ᠴᠤᠷᠪᠠᠭ᠎ᠠ ᠶᠢ ᠠᠷᠪᠠᠨ ᠭᠠᠷᠠᠭ ᠤᠨ ᠨᠠᠰᠤᠨ ᠤ ᠦᠶ᠎ᠡ ᠳᠤ ᠳᠠᠬᠢᠨ ᠰᠦᠷᠦᠭ ᠬᠤᠪᠢᠶᠠᠪᠠᠯ ᠵᠣᠬᠢᠨ᠎ᠠ
ᠨᠡᠶᠢᠲᠡᠯᠡᠭᠰᠡᠨ ᠴᠠᠭ᠄
2022/5/31
      ᠲᠠᠬᠢᠶ᠎ᠠ ᠲᠡᠵᠢᠭᠡᠬᠦ ᠦᠢᠯᠡᠳᠪᠦᠷᠢᠯᠡᠯ ᠤᠨ ᠦᠢᠯᠡᠳᠦᠯᠭᠡ ᠭᠡᠷᠡᠴᠢᠯᠡᠭᠰᠡᠨ ᠢᠶᠠᠷ ᠂ ᠴᠤᠷᠪᠠᠭ᠎ᠠ ᠶᠢ 10 ᠭᠠᠷᠠᠭ ᠤᠨ ᠨᠠᠰᠤ ᠪᠣᠯᠬᠤ ᠦᠶ᠎ᠡ ᠳᠤ ᠳᠠᠬᠢᠨ ᠰᠢᠨ᠎ᠡ ᠪᠠᠷ ᠰᠦᠷᠦᠭ ᠬᠤᠪᠢᠶᠠᠪᠠᠯ ᠵᠤᠬᠢᠨ᠎ᠠ ᠭᠡᠵᠡᠢ᠂ ᠲᠡᠭᠡᠪᠡᠯ ᠰᠢᠯᠲᠠᠭᠠᠨ ᠨᠢ ᠶᠠᠭᠤ ᠪᠣᠢ ︖      ᠠᠮᠢᠲᠠᠨ ᠤ ᠰᠤᠳᠤᠯᠤᠯ ᠤᠨ ᠳᠣᠲᠣᠭᠠᠳᠤ ᠰᠢᠭᠦᠷᠡᠯ ᠤᠨ ᠡᠷᠳᠡᠮᠲᠡᠳ ᠤᠨ ᠰᠤᠳᠤᠯᠤᠨ ᠵᠠᠳᠠᠯᠤᠭᠰᠠᠨ ᠢᠶᠠᠷ᠂ ᠴᠤᠷᠪᠠᠭ᠎ᠠ ᠨᠢ 10 ᠭᠠᠷᠠᠭ ᠤᠨ ᠨᠠᠰᠤ ᠠᠴᠠ ᠡᠮᠦᠨ᠎ᠡ᠂ ᠴᠢᠰᠤᠨ ᠤ ᠳᠣᠲᠣᠷᠠᠬᠢ ᠪᠥᠭᠡᠷ᠎ᠡ ᠶᠢᠨ ᠳᠡᠭᠡᠳᠦ ᠪᠤᠯᠴᠢᠷᠬᠠᠢ ᠶᠢᠨ ᠪᠣᠷᠣ ᠳᠠᠪᠬᠤᠷᠭ᠎ᠠ ᠶᠢᠨ ᠡᠳ᠋ ᠢ ᠠᠬᠢᠭᠤᠯᠬᠤ ᠪᠠ ᠪᠥᠭᠡᠷ᠎ᠡ ᠶᠢᠨ ᠳᠡᠭᠡᠳᠦ ᠪᠤᠯᠴᠢᠷᠬᠠᠢ ᠶᠢᠨ ᠪᠣᠷᠣ ᠳᠠᠪᠬᠤᠷᠭ᠎ᠠ ᠶᠢᠨ ᠡᠳ᠋ ᠤᠨ ᠠᠭᠤᠯᠤᠭᠳᠠᠴᠠ ᠶᠢᠨ ᠬᠤᠪᠢᠷᠠᠯᠲᠠ ᠨᠢ ᠶᠡᠭᠡ ᠪᠢᠰᠢ᠂ ᠭᠡᠪᠡᠴᠦ 10 ᠭᠠᠷᠠᠭ ᠤᠨ ᠨᠠᠰᠤ ᠥᠩᠭᠡᠷᠡᠪᠡᠯ ᠳᠠᠷᠤᠢ ᠲᠣᠭᠲᠠᠭᠤᠨ ᠴᠢᠨᠠᠷ ᠤᠨ ᠵᠥᠷᠢᠶ᠎ᠡ ᠭᠠᠷᠳᠠᠭ᠃ ᠡᠨᠡ ᠦᠶ᠎ᠡ ᠠᠴᠠ ᠡᠬᠢᠯᠡᠨ᠂ ᠲᠠᠬᠢᠶᠠᠨ ᠤ ᠰᠦᠷᠦᠭ ᠲᠤ ᠪᠣᠳᠠᠭᠠᠯᠢ ᠪᠡᠶ᠎ᠡ ᠶᠢᠨ ᠬᠤᠭᠤᠷᠣᠨᠳᠤ ᠰᠦᠷᠦᠭ ᠤᠨ ᠳᠤᠮᠳᠠᠬᠢ ᠵᠡᠷᠭᠡ ᠳᠡᠰ ᠤᠨ ᠪᠠᠶᠢᠷᠢ ᠰᠠᠭᠤᠷᠢ ᠪᠠᠨ  ᠶᠢ ᠲᠣᠭᠲᠠᠭᠠᠬᠤ ᠶᠢᠨ ᠲᠥᠯᠥᠭᠡ᠂ ᠦᠷᠭᠦᠯᠵᠢ ᠰᠢᠷᠦᠭᠦᠨ ᠳᠠᠶᠢᠯᠠᠯᠳᠤᠭᠠᠨ ᠡᠭᠦᠰᠭᠡᠵᠦ ᠂ ᠪᠣᠳᠠᠭᠠᠯᠢ ᠪᠡᠶ᠎ᠡ ᠶᠢᠨ ᠪᠠᠶᠢᠷᠢ ᠰᠠᠭᠤᠷᠢ ︵ᠳᠠᠷᠤᠢ ᠪᠣᠳᠠᠭᠠᠯᠢ ᠪᠡᠶ᠎ᠡ ᠶᠢᠨ ᠬᠤᠭᠤᠷᠣᠨᠳᠣᠬᠢ ᠬᠠᠷᠢᠶᠠᠯᠠᠭᠳᠠᠬᠤ ᠬᠠᠷᠢᠴᠠᠭ᠎ᠠ︶ ᠪᠠᠨ ᠲᠤᠭᠲᠠᠭᠠᠳᠠᠭ᠃ ᠡᠨᠡ ᠬᠦ ᠬᠠᠷᠢᠴᠠᠭ᠎ᠠ ᠪᠠᠶᠢᠭᠤᠯᠤᠭᠳᠠᠭᠰᠠᠨ ᠤ ᠳᠠᠷᠠᠭ᠎ᠠ ᠰᠠᠶ᠋ᠢ ᠲᠠᠬᠢᠶᠠᠨ ᠰᠦᠷᠦᠭ ᠰᠠᠶᠢᠨ ᠰᠠᠶᠢᠬᠠᠨ ᠠᠭᠤᠷ ᠠᠮᠢᠰᠬᠤᠯ ᠪᠠ ᠵᠣᠬᠢᠴᠠᠩᠭᠤᠢ ᠬᠠᠷᠢᠴᠠᠭ᠎ᠠ  ᠲᠠᠢ ᠪᠣᠯᠵᠤ ᠴᠢᠳᠠᠨ᠎ᠠ᠃ ᠨᠤᠴᠤᠯᠳᠣᠭᠠᠨ ᠳᠤᠮᠳᠠ ᠥᠲᠥᠨ ᠤᠭ ᠢ ᠨᠢ ᠲᠣᠩᠰᠢᠬᠤ᠂ ᠰᠡᠭᠦᠯ ᠢ  ᠨᠢ ᠲᠣᠩᠰᠢᠬᠤ᠂ ᠬᠤᠰᠬᠢᠨᠠᠭ ᠢ ᠲᠣᠩᠰᠢᠬᠤ ᠵᠡᠷᠭᠡ ᠮᠠᠭᠤᠬᠠᠢ ᠵᠠᠩᠰᠢᠯ ᠢ ᠡᠭᠦᠰᠬᠡᠳᠡᠭ᠃ ᠡᠭᠦᠨ ᠤ ᠬᠠᠮᠲᠤ ᠨᠡᠯᠢᠶᠡᠳ ᠣᠯᠠᠨ ᠲᠣᠭᠠᠨ ᠤ ᠲᠠᠬᠢᠶ᠎ᠠ ᠨᠢ ᠨᠢᠭᠡ ᠨᠢᠭᠡᠨ ᠢᠶᠠᠨ ᠲᠣᠩᠰᠢᠵᠤ ᠰᠢᠷᠬᠠᠲᠤᠭᠤᠯᠳᠠᠭ ᠃ ᠢᠯᠠᠩᠭᠤᠶ᠎ᠠ ᠪᠡᠶ᠎ᠡ ᠮᠠᠭᠤᠲᠠᠢ ᠂ ᠨᠤᠮᠤᠢ ᠵᠦᠭᠡᠯᠡᠨ ᠵᠠᠩ ᠲᠠᠢ ᠂ ᠠᠶᠤᠮᠠᠲᠠᠭᠠᠢ ᠴᠤᠷᠪᠠᠭ᠎ᠠ ᠶᠢ ᠲᠣᠩᠰᠢᠬᠤ ᠨᠢ ᠨᠡᠩ ᠬᠡᠴᠡᠭᠦᠦ ᠪᠠᠶᠢᠳᠠᠭ ᠃ ᠨᠢᠭᠡ ᠨᠢᠭᠡᠨ ᠢᠶᠠᠨ ᠲᠣᠩᠰᠢᠬᠤ ᠠᠴᠠ ᠪᠣᠯᠤᠭᠰᠠᠨ ᠦᠬᠦᠯ ᠪᠠ ᠠᠷᠭ᠎ᠠ ᠪᠤᠰᠤ ᠰᠢᠭᠰᠢᠬᠦ ᠲᠠᠬᠢᠶᠠᠨ ᠤ ᠨᠤᠷᠮ᠎ᠠ ᠨᠢ ᠵᠠᠷᠢᠮ ᠳᠤ ᠪᠠᠨ 20% ᠣᠷᠴᠢᠮ ᠢ ᠡᠵᠡᠯᠡᠵᠦ᠂ ᠬᠦᠨᠳᠦ ᠨᠣᠴᠢᠲᠠᠢ ᠠᠵᠤ ᠠᠬᠤᠢ ᠶᠢᠨ ᠬᠤᠬᠢᠷᠠᠯ ᠢ ᠠᠪᠴᠢᠷᠠᠳᠠᠭ ᠪᠠᠶᠢᠨ᠎ᠠ ᠃ ᠲᠡᠭᠡᠪᠡᠯ ᠶᠠᠭᠠᠬᠢᠪᠠᠯ ᠰᠠᠶ᠋ᠢ ᠡᠨᠡ ᠬᠦ ᠦᠵᠡᠭᠳᠡᠯ ᠢ ᠪᠠᠭᠠᠰᠬᠠᠬᠤ ᠪᠤᠶᠤ ᠲᠡᠭᠦᠨ ᠠᠴᠠ ᠵᠠᠶᠢᠯᠠᠰᠭᠢᠵᠤ ᠂ ᠬᠤᠬᠢᠷᠠᠯ ᠢ ᠪᠠᠭᠠᠰᠬᠠᠵᠤ ᠴᠢᠳᠠᠬᠤ ᠪᠤᠢ ︖ ᠲᠡᠭᠦᠨ ᠤ ᠡᠳᠦᠷ ᠤᠨ ᠬᠦᠨᠡᠰᠦᠨ ᠳᠤ  ᠨᠢ ᠵᠣᠬᠢᠬᠤ ᠬᠡᠮᠵᠢᠶᠡᠨ ᠤ ᠵᠤᠭᠠᠩ ᠂ ᠬᠦᠬᠦᠷ ᠪᠣᠯᠣᠨ ᠪᠣᠣ ᠢᠤᠢ ᠯᠢᠩ ︵保羽灵︶  ᠨᠡᠮᠡᠬᠦ ᠶᠢ ᠠᠩᠬᠠᠷᠬᠤ ᠠᠴᠠ ᠭᠠᠳᠠᠨ᠎ᠠ ᠂ ᠬᠠᠮᠤᠭ ᠰᠠᠶᠢᠨ ᠨᠢ ᠲᠡᠭᠦᠨ ᠤ 10 ᠭᠠᠷᠠᠭ ᠤᠨ ᠨᠠᠰᠤ ᠪᠣᠯᠬᠤ ᠦᠶ᠎ᠡ ᠳᠤ ᠳᠠᠬᠢᠨ ᠨᠢᠭᠡ ᠤᠳᠠᠭ᠎ᠠ ᠰᠦᠷᠦᠭ ᠬᠤᠪᠢᠶᠠᠨ᠎ᠠ ᠃ ᠬᠦᠳᠡᠷ ᠴᠢᠭᠢᠷᠠᠭ ᠂ ᠵᠠᠩ ᠳᠣᠭᠰᠢᠨ ᠂ ᠲᠠᠷᠭᠤ ᠲᠦᠪᠬᠡᠭ  ᠨᠢ ᠣᠶᠢᠷᠠᠯᠴᠠᠭ᠎ᠠ ᠲᠠᠬᠢᠶ᠎ᠠ ᠶᠢ ᠨᠢᠭᠡ ᠰᠦᠷᠦᠭ ᠪᠣᠯᠭᠠᠨ ᠨᠡᠶᠢᠯᠡᠭᠦᠯᠦᠨ᠎ᠡ ᠂ ᠡᠭᠦᠨ ᠤ ᠬᠠᠮᠲᠤ ᠲᠡᠵᠢᠭᠡᠨ ᠠᠷᠠᠴᠢᠯᠠᠯᠲᠠ ᠪᠠ ᠬᠠᠮᠢᠶᠠᠷᠤᠯᠲᠠ ᠶᠢᠨ ᠲᠠᠯ᠎ᠠ ᠪᠠᠷ ᠪᠠᠭ᠎ᠠ ᠳᠤᠷᠤᠢ ᠰᠢᠨ᠎ᠡ ᠲᠠᠬᠢᠶᠠᠨ ᠰᠦᠷᠦᠭ ᠲᠤ ᠣᠨᠴᠠᠭᠠᠶ ᠬᠠᠷᠠᠭᠠᠯᠵᠠᠯ ᠦᠵᠡᠭᠦᠯᠦᠨ᠎ᠡ᠃ ᠡᠨᠡ ᠨᠢ ᠨᠢᠭᠡ ᠨᠢᠭᠡᠨ ᠢᠶᠠᠨ ᠲᠣᠩᠰᠢᠬᠤ ᠳᠤᠷ᠎ᠠ ᠪᠠᠬ᠎ᠠ ᠶᠢ ᠪᠠᠭᠠᠰᠬᠠᠬᠤ ᠪᠤᠶᠤ ᠬᠤᠷᠢᠭᠯᠠᠬᠤ ᠪᠠᠷ ᠪᠠᠷᠠᠬᠤ ᠦᠭᠡᠢ᠂ ᠪᠠᠰᠠ ᠳᠤᠷᠤᠢ ᠲᠠᠬᠢᠶ᠎ᠠ ᠶᠢᠨ ᠥᠰᠦᠯᠲᠡ ᠪᠤᠶᠢᠵᠢᠯᠲᠠ ᠳᠤ ᠠᠰᠢᠭᠲᠠᠢ ᠪᠠᠶᠢᠵᠤ᠂ ᠡᠳᠡᠭᠡᠷᠡᠯᠲᠡ ᠶᠢᠨ ᠨᠣᠷᠮ᠎ᠠ ᠶᠢ ᠳᠡᠭᠡᠭᠰᠢᠯᠡᠭᠦᠯᠦᠨ᠂ ᠲᠠᠬᠢᠶ᠎ᠠ ᠲᠡᠵᠢᠭᠡᠭᠡᠳ ᠠᠮᠵᠢᠯᠲᠠ ᠣᠯᠬᠤ ᠳᠤ ᠰᠠᠶᠢᠨ ᠰᠠᠭᠤᠷᠢ ᠲᠠᠯᠪᠢᠵᠤ ᠥᠭᠬᠦ ᠪᠣᠯᠣᠨ᠎ᠠ᠃ ︵ᠵᠧᠦ ᠸᠧᠨ ᠫᠢᠩ︶       ᠮᠡᠳᠡᠭᠡ ᠵᠠᠩᠭᠢ ᠶᠢᠨ ᠢᠷᠡᠯᠲᠡ᠄ ᠱᠠᠨ ᠰᠢ ᠶᠢᠨ ᠲᠠᠷᠢᠶᠠᠴᠢᠨ ᠤ ᠰᠣᠨᠢᠨ   
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号