| | | | | 4 ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠰᠣᠨᠢᠨ ᠮᠡᠳᠡᠭᠡᠨ ᠤ ᠠᠯᠪᠠᠨ ᠭᠡᠷ ᠥᠪᠡᠷᠲᠡᠭᠡᠨ ᠵᠠᠰᠠᠬᠤ ᠣᠷᠣᠨ ᠤ ᠰᠦ ᠰᠠᠭᠠᠯᠢ ᠶᠢᠨ ᠦᠢᠯᠡᠰ ᠤᠨ ᠬᠦᠭᠵᠢᠨ | ᠮᠠᠨᠳᠣᠯᠲᠠ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠲᠤᠬᠠᠢ ᠵᠤᠷᠰᠢᠯᠲᠤ ᠰᠤᠨᠢᠨ ᠮᠡᠳᠡᠭᠡ ᠨᠡᠶᠢᠳᠡᠯᠡᠬᠦ ᠬᠤᠷᠠᠯ | ᠬᠤᠷᠠᠯᠳᠣᠭᠤᠯᠪᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ | ᠮᠠᠯᠵᠢᠬᠤ ᠤᠷᠤᠨ ᠤ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ᠂ ᠰᠣᠨᠢᠨ ᠮᠡᠳᠡᠭᠡᠨ ᠤ | ᠥᠭᠦᠯᠡᠭᠴᠢ ᠸᠠᠩ ᠢᠦᠢ ᠹᠧᠩ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ ᠤᠨ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠶᠢᠨ ᠭᠠᠵᠠᠷ ᠤᠨ ᠳᠠᠷᠤᠭ᠎ᠠ ᠸᠠᠩ ᠭᠦᠸᠧ ᠹᠧᠩ᠂ | ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠤᠨ ᠬᠡᠷᠡᠭᠯᠡᠭᠡᠨ ᠤ | ᠡᠳ᠋ ᠤᠨ ᠠᠵᠤ ᠦᠢᠯᠡᠳᠪᠦᠷᠢ ᠶᠢᠨ ᠭᠠᠵᠠᠷ ᠤᠨ ᠳᠠᠷᠤᠭ᠎ᠠ ᠶᠠᠩ ᠰᠢᠶᠣᠣ ᠲᠢᠶᠠᠨ᠂ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠲᠢᠩᠬᠢᠮ ᠤᠨ ᠲᠠᠷᠢᠶᠠᠯᠠᠩ ᠮᠠᠯ ᠠᠵᠤ ᠠᠬᠤᠢ ᠶᠢᠨ ᠭᠠᠵᠠᠷ ᠤᠨ ᠳᠠᠷᠤᠭ᠎ᠠ ᠭᠤᠸᠠᠨ ᠢ ᠂ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠬᠥᠳᠡᠭᠡ ᠲᠣᠰᠬᠤᠨ ᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠠᠵᠠᠷ ᠤᠨ ᠳᠡᠳ᠋ ᠳᠠᠷᠤᠭ᠎ᠠ ᠶᠠᠩ ᠱᠧᠩ ᠶᠤᠸᠠᠢ ᠰᠤᠨᠢᠨ ᠮᠡᠳᠡᠭᠡ | ᠨᠡᠶᠢᠳᠡᠯᠡᠬᠦ ᠬᠤᠷᠠᠯ ᠳᠤ ᠣᠷᠣᠯᠴᠠᠭᠰᠠᠨ ᠪᠥᠭᠡᠳ ᠬᠤᠯᠪᠣᠭᠳᠠᠯ ᠪᠦᠬᠦᠢ ᠠᠰᠠᠭᠤᠯᠲᠠ ᠶᠢ ᠬᠠᠷᠢᠭᠤᠯᠪᠠ᠃ | | | ᠥᠪᠡᠷᠲᠡᠭᠡᠨ ᠵᠠᠰᠠᠬᠤ ᠣᠷᠣᠨ ᠤ ᠰᠦ ᠰᠠᠭᠠᠯᠢ ᠶᠢᠨ ᠦᠢᠯᠡᠰ ᠤᠨ | ᠬᠦᠭᠵᠢᠨ ᠮᠠᠨᠳᠣᠯᠲᠠ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠲᠤᠬᠠᠢ | ᠵᠤᠷᠰᠢᠯᠲᠤ ᠰᠤᠨᠢᠨ ᠮᠡᠳᠡᠭᠡ ᠨᠡᠶᠢᠳᠡᠯᠡᠬᠦ ᠬᠤᠷᠠᠯ ᠳᠡᠭᠡᠷ᠎ᠡ ᠨᠡᠶᠢᠲᠡᠯᠡᠭᠰᠡᠨ ᠦᠭᠡ | | | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ | ᠲᠤᠰᠬᠤᠨ ᠮᠠᠯᠵᠢᠬᠤ ᠤᠷᠤᠨ ᠤ ᠲᠢᠩᠬᠢᠮ ᠤᠨ ᠬᠤᠶᠠᠳᠤᠭᠠᠷ ᠳᠡᠰ ᠤᠨ | ᠲᠣᠭᠤᠷᠢᠨ ᠪᠠᠶᠢᠴᠠᠭᠠᠭᠴᠢ᠂ ᠰᠣᠨᠢᠨ ᠮᠡᠳᠡᠭᠡᠨ ᠤ ᠥᠭᠦᠯᠡᠭᠴᠢ ᠸᠠᠩ ᠢᠦᠢ ᠹᠧᠩ | 2022 ᠣᠨ ᠤ 4 ᠰᠠᠷ᠎ᠠ ᠶᠢᠨ 22 ᠤᠨ ᠡᠳᠦᠷ | | | ᠰᠦ ᠰᠠᠭᠠᠯᠢ ᠶᠢᠨ ᠦᠢᠯᠡᠰ ᠶᠢᠨ ᠬᠦᠭᠵᠢᠨ ᠮᠠᠨᠳᠣᠯᠲᠠ ᠶᠢ ᠠᠬᠢᠭᠤᠯᠬᠤ ᠪᠣᠯ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶ᠎ᠠ ᠠᠴᠠ ᠭᠠᠷᠭᠠᠭᠰᠠᠨ ᠴᠢᠬᠤᠯᠠ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ | ᠪᠣᠯᠣᠨ᠎ᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ | ᠴᠢᠬᠤᠯᠠᠴᠢᠯᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠰᠦ ᠰᠠᠭᠠᠯᠢ ᠶᠢᠨ ᠦᠢᠯᠡᠰ ᠶᠢᠨ ᠬᠦᠭᠵᠢᠨ | ᠮᠠᠨᠳᠣᠯᠲᠠ ᠶᠢ ᠠᠬᠢᠭᠤᠯᠬᠤ ᠶᠢᠨ ᠲᠤᠰᠠᠳᠠ ᠂ ᠡᠨᠡ ᠵᠢᠯ ᠤᠨ 3 ᠰᠠᠷ᠎ᠠ ᠶᠢᠨ ᠡᠬᠢ ᠪᠠᠷ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦ ᠰᠠᠭᠠᠯᠢ ᠶᠢᠨ ᠦᠢᠯᠡᠰ ᠶᠢᠨ ᠬᠦᠭᠵᠢᠨ ᠮᠠᠨᠳᠣᠯᠲᠠ ᠶᠢ | ᠠᠬᠢᠭᠤᠯᠬᠤ ᠶᠢᠰᠦᠨ ᠵᠤᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠶᠢ ᠳᠠᠷᠤᠮᠠᠯᠯᠠᠨ ᠲᠠᠷᠬᠠᠭᠠᠪᠠ᠂ ᠡᠨᠡ | ᠪᠣᠯ ᠮᠠᠨ ᠤ ᠣᠷᠣᠨ ᠤ ᠰᠦ ᠰᠠᠭᠠᠯᠢ ᠶᠢᠨ ᠦᠢᠯᠡᠰ ᠶᠢᠨ ᠬᠦᠭᠵᠢᠨ ᠮᠠᠨᠳᠣᠯᠲᠠ ᠶᠢ ᠠᠬᠢᠭᠤᠯᠬᠤ ᠪᠠᠰᠠ ᠨᠢᠭᠡ | ᠵᠦᠢᠯ ᠤᠨ ᠬᠦᠨᠳᠦᠴᠡ ᠲᠠᠢ ᠲᠦᠷᠦ ᠶᠢᠨ ᠪᠣᠳᠣᠯᠭ᠎ᠠ ᠪᠣᠯᠣᠨ᠎ᠠ᠃ | ᠨᠢᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦ ᠰᠠᠭᠠᠯᠢ ᠶᠢᠨ ᠦᠢᠯᠡᠰ ᠤᠨ | ᠬᠦᠭᠵᠢᠨ ᠮᠠᠨᠳᠣᠯᠲᠠ ᠶᠢ ᠠᠬᠢᠭᠤᠯᠬᠤ ᠶᠢᠰᠦᠨ ᠵᠤᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠶᠢ | ᠨᠡᠶᠢᠲᠡᠯᠡᠭᠰᠡᠨ ᠤ ᠴᠢᠬᠤᠯᠠ ᠠᠴᠢ ᠬᠤᠯᠪᠣᠭᠳᠠᠯ | ︵ ᠨᠢᠭᠡ ︶ ᠶᠡᠷᠦᠩᠬᠡᠢ ᠱᠦᠵᠢ ᠰᠢ ᠶᠢᠨ ᠫᠢᠩ ᠤᠨ ︽ ᠲᠣᠮᠣ ᠢᠳᠡᠭᠡᠨ ᠤ ᠦᠵᠡᠯᠲᠡ ᠶᠢ ᠪᠤᠢ ᠪᠣᠯᠭᠠᠬᠤ ︾ | ᠴᠢᠬᠤᠯᠠ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠪᠠᠷᠢᠯ ᠪᠣᠯᠣᠨ᠎ᠠ᠃ ᠡᠨᠡ | ᠵᠢᠯ ᠤᠨ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠤ ᠶᠡᠷᠦᠩᠬᠡᠢ ᠱᠦᠵᠢ ᠰᠢ ᠶᠢᠨ ᠫᠢᠩ ᠤᠯᠤᠰ | ᠲᠥᠷᠥ ᠶᠢᠨ ᠵᠥᠪᠯᠡᠯᠭᠡᠨ ᠤ ᠲᠠᠷᠢᠶᠠᠯᠠᠩ ᠤᠨ ᠡᠲᠡᠭᠡᠳ᠂ ᠨᠡᠶᠢᠭᠡᠮ ᠤᠨ ᠠᠰᠠᠷᠠᠮᠵᠢ ᠪᠠ ᠨᠡᠶᠢᠭᠡᠮ ᠤᠨ ᠪᠠᠲᠤᠯᠠᠭ᠎ᠠ ᠶᠢᠨ | ᠡᠲᠡᠭᠡᠳ ᠤᠨ ᠭᠡᠰᠢᠭᠦᠳ ᠤᠨ ᠬᠠᠮᠲᠤᠷᠠᠭᠰᠠᠨ ᠳᠤᠭᠤᠶᠢᠯᠠᠩ ᠤᠨ ᠬᠤᠷᠠᠯ ᠳᠤ ᠣᠷᠤᠯᠴᠠᠬᠤ ᠳᠤ ᠪᠠᠨ | ᠴᠢᠬᠤᠯᠠᠴᠢᠯᠠᠭᠰᠠᠨ ᠨᠢ᠂ ︽ ᠲᠣᠮᠣ ᠢᠳᠡᠭᠡᠨ ᠤ ᠦᠵᠡᠯᠲᠡ ᠶᠢ ᠪᠤᠢ ᠪᠣᠯᠭᠠᠵᠤ ᠂ ᠠᠷᠠᠳ ᠲᠦᠮᠡᠨ ᠤ ᠰᠠᠶᠢᠨ | ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠠᠴᠠ ᠡᠭᠦᠰᠴᠦ ᠂ ᠠᠷᠠᠳ ᠤᠯᠠᠨ ᠤ | ᠢᠳᠡᠭᠡᠨ ᠤ ᠪᠦᠲᠦᠴᠡ ᠶᠢᠨ ᠬᠤᠪᠢᠷᠠᠯᠲᠠ ᠶᠢᠨ ᠬᠠᠨᠳᠤᠰᠢ ᠶᠢ ᠡᠵᠡᠮᠳᠡᠵᠦ ᠂ ᠠᠮᠤ ᠪᠤᠳᠠᠭᠠᠨ ᠤ ᠬᠠᠩᠭᠠᠯᠭ᠎ᠠ ᠶᠢ | ᠪᠠᠲᠤᠯᠠᠬᠤ ᠶᠢᠨ ᠬᠠᠮᠲᠤ ᠂ ᠮᠢᠬᠠᠨ ᠤ ᠵᠦᠢᠯ ᠂ ᠢᠳᠡᠰᠢᠨ ᠨᠣᠭᠤᠭ᠎ᠠ ᠂ ᠵᠢᠮᠢᠰ ᠂ ᠤᠰᠤᠨ ᠭᠠᠷᠤᠯᠲᠠ ᠵᠡᠷᠭᠡ ᠡᠯ᠎ᠡ | ᠲᠦᠷᠦᠯ ᠤᠨ ᠢᠳᠡᠭᠡᠨ ᠤ ᠪᠦᠲᠦᠮᠵᠢᠲᠡᠢ ᠬᠠᠩᠭᠠᠯᠭ᠎ᠠ ᠶᠢ ᠪᠠᠲᠤᠯᠠᠬᠤ ᠳᠤ ᠠᠯᠢ ᠨᠢ ᠴᠤ ᠳᠤᠲᠠᠭᠳᠠᠵᠤ ᠪᠣᠯᠬᠤ ᠦᠭᠡᠢ ︾ | ᠭᠡᠪᠡ᠃ 2022 ᠣᠨ ᠤ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ᠠᠮᠤ ᠪᠤᠳᠠᠭᠠᠨ ᠤ | ᠦᠢᠯᠡᠳᠪᠦᠷᠢᠯᠡᠯ ᠪᠣᠯᠣᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠰᠠᠶᠢᠲᠤᠷ ᠠᠳᠬᠤᠬᠤ ᠶᠢ | ᠲᠡᠷᠢᠭᠦᠨ ᠪᠠᠶᠢᠷᠢᠨ ᠳᠤ ᠲᠠᠯᠪᠢᠪᠠ ᠂ ᠡᠭᠦᠨ ᠳᠤ ᠰᠢᠷ᠎ᠠ ᠪᠤᠷᠴᠠᠭ ᠪᠣᠯᠣᠨ ᠲᠣᠰᠣᠯᠢᠭ ᠲᠠᠷᠢᠮᠠᠯ ᠤᠨ | ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠂ ᠦᠬᠡᠷ ᠬᠤᠨᠢᠨ ᠮᠢᠬ᠎ᠠ ᠪᠣᠯᠣᠨ ᠰᠦ ᠰᠠᠭᠠᠯᠢ ᠶᠢᠨ | ᠦᠢᠯᠡᠰ ᠤᠨ ᠦᠢᠯᠡᠳᠪᠦᠷᠢᠯᠡᠯ ᠢ ᠲᠦᠷᠭᠡᠨ ᠥᠷᠭᠡᠳᠬᠡᠬᠦ ᠂ ᠵᠢᠭᠠᠰᠤᠨ ᠠᠵᠤ ᠠᠬᠤᠢ ᠶᠢᠨ ᠬᠥᠭᠵᠢᠯᠲᠡ ᠶᠢᠨ ᠶᠠᠰᠤ | ᠴᠢᠨᠠᠷ ᠢ ᠳᠡᠭᠡᠭᠰᠢᠯᠡᠭᠦᠯᠬᠦ ᠵᠡᠷᠭᠡ ᠲᠠᠯ᠎ᠠ ᠶᠢᠨ ᠪᠠᠶᠢᠷᠢᠯᠠᠭᠤᠯᠤᠯᠲᠠ ᠪᠣᠯ ᠳᠠᠷᠤᠢ ︽ ᠲᠣᠮᠣ ᠢᠳᠡᠭᠡᠨ ᠤ ᠦᠵᠡᠯᠲᠡ ︾ | ᠶᠢᠨ ᠪᠣᠳᠠᠲᠠᠢ ᠢᠯᠡᠷᠡᠯ ᠪᠣᠯᠣᠨ᠎ᠠ ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠨᠢ ᠶᠡᠷᠦᠩᠬᠡᠢ ᠱᠦᠵᠢ | ᠰᠢ ᠶᠢᠨ ᠫᠢᠩ ᠶᠢᠨ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠵᠤ ᠂ | ᠰᠦ ᠰᠠᠭᠠᠯᠢ ᠶᠢᠨ ᠦᠢᠯᠡᠰ ᠤᠨ ᠬᠥᠭᠵᠢᠯᠲᠡ ᠶᠢ ᠲᠣᠪᠣᠶᠢᠮ᠎ᠠ ᠪᠠᠶᠢᠷᠢᠨ ᠳᠤ ᠲᠠᠯᠪᠢᠵᠤ᠂ ᠥᠪᠡᠷᠲᠡᠭᠡᠨ ᠵᠠᠰᠠᠬᠤ | ᠣᠷᠣᠨ ᠤ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠪᠠ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ | ᠬᠤᠷᠠᠯᠳᠤᠭᠠᠨ ᠠᠴᠠ ᠴᠥᠮ ᠰᠦ ᠰᠠᠭᠠᠯᠢ ᠶᠢᠨ ᠦᠢᠯᠡᠰ ᠤᠨ ᠬᠦᠭᠵᠢᠨ ᠮᠠᠨᠳᠣᠯᠲᠠ ᠶᠢᠨ ᠠᠵᠢᠯᠯᠠᠭ᠎ᠠ ᠶᠢ ᠭᠦᠨᠵᠡᠭᠡᠢ | ᠬᠡᠷᠡᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦ | ᠰᠠᠭᠠᠯᠢ ᠶᠢᠨ ᠦᠢᠯᠡᠰ ᠤᠨ ᠬᠦᠭᠵᠢᠨ ᠮᠠᠨᠳᠣᠯᠲᠠ ᠶᠢ ᠠᠬᠢᠭᠤᠯᠬᠤ ᠶᠢᠰᠦᠨ ᠵᠣᠷᠪᠤᠰ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ︾ ᠶᠢ ᠨᠡᠶᠢᠲᠡᠯᠡᠭᠰᠡᠨ ᠨᠢ ᠰᠦ ᠰᠠᠭᠠᠯᠢ ᠶᠢᠨ ᠦᠢᠯᠡᠰ ᠤᠨ ᠬᠦᠭᠵᠢᠨ ᠮᠠᠨᠳᠣᠯᠲᠠ ᠶᠢᠨ | ᠠᠵᠢᠯᠯᠠᠭ᠎ᠠ ᠶᠢ ᠲᠦᠯᠬᠢᠨ ᠠᠬᠢᠭᠤᠯᠬᠤ ᠳᠤ ᠬᠦᠴᠦᠲᠡᠢ ᠬᠦᠳᠡᠯᠭᠡᠬᠦ ᠬᠦᠴᠦᠨ ᠨᠡᠮᠡᠷᠢᠯᠡᠵᠦ᠂ ᠥᠪᠡᠷᠲᠡᠭᠡᠨ ᠵᠠᠰᠠᠬᠤ | ᠣᠷᠣᠨ ᠤ ︽ᠲᠣᠮᠣ ᠢᠳᠡᠭᠡᠨ ᠤ ᠦᠵᠡᠯᠲᠡ ᠶᠢ ᠪᠣᠶ ᠪᠣᠯᠭᠠᠬᠤ︾ ᠶᠢ ᠲᠤᠭᠤᠰᠢᠯᠠᠭᠠᠯᠤᠨ ᠨᠠᠶᠢᠳᠠᠪᠤᠷᠢᠵᠢᠭᠤᠯᠬᠤ ᠶᠢᠨ | ᠴᠢᠬᠤᠯᠠ ᠠᠷᠭ᠎ᠠ ᠬᠡᠮᠵᠢᠶ᠎ᠡ ᠪᠣᠯᠤᠭᠰᠠᠨ ᠪᠠᠶᠢᠨ᠎ᠠ᠃ | ︵ᠬᠤᠶᠠᠷ︶ ᠠᠷᠠᠳ ᠤᠯᠠᠨ ᠤ ᠰᠦ ᠶᠢᠨ ᠬᠠᠩᠭᠠᠯᠭ᠎ᠠ ᠶᠢ ᠪᠠᠲᠤᠯᠠᠬᠤ ᠴᠢᠬᠤᠯᠠ ᠠᠷᠭ᠎ᠠ ᠪᠠᠷᠢᠯ ᠪᠣᠯᠣᠨ᠎ᠠ ᠃ | ᠨᠢᠭᠡ ᠴᠣᠮᠣ ᠰᠦ ᠨᠢ ᠨᠢᠭᠡ ᠲᠠᠯ᠎ᠠ ᠪᠠᠷ ᠬᠥᠳᠡᠭᠡ ᠲᠣᠰᠬᠤᠨ᠂ ᠲᠠᠷᠢᠶᠠᠴᠢᠨ ᠡᠷᠦᠬᠡ ᠲᠠᠢ ᠬᠤᠯᠪᠣᠭᠳᠠᠨ᠂ ᠨᠥᠭᠦᠭᠡ | ᠲᠠᠯ᠎ᠠ ᠪᠠᠷ ᠬᠡᠷᠡᠭᠯᠡᠭᠴᠢᠳ ᠲᠠᠢ ᠬᠤᠯᠪᠣᠭᠳᠠᠨ᠂ ᠨᠠᠩ ᠴᠤ ᠨᠢᠭᠡ ᠦᠨᠳᠦᠰᠦᠲᠡᠨ ᠤ ᠠᠵᠤ ᠦᠢᠯᠡᠰ ᠲᠠᠢ | ᠬᠤᠯᠪᠣᠭᠳᠠᠵᠤ ᠪᠠᠶᠢᠳᠠᠭ᠃ ᠰᠦ ᠰᠠᠭᠠᠯᠢ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠨᠢ ᠥᠷᠭᠡᠨ ᠣᠯᠠᠨ | ᠰᠠᠭᠠᠯᠢᠴᠢᠳ ᠤᠨ ᠠᠰᠢᠭ ᠲᠤᠰᠠ ᠳᠤ ᠬᠤᠯᠪᠣᠭᠳᠠᠬᠤ ᠮᠥᠷᠲᠡᠭᠡᠨ ᠪᠠᠰᠠ ᠴᠠᠭᠠᠨ ᠢᠳᠡᠭᠡᠨ ᠤ ᠠᠮᠤᠷ ᠲᠦᠪᠰᠢᠨ ᠪᠠ | ᠣᠯᠠᠨ ᠲᠦᠮᠡᠨ ᠤ ᠡᠷᠡᠭᠦᠯ ᠮᠡᠨᠳᠦ ᠳᠤ ᠬᠤᠯᠪᠣᠭᠳᠠᠨ᠎ᠠ᠃ ᠮᠠᠨ ᠤ ᠤᠯᠤᠰ ᠪᠣᠯ ᠰᠦ ᠰᠠᠭᠠᠯᠢ ᠶᠢᠨ ᠦᠢᠯᠡᠰ ᠤᠨ | ᠦᠢᠯᠡᠳᠪᠦᠷᠢᠯᠡᠯ ᠪᠠ ᠬᠡᠷᠡᠭᠯᠡᠭᠡᠨ ᠤ ᠲᠣᠮᠣ ᠤᠯᠤᠰ ᠮᠥᠨ᠂ ᠰᠦ ᠰᠠᠭᠠᠯᠢ ᠶᠢᠨ ᠦᠢᠯᠡᠰ ᠢ ᠬᠦᠴᠦᠷᠬᠡᠭᠵᠢᠭᠦᠯᠦᠨ | ᠰᠠᠶᠢᠲᠤᠷ ᠬᠢᠵᠦ᠂ ᠴᠢᠨᠠᠷ ᠰᠠᠶᠢᠲᠠᠢ ᠰᠦ ᠰᠠᠭᠠᠯᠢ ᠶᠢᠨ ᠦᠢᠯᠡᠰ ᠤᠨ ᠪᠦᠲᠦᠭᠡᠭᠳᠡᠬᠦᠨ ᠢ ᠦᠢᠯᠡᠳᠪᠦᠷᠢᠯᠡᠨ | ᠭᠠᠷᠭᠠᠵᠤ᠂ ᠳᠡᠯᠡᠬᠡᠢ ᠳᠤ ᠠᠯᠳᠠᠷᠲᠠᠢ ᠰᠦ ᠰᠠᠭᠠᠯᠢ ᠶᠢᠨ ᠦᠢᠯᠡᠰ ᠤᠨ ᠨᠠᠷᠠᠲᠤ ᠲᠡᠮᠳᠡᠭ ᠢ ᠪᠣᠶᠢᠵᠢᠭᠤᠯᠬᠤ ᠪᠣᠯ ᠰᠦ | ᠰᠠᠭᠠᠯᠢ ᠶᠢᠨ ᠦᠢᠯᠡᠰ ᠤᠨ ᠬᠥᠭᠵᠢᠯᠲᠡ ᠶᠢ ᠪᠡᠶᠡᠯᠡᠭᠦᠯᠬᠦ ᠳᠤ ᠵᠠᠪᠠᠯ ᠶᠠᠪᠤᠬᠤ ᠵᠠᠮ ᠮᠥᠨ᠃ ᠥᠪᠥᠷ ᠮᠣᠩᠭᠤᠯ ᠨᠢ | ᠰᠦ ᠰᠠᠭᠠᠯᠢ ᠶᠢᠨ ᠦᠢᠯᠡᠰ ᠤᠨ ᠭᠤᠣᠯ ᠭᠠᠷᠤᠯᠲᠠ ᠶᠢᠨ ᠣᠷᠣᠨ ᠪᠣᠯᠣᠭᠰᠠᠨ ᠤ ᠬᠤᠪᠢ ᠳᠤ᠂ ᠶᠡᠷᠦᠩᠬᠡᠢ ᠱᠦᠵᠢ | ᠰᠢ ᠶᠢᠨ ᠫᠢᠩ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠢᠩᠭᠠᠨ ᠳ᠋ᠦᠩᠰᠢᠭᠤᠷ ᠳᠡᠰ ᠤᠨ ᠰᠦ | ᠰᠠᠭᠠᠯᠢ ᠶᠢᠨ ᠠᠵᠤ ᠦᠢᠯᠡᠰ ᠢ ᠬᠥᠭᠵᠢᠭᠦᠯᠬᠦ ᠲᠤᠬᠠᠢ ᠨᠠᠶᠢᠳᠠᠯᠭ᠎ᠠ ᠶᠢ ᠢᠮᠠᠭᠲᠠ ᠪᠠᠲᠤ ᠴᠡᠭᠡᠵᠢᠯᠡᠵᠦ᠂ ᠰᠦ | ᠰᠠᠭᠠᠯᠢ ᠶᠢᠨ ᠦᠢᠯᠡᠰ ᠤᠨ ᠬᠥᠭᠵᠢᠯᠲᠡ ᠶᠢ ᠪᠥᠬᠦ ᠬᠦᠴᠦᠨ ᠢᠶᠠᠷ ᠠᠬᠢᠭᠤᠯᠬᠤ ᠬᠡᠷᠡᠭᠲᠡᠢ ᠂ ᠪᠥᠬᠦ ᠤᠯᠤᠰ ᠤᠨ | 1/5 ᠶᠢᠨ ᠦᠨᠢᠶᠡᠨ ᠰᠦ ᠨᠢ ᠥᠪᠥᠷ ᠮᠣᠩᠭᠤᠯ ᠠᠴᠠ ᠢᠷᠡᠯᠲᠡ ᠲᠠᠢ ᠪᠠᠶᠢᠵᠤ ᠂ 2021 ᠣᠨ ᠳᠤ ᠪᠥᠬᠦ | ᠣᠷᠣᠨ ᠤ ᠰᠠᠭᠠᠯᠢ ᠶᠢᠨ ᠦᠨᠢᠶ᠎ᠡ ᠶᠢᠨ ᠲᠤᠭ᠎ᠠ 143.4 ᠲᠦᠮᠡ ᠪᠠᠶᠢᠵᠤ᠂ ᠦᠨᠢᠶᠡᠨ ᠰᠦ ᠶᠢᠨ ᠭᠠᠷᠤᠯᠲᠠ 673 | ᠲᠦᠮᠡᠨ ᠲᠣᠨ ᠳᠤ ᠬᠦᠷᠴᠦ᠂ ᠴᠥᠮ ᠪᠥᠬᠦ ᠤᠯᠤᠰ ᠤᠨ ᠲᠡᠷᠢᠭᠦᠨ ᠪᠠᠶᠢᠷᠢ ᠳᠤ ᠣᠷᠣᠵᠤ᠂ ᠰᠦ ᠰᠠᠭᠠᠯᠢ ᠶᠢᠨ | ᠦᠢᠯᠡᠰ ᠤᠨ ᠪᠥᠬᠦ ᠠᠵᠤ ᠦᠢᠯᠡᠰ ᠤᠨ ᠬᠡᠯᠬᠢᠶᠡᠨ ᠤ ᠦᠢᠯᠡᠳᠬᠦᠨ ᠤ ᠥᠷᠲᠡᠭ 2000 ᠳ᠋ᠦᠩᠰᠢᠭᠤᠷ | ᠲᠥᠭᠦᠷᠢᠭ ᠢ ᠳᠠᠪᠠᠵᠤ᠂ ᠨᠡᠯᠢᠶᠡᠳ ᠴᠢᠩᠭ᠎ᠠ ᠠᠵᠤ ᠦᠢᠯᠡᠰ ᠤᠨ ᠳᠠᠪᠠᠭᠤᠯᠢᠭ ᠪᠠ ᠬᠥᠭᠵᠢᠯᠲᠡ ᠶᠢᠨ ᠳᠠᠯᠳᠠ | ᠬᠦᠴᠦᠨ ᠲᠠᠢ ᠪᠠᠶᠢᠵᠤ᠂ ᠪᠥᠬᠦ ᠤᠯᠤᠰ ᠤᠨ ᠨᠡᠷ᠎ᠡ ᠨᠢᠳᠡᠷ ᠲᠤ ᠪᠠᠨ ᠨᠡᠶᠢᠴᠡᠭᠰᠡᠨ ︽ ᠰᠦ ᠶᠢᠨ ᠤᠷᠤᠨ ︾ | ᠪᠣᠯᠤᠭᠰᠠᠨ ᠪᠠᠶᠢᠨ᠎ᠠ᠃ ᠰᠦ ᠰᠠᠭᠠᠯᠢ ᠶᠢᠨ ᠦᠢᠯᠡᠰ ᠤᠨ ᠬᠦᠭᠵᠢᠨ ᠮᠠᠨᠳᠣᠯᠲᠠ ᠶᠢ ᠠᠬᠢᠭᠤᠯᠬᠤ ᠪᠣᠯ ᠮᠠᠨ ᠤ | ᠳᠠᠪᠠᠭᠤᠯᠢᠭ ᠮᠥᠨ ᠂ ᠮᠦᠨ ᠴᠤ ᠡᠭᠦᠷᠭᠡᠯᠡᠵᠦ ᠪᠠᠶᠢᠭ᠎ᠠ ᠴᠢᠬᠤᠯᠠ ᠶᠡᠭᠡ ᠬᠠᠷᠢᠭᠤᠴᠠᠯᠭ᠎ᠠ ᠮᠥᠨ ᠃ | ︵ᠭᠤᠷᠪᠠ︶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ | ᠭᠠᠵᠠᠷ ᠤᠨ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ | ᠨᠢᠭᠡ ᠵᠦᠢᠯ ᠤᠨ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠰᠦ ᠰᠠᠭᠠᠯᠢ ᠶᠢᠨ ᠦᠢᠯᠡᠰ ᠤᠨ ᠬᠦᠭᠵᠢᠨ ᠮᠠᠨᠳᠣᠯᠲᠠ | ᠪᠣᠯ ᠪᠠᠰᠠ ᠴᠤ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠭᠠᠷᠤᠯᠲᠠ ᠶᠢᠨ ᠶᠡᠭᠡ ᠣᠷᠣᠨ ᠠᠴᠠ ᠶᠠᠰᠤ ᠴᠢᠨᠠᠷ ᠤᠨ ᠬᠦᠴᠦᠷᠬᠡᠭ ᠣᠷᠣᠨ ᠲᠡᠶᠢᠰᠢ ᠬᠤᠪᠢᠷᠠᠭᠤᠯᠬᠤ ᠶᠢ | ᠬᠦᠴᠦᠯᠡᠨ ᠠᠬᠢᠭᠤᠯᠬᠤ ᠶᠢᠨ ᠭᠤᠣᠯ ᠠᠭᠤᠯᠭ᠎ᠠ ᠪᠣᠯᠣᠨ᠎ᠠ᠃ ᠥᠪᠥᠷ ᠮᠣᠩᠭᠤᠯ ᠳᠤ 13 ᠳ᠋ᠦᠩᠰᠢᠭᠤᠷ ᠮᠦ | ᠪᠠᠶᠢᠭᠠᠯᠢᠯᠢᠭ ᠲᠠᠯ᠎ᠠ ᠨᠤᠳᠤᠭ ᠂ 3000 ᠲᠦᠮᠡᠨ ᠮᠦ ᠲᠠᠷᠢᠮᠠᠯ ᠪᠡᠯᠴᠢᠭᠡᠷ ᠲᠠᠢ ᠂ ᠴᠡᠪᠡᠷ ᠤᠰᠤᠨ ᠤ ᠡᠬᠢ | ᠰᠤᠷᠪᠤᠯᠵᠢ ᠂ ᠴᠡᠪᠡᠷ ᠠᠭᠠᠷ ᠂ ᠲᠣᠬᠢᠷᠠᠮᠵᠢᠲᠠᠢ ᠠᠭᠤᠷ ᠠᠮᠢᠰᠬᠤᠯ ᠲᠠᠢ ᠪᠠᠶᠢᠵᠤ ᠂ ᠪᠦᠬᠦ ᠪᠥᠮᠪᠥᠷᠴᠡᠭ ᠤᠨ | ᠬᠠᠮᠤᠭ ᠤᠨ ᠰᠢᠯᠢᠳᠡᠭ ᠂ ᠲᠠᠯᠠᠪᠠᠢ ᠪᠠᠷ ᠬᠠᠮᠤᠭ ᠤᠨ ᠶᠡᠭᠡ ᠰᠢᠵᠢᠷ ᠠᠯᠳᠠᠨ ᠰᠦ ᠶᠢᠨ ᠡᠬᠢ ᠰᠤᠷᠪᠤᠯᠵᠢ ᠶᠢᠨ | ᠪᠦᠰᠡ ᠶᠢ ᠪᠦᠷᠢᠯᠳᠦᠭᠦᠯᠵᠦ ᠂ ᠰᠦ ᠰᠠᠭᠠᠯᠢ ᠶᠢᠨ ᠠᠵᠤ ᠦᠢᠯᠡᠰ ᠢ ᠬᠥᠭᠵᠢᠭᠦᠯᠬᠦ ᠳᠤ ᠣᠨᠴᠠ ᠳᠠᠪᠠᠭᠤᠯᠢᠭ | ᠲᠠᠯ᠎ᠠ ᠲᠠᠢ ᠶᠤᠮ ᠃ ᠥᠪᠥᠷ ᠮᠣᠩᠭᠤᠯ ᠳᠠᠪᠠᠭᠤᠯᠢᠭ ᠲᠤ ᠪᠠᠨ ᠲᠦᠰᠢᠭᠯᠡᠵᠦ᠂ ᠰᠦ ᠰᠠᠭᠠᠯᠢ ᠶᠢᠨ ᠦᠢᠯᠡᠰ ᠢ | ᠬᠥᠭᠵᠢᠭᠦᠯᠬᠦ ︽ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠬᠡᠷᠡᠭᠵᠢᠭᠦᠯᠵᠦ᠂ ᠤᠷᠢᠳ ᠬᠤᠵᠢᠳ ︽ ᠰᠦ | ᠰᠠᠭᠠᠯᠢ ᠶᠢᠨ ᠦᠢᠯᠡᠰ ᠤᠨ ᠬᠦᠭᠵᠢᠨ ᠮᠠᠨᠳᠣᠯᠲᠠ ᠶᠢᠨ ᠲᠤᠬᠠᠢ ᠬᠡᠷᠡᠭᠵᠢᠭᠦᠯᠬᠦ ᠰᠠᠨᠠᠯ︾ ᠂ ︽ᠪᠥᠬᠦ ᠣᠷᠣᠨ ᠤ | ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠠᠷᠭ᠎ᠠ | ᠬᠡᠮᠵᠢᠶ᠎ᠡ ᠨᠦᠭᠦᠳ︾ ᠂ ︽ ᠰᠦ ᠰᠠᠭᠠᠯᠢ ᠶᠢᠨ ᠦᠢᠯᠡᠰ ᠤᠨ ᠬᠦᠭᠵᠢᠨ ᠮᠠᠨᠳᠣᠯᠲᠠ ᠶᠢᠨ ᠭᠤᠷᠪᠠᠨ ᠵᠢᠯ ᠤᠨ | ᠠᠵᠢᠯᠯᠠᠭ᠎ᠠ ᠶᠢᠨ ᠲᠥᠰᠥᠯ ︵2020 ︱ 2022 ᠣᠨ︶︾ ᠵᠡᠷᠭᠡ ᠴᠢᠬᠤᠯᠠ ᠲᠥᠷᠥ ᠶᠢᠨ ᠪᠣᠳᠣᠯᠭ᠎ᠠ ᠶᠢᠨ | ᠪᠢᠴᠢᠭ ᠮᠠᠲ᠋ᠧᠷᠢᠶᠠᠯ ᠢ ᠨᠡᠶᠢᠲᠡᠯᠡᠪᠡ᠃ ᠴᠢᠨᠠᠷ ᠰᠠᠶᠢᠲᠠᠢ ᠲᠡᠵᠢᠭᠡᠯ ᠡᠪᠡᠰᠦ ᠬᠠᠩᠭᠠᠬᠤ᠂ ᠰᠢᠯᠢᠳᠡᠭ ᠡᠭᠦᠯᠳᠡᠷ ᠢ | ᠪᠣᠶᠢᠵᠢᠭᠤᠯᠬᠤ᠂ ᠴᠢᠨᠠᠷ ᠰᠠᠶᠢᠲᠠᠢ ᠰᠦ ᠰᠠᠭᠠᠯᠢ ᠶᠢᠨ ᠢᠷᠡᠯᠲᠡ ᠶᠢᠨ ᠰᠠᠭᠤᠷᠢᠨ ᠭᠠᠵᠠᠷ᠂ ᠰᠦᠷᠦᠭᠵᠢᠨ ᠬᠥᠭᠵᠢᠬᠦ᠂ | ᠤᠯᠠᠮᠵᠢᠯᠠᠯᠲᠤ ᠴᠠᠭᠠᠨ ᠢᠳᠡᠭᠡ ᠵᠡᠷᠭᠡ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ | ᠮᠥᠩᠭᠦᠨ ᠭᠦᠢᠯᠭᠡᠭᠡ ᠵᠡᠷᠭᠡ ᠨᠡᠶᠢᠭᠡᠮ ᠤᠨ ᠬᠥᠷᠥᠩᠭᠡ ᠶᠢᠨ ᠢᠳᠡᠪᠬᠢᠲᠡᠢ ᠣᠷᠤᠯᠴᠠᠬᠤ ᠶᠢ ᠳᠠᠶᠢᠴᠢᠯᠠᠵᠤ᠂ ᠬᠥᠲᠥᠴᠢ | ᠠᠵᠤ ᠠᠬᠤᠶᠢᠯᠠᠯ᠂ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ ᠡᠷᠦᠬᠡ ᠵᠡᠷᠭᠡ ᠡᠯ᠎ᠡ ᠲᠥᠷᠥᠯ ᠤᠨ ᠭᠤᠣᠯ | ᠴᠣᠭᠴᠠ ᠶᠢᠨ ᠢᠳᠡᠪᠬᠢᠵᠢᠯ ᠢ ᠭᠦᠢᠴᠡᠳ ᠳᠠᠶᠢᠴᠢᠯᠠᠨ᠂ ᠰᠦ ᠰᠠᠭᠠᠯᠢ ᠶᠢᠨ ᠦᠢᠯᠡᠰ ᠤᠨ ᠬᠦᠭᠵᠢᠨ ᠮᠠᠨᠳᠣᠯᠲᠠ ᠶᠢ | ᠠᠬᠢᠭᠤᠯᠬᠤ ᠨᠡᠶᠢᠯᠡᠯ ᠬᠦᠴᠦᠨ ᠢ ᠪᠣᠶ ᠪᠣᠯᠭᠠᠪᠠ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦ | ᠰᠠᠭᠠᠯᠢ ᠶᠢᠨ ᠦᠢᠯᠡᠰ ᠤᠨ ᠬᠦᠭᠵᠢᠨ ᠮᠠᠨᠳᠣᠯᠲᠠ ᠶᠢ ᠠᠬᠢᠭᠤᠯᠬᠤ ᠶᠢᠰᠦᠨ ᠵᠣᠷᠪᠤᠰ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ︾ ᠶᠢ ᠨᠡᠶᠢᠲᠡᠯᠡᠭᠰᠡᠨ ᠨᠢ᠂ ᠥᠩᠭᠡᠷᠡᠭᠰᠡᠨ ᠳᠤ ᠨᠡᠶᠢᠲᠡᠯᠡᠭᠰᠡᠨ ᠴᠢᠬᠤᠯᠠ ᠲᠥᠷᠥ ᠶᠢᠨ | ᠪᠣᠳᠣᠯᠭ᠎ᠠ ᠶᠢᠨ ᠬᠦᠴᠦᠲᠡᠢ ᠨᠥᠬᠦᠪᠦᠷᠢ ᠪᠣᠯᠤᠭᠰᠠᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ 2025 ᠣᠨ | ᠪᠣᠯᠬᠤ ᠳᠤ ᠰᠠᠭᠠᠯᠢ ᠶᠢᠨ ᠮᠠᠯ ᠤᠨ ᠲᠤᠭ᠎ᠠ ᠲᠣᠯᠣᠭᠠᠢ ᠶᠢ 350 ᠲᠦᠮᠡᠨ ᠲᠣᠯᠣᠭᠠᠢ ᠳᠤ ᠬᠦᠷᠦᠭᠦᠯᠵᠦ ᠂ ᠰᠦ | ᠰᠠᠭᠠᠯᠢ ᠶᠢᠨ ᠲᠥᠷᠥᠯ ᠤᠨ ᠭᠠᠷᠤᠯᠲᠠ ᠶᠢ 1000 ᠲᠦᠮᠡᠨ ᠲᠣᠨ ᠳᠤ ᠬᠦᠷᠦᠭᠦᠯᠬᠦ ᠬᠠᠷᠠᠯᠲᠠ ᠶᠢ ᠪᠡᠶᠡᠯᠡᠭᠦᠯᠵᠦ᠂ | ᠪᠥᠬᠦ ᠤᠯᠤᠰ ᠲᠤ ᠰᠦ ᠰᠠᠭᠠᠯᠢ ᠶᠢᠨ ᠦᠢᠯᠡᠰ ᠤᠨ ᠬᠦᠭᠵᠢᠨ ᠮᠠᠨᠳᠣᠯᠲᠠ ᠶᠢ ᠲᠦᠷᠦᠭᠦᠯᠡᠨ ᠪᠡᠶᠡᠯᠡᠭᠦᠯᠬᠦ ᠳᠤ | ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠬᠦ ᠪᠣᠯᠣᠨ᠎ᠠ᠃ | ᠬᠤᠶᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦ ᠰᠠᠭᠠᠯᠢ ᠶᠢᠨ ᠦᠢᠯᠡᠰ ᠤᠨ | ᠬᠦᠭᠵᠢᠨ ᠮᠠᠨᠳᠣᠯᠲᠠ ᠶᠢ ᠠᠬᠢᠭᠤᠯᠬᠤ ᠶᠢᠰᠦᠨ ᠵᠣᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠶᠢᠨ | ᠭᠤᠣᠯ ᠣᠨᠴᠠᠯᠢᠭ ᠪᠠ ᠭᠢᠯᠠᠰ ᠴᠡᠭ | ︵ ᠨᠢᠭᠡ ︶ ᠠᠰᠠᠭᠤᠳᠠᠯ ᠤᠨ ᠤᠳᠤᠷᠢᠳᠤᠮᠵᠢ ᠶᠢ ᠲᠤᠪᠤᠶᠢᠯᠭᠠᠪᠠ ᠃ ᠥᠪᠡᠷᠲᠡᠭᠡᠨ ᠵᠠᠰᠠᠬᠤ ᠣᠷᠣᠨ ᠠᠴᠠ | ᠣᠶᠢᠷ᠎ᠠ ᠶᠢᠨ ᠵᠢᠯ ᠤᠨ ᠰᠦ ᠰᠠᠭᠠᠯᠢ ᠶᠢᠨ ᠦᠢᠯᠡᠰ ᠢ ᠬᠥᠭᠵᠢᠭᠦᠯᠬᠦ ᠶᠠᠪᠤᠴᠠ ᠳᠤ ᠢᠯᠡᠷᠡᠭᠦᠯᠦᠭᠰᠡᠨ ᠠᠰᠠᠭᠤᠳᠠᠯ ᠢ | ᠪᠦᠬᠦ ᠲᠠᠯ᠎ᠠ ᠪᠠᠷ ᠡᠮᠬᠢᠯᠡᠨ ᠳᠢᠭᠯᠡᠵᠦ᠂ ᠰᠦ ᠰᠠᠭᠠᠯᠢ ᠶᠢᠨ ᠢᠷᠡᠯᠲᠡ ᠶᠢᠨ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠬᠤᠴᠤᠷᠤᠩᠭᠤᠢ᠂ ᠪᠡᠶ᠎ᠡ ᠪᠠᠨ ᠳᠠᠭᠠᠭᠠᠵᠤ ᠦᠷᠡᠵᠢᠭᠦᠯᠦᠨ ᠪᠣᠶᠢᠵᠢᠭᠤᠯᠬᠤ ᠴᠢᠳᠠᠪᠤᠷᠢ ᠳᠤᠷᠤᠢ ᠂ | ᠴᠢᠨᠠᠷ ᠰᠠᠶᠢᠲᠠᠢ ᠡᠪᠡᠰᠦ ᠪᠣᠷᠳᠤᠭ᠎ᠠ ᠶᠢᠨ ᠬᠠᠩᠭᠠᠯᠭ᠎ᠠ ᠬᠦᠷᠦᠯᠴᠡᠬᠦ ᠦᠭᠡᠢ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠲᠤᠯᠭᠠᠭᠤᠷᠢᠯᠠᠯ ᠬᠦᠷᠦᠯᠴᠡᠬᠦ ᠦᠭᠡᠢ᠂ ᠬᠢᠵᠢᠭ ᠡᠪᠡᠳᠴᠢᠨ ᠢ ᠰᠡᠷᠭᠡᠶᠢᠯᠡᠨ | ᠬᠢᠵᠠᠭᠠᠷᠯᠠᠬᠤ ᠮᠡᠷᠭᠡᠵᠢᠯ ᠪᠠᠭᠤᠷᠠᠢ ᠪᠠᠶᠢᠬᠤ ᠵᠡᠷᠭᠡ ᠠᠰᠠᠭᠤᠳᠠᠯ ᠳᠤ ᠴᠢᠭᠯᠡᠭᠦᠯᠦᠨ᠂ ᠬᠠᠨᠳᠤᠯᠭᠠᠲᠤ ᠴᠢᠨᠠᠷ ᠢᠶᠠᠷ ᠮᠠᠰᠢ | ᠴᠢᠩᠭ᠎ᠠ ᠶᠢᠰᠦᠨ ᠵᠤᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠮᠠᠨ ᠤ ᠣᠷᠣᠨ ᠤ ᠰᠦ | ᠰᠠᠭᠠᠯᠢ ᠶᠢᠨ ᠦᠢᠯᠡᠰ ᠤᠨ ᠬᠥᠭᠵᠢᠯᠲᠡ ᠶᠢᠨ ᠲᠠᠯ᠎ᠠ ᠪᠠᠷ ᠬᠢ ᠭᠤᠣᠯᠳᠠᠯᠭ᠎ᠠ ᠲᠠᠢ ᠳᠡᠮᠵᠢᠬᠦ ᠠᠷᠭ᠎ᠠ ᠬᠡᠮᠵᠢᠶ᠎ᠡ ᠶᠢ | ᠲᠣᠳᠣᠷᠬᠠᠶᠢᠯᠠᠵᠤ᠂ ᠥᠪᠡᠷᠲᠡᠭᠡᠨ ᠵᠠᠰᠠᠬᠤ ᠣᠷᠣᠨ ᠤ ᠰᠦ ᠰᠠᠭᠠᠯᠢ ᠶᠢᠨ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠪᠥᠬᠦ ᠤᠯᠤᠰ ᠲᠤ ᠰᠦ ᠰᠠᠭᠠᠯᠢ ᠶᠢᠨ ᠦᠢᠯᠡᠰ ᠤᠨ | ᠬᠦᠭᠵᠢᠨ ᠮᠠᠨᠳᠣᠯᠲᠠ ᠶᠢ ᠲᠦᠷᠦᠭᠦᠯᠡᠨ ᠪᠡᠶᠡᠯᠡᠭᠦᠯᠬᠦ ᠳᠤ ᠬᠦᠴᠦᠲᠡᠢ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢᠨ ᠪᠠᠲᠤᠯᠠᠭ᠎ᠠ ᠬᠠᠩᠭᠠᠭᠰᠠᠨ ᠪᠠᠶᠢᠨ᠎ᠠ᠃ ᠵᠢᠱᠢᠶᠡᠯᠡᠪᠡᠯ᠂ ᠰᠢᠨ᠎ᠡ ᠪᠠᠷ ᠪᠠᠶᠢᠭᠤᠯᠤᠭᠰᠠᠨ ᠬᠡᠪᠴᠢᠶᠡᠵᠢᠭᠰᠡᠨ | ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠳᠤ ᠨᠥᠬᠦᠪᠦᠷᠢ ᠥᠭᠬᠦ ᠲᠠᠯ᠎ᠠ ᠪᠠᠷ᠂ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠠᠴᠠ ᠨᠥᠬᠦᠪᠦᠷᠢ ᠥᠭᠬᠦ ᠡᠷᠴᠢᠮ ᠢᠶᠠᠨ ᠴᠢᠩᠭᠠᠷᠠᠭᠤᠯᠵᠤ᠂ ᠠᠶᠢᠮᠠᠭ ᠬᠤᠲᠠ ᠴᠤ ᠢᠵᠢ | ᠪᠦᠷᠢᠳᠦᠭᠦᠯᠬᠦ ᠪᠡᠯᠡ ᠮᠥᠩᠭᠦ ᠪᠠᠨ ᠵᠣᠬᠢᠴᠠᠩᠭᠤᠢ ᠨᠡᠮᠡᠭᠳᠡᠭᠦᠯᠵᠦ᠂ ᠲᠡᠵᠢᠭᠡᠨ ᠦᠷᠡᠵᠢᠭᠦᠯᠬᠦ ᠬᠡᠪᠴᠢᠶ᠎ᠡ ᠪᠠᠷ ᠶᠡᠭᠡ᠂ | ᠰᠠᠭᠤᠷᠢ ᠨᠥᠬᠦᠴᠡᠯ ᠢᠶᠠᠷ ᠰᠠᠶᠢᠨ᠂ ᠪᠠᠷᠢᠮᠵᠢᠶᠠᠵᠢᠭᠤᠯᠤᠭᠰᠠᠨ ᠬᠡᠮᠵᠢᠶ᠎ᠡ ᠪᠠᠷ ᠥᠨᠳᠥᠷ ᠨᠢᠭᠡ ᠪᠦᠯᠦᠭ ᠰᠦ | ᠰᠠᠭᠠᠯᠢ ᠶᠢᠨ ᠢᠷᠡᠯᠲᠡ ᠶᠢᠨ ᠰᠠᠭᠤᠷᠢᠨ ᠭᠠᠵᠠᠷ ᠢ ᠬᠦᠴᠦᠯᠡᠨ ᠪᠠᠶᠢᠭᠤᠯᠵᠤ᠂ ᠡᠭᠦᠨ ᠤ ᠤᠯᠠᠮ ᠢᠶᠠᠷ ᠰᠦ | ᠰᠠᠭᠠᠯᠢ ᠶᠢᠨ ᠢᠷᠡᠯᠲᠡ ᠶᠢ ᠬᠢᠵᠠᠭᠠᠷᠯᠠᠬᠤ ᠲᠠᠯ᠎ᠠ ᠪᠠᠷ ᠬᠦᠷᠦᠯᠴᠡᠬᠦ ᠦᠭᠡᠢ ᠪᠠᠶᠢᠬᠤ ᠡᠨᠡ ᠬᠦ ᠦᠨᠳᠦᠰᠦᠨ | ᠠᠰᠠᠭᠤᠳᠠᠯ ᠢ ᠰᠢᠢᠳᠪᠦᠷᠢᠯᠡᠵᠡᠢ᠃ | ︵ᠬᠤᠶᠠᠷ︶ ᠲᠡᠳᠬᠦᠨ ᠳᠡᠮᠵᠢᠵᠦ ᠨᠥᠬᠦᠪᠦᠷᠢ ᠥᠭᠬᠦ ᠡᠷᠴᠢᠮ ᠢᠶᠠᠷ ᠴᠢᠩᠭ᠎ᠠ᠃ ᠡᠨᠡ ᠤᠳᠠᠭ᠎ᠠ ᠶᠢᠨ | ᠨᠡᠶᠢᠲᠡᠯᠡᠭᠰᠡᠨ ᠶᠢᠰᠦᠨ ᠵᠤᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠲᠤᠰᠬᠠᠢ ᠪᠡᠯᠡ ᠮᠥᠩᠭᠦ ᠭᠠᠷᠭᠠᠭᠰᠠᠨ | ᠴᠤ ᠲᠡᠷᠡ᠂ ᠪᠣᠳᠠᠲᠠᠢ ᠵᠦᠢᠯᠡᠰ ᠤᠨ ᠨᠥᠬᠦᠪᠦᠷᠢ ᠶᠢᠨ ᠲᠠᠯ᠎ᠠ ᠪᠠᠷ ᠴᠤ ᠲᠡᠷᠡ᠂ ᠲᠡᠳᠬᠦᠮᠵᠢ ᠶᠢᠨ ᠨᠥᠬᠦᠪᠦᠷᠢ ᠶᠢᠨ | ᠡᠷᠴᠢᠮ ᠪᠣᠯ ᠤᠷᠢᠳ ᠡᠮᠦᠨ᠎ᠡ ᠪᠠᠶᠢᠭ᠎ᠠ ᠦᠭᠡᠢ ᠶᠤᠮ᠂ ᠵᠢᠱᠢᠯᠲᠡ ᠪᠠᠷ ᠵᠢᠯ ᠪᠦᠷᠢ 10 ᠳ᠋ᠦᠩᠰᠢᠭᠤᠷ | ᠲᠥᠭᠦᠷᠢᠭ ᠲᠤ ᠬᠦᠷᠴᠦ᠂ ᠡᠭᠦᠨ ᠤ ᠳᠡᠭᠡᠷ᠎ᠡ ᠵᠢᠯ ᠪᠦᠷᠢ ᠶᠢᠨ ᠤᠯᠤᠰ ᠤᠨ ᠲᠤᠰᠬᠠᠢ ᠪᠡᠯᠡ ᠮᠥᠩᠭᠦ 7.73 | ᠳ᠋ᠦᠩᠰᠢᠭᠤᠷ ᠲᠥᠭᠦᠷᠢᠭ ᠪᠣᠯᠣᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠪᠡᠯᠡ ᠮᠥᠩᠭᠦ 4.76 | ᠳ᠋ᠦᠩᠰᠢᠭᠤᠷ ᠲᠥᠭᠦᠷᠢᠭ ᠢ ᠨᠡᠮᠡᠪᠡᠯ᠂ ᠲᠤᠬᠠᠢ ᠶᠢᠨ ᠴᠠᠭ ᠲᠤ ᠤᠯᠤᠰ ᠤᠨ ᠲᠤᠰᠬᠠᠢ ᠪᠡᠯᠡ ᠮᠥᠩᠭᠦ ᠪᠠ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠰᠦ ᠰᠠᠭᠠᠯᠢ ᠶᠢᠨ ᠦᠢᠯᠡᠰ ᠤᠨ ᠬᠦᠭᠵᠢᠨ ᠮᠠᠨᠳᠣᠯᠲᠠ ᠶᠢᠨ | ᠲᠠᠯ᠎ᠠ ᠪᠠᠷ ᠬᠢ ᠪᠡᠯᠡ ᠣᠷᠣᠭᠤᠯᠤᠯᠲᠠ ᠵᠢᠱᠢᠯᠲᠡ ᠪᠠᠷ ᠵᠢᠯ ᠪᠦᠷᠢ 22.5 ᠳ᠋ᠦᠩᠰᠢᠭᠤᠷ ᠲᠤ ᠬᠦᠷᠴᠦ᠂ | ᠥᠪᠡᠷᠲᠡᠭᠡᠨ ᠵᠠᠰᠠᠬᠤ ᠣᠷᠣᠨ ᠤ ᠶᠡᠭᠡ ᠬᠡᠮᠵᠢᠶᠡᠨ ᠤ ᠪᠡᠯᠡ ᠣᠷᠣᠭᠤᠯᠤᠯᠲᠠ ᠨᠢ ᠴᠦ ᠨᠠᠩ ᠣᠯᠠᠨ ᠮᠥᠩᠭᠦᠨ | ᠭᠦᠢᠯᠭᠡᠭᠡᠨ ᠤ ᠬᠥᠷᠥᠩᠭᠡ ᠶᠢ ᠲᠡᠳᠡᠨ ᠬᠥᠳᠡᠯᠭᠡᠵᠦ ᠰᠦ ᠰᠠᠭᠠᠯᠢ ᠶᠢᠨ ᠦᠢᠯᠡᠰ ᠤᠨ ᠬᠦᠭᠵᠢᠨ ᠮᠠᠨᠳᠣᠯᠲᠠ ᠳᠤ | ᠣᠷᠣᠯᠴᠠᠭᠤᠯᠵᠤ᠂ ᠰᠦ ᠰᠠᠭᠠᠯᠢ ᠶᠢᠨ ᠦᠢᠯᠡᠰ ᠢ ᠲᠦᠷᠭᠡᠳᠬᠡᠨ ᠬᠥᠭᠵᠢᠭᠦᠯᠬᠦ ᠳᠤ ᠢᠳᠡᠪᠬᠢᠲᠡᠢ ᠦᠢᠯᠡᠳᠦᠯ | ᠦᠵᠡᠭᠦᠯᠬᠦ ᠪᠣᠯᠣᠨ᠎ᠠ᠃ ᠵᠢᠱᠢᠶᠡᠯᠡᠪᠡᠯ᠂ ᠰᠦ ᠰᠠᠭᠠᠯᠢ ᠶᠢᠨ ᠦᠢᠯᠡᠰ ᠤᠨ ᠰᠢᠨ᠎ᠡ ᠶᠢ ᠡᠭᠦᠳᠬᠦ ᠲᠠᠪᠴᠠᠩ ᠤᠨ | ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠵᠢᠯ ᠪᠦᠷᠢ 1 | ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠲᠣᠬᠢᠷᠠᠭᠤᠯᠤᠨ ᠤᠯᠤᠰ ᠤᠨ ᠰᠦ ᠰᠠᠭᠠᠯᠢ ᠶᠢᠨ ᠦᠢᠯᠡᠰ ᠤᠨ | ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠥᠪᠡᠷᠲᠡᠭᠡᠨ ᠵᠠᠰᠠᠬᠤ | ᠣᠷᠣᠨ ᠤ ᠰᠦ ᠰᠠᠭᠠᠯᠢ ᠶᠢᠨ ᠦᠢᠯᠡᠰ ᠤᠨ ᠡᠷᠡᠭᠦᠯ ᠢᠶᠠᠷ ᠦᠷᠭᠦᠯᠵᠢᠯᠡᠨ ᠬᠥᠭᠵᠢᠬᠦ ᠳᠤ ᠬᠦᠴᠦᠲᠡᠢ ᠲᠤᠯᠭᠠᠭᠤᠷᠢᠯᠠᠯ | ᠬᠠᠩᠭᠠᠬᠤ ᠪᠣᠯᠣᠨ᠎ᠠ᠃ | ︵ᠭᠤᠷᠪᠠ︶ ᠪᠥᠬᠦ ᠠᠵᠤ ᠦᠢᠯᠡᠰ ᠤᠨ ᠬᠡᠯᠬᠢᠶ᠎ᠡ ᠶᠢ ᠪᠦᠷᠬᠦᠭᠦᠯᠪᠡ ᠃ ᠲᠣᠰ ᠤᠳᠠᠭ᠎ᠠ ᠨᠡᠶᠢᠲᠡᠯᠡᠭᠰᠡᠨ ᠶᠢᠰᠦᠨ | ᠵᠣᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠳᠤ ᠰᠦ ᠰᠠᠭᠠᠯᠢ ᠶᠢᠨ ᠢᠷᠡᠯᠲᠡ ᠶᠢᠨ ᠰᠠᠭᠤᠷᠢᠨ ᠭᠠᠵᠠᠷ ᠤᠨ | ᠪᠦᠲᠦᠭᠡᠨ ᠪᠠᠶᠢᠭᠤᠯᠤᠯᠲᠠ᠂ ᠡᠭᠦᠯᠳᠡᠷ ᠤᠨ ᠢᠷᠡᠯᠲᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ᠂ | ᠴᠢᠨᠠᠷ ᠰᠠᠶᠢᠲᠠᠢ ᠲᠡᠵᠢᠭᠡᠯ ᠡᠪᠡᠰᠦ ᠪᠣᠷᠳᠣᠭᠠᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ᠂ ᠬᠦᠷᠢᠶᠡᠯᠡᠩ | ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠠᠵᠤ ᠠᠬᠤᠶᠢᠯᠠᠯ ᠤᠨ ᠰᠢᠯᠢᠳᠡᠭᠵᠢᠨ ᠬᠦᠴᠦᠷᠬᠡᠭᠵᠢᠬᠦ ᠶᠢ ᠳᠡᠮᠵᠢᠬᠦ᠂ | ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ | ᠲᠤᠯᠭᠠᠭᠤᠷᠢᠯᠠᠬᠤ᠂ ᠰᠠᠭᠤᠷᠢ ᠮᠥᠩᠭᠦ ᠪᠠᠶᠢᠭᠤᠯᠬᠤ ᠵᠡᠷᠭᠡ ᠣᠯᠠᠨ ᠲᠠᠯ᠎ᠠ ᠶᠢᠨ ᠠᠭᠤᠯᠭ᠎ᠠ ᠶᠢ ᠬᠠᠮᠤᠷᠴᠤ᠂ ᠰᠦ | ᠰᠠᠭᠠᠯᠢ ᠶᠢᠨ ᠦᠢᠯᠡᠰ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠳᠤ ᠠᠰᠢᠭᠲᠠᠢ ᠶᠤᠮ᠃ | ᠵᠢᠱᠢᠶᠡᠯᠡᠪᠡᠯ᠂ ᠰᠢᠨ᠎ᠡ ᠪᠠᠷ ᠨᠡᠮᠡᠭᠳᠡᠭᠰᠡᠨ ᠬᠡᠪᠴᠢᠶᠡᠵᠢᠭᠰᠡᠨ ᠴᠠᠷᠭᠠᠰᠤ ᠳᠠᠷᠢᠬᠤ ᠭᠤᠣᠯ ᠴᠣᠭᠴᠠ ᠳᠤ ᠨᠥᠬᠦᠪᠦᠷᠢ | ᠥᠭᠴᠦ᠂ ᠴᠢᠨᠠᠷ ᠰᠠᠶᠢᠲᠠᠢ ᠥᠨᠳᠥᠷ ᠤᠨᠠᠯᠲᠠ ᠲᠠᠢ ᠲᠡᠵᠢᠭᠡᠯ ᠡᠪᠡᠰᠦ ᠪᠣᠷᠳᠣᠭᠠᠨ ᠤ ᠰᠠᠭᠤᠷᠢᠨ ᠭᠠᠵᠠᠷ | ᠪᠠᠶᠢᠭᠤᠯᠬᠤ ᠶᠢ ᠵᠣᠷᠢᠭᠵᠢᠭᠤᠯᠵᠤ᠂ ᠴᠢᠨᠠᠷ ᠰᠠᠶᠢᠲᠠᠢ ᠲᠡᠵᠢᠭᠡᠯ ᠡᠪᠡᠰᠦ ᠬᠠᠩᠭᠠᠬᠤ ᠴᠢᠳᠠᠪᠤᠷᠢ ᠶᠢ ᠪᠦᠲᠦᠮᠵᠢᠲᠡᠶ ᠪᠠᠷ | ᠳᠡᠭᠡᠭᠰᠢᠯᠡᠭᠦᠯᠵᠦ᠂ ᠲᠡᠵᠢᠭᠡᠬᠦ ᠶᠢᠨ ᠲᠥᠯᠥᠭᠡ ᠳᠠᠷᠢᠬᠤ᠂ ᠳᠠᠷᠢᠵᠤ ᠲᠡᠵᠢᠭᠡᠬᠦ ᠶᠢ ᠤᠶᠠᠯᠳᠤᠭᠤᠯᠤᠭᠰᠠᠨ ᠡᠪᠡᠰᠦ | ᠪᠡᠯᠴᠢᠭᠡᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠭᠪᠤᠷ ᠢ ᠲᠦᠯᠬᠢᠨ ᠠᠬᠢᠭᠤᠯᠵᠤ ᠴᠢᠳᠠᠬᠤ | ᠮᠦᠷᠲᠡᠭᠡᠨ ᠮᠠᠨ ᠤ ᠣᠷᠣᠨ ᠤ ᠡᠪᠡᠰᠦ ᠪᠣᠷᠳᠣᠭᠠᠨ ᠤ ᠠᠵᠤ ᠦᠢᠯᠡᠰ ᠤᠨ ᠬᠥᠭᠵᠢᠯᠲᠡ ᠶᠢ ᠴᠦ ᠠᠬᠢᠭᠤᠯᠬᠤ | ᠪᠤᠯᠤᠨ᠎ᠠ ᠃ | ᠭᠤᠷᠪᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦ ᠰᠠᠭᠠᠯᠢ ᠶᠢᠨ ᠦᠢᠯᠡᠰ ᠤᠨ | ᠬᠦᠭᠵᠢᠨ ᠮᠠᠨᠳᠣᠯᠲᠠ ᠶᠢ ᠠᠬᠢᠭᠤᠯᠬᠤ ᠶᠢᠰᠦᠨ ᠵᠣᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠶᠢᠨ | ᠭᠤᠣᠯ ᠠᠭᠤᠯᠭ᠎ᠠ | ︵ᠨᠢᠭᠡ︶ ᠰᠢᠨ᠎ᠡ ᠪᠠᠷ ᠪᠠᠶᠢᠭᠤᠯᠤᠭᠰᠠᠨ ᠬᠡᠪᠴᠢᠶᠡᠵᠢᠭᠰᠡᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ | ᠲᠠᠯᠠᠪᠠᠶ ᠳᠤ ᠨᠥᠬᠦᠪᠦᠷᠢ ᠥᠭᠭᠦᠨ᠎ᠡ᠃ ᠪᠥᠬᠦ ᠣᠷᠣᠨ ᠤ 5 ᠶᠡᠭᠡ ᠰᠦ ᠰᠠᠭᠠᠯᠢ ᠶᠢᠨ ᠢᠷᠡᠯᠲᠡ ᠶᠢᠨ ᠰᠠᠭᠤᠷᠢᠨ | ᠭᠠᠵᠠᠷ ᠪᠣᠯᠣᠨ 10 ᠶᠡᠭᠡ ᠰᠦ ᠰᠠᠭᠠᠯᠢ ᠶᠢᠨ ᠦᠢᠯᠡᠰ ᠤᠨ ᠰᠦᠷᠦᠭᠵᠢᠯ ᠢ ᠶᠠᠭ ᠲᠦᠷᠭᠡᠳᠬᠡᠨ ᠪᠠᠶᠢᠭᠤᠯᠵᠤ ᠪᠣᠢ ᠂ | ᠢᠯᠢ᠂ ᠮᠧᠩ ᠨᠢᠦ ᠶᠢᠨ ᠪᠠᠶᠢᠷᠢᠰᠢᠭᠤᠯᠤᠭᠰᠠᠨ ᠪᠣᠯᠪᠠᠰᠤᠷᠠᠭᠤᠯᠬᠤ ᠰᠠᠭᠤᠷᠢᠨ ᠭᠠᠵᠠᠷ ᠢ ᠵᠠᠯᠭᠠᠭ᠎ᠠ ᠪᠠᠷ | ᠠᠰᠢᠭᠯᠠᠯᠲᠠ ᠳᠤ ᠤᠷᠤᠭᠤᠯᠬᠤ ᠪᠤᠶᠤ ᠠᠰᠢᠭᠯᠠᠯᠲᠠ ᠳᠤ ᠣᠷᠣᠭᠤᠯᠬᠤ ᠪᠠᠷ ᠪᠠᠶᠢᠨ᠎ᠠ᠂ ᠰᠠᠭᠠᠯᠢ ᠶᠢᠨ ᠦᠨᠢᠶ᠎ᠡ | ᠲᠡᠵᠢᠭᠡᠨ ᠦᠷᠡᠵᠢᠭᠦᠯᠬᠦ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠢᠯᠡᠳᠲᠡ ᠤᠳᠠᠭᠠᠰᠢᠷᠠᠵᠤ᠂ ᠰᠦ | ᠰᠠᠭᠠᠯᠢ ᠶᠢᠨ ᠢᠷᠡᠯᠲᠡ ᠶᠢᠨ ᠬᠠᠩᠭᠠᠯᠭ᠎ᠠ ᠬᠦᠷᠦᠯᠴᠡᠬᠦ ᠦᠭᠡᠢ ᠠᠴᠠ ᠪᠣᠯᠵᠤ ᠰᠦ ᠰᠠᠭᠠᠯᠢ ᠶᠢᠨ ᠠᠵᠤ | ᠠᠬᠤᠶᠢᠯᠠᠯ ᠤᠨ ᠬᠡᠰᠡᠭ ᠦᠢᠯᠡᠳᠪᠦᠷᠢᠯᠡᠯ ᠤᠨ ᠴᠢᠳᠠᠪᠤᠷᠢ ᠶᠢ ᠰᠤᠯᠠ ᠲᠠᠯᠪᠢᠵᠤ ᠪᠠᠶᠢᠨ᠎ᠠ᠃ ᠬᠡᠪᠴᠢᠶᠡᠵᠢᠭᠰᠡᠨ | ᠲᠡᠵᠢᠭᠡᠨ ᠦᠷᠡᠵᠢᠭᠦᠯᠬᠦ ᠲᠠᠯᠠᠪᠠᠢ ᠶᠢ ᠰᠢᠨ᠎ᠡ ᠪᠠᠷ ᠪᠠᠶᠢᠭᠤᠯᠬᠤ ᠪᠣᠯ ᠰᠠᠭᠠᠯᠢ ᠶᠢᠨ ᠦᠨᠢᠶ᠎ᠡ ᠶᠢᠨ ᠰᠦᠷᠦᠭᠵᠢᠯ ᠢᠶᠠᠨ | ᠥᠷᠭᠡᠳᠬᠡᠨ ᠨᠡᠮᠡᠭᠳᠡᠭᠦᠯᠬᠦ ᠶᠢᠨ ᠰᠠᠭᠤᠷᠢ ᠨᠥᠬᠦᠴᠡᠯ ᠪᠣᠯᠬᠤ ᠪᠥᠭᠡᠳ ᠮᠦᠨ ᠴᠤ ᠰᠦ ᠰᠠᠭᠠᠯᠢ ᠶᠢᠨ ᠢᠷᠡᠯᠲᠡ ᠶᠢᠨ | ᠬᠠᠩᠭᠠᠯᠭ᠎ᠠ ᠶᠢ ᠨᠡᠮᠡᠭᠳᠡᠭᠦᠯᠬᠦ ᠭᠤᠣᠯ ᠠᠷᠭ᠎ᠠ ᠵᠠᠮ ᠪᠣᠯᠣᠨ᠎ᠠ ᠃ ᠰᠢᠨ᠎ᠡ ᠪᠠᠷ ᠪᠠᠶᠢᠭᠤᠯᠤᠭᠰᠠᠨ ᠬᠡᠪᠴᠢᠶᠡᠵᠢᠭᠰᠡᠨ | ᠲᠡᠵᠢᠭᠡᠨ ᠦᠷᠡᠵᠢᠭᠦᠯᠬᠦ ᠲᠠᠯᠠᠪᠠᠢ ᠳᠤ ᠨᠥᠬᠦᠪᠦᠷᠢ ᠥᠭᠬᠦ ᠨᠢ ᠲᠡᠵᠢᠭᠡᠨ ᠦᠷᠡᠵᠢᠭᠦᠯᠬᠦ ᠲᠠᠯᠠᠪᠠᠢ ᠶᠢᠨ ᠪᠦᠲᠦᠭᠡᠨ | ᠪᠠᠶᠢᠭᠤᠯᠤᠯᠲᠠ ᠶᠢᠨ ᠢᠳᠡᠪᠬᠢᠵᠢᠯ ᠢ ᠳᠡᠭᠡᠭᠰᠢᠯᠡᠭᠦᠯᠵᠦ ᠪᠣᠯᠣᠨ᠎ᠠ ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ | ᠠᠴᠠ 2021 ᠣᠨ ᠠᠴᠠ ᠰᠡᠭᠦᠯᠡᠷ ᠰᠢᠨ᠎ᠡ ᠪᠠᠷ ᠪᠠᠶᠢᠭᠤᠯᠤᠭᠰᠠᠨ 3000 ᠲᠣᠯᠣᠭᠠᠢ ᠠᠴᠠ ᠳᠡᠭᠡᠭᠰᠢᠬᠢ | ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠶ ᠨᠢᠭᠡᠪᠦᠷᠢ ᠳᠤ 600 ᠲᠦᠮᠡᠨ ᠲᠥᠭᠦᠷᠢᠭ ᠤᠨ ᠨᠥᠬᠦᠪᠦᠷᠢ | ᠥᠭᠴᠦ᠂ 500 ᠲᠣᠯᠣᠭᠠᠢ ᠨᠡᠮᠡᠭᠳᠡᠬᠦ ᠪᠦᠷᠢ ᠳᠠᠬᠢᠨ 100 ᠲᠦᠮᠡᠨ ᠲᠥᠭᠦᠷᠢᠭ ᠤᠨ ᠨᠥᠬᠦᠪᠦᠷᠢ ᠦᠭᠭᠦᠨ᠎ᠡ ᠂ | ᠠᠶᠢᠮᠠᠭ ᠬᠤᠲᠠ ᠨᠤᠭᠤᠳ ᠥᠪᠡᠷᠲᠡᠭᠡᠨ ᠵᠠᠰᠠᠬᠤ ᠣᠷᠣᠨ ᠤ ᠨᠥᠬᠦᠪᠦᠷᠢ ᠶᠢᠨ ᠪᠡᠯᠡ ᠮᠥᠩᠭᠦ ᠶᠢᠨ 20% ᠠᠴᠠ | ᠳᠡᠭᠡᠭᠰᠢᠬᠢ ᠶᠣᠰᠣᠭᠠᠷ ᠢᠵᠢ ᠪᠦᠷᠢᠳᠦᠭᠦᠯᠦᠨ᠎ᠡ᠃ ᠲᠦᠮᠡᠨ ᠲᠣᠯᠣᠭᠠᠢ ᠰᠠᠭᠠᠯᠢ ᠶᠢᠨ ᠦᠨᠢᠶ᠎ᠡ ᠲᠡᠵᠢᠭᠡᠨ | ᠦᠷᠡᠵᠢᠭᠦᠯᠬᠦ ᠲᠠᠯᠠᠪᠠᠶ ᠶᠢᠨ ᠰᠠᠭᠤᠷᠢ ᠲᠦᠬᠦᠭᠡᠷᠦᠮᠵᠢ ᠶᠢᠨ ᠶᠡᠷᠦᠩᠬᠡᠢ ᠪᠡᠯᠡ ᠣᠷᠣᠭᠤᠯᠤᠯᠲᠠ ᠶᠢ 3 ᠳ᠋ᠦᠩᠰᠢᠭᠤᠷ | ᠲᠥᠭᠦᠷᠢᠭ ᠢᠶᠠᠷ ᠪᠤᠳᠤᠵᠤ᠂ ᠥᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ ᠬᠤᠲᠠ ᠶᠢᠨ ᠨᠥᠬᠦᠪᠦᠷᠢ ᠨᠢ ᠰᠠᠭᠤᠷᠢ | ᠪᠡᠯᠡᠳᠬᠡᠮᠵᠢ ᠶᠢᠨ ᠶᠡᠷᠦᠩᠬᠡᠢ ᠪᠡᠯᠡ ᠣᠷᠣᠭᠤᠯᠤᠯᠲᠠ ᠶᠢᠨ 8% ᠣᠷᠴᠢᠮ ᠢ ᠡᠵᠡᠯᠡᠵᠦ᠂ ᠭᠤᠣᠯᠳᠠᠭᠤ ︽ᠭᠤᠷᠪᠠ ᠶᠢ | ᠨᠠᠪᠲᠠᠷᠡᠭᠦᠯᠵᠦ ᠨᠢᠭᠡ ᠶᠢ ᠲᠡᠭᠰᠢᠯᠡᠬᠦ︾ ᠂ ᠢᠯᠭᠠᠳᠠᠰᠤᠨ ᠪᠣᠬᠢᠷᠳᠤᠯ ᠢ ᠰᠢᠢᠳᠪᠦᠷᠢᠯᠡᠬᠦ᠂ ᠲᠥᠬᠦᠭᠡᠷᠦᠮᠵᠢ ᠬᠤᠳᠠᠯᠳᠤᠨ | ᠠᠪᠬᠤ ᠵᠡᠷᠭᠡ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠨ᠎ᠡ᠃ | ︵ᠬᠤᠶᠠᠷ︶ ᠲᠤᠰᠬᠠᠢ ᠵᠦᠢᠯ ᠤᠨ ᠵᠢᠭᠡᠯᠡᠭᠡ ᠶᠢ ᠬᠡᠷᠡᠭᠯᠡᠨ ᠰᠦ ᠰᠠᠭᠠᠯᠢ ᠶᠢᠨ ᠦᠢᠯᠡᠰ ᠤᠨ ᠬᠥᠭᠵᠢᠯᠲᠡ ᠶᠢᠨ | ᠬᠦᠷᠢᠶᠡᠯᠡᠩ ᠲᠣᠭᠤᠷᠢᠭ ᠢ ᠰᠢᠨ᠎ᠡ ᠪᠠᠷ ᠪᠠᠶᠢᠭᠤᠯᠬᠤ ᠳᠤ ᠳᠡᠮᠵᠢᠯᠭᠡ ᠦᠵᠡᠭᠦᠯᠦᠨ᠎ᠡ᠃ ᠠᠵᠤ ᠠᠬᠤᠶᠢᠯᠠᠯ ᠤᠨ | ᠥᠪᠡᠷᠲᠡᠭᠡᠨ ᠪᠠᠶᠢᠭᠤᠯᠤᠭᠰᠠᠨ ᠲᠡᠵᠢᠭᠡᠨ ᠦᠷᠡᠵᠢᠭᠦᠯᠬᠦ ᠲᠠᠯᠠᠪᠠᠶ ᠶᠢᠨ ᠪᠡᠯᠡ ᠮᠥᠩᠭᠦᠨ ᠤ ᠳᠠᠷᠤᠯᠲᠠ ᠶᠢ | ᠪᠦᠲᠦᠮᠵᠢᠲᠡᠶ ᠬᠥᠩᠭᠡᠷᠡᠭᠦᠯᠬᠦ ᠶᠢᠨ ᠲᠥᠯᠥᠭᠡ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ | ᠵᠢᠭᠡᠯᠡᠭᠡ ᠶᠢ ᠠᠰᠢᠭᠯᠠᠨ ᠬᠡᠪᠴᠢᠶᠡᠵᠢᠭᠦᠯᠦᠭᠰᠡᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠢ ᠪᠠᠷ ᠭᠤᠣᠯ | ᠠᠭᠤᠯᠭ᠎ᠠ ᠪᠣᠯᠭᠠᠭᠰᠠᠨ ᠰᠦ ᠰᠠᠭᠠᠯᠢ ᠶᠢᠨ ᠦᠢᠯᠡᠰ ᠤᠨ ᠬᠥᠭᠵᠢᠯᠲᠡ ᠶᠢᠨ ᠬᠦᠷᠢᠶᠡᠯᠡᠩ ᠲᠣᠭᠤᠷᠢᠭ ᠢ ᠪᠦᠲᠦᠭᠡᠨ | ᠪᠠᠶᠢᠭᠤᠯᠬᠤ ᠶᠢ ᠵᠣᠷᠢᠭᠵᠢᠭᠤᠯᠵᠤ ᠂ ᠪᠠᠶᠢᠭᠤᠯᠤᠭᠰᠠᠨ ᠤ ᠲᠠᠷᠠᠭ᠎ᠠ ᠲᠦᠷᠢᠶᠡᠰᠦᠯᠡᠬᠦ ᠬᠡᠯᠪᠡᠷᠢ ᠪᠠᠷ ᠲᠦᠷᠢᠶᠡᠰᠦᠨ | ᠮᠥᠩᠭᠦ ᠬᠤᠷᠢᠶᠠᠬᠤ ᠪᠠ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠪᠠᠷ ᠢᠶᠠᠨ ᠲᠤᠰᠬᠠᠢ ᠵᠦᠢᠯ ᠤᠨ | ᠵᠢᠭᠡᠯᠡᠭᠡ ᠶᠢ ᠲᠥᠯᠥᠵᠦ ᠂ ᠥᠪᠡᠷᠲᠡᠭᠡᠨ ᠵᠠᠰᠠᠬᠤ ᠣᠷᠣᠨ ᠠᠴᠠ ᠲᠤᠰᠬᠠᠢ ᠵᠦᠢᠯ ᠤᠨ ᠵᠢᠭᠡᠯᠡᠭᠡ ᠶᠢ ᠲᠣᠬᠢᠷᠠᠭᠤᠯᠬᠤ | ᠲᠠᠯ᠎ᠠ ᠪᠠᠷ ᠣᠷᠣᠨ ᠨᠤᠲᠤᠭ ᠤᠨ ᠵᠠᠰᠠᠭ ᠤᠨ ᠣᠷᠳᠣᠨ ᠤ ᠰᠢᠨ᠎ᠡ ᠪᠠᠷ ᠪᠠᠶᠢᠭᠤᠯᠤᠭᠰᠠᠨ ᠰᠦ ᠰᠠᠭᠠᠯᠢ ᠶᠢᠨ | ᠦᠢᠯᠡᠰ ᠤᠨ ᠬᠥᠭᠵᠢᠯᠲᠡ ᠶᠢᠨ ᠬᠦᠷᠢᠶᠡᠯᠡᠩ ᠲᠣᠭᠤᠷᠢᠭ ᠶᠢ ᠭᠤᠣᠯᠳᠠᠯᠭ᠎ᠠ ᠲᠠᠢ ᠲᠡᠮᠵᠢᠨ᠎ᠡ ᠃ | ︵ᠭᠤᠷᠪᠠ︶ ᠬᠥᠲᠥᠴᠢ ᠠᠵᠤ ᠠᠬᠤᠶᠢᠯᠠᠯ ᠤᠨ ᠲᠦᠭᠦᠬᠡᠢ ᠰᠢᠨ᠎ᠡ ᠰᠦ ᠪᠣᠯᠪᠠᠰᠤᠷᠠᠭᠤᠯᠬᠤ ᠬᠡᠮᠵᠢᠶ᠎ᠡ ᠶᠢ | ᠨᠡᠮᠡᠭᠳᠡᠭᠦᠯᠬᠦ ᠳᠤ ᠨᠥᠬᠦᠪᠦᠷᠢ ᠥᠭᠭᠦᠨ᠎ᠡ᠃ ᠠᠵᠤ ᠠᠬᠤᠶᠢᠯᠠᠯ ᠪᠣᠯᠣᠨ ᠣᠷᠣᠨ ᠨᠤᠲᠤᠭ ᠤᠨ ᠵᠠᠰᠠᠭ ᠤᠨ ᠣᠷᠳᠣᠨ ᠤ | ᠰᠦ ᠰᠠᠭᠠᠯᠢ ᠶᠢᠨ ᠢᠷᠡᠯᠲᠡ ᠶᠢᠨ ᠰᠠᠭᠤᠷᠢᠨ ᠭᠠᠵᠠᠷ ᠪᠠᠶᠢᠭᠤᠯᠬᠤ ᠢᠳᠡᠪᠬᠢᠵᠢᠯ ᠢ ᠭᠦᠢᠴᠡᠳ ᠳᠠᠶᠢᠴᠢᠯᠠᠵᠤ᠂ ᠰᠦ | ᠰᠠᠭᠠᠯᠢ ᠶᠢᠨ ᠢᠷᠡᠯᠲᠡ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠲᠦᠷᠭᠡᠨ ᠰᠢᠢᠳᠪᠦᠷᠢᠯᠡᠬᠦ ᠶᠢᠨ ᠲᠤᠰᠠᠳᠠ᠂ | ᠠᠵᠤ ᠠᠬᠤᠶᠢᠯᠠᠯ ᠤᠨ ᠰᠤᠯᠠ ᠪᠠᠶᠢᠬᠤ ᠦᠢᠯᠡᠳᠪᠦᠷᠢᠯᠡᠬᠦ ᠴᠢᠳᠠᠪᠤᠷᠢ ᠪᠠᠨ ᠪᠦᠲᠦᠮᠵᠢᠲᠡᠶ ᠠᠰᠢᠭᠯᠠᠬᠤ ᠶᠢ ᠳᠡᠮᠵᠢᠵᠦ᠂ | ᠦᠢᠯᠡᠳᠬᠦᠨ ᠤ ᠥᠷᠲᠡᠭ ᠪᠣᠯᠣᠨ ᠭᠠᠶᠢᠯᠢ ᠲᠠᠲᠠᠪᠤᠷᠢ ᠶᠢ ᠨᠡᠮᠡᠭᠳᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠪᠣᠯᠣᠨ | ᠠᠶᠢᠮᠠᠭ ᠬᠤᠳᠠ ᠶᠢᠨ ᠡᠳ᠋ ᠤᠨ ᠵᠠᠰᠠᠭ ᠠᠴᠠ 2022 ᠣᠨ ᠠᠴᠠ ᠡᠬᠢᠯᠡᠨ ᠂ ᠳᠡᠭᠡᠷ᠎ᠡ ᠨᠢᠭᠡ ᠵᠢᠯ ᠤᠨ ᠲᠦᠭᠦᠬᠡᠢ | ᠰᠦ ᠪᠣᠯᠪᠠᠰᠤᠷᠠᠭᠤᠯᠬᠤ ᠬᠡᠮᠵᠢᠶ᠎ᠡ ᠪᠠᠷ ᠰᠠᠭᠤᠷᠢ ᠲᠤᠭ᠎ᠠ ᠪᠣᠯᠭᠠᠨ ᠂ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ | ᠳᠡᠰ ᠤᠨ ᠴᠠᠭᠠᠨ ᠢᠳᠡᠭᠡᠨ ᠪᠣᠯᠪᠠᠰᠤᠷᠠᠭᠤᠯᠬᠤ ᠬᠦᠲᠦᠴᠢ ᠠᠵᠤ ᠠᠬᠤᠶᠢᠯᠠᠯ ᠳᠤ 1 ᠲᠣᠨ ᠲᠦᠭᠦᠬᠡᠢ ᠰᠦ | ᠪᠣᠯᠪᠠᠰᠤᠷᠠᠭᠤᠯᠬᠤ ᠬᠡᠮᠵᠢᠶ᠎ᠡ ᠨᠡᠮᠡᠭᠳᠡᠬᠦ ᠪᠦᠷᠢ 200 ᠲᠥᠭᠦᠷᠢᠭ ᠤᠨ ᠨᠥᠬᠦᠪᠦᠷᠢ ᠥᠭᠴᠦ ᠰᠦ ᠰᠠᠭᠠᠯᠢ ᠶᠢᠨ | ᠢᠷᠡᠯᠲᠡ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠭᠦᠯᠵᠦ ᠂ ᠨᠥᠬᠦᠪᠦᠷᠢ ᠶᠢᠨ ᠬᠠᠷᠢᠴᠠᠯ ᠢ | ᠥᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ ᠬᠤᠳᠠ ᠨᠤᠭᠤᠳ ᠲᠤᠰ ᠲᠤᠰ 50% ᠢᠶᠠᠷ ᠡᠭᠦᠷᠭᠡᠯᠡᠨ᠎ᠡ ᠃ | ︵ᠳᠥᠷᠪᠡ︶ ᠬᠦᠲᠦᠴᠢ ᠠᠵᠤ ᠠᠬᠤᠶᠢᠯᠠᠯ ᠤᠨ ᠲᠦᠭᠦᠬᠡᠢ ᠰᠢᠨ᠎ᠡ ᠰᠦ ᠶᠢ ᠲᠠᠯᠬᠠᠳᠠᠬᠤ ᠳᠤ ᠨᠥᠬᠦᠪᠦᠷᠢ | ᠦᠭᠭᠦᠨ᠎ᠡ᠃ ᠵᠢᠯ ᠪᠦᠷᠢ ᠶᠢᠨ 3 - 5 ᠰᠠᠷ᠎ᠠ ᠪᠣᠯ ᠴᠠᠭᠠᠨ ᠢᠳᠡᠭᠡᠨ ᠤ ᠪᠣᠷᠤᠯᠠᠭᠤᠯᠭ᠎ᠠ ᠠᠨᠠᠢ ᠤᠯᠠᠷᠢᠯ ᠪᠣᠯᠬᠤᠷ | ᠱᠠᠲᠤ ᠦᠶ᠎ᠡ ᠶᠢᠨ ᠴᠢᠨᠠᠷᠲᠠᠢ ᠲᠦᠭᠦᠬᠡᠢ ᠰᠢᠨ᠎ᠡ ᠰᠦ ᠶᠢᠨ ᠬᠠᠩᠭᠠᠯᠭ᠎ᠠ ᠦᠯᠡᠭᠦᠳᠡᠬᠦ ᠠᠰᠠᠭᠤᠳᠠᠯ ᠭᠠᠷᠳᠠᠭ᠂ ᠲᠣᠮᠣ | ᠬᠡᠯᠪᠡᠷᠢ ᠶᠢᠨ ᠴᠠᠭᠠᠨ ᠢᠳᠡᠭᠡᠨ ᠤ ᠠᠵᠤ ᠠᠬᠤᠶᠢᠯᠠᠯ ᠤᠳ ᠨᠡᠶᠢᠳᠡᠮ ᠳᠤ ᠪᠠᠨ ᠲᠠᠯᠬᠠᠳᠠᠬᠤ ᠠᠷᠭ᠎ᠠ ᠪᠠᠷ ᠲᠡᠵᠢᠭᠡᠨ | ᠦᠷᠡᠵᠢᠭᠦᠯᠬᠦ ᠡᠷᠦᠬᠡ ᠶᠢᠨ ᠰᠦ ᠲᠤᠰᠢᠶᠠᠬᠤ ᠠᠰᠠᠭᠤᠳᠠᠯ ᠢ ᠰᠢᠢᠳᠪᠦᠷᠢᠯᠡᠳᠡᠭ᠃ ᠲᠠᠯᠬᠠᠳᠠᠬᠤ ᠨᠢ ᠠᠵᠤ | ᠠᠬᠤᠶᠢᠯᠠᠯ ᠤᠨ ᠬᠤᠬᠢᠷᠠᠯ ᠢ ᠪᠣᠶ ᠪᠣᠯᠭᠠᠳᠠᠭ ᠂ ᠲᠡᠵᠢᠭᠡᠨ ᠦᠷᠡᠵᠢᠭᠦᠯᠬᠦ ᠡᠷᠦᠬᠡ ᠶᠢᠨ ᠠᠰᠢᠭ ᠲᠤᠰᠠ ᠶᠢ | ᠬᠠᠮᠠᠭᠠᠯᠠᠵᠤ᠂ ᠠᠵᠤ ᠠᠬᠤᠶᠢᠯᠠᠯ ᠤᠨ ᠠᠯᠳᠠᠭᠳᠠᠯ ᠤᠨ ᠳᠠᠷᠤᠯᠲᠠ ᠶᠢ ᠬᠥᠩᠭᠡᠷᠡᠭᠦᠯᠬᠦ ᠶᠢᠨ ᠲᠥᠯᠥᠭᠡ᠂ ᠥᠪᠡᠷᠲᠡᠭᠡᠨ | ᠵᠠᠰᠠᠬᠤ ᠣᠷᠣᠨ ᠪᠣᠯᠣᠨ ᠠᠶᠢᠮᠠᠭ ᠬᠤᠲᠠ ᠶᠢᠨ ᠡᠳ᠋ ᠤᠨ ᠵᠠᠰᠠᠭ ᠠᠴᠠ 2022 ᠣᠨ ᠠᠴᠠ ᠡᠬᠢᠯᠡᠨ᠂ ᠵᠢᠯ | ᠪᠦᠷᠢ ᠶᠢᠨ 3 ᠰᠠᠷ᠎ᠠ ᠶᠢᠨ 1 ᠤ ᠡᠳᠦᠷ ᠠᠴᠠ 5 ᠰᠠᠷ᠎ᠠ ᠶᠢᠨ 31 ᠤ ᠡᠳᠦᠷ ᠪᠣᠯᠲᠠᠯ᠎ᠠ ᠲᠦᠭᠦᠬᠡᠢ ᠰᠢᠨ᠎ᠡ ᠰᠦ ᠶᠢ | ᠬᠤᠳᠠᠯᠳᠤᠨ ᠠᠪᠴᠤ ᠲᠠᠯᠬᠠᠳᠠᠨ ᠪᠣᠯᠪᠠᠰᠤᠷᠠᠭᠤᠯᠤᠭᠰᠠᠨ ᠠᠵᠤ ᠠᠬᠤᠶᠢᠯᠠᠯ ᠳᠤ ᠵᠢᠯ ᠢᠶᠠᠷ ᠨᠥᠬᠦᠪᠦᠷᠢ ᠥᠭᠭᠦᠨ᠎ᠡ᠃ | ᠨᠥᠬᠦᠪᠦᠷᠢ ᠶᠢᠨ ᠪᠠᠷᠢᠮᠵᠢᠶ᠎ᠠ ᠶᠢ ᠠᠵᠤ ᠠᠬᠤᠶᠢᠯᠠᠯ ᠤᠨ 3 - 5 ᠰᠠᠷ᠎ᠠ ᠶᠢᠨ ᠬᠤᠭᠤᠴᠠᠭᠠᠨ ᠳᠤ ᠬᠤᠳᠠᠯᠳᠤᠨ | ᠠᠪᠤᠭᠰᠠᠨ ᠲᠦᠭᠦᠬᠡᠢ ᠰᠢᠨ᠎ᠡ ᠰᠦ ᠶᠢᠨ ᠲᠤᠭ᠎ᠠ ᠬᠡᠮᠵᠢᠶ᠎ᠡ ᠶᠢᠨ 10% ᠶᠣᠰᠣᠭᠠᠷ᠂ ᠲᠣᠨ ᠪᠦᠷᠢ ᠳᠤ 800 | ᠲᠥᠭᠦᠷᠢᠭ ᠤᠨ ᠨᠥᠬᠦᠪᠦᠷᠢ ᠥᠭᠴᠦ᠂ ᠨᠥᠬᠦᠪᠦᠷᠢ ᠶᠢᠨ ᠬᠠᠷᠢᠴᠠᠯ ᠢ ᠥᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ | ᠬᠤᠲᠠ ᠲᠣᠰ ᠲᠣᠰ 50% ᠢᠶᠠᠷ ᠡᠭᠦᠷᠭᠡᠯᠡᠨ᠎ᠡ᠃ | ︵ᠲᠠᠪᠤ︶ ᠪᠡᠯᠭᠡ ᠶᠢᠨ ᠡᠵᠡᠮᠳᠡᠯᠳᠦ ᠬᠦᠪᠦᠷᠡᠯ ᠪᠣᠶᠢᠵᠢᠭᠤᠯᠬᠤ ᠮᠡᠷᠭᠡᠵᠢᠯ ᠢ ᠠᠰᠢᠭᠯᠠᠨ ᠥᠨᠳᠥᠷ | ᠤᠨᠠᠯᠲᠠ ᠲᠠᠢ ᠰᠠᠭᠠᠯᠢ ᠶᠢᠨ ᠦᠨᠢᠶ᠎ᠡ ᠪᠣᠶᠢᠵᠢᠭᠤᠯᠬᠤ ᠳᠤ ᠨᠥᠬᠦᠪᠦᠷᠢ ᠣᠯᠭᠤᠨ᠎ᠠ ᠃ ᠪᠡᠯᠭᠡ ᠶᠢᠨ ᠡᠵᠡᠮᠳᠡᠯᠳᠦ | ᠬᠦᠪᠦᠷᠡᠯ ᠪᠣᠶᠢᠵᠢᠭᠤᠯᠬᠤ ᠮᠡᠷᠭᠡᠵᠢᠯ ᠢ ᠠᠰᠢᠭᠯᠠᠨ ᠥᠨᠳᠥᠷ ᠤᠨᠠᠯᠲᠠ ᠲᠠᠢ ᠰᠠᠭᠠᠯᠢ ᠶᠢᠨ ᠦᠨᠢᠶ᠎ᠡ ᠶᠢ ᠪᠣᠶᠢᠵᠢᠭᠤᠯᠪᠠᠯ | ᠪᠡᠶ᠎ᠡ ᠪᠠᠨ ᠳᠠᠭᠠᠭᠠᠭᠰᠠᠨ ᠡᠭᠦᠯᠳᠡᠷ ᠢ ᠪᠣᠶᠢᠵᠢᠭᠤᠯᠵᠤ ᠪᠣᠯᠬᠤ ᠮᠥᠷᠲᠡᠭᠡᠨ ᠪᠠᠰᠠ ᠭᠠᠳᠠᠭᠠᠳᠤ ᠠᠴᠠ ᠣᠷᠣᠭᠤᠯᠤᠭᠰᠠᠨ | ᠰᠠᠭᠠᠯᠢ ᠶᠢᠨ ᠦᠨᠢᠶ᠎ᠡ ᠶᠢᠨ ᠬᠠᠩᠭᠠᠯᠭ᠎ᠠ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠨᠠᠮᠳᠠᠭᠤᠯᠵᠤ ᠪᠣᠯᠣᠨ᠎ᠠ ᠃ | ᠣᠲᠣ ᠶᠢᠨ ᠪᠠᠶᠢᠭ᠎ᠠ ᠲᠥᠷᠥ ᠶᠢᠨ ᠪᠣᠳᠣᠯᠭ᠎ᠠ ᠪᠣᠯ ᠪᠡᠯᠭᠡ ᠶᠢᠨ ᠡᠵᠡᠮᠳᠡᠯᠳᠦ ᠢᠴᠡᠭᠡᠯ ᠦᠷ᠎ᠡ ᠪᠦᠷᠢ ᠳᠤ 120 | ᠲᠥᠭᠦᠷᠢᠭ ᠤᠨ ᠨᠥᠬᠦᠪᠦᠷᠢ ᠥᠭᠭᠦᠨ᠎ᠡ᠂ ᠭᠡᠪᠡᠴᠦ ᠠᠷᠭ᠎ᠠ ᠬᠡᠯᠪᠡᠷᠢ ᠨᠢ ᠲᠠᠩ ᠴᠤᠯᠭᠤᠢ᠂ ᠬᠡᠪᠴᠢᠶ᠎ᠡ ᠨᠢ | ᠬᠢᠵᠠᠭᠠᠷ ᠲᠠᠢ ᠪᠣᠯᠬᠤᠷ ᠣᠲᠣ ᠶᠢᠨ ᠬᠡᠷᠡᠭᠴᠡᠭᠡ ᠶᠢ ᠬᠠᠩᠭᠠᠵᠤ ᠳᠡᠶᠢᠯᠬᠦ ᠦᠭᠡᠢ ᠶᠤᠮ᠃ ᠡᠶᠢᠮᠦ ᠠᠴᠠ᠂ ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠠᠴᠠ ᠲᠡᠵᠢᠭᠡᠨ ᠦᠷᠡᠵᠢᠭᠦᠯᠬᠦ ᠲᠠᠯᠠᠪᠠᠶ ᠶᠢᠨ ᠦᠷᠡᠵᠢᠯᠲᠦ ᠡᠬᠡ ᠮᠠᠯ ᠤᠨ | ᠪᠡᠯᠭᠡ ᠶᠢᠨ ᠡᠵᠡᠮᠳᠡᠯᠳᠦ ᠬᠦᠪᠦᠷᠡᠯ ᠪᠣᠶᠢᠵᠢᠭᠤᠯᠬᠤ ᠮᠡᠷᠭᠡᠵᠢᠯ ᠢ ᠠᠰᠢᠭᠯᠠᠨ ᠥᠨᠳᠥᠷ ᠤᠨᠠᠯᠲᠠ ᠲᠠᠢ ᠰᠠᠭᠠᠯᠢ ᠶᠢᠨ | ᠦᠨᠢᠶ᠎ᠡ ᠪᠣᠶᠢᠵᠢᠭᠤᠯᠬᠤ ᠳᠤ ᠨᠥᠬᠦᠪᠦᠷᠢ ᠥᠭᠴᠦ᠂ ᠬᠡᠷᠡᠭᠯᠡᠵᠦ ᠪᠠᠶᠢᠭ᠎ᠠ ᠤᠯᠤᠰ ᠲᠤ ᠪᠠᠨ ᠦᠢᠯᠡᠳᠪᠦᠷᠢᠯᠡᠭᠰᠡᠨ ᠪᠠ | ᠭᠠᠳᠠᠭᠠᠳᠤ ᠠᠴᠠ ᠣᠷᠣᠭᠤᠯᠤᠭᠰᠠᠨ ᠪᠡᠯᠭᠡ ᠶᠢᠨ ᠡᠵᠡᠮᠳᠡᠯ ᠤᠨ ᠬᠦᠪᠦᠷᠡᠯ ᠳᠤ ᠵᠠᠬ᠎ᠠ ᠳᠡᠯᠭᠡᠭᠦᠷ ᠤᠨ ᠦᠨ᠎ᠡ | ᠬᠠᠩᠰᠢ ᠶᠢᠨ 50% ᠪᠠᠷ ᠨᠥᠬᠦᠪᠦᠷᠢ ᠥᠭᠴᠦ᠂ ᠰᠠᠭᠠᠯᠢ ᠶᠢᠨ ᠦᠨᠢᠶ᠎ᠡ ᠨᠢᠭᠡᠪᠦᠷᠢ ᠳᠤ ᠬᠦᠪᠦᠷᠡᠯ ᠰᠢᠯᠵᠢᠭᠦᠯᠬᠦ | ᠪᠠᠷᠢᠮᠵᠢᠶ᠎ᠠ ᠪᠠᠷ ᠨᠢᠭᠡ ᠤᠳᠠᠭ᠎ᠠ ᠶᠢᠨ ᠴᠢᠨᠠᠷᠲᠠᠢ ᠪᠠᠷ ᠨᠥᠬᠦᠪᠦᠷᠢ ᠥᠭᠭᠦᠨ᠎ᠡ᠃ | ︵ᠵᠢᠷᠭᠤᠭ᠎ᠠ︶ ᠰᠢᠨ᠎ᠡ ᠪᠠᠷ ᠨᠡᠮᠡᠭᠳᠡᠭᠰᠡᠨ ᠬᠡᠪᠴᠢᠶᠡᠵᠢᠭᠰᠡᠨ ᠴᠠᠷᠭᠠᠰᠤ ᠶᠢᠨ ᠲᠠᠷᠢᠮᠠᠯ ᠳᠤ ᠨᠥᠬᠦᠪᠦᠷᠢ | ᠥᠭᠭᠦᠨ᠎ᠡ᠃ 2022 ᠣᠨ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠰᠢᠨ᠎ᠡ ᠪᠠᠷ | ᠨᠡᠮᠡᠭᠳᠡᠭᠰᠡᠨ ᠲᠥᠪᠯᠡᠷᠡᠨ ᠵᠠᠯᠭᠠᠯᠳᠤᠭᠰᠠᠨ ᠪᠠᠷᠢᠮᠵᠢᠶᠠᠵᠢᠭᠤᠯᠤᠨ ᠳᠠᠷᠢᠬᠤ 500 ᠮᠦ ᠠᠴᠠ ᠳᠡᠭᠡᠭᠰᠢᠬᠢ | ᠴᠠᠷᠭᠠᠰᠤ ᠶᠢᠨ ᠡᠪᠡᠰᠦ ᠳᠠᠷᠢᠬᠤ ᠠᠵᠤ ᠠᠬᠤᠶᠢᠯᠠᠯ ︵ᠬᠤᠷᠰᠢᠶ᠎ᠠ᠂ ᠲᠠᠷᠢᠶᠠᠴᠢᠨ ᠡᠷᠦᠬᠡ︶ ᠳᠤ ᠨᠥᠬᠦᠪᠦᠷᠢ | ᠥᠭᠴᠦ᠂ 500 ᠮᠦ ᠪᠠᠷ ᠨᠢᠭᠡ ᠨᠢᠭᠡᠴᠢ ᠪᠣᠯᠭᠠᠵᠤ᠂ ᠰᠢᠯᠭᠠᠨ ᠬᠤᠷᠢᠶᠠᠬᠤ ᠳᠤ ᠬᠢᠷᠢ ᠲᠡᠩᠴᠡᠭᠰᠡᠨ ᠤ ᠳᠠᠷᠠᠭ᠎ᠠ | ᠨᠢᠭᠡ ᠤᠳᠠᠭ᠎ᠠ ᠶᠢᠨ ᠴᠢᠨᠠᠷᠲᠠᠢ ᠪᠠᠷ 5 ᠲᠦᠮᠡᠨ ᠲᠥᠭᠦᠷᠢᠭ ᠤᠨ ᠨᠥᠬᠦᠪᠦᠷᠢ ᠦᠭᠭᠦᠨ᠎ᠡ᠂ ᠡᠨᠡ ᠨᠢ ᠴᠠᠷᠭᠠᠰᠤ ᠶᠢᠨ | ᠡᠪᠡᠰᠦ ᠳᠠᠷᠢᠬᠤ ᠲᠠᠯᠠᠪᠠᠶ ᠶᠢ ᠪᠦᠲᠦᠮᠵᠢᠲᠡᠶ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ | ᠲᠡᠵᠢᠭᠡᠯ ᠡᠪᠡᠰᠦ ᠪᠣᠷᠳᠣᠭᠠᠨ ᠤ ᠬᠠᠩᠭᠠᠯᠭ᠎ᠠ ᠶᠢ ᠨᠡᠮᠡᠭᠳᠡᠭᠦᠯᠵᠦ ᠪᠣᠯᠣᠨ᠎ᠠ᠃ | ︵ᠲᠤᠯᠤᠭ᠎ᠠ︶ ᠰᠠᠭᠠᠯᠢ ᠶᠢᠨ ᠦᠨᠢᠶ᠎ᠡ ᠶᠢᠨ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠤᠰᠬᠠᠢ | ᠵᠦᠢᠯ ᠤᠨ ᠪᠡᠯᠡ ᠮᠥᠩᠭᠦ ᠲᠤᠬᠢᠷᠠᠭᠤᠯᠤᠨ᠎ᠠ ᠃ ᠰᠠᠭᠠᠯᠢ ᠶᠢᠨ ᠦᠨᠢᠶ᠎ᠡ ᠶᠢᠨ ᠬᠢᠵᠢᠭ ᠡᠪᠡᠳᠴᠢᠨ ᠨᠢ ᠰᠦ | ᠰᠠᠭᠠᠯᠢ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠬᠦᠨᠳᠦ ᠨᠣᠴᠢᠲᠠᠢ ᠨᠥᠯᠥᠭᠡᠯᠡᠵᠦ ᠪᠣᠢ᠂ ᠥᠪᠡᠷᠲᠡᠭᠡᠨ | ᠵᠠᠰᠠᠬᠤ ᠣᠷᠣᠨ ᠤ ᠬᠢᠵᠢᠭ ᠢ ᠰᠡᠷᠭᠡᠶᠢᠯᠡᠬᠦ ᠮᠡᠷᠭᠡᠵᠢᠯ ᠤᠨ ᠪᠣᠭᠤᠮᠲᠠ ᠰᠢᠪᠲᠤᠯᠤᠨ ᠳᠡᠯᠭᠡᠷᠡᠭᠦᠯᠬᠦ ᠰᠢᠰᠲ᠋ᠧᠮᠵᠢ ᠶᠢ | ᠪᠠᠶᠢᠭᠤᠯᠬᠤ ᠨᠢ᠂ ᠰᠠᠭᠠᠯᠢ ᠶᠢᠨ ᠦᠨᠢᠶ᠎ᠡ ᠶᠢᠨ ᠬᠢᠵᠢᠭ ᠡᠪᠡᠳᠴᠢᠨ ᠡᠭᠦᠰᠬᠦ ᠪᠠ ᠳᠡᠯᠭᠡᠷᠡᠬᠦ ᠶᠢ ᠪᠦᠲᠦᠮᠵᠢᠲᠡᠶ | ᠰᠡᠷᠭᠡᠶᠢᠯᠡᠵᠦ ᠂ ᠰᠠᠭᠠᠯᠢ ᠶᠢᠨ ᠦᠨᠢᠶ᠎ᠡ ᠶᠢᠨ ᠰᠢᠭᠰᠢᠭᠳᠡᠬᠦ ᠨᠤᠷᠮ᠎ᠠ ᠶᠢ ᠪᠠᠭᠠᠰᠬᠠᠬᠤ ᠪᠣᠯᠣᠨ᠎ᠠ ᠃ ᠥᠪᠡᠷᠲᠡᠭᠡᠨ ᠵᠠᠰᠠᠬᠤ | ᠣᠷᠣᠨ ᠠᠴᠠ 5000 ᠲᠦᠮᠡᠨ ᠲᠥᠭᠦᠷᠢᠭ ᠤᠨ ᠰᠠᠭᠠᠯᠢ ᠶᠢᠨ ᠦᠨᠢᠶ᠎ᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ | ᠬᠢᠵᠠᠭᠠᠷᠯᠠᠬᠤ ᠲᠤᠰᠬᠠᠢ ᠪᠡᠯᠡ ᠮᠥᠩᠭᠦ ᠶᠢ ᠪᠠᠶᠢᠭᠤᠯᠵᠤ᠂ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠶᠢᠨ ᠡᠬᠢ | ᠪᠠᠶᠠᠯᠢᠭ ᠪᠠ ᠮᠡᠷᠭᠡᠵᠢᠯ ᠤᠨ ᠳᠠᠪᠠᠭᠤᠯᠢᠭ ᠲᠤ ᠲᠦᠰᠢᠭᠯᠡᠨ᠂ ᠭᠤᠣᠯᠳᠠᠭᠤ ᠰᠠᠭᠠᠯᠢ ᠶᠢᠨ ᠦᠨᠢᠶ᠎ᠡ ᠶᠢᠨ ᠪᠷᠦ᠋ᠼᠧᠯ | ᠡᠪᠡᠳᠴᠢᠨ ᠵᠡᠷᠭᠡ ᠬᠢᠵᠢᠭ ᠡᠪᠡᠳᠴᠢᠨ ᠤ ᠸᠠᠺᠼᠢᠨ ᠤ ᠰᠢᠨ᠎ᠡ ᠶᠢ ᠡᠭᠦᠳᠬᠦ ᠰᠤᠳᠤᠯᠤᠯ᠂ ᠪᠷᠦ᠋ᠼᠧᠯ ᠡᠪᠡᠳᠴᠢᠨ᠂ | ᠰᠦᠷᠢᠶ᠎ᠡ ᠡᠪᠡᠳᠴᠢᠨ ᠵᠡᠷᠭᠡ ᠬᠥᠮᠥᠨ ᠮᠠᠯ ᠳᠤ ᠬᠠᠮᠲᠤ ᠲᠤᠰᠳᠠᠭ ᠡᠪᠡᠳᠴᠢᠨ ᠢ ᠲᠦᠷᠭᠡᠨ ᠬᠢᠨᠠᠨ ᠬᠡᠮᠵᠢᠬᠦ᠂ | ᠣᠨᠣᠰᠢᠯᠠᠬᠤ᠂ ᠴᠡᠪᠡᠷᠰᠢᠭᠦᠯᠬᠦ ᠮᠡᠷᠭᠡᠵᠢᠯ ᠤᠨ ᠰᠤᠳᠤᠯᠤᠯ ᠪᠠ ᠳᠡᠯᠭᠡᠷᠡᠭᠦᠯᠦᠨ ᠬᠡᠷᠡᠭᠯᠡᠬᠦ᠂ ᠰᠠᠭᠠᠯᠢ ᠶᠢᠨ ᠦᠨᠢᠶ᠎ᠡ ᠶᠢᠨ | ᠳᠡᠯᠡᠩ ᠤᠨ ᠦᠷᠪᠢᠰᠦᠯ ᠵᠡᠷᠭᠡ ᠦᠷᠡᠵᠢᠯ ᠤᠨ ᠰᠢᠰᠲ᠋ᠧᠮ ᠤᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠵᠢᠴᠢ | ᠰᠣᠯᠢᠯᠴᠠᠭ᠎ᠠ ᠶᠢᠨ ᠡᠪᠡᠳᠴᠢᠨ ᠢ ᠰᠤᠳᠤᠯᠬᠤ ᠪᠠ ᠳᠡᠯᠭᠡᠷᠡᠭᠦᠯᠦᠨ ᠬᠡᠷᠡᠭᠯᠡᠬᠦ ᠵᠡᠷᠭᠡ ᠲᠤᠰᠬᠠᠢ ᠦᠢᠯᠡᠴᠢᠯᠡᠭᠡᠨ ᠳᠤ | ᠬᠡᠷᠡᠭᠯᠡᠨ᠎ᠡ᠃ | ︵ᠨᠠᠢᠮᠠ︶ ᠰᠦ ᠰᠠᠭᠠᠯᠢ ᠶᠢᠨ ᠦᠢᠯᠡᠰ ᠤᠨ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ | ᠳᠡᠮᠵᠢᠨ᠎ᠡ᠃ ᠰᠦ ᠰᠠᠭᠠᠯᠢ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠦᠵᠡᠭᠦᠯᠬᠦ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠴᠢᠬᠤᠯᠠ ᠦᠢᠯᠡᠳᠦᠯ ᠢ ᠨᠠᠩ ᠰᠠᠶᠢᠨ | ᠪᠠᠳᠠᠷᠠᠭᠤᠯᠬᠤ ᠶᠢᠨ ᠲᠤᠰᠠᠳᠠ ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠤᠯᠤᠰ ᠤᠨ ᠰᠦ | ᠰᠠᠭᠠᠯᠢ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠰᠠᠭᠤᠷᠢ ᠴᠢᠨᠠᠷᠲᠠᠢ ᠰᠤᠳᠤᠯᠤᠨ ᠨᠡᠭᠡᠭᠡᠬᠦ | ᠵᠠᠷᠤᠳᠠᠯ ᠤᠨ ᠣᠷᠣᠭᠤᠯᠤᠯᠲᠠ ᠶᠢ ᠨᠡᠮᠡᠭᠳᠡᠭᠦᠯᠪᠡ ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠵᠢᠯ | ᠪᠦᠷᠢ 1 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠲᠣᠬᠢᠷᠠᠭᠤᠯᠵᠤ ᠤᠯᠤᠰ ᠤᠨ ᠴᠠᠭᠠᠨ ᠢᠳᠡᠭᠡᠨ ᠤ | ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠤ ᠂ ᠭᠤᠣᠯᠳᠠᠭᠤ | ᠲᠠᠪᠴᠠᠩ ᠤᠨ ᠪᠠᠶᠢᠭᠤᠯᠤᠯᠲᠠ ᠂ ᠰᠢᠨᠵᠢᠯᠡᠬᠦ ᠤᠬᠠᠭᠠᠨ ᠲᠡᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠂ | ᠭᠤᠣᠯᠳᠠᠯᠭ᠎ᠠ ᠲᠠᠢ ᠰᠡᠳᠦᠪ ᠤᠨ ᠪᠣᠭᠤᠮᠲᠠ ᠰᠢᠪᠲᠤᠯᠤᠯᠲᠠ ᠳᠤ ᠬᠡᠷᠡᠭᠯᠡᠨ᠎ᠡ ᠃ ᠴᠢᠬᠤᠯᠠ ᠶᠡᠭᠡ ᠰᠡᠳᠦᠪ ᠢ | ᠰᠤᠳᠤᠯᠬᠤ ᠳᠤ ᠲᠠᠬᠢᠭᠠᠳ ︽ ᠠᠰ ᠠᠰ ᠲᠤ ᠨᠢ ᠵᠥᠪᠯᠡᠬᠦ ︾ ᠶᠢ ᠬᠡᠷᠡᠭᠵᠢᠭᠦᠯᠦᠨ᠎ᠡ ᠃ | ︵ᠶᠢᠰᠦ︶ ᠰᠦ ᠰᠠᠭᠠᠯᠢ ᠶᠢᠨ ᠦᠢᠯᠡᠰ ᠢ ᠬᠥᠭᠵᠢᠭᠦᠯᠬᠦ ᠰᠠᠭᠤᠷᠢ ᠮᠥᠩᠭᠦ ᠪᠠᠶᠢᠭᠤᠯᠤᠨ᠎ᠠ᠃ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠢᠶᠠᠷ ᠵᠦᠪᠰᠢᠶᠡᠷᠡᠭᠦᠯᠦᠭᠰᠡᠨ ᠤ ᠬᠥᠳᠡᠭᠡ ᠲᠣᠰᠬᠤᠨ ᠤ ᠬᠦᠭᠵᠢᠨ | ᠮᠠᠨᠳᠣᠯᠲᠠ ᠶᠢᠨ ᠰᠠᠭᠤᠷᠢ ᠮᠥᠩᠭᠦ ᠶᠢᠨ ᠳᠣᠣᠷ᠎ᠠ ᠰᠦ ᠰᠠᠭᠠᠯᠢ ᠶᠢᠨ ᠦᠢᠯᠡᠰ ᠤᠨ ᠬᠦᠭᠵᠢᠨ ᠮᠠᠨᠳᠣᠯᠲᠠ ᠶᠢᠨ | ᠰᠠᠭᠤᠷᠢ ᠮᠥᠩᠭᠦ ᠪᠠᠶᠢᠭᠤᠯᠵᠤ᠂ ᠰᠠᠭᠤᠷᠢ ᠮᠥᠩᠭᠦ ᠪᠠᠷ ᠪᠡᠯᠡ ᠣᠷᠣᠭᠤᠯᠬᠤ ᠠᠷᠭ᠎ᠠ ᠪᠠᠷ ᠳᠠᠮᠵᠢᠭᠤᠯᠤᠨ᠂ | ᠡᠭᠦᠯᠳᠡᠷ ᠤᠨ ᠢᠷᠡᠯᠲᠡ ᠶᠢᠨ ᠰᠠᠭᠤᠷᠢᠨ ᠭᠠᠵᠠᠷ᠂ ᠲᠡᠵᠢᠭᠡᠯ ᠡᠪᠡᠰᠦ ᠪᠣᠷᠳᠣᠭᠠᠨ ᠤ ᠰᠠᠭᠤᠷᠢᠨ ᠭᠠᠵᠠᠷ᠂ ᠰᠦ | ᠰᠠᠭᠠᠯᠢ ᠶᠢᠨ ᠢᠷᠡᠯᠲᠡ ᠶᠢᠨ ᠰᠠᠭᠤᠷᠢᠨ ᠭᠠᠵᠠᠷ᠂ ᠪᠣᠯᠪᠠᠰᠤᠷᠠᠭᠤᠯᠬᠤ ᠠᠵᠤ ᠠᠬᠤᠶᠢᠯᠠᠯ᠂ ᠦᠢᠯᠡᠳᠬᠦᠨ ᠤ | ᠦᠢᠯᠡᠳᠪᠦᠷᠢᠯᠡᠯ᠂ ᠪᠣᠷᠤᠯᠠᠭᠤᠯᠭ᠎ᠠ ᠶᠢᠨ ᠭᠦᠢᠯᠭᠡᠭᠡᠨ ᠵᠡᠷᠭᠡ ᠠᠵᠤ ᠦᠢᠯᠡᠰ ᠤᠨ ᠬᠡᠯᠬᠢᠶ᠎ᠡ ᠶᠢᠨ ᠲᠠᠯ᠎ᠠ ᠪᠠᠷ ᠬᠢ ᠰᠦ | ᠰᠠᠭᠠᠯᠢ ᠶᠢᠨ ᠦᠢᠯᠡᠰ ᠤᠨ ᠬᠥᠲᠥᠴᠢ ᠠᠵᠤ ᠠᠬᠤᠶᠢᠯᠠᠯ ᠢ ᠭᠤᠣᠯᠳᠠᠯᠭ᠎ᠠ ᠲᠠᠢ ᠳᠡᠮᠵᠢᠵᠦ᠂ ᠠᠵᠤ ᠠᠬᠤᠶᠢᠯᠠᠯ ᠤᠨ | ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠦᠢᠯᠡᠳᠪᠦᠷᠢᠯᠡᠯ ᠡᠵᠡᠩᠨᠡᠯᠲᠡ ᠶᠢᠨ ᠶᠠᠪᠤᠴᠠ ᠳᠤ | ᠲᠤᠯᠭᠠᠷᠠᠭᠰᠠᠨ ᠪᠡᠯᠡ ᠮᠥᠩᠭᠦ ᠳᠤᠲᠠᠭᠳᠠᠬᠤ ᠠᠰᠠᠭᠤᠳᠠᠯ ᠢ ᠰᠢᠢᠳᠪᠦᠷᠢᠯᠡᠨ᠎ᠡ᠃ | ᠳᠥᠷᠪᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦ ᠰᠠᠭᠠᠯᠢ ᠶᠢᠨ ᠦᠢᠯᠡᠰ ᠤᠨ | ᠬᠦᠭᠵᠢᠨ ᠮᠠᠨᠳᠣᠯᠲᠠ ᠶᠢᠨ ᠶᠢᠰᠦᠨ ᠵᠣᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠬᠤ ᠶᠢ ᠬᠡᠷᠬᠢᠨ ᠪᠠᠲᠤᠯᠠᠬᠤ ᠪᠣᠶ | ︵ᠨᠢᠭᠡ︶ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ | ᠪᠤᠳᠠᠳᠠᠶᠢᠵᠢᠭᠤᠯᠤᠨ᠎ᠠ ᠃ ᠰᠦ ᠰᠠᠭᠠᠯᠢ ᠶᠢᠨ ᠦᠢᠯᠡᠰ ᠤᠨ ᠬᠦᠭᠵᠢᠨ ᠮᠠᠨᠳᠣᠯᠲᠠ ᠶᠢᠨ ᠶᠢᠰᠦᠨ ᠵᠣᠷᠪᠤᠰ ᠲᠥᠷᠥ ᠶᠢᠨ | ᠪᠣᠳᠣᠯᠭ᠎ᠠ ᠶᠢ ︽ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ᠂ ᠱᠠᠩᠨᠠᠬᠤ ᠪᠠᠷ ᠨᠥᠬᠦᠪᠦᠷᠢᠯᠡᠬᠦ ᠶᠢ | ᠣᠷᠣᠯᠠᠭᠤᠯᠬᠤ︾ ᠠᠷᠭ᠎ᠠ ᠶᠢ ᠬᠡᠷᠡᠭᠵᠢᠭᠦᠯᠵᠦ᠂ ᠡᠯ᠎ᠡ ᠲᠦᠷᠦᠭᠦᠯᠡᠨ ᠭᠦᠢᠴᠡᠳᠬᠡᠬᠦ ᠰᠠᠯᠠᠭ᠎ᠠ ᠮᠥᠴᠢᠷ ᠤᠳ ᠪᠡᠯᠡ | ᠮᠥᠩᠭᠦ ᠶᠢᠨ ᠬᠠᠮᠢᠶᠠᠷᠤᠯᠲᠠ ᠪᠠ ᠰᠢᠯᠭᠠᠨ ᠬᠤᠷᠢᠶᠠᠵᠤ ᠬᠢᠨᠠᠨ ᠰᠢᠯᠭᠠᠬᠤ ᠠᠷᠭ᠎ᠠ ᠶᠢ ᠨᠢᠭᠡᠨᠲᠡ ᠲᠣᠭᠲᠠᠭᠠᠵᠤ᠂ ᠡᠯ᠎ᠡ | ᠵᠦᠢᠯ ᠤᠨ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠴᠠᠲᠠᠢ ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠠᠶᠢᠮᠠᠭ ᠬᠤᠲᠠ ᠬᠤᠰᠢᠭᠤ | ᠰᠢᠶᠠᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠡᠪᠴᠢᠶᠡᠵᠢᠭᠰᠡᠨ ᠲᠡᠵᠢᠭᠡᠨ | ᠦᠷᠡᠵᠢᠭᠦᠯᠬᠦ ᠲᠠᠯᠠᠪᠠᠶ ᠶᠢᠨ ︽ᠭᠤᠷᠪᠠ ᠶᠢ ᠨᠠᠪᠲᠠᠷᠡᠭᠦᠯᠵᠦ ᠨᠢᠭᠡ ᠶᠢ ᠲᠡᠭᠰᠢᠯᠡᠬᠦ︾ ᠵᠡᠷᠭᠡ ᠰᠠᠭᠤᠷᠢ | ᠲᠦᠬᠦᠭᠡᠷᠦᠮᠵᠢ ᠶᠢᠨ ᠪᠠᠲᠤᠯᠠᠭ᠎ᠠ ᠶᠢ ᠴᠢᠩᠭᠠᠳᠬᠠᠵᠤ᠂ ᠶᠢᠰᠦᠨ ᠵᠤᠷᠪᠤᠰ ᠲᠥᠷᠥ ᠶᠢᠨ ᠪᠣᠳᠣᠯᠭ᠎ᠠ ᠳᠤ | ᠲᠣᠭᠲᠠᠭᠠᠭᠰᠠᠨ ᠢᠵᠢ ᠪᠦᠷᠢᠳᠦᠭᠦᠯᠬᠦ ᠪᠡᠯᠡ ᠮᠥᠩᠭᠦ ᠶᠢ ᠴᠠᠭ ᠲᠤᠬᠠᠢ ᠳᠤ ᠨᠢ ᠲᠤᠭ᠎ᠠ ᠶᠣᠰᠣᠭᠠᠷ ᠪᠡᠶᠡᠯᠡᠭᠦᠯᠵᠦ᠂ | ᠡᠯ᠎ᠡ ᠵᠦᠢᠯ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ | ᠦᠨᠡᠨ ᠬᠦ ᠪᠠᠲᠤᠯᠠᠬᠤ ᠬᠡᠷᠡᠭᠲᠡᠢ᠃ ᠠᠵᠤ ᠠᠬᠤᠶᠢᠯᠠᠯ ᠤᠨ ᠭᠤᠣᠯ ᠴᠣᠭᠴᠠ ᠶᠢᠨ ᠦᠢᠯᠡᠳᠦᠯ ᠢ ᠭᠦᠢᠴᠡᠳ | ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ | ᠰᠠᠶᠢᠲᠤᠷ ᠬᠡᠷᠡᠭᠯᠡᠵᠦ ᠠᠮᠢᠳᠤᠯᠢᠭ ᠬᠡᠷᠡᠭᠯᠡᠨ ᠰᠦ ᠰᠠᠭᠠᠯᠢ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ ᠥᠪᠡᠷᠲᠡᠭᠡᠨ ᠵᠠᠰᠠᠬᠤ ᠣᠷᠣᠨ ᠤ ᠡᠯ᠎ᠡ ᠲᠦᠷᠦᠭᠦᠯᠡᠬᠦ ᠰᠠᠯᠠᠭ᠎ᠠ | ᠮᠥᠴᠢᠷ ᠤᠳ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ ᠬᠢᠨᠠᠨ ᠵᠢᠯᠤᠭᠤᠳᠬᠤ ᠪᠠᠨ | ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠠᠴᠠ ᠰᠦ ᠰᠠᠭᠠᠯᠢ ᠶᠢᠨ ᠦᠢᠯᠡᠰ ᠶᠢᠨ ᠬᠦᠭᠵᠢᠨ ᠮᠠᠨᠳᠣᠯᠲᠠ ᠶᠢ | ᠠᠬᠢᠭᠤᠯᠬᠤ ᠶᠢᠰᠦᠨ ᠵᠤᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ | ᠪᠠᠶᠢᠳᠠᠯ ᠳᠤ ᠠᠵᠢᠯ ᠤᠨ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠬᠠᠮᠢᠶᠠᠷᠤᠯᠲᠠ ᠶᠠᠪᠤᠭᠤᠯᠵᠤ᠂ ᠥᠪᠡᠷᠲᠡᠭᠡᠨ | ᠵᠠᠰᠠᠬᠤ ᠣᠷᠣᠨ ᠤ ᠰᠦ ᠰᠠᠭᠠᠯᠢ ᠶᠢᠨ ᠦᠢᠯᠡᠰ ᠤᠨ ᠬᠦᠭᠵᠢᠨ ᠮᠠᠨᠳᠣᠯᠲᠠ ᠶᠢ ᠠᠬᠢᠭᠤᠯᠬᠤ ᠶᠢᠰᠦᠨ ᠵᠤᠷᠪᠤᠰ | ᠲᠥᠷᠥ ᠶᠢᠨ ᠪᠣᠳᠣᠯᠭ᠎ᠠ ᠶᠢᠨ ᠠᠷᠭ᠎ᠠ ᠶᠢᠨ ᠪᠣᠳᠠᠲᠤ ᠦᠢᠯᠡᠳᠦᠯ ᠢᠶᠠᠨ ᠪᠠᠳᠠᠷᠠᠭᠤᠯᠬᠤ ᠶᠢ ᠠᠬᠢᠭᠤᠯᠬᠤ ᠪᠠᠷ ᠪᠤᠢ᠃ | ︵ᠬᠤᠶᠠᠷ︶ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠵᠦ ᠬᠠᠮᠵᠢᠯᠴᠠᠬᠤ ᠶᠢ ᠴᠢᠩᠭᠠᠳᠬᠠᠨ᠎ᠠ ᠃ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠢᠷᠤᠮᠵᠢᠭᠤᠯᠤᠨ ᠬᠡᠷᠡᠭᠵᠢᠭᠦᠯᠬᠦ ᠶᠢᠨ ᠲᠥᠯᠥᠭᠡ᠂ 4 ᠰᠠᠷ᠎ᠠ ᠶᠢᠨ | 2 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ᠂ ᠬᠥᠭᠵᠢᠭᠦᠯᠦᠯᠲᠡ ᠪᠠ | ᠥᠭᠡᠷᠡᠴᠢᠯᠡᠯᠲᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ᠂ | ᠡᠳ᠋ ᠤᠨ ᠵᠠᠰᠠᠭ ᠵᠡᠷᠭᠡ ᠲᠠᠪᠤᠨ ᠰᠠᠯᠠᠭ᠎ᠠ ᠮᠥᠴᠢᠷ ᠦᠳᠲᠡᠷ ᠲᠦᠷᠭᠡᠨ ᠬᠥᠳᠡᠯᠦᠯᠴᠡᠵᠦ᠂ ︽ ᠰᠦ ᠰᠠᠭᠠᠯᠢ ᠶᠢᠨ | ᠦᠢᠯᠡᠰ ᠤᠨ ᠬᠦᠭᠵᠢᠨ ᠮᠠᠨᠳᠣᠯᠲᠠ ᠶᠢᠨ ᠶᠢᠰᠦᠨ ᠵᠣᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠬᠡᠷᠡᠭᠵᠢᠭᠦᠯᠬᠦ ᠨᠠᠷᠢᠨ ᠳᠦᠷᠢᠮ︾ ᠢ ᠬᠠᠮᠲᠤᠷᠠᠨ ᠳᠠᠷᠤᠮᠠᠯᠯᠠᠨ ᠲᠠᠷᠬᠠᠭᠠᠵᠤ᠂ ᠬᠡᠷᠡᠭᠵᠢᠭᠦᠯᠬᠦ ᠬᠠᠷᠠᠯᠲᠠ᠂ | ᠬᠡᠷᠡᠭᠵᠢᠭᠦᠯᠬᠦ ᠬᠡᠪᠴᠢᠶ᠎ᠡ ᠪᠠ ᠴᠠᠭ ᠤᠨ ᠬᠢᠵᠠᠭᠠᠷ᠂ ᠨᠥᠬᠦᠪᠦᠷᠢ ᠣᠯᠭᠤᠬᠤ ᠡᠲᠡᠭᠡᠳ᠂ ᠬᠡᠷᠡᠭᠴᠡᠭᠡ᠂ ᠪᠠᠷᠢᠮᠵᠢᠶ᠎ᠠ | ᠠᠷᠭ᠎ᠠ ᠬᠡᠯᠪᠡᠷᠢ ᠂ ᠨᠥᠬᠦᠪᠦᠷᠢ ᠥᠭᠬᠦ ᠶᠠᠪᠤᠴᠠ᠂ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ᠂ ᠬᠢᠨᠠᠯᠲᠠ | ᠬᠠᠮᠢᠶᠠᠷᠤᠯᠲᠠ ᠵᠡᠷᠭᠡ ᠲᠠᠯ᠎ᠠ ᠪᠠᠷ ᠨᠠᠷᠢᠨ ᠲᠣᠳᠣᠷᠬᠠᠢ ᠲᠣᠭᠲᠠᠭᠠᠯ ᠭᠠᠷᠭᠠᠪᠠ᠃ ᠡᠭᠦᠨ ᠤ ᠬᠠᠮᠲᠤ ᠰᠢᠨ᠎ᠡ | ᠡᠭᠦᠷᠭᠡ ᠶᠢᠨ ᠱᠠᠭᠠᠷᠳᠠᠯᠭ᠎ᠠ ᠶᠣᠰᠣᠭᠠᠷ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠵᠤ᠂ ᠰᠦ ᠰᠠᠭᠠᠯᠢ ᠶᠢᠨ | ᠦᠢᠯᠡᠰ ᠢ ᠬᠥᠭᠵᠢᠭᠦᠯᠬᠦ ᠠᠵᠢᠯ ᠢ ᠲᠤᠰᠬᠠᠢ ᠠᠩᠭᠢ ᠪᠠᠷ ᠲᠦᠯᠬᠢᠨ ᠠᠬᠢᠭᠤᠯᠤᠭᠰᠠᠨ ᠪᠥᠭᠡᠳ ᠲᠤᠰᠬᠠᠢ | ᠮᠡᠷᠭᠡᠵᠢᠯᠲᠡᠨ᠂ ᠠᠵᠤ ᠠᠬᠤᠶᠢᠯᠠᠯ ᠢ ᠣᠯᠠᠨ ᠤᠳᠠᠭ᠎ᠠ ᠤᠷᠢᠵᠤ ᠶᠠᠷᠢᠯᠴᠠᠬᠤ ᠬᠤᠷᠠᠯ ᠬᠢᠵᠦ᠂ ᠠᠵᠢᠯ ᠤᠨ | ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠪᠠ᠃ ᠡᠭᠦᠨ ᠤ ᠬᠠᠮᠲᠤ᠂ ᠬᠤᠯᠪᠣᠭᠳᠠᠯ ᠪᠦᠬᠦᠢ ᠠᠶᠢᠮᠠᠭ ᠬᠤᠲᠠ᠂ | ᠠᠵᠤ ᠠᠬᠤᠶᠢᠯᠠᠯ ᠳᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠥᠷᠨᠢᠭᠦᠯᠪᠡ᠃ | ︵ᠭᠤᠷᠪᠠ︶ ᠲᠣᠬᠢᠷᠠᠭᠤᠯᠤᠨ ᠵᠥᠪᠳᠡᠯᠴᠡᠵᠦ ᠰᠤᠳᠤᠯᠤᠨ ᠮᠠᠭᠠᠳᠯᠠᠬᠤ ᠶᠢ ᠴᠢᠩᠭᠠᠳᠬᠠᠨ᠎ᠠ ᠃ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ | ᠮᠥᠴᠢᠷ ᠤᠳ ᠠᠶᠢᠮᠠᠭ ᠬᠤᠲᠠ᠂ ᠬᠤᠰᠢᠭᠤ ᠰᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠢᠯᠢ᠂ | ᠮᠧᠩ ᠨᠢᠦ ᠬᠤᠶᠠᠷ ᠲᠣᠮᠣ ᠰᠦ ᠰᠠᠭᠠᠯᠢ ᠶᠢᠨ ᠠᠵᠤ ᠠᠬᠤᠶᠢᠯᠠᠯ ᠯᠤᠭ᠎ᠠ ᠬᠤᠯᠪᠤᠭᠠᠯᠠᠨ᠂ 2019 ᠣᠨ ᠠᠴᠠ | ᠨᠠᠭᠠᠰᠢ ᠡᠬᠢᠯᠡᠨ ᠪᠦᠲᠦᠭᠡᠨ ᠪᠠᠶᠢᠭᠤᠯᠤᠭᠰᠠᠨ ᠪᠠ ᠰᠢᠨ᠎ᠡ ᠪᠠᠷ ᠪᠠᠶᠢᠭᠤᠯᠬᠤ ᠪᠠᠷ ᠲᠥᠯᠥᠪᠯᠡᠵᠦ ᠪᠠᠶᠢᠭ᠎ᠠ 3000 | ᠲᠣᠯᠣᠭᠠᠢ ᠠᠴᠠ ᠳᠡᠭᠡᠭᠰᠢᠬᠢ 113 ᠰᠠᠭᠠᠯᠢ ᠶᠢᠨ ᠦᠨᠢᠶᠡᠨ ᠤ ᠬᠡᠪᠴᠢᠶᠡᠲᠦ ᠮᠠᠯᠵᠢᠯ ᠤᠨ ᠲᠠᠯᠠᠪᠠᠶ ᠶᠢᠨ ᠪᠠᠶᠢᠳᠠᠯ ᠢ | ᠲᠤᠶᠢᠯᠪᠤᠷᠢᠲᠠᠢ ᠣᠶᠢᠯᠠᠭᠠᠭᠰᠠᠨ ᠪᠠ ᠲᠤᠬᠠᠢ ᠶᠢᠨ ᠭᠠᠵᠠᠷ ᠲᠤ ᠨᠢ ᠬᠠᠷᠭᠤᠭᠤᠯᠤᠨ ᠪᠠᠶᠢᠴᠠᠭᠠᠵᠤ᠂ ︽ ᠠᠰ ᠠᠰ ᠲᠤ | ᠨᠢ ᠵᠦᠪᠯᠡᠬᠦ︾ ᠪᠠᠷ ᠨᠠᠷᠢᠯᠢᠭ ᠣᠨᠣᠴᠠᠲᠠᠢ ᠪᠠᠷ ᠲᠡᠳᠬᠦᠨ ᠳᠡᠮᠵᠢᠪᠡ᠃ 4 ᠰᠠᠷ᠎ᠠ ᠶᠢᠨ ᠡᠬᠢᠨ ᠠᠴᠠ ᠡᠬᠢᠯᠡᠨ | ᠡᠳᠦᠷ ᠤᠨ ᠲᠣᠬᠢᠷᠠᠭᠤᠯᠤᠯᠲᠠ ᠶᠢᠨ ᠲᠣᠭᠲᠠᠴᠠ ᠶᠢ ᠡᠬᠢᠯᠡᠨ ᠬᠡᠷᠡᠭᠵᠢᠭᠦᠯᠵᠦ᠂ ᠨᠢᠭᠡᠨᠲᠡ ᠪᠠᠶᠢᠭᠤᠯᠤᠭᠰᠠᠨ 42 | ᠲᠡᠵᠢᠭᠡᠨ ᠦᠷᠡᠵᠢᠭᠦᠯᠬᠦ ᠲᠠᠯᠠᠪᠠᠶ ᠶᠢ ᠰᠢᠯᠭᠠᠨ ᠬᠤᠷᠢᠶᠠᠭᠰᠠᠨ ᠪᠠᠶᠢᠳᠠᠯ ᠳᠤ ᠡᠳᠦᠷ ᠪᠦᠷᠢ ᠲᠣᠬᠢᠷᠠᠭᠤᠯᠤᠯᠲᠠ ᠬᠢᠵᠦ᠂ | ᠠᠰᠠᠭᠤᠳᠠᠯ ᠢ ᠵᠠᠳᠠᠯᠵᠤ ᠰᠤᠳᠤᠯᠤᠨ ᠮᠠᠭᠠᠳᠯᠠᠵᠤ᠂ 4 ᠰᠠᠷ᠎ᠠ ᠶᠢᠨ ᠰᠡᠭᠦᠯᠴᠢ ᠠᠴᠠ ᠡᠮᠦᠨ᠎ᠡ ᠨᠥᠬᠦᠴᠡᠯ ᠳᠤ | ᠨᠡᠶᠢᠴᠡᠬᠦ ᠲᠡᠵᠢᠭᠡᠨ ᠦᠷᠡᠵᠢᠭᠦᠯᠬᠦ ᠲᠠᠯᠠᠪᠠᠶ ᠶᠢᠨ ᠠᠩᠬᠠᠨ ᠤ ᠪᠦᠯᠦᠭ ᠨᠥᠬᠦᠪᠦᠷᠢ ᠪᠡᠯᠡ ᠮᠥᠩᠭᠦ ᠶᠢ | ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠪᠠ ᠃ | ᠡᠯ᠎ᠡ ᠵᠠᠭᠤᠴᠢᠯᠠᠭᠤᠷ ᠤᠨ ᠰᠣᠷᠪᠣᠯᠵᠢᠯᠠᠭᠴᠢᠳ ᠤᠨ ᠥᠪᠡᠷᠲᠡᠭᠡᠨ ᠵᠠᠰᠠᠬᠤ ᠣᠷᠣᠨ ᠤ ᠰᠦ ᠰᠠᠭᠠᠯᠢ ᠶᠢᠨ | ᠦᠢᠯᠡᠰ ᠤᠨ ᠬᠦᠭᠵᠢᠨ ᠮᠠᠨᠳᠣᠯᠲᠠ ᠶᠢ ᠠᠩᠬᠠᠷᠴᠤ ᠪᠠᠶᠢᠭ᠎ᠠ ᠳᠤ ᠲᠠᠯᠠᠷᠬᠠᠵᠤ ᠪᠠᠶᠢᠨ᠎ᠠ᠂ ᠲᠠ ᠨᠠᠷ ᠤᠨ ᠮᠠᠯᠵᠢᠯ ᠤᠨ | ᠲᠠᠯᠠᠪᠠᠶ᠂ ᠪᠣᠯᠪᠠᠰᠤᠷᠠᠭᠤᠯᠬᠤ ᠠᠵᠤ ᠠᠬᠤᠶᠢᠯᠠᠯ᠂ ᠬᠦᠷᠢᠶᠡᠯᠡᠩ ᠲᠣᠭᠤᠷᠢᠭ ᠲᠤ ᠭᠦᠨᠵᠡᠭᠡᠶᠢᠷᠡᠨ ᠥᠪᠥᠷ | ᠮᠣᠩᠭᠤᠯ ᠤᠨ ᠰᠦ ᠰᠠᠭᠠᠯᠢ ᠶᠢᠨ ᠦᠢᠯᠡᠰ ᠤᠨ ᠬᠦᠭᠵᠢᠨ ᠮᠠᠨᠳᠣᠯᠲᠠ ᠳᠤᠮᠳᠠᠬᠢ ᠠᠮᠢᠳᠤ ᠰᠣᠷᠭᠤᠭ ᠨᠡᠶᠢᠲᠡᠯᠢᠭ | ᠵᠢᠱᠢᠶ᠎ᠡ ᠶᠢ ᠰᠤᠷᠪᠤᠯᠵᠢᠯᠠᠵᠤ᠂ ᠥᠪᠥᠷ ᠮᠣᠩᠭᠤᠯ ᠤᠨ ᠰᠦ ᠰᠠᠭᠠᠯᠢ ᠶᠢᠨ ᠦᠢᠯᠡᠰ ᠤᠨ ᠬᠦᠭᠵᠢᠨ ᠮᠠᠨᠳᠣᠯᠲᠠ ᠳᠤ | ᠵᠣᠷᠢᠭ ᠬᠦᠪᠴᠢᠯᠠᠵᠤ ᠬᠦᠴᠦᠨ ᠨᠡᠮᠡᠷᠢᠯᠡᠬᠦ ᠶᠢ ᠪᠠᠶᠠᠷᠯᠠᠨ ᠤᠭᠲᠤᠵᠤ ᠪᠠᠶᠢᠨ᠎ᠠ᠃ | | ᠥᠪᠡᠷᠲᠡᠭᠡᠨ ᠵᠠᠰᠠᠬᠤ ᠣᠷᠣᠨ ᠤ ᠰᠦ ᠰᠠᠭᠠᠯᠢ ᠶᠢᠨ ᠦᠢᠯᠡᠰ ᠤᠨ ᠬᠦᠭᠵᠢᠨ | ᠮᠠᠨᠳᠣᠯᠲᠠ ᠶᠢᠨ ᠲᠥᠷᠥ ᠶᠢᠨ ᠪᠣᠳᠣᠯᠭ᠎ᠠ ᠶᠢ ᠠᠬᠢᠭᠤᠯᠬᠤ ᠵᠤᠷᠰᠢᠯᠲᠤ ᠰᠣᠨᠢᠨ ᠮᠡᠳᠡᠭᠡ | ᠨᠡᠶᠢᠲᠡᠯᠡᠬᠦ ᠬᠤᠷᠠᠯ ᠳᠡᠭᠡᠷ᠎ᠡ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠤᠭᠰᠠᠨ ᠨᠢ | | ᠠᠷᠠᠳ ᠤᠨ ᠰᠦᠯᠵᠢᠶ᠎ᠡ ᠶᠢᠨ ᠰᠤᠷᠪᠤᠯᠵᠢᠯᠠᠭᠴᠢ᠄ ᠥᠪᠡᠷᠲᠡᠭᠡᠨ ᠵᠠᠰᠠᠬᠤ ᠣᠷᠣᠨ ᠤ ᠰᠦ ᠰᠠᠭᠠᠯᠢ ᠶᠢᠨ | ᠦᠢᠯᠡᠰ ᠤᠨ ᠬᠦᠭᠵᠢᠨ ᠮᠠᠨᠳᠣᠯᠲᠠ ᠶᠢ ᠠᠬᠢᠭᠤᠯᠬᠤ ᠶᠢᠰᠦᠨ ᠵᠤᠷᠪᠤᠰ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠨᠡᠶᠢᠲᠡᠯᠡᠭᠰᠡᠨ ᠠᠬᠤᠢ ᠪᠠᠶᠢᠳᠠᠯ ᠪᠠ ᠵᠣᠷᠢᠯᠭ᠎ᠠ᠃ | ᠸᠠᠩ ᠭᠦᠸᠧ ᠹᠧᠩ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠦ | ᠰᠠᠭᠠᠯᠢ ᠶᠢᠨ ᠦᠢᠯᠡᠰ ᠤᠨ ᠬᠥᠭᠵᠢᠯᠲᠡ ᠶᠢ ᠤᠯᠤᠰ ᠤᠨ ᠴᠢᠬᠤᠯᠠ ᠪᠣᠯᠬᠤ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠴᠢᠬᠤᠯᠠ ᠪᠦᠲᠦᠭᠡᠨ ᠪᠠᠶᠢᠭᠤᠯᠤᠯᠲᠠ ᠶᠢᠨ | ᠠᠭᠤᠯᠭ᠎ᠠ ᠪᠣᠯᠭᠠᠨ ᠰᠠᠶᠢᠲᠤᠷ ᠠᠳᠬᠤᠵᠤ᠂ ᠪᠦᠬᠦ ᠣᠷᠣᠨ ᠤ ᠬᠦᠴᠦᠨ ᠢᠶᠠᠷ ᠰᠦ ᠰᠠᠭᠠᠯᠢ ᠶᠢᠨ ᠦᠢᠯᠡᠰ ᠤᠨ | ᠬᠦᠭᠵᠢᠨ ᠮᠠᠨᠳᠣᠯᠲᠠ ᠶᠢ ᠠᠬᠢᠭᠤᠯᠵᠤ᠂ ︽ᠰᠦ ᠰᠠᠭᠠᠯᠢ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠲᠤᠬᠠᠢ | ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠲᠠᠷᠬᠠᠭᠠᠵᠤ᠂ ︽ ᠰᠦ ᠰᠠᠭᠠᠯᠢ ᠶᠢᠨ ᠦᠢᠯᠡᠰ ᠢ ᠬᠥᠭᠵᠢᠭᠦᠯᠦᠨ | ᠮᠠᠨᠳᠤᠭᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠰᠥᠯ︾ ᠢ ᠲᠤᠭᠲᠠᠭᠠᠨ ᠂ ︽ ᠰᠦ ᠰᠠᠭᠠᠯᠢ ᠶᠢᠨ ᠦᠢᠯᠡᠰ ᠤᠨ | ᠬᠦᠭᠵᠢᠨ ᠮᠠᠨᠳᠣᠯᠲᠠ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ︾ ᠢ ᠨᠡᠶᠢᠲᠡᠯᠡᠨ | ᠬᠡᠷᠡᠭᠵᠢᠭᠦᠯᠵᠦ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠶᠢᠨ ᠬᠡᠪᠴᠢᠶᠡᠵᠢᠯᠲᠡ᠂ ᠪᠠᠷᠢᠮᠵᠢᠶᠠᠵᠢᠯᠲᠠ᠂ | ᠮᠠᠰᠢᠨᠴᠢᠯᠠᠯᠲᠠ᠂ ᠵᠣᠬᠢᠶᠠᠨ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠦᠨ᠂ ᠴᠠᠭᠠᠨ | ᠢᠳᠡᠭᠡᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠵᠦ᠂ ᠰᠠᠭᠠᠯᠢ ᠶᠢᠨ ᠦᠨᠢᠶ᠎ᠡ | ᠲᠡᠵᠢᠭᠡᠵᠦ ᠪᠠᠶᠢᠭ᠎ᠠ ᠪᠠ ᠦᠨᠢᠶᠡᠨ ᠰᠦ ᠶᠢᠨ ᠭᠠᠷᠤᠯᠲᠠ ᠴᠥᠮ ᠪᠥᠬᠦ ᠤᠯᠤᠰ ᠤᠨ ᠲᠡᠷᠢᠭᠦᠨ ᠳᠤ ᠣᠷᠣᠵᠤ᠂ | ᠰᠠᠭᠠᠯᠢ ᠶᠢᠨ ᠦᠢᠯᠡᠰ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠢ ᠢᠯᠡᠳᠲᠡ ᠴᠢᠩᠭᠠᠷᠠᠭᠤᠯᠪᠠ᠃ | ᠮᠠᠨ ᠤ ᠣᠷᠣᠨ ᠤ ᠰᠦ ᠰᠠᠭᠠᠯᠢ ᠶᠢᠨ ᠦᠢᠯᠡᠰ ᠤᠨ ᠲᠦᠷᠭᠡᠨ ᠬᠥᠭᠵᠢᠬᠦ ᠶᠢ ᠳᠠᠭᠠᠯᠳᠤᠨ᠂ ᠲᠠᠪᠤᠨ ᠶᠡᠭᠡ ᠰᠦ | ᠰᠠᠭᠠᠯᠢ ᠶᠢᠨ ᠢᠷᠡᠯᠲᠡ ᠶᠢᠨ ᠰᠠᠭᠤᠷᠢᠨ ᠭᠠᠵᠠᠷ ᠤᠨ ᠲᠣᠭᠤᠷᠢᠨ ᠳᠤ ᠰᠦ ᠰᠠᠭᠠᠯᠢ ᠶᠢᠨ ᠦᠢᠯᠡᠰ ᠤᠨ 10 ᠲᠣᠮᠣ | ᠠᠵᠤ ᠦᠢᠯᠡᠰ ᠤᠨ ᠰᠦᠷᠦᠭᠵᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠶᠠᠪᠤᠴᠠ ᠳᠤ᠂ ᠰᠦ | ᠰᠠᠭᠠᠯᠢ ᠶᠢᠨ ᠢᠷᠡᠯᠲᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ᠂ ᠰᠠᠭᠠᠯᠢ ᠶᠢᠨ ᠦᠨᠢᠶ᠎ᠡ ᠶᠢᠨ | ᠡᠭᠦᠯᠳᠡᠷ ᠤᠨ ᠦᠢᠯᠡᠰ ᠤᠨ ᠬᠥᠭᠵᠢᠯᠲᠡ᠂ ᠴᠢᠨᠠᠷ ᠰᠠᠶᠢᠲᠠᠢ ᠲᠡᠵᠢᠭᠡᠯ ᠡᠪᠡᠰᠦ ᠪᠣᠷᠳᠣᠭᠠᠨ ᠤ ᠬᠠᠩᠭᠠᠯᠭ᠎ᠠ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠤᠯᠭᠠᠭᠤᠷᠢᠯᠠᠯ᠂ ᠬᠢᠵᠢᠭ ᠡᠪᠡᠳᠴᠢᠨ ᠢ | ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠠᠰᠠᠭᠤᠳᠠᠯ ᠲᠠᠰᠤᠷᠠᠯᠲᠠ ᠦᠭᠡᠢ | ᠲᠣᠪᠣᠶᠢᠮ᠎ᠠ ᠪᠣᠯᠵᠤ᠂ ᠰᠦ ᠰᠠᠭᠠᠯᠢ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠨᠢᠭᠡᠨ ᠬᠡᠮᠵᠢᠶ᠎ᠡ ᠪᠠᠷ | ᠨᠥᠯᠥᠭᠡᠯᠡᠭᠰᠡᠨ ᠪᠠᠶᠢᠨ᠎ᠠ᠃ ᠡᠭᠦᠨ ᠤ ᠵᠡᠷᠭᠡ ᠳᠤ᠂ ᠪᠥᠬᠦ ᠤᠯᠤᠰ ᠤᠨ ᠰᠦ ᠰᠠᠭᠠᠯᠢ ᠶᠢᠨ ᠦᠢᠯᠡᠰ ᠤᠨ ᠵᠠᠬ᠎ᠠ | ᠳᠡᠯᠭᠡᠭᠦᠷ ᠤᠨ ᠥᠷᠢᠰᠦᠯᠳᠦᠭᠡᠨ ᠡᠳᠦᠷ ᠢᠷᠡᠬᠦᠶ᠎ᠡ ᠰᠢᠷᠦᠭᠦᠰᠴᠦ ᠪᠠᠶᠢᠭ᠎ᠠ ᠣᠷᠴᠢᠨ ᠨᠥᠬᠦᠴᠡᠯ ᠤᠨ ᠳᠣᠣᠷ᠎ᠠ᠂ | ᠬᠡᠰᠡᠭ ᠮᠤᠵᠢ ᠣᠷᠣᠨ ᠤ ᠬᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠳᠤ ᠪᠠᠨ ᠵᠠᠯᠭᠠᠭ᠎ᠠ ᠪᠠᠷ | ᠲᠣᠬᠢᠷᠠᠭᠤᠯᠤᠯᠲᠠ ᠬᠢᠵᠦ ᠰᠦ ᠰᠠᠭᠠᠯᠢ ᠶᠢᠨ ᠦᠢᠯᠡᠰ ᠤᠨ ᠬᠦᠭᠵᠢᠨ ᠮᠠᠨᠳᠣᠯᠲᠠ ᠶᠢ ᠠᠬᠢᠭᠤᠯᠵᠤ ᠪᠣᠢ ᠂ ᠮᠠᠨ ᠤ | ᠣᠷᠣᠨ ᠤ ᠰᠦ ᠰᠠᠭᠠᠯᠢ ᠶᠢᠨ ᠦᠢᠯᠡᠰ ᠤᠨ ᠬᠦᠭᠵᠢᠨ ᠮᠠᠨᠳᠣᠯᠲᠠ ᠶᠢ ᠲᠦᠷᠦᠭᠦᠯᠡᠨ ᠪᠡᠶᠡᠯᠡᠭᠦᠯᠬᠦ ᠬᠥᠭᠵᠢᠯᠲᠡ ᠶᠢᠨ | ᠳᠠᠪᠠᠭᠤᠯᠢᠭ ᠢ ᠪᠠᠲᠤᠯᠠᠬᠤ ᠶᠢᠨ ᠲᠥᠯᠥᠭᠡ᠂ ᠰᠢᠨ᠎ᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠲᠣᠭᠲᠠᠭᠠᠵᠤ᠂ | ᠰᠦ ᠰᠠᠭᠠᠯᠢ ᠶᠢᠨ ᠦᠢᠯᠡᠰ ᠤᠨ ᠬᠦᠭᠵᠢᠨ ᠮᠠᠨᠳᠣᠯᠲᠠ ᠶᠢᠨ ᠲᠠᠰ ᠳᠡᠪᠰᠢᠬᠦ ᠶᠢ ᠵᠣᠷᠢᠭᠵᠢᠭᠤᠯᠬᠤ ᠪᠠ ᠬᠥᠲᠥᠯᠥᠨ | ᠵᠢᠯᠤᠭᠤᠳᠬᠤ ᠶᠢ ᠲᠣᠯᠭᠠᠮ ᠱᠠᠭᠠᠷᠳᠠᠵᠤ ᠪᠤᠢ ᠃ | ᠰᠢᠨ᠎ᠡ ᠪᠠᠶᠢᠳᠠᠯ᠂ ᠰᠢᠨ᠎ᠡ ᠡᠭᠦᠷᠭᠡ ᠠᠴᠠ ᠳᠤᠷᠠᠳᠤᠭᠰᠠᠨ ᠰᠢᠨ᠎ᠡ ᠱᠠᠭᠠᠷᠳᠠᠯᠭ᠎ᠠ ᠳᠤ ᠴᠢᠭᠯᠡᠭᠦᠯᠦᠨ᠂ ᠡᠨᠡ | ᠵᠢᠯ ᠤᠨ ᠡᠬᠢ ᠪᠠᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠵᠢᠯ ᠤᠨ | ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ ᠲᠦᠷᠦᠭᠦᠯᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠬᠠᠮᠲᠤᠷᠠᠨ ᠣᠳᠣᠬᠠᠨ ᠤ ᠪᠦᠬᠦ ᠤᠯᠤᠰ | ᠪᠣᠯᠣᠨ ᠪᠦᠬᠦ ᠣᠷᠣᠨ ᠤ ᠰᠦ ᠰᠠᠭᠠᠯᠢ ᠶᠢᠨ ᠦᠢᠯᠡᠰ ᠤᠨ ᠬᠥᠭᠵᠢᠯᠲᠡ ᠶᠢᠨ ᠣᠳᠣᠬᠢ ᠪᠠᠶᠢᠳᠠᠯ ᠵᠢᠴᠢ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠭᠦᠨᠵᠡᠭᠡᠢ ᠰᠤᠳᠤᠯᠤᠨ ᠵᠠᠳᠠᠯᠵᠤ᠂ ᠬᠠᠮᠢᠶ᠎ᠠ | ᠪᠦᠬᠦᠢ ᠲᠢᠩᠬᠢᠮ ᠲᠣᠪᠴᠢᠶ᠎ᠠ᠂ ᠠᠶᠢᠮᠠᠭ ᠬᠤᠲᠠ ᠶᠢᠨ ᠵᠠᠰᠠᠭ ᠤᠨ ᠣᠷᠳᠣᠨ᠂ ᠬᠥᠲᠥᠴᠢ ᠠᠵᠤ ᠠᠬᠤᠶᠢᠯᠠᠯ ᠤᠳ | ᠲᠥᠷᠥ ᠶᠢᠨ ᠪᠣᠳᠣᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠳᠤᠷᠠᠳᠤᠭᠰᠠᠨ ᠰᠠᠭᠤᠷᠢᠨ ᠳᠡᠭᠡᠷ᠎ᠡ᠂ ᠠᠰᠠᠭᠤᠳᠠᠯ ᠤᠨ | ᠤᠳᠤᠷᠢᠳᠤᠮᠵᠢ ᠶᠢ ᠦᠨᠳᠦᠰᠦᠯᠡᠨ᠂ ︽ᠭᠤᠷᠪᠠᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠤᠶᠠᠷ | ᠲᠤᠯᠭᠠᠭᠤᠷᠢᠯᠠᠯ ᠬᠠᠩᠭᠠᠵᠤ᠂ ᠬᠥᠲᠥᠴᠢ ᠠᠵᠤ ᠠᠬᠤᠶᠢᠯᠠᠯ ᠢ ᠪᠤᠵᠠᠭᠠᠶᠢᠷᠠᠭᠤᠯᠬᠤ︾ ᠦᠨᠳᠦᠰᠦᠨ ᠪᠣᠷᠣ | ᠲᠥᠯᠥᠪ ᠤᠨ ᠲᠣᠭᠤᠷᠢᠨ ᠳᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦ ᠰᠠᠭᠠᠯᠢ ᠶᠢᠨ | ᠦᠢᠯᠡᠰ ᠤᠨ ᠬᠦᠭᠵᠢᠨ ᠮᠠᠨᠳᠣᠯᠲᠠ ᠶᠢ ᠲᠦᠯᠬᠢᠨ ᠠᠬᠢᠭᠤᠯᠬᠤ ᠶᠢᠰᠦᠨ ᠵᠣᠷᠪᠤᠰ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ︾ ᠶᠢ ᠰᠤᠳᠤᠯᠤᠨ ᠲᠣᠭᠲᠠᠭᠠᠵᠤ ᠨᠡᠶᠢᠲᠡᠯᠡᠪᠡ᠃ | ᠭᠤᠷᠪᠠᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ᠄ ᠨᠢᠭᠡ ᠳᠤ ᠬᠡᠪᠴᠢᠶᠡᠵᠢᠭᠰᠡᠨ ᠰᠠᠭᠠᠯᠢ ᠶᠢᠨ | ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ ᠃ | ᠰᠢᠨ᠎ᠡ ᠪᠠᠷ ᠪᠠᠶᠢᠭᠤᠯᠤᠭᠰᠠᠨ ᠬᠡᠪᠴᠢᠶᠡᠵᠢᠭᠰᠡᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠳᠤ | ᠨᠥᠬᠦᠪᠦᠷᠢ ᠥᠭᠬᠦ ᠪᠠ ᠲᠤᠰᠬᠠᠢ ᠵᠦᠢᠯ ᠤᠨ ᠵᠢᠭᠡᠯᠡᠭᠡ ᠶᠢ ᠬᠡᠷᠡᠭᠯᠡᠨ ᠰᠢᠨ᠎ᠡ ᠪᠠᠷ ᠪᠠᠶᠢᠭᠤᠯᠤᠭᠰᠠᠨ ᠰᠦ ᠰᠠᠭᠠᠯᠢ ᠶᠢᠨ | ᠦᠢᠯᠡᠰ ᠤᠨ ᠬᠥᠭᠵᠢᠯᠲᠡ ᠶᠢᠨ ᠬᠦᠷᠢᠶᠡᠯᠡᠩ ᠲᠣᠭᠤᠷᠢᠭ ᠲᠤ ᠳᠡᠮᠵᠢᠯᠭᠡ ᠦᠵᠡᠭᠦᠯᠬᠦ ᠬᠤᠶᠠᠷ ᠵᠦᠢᠯ ᠤᠨ ᠲᠥᠷᠥ ᠶᠢᠨ | ᠪᠣᠳᠣᠯᠭ᠎ᠠ ᠪᠣᠯ ᠭᠤᠣᠯᠳᠠᠭᠤ ᠰᠦ ᠰᠠᠭᠠᠯᠢ ᠶᠢᠨ ᠢᠷᠡᠯᠲᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠵᠦ᠂ ᠰᠠᠭᠠᠯᠢ ᠶᠢᠨ ᠦᠨᠢᠶ᠎ᠡ ᠶᠢᠨ ᠲᠤᠭ᠎ᠠ ᠪᠠ ᠦᠨᠢᠶᠡᠨ ᠰᠦ ᠶᠢᠨ ᠭᠠᠷᠤᠯᠲᠠ ᠶᠢ ᠨᠡᠮᠡᠭᠳᠡᠭᠦᠯᠦᠨ᠂ | ᠬᠥᠲᠥᠴᠢ ᠪᠣᠯᠪᠠᠰᠤᠷᠠᠭᠤᠯᠬᠤ ᠠᠵᠤ ᠠᠬᠤᠶᠢᠯᠠᠯ ᠳᠤ ᠲᠣᠭᠲᠠᠪᠤᠷᠢᠲᠠᠢ ᠰᠠᠭᠠᠯᠢ ᠶᠢᠨ ᠢᠷᠡᠯᠲᠡ ᠶᠢᠨ ᠬᠠᠩᠭᠠᠯᠭ᠎ᠠ ᠶᠢ | ᠬᠠᠩᠭᠠᠬᠤ ᠶᠢᠨ ᠲᠥᠯᠥᠭᠡ ᠶᠤᠮ᠃ ᠬᠤᠶᠠᠷ ᠲᠤ ᠰᠠᠭᠠᠯᠢ ᠶᠢᠨ ᠦᠨᠢᠶ᠎ᠡ ᠶᠢᠨ ᠪᠡᠶ᠎ᠡ ᠪᠠᠨ ᠳᠠᠭᠠᠭᠠᠵᠤ ᠦᠷᠡᠵᠢᠭᠦᠯᠦᠨ | ᠪᠣᠶᠢᠵᠢᠭᠤᠯᠬᠤ ᠴᠢᠳᠠᠪᠤᠷᠢ ᠶᠢᠨ ᠪᠠᠶᠢᠭᠤᠯᠤᠯᠲᠠ ᠶᠢ ᠲᠦᠷᠭᠡᠳᠭᠡᠨ᠎ᠡ᠃ ᠲᠦᠯᠯᠡᠬᠦ ᠡᠬᠡ ᠮᠠᠯ ᠤᠨ ᠪᠡᠯᠭᠡ ᠶᠢᠨ | ᠡᠵᠡᠮᠰᠢᠯᠲᠦ ᠬᠦᠪᠦᠷᠡᠯ ᠪᠣᠶᠢᠵᠢᠭᠤᠯᠬᠤ ᠮᠡᠷᠭᠡᠵᠢᠯ ᠢ ᠠᠰᠢᠭᠯᠠᠨ ᠴᠢᠨᠠᠷ ᠰᠠᠶᠢᠲᠠᠢ ᠰᠠᠭᠠᠯᠢ ᠶᠢᠨ ᠦᠨᠢᠶ᠎ᠡ | ᠪᠣᠶᠢᠵᠢᠭᠤᠯᠬᠤ ᠳᠤ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠭᠤᠣᠯᠳᠠᠭᠤ ᠴᠢᠨᠠᠷ ᠰᠠᠶᠢᠲᠠᠢ | ᠰᠠᠭᠠᠯᠢ ᠶᠢᠨ ᠦᠨᠢᠶ᠎ᠡ ᠶᠢᠨ ᠪᠡᠶ᠎ᠡ ᠪᠠᠨ ᠳᠠᠭᠠᠭᠠᠵᠤ ᠦᠷᠡᠵᠢᠭᠦᠯᠦᠨ ᠪᠣᠶᠢᠵᠢᠭᠤᠯᠬᠤ ᠴᠢᠳᠠᠪᠤᠷᠢ ᠶᠢ ᠳᠡᠭᠡᠭᠰᠢᠯᠡᠭᠦᠯᠵᠦ᠂ | ᠢᠴᠡᠭᠡᠯ ᠦᠷ᠎ᠡ ᠶᠢᠨ ᠨᠥᠬᠦᠪᠦᠷᠢ ᠶᠢᠨ ᠲᠥᠷᠥ ᠶᠢᠨ ᠪᠣᠳᠣᠯᠭ᠎ᠠ ᠲᠠᠢ ᠬᠠᠮᠵᠢᠯᠴᠠᠨ ᠴᠢᠨᠠᠷ ᠰᠠᠶᠢᠲᠠᠢ ᠰᠠᠭᠠᠯᠢ ᠶᠢᠨ | ᠦᠨᠢᠶ᠎ᠡ ᠶᠢᠨ ᠰᠦᠷᠦᠭᠵᠢᠯ ᠢ ᠥᠷᠭᠡᠳᠬᠡᠨ ᠨᠡᠮᠡᠭᠳᠡᠭᠦᠯᠬᠦ ᠬᠠᠷᠠᠯᠲᠠ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ | ᠭᠤᠷᠪᠠ ᠳᠤ ᠴᠢᠨᠠᠷ ᠰᠠᠶᠢᠲᠠᠢ ᠲᠡᠵᠢᠭᠡᠯ ᠡᠪᠡᠰᠦᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ᠎ᠡ᠃ ᠰᠢᠨ᠎ᠡ ᠪᠠᠷ ᠨᠡᠮᠡᠭᠳᠡᠭᠰᠡᠨ ᠬᠡᠪᠴᠢᠶᠡᠵᠢᠭᠰᠡᠨ ᠴᠠᠷᠭᠠᠰᠤ ᠳᠠᠷᠢᠬᠤ ᠠᠵᠤ ᠠᠬᠤᠶᠢᠯᠠᠯ ᠳᠤ ᠨᠥᠬᠦᠪᠦᠷᠢ | ᠥᠭᠬᠦ ᠲᠥᠷᠥ ᠶᠢᠨ ᠪᠣᠳᠣᠯᠭ᠎ᠠ ᠪᠣᠯ ᠴᠠᠷᠭᠠᠰᠤ ᠳᠠᠷᠢᠬᠤ ᠠᠵᠤ ᠠᠬᠤᠶᠢᠯᠠᠯ ᠤᠨ ᠢᠳᠡᠪᠬᠢᠵᠢᠯ ᠢ ᠳᠡᠭᠡᠭᠰᠢᠯᠡᠭᠦᠯᠵᠦ᠂ | ᠴᠠᠷᠭᠠᠰᠤ ᠶᠢᠨ ᠡᠪᠡᠰᠦ ᠶᠢᠨ ᠪᠥᠬᠦ ᠣᠷᠣᠨ ᠳᠤ ᠳᠠᠷᠢᠬᠤ ᠲᠠᠯᠠᠪᠠᠶ ᠶᠢ ᠪᠦᠲᠦᠮᠵᠢᠲᠡᠶ ᠥᠷᠭᠡᠳᠬᠡᠬᠦ ᠶᠢᠨ ᠲᠥᠯᠥᠭᠡ | ᠶᠤᠮ᠃ | ᠬᠤᠶᠠᠷ ᠲᠤᠯᠭᠠᠭᠤᠷᠢᠯᠠᠯ ᠬᠠᠩᠭᠠᠬᠤ ᠄ ᠨᠢᠭᠡ ᠳᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ | ᠰᠢᠰᠲ᠋ᠧᠮᠵᠢ ᠶᠢᠨ ᠲᠤᠯᠭᠠᠭᠤᠷᠢᠯᠠᠯ ᠬᠠᠩᠭᠠᠨ᠎ᠠ᠃ ᠰᠠᠭᠠᠯᠢ ᠶᠢᠨ ᠦᠨᠢᠶᠡᠨ ᠤ ᠬᠢᠵᠢᠭ ᠡᠪᠡᠳᠴᠢᠨ ᠢ ᠰᠡᠷᠭᠡᠶᠢᠯᠡᠨ | ᠬᠢᠵᠠᠭᠠᠷᠯᠠᠬᠤ ᠲᠤᠰᠬᠠᠢ ᠪᠡᠯᠡ ᠮᠥᠩᠭᠦ ᠭᠠᠷᠭᠠᠬᠤ ᠲᠥᠷᠥ ᠶᠢᠨ ᠪᠣᠳᠣᠯᠭ᠎ᠠ ᠶᠢᠨ ᠵᠣᠷᠢᠯᠭ᠎ᠠ ᠪᠣᠯ ᠰᠢᠨᠵᠢᠯᠡᠬᠦ | ᠤᠬᠠᠭᠠᠨᠴᠢ ᠪᠦᠲᠦᠮᠵᠢᠲᠡᠶ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠲᠣᠭᠲᠠᠭᠠᠬᠤ ᠪᠠᠷ ᠳᠠᠮᠵᠢᠭᠤᠯᠤᠨ᠂ | ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠳᠤ ᠦᠵᠡᠭᠦᠯᠬᠦ ᠬᠢᠵᠢᠭ ᠡᠪᠡᠳᠴᠢᠨ ᠤ ᠳᠠᠭᠠᠷᠢᠯᠲᠠ ᠶᠢ | ᠪᠠᠭᠠᠰᠬᠠᠵᠤ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠦᠢᠯᠡᠰ ᠤᠨ ᠡᠷᠡᠭᠦᠯ ᠢᠶᠠᠷ ᠬᠥᠭᠵᠢᠬᠦ ᠶᠢ | ᠪᠠᠲᠤᠯᠠᠬᠤ ᠶᠢᠨ ᠲᠥᠯᠥᠭᠡ ᠶᠤᠮ᠃ ᠬᠤᠶᠠᠷ ᠲᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠲᠤᠯᠭᠠᠭᠤᠷᠢᠯᠠᠯ ᠬᠠᠩᠭᠠᠨ᠎ᠠ ᠃ ᠰᠦ ᠰᠠᠭᠠᠯᠢ ᠶᠢᠨ ᠦᠢᠯᠡᠰ ᠤᠨ ᠰᠢᠨ᠎ᠡ ᠶᠢ ᠡᠭᠦᠳᠬᠦ ᠲᠠᠪᠴᠠᠩ ᠤᠨ | ᠪᠠᠶᠢᠭᠤᠯᠤᠯᠲᠠ ᠶᠢ ᠳᠡᠮᠵᠢᠬᠦ ᠲᠥᠷᠥ ᠶᠢᠨ ᠪᠣᠳᠣᠯᠭ᠎ᠠ ᠪᠣᠯ ᠳᠠᠷᠤᠢ ᠰᠦ ᠰᠠᠭᠠᠯᠢ ᠶᠢᠨ ᠦᠢᠯᠡᠰ ᠤᠨ ᠬᠤᠰᠢᠭᠤᠷᠠᠯ | ᠵᠠᠬ᠎ᠠ ᠳᠡᠯᠭᠡᠭᠦᠷ ᠲᠤ ᠠᠩᠬᠠᠷᠤᠯ ᠢᠶᠠᠨ ᠲᠥᠪᠯᠡᠷᠡᠭᠦᠯᠵᠦ᠂ ᠬᠦᠴᠦᠨ ᠢᠶᠠᠨ ᠲᠥᠪᠯᠡᠷᠡᠭᠦᠯᠦᠨ ᠮᠡᠷᠭᠡᠵᠢᠯ ᠤᠨ ᠪᠣᠭᠤᠮᠢ ᠶᠢ | ᠰᠢᠪᠲᠤᠯᠬᠤ ᠶᠢᠨ ᠬᠠᠮᠲᠤ ᠰᠦ ᠰᠠᠭᠠᠯᠢ ᠶᠢᠨ ᠦᠢᠯᠡᠰ ᠤᠨ ᠬᠦᠭᠵᠢᠨ ᠮᠠᠨᠳᠣᠯᠲᠠ ᠶᠢᠨ ᠰᠢᠨ᠎ᠡ ᠶᠢ ᠡᠭᠦᠳᠬᠦ ᠦᠷ᠎ᠡ | ᠪᠦᠲᠦᠭᠡᠯ ᠤᠨ ᠬᠤᠪᠢᠷᠠᠭᠤᠯᠤᠯᠲᠠ ᠶᠢ ᠲᠦᠷᠭᠡᠳᠬᠡᠨ ᠪᠡᠶᠡᠯᠡᠭᠦᠯᠬᠦ ᠶᠠᠪᠤᠳᠠᠯ ᠪᠣᠯᠣᠨ᠎ᠠ᠃ | ᠬᠥᠲᠥᠴᠢ ᠠᠵᠤ ᠠᠬᠤᠶᠢᠯᠠᠯ ᠢ ᠪᠣᠵᠠᠭᠠᠶᠢᠷᠠᠭᠤᠯᠬᠤ ᠄ ᠬᠦᠲᠦᠴᠢ ᠠᠵᠤ ᠠᠬᠤᠶᠢᠯᠠᠯ ᠤᠨ ᠠᠵᠤ ᠦᠢᠯᠡᠰ ᠤᠨ | ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠬᠤ ᠶᠢᠨ ᠲᠥᠯᠥᠭᠡ᠂ ᠪᠣᠳᠠᠲᠠᠢ ᠠᠰᠠᠭᠤᠳᠠᠯ ᠢ ᠰᠢᠢᠳᠪᠦᠷᠢᠯᠡᠵᠦ᠂ | ᠠᠵᠤ ᠠᠬᠤᠶᠢᠯᠠᠯ ᠤᠨ ᠰᠤᠯᠠ ᠪᠠᠶᠢᠭ᠎ᠠ ᠦᠢᠯᠡᠳᠪᠦᠷᠢᠯᠡᠯ ᠤᠨ ᠴᠢᠳᠠᠪᠤᠷᠢ ᠶᠢᠨ ᠠᠰᠢᠭᠯᠠᠯᠲᠠ ᠶᠢᠨ ᠨᠣᠷᠮ᠎ᠠ ᠶᠢ | ᠳᠡᠭᠡᠭᠰᠢᠯᠡᠭᠦᠯᠬᠦ ᠪᠠ ᠪᠣᠷᠤᠯᠠᠭᠤᠯᠭ᠎ᠠ ᠮᠠᠭᠤᠲᠠᠢ ᠤᠯᠠᠷᠢᠯ ᠤᠨ ᠰᠦ ᠶᠢᠨ ᠬᠠᠩᠭᠠᠯᠭ᠎ᠠ ᠦᠯᠡᠭᠦᠳᠡᠵᠦ ᠪᠠᠶᠢᠭ᠎ᠠ | ᠠᠰᠠᠭᠤᠳᠠᠯ ᠳᠤ ᠴᠢᠭᠯᠡᠭᠦᠯᠦᠨ᠂ ᠬᠥᠲᠥᠴᠢ ᠠᠵᠤ ᠠᠬᠤᠶᠢᠯᠠᠯ ᠤᠨ ᠲᠦᠭᠦᠬᠡᠢ ᠰᠢᠨ᠎ᠡ ᠰᠦ ᠶᠢᠨ | ᠪᠣᠯᠪᠠᠰᠣᠷᠠᠭᠤᠯᠤᠯᠲᠠ ᠶᠢᠨ ᠬᠡᠮᠵᠢᠶ᠎ᠡ ᠶᠢ ᠨᠡᠮᠡᠭᠳᠡᠭᠦᠯᠬᠦ ᠳᠤ ᠨᠥᠬᠦᠪᠦᠷᠢ ᠥᠭᠬᠦ ᠪᠠ ᠲᠦᠭᠦᠬᠡᠢ ᠰᠢᠨ᠎ᠡ ᠰᠦ ᠶᠢ | ᠲᠠᠯᠬᠠᠳᠠᠬᠤ ᠳᠤ ᠨᠥᠬᠦᠪᠦᠷᠢ ᠥᠭᠬᠦ ᠬᠤᠶᠠᠷ ᠵᠦᠢᠯ ᠤᠨ ᠲᠥᠷᠥ ᠶᠢᠨ ᠪᠣᠳᠣᠯᠭ᠎ᠠ ᠶᠢ ᠲᠣᠭᠲᠠᠭᠠᠭᠰᠠᠨ ᠪᠥᠭᠡᠳ ᠰᠦ | ᠰᠠᠭᠠᠯᠢ ᠶᠢᠨ ᠦᠢᠯᠡᠰ ᠢ ᠬᠥᠭᠵᠢᠭᠦᠯᠬᠦ ᠰᠠᠭᠤᠷᠢ ᠮᠥᠩᠭᠦ ᠪᠠᠶᠢᠭᠤᠯᠬᠤ ᠲᠥᠷᠥ ᠶᠢᠨ ᠪᠣᠳᠣᠯᠭ᠎ᠠ ᠪᠠᠷ ᠳᠠᠮᠵᠢᠭᠤᠯᠤᠨ | ᠰᠦ ᠰᠠᠭᠠᠯᠢ ᠶᠢᠨ ᠠᠵᠤ ᠦᠢᠯᠡᠰ ᠤᠨ ᠬᠡᠯᠬᠢᠶ᠎ᠡ ᠶᠢᠨ ᠲᠠᠯ᠎ᠠ ᠪᠠᠷ ᠬᠢ ᠴᠢᠨᠠᠷ ᠰᠠᠶᠢᠲᠠᠢ ᠬᠥᠲᠥᠴᠢ ᠠᠵᠤ | ᠠᠬᠤᠶᠢᠯᠠᠯ ᠤᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠦᠢᠯᠡᠳᠪᠦᠷᠢᠯᠡᠯ ᠡᠵᠡᠩᠨᠡᠯᠲᠡ ᠶᠢᠨ | ᠶᠠᠪᠤᠴᠠ ᠳᠤ ᠲᠤᠯᠭᠠᠷᠠᠭᠰᠠᠨ ᠪᠡᠯᠡ ᠮᠥᠩᠭᠦ ᠲᠤᠲᠠᠭᠳᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠨ᠎ᠡ ᠃ | ᠡᠭᠦᠨ ᠠᠴᠠ ᠭᠠᠳᠠᠨ᠎ᠠ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠦᠨᠳᠦᠰᠦᠯᠡᠨ᠂ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠵᠢᠯ ᠪᠦᠷᠢ ᠶᠢᠰᠦᠨ | ᠵᠣᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠠᠮᠵᠢᠯᠲᠠ | ᠪᠦᠲᠦᠮᠵᠢ ᠶᠢᠨ ᠦᠨᠡᠯᠡᠨ ᠵᠢᠱᠢᠯᠲᠡ ᠬᠢᠵᠦ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ | ᠪᠥᠬᠦ ᠲᠠᠯ᠎ᠠ ᠪᠠᠷ ᠵᠠᠳᠠᠯᠵᠤ᠂ ᠰᠦ ᠰᠠᠭᠠᠯᠢ ᠶᠢᠨ ᠦᠢᠯᠡᠰ ᠤᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ | ᠲᠡᠭᠦᠯᠳᠡᠷᠵᠢᠭᠦᠯᠬᠦ ᠳᠤ ᠰᠢᠢᠳᠪᠦᠷᠢᠲᠦ ᠪᠣᠳᠣᠯᠭ᠎ᠠ ᠶᠢᠨ ᠦᠨᠳᠦᠰᠦᠯᠡᠯ ᠬᠠᠩᠭᠠᠨ᠎ᠠ᠃ | ᠰᠦ ᠰᠠᠭᠠᠯᠢ ᠶᠢᠨ ᠦᠢᠯᠡᠰ ᠤᠨ ᠬᠦᠭᠵᠢᠨ ᠮᠠᠨᠳᠣᠯᠲᠠ ᠶᠢ ᠠᠬᠢᠭᠤᠯᠬᠤ ᠶᠢᠰᠦᠨ ᠵᠣᠷᠪᠤᠰ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠨᠢ ᠮᠠᠨ ᠤ ᠣᠷᠣᠨ ᠤ ᠪᠥᠬᠦ ᠤᠯᠤᠰ ᠲᠤ ᠰᠦ ᠰᠠᠭᠠᠯᠢ ᠶᠢᠨ ᠦᠢᠯᠡᠰ ᠤᠨ | ᠬᠦᠭᠵᠢᠨ ᠮᠠᠨᠳᠣᠯᠲᠠ ᠶᠢ ᠲᠦᠷᠦᠭᠦᠯᠡᠨ ᠪᠡᠶᠡᠯᠡᠭᠦᠯᠬᠦ ᠳᠤ ᠬᠦᠴᠦᠲᠡᠢ ᠲᠤᠯᠭᠠᠭᠤᠷᠢ ᠬᠠᠩᠭᠠᠬᠤ ᠶᠢ ᠪᠢᠳᠡ ᠢᠲᠡᠭᠡᠵᠦ | ᠪᠠᠶᠢᠨ᠎ᠠ︕ | ᠥᠪᠥᠷ ᠮᠣᠩᠭᠤᠯ ᠤᠨ ᠲᠧᠯᠸᠢᠰ ᠬᠤᠷᠢᠶ᠎ᠠ ᠶᠢᠨ ᠰᠤᠷᠪᠤᠯᠵᠢᠯᠠᠭᠴᠢ᠄ ︽ ᠰᠦ ᠰᠠᠭᠠᠯᠢ ᠶᠢᠨ ᠦᠢᠯᠡᠰ ᠤᠨ | ᠬᠦᠭᠵᠢᠨ ᠮᠠᠨᠳᠣᠯᠲᠠ ᠶᠢ ᠠᠬᠢᠭᠤᠯᠬᠤ ᠶᠢᠰᠦᠨ ᠵᠣᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠳᠤ | ᠳᠤᠷᠠᠳᠤᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠵᠢᠯ ᠪᠦᠷᠢ 1 ᠳ᠋ᠦᠩᠰᠢᠭᠤᠷ | ᠲᠥᠭᠦᠷᠢᠭ ᠤᠨ ᠪᠡᠯᠡ ᠮᠥᠩᠭᠦ ᠲᠣᠬᠢᠷᠠᠭᠤᠯᠤᠨ ᠤᠯᠤᠰ ᠤᠨ ᠰᠦᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ | ᠲᠥᠪ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠭᠤᠣᠯᠳᠠᠭᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠲᠠᠪᠴᠠᠩ ᠤᠨ ᠪᠦᠲᠦᠭᠡᠨ ᠪᠠᠶᠢᠭᠤᠯᠤᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠤᠳᠤᠯᠤᠨ ᠨᠡᠭᠡᠭᠡᠯᠲᠡ᠂ ᠭᠤᠣᠯᠳᠠᠯᠭ᠎ᠠ ᠲᠠᠢ ᠰᠡᠳᠦᠪ ᠤᠨ ᠪᠣᠭᠤᠮᠲᠠ ᠰᠢᠪᠲᠤᠯᠬᠤ ᠳᠤ ᠬᠡᠷᠡᠭᠯᠡᠨ᠎ᠡ ᠭᠡᠵᠡᠢ ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠨᠢ ᠡᠨᠡᠬᠦ ᠠᠷᠭ᠎ᠠ ᠬᠡᠮᠵᠢᠶ᠎ᠡ ᠶᠢᠨ ᠲᠦᠷᠦᠭᠦᠯᠡᠨ ᠬᠢᠬᠦ ᠨᠢᠭᠡᠴᠢ | ᠪᠣᠯᠤᠭᠰᠠᠨ ᠤ ᠬᠤᠪᠢ ᠳᠤ᠂ ᠤᠯᠤᠰ ᠤᠨ ᠰᠦᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ | ᠪᠦᠲᠦᠭᠡᠨ ᠪᠠᠶᠢᠭᠤᠯᠤᠯᠲᠠ ᠶᠢᠨ ᠠᠴᠢ ᠬᠤᠯᠪᠣᠭᠳᠠᠯ᠂ ᠪᠦᠲᠦᠭᠡᠨ ᠪᠠᠶᠢᠭᠤᠯᠤᠯᠲᠠ ᠶᠢᠨ ᠠᠬᠢᠴᠠ ᠵᠢᠴᠢ | ᠢᠷᠡᠭᠡᠳᠦᠢ ᠶᠢᠨ ᠥᠪᠡᠷᠲᠡᠭᠡᠨ ᠵᠠᠰᠠᠬᠤ ᠣᠷᠣᠨ ᠤ ᠰᠦ ᠰᠠᠭᠠᠯᠢ ᠶᠢᠨ ᠦᠢᠯᠡᠰ ᠤᠨ ᠬᠦᠭᠵᠢᠨ ᠮᠠᠨᠳᠣᠯᠲᠠ ᠶᠢ | ᠲᠤᠯᠭᠠᠭᠤᠷᠢᠯᠠᠬᠤ ᠭᠤᠣᠯᠳᠠᠯᠭ᠎ᠠ ᠲᠠᠢ ᠠᠷᠭ᠎ᠠ ᠪᠠᠷᠢᠯ ᠢ ᠲᠥᠬᠦᠮ ᠲᠠᠨᠢᠯᠴᠠᠭᠤᠯᠤᠭᠠᠷᠠᠢ᠃ | ᠶᠠᠩ ᠱᠧᠩ ᠶᠤᠸᠠᠢ᠄ ᠤᠯᠤᠰ ᠤᠨ ᠰᠦᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ | ᠪᠠᠶᠢᠭᠤᠯᠬᠤ ᠨᠢ ᠂ ᠥᠪᠡᠷᠲᠡᠭᠡᠨ ᠵᠠᠰᠠᠬᠤ ᠣᠷᠣᠨ ᠤ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ | ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠬᠦ ᠶᠢᠨ ᠴᠢᠬᠤᠯᠠ ᠠᠷᠭ᠎ᠠ ᠬᠡᠮᠵᠢᠶ᠎ᠡ ᠮᠦᠨ ᠂ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠬᠢᠭᠡᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ | ᠤ ᠵᠥᠪᠳᠡᠯᠴᠡᠬᠦ ᠴᠢᠬᠤᠯᠠ ᠠᠭᠤᠯᠭ᠎ᠠ ᠮᠥᠨ᠂ ᠥᠪᠡᠷᠲᠡᠭᠡᠨ ᠵᠠᠰᠠᠬᠤ ᠣᠷᠣᠨ ᠤ ᠰᠦ ᠰᠠᠭᠠᠯᠢ ᠶᠢᠨ ᠦᠢᠯᠡᠰ ᠤᠨ | ᠰᠢᠨ᠎ᠡ ᠶᠢ ᠡᠭᠦᠳᠬᠦ ᠬᠡᠯᠬᠢᠶᠡᠰᠦ ᠶᠢᠨ ᠪᠠᠶᠢᠷᠢᠰᠢᠭᠤᠯᠤᠯᠲᠠ ᠶᠢᠨ ᠵᠠᠩᠭᠢᠯᠠᠭ᠎ᠠ ᠶᠢᠨ ᠨᠢᠭᠡ ᠭᠤᠭᠴᠤᠭ᠎ᠠ ᠮᠥᠨ᠂ ᠡᠨᠡ | ᠨᠢ ᠰᠦᠨ ᠦᠢᠯᠡᠰ ᠤᠨ ᠰᠢᠨ᠎ᠡ ᠶᠢ ᠡᠭᠦᠳᠬᠦ ᠠᠮᠢ ᠠᠬᠤᠢ ᠶᠢ ᠪᠣᠶ ᠪᠣᠯᠭᠠᠬᠤ᠂ ᠰᠦᠨ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠲᠤᠯᠭᠠᠭᠤᠷᠢᠯᠠᠬᠤ᠂ ᠤᠯᠤᠰ ᠤᠨ ᠠᠵᠤ ᠦᠢᠯᠡᠰ ᠤᠨ ᠥᠷᠢᠰᠦᠯᠳᠦᠬᠦ ᠬᠦᠴᠦᠨ ᠢ | ᠳᠡᠭᠡᠭᠰᠢᠯᠡᠭᠦᠯᠬᠦ ᠳᠤ ᠴᠢᠬᠤᠯᠠ ᠪᠣᠳᠠᠲᠤ ᠠᠴᠢ ᠬᠤᠯᠪᠣᠭᠳᠠᠯ ᠲᠠᠢ ᠶᠤᠮ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠰᠦᠨ ᠦᠢᠯᠡᠰ ᠤᠨ | ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠡᠭᠦᠳᠦᠨ ᠪᠠᠶᠢᠭᠤᠯᠬᠤ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠠᠵᠢᠯ ᠤᠨ ᠲᠤᠰᠬᠠᠢ ᠠᠩᠭᠢ ᠪᠠᠶᠢᠭᠤᠯᠤᠨ᠂ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠰᠤᠳᠤᠯᠤᠨ | ᠪᠠᠶᠢᠷᠢᠯᠠᠭᠤᠯᠵᠤ᠂ ᠣᠯᠠᠨ ᠤᠳᠠᠭ᠎ᠠ ᠲᠣᠬᠢᠷᠠᠭᠤᠯᠤᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠰᠬᠠᠢ ᠪᠡᠯᠡ ᠮᠥᠩᠭᠦ ᠶᠢ 2020 ︱ 2021 | ᠣᠨ ᠳᠤ ᠨᠢᠭᠡᠨᠲᠡ ᠬᠤᠶᠠᠷ ᠵᠢᠯ ᠳᠠᠷᠠᠭᠠᠯᠠᠨ 8000 ᠲᠦᠮᠡᠨ ᠲᠥᠭᠦᠷᠢᠭ ᠳᠡᠮᠵᠢᠵᠦ᠂ ᠰᠢᠨ᠎ᠡ ᠶᠢ ᠡᠭᠦᠳᠬᠦ | ᠴᠢᠳᠠᠪᠤᠷᠢ ᠶᠢᠨ ᠪᠠᠶᠢᠭᠤᠯᠤᠯᠲᠠ ᠳᠤ ᠬᠡᠷᠡᠭᠯᠡᠪᠡ᠃ 2022 ᠣᠨ ᠤ 1 ᠰᠠᠷ᠎ᠠ ᠶᠢᠨ 15 ᠤ ᠡᠳᠦᠷ ᠤᠯᠤᠰ ᠤᠨ | ᠰᠦᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠶᠠᠮᠤᠨ ᠤ ᠴᠣᠬᠤᠯᠠᠪᠤᠷᠢ ᠶᠢ ᠣᠯᠵᠠᠢ᠃ ᠰᠢᠨ᠎ᠡ ᠪᠠᠷ ᠨᠡᠶᠢᠲᠡᠯᠡᠭᠰᠡᠨ ︽ᠥᠪᠡᠷᠲᠡᠭᠡᠨ ᠵᠠᠰᠠᠬᠤ ᠣᠷᠣᠨ ᠤ ᠰᠦ | ᠰᠠᠭᠠᠯᠢ ᠶᠢᠨ ᠦᠢᠯᠡᠰ ᠤᠨ ᠬᠦᠭᠵᠢᠨ ᠮᠠᠨᠳᠣᠯᠲᠠ ᠶᠢ ᠠᠬᠢᠭᠤᠯᠬᠤ ᠶᠢᠰᠦᠨ ᠵᠣᠷᠪᠤᠰ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ︾ ᠳᠤ ᠳᠡᠮᠵᠢᠬᠦ ᠪᠡᠯᠡ ᠮᠥᠩᠭᠦ ᠶᠢᠨ ᠲᠤᠭ᠎ᠠ ᠬᠡᠮᠵᠢᠶ᠎ᠡ ᠶᠢ ᠵᠢᠯ ᠪᠦᠷᠢ 1 ᠳ᠋ᠦᠩᠰᠢᠭᠤᠷ ᠲᠥᠭᠦᠷᠢᠭ | ᠪᠣᠯᠲᠠᠯ᠎ᠠ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠰᠦᠨ ᠦᠢᠯᠡᠰ ᠤᠨ | ᠰᠢᠨ᠎ᠡ ᠶᠢ ᠡᠭᠦᠳᠬᠦ᠂ ᠰᠦ ᠰᠠᠭᠠᠯᠢ ᠶᠢᠨ ᠦᠢᠯᠡᠰ ᠤᠨ ᠬᠦᠭᠵᠢᠨ ᠮᠠᠨᠳᠣᠯᠲᠠ ᠶᠢ ᠲᠤᠯᠭᠠᠭᠤᠷᠢᠯᠠᠬᠤ ᠡᠷᠡᠰ ᠵᠣᠷᠢᠭ ᠢ | ᠭᠦᠢᠴᠡᠳ ᠢᠯᠡᠷᠡᠭᠦᠯᠪᠡ᠃ | ᠣᠳᠣᠬᠠᠨ ᠳᠤ ᠰᠦᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠦᠲᠦᠭᠡᠨ | ᠪᠠᠶᠢᠭᠤᠯᠤᠯᠲᠠ ᠶᠢᠨ ᠠᠵᠢᠯ ᠶᠠᠭ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃ ᠴᠠᠭᠠᠨ ᠢᠳᠡᠭᠡᠨ ᠤ ᠦᠢᠯᠡᠰ ᠤᠨ | ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠶᠡᠷᠦᠩᠬᠡᠢ ᠬᠡᠯᠲᠡᠰ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ | 2021 ᠣᠨ ᠤ 5 ᠰᠠᠷ᠎ᠠ ᠳᠤ ᠬᠥᠬᠡᠬᠤᠲᠠ ᠶᠢᠨ ᠢᠯᠢ ᠣᠶᠤᠨᠲᠤ ᠡᠷᠡᠭᠦᠯ ᠮᠡᠨᠳᠦ ᠶᠢᠨ ᠬᠥᠨᠳᠡᠢ ᠳᠤ ᠡᠬᠢᠯᠡᠨ | ᠪᠠᠶᠢᠭᠤᠯᠵᠤ᠂ 2022 ᠣᠨ ᠳᠤ ᠭᠤᠣᠯ ᠴᠣᠭᠴᠠᠲᠤ ᠢᠨᠵᠧᠨᠧᠷᠢᠩ ᠢ ᠳᠠᠭᠤᠰᠬᠠᠵᠤ᠂ 2023 ᠣᠨ ᠤ 6 | ᠰᠠᠷ᠎ᠠ ᠳᠤ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠣᠶ᠃ ᠰᠦᠨ ᠦᠢᠯᠡᠰ ᠤᠨ ᠰᠢᠨ᠎ᠡ ᠶᠢ ᠡᠭᠦᠳᠬᠦ | ᠲᠥᠪ ᠤᠨ ᠲᠦᠷᠦᠭᠦᠯᠡᠨ ᠪᠠᠶᠢᠭᠤᠯᠤᠭᠰᠠᠨ ᠨᠢᠭᠡᠴᠢ ᠶᠢᠨ ᠥᠪᠥᠷ ᠮᠣᠩᠭᠤᠯ ᠤᠨ ᠰᠦᠨ ᠦᠢᠯᠡᠰ ᠤᠨ ᠮᠡᠷᠭᠡᠵᠢᠯ ᠤᠨ | ᠰᠤᠳᠤᠯᠭᠠᠨ ᠤ ᠬᠦᠷᠢᠶᠡᠯᠡᠩ ᠨᠢ ᠢᠯᠢ ᠪᠦᠯᠦᠭᠯᠡᠯ᠂ ᠰᠠᠨ ᠶᠤᠸᠠᠨ ᠢᠳᠡᠭᠡᠨ ᠤ ᠵᠦᠢᠯ᠂ ᠳᠤᠮᠳᠠᠳᠤ ᠤᠯᠤᠰ ᠤᠨ | ᠲᠠᠷᠢᠶᠠᠯᠠᠩ ᠤᠨ ᠶᠡᠭᠡ ᠰᠤᠷᠭᠠᠭᠤᠯᠢ᠂ ᠵᠡᠭᠦᠨ ᠬᠤᠶᠢᠲᠤ ᠶᠢᠨ ᠲᠠᠷᠢᠶᠠᠯᠠᠩ ᠤᠨ ᠶᠡᠭᠡ ᠰᠤᠷᠭᠠᠭᠤᠯᠢ ᠪᠣᠯᠣᠨ | ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠵᠡᠷᠭᠡ 38 ᠨᠢᠭᠡᠴᠢ ᠲᠠᠢ ᠬᠠᠮᠲᠤᠷᠠᠯᠴᠠᠭᠠᠨ ᠤ ᠬᠡᠯᠡᠯᠴᠡᠭᠡᠷ | ᠲᠣᠭᠲᠠᠪᠠ᠃ ᠮᠡᠷᠭᠡᠵᠢᠯ ᠤᠨ ᠬᠦᠷᠢᠶᠡᠨ ᠤ ᠪᠠᠶᠢᠷᠢᠰᠢᠯ ᠪᠠ ᠰᠢᠨ᠎ᠡ ᠶᠢ ᠡᠭᠦᠳᠬᠦ ᠬᠡᠯᠬᠢᠶ᠎ᠡ ᠪᠠᠷ ᠨᠡᠯᠢᠶᠡᠳ ᠪᠦᠷᠢᠨ | ᠪᠦᠲᠦᠨ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠠᠭᠤᠰᠤᠯᠴᠠᠭᠰᠠᠨ | ᠪᠦᠯᠬᠦᠮ ᠨᠡᠶᠢᠲᠡ ᠶᠢ ᠪᠦᠷᠢᠯᠳᠦᠭᠦᠯᠵᠦ᠂ ᠣᠷᠣᠨ ᠵᠠᠢ ᠶᠢᠨ ᠲᠠᠷᠬᠠᠯᠲᠠ ᠨᠢ ᠵᠦᠢ ᠵᠣᠬᠢᠰᠲᠠᠢ᠂ ᠳᠡᠯᠡᠬᠡᠢ ᠳᠡᠭᠡᠷᠡᠬᠢ | ᠨᠥᠯᠥᠭᠡᠯᠡᠬᠦ ᠬᠦᠴᠦᠨ ᠪᠠ ᠥᠷᠢᠰᠦᠯᠳᠦᠬᠦ ᠬᠦᠴᠦᠨ ᠲᠠᠢ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ | ᠡᠷᠭᠢᠯᠲᠡ ᠳᠤ ᠵᠣᠬᠢᠴᠠᠭᠰᠠᠨ ᠤᠯᠤᠰ ᠤᠨ ᠰᠦᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠰᠦᠯᠵᠢᠶᠡᠵᠢᠭᠰᠡᠨ | ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠪᠠ᠃ ᠬᠤᠶᠠᠷ ᠵᠢᠯ ᠤᠨ ᠲᠤᠷᠰᠢ ᠨᠡᠶᠢᠲᠡ 26 ᠵᠦᠢᠯ ᠤᠨ ᠰᠢᠨᠵᠢᠯᠡᠬᠦ | ᠤᠬᠠᠭᠠᠨ ᠤ ᠰᠤᠳᠤᠯᠭᠠᠨ ᠤ ᠲᠦᠷᠦᠯ ᠵᠦᠢᠯ ᠢ ᠥᠷᠨᠢᠭᠦᠯᠵᠦ ᠂ ᠨᠢᠭᠡ ᠪᠦᠯᠦᠭ ᠲᠥᠯᠥᠭᠡᠯᠡᠬᠦ ᠴᠢᠨᠠᠷᠲᠠᠢ | ᠵᠠᠩᠭᠢᠯᠠᠭ᠎ᠠ ᠶᠢᠨ ᠮᠡᠷᠭᠡᠵᠢᠯ ᠤᠨ ᠦᠷ᠎ᠡ ᠪᠦᠲᠦᠭᠡᠯ ᠢ ᠣᠯᠵᠠᠢ ᠃ ᠵᠢᠱᠢᠶᠡᠯᠡᠪᠡᠯ ᠄ ᠤᠯᠤᠰ ᠤᠨ ᠳᠣᠲᠣᠭᠠᠳᠤ ᠶᠢᠨ | ᠬᠡᠪᠴᠢᠶ᠎ᠡ ᠪᠠᠷ ᠬᠠᠮᠤᠭ ᠤᠨ ᠶᠡᠭᠡ ᠰᠠᠭᠠᠯᠢ ᠶᠢᠨ ᠦᠨᠢᠶᠡᠨ ᠤ ᠪᠡᠯᠭᠡ ᠶᠢᠨ ᠡᠵᠡᠮᠰᠢᠯᠳᠦ ᠬᠦᠪᠦᠷᠡᠯ ᠤᠨ | ᠢᠨᠵᠧᠨᠧᠷᠢᠩ ᠤᠨ ᠲᠥᠪ ᠢ ᠪᠠᠶᠢᠭᠤᠯᠵᠤ ᠂ ᠤᠯᠤᠰ ᠤᠨ ᠳᠣᠲᠣᠭᠠᠳᠤ ᠶᠢᠨ ᠰᠠᠭᠠᠯᠢ ᠶᠢᠨ ᠦᠨᠢᠶᠡᠨ ᠤ ᠪᠡᠶ᠎ᠡ ᠶᠢᠨ | ᠭᠠᠳᠠᠨᠠᠬᠢ ᠬᠦᠪᠦᠷᠡᠯ ᠤᠨ ᠦᠢᠯᠡᠳᠪᠦᠷᠢᠯᠡᠯ ᠤᠨ ᠮᠡᠷᠭᠡᠵᠢᠯ ᠤᠨ ᠪᠣᠭᠤᠮᠢ ᠶᠢ ᠰᠢᠪᠲᠤᠯᠵᠤ ᠂ ᠤᠯᠤᠰ ᠤᠨ ᠴᠢᠨᠠᠷ | ᠰᠠᠶᠢᠲᠠᠢ ᠥᠳᠬᠡᠷᠡᠭᠦᠯᠦᠭᠰᠡᠨ ᠰᠢᠷᠠᠰᠤ ᠶᠢᠨ ᠤᠭᠤᠷᠠᠭ ᠢ ᠪᠣᠯᠪᠠᠰᠤᠷᠠᠭᠤᠯᠬᠤ ᠮᠡᠷᠭᠡᠵᠢᠯ ᠢ ᠡᠵᠡᠮᠰᠢᠵᠦ᠂ | ᠭᠠᠳᠠᠭᠠᠳᠤ ᠶᠢᠨ ᠮᠡᠷᠭᠡᠵᠢᠯ ᠤᠨ ᠭᠠᠭᠴᠠᠭᠠᠷ ᠡᠵᠡᠮᠰᠢᠯ ᠢ ᠡᠪᠳᠡᠭᠰᠡᠨ ᠵᠡᠷᠭᠡ ᠪᠣᠯᠣᠨ᠎ᠠ᠃ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦ ᠰᠠᠭᠠᠯᠢ ᠶᠢᠨ ᠦᠢᠯᠡᠰ ᠤᠨ ᠬᠦᠭᠵᠢᠨ | ᠮᠠᠨᠳᠣᠯᠲᠠ ᠶᠢ ᠠᠬᠢᠭᠤᠯᠬᠤ ᠶᠢᠰᠦᠨ ᠵᠣᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠶᠢ | ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠲᠢᠩᠬᠢᠮ ᠠᠴᠠ ︽ᠤᠯᠤᠰ ᠤᠨ ᠰᠦᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ | ᠲᠥᠪ ᠤᠨ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠰᠤᠳᠤᠯᠤᠨ ᠨᠡᠭᠡᠭᠡᠬᠦ | ᠲᠥᠷᠥᠯᠵᠦ᠋ᠢᠯ ᠤᠨ ᠬᠡᠷᠡᠭᠵᠢᠭᠦᠯᠬᠦ ᠨᠠᠷᠢᠨ ᠳᠦᠷᠢᠮ︾ ᠢ ᠲᠤᠭᠲᠠᠭᠠᠪᠠ᠃ ᠲᠠᠷᠠᠭᠠᠴᠢ ᠶᠢᠨ ᠠᠯᠬᠤᠮ ᠳᠤ᠂ ᠪᠢᠳᠡ | ᠤᠯᠤᠰ ᠤᠨ ᠳᠣᠲᠣᠭᠠᠳᠤ ᠶᠢᠨ ᠲᠡᠷᠢᠭᠦᠨ ᠤ ᠬᠠᠷᠠᠯᠲᠠ᠂ ᠳᠡᠯᠡᠬᠡᠢ ᠶᠢᠨ ᠲᠡᠷᠢᠭᠦᠨ ᠤ ᠬᠠᠷᠠᠯᠲᠠ ᠪᠠ ᠪᠠᠶᠢᠷᠢ | ᠲᠣᠭᠲᠠᠭᠠᠯᠲᠠ ᠶᠢ ᠢᠯᠡᠳᠬᠡᠬᠦ ᠳᠤ ᠪᠠᠨ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠰᠠᠶᠢᠲᠤᠷ ᠠᠳᠬᠤᠵᠤ᠂ ᠪᠥᠬᠦ | ᠣᠷᠣᠨ ᠤ ᠬᠦᠴᠦᠨ ᠢ ᠳᠠᠶᠢᠴᠢᠯᠠᠨ᠂ ᠡᠯ᠎ᠡ ᠲᠠᠯ᠎ᠠ ᠶᠢᠨ ᠣᠶᠤᠨ ᠤᠬᠠᠭᠠᠨ ᠢ ᠬᠤᠷᠠᠮᠳᠤᠭᠤᠯᠵᠤ᠂ ᠤᠯᠤᠰ ᠤᠨ ᠰᠦᠨ | ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠦᠲᠦᠭᠡᠨ ᠪᠠᠶᠢᠭᠤᠯᠤᠯᠲᠠ ᠶᠢ ᠥᠨᠳᠥᠷ ᠬᠢᠷᠢ | ᠲᠦᠪᠰᠢᠨ᠂ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠢ ᠲᠦᠯᠬᠢᠨ ᠠᠬᠢᠭᠤᠯᠤᠨ᠎ᠠ᠃ | ᠨᠢᠭᠡ ᠳᠤ ᠥᠪᠡᠷᠲᠡᠭᠡᠨ ᠵᠠᠰᠠᠬᠤ ᠣᠷᠣᠨ ᠠᠴᠠ ᠨᠢᠭᠡᠳᠦᠯᠲᠡᠢ ᠲᠥᠯᠥᠪᠯᠡᠭᠰᠡᠨ᠂ ᠬᠥᠬᠡᠬᠤᠲᠠ ᠪᠠᠷ | ᠭᠤᠣᠯᠯᠠᠭᠤᠯᠤᠭᠰᠠᠨ᠂ ᠤᠯᠤᠰ ᠤᠨ ᠰᠦᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠠᠴᠠ | ᠬᠡᠷᠡᠭᠵᠢᠭᠦᠯᠬᠦ ᠲᠥᠷᠥᠯ ᠵᠦᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠲᠣᠭᠲᠠᠴᠠ ᠶᠢ ᠪᠠᠶᠢᠭᠤᠯᠤᠨ᠎ᠠ ᠃ ᠤᠯᠤᠰ ᠤᠨ | ᠴᠠᠭᠠᠨ ᠢᠳᠡᠭᠡᠨ ᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠭᠤᠣᠯ ᠴᠣᠭᠴᠠ ᠶᠢᠨ | ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ ᠤ ᠴᠣᠬᠤᠯᠠᠪᠤᠷᠢᠯᠠᠨ | ᠬᠠᠷᠢᠭᠤᠯᠤᠭᠰᠠᠨ ︽ᠤᠯᠤᠰ ᠤᠨ ᠴᠠᠭᠠᠨ ᠢᠳᠡᠭᠡᠨ ᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ | ᠪᠦᠲᠦᠭᠡᠨ ᠪᠠᠶᠢᠭᠤᠯᠤᠯᠲᠠ ᠶᠢᠨ ᠲᠥᠰᠥᠯ︾ ᠶᠣᠰᠣᠭᠠᠷ ᠲᠦᠷᠦᠯ ᠵᠦᠢᠯ ᠢᠶᠠᠨ ᠰᠢᠯᠢᠳᠡᠭᠵᠢᠭᠦᠯᠵᠦ ᠂ ᠣᠨ ᠤ | ︽ᠤᠯᠤᠰ ᠤᠨ ᠴᠠᠭᠠᠨ ᠢᠳᠡᠭᠡᠨ ᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠦᠲᠦᠭᠡᠨ | ᠪᠠᠶᠢᠭᠤᠯᠤᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠬᠤ ᠲᠥᠰᠥᠯ︾ ᠢ ᠳᠤᠷᠠᠳᠤᠨ | ᠭᠠᠷᠭᠠᠨ᠎ᠠ᠃ ᠬᠥᠬᠡᠬᠤᠲᠠ ᠶᠢᠨ ᠬᠢᠨᠠᠯᠲᠠ ᠵᠢᠯᠣᠭᠤᠳᠤᠯᠭ᠎ᠠ ᠪᠠ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠢᠶᠠᠷ ᠬᠢᠨᠠᠨ ᠲᠤᠭᠲᠠᠭᠠᠯᠭᠠᠬᠤ ᠪᠠᠷ | ᠳᠠᠮᠵᠢᠭᠠᠳ ᠂ ᠳᠠᠩᠰᠠᠯᠠᠭᠤᠯᠤᠭᠰᠠᠨ ᠤ ᠳᠠᠷᠠᠭ᠎ᠠ᠂ ᠲᠥᠷᠥᠯ ᠵᠦᠢᠯ᠂ ᠰᠡᠳᠦᠪ ᠤᠨ ᠬᠡᠷᠡᠭᠵᠢᠭᠦᠯᠦᠯᠲᠡ᠂ | ᠬᠠᠮᠢᠶᠠᠷᠤᠯᠲᠠ ᠵᠡᠷᠭᠡ ᠠᠵᠢᠯ ᠢ ᠥᠷᠨᠢᠭᠦᠯᠦᠨ᠎ᠡ᠃ | ᠬᠤᠶᠠᠷ ᠲᠤ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ | ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠲᠦᠷᠭᠡᠳᠬᠡᠨ᠎ᠡ ᠃ | ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠪᠣᠯᠣᠨ ᠠᠵᠤ ᠦᠢᠯᠡᠰ ᠤᠨ ᠴᠢᠬᠤᠯᠠ ᠶᠡᠭᠡ ᠠᠰᠠᠭᠤᠳᠠᠯ ᠳᠤ | ᠬᠠᠨᠳᠤᠭᠤᠯᠤᠨ᠂ ᠡᠬᠢ ᠡᠭᠦᠰᠦᠯ ᠠᠴᠠ ᠨᠢ ᠰᠢᠨ᠎ᠡ ᠶᠢ ᠡᠭᠦᠳᠬᠦ ᠪᠠ ᠭᠤᠣᠯ ᠵᠠᠩᠭᠢᠯᠠᠭ᠎ᠠ ᠶᠢᠨ ᠮᠡᠷᠭᠡᠵᠢᠯ ᠤᠨ | ᠪᠣᠭᠤᠮᠲᠠ ᠰᠢᠪᠲᠤᠯᠬᠤ ᠠᠵᠢᠯ ᠢ ᠴᠢᠩᠭᠠᠳᠬᠠᠵᠤ᠂ ︽ᠵᠠᠷᠯᠠᠨ ᠮᠠᠩᠯᠠᠶᠢᠯᠠᠭᠤᠯᠬᠤ︾᠂ ︽ᠮᠣᠷᠢ ᠤᠷᠤᠯᠳᠤᠬᠤ | ᠳᠦᠷᠢᠮ︾ ᠵᠡᠷᠭᠡ ᠰᠢᠨ᠎ᠡ ᠬᠡᠯᠪᠡᠷᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠵᠣᠬᠢᠶᠠᠨ ᠪᠠᠶᠢᠭᠤᠯᠤᠯᠲᠠ ᠶᠢᠨ | ᠬᠡᠯᠪᠡᠷᠢ ᠪᠠᠷ ᠰᠠᠭᠠᠯᠢ ᠶᠢᠨ ᠦᠨᠢᠶ᠎ᠡ ᠶᠢ ᠦᠷᠡᠵᠢᠭᠦᠯᠦᠨ ᠪᠣᠶᠢᠵᠢᠭᠤᠯᠬᠤ ᠪᠠ ᠲᠡᠵᠢᠭᠡᠨ ᠦᠷᠡᠵᠢᠭᠦᠯᠬᠦ᠂ ᠰᠢᠮ᠎ᠡ | ᠲᠡᠵᠢᠭᠡᠯ ᠪᠠ ᠡᠷᠡᠭᠦᠯ ᠮᠡᠨᠳᠦ᠂ ᠴᠠᠭᠠᠨ ᠢᠳᠡᠭᠡᠨ ᠤ ᠭᠠᠷ ᠤᠷᠠᠯᠠᠯ ᠤᠨ ᠮᠡᠷᠭᠡᠵᠢᠯ ᠪᠠ ᠲᠣᠨᠤᠭ ᠲᠥᠬᠦᠭᠡᠷᠦᠮᠵᠢ᠂ | ᠴᠠᠭᠠᠨ ᠢᠳᠡᠭᠡᠨ ᠤ ᠠᠮᠤᠷ ᠲᠦᠪᠰᠢᠨ ᠪᠠ ᠶᠠᠰᠤ ᠴᠢᠨᠠᠷ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ᠂ ᠨᠢᠭᠡ | ᠪᠦᠯᠦᠭ ᠠᠵᠤ ᠦᠢᠯᠡᠰ ᠤᠨ ᠵᠠᠩᠭᠢᠯᠠᠭ᠎ᠠ ᠶᠢᠨ ᠨᠡᠶᠢᠲᠡᠴᠢ ᠴᠢᠨᠠᠷᠲᠠᠢ ᠮᠡᠷᠭᠡᠵᠢᠯ ᠤᠨ ᠪᠡᠷᠬᠡ ᠰᠡᠳᠦᠪ ᠢ ᠲᠥᠪᠯᠡᠷᠡᠭᠦᠯᠦᠨ | ᠰᠢᠢᠳᠪᠦᠷᠢᠯᠡᠵᠦ᠂ ᠨᠢᠭᠡ ᠪᠦᠯᠦᠭ ᠤᠯᠤᠰ ᠤᠨ ᠳᠣᠲᠣᠭᠠᠳᠤ ᠭᠠᠳᠠᠭᠠᠳᠤ ᠶᠢᠨ ᠲᠡᠷᠢᠭᠦᠨ ᠤ ᠦᠷ᠎ᠡ ᠪᠦᠲᠦᠭᠡᠯ ᠢ | ᠬᠤᠪᠢᠷᠠᠭᠤᠯᠤᠨ᠂ ᠠᠵᠢᠯ ᠲᠥᠷᠥᠯ ᠤᠨ ᠠᠵᠤ ᠠᠬᠤᠶᠢᠯᠠᠯ ᠳᠤ ᠪᠥᠬᠦ ᠲᠠᠯ᠎ᠠ ᠶᠢᠨ᠂ ᠣᠯᠠᠨ ᠡᠰᠢᠵᠢᠭᠰᠡᠨ | ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠴᠢᠯᠡᠭᠡ ᠪᠠ ᠰᠢᠰᠲ᠋ᠧᠮᠵᠢᠭᠦᠯᠦᠨ ᠰᠢᠢᠳᠪᠦᠷᠢᠯᠡᠬᠦ ᠲᠥᠰᠥᠯ ᠢ ᠬᠠᠩᠭᠠᠵᠤ᠂ | ᠰᠦᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠨ ᠳᠠᠭᠠᠭᠤᠯᠤᠨ᠎ᠠ᠃ | ᠭᠤᠷᠪᠠ ᠳᠤ ᠪᠠᠶᠢᠭᠤᠯᠤᠯ ᠲᠣᠭᠲᠠᠴᠠ ᠶᠢ ᠬᠠᠶᠢᠨ ᠰᠦᠪᠡᠭᠴᠢᠯᠡᠬᠦ ᠪᠠ ᠰᠢᠨ᠎ᠡ ᠶᠢ ᠡᠭᠦᠳᠬᠦ ᠡᠷᠴᠢᠮ ᠢ | ᠴᠢᠩᠭᠠᠷᠠᠭᠤᠯᠤᠨ᠎ᠠ ᠃ ᠤᠯᠤᠰ ᠤᠨ ᠰᠦᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠨᠢ ᠤᠯᠤᠰ ᠤᠨ | ᠳᠣᠲᠣᠭᠠᠳᠤ ᠭᠠᠳᠠᠭᠠᠳᠤ ᠶᠢᠨ ᠠᠵᠢᠯ ᠲᠥᠷᠥᠯ ᠤᠨ ᠬᠦᠷᠢᠶᠡᠨ ᠳᠠᠬᠢ ᠳᠠᠪᠠᠭᠤᠯᠢᠭ ᠨᠢᠭᠡᠴᠢ ᠯᠦᠭᠡ ᠰᠢᠨ᠎ᠡ ᠶᠢ | ᠡᠭᠦᠳᠬᠦ ᠬᠤᠯᠪᠣᠭᠠᠲᠤ ᠴᠣᠭᠴᠠ ᠶᠢ ᠵᠣᠬᠢᠶᠠᠨ ᠪᠠᠶᠢᠭᠤᠯᠵᠤ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ | ᠤᠬᠠᠭᠠᠨ ᠤ ᠰᠤᠳᠤᠯᠭᠠᠨ ᠤ ᠬᠠᠮᠲᠤᠷᠠᠯᠴᠠᠭ᠎ᠠ ᠶᠢ ᠥᠷᠨᠢᠭᠦᠯᠦᠨ᠂ ︽ᠰᠦᠯᠵᠢᠶᠡᠨ ᠳᠡᠭᠡᠷ᠎ᠡ + ᠰᠦᠯᠵᠢᠶᠡᠨ | ᠭᠠᠳᠠᠨ᠎ᠠ︾ ᠣᠯᠠᠨ ᠲᠠᠯ᠎ᠠ ᠶᠢᠨ ᠡᠬᠢ ᠪᠠᠶᠠᠯᠢᠭ ᠢ ᠣᠷᠭᠠᠨᠢᠭ ᠢᠶᠠᠷ ᠤᠶᠠᠯᠳᠤᠭᠤᠯᠤᠭᠰᠠᠨ᠂ ᠥᠨᠳᠥᠷ ᠦᠷ᠎ᠡ | ᠪᠦᠲᠦᠮᠵᠢᠲᠡᠶ ᠬᠠᠮᠵᠢᠯᠴᠠᠭᠰᠠᠨ ᠰᠢᠨ᠎ᠡ ᠶᠢ ᠡᠭᠦᠳᠬᠦ ᠲᠣᠣᠷ ᠰᠦᠯᠵᠢᠶ᠎ᠡ ᠶᠢ ᠪᠠᠶᠢᠭᠤᠯᠬᠤ ᠶᠢ ᠵᠣᠷᠢᠭᠵᠢᠭᠤᠯᠤᠨ᠎ᠠ᠃ | ᠲᠥᠷᠥ ᠶᠢᠨ ᠪᠣᠳᠣᠯᠭ᠎ᠠ ᠶᠢ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠬᠤ ᠶᠢ ᠴᠢᠬᠤᠯᠠᠴᠢᠯᠠᠵᠤ᠂ ᠤᠯᠤᠰ ᠤᠨ | ᠰᠦᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠲᠤ ᠪᠦᠷᠢᠨ ᠭᠦᠢᠴᠡᠳ ᠡᠵᠡᠨ ᠮᠡᠳᠡᠬᠦ ᠡᠷᠬᠡ | ᠣᠯᠭᠤᠵᠤ᠂ ᠮᠡᠷᠭᠡᠵᠢᠯ ᠤᠨ ᠵᠠᠮ ᠱᠤᠭᠤᠮ ᠢ ᠲᠣᠬᠢᠷᠠᠭᠤᠯᠬᠤ᠂ ᠵᠠᠷᠤᠳᠠᠯ ᠢ ᠬᠡᠷᠡᠭᠯᠡᠬᠦ ᠵᠡᠷᠭᠡ ᠡᠷᠬᠡ ᠮᠡᠳᠡᠯ ᠢ ᠪᠥᠬᠦ | ᠲᠠᠯ᠎ᠠ ᠪᠠᠷ ᠳᠣᠷᠣᠭᠰᠢ ᠪᠠᠭᠤᠯᠭᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠤ ᠰᠢᠨ᠎ᠡ ᠶᠢ ᠡᠭᠦᠳᠬᠦ | ᠠᠮᠢᠵᠢᠷᠠᠯ ᠤᠨ ᠬᠦᠴᠦᠨ ᠢ ᠭᠦᠢᠴᠡᠳ ᠪᠠᠳᠠᠷᠠᠭᠤᠯᠤᠨ᠂ ᠴᠢᠳᠠᠪᠤᠷᠢᠲᠠᠨ ᠢ ᠬᠠᠮᠲᠤᠪᠠᠷ ᠭᠥᠷᠳᠡᠬᠦ᠂ ᠵᠠᠷᠤᠳᠠᠯ ᠢ | ᠬᠠᠮᠲᠤᠪᠠᠷ ᠭᠥᠷᠳᠡᠬᠦ᠂ ᠦᠷ᠎ᠡ ᠪᠦᠲᠦᠭᠡᠯ ᠢ ᠬᠠᠮᠲᠤᠪᠠᠷ ᠭᠥᠷᠳᠡᠬᠦ ᠦᠢᠯᠡᠴᠢᠯᠡᠭᠡᠨ ᠤ ᠠᠵᠤ ᠦᠢᠯᠡᠰ ᠤᠨ | ᠬᠥᠭᠵᠢᠯᠲᠡ ᠪᠠᠷ ᠳᠠᠮᠵᠢᠭᠤᠯᠤᠨ᠂ ᠰᠦᠨ ᠦᠢᠯᠡᠰ ᠤᠨ ᠰᠢᠨ᠎ᠡ ᠶᠢ ᠡᠭᠦᠳᠬᠦ ᠰᠢᠰᠲ᠋ᠧᠮᠵᠢ ᠶᠢᠨ ᠪᠦᠬᠦᠯᠢ | ᠴᠣᠭᠴᠠ ᠶᠢᠨ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠎ᠡ᠃ | ᠳᠤᠮᠳᠠᠳᠤ ᠤᠯᠤᠰ ᠤᠨ ᠢᠳᠡᠭᠡᠨ ᠤ ᠠᠮᠤᠷ ᠲᠦᠪᠰᠢᠨ ᠤ ᠰᠣᠨᠢᠨ ᠤ ᠰᠤᠷᠪᠤᠯᠵᠢᠯᠠᠭᠴᠢ᠄ ᠥᠪᠡᠷᠲᠡᠭᠡᠨ | ᠵᠠᠰᠠᠬᠤ ᠣᠷᠣᠨ ᠤ ᠴᠠᠭᠠᠨ ᠢᠳᠡᠭᠡ ᠪᠣᠯᠪᠠᠰᠤᠷᠠᠭᠤᠯᠬᠤ ᠬᠥᠲᠥᠴᠢ ᠠᠵᠤ ᠠᠬᠤᠶᠢᠯᠠᠯ ᠤᠨ ᠦᠢᠯᠡᠳᠪᠦᠷᠢᠯᠡᠬᠦ | ᠴᠢᠳᠠᠪᠤᠷᠢ ᠪᠠᠨ ᠪᠦᠲᠦᠮᠵᠢᠲᠡᠶ ᠪᠠᠳᠠᠷᠠᠭᠤᠯᠬᠤ ᠶᠢ ᠳᠡᠮᠵᠢᠬᠦ ᠲᠠᠯ᠎ᠠ ᠪᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠠᠪᠬᠤ ᠪᠣᠶ︖ | | ᠶᠠᠩ ᠰᠢᠶᠣᠣ ᠲᠢᠶᠠᠨ᠄ ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠤ ᠴᠠᠭᠠᠨ ᠢᠳᠡᠭᠡ | ᠪᠣᠯᠪᠠᠰᠤᠷᠠᠭᠤᠯᠬᠤ ᠬᠥᠲᠥᠴᠢ ᠠᠵᠤ ᠠᠬᠤᠶᠢᠯᠠᠯ ᠤᠨ ᠦᠢᠯᠡᠳᠪᠦᠷᠢᠯᠡᠯ ᠤᠨ ᠴᠢᠳᠠᠪᠤᠷᠢ ᠶᠢᠨ ᠪᠠᠳᠠᠷᠠᠭᠤᠯᠤᠯᠲᠠ | ᠬᠦᠷᠦᠯᠴᠡᠬᠦ ᠦᠭᠡᠢ ᠪᠠᠶᠢᠬᠤ ᠶᠢᠨ ᠭᠤᠣᠯ ᠰᠢᠯᠲᠠᠭᠠᠨ ᠪᠣᠯ ᠪᠣᠯᠪᠠᠰᠤᠷᠠᠭᠤᠯᠬᠤ ᠴᠢᠳᠠᠪᠤᠷᠢ ᠬᠢᠭᠡᠳ ᠰᠦ ᠰᠠᠭᠠᠯᠢ ᠶᠢᠨ | ᠢᠷᠡᠯᠲᠡ ᠶᠢᠨ ᠬᠠᠩᠭᠠᠯᠭ᠎ᠠ ᠶᠢᠨ ᠬᠡᠮᠵᠢᠶ᠎ᠡ ᠵᠣᠬᠢᠴᠠᠯᠳᠤᠬᠤ ᠦᠭᠡᠢ᠂ ᠵᠢᠷᠤᠵᠤ ᠲᠥᠯᠥᠪᠯᠡᠨ ᠪᠣᠯᠪᠠᠰᠤᠷᠠᠭᠤᠯᠬᠤ | ᠴᠢᠳᠠᠪᠤᠷᠢ ᠪᠠᠨ ᠭᠦᠢᠴᠡᠳ ᠪᠠᠳᠠᠷᠠᠭᠤᠯᠵᠤ ᠳᠡᠶᠢᠯᠬᠦ ᠦᠭᠡᠢ ᠪᠠᠶᠢᠵᠤ ᠂ ᠦᠢᠯᠡᠳᠪᠦᠷᠢᠯᠡᠯ ᠤᠨ ᠴᠢᠳᠠᠪᠤᠷᠢ ᠶᠢ ᠰᠤᠯᠠ | ᠪᠠᠶᠢᠯᠭᠠᠬᠤ ᠨᠢ ᠨᠢᠭᠡᠨᠲᠡ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠬᠢᠵᠠᠭᠠᠷᠯᠠᠬᠤ ᠪᠣᠭᠤᠮᠢ ᠶᠢᠨ | ᠠᠰᠠᠭᠤᠳᠠᠯ ᠪᠣᠯᠤᠭᠰᠠᠨ ᠠᠴᠠ ᠪᠣᠯᠵᠠᠢ᠃ ᠠᠵᠤ ᠠᠬᠤᠶᠢᠯᠠᠯ ᠤᠨ ᠰᠤᠯᠠ ᠪᠠᠶᠢᠭ᠎ᠠ ᠦᠢᠯᠡᠳᠪᠦᠷᠢᠯᠡᠬᠦ ᠴᠢᠳᠠᠪᠤᠷᠢ ᠪᠠᠨ | ᠪᠦᠲᠦᠮᠵᠢᠲᠡᠶ ᠠᠰᠢᠭᠯᠠᠬᠤ ᠶᠢ ᠳᠡᠮᠵᠢᠬᠦ ᠶᠢᠨ ᠲᠤᠰᠠᠳᠠ᠂ ᠰᠦ ᠰᠠᠭᠠᠯᠢ ᠶᠢᠨ ᠦᠢᠯᠡᠰ ᠤᠨ ᠬᠦᠭᠵᠢᠨ ᠮᠠᠨᠳᠣᠯᠲᠠ ᠶᠢ | ᠠᠬᠢᠭᠤᠯᠬᠤ ᠶᠢᠰᠦᠨ ᠵᠤᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠭᠤᠷᠪᠠᠳᠤᠭᠠᠷ ᠵᠦᠢᠯ ᠳᠤ | ᠲᠣᠳᠣᠷᠬᠠᠢ ᠲᠣᠭᠲᠠᠭᠠᠭᠰᠠᠨ ᠨᠢ᠂ 2022 ᠣᠨ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠳᠣᠲᠣᠷᠠᠬᠢ | ᠴᠠᠭᠠᠨ ᠢᠳᠡᠭᠡ ᠪᠤᠯᠪᠠᠰᠤᠷᠠᠭᠤᠯᠬᠤ ᠬᠥᠲᠥᠴᠢ ᠠᠵᠤ ᠠᠬᠤᠶᠢᠯᠠᠯ ᠤᠨ ᠵᠢᠯ ᠪᠦᠷᠢ ᠶᠢᠨ ᠲᠦᠭᠦᠬᠡᠢ ᠰᠢᠨ᠎ᠡ ᠰᠦ ᠶᠢᠨ | ᠪᠣᠯᠪᠠᠰᠤᠷᠠᠭᠤᠯᠤᠯᠲᠠ ᠶᠢᠨ ᠬᠡᠮᠵᠢᠶ᠎ᠡ ᠶᠢ ᠨᠡᠮᠡᠭᠳᠡᠭᠦᠯᠬᠦ ᠳᠤ ᠵᠢᠯ ᠢᠶᠠᠷ ᠨᠥᠬᠦᠪᠦᠷᠢ ᠥᠭᠴᠦ᠂ ᠰᠦ ᠰᠠᠭᠠᠯᠢ ᠶᠢᠨ | ᠢᠷᠡᠯᠲᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ᠂ ᠠᠵᠤ ᠠᠬᠤᠶᠢᠯᠠᠯ ᠤᠨ | ᠦᠢᠯᠡᠳᠪᠦᠷᠢᠯᠡᠬᠦ ᠴᠢᠳᠠᠪᠤᠷᠢ ᠶᠢᠨ ᠳᠠᠪᠠᠭᠤᠯᠢᠭ ᠢ ᠪᠠᠳᠠᠷᠠᠭᠤᠯᠬᠤ᠂ ᠪᠣᠯᠪᠠᠰᠤᠷᠠᠭᠤᠯᠤᠨ ᠬᠤᠪᠢᠷᠠᠭᠤᠯᠬᠤ ᠴᠢᠳᠠᠪᠤᠷᠢ ᠶᠢ | ᠳᠡᠭᠡᠭᠰᠢᠯᠡᠭᠦᠯᠬᠦ ᠳᠤ ᠬᠡᠷᠡᠭᠯᠡᠨ᠎ᠡ ᠭᠡᠪᠡ ᠃ | ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠪᠠᠲᠤᠯᠠᠬᠤ ᠶᠢᠨ ᠲᠤᠰᠠᠳᠠ ᠂ | ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠣᠯᠣᠨ ᠮᠡᠳᠡᠭᠡ ᠵᠠᠩᠭᠢᠵᠢᠯᠲᠠ ᠶᠢᠨ ᠲᠢᠩᠬᠢᠮ ᠠᠴᠠ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠦᠭᠦᠬᠡᠢ ᠰᠢᠨ᠎ᠡ ᠰᠦ ᠶᠢᠨ ᠪᠣᠯᠪᠠᠰᠤᠷᠠᠭᠤᠯᠤᠯᠲᠠ ᠶᠢᠨ | ᠨᠡᠮᠡᠭᠳᠡᠯ ᠤᠨ ᠨᠥᠬᠦᠪᠦᠷᠢ ᠶᠢᠨ ᠬᠡᠷᠡᠭᠵᠢᠭᠦᠯᠬᠦ ᠨᠠᠷᠢᠨ ᠳᠦᠷᠢᠮ︾ ᠢ ᠲᠣᠭᠲᠠᠭᠠᠵᠤ᠂ ᠲᠦᠭᠦᠬᠡᠢ ᠰᠢᠨ᠎ᠡ ᠰᠦ ᠶᠢᠨ | ᠪᠣᠯᠪᠠᠰᠤᠷᠠᠭᠤᠯᠤᠯᠲᠠ ᠶᠢᠨ ᠨᠡᠮᠡᠭᠳᠡᠯ ᠤᠨ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠳᠤ | ᠴᠢᠭᠯᠡᠭᠦᠯᠦᠨ ᠨᠠᠷᠢᠯᠢᠭᠵᠢᠭᠤᠯᠬᠤ ᠱᠠᠭᠠᠷᠳᠠᠯᠭ᠎ᠠ ᠭᠠᠷᠭᠠᠪᠠ᠄ ᠮᠠᠨ ᠤ ᠣᠷᠣᠨ ᠳᠤ ᠳᠠᠩᠰᠠᠯᠠᠭᠤᠯᠤᠭᠰᠠᠨ᠂ ︽ᠴᠠᠭᠠᠨ | ᠢᠳᠡᠭᠡᠨ ᠤ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ︾ ᠢ ᠨᠢᠭᠡᠨᠲᠡ ᠣᠯᠣᠭᠰᠠᠨ ᠤᠯᠤᠰ ᠪᠤᠶᠤ | ᠥᠪᠡᠷᠲᠡᠭᠡᠨ ᠵᠠᠰᠠᠬᠤ ᠣᠷᠣᠨ ᠤ ᠳᠡᠰ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ | ᠬᠦᠲᠦᠴᠢ ᠠᠵᠤ ᠠᠬᠤᠶᠢᠯᠠᠯ ᠳᠤ ᠳᠡᠮᠵᠢᠯᠭᠡ ᠦᠵᠡᠭᠦᠯᠵᠦ᠂ ᠬᠡᠰᠡᠭ ᠬᠥᠲᠥᠴᠢ ᠠᠵᠤ ᠠᠬᠤᠶᠢᠯᠠᠯ ᠳᠤ ᠣᠯᠠᠨ | ᠲᠤᠰᠠᠭᠠᠷ ᠲᠣᠭᠠᠴᠠᠭ᠎ᠠ ᠬᠢᠬᠦ ᠬᠤᠪᠢᠶᠠᠷᠢ ᠺᠣᠮᠫᠠᠨᠢ ᠣᠷᠣᠰᠢᠵᠤ ᠪᠠᠶᠢᠬᠤ ᠪᠠᠶᠢᠳᠠᠯ ᠢ ᠪᠣᠳᠣᠯᠬᠢᠯᠠᠨ᠂ ᠬᠤᠪᠢᠶᠠᠷᠢ | ᠺᠣᠮᠫᠠᠨᠢ ᠶᠢ ᠴᠤ ᠪᠠᠭᠲᠠᠭᠠᠵᠤ᠂ ᠠᠳᠠᠯᠢ ᠨᠢᠭᠡ ᠠᠶᠢᠮᠠᠭ ᠬᠤᠲᠠ ᠶᠢᠨ ᠣᠷᠣᠨ ᠪᠦᠰᠡ ᠶᠢᠨ ᠳᠣᠲᠣᠷ᠎ᠠ᠂ ᠠᠳᠠᠯᠢ ᠨᠢᠭᠡ | ᠡᠬᠡ ᠺᠣᠮᠫᠠᠨᠢ ᠳᠤ ᠬᠠᠷᠢᠶᠠᠯᠠᠭᠳᠠᠬᠤ ᠣᠯᠠᠨ ᠠᠵᠤ ᠠᠬᠤᠶᠢᠯᠠᠯ ᠨᠢ ᠨᠢᠭᠡ ᠺᠣᠮᠫᠠᠨᠢ ᠶᠢ ᠵᠢᠭᠠᠨ ᠲᠣᠭᠲᠠᠭᠠᠵᠤ | ᠳᠠᠭᠠᠭᠤᠯᠤᠨ ᠨᠡᠶᠢᠯᠡᠭᠦᠯᠵᠦ ᠳᠡᠭᠡᠭᠰᠢ ᠮᠡᠳᠡᠭᠦᠯᠵᠦ ᠪᠣᠯᠣᠨ᠎ᠠ᠂ ᠢᠩᠭᠢᠪᠡᠯ ᠭᠤᠶᠤᠴᠢᠯᠠᠨ ᠮᠡᠳᠡᠭᠦᠯᠬᠦ ᠲᠠᠰ ᠳᠠᠷᠠᠭᠠᠯᠠᠯ ᠢ | ᠳᠥᠭᠦᠮᠴᠢᠯᠡᠵᠦ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠲᠥᠬᠦᠮ ᠦᠵᠡᠭᠦᠯᠦᠨ᠎ᠡ᠃ ᠨᠥᠬᠦᠪᠦᠷᠢ | ᠥᠭᠬᠦ ᠠᠷᠭ᠎ᠠ ᠮᠠᠶ᠋ᠢᠭ ᠲᠤ ᠬᠡᠷᠡᠭ ᠤᠨ ᠳᠠᠷᠠᠭ᠎ᠠ ᠨᠥᠬᠦᠪᠦᠷᠢ ᠥᠭᠬᠦ ᠠᠷᠭ᠎ᠠ ᠶᠢ ᠠᠪᠴᠤ᠂ 2022 ᠣᠨ ᠠᠴᠠ | 2025 ᠣᠨ ᠪᠣᠯᠲᠠᠯ᠎ᠠ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠴᠠᠭᠠᠨ ᠢᠳᠡᠭᠡ ᠪᠤᠯᠪᠠᠰᠤᠷᠠᠭᠤᠯᠬᠤ | ᠬᠥᠲᠥᠴᠢ ᠠᠵᠤ ᠠᠬᠤᠶᠢᠯᠠᠯ ᠤᠨ ᠵᠢᠯ ᠪᠦᠷᠢ ᠶᠢᠨ ᠲᠦᠭᠦᠬᠡᠢ ᠰᠢᠨ᠎ᠡ ᠰᠦ ᠶᠢᠨ ᠪᠣᠯᠪᠠᠰᠤᠷᠠᠭᠤᠯᠤᠯᠲᠠ ᠶᠢᠨ | ᠨᠡᠮᠡᠭᠳᠡᠯ ᠤᠨ ᠬᠡᠮᠵᠢᠶ᠎ᠡ ᠳᠤ ᠵᠢᠯ ᠢᠶᠠᠷ ᠨᠥᠬᠦᠪᠦᠷᠢ ᠥᠭᠭᠦᠨ᠎ᠡ᠃ ᠨᠥᠬᠦᠪᠦᠷᠢ ᠶᠢᠨ ᠪᠠᠷᠢᠮᠵᠢᠶ᠎ᠠ ᠶᠢ ᠠᠵᠤ | ᠠᠬᠤᠶᠢᠯᠠᠯ ᠤᠨ ᠳᠡᠭᠡᠷ᠎ᠡ ᠵᠢᠯ ᠤᠨ ᠲᠦᠭᠦᠬᠡᠢ ᠰᠢᠨ᠎ᠡ ᠰᠦ ᠶᠢᠨ ᠪᠣᠯᠪᠠᠰᠤᠷᠠᠭᠤᠯᠤᠯᠲᠠ ᠶᠢᠨ ᠬᠡᠮᠵᠢᠶ᠎ᠡ ᠪᠠᠷ ᠰᠠᠭᠤᠷᠢ | ᠲᠤᠭ᠎ᠠ ᠪᠣᠯᠭᠠᠨ ᠂ 1 ᠲᠣᠨ ᠲᠦᠭᠦᠬᠡᠢ ᠰᠢᠨ᠎ᠡ ᠰᠦ ᠶᠢᠨ ᠪᠣᠯᠪᠠᠰᠤᠷᠠᠭᠤᠯᠤᠯᠲᠠ ᠶᠢᠨ ᠬᠡᠮᠵᠢᠶ᠎ᠡ ᠶᠢ ᠨᠡᠮᠡᠭᠳᠡᠭᠦᠯᠬᠦ | ᠪᠦᠷᠢ 200 ᠲᠥᠭᠦᠷᠢᠭ ᠤᠨ ᠨᠥᠬᠦᠪᠦᠷᠢ ᠣᠯᠭᠤᠨ᠎ᠠ ᠃ ᠨᠥᠬᠦᠪᠦᠷᠢ ᠥᠭᠬᠦ ᠳᠡᠰ ᠳᠠᠷᠠᠭᠠᠯᠠᠯ ᠪᠣᠯ ᠭᠤᠶᠤᠴᠢᠯᠠᠨ | ᠮᠡᠳᠡᠭᠦᠯᠬᠦ ᠠᠵᠤ ᠠᠬᠤᠶᠢᠯᠠᠯ ᠨᠢ ᠳᠠᠷᠠᠭ᠎ᠠ ᠵᠢᠯ ᠤᠨ 1 ᠳ᠋ᠦ᠋ᠭᠡᠷ ᠰᠠᠷ᠎ᠠ ᠠᠴᠠ ᠡᠬᠢᠯᠡᠨ ᠭᠤᠶᠤᠴᠢᠯᠠᠨ ᠮᠡᠳᠡᠭᠦᠯᠬᠦ | ᠮᠠᠲ᠋ᠧᠷᠢᠶᠠᠯ ᠢᠶᠠᠨ ᠳᠡᠭᠡᠭᠰᠢ ᠮᠡᠳᠡᠭᠦᠯᠵᠦ ᠂ ᠪᠠᠶᠢᠭ᠎ᠠ ᠬᠤᠰᠢᠭᠤ ᠰᠢᠶᠠᠨ ᠂ ᠠᠶᠢᠮᠠᠭ ᠬᠤᠳᠠ ᠶᠢᠨ ᠠᠵᠤ ᠦᠢᠯᠡᠳᠪᠦᠷᠢ | ᠪᠠ ᠮᠡᠳᠡᠭᠡ ᠵᠠᠩᠭᠢᠵᠢᠯᠲᠠ ᠶᠢᠨ ᠰᠠᠯᠠᠭ᠎ᠠ ᠮᠥᠴᠢᠷ ᠢᠶᠠᠷ ᠱᠠᠲᠤ ᠳᠠᠷᠠᠭᠠᠯᠠᠨ ᠬᠢᠨᠠᠭᠤᠯᠤᠭᠰᠠᠨ ᠤ ᠲᠠᠷᠠᠭ᠎ᠠ ᠂ | ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠳᠤ ᠮᠡᠳᠡᠭᠦᠯᠦᠨ | ᠬᠦᠷᠭᠡᠨ᠎ᠡ᠃ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠢᠩᠬᠢᠮ ᠨᠢ ᠠᠶᠢᠮᠠᠭ ᠬᠤᠲᠠ ᠶᠢᠨ ᠳᠡᠭᠡᠭᠰᠢ | ᠮᠡᠳᠡᠭᠦᠯᠦᠭᠰᠡᠨ ᠠᠵᠤ ᠠᠬᠤᠶᠢᠯᠠᠯ ᠤᠨ ᠮᠠᠲ᠋ᠧᠷᠢᠶᠠᠯ ᠢ ᠬᠢᠨᠠᠨ ᠲᠣᠭᠲᠠᠭᠠᠵᠤ ᠦᠨᠡᠮᠰᠢᠬᠦ ᠶᠢᠨ ᠬᠠᠮᠲᠤ ᠦᠨᠡᠮᠰᠢᠭᠰᠡᠨ | ᠦᠷ᠎ᠡ ᠳ᠋ᠦᠩ ᠢ ᠢᠯᠡ ᠨᠡᠶᠢᠲᠡᠯᠡᠵᠦ᠂ ᠣᠨᠳᠣᠣ ᠰᠠᠨᠠᠯ ᠦᠭᠡᠢ ᠪᠣᠯ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠲᠢᠩᠬᠢᠮ ᠳᠤ ᠮᠡᠳᠡᠭᠦᠯᠦᠨ᠎ᠡ᠃ ᠠᠶᠢᠮᠠᠭ ᠬᠤᠳᠠ ᠶᠢᠨ ᠡᠭᠦᠷᠭᠡᠯᠡᠵᠦ ᠪᠦᠬᠦᠢ 50% ᠶᠢᠨ | ᠨᠥᠬᠦᠪᠦᠷᠢ ᠶᠢᠨ ᠪᠡᠯᠡ ᠮᠥᠩᠭᠦ ᠶᠢ ᠠᠶᠢᠮᠠᠭ ᠬᠤᠳᠠ ᠶᠢᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠰᠠᠯᠠᠭ᠎ᠠ | ᠮᠥᠴᠢᠷ ᠠᠴᠠ ᠲᠤᠰ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠦᠨ ᠤᠷᠢᠳᠠᠪᠠᠷ ᠪᠠᠭᠤᠯᠭᠠᠵᠤ ᠂ | ᠥᠪᠡᠷᠲᠡᠭᠡᠨ ᠵᠠᠰᠠᠬᠤ ᠣᠷᠣᠨ ᠤ ᠡᠭᠦᠷᠭᠡᠯᠡᠵᠦ ᠪᠦᠬᠦᠢ 50% ᠶᠢᠨ ᠨᠥᠬᠦᠪᠦᠷᠢ ᠶᠢᠨ ᠪᠡᠯᠡ ᠮᠥᠩᠭᠦ ᠶᠢ | ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢᠨ ᠲᠤᠰᠬᠠᠢ ᠵᠦᠢᠯ ᠤᠨ | ᠪᠡᠯᠡ ᠮᠥᠩᠭᠦ ᠶᠢᠨ ᠳᠣᠲᠣᠷ᠎ᠠ ᠠᠴᠠ ᠭᠠᠷᠭᠠᠨ᠎ᠠ ᠃ | ᠲᠠᠷᠠᠭᠠᠴᠢ ᠶᠢᠨ ᠠᠯᠬᠤᠮ ᠳᠤ᠂ ᠪᠢᠳᠡ ᠠᠵᠤ ᠠᠬᠤᠶᠢᠯᠠᠯ ᠤᠨ ᠦᠢᠯᠡᠳᠪᠦᠷᠢᠯᠡᠬᠦ ᠴᠢᠳᠠᠪᠤᠷᠢ ᠶᠢ ᠪᠠᠳᠠᠷᠠᠭᠤᠯᠬᠤ | ᠲᠠᠯ᠎ᠠ ᠪᠠᠷ ᠳᠣᠣᠷᠠᠬᠢ ᠠᠵᠢᠯ ᠤᠳ ᠢ ᠭᠤᠣᠯᠳᠠᠯᠭ᠎ᠠ ᠲᠠᠢ ᠠᠬᠢᠭᠤᠯᠤᠨ᠎ᠠ᠄ | ᠨᠢᠭᠡ ᠳᠤ ᠪᠥᠬᠦ ᠣᠷᠣᠨ ᠤ ᠴᠠᠭᠠᠨ ᠢᠳᠡᠭᠡ ᠪᠣᠯᠪᠠᠰᠤᠷᠠᠭᠤᠯᠬᠤ ᠠᠵᠢᠯ ᠲᠥᠷᠥᠯ ᠤᠨ ᠪᠠᠶᠢᠴᠠᠭᠠᠨ | ᠰᠤᠳᠤᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ ᠂ ᠡᠯ᠎ᠡ ᠠᠶᠢᠮᠠᠭ ᠬᠤᠳᠠ ᠶᠢᠨ ᠴᠠᠭᠠᠨ ᠢᠳᠡᠭᠡᠨ ᠤ ᠦᠢᠯᠡᠰ ᠢ | ᠬᠥᠭᠵᠢᠭᠦᠯᠦᠨ ᠮᠠᠨᠳᠤᠭᠤᠯᠬᠤ ᠲᠥᠷᠥ ᠶᠢᠨ ᠪᠣᠳᠣᠯᠭ᠎ᠠ ᠶᠢ ᠲᠦᠯᠬᠢᠨ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ | ᠠᠰᠠᠭᠤᠳᠠᠯ ᠪᠣᠯᠣᠨ ᠰᠠᠨᠠᠯ ᠰᠠᠨᠠᠭᠤᠯᠭ᠎ᠠ ᠶᠢ ᠭᠤᠣᠯᠳᠠᠯᠭ᠎ᠠ ᠲᠠᠢ ᠣᠶᠢᠯᠠᠭᠠᠵᠤ ᠂ ᠠᠵᠤ ᠠᠬᠤᠶᠢᠯᠠᠯ ᠢ ᠬᠠᠪᠰᠤᠷᠤᠨ | ᠬᠢᠵᠢᠭ ᠤᠨ ᠪᠠᠶᠢᠳᠠᠯ ᠠᠴᠠ ᠪᠣᠯᠤᠭᠰᠠᠨ ᠠᠰᠢᠭ ᠦᠭᠡᠢ ᠨᠥᠯᠥᠭᠡ ᠶᠢ ᠨᠢ ᠲᠡᠪᠴᠢᠭᠦᠯᠵᠦ ᠂ ᠠᠵᠤ ᠠᠬᠤᠶᠢᠯᠠᠯ ᠤᠨ | ᠲᠥᠷᠥᠯ ᠵᠦᠢᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠵᠣᠬᠢᠴᠠᠭᠤᠯᠤᠨ ᠲᠦᠯᠬᠢᠨ | ᠠᠬᠢᠭᠤᠯᠤᠨ᠎ᠠ ᠃ | ᠬᠤᠶᠠᠷ ᠲᠤ ᠡᠳ᠋ ᠤᠨ ᠵᠠᠰᠠᠭ ᠤᠨ ᠪᠡᠯᠡ ᠮᠥᠩᠭᠦ ᠶᠢᠨ ᠬᠥᠲᠥᠯᠥᠨ ᠵᠢᠯᠤᠭᠤᠳᠬᠤ ᠦᠢᠯᠡᠳᠦᠯ ᠢ | ᠪᠠᠳᠠᠷᠠᠭᠤᠯᠵᠤ᠂ ᠴᠠᠭᠠᠨ ᠢᠳᠡᠭᠡ ᠪᠣᠯᠪᠠᠰᠤᠷᠠᠭᠤᠯᠬᠤ ᠠᠵᠤ ᠠᠬᠤᠶᠢᠯᠠᠯ ᠤᠨ ᠲᠣᠭᠠᠴᠢᠯᠠᠭᠰᠠᠨ ᠮᠡᠷᠭᠡᠵᠢᠯ ᠢ ᠠᠰᠢᠭᠯᠠᠨ | ᠤᠯᠠᠮᠵᠢᠯᠠᠯᠲᠤ ᠭᠠᠷ ᠤᠷᠠᠯᠠᠯ ᠤᠨ ᠲᠣᠨᠤᠭ ᠲᠥᠬᠦᠭᠡᠷᠦᠮᠵᠢ ᠶᠢ ᠥᠭᠡᠷᠡᠴᠢᠯᠡᠨ ᠳᠡᠭᠡᠭᠰᠢᠯᠡᠭᠦᠯᠬᠦ ᠶᠢ ᠳᠡᠮᠵᠢᠵᠦ᠂ | ᠣᠶᠤᠨᠴᠢ ᠦᠶᠯᠡᠳᠬᠦ᠂ ᠪᠣᠬᠢᠷᠳᠤᠯ ᠦᠭᠡᠢ ᠦᠶᠯᠡᠳᠬᠦ ᠪᠠ 5G + ᠠᠵᠤ ᠦᠢᠯᠡᠳᠪᠦᠷᠢ ᠶᠢᠨ ᠢᠨᠲ᠋ᠧᠷ | ᠰᠦᠯᠵᠢᠶ᠎ᠡ ᠶᠢ ᠬᠥᠭᠵᠢᠭᠦᠯᠵᠦ᠂ ᠦᠢᠯᠡᠳᠪᠦᠷᠢᠯᠡᠯ ᠤᠨ ᠦᠢᠯᠡᠳᠦᠯ ᠴᠢᠳᠠᠪᠤᠷᠢ ᠪᠠ ᠦᠢᠯᠡᠳᠬᠦᠨ ᠤ ᠶᠠᠰᠤ ᠴᠢᠨᠠᠷ ᠢ | ᠳᠡᠭᠡᠭᠰᠢᠯᠡᠭᠦᠯᠦᠨ᠎ᠡ᠃ | ᠭᠤᠷᠪᠠ ᠳᠤ ᠰᠠᠯᠠᠭ᠎ᠠ ᠮᠥᠴᠢᠷ ᠤᠨ ᠵᠤᠬᠢᠴᠠᠭᠤᠯᠭ᠎ᠠ ᠵᠤᠯᠭᠠᠯᠴᠠᠭ᠎ᠠ ᠶᠢ ᠴᠢᠩᠭᠠᠳᠬᠠᠵᠤ᠂ ᠥᠪᠡᠷᠲᠡᠭᠡᠨ | ᠵᠠᠰᠠᠬᠤ ᠣᠷᠣᠨ ᠤ ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠬᠠᠮᠲᠤᠷᠠᠭᠰᠠᠨ ᠬᠤᠷᠠᠯ ᠤᠨ | ᠲᠣᠭᠲᠠᠴᠠ ᠳᠤ ᠲᠦᠰᠢᠭᠯᠡᠨ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠵᠣᠯᠭᠠᠯᠴᠠᠭᠤᠯᠵᠤ ᠂ ᠰᠦ ᠰᠠᠭᠠᠯᠢ ᠶᠢᠨ ᠦᠢᠯᠡᠰ ᠤᠨ ᠬᠦᠭᠵᠢᠨ ᠮᠠᠨᠳᠣᠯᠲᠠ ᠶᠢ ᠳᠡᠮᠵᠢᠬᠦ ᠡᠯ᠎ᠡ ᠵᠦᠢᠯ ᠤᠨ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠵᠣᠬᠢᠴᠠᠭᠤᠯᠤᠨ ᠠᠬᠢᠭᠤᠯᠤᠨ᠎ᠠ᠃ | ᠫᠧᠩ ᠫᠠᠢ ᠰᠣᠨᠢᠨ ᠮᠡᠳᠡᠭᠡᠨ ᠤ ᠰᠤᠷᠪᠤᠯᠵᠢᠯᠠᠭᠴᠢ ᠄ ᠰᠦ ᠰᠠᠭᠠᠯᠢ ᠶᠢᠨ ᠦᠢᠯᠡᠰ ᠤᠨ ᠬᠦᠭᠵᠢᠨ | ᠮᠠᠨᠳᠣᠯᠲᠠ ᠶᠢᠨ ᠲᠤᠬᠠᠢ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠥᠪᠡᠷᠲᠡᠭᠡᠨ ᠵᠠᠰᠠᠬᠤ ᠣᠷᠣᠨ ᠤ ᠰᠦ | ᠰᠠᠭᠠᠯᠢ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠂ ᠪᠦᠬᠦ ᠤᠯᠤᠰ ᠲᠤ ᠰᠦ ᠰᠠᠭᠠᠯᠢ ᠶᠢᠨ | ᠦᠢᠯᠡᠰ ᠤᠨ ᠬᠦᠭᠵᠢᠨ ᠮᠠᠨᠳᠣᠯᠲᠠ ᠶᠢ ᠲᠦᠷᠦᠭᠦᠯᠡᠨ ᠪᠡᠶᠡᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠠᠴᠠ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦ | ᠰᠠᠭᠠᠯᠢ ᠶᠢᠨ ᠦᠢᠯᠡᠰ ᠤᠨ ᠬᠦᠭᠵᠢᠨ ᠮᠠᠨᠳᠣᠯᠲᠠ ᠶᠢ ᠠᠬᠢᠭᠤᠯᠬᠤ ᠶᠢᠰᠦᠨ ᠵᠤᠷᠪᠤᠰ ᠲᠦᠷᠦ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ︾ ᠶᠢ ᠨᠡᠶᠢᠲᠡᠯᠡᠪᠡ ᠃ ᠰᠦ ᠰᠠᠭᠠᠯᠢ ᠶᠢᠨ ᠦᠢᠯᠡᠰ ᠤᠨ ᠬᠥᠭᠵᠢᠯᠲᠡ ᠶᠢ ᠪᠡᠶᠡᠯᠡᠭᠦᠯᠬᠦ ᠳᠤ᠂ | ᠡᠳ᠋ ᠤᠨ ᠵᠠᠰᠠᠭ ᠤᠨ ᠪᠡᠯᠡ ᠮᠥᠩᠭᠦ ᠶᠢᠨ ᠪᠠᠲᠤᠯᠠᠭ᠎ᠠ ᠪᠣᠯ ᠴᠢᠬᠤᠯᠠ ᠪᠦᠬᠦᠢ ᠤᠷᠢᠲᠠᠯ ᠮᠥᠨ᠂ ᠬᠠᠷᠢᠨ ᠰᠢᠨᠵᠢᠯᠡᠬᠦ | ᠤᠬᠠᠭᠠᠨᠴᠢ᠂ ᠵᠦᠢ ᠵᠣᠬᠢᠰᠲᠠᠢ ᠪᠡᠯᠡ ᠮᠥᠩᠭᠦ ᠰᠣᠯᠢᠵᠤ ᠥᠭᠬᠦ ᠲᠠᠰ ᠳᠠᠷᠠᠭᠠᠯᠠᠯ ᠪᠣᠯ ᠪᠡᠯᠡ ᠮᠥᠩᠭᠦ ᠶᠢᠨ | ᠪᠠᠲᠤᠯᠠᠭ᠎ᠠ ᠶᠢᠨ ᠵᠠᠩᠭᠢᠯᠠᠭ᠎ᠠ ᠶᠢᠨ ᠨᠢᠭᠡ ᠭᠤᠭᠴᠤᠭ᠎ᠠ ᠪᠣᠯᠣᠨ᠎ᠠ ᠃ ᠲᠡᠭᠡᠪᠡᠯ᠂ ᠰᠦ ᠰᠠᠭᠠᠯᠢ ᠶᠢᠨ ᠦᠢᠯᠡᠰ ᠤᠨ | ᠬᠦᠭᠵᠢᠨ ᠮᠠᠨᠳᠣᠯᠲᠠ ᠶᠢᠨ ᠶᠢᠰᠦᠨ ᠵᠣᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠳᠤ ᠬᠤᠯᠪᠣᠭᠳᠠᠭᠰᠠᠨ | ᠨᠥᠬᠦᠪᠦᠷᠢ ᠪᠡᠯᠡ ᠮᠥᠩᠭᠦ ᠶᠢ ᠬᠡᠷᠬᠢᠨ ᠴᠤᠭᠯᠠᠭᠤᠯᠵᠤ ᠤᠯᠭᠤᠬᠤ ᠪᠣᠶ︖ | ᠭᠤᠸᠠᠨ ᠢ᠄ ᠡᠩ ᠲᠡᠷᠢᠭᠦᠨ ᠳᠤ᠂ ︽ᠰᠦ ᠰᠠᠭᠠᠯᠢ ᠶᠢᠨ ᠦᠢᠯᠡᠰ ᠤᠨ ᠬᠦᠭᠵᠢᠨ ᠮᠠᠨᠳᠣᠯᠲᠠ ᠶᠢᠨ ᠶᠢᠰᠦᠨ | ᠵᠤᠷᠪᠣᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠦᠯᠬᠢᠨ ᠠᠬᠢᠭᠤᠯᠬᠤ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ᠢ | ᠨᠡᠶᠢᠲᠡᠯᠡᠭᠰᠡᠨ ᠠᠴᠠ ᠨᠠᠭᠠᠰᠢ ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠣᠰ ᠪᠡᠶ᠎ᠡ ᠶᠢᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠳᠤ ᠪᠠᠨ | ᠰᠠᠭᠤᠷᠢᠯᠠᠨ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠂ ᠶᠡᠷᠦᠩᠬᠡᠶᠢᠯᠡᠨ ᠠᠷᠭ᠎ᠠ ᠪᠣᠳᠣᠯᠭ᠎ᠠ | ᠬᠡᠷᠡᠭᠵᠢᠭᠦᠯᠵᠦ᠂ ᠭᠤᠣᠯᠳᠠᠭᠤ ᠳᠣᠣᠷᠠᠬᠢ ᠭᠤᠷᠪᠠᠨ ᠵᠦᠢᠯ ᠤᠨ ᠠᠷᠭ᠎ᠠ ᠮᠠᠶ᠋ᠢᠭ ᠢᠶᠠᠷ ᠪᠡᠯᠡ ᠮᠥᠩᠭᠦ ᠴᠤᠭᠯᠠᠭᠤᠯᠪᠠ᠄ | ᠨᠢᠭᠡ ᠂ ᠲᠥᠰᠥᠪ ᠢ ᠨᠡᠮᠡᠵᠦ ᠣᠷᠣᠭᠤᠯᠤᠨ᠎ᠠ ᠃ ᠣᠳᠣᠬᠠᠨ ᠤ ᠡᠵᠡᠮᠰᠢᠭᠰᠡᠨ ᠪᠠᠶᠢᠳᠠᠯ ᠢ ᠦᠨᠳᠦᠰᠦᠯᠡᠨ᠂ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠲᠥᠰᠥᠪ ᠢ ᠨᠡᠮᠡᠬᠦ ᠲᠠᠰ ᠳᠠᠷᠠᠭᠠᠯᠠᠯ ᠢ ᠲᠡᠷᠡ | ᠳᠠᠷᠤᠢ ᠳᠤ ᠨᠢ ᠡᠬᠢᠯᠡᠭᠦᠯᠵᠦ᠂ 2022 ᠣᠨ ᠳᠤ 5 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠤᠷᠢᠳᠠᠪᠠᠷ | ᠲᠣᠬᠢᠷᠠᠭᠤᠯᠤᠨ ᠲᠥᠷᠥ ᠶᠢᠨ ᠪᠣᠳᠣᠯᠭ᠎ᠠ ᠶᠢᠨ ᠨᠥᠬᠦᠴᠡᠯ ᠢ ᠬᠠᠩᠭᠠᠭᠰᠠᠨ ᠡᠲᠡᠭᠡᠳ ᠲᠤ ᠨᠥᠬᠦᠪᠦᠷᠢ ᠥᠭᠬᠦ ᠶᠢᠨ | ᠬᠠᠮᠲᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠦᠨᠳᠦᠰᠦᠯᠡᠨ ᠨᠥᠬᠦᠪᠦᠷᠢ ᠶᠢᠨ ᠪᠡᠯᠡ | ᠮᠥᠩᠭᠦ ᠶᠢᠨ ᠬᠡᠪᠴᠢᠶ᠎ᠡ ᠳᠤ ᠴᠠᠭ ᠲᠤᠬᠠᠢ ᠳᠤ ᠨᠢ ᠲᠣᠬᠢᠷᠠᠭᠤᠯᠤᠯᠲᠠ ᠬᠢᠬᠦ ᠪᠠᠷ ᠲᠥᠯᠥᠪᠯᠡᠵᠦ ᠪᠣᠶ᠃ ᠠᠩᠬᠠᠨ ᠤ | ᠪᠦᠯᠦᠭ ᠨᠥᠬᠦᠪᠦᠷᠢ ᠶᠢᠨ ᠪᠡᠯᠡ ᠮᠥᠩᠭᠦ ᠶᠢ 4 ᠰᠠᠷ᠎ᠠ ᠶᠢᠨ ᠰᠡᠭᠦᠯᠴᠢ ᠠᠴᠠ ᠡᠮᠦᠨ᠎ᠡ ᠪᠣᠳᠠᠲᠠᠶᠢᠵᠢᠭᠤᠯᠤᠨ᠎ᠠ᠃ | ᠬᠤᠶᠠᠷ ᠂ ᠵᠢᠭᠡᠯᠡᠯᠭᠡ ᠶᠢᠨ ᠲᠡᠮᠳᠡᠭᠲᠦ ᠶᠢᠨ ᠳᠡᠮᠵᠢᠯᠭᠡ ᠃ ᠶᠢᠰᠦᠨ ᠵᠤᠷᠪᠤᠰ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠶᠢᠨ ᠳᠣᠲᠣᠷᠠᠬᠢ ︽ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ ᠬᠡᠷᠡᠭᠯᠡᠨ ᠰᠦ | ᠰᠠᠭᠠᠯᠢ ᠶᠢᠨ ᠦᠢᠯᠡᠰ ᠤᠨ ᠬᠥᠭᠵᠢᠯᠲᠡ ᠶᠢᠨ ᠬᠦᠷᠢᠶᠡᠯᠡᠩ ᠲᠣᠭᠤᠷᠢᠭ ᠢ ᠰᠢᠨ᠎ᠡ ᠪᠠᠷ ᠪᠠᠶᠢᠭᠤᠯᠬᠤ ᠶᠢ ᠳᠡᠮᠵᠢᠬᠦ︾ | ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠬᠤ ᠶᠢᠨ ᠲᠤᠰᠠᠳᠠ᠂ 4 ᠰᠠᠷ᠎ᠠ ᠶᠢᠨ 8 ᠤ ᠡᠳᠦᠷ᠂ ᠮᠠᠨ ᠤ ᠲᠢᠩᠬᠢᠮ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ | ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠲᠠᠢ ᠬᠠᠮᠲᠤᠷᠠᠨ ᠸᠢᠳᠢᠣ᠋ ᠬᠤᠷᠠᠯ ᠤᠨ ᠠᠷᠭ᠎ᠠ ᠪᠠᠷ ᠂ | ᠠᠶᠢᠮᠠᠭ ᠬᠤᠲᠠ᠂ ᠬᠤᠰᠢᠭᠤ ᠰᠢᠶᠠᠨ ᠯᠤᠭ᠎ᠠ ︽ᠨᠢᠭᠡ ᠨᠢᠭᠡ ᠲᠠᠢ ᠬᠠᠷᠠᠭᠠᠯᠵᠠᠭᠤᠯᠬᠤ ︾ ᠲᠥᠷᠥᠯ ᠵᠦᠢᠯ ᠢ | ᠵᠣᠯᠭᠠᠭᠤᠯᠬᠤ ᠠᠵᠢᠯ ᠢ ᠥᠷᠨᠢᠭᠦᠯᠵᠦ᠂ ᠰᠦ ᠰᠠᠭᠠᠯᠢ ᠶᠢᠨ ᠦᠢᠯᠡᠰ ᠤᠨ ᠬᠦᠭᠵᠢᠨ ᠮᠠᠨᠳᠣᠯᠲᠠ ᠶᠢᠨ ᠲᠥᠷᠥᠯ | ᠵᠦᠢᠯ ᠢ ᠡᠮᠬᠢᠯᠡᠨ ᠬᠠᠪᠰᠤᠷᠤᠨ ᠵᠢᠯᠤᠭᠤᠳᠴᠤ᠂ ᠰᠦ ᠰᠠᠭᠠᠯᠢ ᠶᠢᠨ ᠦᠢᠯᠡᠰ ᠤᠨ ᠬᠦᠭᠵᠢᠨ ᠮᠠᠨᠳᠣᠯᠲᠠ ᠶᠢᠨ | ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠢᠯ ᠢ ᠨᠥᠭᠡᠴᠡᠯᠡᠬᠦ ᠠᠵᠢᠯ ᠢ ᠢᠳᠡᠪᠬᠢᠲᠡᠢ ᠥᠷᠨᠢᠭᠦᠯᠵᠦ᠂ ᠲᠤᠰᠬᠠᠢ | ᠵᠦᠢᠯ ᠤᠨ ᠵᠢᠭᠡᠯᠡᠯᠭᠡ ᠶᠢᠨ ᠲᠡᠮᠳᠡᠭᠲᠦ ᠪᠠᠷ ᠰᠦ ᠰᠠᠭᠠᠯᠢ ᠶᠢᠨ ᠦᠢᠯᠡᠰ ᠤᠨ ᠬᠥᠭᠵᠢᠯᠲᠡ ᠶᠢ ᠳᠡᠮᠵᠢᠬᠦ ᠬᠦᠷᠢᠶᠡᠯᠡᠩ | ᠲᠣᠭᠤᠷᠢᠭ ᠤᠨ ᠪᠦᠲᠦᠭᠡᠨ ᠪᠠᠶᠢᠭᠤᠯᠤᠯᠲᠠ ᠳᠤ ᠰᠠᠶᠢᠲᠤᠷ ᠪᠡᠯᠡᠳᠬᠡᠯ ᠬᠢᠪᠡ᠃ | ᠭᠤᠷᠪᠠ ᠂ ᠰᠠᠭᠤᠷᠢ ᠮᠥᠩᠭᠦᠨ ᠤ ᠳᠡᠮᠵᠢᠯᠭᠡ ᠃ ᠮᠠᠨ ᠤ ᠲᠢᠩᠬᠢᠮ ᠠᠴᠠ ᠬᠤᠯᠪᠣᠭᠳᠠᠯ ᠪᠦᠬᠦᠢ ᠰᠠᠯᠠᠭ᠎ᠠ | ᠮᠥᠴᠢᠷ ᠪᠠ ᠠᠵᠤ ᠠᠬᠤᠶᠢᠯᠠᠯ ᠢ ᠣᠯᠠᠨ ᠤᠳᠠᠭ᠎ᠠ ᠵᠣᠬᠢᠶᠠᠨ ᠪᠠᠶᠢᠭᠤᠯᠤᠨ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠰᠤᠳᠤᠯᠵᠤ᠂ ᠢᠯᠢ ᠪᠦᠯᠦᠭᠯᠡᠯ᠂ ᠮᠧᠩ ᠨᠢᠦ ᠪᠦᠯᠦᠭᠯᠡᠯ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ | ᠬᠠᠮᠲᠤ ᠪᠠᠷ ︽ᠥᠪᠥᠷ ᠮᠣᠩᠭᠤᠯ ᠤᠨ ᠰᠦ ᠰᠠᠭᠠᠯᠢ ᠶᠢᠨ ᠦᠢᠯᠡᠰ ᠤᠨ ᠬᠦᠭᠵᠢᠨ ᠮᠠᠨᠳᠣᠯᠲᠠ ᠶᠢᠨ ᠰᠠᠭᠤᠷᠢ | ᠮᠥᠩᠭᠦ︾ ᠶᠢ ᠡᠭᠦᠰᠬᠡᠨ ᠪᠠᠶᠢᠭᠤᠯᠵᠤ᠂ ᠰᠠᠭᠤᠷᠢ ᠮᠥᠩᠭᠦᠨ ᠤ ᠬᠥᠰᠢᠭᠦᠷᠭᠡ ᠶᠢᠨ ᠦᠢᠯᠡᠳᠦᠯ ᠢ ᠭᠦᠢᠴᠡᠳ | ᠪᠠᠳᠠᠷᠠᠭᠤᠯᠤᠨ᠂ ᠮᠥᠩᠭᠦᠨ ᠭᠦᠢᠯᠭᠡᠭᠡᠨ ᠤ ᠬᠥᠷᠥᠩᠭᠡ ᠪᠠ ᠨᠡᠶᠢᠭᠡᠮ ᠤᠨ ᠬᠥᠷᠥᠩᠭᠡ ᠶᠢ ᠰᠦ ᠰᠠᠭᠠᠯᠢ ᠶᠢᠨ | ᠦᠢᠯᠡᠰ ᠤᠨ ᠬᠦᠭᠵᠢᠨ ᠮᠠᠨᠳᠣᠯᠲᠠ ᠶᠢᠨ ᠬᠦᠷᠢᠶᠡᠨ ᠳᠤ ᠲᠡᠳᠡᠨ ᠣᠷᠣᠭᠤᠯᠬᠤ ᠪᠠᠷ ᠲᠥᠯᠥᠪᠯᠡᠵᠦ ᠪᠣᠶ᠃ | ᠳᠠᠷᠠᠭᠠᠯᠠᠪᠠᠯ᠂ ᠰᠦ ᠰᠠᠭᠠᠯᠢ ᠶᠢᠨ ᠦᠢᠯᠡᠰ ᠤᠨ ᠬᠦᠭᠵᠢᠨ ᠮᠠᠨᠳᠣᠯᠲᠠ ᠶᠢᠨ ᠶᠢᠰᠦᠨ ᠵᠣᠷᠪᠣᠰ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠳᠤ ᠬᠤᠯᠪᠣᠭᠳᠠᠭᠰᠠᠨ ᠨᠥᠬᠦᠪᠦᠷᠢ ᠶᠢᠨ ᠪᠡᠯᠡ ᠮᠥᠩᠭᠦ ᠶᠢᠨ ᠨᠦᠬᠦᠪᠦᠷᠢᠯᠡᠬᠦ ᠲᠠᠰ | ᠳᠠᠷᠠᠭᠠᠯᠠᠯ ᠨᠢ ᠠᠵᠤ ᠠᠬᠤᠶᠢᠯᠠᠯ ᠤᠨ ᠭᠤᠶᠤᠴᠢᠯᠠᠯ ᠠᠴᠠ ᠪᠡᠯᠡ ᠮᠥᠩᠭᠦ ᠶᠢ ᠠᠵᠤ ᠠᠬᠤᠶᠢᠯᠠᠯ ᠳᠤ ᠪᠠᠭᠤᠯᠭᠠᠬᠤ | ᠬᠦᠷᠲᠡᠯᠡᠬᠢ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠪᠡᠶᠡᠯᠡᠭᠦᠯᠦᠨ᠎ᠡ ᠂ ᠪᠣᠳᠠᠲᠠᠢ ᠪᠡᠯᠡ ᠮᠥᠩᠭᠦ ᠶᠢ ᠰᠢᠯᠭᠠᠨ | ᠬᠤᠷᠢᠶᠠᠬᠤ ᠂ ᠬᠢᠨᠠᠨ ᠬᠠᠷᠭᠤᠭᠤᠯᠬᠤ᠂ ᠪᠠᠭᠤᠯᠭᠠᠬᠤ ᠠᠯᠬᠤᠮ ᠳᠠᠷᠠᠭ᠎ᠠ ᠨᠢ ᠳᠤᠤᠷᠠᠬᠢ ᠮᠡᠲᠦ ᠄ | ᠨᠢᠭᠡ ᠂ ᠠᠵᠤ ᠠᠬᠤᠶᠢᠯᠠᠯ ᠨᠤᠭᠤᠳ ᠴᠣᠬᠤᠯᠠᠪᠤᠷᠢᠯᠠᠨ ᠬᠠᠷᠢᠭᠤᠯᠤᠭᠰᠠᠨ ᠲᠥᠷᠥᠯ ᠵᠦᠢᠯ ᠤᠨ ᠲᠥᠯᠥᠪᠯᠡᠭᠡ | ᠪᠣᠯᠣᠨ ᠲᠥᠷᠥᠯ ᠵᠦᠢᠯ ᠤᠨ ᠬᠡᠷᠡᠭᠵᠢᠭᠦᠯᠬᠦ ᠲᠥᠰᠥᠯ ᠤᠨ ᠶᠣᠰᠣᠭᠠᠷ ᠂ ᠤᠷᠢᠳᠠᠪᠠᠷ ᠲᠥᠷᠥᠯ ᠵᠦᠢᠯ ᠢ ᠪᠦᠲᠦᠭᠡᠨ | ᠪᠠᠶᠢᠭᠤᠯᠵᠤ ᠂ ᠲᠥᠷᠥᠯ ᠵᠦᠢᠯ ᠨᠢ ᠨᠥᠬᠦᠪᠦᠷᠢ ᠥᠭᠬᠦ ᠪᠠᠷᠢᠮᠵᠢᠶ᠎ᠠ ᠳᠤ ᠬᠥᠷᠥᠭᠰᠡᠨ ᠤ ᠲᠠᠷᠠᠭ᠎ᠠ ᠬᠤᠰᠢᠭᠤ ᠰᠢᠶᠠᠨ ᠤ | ᠲᠦᠷᠦᠭᠦᠯᠡᠬᠦ ᠰᠠᠯᠠᠭ᠎ᠠ ᠮᠥᠴᠢᠷ ᠂ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠵᠦ ᠂ ᠬᠤᠰᠢᠭᠤ ᠰᠢᠶᠠᠨ ᠤ | ᠲᠦᠷᠦᠭᠦᠯᠡᠬᠦ ᠰᠠᠯᠠᠭ᠎ᠠ ᠮᠥᠴᠢᠷ ᠠᠴᠠ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠬᠠᠮᠲᠤᠷᠠᠨ ᠠᠶᠢᠮᠠᠭ | ᠬᠤᠳᠠ ᠶᠢᠨ ᠲᠦᠷᠦᠭᠦᠯᠡᠬᠦ ᠰᠠᠯᠠᠭ᠎ᠠ ᠮᠥᠴᠢᠷ ᠂ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠦᠨ᠎ᠡ ︔ | ᠬᠤᠶᠠᠷ᠂ ᠠᠶᠢᠮᠠᠭ ᠬᠤᠲᠠ ᠶᠢᠨ ᠲᠦᠷᠦᠭᠦᠯᠡᠬᠦ ᠰᠠᠯᠠᠭ᠎ᠠ ᠮᠥᠴᠢᠷ ᠤᠳ ᠰᠢᠯᠭᠠᠨ ᠬᠤᠷᠢᠶᠠᠬᠤ ᠶᠢ ᠵᠣᠬᠢᠶᠠᠨ | ᠪᠠᠶᠢᠭᠤᠯᠬᠤ ᠶᠢᠨ ᠬᠠᠮᠲᠤ ᠰᠢᠯᠭᠠᠨ ᠬᠤᠷᠢᠶᠠᠭᠰᠠᠨ ᠦᠷ᠎ᠡ ᠳ᠋ᠦᠩ ᠪᠠ ᠠᠶᠢᠮᠠᠭ ᠬᠤᠲᠠ ᠶᠢᠨ ᠢᠵᠢ ᠪᠦᠷᠢᠳᠦᠭᠦᠯᠬᠦ | ᠪᠡᠯᠡ ᠮᠥᠩᠭᠦ ᠶᠢ ᠪᠡᠶᠡᠯᠡᠭᠦᠯᠦᠭᠰᠡᠨ ᠪᠠᠶᠢᠳᠠᠯ ᠢᠶᠠᠨ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠬᠠᠮᠲᠤᠷᠠᠨ | ᠥᠪᠡᠷᠲᠡᠭᠡᠨ ᠵᠠᠰᠠᠬᠤ ᠣᠷᠣᠨ ᠤ ᠲᠦᠷᠦᠭᠦᠯᠡᠬᠦ ᠰᠠᠯᠠᠭ᠎ᠠ ᠮᠥᠴᠢᠷ᠂ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ | ᠮᠡᠳᠡᠭᠦᠯᠦᠨ᠎ᠡ ︔ | ᠭᠤᠷᠪᠠ᠂ ᠥᠪᠡᠷᠲᠡᠭᠡᠨ ᠵᠠᠰᠠᠬᠤ ᠣᠷᠣᠨ ᠤ ᠲᠦᠷᠦᠭᠦᠯᠡᠬᠦ ᠰᠠᠯᠠᠭ᠎ᠠ ᠮᠥᠴᠢᠷ ᠤᠳ ᠰᠢᠯᠭᠠᠨ ᠬᠤᠷᠢᠶᠠᠭᠰᠠᠨ | ᠵᠢᠴᠢ ᠠᠶᠢᠮᠠᠭ ᠬᠤᠲᠠ ᠶᠢᠨ ᠢᠵᠢ ᠪᠦᠷᠢᠳᠦᠭᠦᠯᠬᠦ ᠪᠡᠯᠡ ᠮᠥᠩᠭᠦ ᠶᠢ ᠪᠡᠶᠡᠯᠡᠭᠦᠯᠦᠭᠰᠡᠨ ᠪᠠᠶᠢᠳᠠᠯ ᠢ ᠬᠢᠨᠠᠨ | ᠬᠠᠷᠭᠤᠭᠤᠯᠬᠤ ᠶᠢᠨ ᠬᠠᠮᠲᠤ᠂ ᠬᠢᠨᠠᠨ ᠬᠠᠷᠭᠤᠭᠤᠯᠤᠭᠰᠠᠨ ᠦᠷ᠎ᠡ ᠳ᠋ᠦᠩ ᠢᠶᠠᠨ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠲᠢᠩᠬᠢᠮ ᠳᠤ ᠬᠦᠷᠭᠡᠨ᠎ᠡ ︔ | ᠳᠥᠷᠪᠡ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠥᠪᠡᠷᠲᠡᠭᠡᠨ ᠵᠠᠰᠠᠬᠤ | ᠣᠷᠣᠨ ᠤ ᠲᠦᠷᠦᠭᠦᠯᠡᠬᠦ ᠰᠠᠯᠠᠭ᠎ᠠ ᠮᠥᠴᠢᠷ ᠤᠨ ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ᠦᠨᠳᠦᠰᠦᠯᠡᠨ᠂ 3 | ᠠᠵᠢᠯᠯᠠᠬᠤ ᠡᠳᠦᠷ ᠤᠨ ᠳᠣᠲᠣᠷ᠎ᠠ ᠨᠥᠬᠦᠪᠦᠷᠢ ᠶᠢᠨ ᠪᠡᠯᠡ ᠮᠥᠩᠭᠦ ᠶᠢ ᠠᠶᠢᠮᠠᠭ ᠬᠤᠲᠠ ᠳᠤ ᠣᠯᠭᠤᠨ᠎ᠠ︔ | ᠲᠠᠪᠤ᠂ ᠠᠶᠢᠮᠠᠭ ᠬᠤᠲᠠ᠂ ᠬᠤᠰᠢᠭᠤ ᠰᠢᠶᠠᠨ ᠨᠢ ᠪᠡᠯᠡ ᠮᠥᠩᠭᠦ ᠪᠠᠨ ᠪᠣᠳᠠᠲᠠᠢ ᠬᠡᠷᠡᠭᠵᠢᠭᠦᠯᠵᠦ ᠪᠠᠶᠢᠭ᠎ᠠ | ᠠᠵᠤ ᠠᠬᠤᠶᠢᠯᠠᠯ ᠳᠤ ᠪᠠᠭᠤᠯᠭᠠᠨ᠎ᠠ ᠃ | ᠡᠭᠦᠨ ᠠᠴᠠ ᠭᠠᠳᠠᠨ᠎ᠠ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ | ᠲᠦᠭᠦᠬᠡᠢ ᠰᠦᠨ ᠤ ᠪᠣᠯᠪᠠᠰᠤᠷᠠᠭᠤᠯᠤᠯᠲᠠ ᠶᠢᠨ ᠨᠡᠮᠡᠭᠳᠡᠯ ᠤᠨ ᠬᠡᠮᠵᠢᠶᠡᠨ ᠤ ᠨᠥᠬᠦᠪᠦᠷᠢ᠂ ᠲᠦᠭᠦᠬᠡᠢ ᠰᠦᠨ ᠤ | ᠲᠠᠯᠬᠠᠳᠠᠬᠤ ᠶᠢᠨ ᠨᠥᠬᠦᠪᠦᠷᠢ ᠵᠡᠷᠭᠡ ᠶᠢ ᠠᠰᠢᠭᠯᠠᠨ ᠬᠦᠲᠦᠴᠢ ᠠᠵᠤ ᠠᠬᠤᠶᠢᠯᠠᠯ ᠳᠤ ᠥᠭᠬᠦ ᠨᠥᠬᠦᠪᠦᠷᠢ ᠳᠤ | ᠴᠢᠭᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠨᠥᠬᠦᠪᠦᠷᠢ ᠥᠭᠬᠦ ᠠᠷᠭ᠎ᠠ ᠮᠠᠶ᠋ᠢᠭ ᠤᠨ | ᠰᠢᠨ᠎ᠡ ᠶᠢ ᠡᠭᠦᠳᠬᠦ ᠶᠢ ᠰᠦᠪᠡᠭᠴᠢᠯᠡᠵᠦ᠂ ᠲᠦᠷᠦᠭᠦᠯᠡᠬᠦ ᠰᠠᠯᠠᠭ᠎ᠠ ᠮᠥᠴᠢᠷ ᠤᠨ ᠬᠢᠨᠠᠨ ᠬᠠᠷᠭᠤᠭᠤᠯᠵᠤ ᠰᠢᠯᠭᠠᠨ | ᠬᠤᠷᠢᠶᠠᠬᠤ ᠳᠤ ᠬᠢᠷᠢ ᠲᠡᠩᠴᠡᠭᠰᠡᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ | ᠳᠠᠬᠢᠨ ᠬᠢᠨᠠᠭᠠᠳ ᠠᠯᠳᠠᠭ᠎ᠠ ᠦᠭᠡᠢ ᠪᠣᠯᠤᠭᠰᠠᠨ ᠤ ᠳᠠᠷᠠᠭ᠎ᠠ ᠰᠢᠭᠤᠳ ᠨᠥᠬᠦᠪᠦᠷᠢ ᠥᠭᠴᠦ ᠪᠣᠯᠬᠤ ᠬᠥᠲᠥᠴᠢ ᠠᠵᠤ | ᠠᠬᠤᠶᠢᠯᠠᠯ ᠳᠤ ᠰᠢᠭᠤᠳ ᠨᠥᠬᠦᠪᠦᠷᠢ ᠥᠭᠬᠦ ᠠᠷᠭ᠎ᠠ ᠮᠠᠶ᠋ᠢᠭ ᠢ ᠬᠡᠷᠡᠭᠯᠡᠨ᠂ ᠪᠡᠯᠡ ᠮᠥᠩᠭᠦ ᠪᠠᠨ ᠬᠥᠲᠥᠴᠢ ᠠᠵᠤ | ᠠᠬᠤᠶᠢᠯᠠᠯ ᠤᠨ ᠶᠡᠷᠦᠩᠬᠡᠢ ᠵᠠᠬᠢᠷᠭ᠎ᠠ ᠳᠤ ᠰᠢᠭᠤᠳ ᠨᠦᠬᠦᠪᠦᠷᠢᠯᠡᠨ᠎ᠡ ᠃ | | ᠲᠦᠷᠦ ᠶᠢᠨ ᠪᠣᠳᠣᠯᠭ᠎ᠠ ᠶᠢᠨ ᠤᠭ ᠮᠠᠲ᠋ᠧᠷᠢᠶᠠᠯ᠄ ᠰᠦ ᠰᠠᠭᠠᠯᠢ ᠶᠢᠨ ᠦᠢᠯᠡᠰ ᠤᠨ ᠬᠦᠭᠵᠢᠨ ᠮᠠᠨᠳᠣᠯᠲᠠ ᠶᠢ | ᠠᠬᠢᠭᠤᠯᠬᠤ ᠶᠢᠰᠦᠨ ᠵᠣᠷᠪᠣᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠯᠪᠠᠨ ᠲᠢᠩᠬᠢᠮ ᠤᠨ ᠮᠡᠳᠡᠭᠳᠡᠯ | | ᠢᠷᠡᠯᠲᠡ ᠄ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ | | | |