠠᠷ ᠨᠠᠶᠢᠲᠠᠪᠤᠷᠢᠵᠢᠭᠤᠯᠤᠨ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠂ ᠵᠣᠬᠢᠶᠠᠨ ᠪᠠᠶᠢᠭᠤᠯᠤᠯᠲᠠ ᠪᠠᠷ | ᠠᠬᠢᠭᠤᠯᠬᠤ ᠂ ᠡᠯᠧᠮᠧᠨ᠋ᠲ ᠢ ᠪᠠᠲᠤᠯᠠᠬᠤ ᠂ ᠬᠢᠨᠠᠨ ᠰᠢᠯᠭᠠᠵᠤ ᠦᠨᠡᠯᠡᠬᠦ ᠂ ᠬᠢᠨᠠᠯᠲᠠ ᠲᠠᠯᠪᠢᠵᠤ ᠪᠠᠶᠢᠴᠠᠭᠠᠬᠤ ᠵᠡᠷᠭᠡ | ᠲᠠᠯ᠎ᠠ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠣᠭᠲᠠᠴᠠ ᠶᠢ ᠪᠦᠷᠢᠨᠰᠢᠭᠦᠯᠬᠦ ᠶᠢ | ᠠᠬᠢᠭᠤᠯᠵᠤ ᠂ ᠥᠷᠭᠡᠨ ᠳᠡᠯᠭᠡᠷᠡᠩᠭᠦᠢ ᠳᠠᠶᠢᠴᠢᠯᠠᠵᠤ ᠂ ᠬᠦᠴᠦᠨ ᠢᠶᠠᠨ ᠲᠥᠪᠯᠡᠷᠡᠭᠦᠯᠦᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠎ᠠ᠃ ᠬᠤᠶᠠᠷ ᠲᠠᠯ᠎ᠠ ᠶᠢᠨ ᠠᠵᠢᠯ ᠢ | ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄ ᠨᠢᠭᠡ ᠲᠠᠯ᠎ᠠ ᠪᠠᠷ᠂ ᠨᠠᠮ ᠤᠨ ︽ ᠮᠠᠯ ᠠᠵᠤ ᠠᠬᠤᠢ ᠲᠠᠷᠢᠶᠠᠯᠠᠩ | ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ ︾ ᠤ ᠠᠵᠢᠯ ᠳᠠᠬᠢ ᠪᠥᠬᠦ ᠲᠠᠯ᠎ᠠ ᠶᠢᠨ ᠤᠳᠤᠷᠢᠳᠤᠯᠭ᠎ᠠ ᠶᠢ | ᠪᠠᠷᠢᠮᠲᠠᠯᠠᠨ ᠴᠢᠩᠭᠠᠳᠬᠠᠨ᠎ᠠ ᠃ ᠬᠥᠳᠡᠭᠡ ᠲᠣᠰᠬᠤᠨ ᠤ ᠬᠥᠭᠵᠢᠯᠲᠡ ᠂ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠂ ᠬᠥᠳᠡᠭᠡ ᠲᠣᠰᠬᠤᠨ ᠤ ᠵᠠᠰᠠᠯᠲᠠ ᠶᠢᠨ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠬᠤ ᠳᠤ ᠡᠴᠦᠰ ᠤᠨ ᠡᠴᠦᠰ ᠲᠡᠭᠡᠨ ᠨᠠᠮ ᠤᠨ ᠤᠳᠤᠷᠢᠳᠤᠯᠭ᠎ᠠ ᠳᠤ ᠲᠦᠰᠢᠭᠯᠡᠨ᠎ᠡ᠃ | ᠨᠢᠭᠡ ᠳᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ ᠃ ᠲᠠᠪᠤᠨ ᠱᠠᠲᠤᠨ ᠤ ᠱᠦᠵᠢ ᠶᠢᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠠᠳᠬᠤᠬᠤ ᠪᠣᠳᠠᠲᠠᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠰᠠᠯᠠᠭ᠎ᠠ | ᠮᠥᠴᠢᠷ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠭᠰᠠᠨ ᠪᠣᠳᠠᠲᠤ ᠠᠮᠵᠢᠯᠲᠠ ᠶᠢ | ᠬᠢᠨᠠᠨ ᠰᠢᠯᠭᠠᠬᠤ ᠶᠢ ᠰᠦᠪᠡᠭᠴᠢᠯᠡᠨ ᠥᠷᠨᠢᠭᠦᠯᠵᠦ᠂ ᠠᠶᠢᠮᠠᠭ ᠬᠤᠲᠠ ᠶᠢᠨ ᠨᠠᠮ ᠵᠠᠰᠠᠭ ᠤᠨ ᠤᠳᠤᠷᠢᠳᠬᠤ ᠪᠠᠭ | ᠪᠣᠯᠣᠨ ᠤᠳᠤᠷᠢᠳᠬᠤ ᠺᠠᠳ᠋ᠷᠴᠤᠳ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠭᠰᠠᠨ | ᠪᠣᠳᠠᠲᠤ ᠠᠮᠵᠢᠯᠲᠠ ᠶᠢ ᠬᠢᠨᠠᠨ ᠰᠢᠯᠭᠠᠬᠤ ᠶᠢ ᠲᠡᠭᠦᠯᠳᠡᠷᠵᠢᠭᠦᠯᠵᠦ᠂ ᠲᠥᠪᠯᠡᠷᠡᠭᠦᠯᠦᠨ ᠬᠤᠭᠤᠴᠠᠭ᠎ᠠ ᠰᠣᠯᠢᠭᠰᠠᠨ ᠤ | ᠳᠠᠷᠠᠭᠠᠬᠢ ᠡᠯ᠎ᠡ ᠱᠠᠲᠤᠨ ᠤ ᠨᠠᠮ ᠵᠠᠰᠠᠭ ᠤᠨ ᠤᠳᠤᠷᠢᠳᠬᠤ ᠺᠠᠳ᠋ᠷ ᠢᠯᠠᠩᠭᠤᠶ᠎ᠠ ︽ ᠮᠠᠯ ᠠᠵᠤ ᠠᠬᠤᠢ ᠲᠠᠷᠢᠶᠠᠯᠠᠩ | ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ ︾ ᠤ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠬᠤ | ᠺᠠᠳ᠋ᠷᠴᠤᠳ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠨᠠᠮ ᠤᠨ ᠮᠠᠯᠵᠢᠬᠤ ᠲᠠᠷᠢᠶᠠᠯᠠᠬᠤ ᠣᠷᠣᠨ ᠤ ᠠᠵᠢᠯ ᠢ | ᠬᠠᠮᠢᠶᠠᠷᠴᠤ ᠪᠠᠶᠢᠭ᠎ᠠ ᠤᠯᠤᠰ ᠲᠥᠷᠥ ᠶᠢᠨ ᠳᠠᠪᠠᠭᠤᠯᠢᠭ ᠢ ᠤᠯᠠᠮ ᠨᠢᠭᠡ ᠠᠯᠬᠤᠮ ᠬᠥᠳᠡᠭᠡ ᠲᠣᠰᠬᠤᠨ ᠢ ᠪᠥᠬᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠦᠴᠦᠷᠬᠡᠭ ᠶᠡᠭᠡ ᠬᠦᠳᠡᠯᠭᠡᠬᠦ ᠬᠦᠴᠦᠨ ᠪᠣᠯᠭᠠᠨ | ᠬᠤᠪᠢᠷᠠᠭᠤᠯᠤᠨ᠎ᠠ᠃ ᠬᠤᠶᠠᠷ ᠲᠤ ᠪᠠᠶᠢᠭᠤᠯᠤᠮᠵᠢ ᠶᠢ ᠬᠦᠴᠦᠷᠬᠡᠭᠵᠢᠭᠦᠯᠦᠨ᠎ᠡ ᠃ ᠨᠠᠮ ᠤᠨ ᠬᠤᠷᠢᠶ᠎ᠠ ᠶᠢᠨ ᠮᠠᠯᠵᠢᠬᠤ | ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠲᠦᠷᠦᠭᠦᠯᠡᠨ ᠶᠡᠷᠦᠩᠬᠡᠶᠢᠯᠡᠨ ᠠᠳᠬᠤᠬᠤ᠂ ᠨᠢᠭᠡᠳᠦᠯᠲᠡᠢ | ᠲᠥᠯᠥᠪᠯᠡᠨ ᠵᠣᠬᠢᠴᠠᠭᠤᠯᠬᠤ ᠦᠢᠯᠡᠳᠦᠯ ᠢ ᠴᠢᠩᠭᠠᠷᠠᠭᠤᠯᠵᠤ᠂ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠮᠠᠯᠵᠢᠬᠤ | ᠲᠠᠷᠢᠶᠠᠯᠠᠬᠤ ᠣᠷᠣᠨ ᠤ ᠠᠯᠪᠠᠨ ᠭᠡᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠭᠤᠣᠯᠳᠠᠯᠭ᠎ᠠ ᠲᠠᠢ | ᠡᠭᠦᠷᠭᠡ ᠶᠢ ᠬᠤᠪᠢᠶᠠᠷᠢᠯᠠᠨ ᠨᠠᠶᠢᠳᠠᠪᠤᠷᠢᠵᠢᠭᠤᠯᠬᠤ ᠪᠠ ᠱᠠᠯᠠᠪᠳᠠᠭᠤᠯᠤᠨ ᠪᠠᠶᠢᠴᠠᠭᠠᠵᠤ ᠱᠠᠯᠠᠪᠳᠠᠭᠤᠯᠤᠨ | ᠭᠦᠢᠴᠡᠳᠬᠡᠬᠦ ᠲᠣᠭᠲᠠᠴᠠ ᠶᠢ ᠪᠦᠷᠢᠨᠰᠢᠭᠦᠯᠵᠦ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ | ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠨ᠎ᠠ᠃ ᠭᠤᠷᠪᠠ ᠳᠤ ᠴᠡᠭ ᠢ ᠠᠳᠬᠤᠵᠤ ᠨᠡᠶᠢᠳᠡᠮ ᠢ ᠳᠠᠶᠢᠴᠢᠯᠠᠨ᠎ᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠵᠢᠯ ᠢ ᠱᠠᠲᠤ | ᠬᠤᠪᠢᠶᠠᠨ ᠥᠷᠨᠢᠭᠦᠯᠵᠦ ᠂ ︽ ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠬᠥᠭᠵᠢᠭᠦᠯᠦᠨ ᠮᠠᠨᠳᠤᠭᠤᠯᠬᠤ ︾ | ᠠᠵᠢᠯᠯᠠᠭ᠎ᠠ ᠶᠢ ᠭᠦᠨᠵᠡᠭᠡᠢ ᠠᠬᠢᠭᠤᠯᠵᠤ ᠂ ᠲᠣᠭᠲᠠᠭᠠᠯ ᠶᠣᠰᠣᠭᠠᠷ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠬᠥᠬᠢᠭᠦᠯᠦᠨ ᠵᠣᠷᠢᠭᠵᠢᠭᠤᠯᠬᠤ ᠳᠦᠷᠢᠮ ᠢ ᠪᠠᠶᠢᠭᠤᠯᠵᠤ ᠂ ᠪᠦᠬᠦ ᠨᠡᠶᠢᠭᠡᠮ ᠢᠶᠠᠷ ᠢᠶᠠᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠠᠮᠲᠤ ᠪᠠᠷ ᠣᠷᠤᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ | ᠪᠤᠢ ᠪᠣᠯᠭᠠᠨ᠎ᠠ᠃ ᠨᠦᠭᠦᠭᠡ ᠲᠠᠯ᠎ᠠ ᠪᠠᠷ ᠂ ᠲᠦᠷᠦ ᠶᠢᠨ ᠪᠣᠳᠣᠯᠭ᠎ᠠ ᠶᠢᠨ ᠪᠠᠲᠤᠯᠠᠭ᠎ᠠ ᠶᠢᠨ ᠡᠷᠴᠢᠮ ᠪᠠ ᠪᠠᠶᠢᠭᠤᠯᠤᠯ | ᠲᠣᠭᠲᠠᠴᠠ ᠶᠢᠨ ᠲᠠᠯ᠎ᠠ ᠪᠠᠷ ᠰᠢᠨ᠎ᠡ ᠶᠢ ᠡᠭᠦᠳᠦᠨ᠎ᠡ︔ ᠪᠡᠯᠡ ᠮᠥᠩᠭᠦ ᠶᠢᠨ ᠣᠷᠣᠭᠤᠯᠤᠯᠲᠠ ᠶᠢᠨ ᠲᠠᠯ᠎ᠠ ᠪᠠᠷ᠂ | ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠢ ᠦᠷᠭᠦᠯᠵᠢᠯᠡᠨ ᠡᠩ ᠤᠨ ᠣᠯᠠᠨ ᠨᠡᠶᠢᠲᠡ ᠶᠢᠨ | ᠲᠥᠰᠥᠪ ᠤᠨ ᠤᠷᠢᠳᠠᠪᠠᠷ ᠪᠠᠲᠤᠯᠠᠬᠤ ᠬᠦᠷᠢᠶ᠎ᠡ ᠪᠣᠯᠭᠠᠵᠤ᠂ ᠭᠠᠵᠠᠷ ᠰᠢᠷᠣᠢ ᠶᠢ ᠰᠢᠯᠵᠢᠭᠦᠯᠦᠨ ᠥᠭᠭᠦᠭᠰᠡᠨ | ᠣᠷᠣᠯᠭ᠎ᠠ ᠶᠢᠨ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠳᠤ ᠬᠡᠷᠡᠭᠯᠡᠬᠦ ᠬᠠᠷᠢᠴᠠᠯ ᠢ | ᠲᠣᠭᠲᠠᠭᠤᠨ ᠢᠶᠠᠷ ᠳᠡᠭᠡᠭᠰᠢᠯᠡᠭᠦᠯᠦᠨ᠂ ᠵᠢᠭᠡᠯᠡᠯᠭᠡ ᠶᠢᠨ ᠲᠡᠮᠳᠡᠭᠲᠦ ᠪᠠ ᠰᠠᠭᠤᠷᠢ ᠮᠥᠩᠭᠦ ᠶᠢᠨ ᠦᠢᠯᠡᠳᠦᠯ ᠢ | ᠰᠠᠶᠢᠲᠤᠷ ᠪᠠᠳᠠᠷᠠᠭᠤᠯᠵᠤ᠂ ᠣᠷᠣᠭᠤᠯᠤᠯᠲᠠ ᠶᠢᠨ ᠡᠷᠴᠢᠮ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠬᠠᠷᠠᠯᠲᠠᠲᠤ ᠡᠭᠦᠷᠭᠡ ᠯᠦᠭᠡ ᠬᠠᠷᠢᠯᠴᠠᠨ ᠵᠣᠬᠢᠴᠠᠭᠤᠯᠬᠤ ᠶᠢ ᠦᠨᠡᠨᠬᠦ ᠪᠠᠲᠤᠯᠠᠨ᠎ᠠ︔ ᠮᠥᠩᠭᠦᠨ ᠭᠦᠢᠯᠭᠡᠭᠡᠨ ᠤ | ᠦᠢᠯᠡᠴᠢᠯᠡᠭᠡᠨ ᠤ ᠲᠠᠯ᠎ᠠ ᠪᠠᠷ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠦᠢᠯᠡᠴᠢᠯᠡᠬᠦ ᠶᠢ ᠬᠢᠨᠠᠨ ᠰᠢᠯᠭᠠᠵᠤ ᠦᠨᠡᠯᠡᠨ ᠵᠢᠱᠢᠬᠦ ᠶᠢ ᠥᠷᠨᠢᠭᠦᠯᠵᠦ᠂ ᠢᠲᠡᠭᠡᠮᠵᠢᠲᠦ ᠵᠢᠭᠡᠯᠡᠯᠭᠡ | ᠲᠠᠯᠪᠢᠬᠤ ᠡᠷᠴᠢᠮ ᠢ ᠴᠢᠩᠭᠠᠷᠠᠭᠤᠯᠵᠤ᠂ ᠠᠯᠠᠰᠢᠨ ᠦᠬᠡᠷ᠂ ᠠᠯᠠᠰᠢᠨ ᠬᠤᠨᠢ᠂ ᠣᠨᠴᠠᠯᠢᠭᠲᠤ ᠰᠦ ᠂ ᠲᠡᠮᠡᠭᠡ ᠵᠡᠷᠭᠡ | ᠣᠷᠣᠨ ᠨᠤᠲᠤᠭ ᠤᠨ ᠳᠠᠪᠠᠭᠤᠯᠢᠭ ᠣᠨᠴᠠᠯᠢᠭᠲᠤ ᠳᠠᠭᠠᠳᠬᠠᠯ ᠤᠨ ᠲᠤᠷᠰᠢᠯᠲᠠ ᠶᠢ ᠥᠷᠨᠢᠭᠦᠯᠦᠨ᠎ᠡ︔ | ᠴᠢᠳᠠᠪᠤᠷᠢᠲᠠᠨ ᠤ ᠡᠩᠨᠡᠭᠡ ᠶᠢᠨ ᠲᠠᠯ᠎ᠠ ᠪᠠᠷ ᠂ ᠤᠷᠮᠠᠰᠢᠭᠤᠯᠭᠠ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠂ ᠡᠷᠡᠭᠦᠯ ᠬᠠᠮᠠᠭᠠᠯᠠᠯ ᠂ ᠰᠤᠷᠭᠠᠨ ᠬᠥᠮᠦᠵᠢᠯ ᠂ ᠡᠮ ᠡᠮᠨᠡᠯᠭᠡ ᠵᠡᠷᠭᠡ ᠡᠯ᠎ᠡ | ᠲᠦᠷᠦᠯ ᠤᠨ ᠴᠢᠳᠠᠪᠤᠷᠢᠲᠠᠨ ᠤ ᠦᠨᠳᠦᠰᠦᠨ ᠱᠠᠲᠤᠨ ᠳᠤ ᠭᠦᠨᠵᠡᠭᠡᠶᠢᠷᠡᠬᠦ ᠂ ᠬᠥᠳᠡᠭᠡ ᠲᠣᠰᠬᠤᠨ ᠳᠤ | ᠦᠢᠯᠡᠴᠢᠯᠡᠬᠦ ᠶᠢ ᠬᠥᠲᠥᠯᠥᠨ ᠵᠢᠯᠤᠭᠤᠳᠴᠤ ᠂ ᠣᠷᠣᠨ ᠨᠤᠲᠤᠭ ᠤᠨ ᠴᠢᠳᠠᠪᠤᠷᠢᠲᠠᠨ ᠢ ᠶᠡᠭᠡ ᠪᠠᠷ ᠬᠦᠮᠦᠵᠢᠭᠦᠯᠦᠨ᠎ᠡ︔ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠠᠯ᠎ᠠ ᠪᠠᠷ᠂ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ | ᠳᠠᠭᠠᠭᠠᠴᠢᠯᠠᠯᠲᠠ ᠶᠢᠨ ᠬᠤᠭᠤᠴᠠᠭ᠎ᠠ ᠲᠤᠯᠤᠭᠰᠠᠨ ᠤ ᠳᠠᠷᠠᠭ᠎ᠠ ᠳᠠᠬᠢᠨ 30 ᠵᠢᠯ ᠤᠷᠲᠤᠳᠬᠠᠬᠤ ᠲᠤᠷᠰᠢᠯᠲᠠ᠂ | ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ᠂ ᠣᠷᠣᠨ | ᠰᠠᠭᠤᠴᠠ ᠶᠢᠨ ᠰᠠᠭᠤᠷᠢ ᠭᠠᠵᠠᠷ ᠤᠨ ᠥᠭᠡᠷᠡᠴᠢᠯᠡᠯᠲᠡ ᠵᠡᠷᠭᠡ ᠡᠯ᠎ᠡ ᠲᠥᠷᠥᠯ ᠤᠨ ᠭᠤᠣᠯᠳᠠᠯᠭ᠎ᠠ ᠲᠠᠢ | ᠥᠭᠡᠷᠡᠴᠢᠯᠡᠯᠲᠡ ᠶᠢᠨ ᠡᠭᠦᠷᠭᠡ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠮᠠᠯᠵᠢᠬᠤ ᠲᠠᠷᠢᠶᠠᠯᠠᠬᠤ ᠣᠷᠣᠨ ᠤ | ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠦᠭᠵᠢᠭᠡᠨ᠎ᠡ᠃ |