ᠵᠡᠭᠦᠨ ᠬᠤᠶᠢᠲᠤ ᠣᠷᠣᠨ ᠤ ᠬᠠᠷ᠎ᠠ ᠬᠥᠷᠥᠰᠥ ᠶᠢᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠬᠤ | ᠠᠵᠢᠯᠯᠠᠭ᠎ᠠ ᠶᠢᠨ ᠲᠥᠯᠥᠪᠯᠡᠭᠡ ᠶᠢ ᠵᠢᠷᠤᠮᠵᠢᠭᠤᠨ ᠪᠥᠭᠡᠳ ᠥᠨᠳᠥᠷ ᠪᠦᠲᠦᠮᠵᠢᠲᠡᠶ ᠬᠡᠷᠡᠭᠵᠢᠭᠦᠯᠬᠦ ᠶᠢ | ᠠᠬᠢᠭᠤᠯᠬᠤ ᠶᠢᠨ ᠲᠤᠰᠠᠳᠠ ᠂ 5 ᠰᠠᠷ᠎ᠠ ᠶᠢᠨ 25 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠂ ᠡᠳ᠋ ᠤᠨ | ᠵᠠᠰᠠᠭ ᠤᠨ ᠲᠢᠩᠬᠢᠮ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2022 ᠣᠨ ᠤ ᠬᠠᠷ᠎ᠠ | ᠬᠦᠷᠦᠰᠦ ᠶᠢᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ᠠᠬᠢᠭᠤᠯᠬᠤ ᠠᠵᠢᠯᠯᠠᠭ᠎ᠠ ᠶᠢᠨ ᠬᠡᠷᠡᠭᠵᠢᠭᠦᠯᠬᠦ | ᠲᠥᠰᠥᠯ︾ ︵ᠳᠣᠷᠣᠭᠰᠢ ︽ᠬᠡᠷᠡᠭᠵᠢᠭᠦᠯᠬᠦ ᠲᠥᠰᠥᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ ᠂ | ᠵᠡᠭᠦᠨ ᠬᠡᠰᠡᠭ ᠤᠨ ᠳᠥᠷᠪᠡᠨ ᠠᠶᠢᠮᠠᠭ ᠬᠤᠲᠠ ᠳᠤ ᠲᠥᠬᠦᠮ ᠦᠵᠡᠭᠦᠯᠦᠨ᠂ ᠬᠤᠰᠢᠭᠤ ᠰᠢᠶᠠᠨ ᠤ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠭᠦᠨᠵᠡᠭᠡᠢ ᠣᠶᠢᠯᠠᠭᠠᠵᠤ᠂ ᠬᠠᠷ᠎ᠠ ᠬᠦᠷᠦᠰᠦ ᠶᠢᠨ ᠬᠠᠮᠠᠭᠠᠯᠠᠯᠲᠠ ᠶᠢᠨ ᠴᠢᠨᠠᠷᠲᠠᠢ | ᠲᠠᠷᠢᠶᠠᠯᠠᠭ᠎ᠠ ᠶᠢ ᠡᠮᠬᠢ ᠵᠢᠷᠤᠮ ᠲᠠᠢ ᠥᠷᠨᠢᠭᠦᠯᠬᠦ ᠶᠢ ᠵᠢᠯᠤᠭᠤᠳᠬᠤ ᠶᠢᠨ ᠲᠤᠰᠠᠳᠠ᠂ ᠡᠳᠦᠭᠡ ᠬᠠᠮᠢᠶ᠎ᠠ ᠪᠦᠬᠦᠢ | ᠠᠭᠤᠯᠭ᠎ᠠ ᠶᠢ ᠳᠣᠣᠷᠠᠬᠢ ᠮᠡᠲᠦ ᠲᠠᠶᠢᠯᠪᠤᠷᠢᠯᠠᠪᠠ ᠄ | ᠨᠢᠭᠡ᠂ ᠲᠤᠭᠤᠷᠪᠢᠭᠰᠠᠨ ᠠᠬᠤᠢ ᠪᠠᠶᠢᠳᠠᠯ | ︽ᠵᠡᠭᠦᠨ ᠬᠤᠶᠢᠲᠤ ᠶᠢᠨ ᠬᠠᠷ᠎ᠠ ᠬᠥᠷᠥᠰᠥ ᠶᠢᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ | ᠠᠵᠢᠯᠯᠠᠭᠠᠨ ᠤ ᠲᠥᠯᠥᠪᠯᠡᠭᠡ ︵2020 ︱ 2025 ᠣᠨ︶︾ ᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠬᠠᠷ᠎ᠠ ᠬᠥᠷᠥᠰᠥ ᠶᠢᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ᠠᠬᠢᠭᠤᠯᠬᠤ | ᠠᠵᠢᠯᠯᠠᠭᠠᠨ ᠤ ᠲᠥᠰᠥᠯ ︵2020 ︱ 2025 ᠣᠨ︶︾ ᠂ ︽2022 ᠣᠨ ᠤ ᠵᠡᠭᠦᠨ ᠬᠤᠶᠢᠲᠤ ᠶᠢᠨ ᠬᠠᠷ᠎ᠠ | ᠬᠥᠷᠥᠰᠥ ᠶᠢᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠬᠦ | ᠠᠵᠢᠯ ᠢ ᠰᠠᠶᠢᠲᠤᠷ ᠬᠢᠬᠦ ᠲᠤᠬᠠᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠶᠠᠯᠠᠩ ᠤᠨ | ᠮᠠᠰᠢᠨᠴᠢᠯᠠᠯᠲᠠ ᠶᠢᠨ ᠬᠠᠮᠢᠶᠠᠷᠤᠯᠲᠠ ᠶᠢᠨ ᠵᠤᠷᠭᠠᠨ ᠂ ᠲᠥᠯᠥᠪᠯᠡᠭᠡ ᠡᠳ᠋ ᠤᠨ ᠶᠠᠪᠤᠳᠠᠯ ᠤᠨ ᠵᠤᠷᠭᠠᠨ ᠂ ᠡᠳ᠋ ᠤᠨ | ᠵᠠᠰᠠᠭ ᠤᠨ ᠶᠠᠮᠤᠨ ᠤ ᠲᠠᠷᠢᠶᠠᠯᠠᠩ ᠬᠥᠳᠡᠭᠡ ᠲᠣᠰᠬᠤᠨ ᠤ ᠵᠤᠷᠭᠠᠨ ᠤ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ | ᠮᠠᠯᠵᠢᠬᠤ ᠤᠷᠤᠨ ᠤ ᠲᠢᠩᠬᠢᠮ ᠨᠢ ᠬᠠᠮᠢᠶ᠎ᠠ ᠪᠦᠬᠦᠢ ᠨᠢᠭᠡᠴᠢ ᠂ ᠬᠠᠷ᠎ᠠ ᠬᠥᠷᠥᠰᠥ ᠶᠢᠨ ᠬᠠᠮᠠᠭᠠᠯᠠᠯᠲᠠ ᠶᠢᠨ ᠴᠢᠨᠠᠷᠲᠠᠢ | ᠲᠠᠷᠢᠶᠠᠯᠠᠭ᠎ᠠ ᠶᠢᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠤᠨ ︽ᠬᠡᠷᠡᠭᠵᠢᠭᠦᠯᠬᠦ ᠲᠥᠰᠥᠯ︾ ᠢ | ᠲᠤᠭᠤᠷᠪᠢᠬᠤ ᠠᠵᠢᠯ ᠢ ᠦᠷᠨᠢᠭᠦᠯᠪᠡ ᠃ ︽ᠬᠡᠷᠡᠭᠵᠢᠭᠦᠯᠬᠦ ᠲᠥᠰᠥᠯ︾ ᠢ ᠣᠶᠢᠷ᠎ᠠ ᠶᠢᠨ ᠵᠢᠯ ᠤᠨ ᠲᠤᠷᠰᠢᠬᠢ | ᠠᠵᠢᠯ ᠢᠶᠠᠨ ᠥᠷᠨᠢᠭᠦᠯᠦᠭᠰᠡᠨ ᠪᠣᠳᠠᠲᠠᠢ ᠲᠠᠢ ᠪᠠᠨ ᠤᠶᠠᠯᠳᠤᠭᠤᠯᠤᠨ᠂ ᠰᠠᠨᠠᠯ ᠬᠤᠷᠢᠶᠠᠬᠤ᠂ ᠲᠤᠰᠬᠠᠢ | ᠮᠡᠷᠭᠡᠵᠢᠯᠲᠡᠨ ᠢᠶᠠᠷ ᠨᠤᠲᠠᠯᠠᠭᠤᠯᠬᠤ ᠪᠠᠷ ᠳᠡᠮᠵᠢᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠲᠢᠩᠬᠢᠮ ᠲᠠᠢ ᠬᠠᠮᠲᠤᠷᠠᠨ ᠳᠠᠷᠤᠮᠠᠯᠯᠠᠨ ᠲᠠᠷᠬᠠᠭᠠᠵᠤ ᠬᠡᠷᠡᠭᠵᠢᠭᠦᠯᠪᠡ ᠃ | ᠬᠤᠶᠠᠷ ᠂ ᠭᠤᠣᠯ ᠪᠣᠷᠣ ᠲᠥᠯᠥᠪ | ︽ᠬᠡᠷᠡᠭᠵᠢᠭᠦᠯᠬᠦ ᠲᠥᠰᠥᠯ︾ ᠳᠤ ︽ᠬᠡᠪᠴᠢᠶ᠎ᠡ ᠶᠢ ᠲᠣᠭᠲᠠᠭᠤᠨ ᠢᠶᠠᠷ ᠥᠷᠭᠡᠳᠬᠡᠵᠦ᠂ ᠶᠠᠰᠤ ᠴᠢᠨᠠᠷ ᠢ | ᠲᠡᠷᠢᠭᠦᠨ ᠳᠤ ᠲᠠᠯᠪᠢᠬᠤ︾ ᠵᠠᠷᠴᠢᠮ ᠢ ᠪᠠᠷᠢᠮᠲᠠᠯᠠᠨ᠂ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ︽ᠢᠯᠡᠭᠦᠦ | ᠪᠦᠷᠬᠦᠭᠦᠯᠵᠦ᠂ ᠳᠤᠲᠠᠭᠤ ᠬᠦᠳᠡᠯᠭᠡᠬᠦ ︾ ᠭᠤᠣᠯᠯᠠᠬᠤ ᠮᠡᠷᠭᠡᠵᠢᠯ ᠤᠨ ᠱᠠᠭᠠᠷᠳᠠᠯᠭ᠎ᠠ ᠶᠢ ᠪᠠᠲᠤ ᠡᠵᠡᠮᠳᠡᠵᠦ᠂ ︽ᠨᠢᠭᠡ | ᠡᠭᠦᠷᠭᠡ ᠬᠠᠷᠠᠯᠲᠠ︾ ︽ᠭᠤᠷᠪᠠᠨ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠠᠭᠤᠯᠭ᠎ᠠ︾ ᠶᠢ | ᠴᠢᠬᠤᠯᠠᠴᠢᠯᠠᠪᠠ᠃ ᠪᠣᠳᠠᠲᠠᠢ ᠪᠠᠷ ᠬᠡᠯᠡᠪᠡᠯ ᠶᠡᠷᠦᠩᠬᠡᠢ ᠱᠠᠭᠠᠷᠳᠠᠯᠭ᠎ᠠ᠂ ᠬᠠᠷᠠᠯᠲᠠ ᠡᠭᠦᠷᠭᠡ᠂ ᠮᠡᠷᠭᠡᠵᠢᠯ ᠤᠨ ᠵᠠᠭᠪᠤᠷ | ᠵᠢᠴᠢ ᠤᠷᠠᠯᠠᠯ ᠢ ᠰᠢᠢᠳᠪᠦᠷᠢᠯᠡᠬᠦ ᠱᠠᠭᠠᠷᠳᠠᠯᠭ᠎ᠠ᠂ ᠨᠥᠬᠦᠪᠦᠷᠢ ᠪᠡᠯᠡ ᠮᠥᠩᠭᠦ ᠶᠢᠨ ᠬᠡᠷᠡᠭᠴᠡᠭᠡ᠂ ᠨᠥᠬᠦᠪᠦᠷᠢ | ᠣᠯᠭᠤᠬᠤ ᠪᠠᠷᠢᠮᠵᠢᠶ᠎ᠠ ᠵᠢᠴᠢ ᠨᠥᠬᠦᠪᠦᠷᠢ ᠣᠯᠭᠤᠬᠤ ᠡᠲᠡᠭᠡᠳ᠂ ᠠᠵᠢᠯ ᠤᠨ ᠲᠠᠰ ᠳᠠᠷᠠᠭᠠᠯᠠᠯ᠂ ᠠᠬᠢᠴᠠ ᠶᠢᠨ | ᠱᠠᠭᠠᠷᠳᠠᠯᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ 8 ᠠᠭᠤᠯᠭ᠎ᠠ ᠶᠢ ᠨᠠᠷᠢᠯᠢᠭᠵᠢᠭᠤᠯᠤᠨ ᠲᠣᠬᠢᠷᠠᠭᠤᠯᠪᠠ ᠃ | ᠭᠤᠷᠪᠠ᠂ ᠭᠤᠣᠯᠳᠠᠯᠭ᠎ᠠ ᠲᠠᠢ ᠠᠭᠤᠯᠭ᠎ᠠ ᠶᠢᠨ ᠲᠠᠶᠢᠯᠤᠮᠵᠢ | ︵ᠨᠢᠭᠡ︶ ᠡᠭᠦᠷᠭᠡ ᠬᠠᠷᠠᠯᠲᠠ᠃ 2022 ᠣᠨ ᠳᠤ ᠮᠠᠨ ᠤ ᠣᠷᠣᠨ ᠬᠥᠯᠥᠨ ᠪᠤᠶᠢᠷ ᠬᠤᠲᠠ᠂ ᠬᠢᠩᠭᠠᠨ | ᠠᠶᠢᠮᠠᠭ᠂ ᠲᠦᠩᠯᠢᠶᠣᠣ ᠬᠤᠲᠠ᠂ ᠤᠯᠠᠭᠠᠨᠬᠠᠳᠠ ᠬᠤᠲᠠ ᠳᠤ 1350 ᠲᠦᠮᠡᠨ ᠮᠦ ᠬᠠᠮᠠᠭᠠᠯᠠᠯᠲᠠ ᠶᠢᠨ ᠴᠢᠨᠠᠷᠲᠠᠢ | ᠲᠠᠷᠢᠶᠠᠯᠠᠭ᠎ᠠ ᠶᠢ ᠬᠡᠷᠡᠭᠵᠢᠭᠦᠯᠵᠦ᠂ 9 ᠰᠢᠶᠠᠨ ᠤ ᠪᠦᠲᠦᠭᠡᠨ ᠪᠠᠶᠢᠭᠤᠯᠤᠯᠲᠠ ᠶᠢ ᠪᠦᠬᠦᠯᠢ ᠴᠣᠭᠴᠠ ᠪᠠᠷ ᠲᠦᠯᠬᠢᠨ | ᠠᠬᠢᠭᠤᠯᠵᠤ᠂ 31 ᠰᠢᠶᠠᠨ ᠤ ᠲᠠᠰ᠂ 87 ᠰᠢᠶᠠᠩ ᠤᠨ ᠲᠠᠰ ᠪᠠ 18 ᠲᠣᠰᠬᠤᠨ ᠤ ᠲᠠᠰ ᠤᠨ ᠥᠨᠳᠥᠷ | ᠪᠠᠷᠢᠮᠵᠢᠶᠠᠲᠤ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ ᠬᠡᠷᠡᠭᠯᠡᠭᠡᠨ ᠤ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ᠬᠡᠷᠡᠭᠵᠢᠭᠦᠯᠦᠭᠰᠡᠨ | ᠦᠷ᠎ᠡ ᠪᠦᠲᠦᠮᠵᠢ ᠶᠢ ᠬᠢᠨᠠᠨ ᠬᠡᠮᠵᠢᠬᠦ 20 ᠴᠡᠭ ᠢ ᠪᠠᠬᠢᠵᠢᠭᠦᠯᠦᠨ ᠲᠡᠭᠡᠭᠰᠢᠯᠡᠭᠦᠯᠦᠨ᠎ᠡ ᠃ | ︵ᠬᠤᠶᠠᠷ︶ ᠭᠤᠣᠯᠳᠠᠯᠭ᠎ᠠ ᠲᠠᠢ ᠪᠦᠲᠦᠭᠡᠨ ᠪᠠᠶᠢᠭᠤᠯᠬᠤ ᠠᠭᠤᠯᠭ᠎ᠠ ᠃ ᠨᠢᠭᠡ ᠳᠤ ᠬᠠᠮᠠᠭᠠᠯᠠᠯᠲᠠ ᠶᠢᠨ | ᠴᠢᠨᠠᠷᠲᠠᠢ ᠲᠠᠷᠢᠶᠠᠯᠠᠭ᠎ᠠ ᠶᠢ ᠲᠦᠯᠬᠢᠨ ᠠᠬᠢᠭᠤᠯᠵᠤ ᠰᠢᠶᠠᠨ ᠤ ᠪᠦᠲᠦᠭᠡᠨ ᠪᠠᠶᠢᠭᠤᠯᠤᠯᠲᠠ ᠶᠢ ᠪᠦᠬᠦᠯᠢ ᠴᠣᠭᠴᠠ ᠪᠠᠷ | ᠲᠦᠯᠬᠢᠨ ᠠᠬᠢᠭᠤᠯᠵᠤ ᠂ ᠭᠤᠷᠪᠠᠨ ᠵᠢᠯ ᠳᠠᠷᠠᠭᠠᠯᠠᠨ ᠬᠡᠷᠡᠭᠵᠢᠭᠦᠯᠬᠦ ᠪᠠᠷ ᠳᠠᠮᠵᠢᠭᠤᠯᠤᠨ ᠂ ᠰᠢᠶᠠᠨ ᠤ | ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ᠪᠦᠬᠦᠯᠢ ᠴᠣᠭᠴᠠ ᠪᠠᠷ ᠲᠦᠯᠬᠢᠨ ᠠᠬᠢᠭᠤᠯᠬᠤ ᠲᠠᠯᠠᠪᠠᠢ ᠶᠢ ᠵᠠᠷᠴᠢᠮ | ᠳᠡᠭᠡᠷ᠎ᠡ ᠪᠠᠨ ᠲᠤᠰ ᠰᠢᠶᠠᠨ ᠤ ᠲᠣᠬᠢᠷᠠᠮᠵᠢᠲᠠᠢ ᠲᠠᠯᠠᠪᠠᠢ ᠶᠢᠨ 50% ᠠᠴᠠ ᠳᠠᠪᠠᠭᠤᠯᠵᠤ ᠂ ᠮᠡᠷᠭᠡᠵᠢᠯ ᠢ | ᠪᠣᠳᠠᠲᠠᠶᠢᠵᠢᠭᠤᠯᠬᠤ ᠂ ᠠᠵᠢᠯᠯᠠᠭᠠᠨ ᠢ ᠦᠷᠭᠦᠯᠵᠢᠯᠡᠭᠦᠯᠬᠦ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ | ᠴᠢᠷᠮᠠᠶᠢᠨ ᠪᠤᠢ ᠪᠣᠯᠭᠠᠨ᠎ᠠ ᠃ ᠬᠤᠶᠠᠷ ᠲᠤ ᠥᠨᠳᠥᠷ ᠪᠠᠷᠢᠮᠵᠢᠶᠠᠲᠤ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ | ᠬᠡᠷᠡᠭᠯᠡᠭᠡᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠲᠥᠷᠥ ᠶᠢᠨ | ᠪᠣᠳᠣᠯᠭ᠎ᠠ ᠶᠢᠨ ᠪᠡᠯᠡ ᠮᠥᠩᠭᠦ᠂ ᠮᠡᠷᠭᠡᠵᠢᠯ ᠤᠨ ᠬᠦᠴᠦᠨ ᠢ ᠬᠥᠲᠥᠯᠥᠨ ᠵᠢᠯᠤᠭᠤᠳᠴᠤ ᠪᠠᠶᠢᠭᠠᠳ ᠥᠨᠳᠥᠷ | ᠪᠠᠷᠢᠮᠵᠢᠶᠠᠲᠤ ᠬᠡᠷᠡᠭᠯᠡᠭᠡᠨ ᠤ ᠰᠠᠭᠤᠷᠢᠨ ᠭᠠᠵᠠᠷ ᠲᠡᠶᠢᠰᠢ ᠬᠡᠯᠪᠡᠶᠢᠯᠭᠡᠵᠦ᠂ ᠮᠡᠷᠭᠡᠵᠢᠯ ᠤᠨ ᠬᠡᠷᠡᠭᠯᠡᠭᠡᠨ ᠤ ᠪᠠᠷᠢᠮᠵᠢᠶ᠎ᠠ ᠶᠢ | ᠴᠢᠩᠳᠠᠯᠠᠵᠤ᠂ ᠭᠤᠣᠯᠳᠠᠯᠭ᠎ᠠ ᠲᠠᠢ ᠥᠨᠳᠥᠷ ᠪᠠᠷᠢᠮᠵᠢᠶᠠᠲᠤ ᠰᠠᠭᠤᠷᠢᠨ ᠭᠠᠵᠠᠷ ᠢ ᠲᠠᠷᠢᠶᠠᠯᠠᠩ ᠤᠨ ᠮᠠᠰᠢᠨ | ᠲᠠᠷᠢᠶᠠᠯᠠᠩ ᠤᠨ ᠮᠡᠷᠭᠡᠵᠢᠯ ᠢ ᠭᠦᠨᠵᠡᠭᠡᠢ ᠠᠭᠤᠰᠤᠯᠴᠠᠭᠤᠯᠤᠭᠰᠠᠨ᠂ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ | ᠢᠵᠢ ᠪᠦᠷᠢᠳᠦᠭᠦᠯᠬᠦ ᠮᠡᠷᠭᠡᠵᠢᠯ ᠢ ᠪᠠᠷᠢᠮᠵᠢᠶᠠᠵᠢᠭᠤᠯᠤᠭᠰᠠᠨ᠂ ᠵᠢᠷᠤᠮᠵᠢᠭᠤᠯᠤᠭᠰᠠᠨ᠂ ᠣᠷᠣᠨ ᠪᠦᠰᠡ ᠶᠢᠨ | ᠣᠨᠴᠠᠯᠢᠭ ᠢᠶᠠᠷ ᠢᠯᠡ ᠲᠣᠳᠣ᠂ ᠳᠠᠶᠢᠴᠢᠯᠠᠭᠰᠠᠨ ᠢᠶᠠᠷ ᠬᠦᠴᠦᠲᠡᠢ ᠵᠢᠱᠢᠶ᠎ᠡ ᠦᠵᠡᠭᠦᠯᠬᠦ ᠥᠯᠢᠭᠡᠷ ᠳᠠᠭᠤᠷᠢᠶᠠᠯ | ᠪᠣᠯᠭᠠᠨ᠎ᠠ᠃ ᠭᠤᠷᠪᠠ ᠳᠤ ᠬᠡᠷᠡᠭᠵᠢᠭᠦᠯᠦᠭᠰᠡᠨ ᠦᠷ᠎ᠡ ᠪᠦᠲᠦᠮᠵᠢ ᠶᠢᠨ ᠬᠢᠨᠠᠨ ᠬᠡᠮᠵᠢᠯᠲᠡ ᠶᠢ ᠥᠷᠨᠢᠭᠦᠯᠦᠨ᠎ᠡ᠃ | ᠠᠳᠠᠯᠢ ᠪᠤᠰᠤ ᠲᠠᠷᠢᠮᠠᠯ᠂ ᠠᠳᠠᠯᠢ ᠪᠤᠰᠤ ᠮᠡᠷᠭᠡᠵᠢᠯ ᠤᠨ ᠵᠠᠭᠪᠤᠷ ᠵᠢᠴᠢ ᠣᠷᠣᠨ ᠪᠦᠰᠡ ᠶᠢᠨ ᠣᠨᠴᠠᠯᠢᠭ ᠢ | ᠦᠨᠳᠦᠰᠦᠯᠡᠨ᠂ 20 ᠣᠷᠳᠣ ᠬᠤᠭᠤᠴᠠᠭᠠᠨ ᠤ ᠬᠢᠨᠠᠨ ᠬᠡᠮᠵᠢᠬᠦ ᠴᠡᠭ ᠲᠤ ᠲᠠᠷᠢᠶᠠᠨ ᠭᠠᠵᠠᠷ ᠤᠨ ᠬᠥᠷᠥᠰᠥ | ᠰᠢᠷᠣᠢ ᠶᠢᠨ ᠹᠢᠽᠢᠺ ᠬᠢᠮᠢ ᠶᠢᠨ ᠣᠨᠴᠠᠯᠢᠭ᠂ ᠠᠮᠢᠳᠤ ᠪᠣᠳᠠᠰ ᠤᠨ ᠰᠤᠳᠤᠯᠤᠯ ᠤᠨ ᠰᠢᠨᠵᠢ ᠪᠠᠶᠢᠳᠠᠯ᠂ | ᠦᠢᠯᠡᠳᠪᠦᠷᠢᠯᠡᠯ ᠤᠨ ᠥᠪᠡᠷ ᠤᠨ ᠥᠷᠲᠡᠭ᠂ ᠲᠠᠷᠢᠮᠠᠯ ᠤᠨ ᠭᠠᠷᠤᠯᠲᠠ ᠶᠢᠨ ᠬᠤᠪᠢᠷᠠᠯᠲᠠ᠂ ᠡᠪᠡᠳᠴᠢᠨ ᠬᠤᠷᠣᠬᠠᠢ | ᠡᠪᠡᠰᠦᠨ ᠤ ᠬᠥᠨᠥᠭᠡᠯ ᠤᠨ ᠬᠤᠪᠢᠷᠠᠯᠲᠠ ᠪᠠ ᠮᠠᠰᠢᠨ ᠪᠠᠭᠠᠵᠢ ᠲᠣᠨᠣᠭᠯᠠᠯ ᠤᠨ ᠬᠡᠷᠡᠭᠯᠡᠭᠡᠨ ᠤ ᠴᠢᠨᠠᠷ ᠵᠡᠷᠭᠡ ᠪᠠᠶᠢᠳᠠᠯ ᠢ | ᠬᠢᠨᠠᠨ ᠬᠡᠮᠵᠢᠬᠦ ᠶᠢ ᠭᠤᠣᠯᠳᠠᠯᠭ᠎ᠠ ᠲᠠᠢ ᠥᠷᠨᠢᠭᠦᠯᠦᠨ᠎ᠡ᠃ | ︵ᠭᠤᠷᠪᠠ︶ ᠭᠤᠣᠯᠴᠢᠯᠠᠨ ᠠᠬᠢᠭᠤᠯᠬᠤ ᠮᠡᠷᠭᠡᠵᠢᠯ ᠤᠨ ᠵᠠᠭᠪᠤᠷ᠃ 2022 ᠣᠨ ᠳᠤ᠂ ᠡᠰᠢ ᠰᠦᠷᠡᠯ ᠤᠨ | ᠪᠦᠷᠬᠦᠭᠰᠡᠨ ᠭᠠᠵᠠᠷ ᠤᠨ ᠭᠠᠳᠠᠷᠭᠤ ᠶᠢᠨ ᠬᠡᠮᠵᠢᠶ᠎ᠡ ᠪᠠᠷ 3 ᠵᠦᠢᠯ ᠤᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠬᠤ | ᠮᠡᠷᠭᠡᠵᠢᠯ ᠤᠨ ᠵᠠᠭᠪᠤᠷ ᠢ ᠬᠡᠷᠡᠭᠵᠢᠭᠦᠯᠦᠨ᠎ᠡ᠃ ᠨᠢᠭᠡ ᠳᠤ ᠲᠠᠷᠢᠮᠠᠯ ᠢ ᠬᠤᠷᠢᠶᠠᠭᠰᠠᠨ ᠤ ᠳᠠᠷᠠᠭ᠎ᠠ ᠡᠰᠢ ᠰᠦᠷᠡᠯ ᠢᠶᠠᠷ | ᠪᠦᠬᠦᠨ ᠢ ᠪᠦᠷᠬᠦᠭᠦᠯᠵᠦ ᠡᠪᠦᠯᠵᠢᠭᠦᠯᠬᠦ + ᠬᠠᠪᠤᠷ ᠤᠨ ᠤᠯᠠᠷᠢᠯ ᠳᠤ ᠦᠯᠦ ᠬᠠᠭᠠᠯᠪᠤᠷᠢᠯᠠᠨ ᠲᠠᠷᠢᠬᠤ ᠪᠣᠶᠣ ᠪᠠᠭ᠎ᠠ | ᠬᠠᠭᠠᠯᠪᠤᠷᠢᠯᠠᠨ ᠲᠠᠷᠢᠬᠤ ᠃ ᠬᠤᠶᠠᠷ ᠲᠤ ᠲᠠᠷᠢᠮᠠᠯ ᠢ ᠬᠤᠷᠢᠶᠠᠭᠰᠠᠨ ᠤ ᠳᠠᠷᠠᠭ᠎ᠠ ᠡᠰᠢ ᠰᠦᠷᠡᠯ ᠢᠶᠠᠷ ᠬᠡᠰᠡᠭ ᠪᠦᠯᠦᠭ | ᠢ ᠪᠦᠷᠬᠦᠭᠦᠯᠵᠦ ᠡᠪᠦᠯᠵᠢᠭᠦᠯᠬᠦ + ᠬᠠᠪᠤᠷ ᠤᠨ ᠤᠯᠠᠷᠢᠯ ᠳᠤ ᠦᠯᠦ ᠬᠠᠭᠠᠯᠪᠤᠷᠢᠯᠠᠨ ᠲᠠᠷᠢᠬᠤ ᠪᠣᠶᠣ ᠪᠠᠭ᠎ᠠ | ᠬᠠᠭᠠᠯᠪᠤᠷᠢᠯᠠᠨ ᠲᠠᠷᠢᠬᠤ ᠃ ᠭᠤᠷᠪᠠ ᠳᠤ ᠲᠠᠷᠢᠮᠠᠯ ᠢ ᠬᠤᠷᠢᠶᠠᠭᠰᠠᠨ ᠤ ᠳᠠᠷᠠᠭ᠎ᠠ ᠡᠰᠢ ᠰᠦᠷᠡᠯ ᠢᠶᠠᠷ ᠪᠠᠭ᠎ᠠ ᠬᠡᠰᠡᠭ ᠢ | ᠪᠦᠷᠬᠦᠭᠦᠯᠵᠦ ᠡᠪᠦᠯᠵᠢᠭᠦᠯᠬᠦ + ᠬᠠᠪᠤᠷ ᠤᠨ ᠤᠯᠠᠷᠢᠯ ᠳᠤ ᠦᠯᠦ ᠬᠠᠭᠠᠯᠪᠤᠷᠢᠯᠠᠨ ᠲᠠᠷᠢᠬᠤ ᠪᠣᠶᠣ ᠪᠠᠭ᠎ᠠ | ᠬᠠᠭᠠᠯᠪᠤᠷᠢᠯᠠᠨ ᠲᠠᠷᠢᠬᠤ ᠃ | ︵ᠳᠥᠷᠪᠡ︶ ᠤᠷ᠎ᠠ ᠮᠡᠷᠭᠡᠰᠢᠯ ᠤᠨ ᠰᠢᠢᠳᠪᠦᠷᠢᠯᠡᠬᠦ ᠱᠠᠭᠠᠷᠳᠠᠯᠭ᠎ᠠ᠃ ᠡᠰᠢ ᠰᠦᠷᠡᠯ ᠢᠶᠠᠷ ᠪᠦᠬᠦᠨ ᠢ | ᠪᠦᠷᠬᠦᠭᠦᠯᠵᠦ ᠦᠯᠦ ᠬᠠᠭᠠᠯᠪᠤᠷᠢᠯᠠᠨ ᠲᠠᠷᠢᠬᠤ ᠪᠤᠶᠤ ᠪᠠᠭ᠎ᠠ ᠬᠠᠭᠠᠯᠪᠤᠷᠢᠯᠠᠨ ᠲᠠᠷᠢᠬᠤ ᠵᠠᠭᠪᠤᠷ ᠲᠤ ᠡᠷᠳᠡᠨᠢ ᠰᠢᠰᠢ ᠶᠢ | ᠨᠠᠮᠤᠷ ᠤᠨ ᠤᠯᠠᠷᠢᠯ ᠳᠤ ᠬᠤᠷᠢᠶᠠᠬᠤ ᠦᠶᠡᠰ ᠡᠰᠢ ᠰᠦᠷᠡᠯ ᠢ ᠪᠦᠬᠦᠯᠢ ᠪᠠᠷ ᠨᠢ ᠭᠠᠵᠠᠷ ᠤᠨ ᠭᠠᠳᠠᠷᠭᠤ ᠳᠤ | ᠦᠯᠡᠳᠡᠭᠡᠵᠦ ᠡᠪᠦᠯᠵᠢᠭᠦᠯᠬᠦ ᠪᠤᠶᠤ ᠬᠤᠷᠢᠶᠠᠬᠤ ᠳᠤ ᠪᠠᠨ ᠥᠨᠳᠥᠷ ᠭᠤᠤᠷᠰᠤ ᠦᠯᠡᠳᠡᠭᠡᠵᠦ᠂ ᠳᠡᠭᠡᠷ᠎ᠡ ᠬᠡᠰᠡᠭ ᠤᠨ | ᠡᠰᠢ ᠰᠦᠷᠡᠯ ᠢ ᠬᠡᠷᠴᠢᠵᠦ ᠭᠠᠵᠠᠷ ᠤᠨ ᠭᠠᠳᠠᠷᠭᠤ ᠳᠤ ᠡᠪᠦᠯᠵᠢᠭᠦᠯᠦᠨ᠎ᠡ ᠂ ᠳᠠᠷᠢᠬᠤ ᠠᠴᠠ ᠡᠮᠦᠨᠡᠬᠢ ᠡᠰᠢ | ᠰᠦᠷᠡᠯ ᠤᠨ ᠪᠦᠷᠬᠦᠴᠡ ᠶᠢᠨ ᠨᠣᠷᠮ᠎ᠠ ᠶᠢ 60% ᠠᠴᠠ ᠳᠡᠭᠡᠭᠰᠢ ᠪᠠᠶᠢᠯᠭᠠᠬᠤ ᠶᠢ ᠱᠠᠭᠠᠷᠳᠠᠨ᠎ᠠ︔ ᠡᠰᠢ | ᠰᠦᠷᠡᠯ ᠢᠶᠠᠷ ᠬᠡᠰᠡᠭ ᠪᠦᠯᠦᠭ ᠢ ᠪᠦᠷᠬᠦᠭᠦᠯᠵᠦ ᠦᠯᠦ ᠬᠠᠭᠠᠯᠪᠤᠷᠢᠯᠠᠨ ᠲᠠᠷᠢᠬᠤ ᠪᠣᠶᠣ ᠪᠠᠭ᠎ᠠ ᠬᠠᠭᠠᠯᠪᠤᠷᠢᠯᠠᠨ ᠲᠠᠷᠢᠬᠤ | ᠵᠠᠭᠪᠤᠷ ᠲᠤ ᠵᠠᠷᠴᠢᠮ ᠳᠡᠭᠡᠷ᠎ᠡ ᠪᠠᠨ ᠡᠷᠳᠡᠨᠢ ᠰᠢᠰᠢ ᠶᠢ ᠨᠠᠮᠤᠷ ᠤᠨ ᠤᠯᠠᠷᠢᠯ ᠳᠤ ᠬᠤᠷᠢᠶᠠᠬᠤ ᠦᠶ᠎ᠡ ᠳᠤ 25cm | ᠣᠷᠴᠢᠮ ᠥᠨᠳᠥᠷ ᠭᠤᠤᠷᠰᠤ ᠦᠯᠡᠳᠡᠭᠡᠬᠦ ᠶᠢᠨ ᠬᠠᠮᠲᠤ ᠬᠡᠰᠡᠭ ᠡᠰᠢ ᠰᠦᠷᠡᠯ ᠢ ᠭᠠᠵᠠᠷ ᠤᠨ ᠭᠠᠳᠠᠷᠭᠤ ᠳᠤ | ᠦᠯᠡᠳᠡᠭᠡᠨ ᠡᠪᠦᠯᠵᠢᠭᠦᠯᠵᠦ᠂ ᠳᠠᠷᠢᠬᠤ ᠠᠴᠠ ᠡᠮᠦᠨᠡᠬᠢ ᠡᠰᠢ ᠰᠦᠷᠡᠯ ᠤᠨ ᠪᠦᠷᠬᠦᠴᠡ ᠶᠢᠨ ᠨᠣᠷᠮ᠎ᠠ ᠶᠢ | 30% ︱ 60% ᠳᠤ ᠬᠦᠷᠦᠭᠦᠯᠬᠦ ᠶᠢ ᠱᠠᠭᠠᠷᠳᠠᠨ᠎ᠠ︔ ᠡᠰᠢ ᠰᠦᠷᠡᠯ ᠢᠶᠠᠷ ᠪᠠᠭ᠎ᠠ ᠬᠡᠰᠡᠭ ᠢ ᠪᠦᠷᠬᠦᠭᠦᠯᠵᠦ ᠦᠯᠦ | ᠬᠠᠭᠠᠯᠪᠤᠷᠢᠯᠠᠨ ᠲᠠᠷᠢᠬᠤ ᠪᠣᠶᠣ ᠪᠠᠭ᠎ᠠ ᠬᠠᠭᠠᠯᠪᠤᠷᠢᠯᠠᠨ ᠲᠠᠷᠢᠬᠤ ᠵᠠᠭᠪᠤᠷ ᠲᠤ ᠵᠠᠷᠴᠢᠮ ᠳᠡᠭᠡᠷ᠎ᠡ ᠪᠠᠨ ᠡᠷᠳᠡᠨᠢ | ᠰᠢᠰᠢ ᠶᠢ ᠨᠠᠮᠤᠷ ᠤᠨ ᠤᠯᠠᠷᠢᠯ ᠳᠤ ᠬᠤᠷᠢᠶᠠᠬᠤ ᠦᠶ᠎ᠡ ᠳᠤ 10cm ᠠᠴᠠ ᠳᠡᠭᠡᠭᠰᠢ ᠭᠤᠤᠷᠰᠤ ᠦᠯᠡᠳᠡᠭᠡᠬᠦ ᠶᠢᠨ | ᠬᠠᠮᠲᠤ ᠬᠡᠰᠡᠭ ᠡᠰᠢ ᠰᠦᠷᠡᠯ ᠢ ᠭᠠᠵᠠᠷ ᠤᠨ ᠭᠠᠳᠠᠷᠭᠤ ᠳᠤ ᠦᠯᠡᠳᠡᠭᠡᠨ ᠡᠪᠦᠯᠵᠢᠭᠦᠯᠵᠦ᠂ ᠳᠠᠷᠢᠬᠤ ᠠᠴᠠ ᠡᠮᠦᠨᠡᠬᠢ | ᠡᠰᠢ ᠰᠦᠷᠡᠯ ᠤᠨ ᠪᠦᠷᠬᠦᠴᠡ ᠶᠢᠨ ᠨᠣᠷᠮ᠎ᠠ ᠶᠢ 15% ︱ 30% ᠳᠤ ᠬᠦᠷᠦᠭᠦᠯᠬᠦ ᠶᠢ ᠱᠠᠭᠠᠷᠳᠠᠨ᠎ᠠ ᠃ ᠪᠤᠰᠤᠳ | ᠲᠠᠷᠢᠮᠠᠯ ᠤᠨ ᠡᠰᠢ ᠰᠦᠷᠡᠯ ᠢ ᠵᠠᠷᠴᠢᠮ ᠳᠡᠭᠡᠷ᠎ᠡ ᠪᠠᠨ ᠴᠥᠮ ᠭᠠᠵᠠᠷ ᠤᠨ ᠭᠠᠳᠠᠷᠭᠤ ᠳᠤ ᠦᠯᠡᠳᠡᠭᠡᠨ᠎ᠡ᠃ | ︵ᠲᠠᠪᠤ︶ ᠨᠥᠬᠦᠪᠦᠷᠢ ᠣᠯᠭᠤᠬᠤ ᠡᠲᠡᠭᠡᠳ᠃ ︽ ᠬᠡᠨ ᠭᠠᠵᠠᠷ ᠰᠢᠷᠣᠢ ᠶᠢ ᠡᠵᠡᠩᠨᠡᠵᠦ ᠪᠠᠶᠢᠪᠠᠯ᠂ ᠬᠡᠨ | ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ᠪᠣᠳᠠᠲᠠᠢ ᠬᠡᠷᠡᠭᠵᠢᠭᠦᠯᠵᠦ᠂ ᠲᠡᠷᠡ ᠨᠥᠬᠦᠪᠦᠷᠢ ᠬᠦᠷᠳᠡᠬᠦ ︾ ᠵᠠᠷᠴᠢᠮ ᠢ | ᠪᠠᠷᠢᠮᠲᠠᠯᠠᠵᠤ ᠂ ᠬᠡᠷᠡᠭᠵᠢᠭᠦᠯᠬᠦ ᠣᠷᠣᠨ ᠪᠦᠰᠡ ᠶᠢᠨ ᠳᠣᠲᠣᠷ᠎ᠠ ᠭᠠᠵᠠᠷ ᠰᠢᠷᠣᠢ ᠶᠢ ᠪᠣᠳᠠᠲᠠᠢ ᠪᠠᠷ ᠡᠵᠡᠩᠨᠡᠬᠦ ᠶᠢᠨ | ᠬᠠᠮᠲᠤ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ᠰᠠᠶᠢᠨ ᠳᠤᠷ᠎ᠠ ᠠᠴᠠ ᠪᠠᠨ ᠬᠡᠷᠡᠭᠵᠢᠭᠦᠯᠦᠭᠰᠡᠨ ᠬᠤᠪᠢ | ᠬᠥᠮᠥᠨ ᠪᠠ ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠪᠠᠷ ᠨᠥᠬᠦᠪᠦᠷᠢ | ᠣᠯᠭᠤᠬᠤ ᠡᠲᠡᠭᠡᠳ ᠪᠣᠯᠭᠠᠨ᠎ᠠ ᠃ ᠤᠯᠤᠰ ᠪᠠ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠤ | ᠡᠳ᠋ ᠤᠨ ᠵᠠᠰᠠᠭ ᠠᠴᠠ ᠠᠰᠠᠷᠠᠨ ᠲᠡᠵᠢᠭᠡᠵᠦ ᠪᠠᠶᠢᠭ᠎ᠠ ᠠᠵᠢᠯᠲᠠᠨ᠂ ᠲᠤᠬᠠᠶᠢᠯᠠᠪᠠᠯ ᠤᠯᠤᠰ ᠤᠨ ᠠᠯᠪᠠᠲᠠᠨ ᠢ | ᠠᠯᠪᠠᠲᠠᠨ ᠤ ᠬᠠᠤᠯᠢ ᠪᠠᠷ ᠯᠠᠪᠯᠠᠯᠲᠠ ᠪᠣᠯᠭᠠᠨ ᠬᠠᠮᠢᠶᠠᠷᠴᠤ ᠪᠠᠶᠢᠭ᠎ᠠ ᠠᠵᠢᠯ ᠦᠢᠯᠡᠰ ᠤᠨ ᠨᠢᠭᠡᠴᠢ ᠶᠢᠨ ᠠᠵᠢᠯᠲᠠᠨ | ᠠᠵᠢᠯᠴᠢᠨ᠂ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠠᠵᠢᠯᠴᠢᠨ ︵ᠤᠷᠢᠵᠤ ᠬᠡᠷᠡᠭᠯᠡᠬᠦ ᠳᠦᠷᠢᠮᠲᠦ ᠠᠵᠢᠯᠲᠠᠨ | ᠠᠵᠢᠯᠴᠢᠨ ᠪᠠᠭᠲᠠᠨ᠎ᠠ︶ ᠢ ᠨᠥᠬᠦᠪᠦᠷᠢ ᠣᠯᠭᠤᠬᠤ ᠡᠲᠡᠭᠡᠳ ᠤᠨ ᠬᠡᠪᠴᠢᠶᠡᠨ ᠳᠤ ᠣᠷᠣᠭᠤᠯᠬᠤ ᠦᠭᠡᠢ᠃ | ︵ᠵᠢᠷᠭᠤᠭ᠎ᠠ︶ ᠨᠥᠬᠦᠪᠦᠷᠢ ᠥᠭᠬᠦ ᠪᠠᠷᠢᠮᠵᠢᠶ᠎ᠠ᠃ ᠡᠷᠳᠡᠨᠢ ᠰᠢᠰᠢ ᠶᠢᠨ ᠡᠰᠢ ᠰᠦᠷᠡᠯ ᠢᠶᠠᠷ ᠪᠦᠬᠦᠨ ᠢ | ᠪᠦᠷᠬᠦᠭᠦᠯᠵᠦ ᠦᠯᠦ ᠬᠠᠭᠠᠯᠪᠤᠷᠢᠯᠠᠨ ᠲᠠᠷᠢᠬᠤ ᠪᠤᠶᠤ ᠪᠠᠭ᠎ᠠ ᠬᠠᠭᠠᠯᠪᠤᠷᠢᠯᠠᠨ ᠲᠠᠷᠢᠬᠤ ᠵᠠᠭᠪᠤᠷ ᠤᠨ ᠨᠥᠬᠦᠪᠦᠷᠢ ᠦᠭᠬᠦ | ᠪᠠᠷᠢᠮᠵᠢᠶ᠎ᠠ ᠶᠢ ᠮᠦ ᠪᠦᠷᠢ ᠳᠤ 65 ᠲᠥᠭᠦᠷᠢᠭ ᠠᠴᠠ ᠬᠡᠲᠦᠷᠡᠭᠦᠯᠬᠦ ᠦᠭᠡᠢ᠂ ᠡᠷᠳᠡᠨᠢ ᠰᠢᠰᠢ ᠶᠢᠨ ᠡᠰᠢ ᠰᠦᠷᠡᠯ ᠢᠶᠠᠷ | ᠬᠡᠰᠡᠭ ᠪᠦᠯᠦᠭ ᠢ ᠪᠦᠷᠬᠦᠭᠦᠯᠵᠦ ᠦᠯᠦ ᠬᠠᠭᠠᠯᠪᠤᠷᠢᠯᠠᠨ ᠲᠠᠷᠢᠬᠤ ᠪᠣᠶᠣ ᠪᠠᠭ᠎ᠠ ᠬᠠᠭᠠᠯᠪᠤᠷᠢᠯᠠᠨ ᠲᠠᠷᠢᠬᠤ ᠵᠠᠭᠪᠤᠷ ᠤᠨ | ᠨᠥᠬᠦᠪᠦᠷᠢ ᠦᠭᠬᠦ ᠪᠠᠷᠢᠮᠵᠢᠶ᠎ᠠ ᠶᠢ ᠮᠦ ᠪᠦᠷᠢ ᠳᠤ 34 ᠲᠥᠭᠦᠷᠢᠭ ᠠᠴᠠ ᠬᠡᠲᠦᠷᠡᠭᠦᠯᠬᠦ ᠦᠭᠡᠢ᠂ ᠡᠷᠳᠡᠨᠢ ᠰᠢᠰᠢ ᠶᠢᠨ | ᠡᠰᠢ ᠰᠦᠷᠡᠯ ᠢᠶᠠᠷ ᠪᠠᠭ᠎ᠠ ᠬᠡᠰᠡᠭ ᠢ ᠪᠦᠷᠬᠦᠭᠦᠯᠵᠦ ᠦᠯᠦ ᠬᠠᠭᠠᠯᠪᠤᠷᠢᠯᠠᠨ ᠲᠠᠷᠢᠬᠤ ᠪᠣᠶᠣ ᠪᠠᠭ᠎ᠠ ᠬᠠᠭᠠᠯᠪᠤᠷᠢᠯᠠᠨ | ᠲᠠᠷᠢᠬᠤ ᠵᠠᠭᠪᠤᠷ ᠤᠨ ᠨᠥᠬᠦᠪᠦᠷᠢ ᠦᠭᠬᠦ ᠪᠠᠷᠢᠮᠵᠢᠶ᠎ᠠ ᠶᠢ ᠮᠦ ᠪᠦᠷᠢ ᠳᠤ 19 ᠲᠥᠭᠦᠷᠢᠭ ᠠᠴᠠ ᠬᠡᠲᠦᠷᠡᠭᠦᠯᠬᠦ | ᠦᠭᠡᠢ᠃ | | | ᠲᠦᠷᠦ ᠶᠢᠨ ᠪᠣᠳᠣᠯᠭ᠎ᠠ ᠶᠢᠨ ᠤᠭ ᠮᠠᠲ᠋ᠧᠷᠢᠶᠠᠯ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | 2022 ᠣᠨ ᠤ ᠬᠠᠷ᠎ᠠ ᠬᠥᠷᠥᠰᠥ ᠶᠢᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ᠠᠬᠢᠭᠤᠯᠬᠤ ᠠᠵᠢᠯᠯᠠᠭ᠎ᠠ ᠶᠢ | ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠂ ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ | | | |