ᠠᠮᠢᠲᠠᠨ ᠳᠤ ᠸᠠᠺᠼᠢᠨ ᠤ ᠲᠠᠷᠢᠯᠭ᠎ᠠ ᠲᠠᠷᠢᠬᠤ ᠳᠤ ᠠᠩᠬᠠᠷᠬᠤ ᠵᠦᠢᠯᠡᠰ
ᠨᠡᠶᠢᠲᠡᠯᠡᠭᠰᠡᠨ ᠴᠠᠭ᠄
2022/6/28
      ᠸᠠᠺᠼᠢᠨ ᠨᠢ ᠨᠢᠭᠡ ᠵᠦᠢᠯ ᠤᠨ ᠠᠮᠢᠳᠤ ᠪᠣᠳᠠᠰ ᠤᠨ ᠪᠦᠲᠦᠭᠡᠭᠳᠡᠬᠦᠨ ᠪᠣᠯᠤᠭᠰᠠᠨ ᠤ ᠬᠤᠪᠢ ᠳᠤ᠂ ᠲᠡᠭᠦᠨ ᠤ ᠦᠢᠯᠡᠳᠦᠯ ᠦᠷ᠎ᠡ ᠠᠰᠢᠭ  ᠨᠢ ᠸᠠᠺᠼᠢᠨ ᠤ ᠶᠠᠰᠤ ᠴᠢᠨᠠᠷ᠂ ᠥᠳᠥᠭᠡᠭᠴᠢ ᠶᠢᠨ ᠲᠥᠷᠥᠯ ᠬᠡᠯᠪᠡᠷᠢ᠂ ᠸᠠᠺᠼᠢᠨ ᠢ ᠬᠠᠳᠠᠭᠠᠯᠠᠵᠤ ᠵᠥᠭᠡᠭᠡᠪᠦᠷᠢᠯᠡᠬᠦ ᠨᠥᠬᠦᠴᠡᠯ᠂ ᠰᠢᠩᠭᠡᠷᠡᠭᠦᠯᠬᠦ ᠠᠷᠭ᠎ᠠ᠂ ᠲᠠᠷᠢᠯᠭ᠎ᠠ ᠲᠠᠷᠢᠬᠤ ᠠᠷᠭ᠎ᠠ ᠵᠠᠮ᠂ ᠲᠠᠷᠢᠯᠭ᠎ᠠ ᠲᠠᠷᠢᠬᠤ ᠴᠠᠭ ᠲᠣᠬᠢᠶᠠᠯ᠂ ᠲᠠᠷᠢᠯᠭ᠎ᠠ ᠲᠠᠷᠢᠬᠤ ᠳᠡᠰ ᠳᠠᠷᠠᠭᠠᠯᠠᠯ ᠂ ᠠᠮᠢᠲᠠᠨ ᠤ ᠲᠠᠷᠢᠯᠭ᠎ᠠ ᠳᠤ ᠭᠠᠷᠭᠠᠭᠰᠠᠨ ᠳᠤᠰᠬᠠᠯ ᠵᠡᠷᠭᠡ ᠣᠯᠠᠨ ᠡᠯᠧᠮᠧᠨ᠋ᠲ ᠤᠨ ᠨᠥᠯᠥᠭᠡ ᠶᠢ ᠭᠥᠷᠳᠡᠳᠡᠭ᠃ ᠳᠡᠭᠡᠷᠡᠬᠢ ᠠᠯᠢ ᠨᠢᠭᠡ ᠭᠤᠭᠴᠤᠭ᠎ᠠ ᠶᠢ ᠰᠠᠶᠢᠲᠤᠷ ᠬᠢᠵᠦ ᠴᠢᠳᠠᠬᠤ ᠦᠭᠡᠢ ᠪᠣᠯ ᠪᠦᠷ ᠲᠠᠷᠢᠯᠭ᠎ᠠ ᠶᠢᠨ ᠦᠷ᠎ᠡ ᠠᠰᠢᠭ ᠢ ᠪᠠᠭᠤᠷᠠᠭᠤᠯᠵᠤ ᠂ ᠴᠢᠨᠠᠭᠰᠢᠯᠠᠪᠠᠯ ᠲᠠᠷᠢᠯᠭ᠎ᠠ ᠲᠠᠷᠢᠭᠰᠠᠨ ᠤ ᠦᠢᠯᠡᠳᠦᠯ ᠢᠶᠠᠨ ᠠᠯᠳᠠᠵᠤ ᠮᠡᠳᠡᠨ᠎ᠡ ᠃ ᠡᠶᠢᠮᠦ ᠠᠴᠠ ᠰᠢᠨᠵᠢᠯᠡᠬᠦ ᠤᠬᠠᠭᠠᠨᠴᠢ ᠪᠠᠷ ᠲᠠᠷᠢᠯᠭ᠎ᠠ ᠲᠠᠷᠢᠬᠤ᠂ ᠲᠠᠷᠢᠯᠭ᠎ᠠ ᠲᠠᠷᠢᠬᠤ ᠠᠵᠢᠯᠯᠠᠭ᠎ᠠ ᠶᠢ ᠵᠢᠷᠤᠮᠵᠢᠭᠤᠯᠬᠤ ᠂ ᠲᠠᠷᠢᠯᠭ᠎ᠠ ᠲᠠᠷᠢᠬᠤ ᠰᠡᠷᠡᠯᠵᠢᠯ ᠢ ᠪᠠᠭᠠᠰᠬᠠᠬᠤ ᠂ ᠲᠠᠷᠢᠯᠭ᠎ᠠ ᠲᠠᠷᠢᠭᠰᠠᠨ ᠠᠮᠢᠲᠠᠨ ᠤ ᠠᠮᠤᠷ ᠲᠦᠪᠰᠢᠨ ᠪᠠ ᠲᠠᠷᠢᠯᠭ᠎ᠠ ᠲᠠᠷᠢᠭᠰᠠᠨ ᠦᠷ᠎ᠡ ᠠᠰᠢᠭ ᠢ ᠪᠠᠲᠤᠯᠠᠬᠤ ᠨᠢ ᠲᠤᠶᠢᠯ ᠤᠨ ᠴᠢᠬᠤᠯᠠ ᠶᠠᠪᠤᠳᠠᠯ ᠪᠣᠯᠵᠠᠢ᠃      ᠨᠢᠭᠡ᠂ ᠸᠠᠺᠼᠢᠨ ᠤ ᠲᠠᠷᠢᠯᠭ᠎ᠠ ᠲᠠᠷᠢᠬᠤ ᠠᠵᠢᠯᠯᠠᠭ᠎ᠠ ᠳᠤᠮᠳᠠ ᠠᠩᠬᠠᠷᠬᠤ ᠴᠢᠬᠤᠯᠠᠲᠠᠢ ᠵᠦᠢᠯᠡᠰ      1.ᠲᠠᠷᠢᠯᠭ᠎ᠠ ᠲᠠᠷᠢᠬᠤ ᠠᠴᠠ ᠡᠮᠦᠨᠡᠬᠢ ᠪᠡᠯᠡᠳᠬᠡᠯ ᠠᠵᠢᠯ ᠢ ᠭᠦᠢᠴᠡᠳ ᠬᠢᠬᠦ ᠬᠡᠷᠡᠭᠲᠡᠢ︔      2. ᠲᠠᠷᠢᠯᠭ᠎ᠠ ᠲᠠᠷᠢᠬᠤ ᠠᠵᠢᠯᠲᠠᠨ ᠤ ᠰᠡᠷᠭᠡᠶᠢᠯᠡᠨ ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠢ ︔      3. ᠲᠠᠷᠢᠯᠭ᠎ᠠ ᠲᠠᠷᠢᠬᠤ ᠠᠮᠢᠲᠠᠨ ᠤ ᠠᠮᠤᠷ ᠲᠦᠪᠰᠢᠨ ᠢ ᠬᠠᠮᠠᠭᠠᠯᠠᠬᠤ ᠬᠡᠷᠡᠭᠲᠡᠢ ︔      4. ᠸᠠᠺᠼᠢᠨ ᠤ ᠲᠠᠷᠢᠯᠭ᠎ᠠ ᠲᠠᠷᠢᠬᠤ ᠠᠵᠢᠯᠯᠠᠭ᠎ᠠ ᠶᠢ ᠵᠢᠷᠣᠮᠵᠢᠭᠤᠨ ᠬᠢᠬᠦ ᠬᠡᠷᠡᠭᠲᠡᠢ ︔      5. ᠲᠠᠷᠢᠯᠭ᠎ᠠ ᠲᠠᠷᠢᠬᠤ ᠶᠢᠨ ᠰᠡᠷᠡᠯᠵᠢᠯ ᠠᠴᠠ ᠠᠯᠢ ᠴᠢᠳᠠᠬᠤ ᠪᠠᠷ ᠵᠠᠶᠢᠯᠠᠰᠬᠢᠬᠤ ᠬᠡᠷᠡᠭᠲᠡᠢ ︔      6. ᠲᠠᠷᠢᠯᠭ᠎ᠠ ᠲᠠᠷᠢᠭᠰᠠᠨ ᠲᠡᠮᠳᠡᠭ ᠬᠢᠭᠡᠳ‌‍ᠲ᠋ᠠᠷᠢᠯᠭ᠎ᠠ ᠲᠠᠷᠢᠭᠰᠠᠨ ᠲᠠᠩᠰᠠ ᠡᠪᠬᠡᠮᠡᠯ ᠪᠠᠶᠢᠭᠤᠯᠬᠤ ᠬᠡᠷᠡᠭᠲᠡᠢ ᠃      ᠬᠤᠶᠠᠷ᠂ ᠲᠠᠷᠢᠯᠭ᠎ᠠ ᠲᠠᠷᠢᠬᠤ ᠳᠤᠮᠳᠠ ᠬᠤᠪᠢ ᠪᠡᠶ᠎ᠡ ᠶᠢᠨ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠢ      1. ᠠᠮᠢᠲᠠᠨ ᠤ ᠲᠣᠰ ᠪᠡᠶ᠎ᠡ ᠶᠢᠨ ᠠᠵᠢᠯᠯᠠᠭ᠎ᠠ ᠠᠴᠠ ᠪᠤᠯᠵᠤ ᠰᠢᠷᠬᠠᠲᠤᠬᠤ ᠠᠴᠠ ᠬᠢᠴᠢᠶᠡᠬᠦ ᠬᠡᠷᠡᠭᠲᠡᠢ ᠂ ᠵᠢᠱᠢᠶᠡᠯᠡᠪᠡᠯ ᠬᠠᠵᠠᠵᠤ ᠰᠢᠷᠬᠠᠲᠤᠭᠤᠯᠬᠤ ᠂ ᠢᠰᠭᠦᠯᠵᠦ ᠰᠢᠷᠬᠠᠲᠤᠭᠤᠯᠬᠤ ᠂ ᠮᠦᠷᠭᠦᠵᠦ ᠰᠢᠷᠬᠠᠲᠤᠭᠤᠯᠬᠤ ︔      2. ᠲᠠᠷᠢᠯᠭ᠎ᠠ ᠲᠠᠷᠢᠬᠤ ᠦᠶ᠎ᠡ ᠳᠤ ᠠᠳᠡᠵᠦ ᠰᠢᠷᠬᠠᠲᠠᠬᠤ ᠠᠴᠠ ᠬᠢᠴᠢᠶᠡᠬᠦ ᠬᠡᠷᠡᠭᠲᠡᠢ︔      3. ᠸᠠᠺᠼᠢᠨ ᠤ ᠬᠠᠯᠳᠠᠪᠤᠷᠢᠯᠠᠯ᠂ ᠵᠢᠱᠢᠶᠡᠯᠡᠪᠡᠯ ᠪᠷᠦ᠋ᠼᠧᠯ ᠡᠪᠡᠳᠴᠢᠨ ᠤ ᠸᠠᠺᠼᠢᠨ ᠤ ᠲᠠᠷᠢᠯᠭ᠎ᠠ ᠲᠠᠷᠢᠬᠤ ᠦᠶ᠎ᠡ ᠳᠤ᠂ ᠲᠠᠷᠢᠯᠭ᠎ᠠ ᠲᠠᠷᠢᠬᠤ ᠠᠵᠢᠯᠲᠠᠳ ᠲᠤ ᠬᠠᠯᠳᠠᠪᠤᠷᠢᠯᠠᠵᠤ ᠮᠡᠳᠡᠨ᠎ᠡ︔      4. ᠠᠮᠢᠲᠠᠨ ᠲᠠᠢ ᠣᠷᠳᠣ ᠬᠤᠭᠤᠴᠠᠭ᠎ᠠ ᠪᠠᠷ ᠣᠶᠢᠷᠠᠳᠪᠠᠯ᠂ ᠨᠢᠭᠤᠭᠳᠠᠮᠠᠯ ᠴᠢᠨᠠᠷᠲᠠᠢ ᠪᠠᠺᠲ᠋ᠧᠷᠢ ᠠᠪᠴᠤ ᠶᠠᠪᠤᠭᠴᠢ ᠪᠠᠶᠢᠵᠤ᠂ ᠬᠥᠮᠥᠨ ᠳᠤ ᠬᠠᠯᠳᠠᠭᠠᠬᠤ ᠡᠪᠡᠳᠴᠢᠨ ᠤ ᠪᠠᠺᠲ᠋ᠧᠷᠢ ᠶᠢ ᠠᠪᠴᠤ ᠶᠠᠪᠤᠵᠤ ᠮᠡᠳᠡᠨ᠎ᠡ᠃      5. ᠬᠠᠮᠠᠭᠠᠯᠠᠯᠲᠠ ᠶᠢ ᠰᠠᠶᠢᠲᠤᠷ ᠬᠢᠬᠦ ᠳᠤ ᠬᠤᠪᠢ ᠬᠥᠮᠥᠨ ᠤ ᠠᠮᠤᠷ ᠲᠦᠪᠰᠢᠨ ᠢ ᠠᠩᠬᠠᠷᠬᠤ ᠶᠢᠨ ᠬᠠᠮᠲᠤ ᠪᠠᠰᠠ ᠠᠵᠢᠯ ᠲᠥᠷᠥᠯ ᠤᠨ ᠳᠦᠷᠢ ᠲᠥᠷᠬᠦ᠂ ᠬᠤᠪᠢ ᠬᠥᠮᠥᠨ ᠤ ᠡᠷᠡᠭᠦᠯ ᠬᠠᠮᠠᠭᠠᠯᠠᠯ ︵ᠠᠮᠢᠲᠠᠨ ᠤ ᠰᠠᠷᠠᠪᠴᠢ ᠶᠢᠨ ᠬᠤᠭ ᠲᠣᠭᠤᠰᠣ᠂ ᠦᠨᠦᠷ︶᠂ ᠲᠤᠰᠠᠭᠠᠷᠯᠠᠨ ᠠᠷᠢᠭᠤᠳᠬᠠᠬᠤ ᠳᠤ ᠲᠥᠬᠦᠮ ᠪᠠᠶᠢᠬᠤ ᠶᠢ ᠠᠩᠬᠠᠷᠬᠤ ᠬᠡᠷᠡᠭᠲᠡᠢ ᠃      ᠭᠤᠷᠪᠠ ᠂ ᠲᠠᠷᠢᠯᠭ᠎ᠠ ᠲᠠᠷᠢᠬᠤ ᠠᠮᠢᠳᠠᠨ ᠤ ᠠᠮᠤᠷ ᠲᠦᠪᠰᠢᠨ ᠢ ᠬᠠᠮᠠᠭᠠᠯᠠᠬᠤ ᠬᠡᠷᠡᠭᠲᠡᠢ      1. ᠡᠯ᠎ᠡ ᠲᠡᠵᠢᠭᠡᠨ ᠦᠷᠡᠵᠢᠭᠦᠯᠬᠦ ᠲᠠᠯᠠᠪᠠᠶ ᠂ ᠰᠠᠷᠠᠪᠴᠢ ᠳᠤ ᠣᠷᠣᠵᠤ ᠭᠠᠷᠬᠤ ᠳᠤ ᠪᠠᠨ ᠴᠢᠩᠭ᠎ᠠ ᠠᠷᠢᠭᠤᠳᠬᠠᠵᠤ᠂ ᠲᠠᠷᠢᠯᠭ᠎ᠠ ᠲᠠᠷᠢᠬᠤ ᠠᠵᠢᠯᠲᠠᠨ ᠤ ᠣᠷᠣᠵᠤ ᠭᠠᠷᠬᠤ ᠠᠴᠠ ᠪᠣᠯᠵᠤ ᠡᠪᠡᠳᠴᠢᠨ ᠡᠭᠦᠰᠬᠡᠭᠴᠢ ᠪᠠᠺᠲ᠋ᠧᠷᠢ ᠶᠢᠨ ᠬᠠᠯᠳᠠᠪᠤᠷᠢᠯᠠᠬᠤ ᠠᠴᠠ ᠰᠡᠷᠭᠡᠶᠢᠯᠡᠬᠦ ᠬᠡᠷᠡᠭᠲᠡᠢ ︔      2. ᠲᠠᠷᠢᠯᠭ᠎ᠠ ᠲᠠᠷᠢᠬᠤ ᠠᠴᠠ ᠡᠮᠦᠨ᠎ᠡ ᠠᠮᠢᠲᠠᠨ ᠤ ᠡᠷᠡᠭᠦᠯ ᠮᠡᠨᠳᠦ ᠶᠢᠨ ᠪᠠᠶᠢᠳᠠᠯ ᠢ ᠠᠵᠢᠭᠯᠠᠬᠤ ᠬᠡᠷᠡᠭᠲᠡᠢ᠃      ᠮᠡᠳᠡᠭᠡ ᠵᠠᠩᠭᠢ ᠶᠢᠨ ᠢᠷᠡᠯᠲᠡ᠄ ᠪᠤᠭᠤᠲᠤ ᠬᠤᠲᠠ ᠶᠢᠨ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠤᠨ ᠰᠢᠨ ᠳ᠋ᠦᠩ 
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号