2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠤ ᠰᠢᠨ᠎ᠡ ᠶᠢ ᠡᠭᠦᠳᠬᠦ ᠴᠢᠨᠠᠷᠲᠠᠢ ᠦᠢᠯᠡᠳᠬᠦᠨ ᠢ ᠢᠯᠡ ᠪᠠᠷ ᠴᠤᠭᠯᠠᠭᠤᠯᠬᠤ ᠲᠤᠬᠠᠢ  ᠵᠠᠬᠢᠳᠠᠯ
ᠨᠡᠶᠢᠲᠡᠯᠡᠭᠰᠡᠨ ᠴᠠᠭ᠄
2022/7/5
ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠲᠠᠷᠢᠶᠠᠯᠠᠩ ᠤᠨ ᠮᠠᠰᠢᠨ ᠤ ᠰᠠᠯᠠᠭ᠎ᠠ ᠮᠥᠴᠢᠷ ᠪᠣᠯᠣᠨ ᠠᠵᠤ ᠠᠬᠤᠶᠢᠯᠠᠯ ᠳᠤ ᠄      ᠮᠠᠨ ᠤ ᠣᠷᠣᠨ ᠤ ᠲᠠᠷᠢᠶᠠᠯᠠᠩ ᠤᠨ ᠮᠠᠰᠢᠨ ᠤ ᠦᠢᠯᠡᠳᠬᠦᠨ ᠤ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠵᠤ᠂ ᠰᠢᠨ᠎ᠡ ᠶᠢ ᠡᠭᠦᠳᠬᠦ ᠬᠡᠯᠪᠡᠷᠢ ᠶᠢᠨ ᠲᠠᠷᠢᠶᠠᠯᠠᠩ ᠤᠨ ᠮᠠᠰᠢᠨ ᠤ ᠪᠦᠲᠦᠭᠡᠭᠳᠡᠬᠦᠨ ᠢ ᠳᠡᠯᠭᠡᠷᠡᠭᠦᠯᠦᠨ ᠬᠡᠷᠡᠭᠯᠡᠬᠦ  ᠶᠢ ᠲᠦᠷᠭᠡᠳᠭᠡᠨ ᠂ ᠲᠠᠷᠢᠶᠠᠯᠠᠩ ᠮᠠᠯ ᠠᠵᠤ ᠠᠬᠤᠢ ᠶᠢᠨ ᠮᠠᠰᠢᠨᠴᠢᠯᠠᠯᠲᠠ ᠶᠢᠨ ᠪᠦᠬᠦ ᠲᠠᠯ᠎ᠠ  ᠪᠠᠷ ᠴᠢᠨᠠᠷ ᠰᠠᠶᠢᠲᠠᠢ ᠬᠥᠭᠵᠢᠬᠦ  ᠶᠢ ᠲᠦᠯᠬᠢᠨ ᠠᠬᠢᠭᠤᠯᠬᠤ ᠶᠢᠨ ᠲᠤᠰᠠᠳᠠ᠂ ︽ᠲᠠᠷᠢᠶᠠᠯᠠᠩ ᠤᠨ ᠮᠠᠰᠢᠨ ᠢ ᠲᠤᠷᠰᠢᠯᠲᠠ ᠪᠠᠷ ᠬᠢᠨᠠᠨ ᠲᠣᠭᠲᠠᠭᠠᠬᠤ ᠠᠷᠭ᠎ᠠ︾ ︵ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠵᠠᠷᠯᠢᠭ 2018 ᠣᠨ ᠤ 3 ᠳ᠋ᠤᠭᠠᠷ ᠲᠣᠭᠠᠲᠤ︶᠂ ︽ᠲᠠᠷᠢᠶᠠᠯᠠᠩ ᠤᠨ ᠮᠠᠰᠢᠨ ᠢ ᠲᠤᠷᠰᠢᠯᠲᠠ ᠪᠠᠷ ᠬᠢᠨᠠᠨ ᠲᠣᠭᠲᠠᠭᠠᠬᠤ ᠠᠵᠢᠯ ᠤᠨ ᠵᠢᠷᠤᠮᠵᠢᠯ︾ ︵ᠲᠠᠷᠢᠶᠠᠯᠠᠩ ᠮᠠᠰᠢᠨ ᠲᠠᠷᠬᠠᠭᠠᠭᠰᠠᠨ ﹇2019﹈ 3 ᠳ᠋ᠤᠭᠠᠷ ᠲᠣᠭᠠᠲᠤ︶ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠢ ᠲᠤᠷᠰᠢᠯᠲᠠ ᠪᠠᠷ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ︾ ︵ᠲᠤᠷᠰᠢᠨ ᠬᠡᠷᠡᠭᠵᠢᠭᠦᠯᠬᠦ︶ ︵ᠥᠪᠥᠷ ᠲᠠᠷᠢᠶᠠᠯᠠᠩ ᠮᠠᠯ ᠲᠣᠭᠲᠠᠭᠠᠯ ᠲᠠᠷᠬᠠᠭᠠᠭᠰᠠᠨ ﹇2019﹈ 1 ᠳ᠋ᠦ᠋ᠭᠡᠷ ᠲᠣᠭᠠᠲᠤ︶ ᠶᠢᠨ ᠱᠠᠭᠠᠷᠳᠠᠯᠭ᠎ᠠ ᠶᠢ ᠦᠨᠳᠦᠰᠦᠯᠡᠨ᠂ 2019 ᠣᠨ᠂ 2020 ᠣᠨ᠂ 2021 ᠣᠨ ᠳᠤ ᠮᠠᠨ ᠤ ᠥᠷᠲᠡᠭᠡ ᠡᠯ᠎ᠡ ᠠᠶᠢᠮᠠᠭ ᠬᠤᠲᠠ ᠠᠴᠠ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠤ ᠰᠢᠨ᠎ᠡ ᠶᠢ ᠡᠭᠦᠳᠬᠦ ᠴᠢᠨᠠᠷᠲᠠᠢ ᠦᠢᠯᠡᠳᠬᠦᠨ ᠢ ᠢᠯᠡ ᠪᠠᠷ ᠴᠤᠭᠯᠠᠭᠤᠯᠬᠤ ᠪᠠᠷ ᠳᠡᠮᠵᠢᠨ᠂ 11 ᠵᠦᠢᠯ ᠤᠨ ᠰᠢᠨ᠎ᠡ ᠶᠢ ᠡᠭᠦᠳᠬᠦ ᠴᠢᠨᠠᠷᠲᠠᠢ ᠦᠢᠯᠡᠳᠬᠦᠨ ᠢ ᠥᠪᠡᠷᠲᠡᠭᠡᠨ ᠵᠠᠰᠠᠬᠤ ᠣᠷᠣᠨ ᠤ ᠲᠤᠰᠬᠠᠢ ᠬᠢᠨᠠᠨ ᠲᠣᠭᠲᠠᠭᠠᠬᠤ ᠬᠥᠲᠥᠯᠪᠦᠷᠢ ᠶᠢ ᠲᠣᠭᠲᠠᠭᠠᠵᠤ᠂ ᠰᠢᠨ᠎ᠡ ᠶᠢ ᠡᠭᠦᠳᠬᠦ ᠴᠢᠨᠠᠷᠲᠠᠢ ᠦᠢᠯᠡᠳᠬᠦᠨ ᠢ ᠳᠡᠯᠭᠡᠷᠡᠭᠦᠯᠦᠨ ᠬᠡᠷᠡᠭᠯᠡᠬᠦ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃      ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠤ ᠲᠤᠰᠬᠠᠢ ᠬᠢᠨᠠᠨ ᠲᠣᠭᠲᠠᠭᠠᠬᠤ ᠠᠵᠢᠯ ᠢ ᠰᠠᠶᠢᠲᠤᠷ ᠬᠢᠵᠦ᠂ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠳᠤᠮᠳᠠᠬᠢ ᠪᠣᠳᠠᠲᠠᠢ ᠬᠡᠷᠡᠭᠴᠡᠭᠡ ᠶᠢ ᠬᠠᠩᠭᠠᠬᠤ ᠶᠢᠨ ᠲᠤᠰᠠᠳᠠ᠂ ᠮᠠᠨ ᠤ ᠥᠷᠲᠡᠭᠡ ᠡᠳᠦᠭᠡ ᠨᠡᠶᠢᠭᠡᠮ ᠨᠡᠶᠢᠲᠡ ᠠᠴᠠ 2022 ᠣᠨ ᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠤ ᠰᠢᠨ᠎ᠡ ᠶᠢ ᠡᠭᠦᠳᠬᠦ ᠴᠢᠨᠠᠷᠲᠠᠢ ᠦᠢᠯᠡᠳᠬᠦᠨ ᠢ ᠢᠯᠡ ᠪᠠᠷ ᠡᠯᠰᠡᠨ ᠴᠤᠭᠯᠠᠭᠤᠯᠤᠨ᠎ᠠ᠃ ᠡᠯ᠎ᠡ ᠬᠤᠯᠪᠣᠭᠳᠠᠯ ᠪᠦᠬᠦᠢ ᠲᠠᠷᠢᠶᠠᠯᠠᠩ ᠤᠨ ᠮᠠᠰᠢᠨ ᠤ ᠰᠠᠯᠠᠭ᠎ᠠ ᠮᠥᠴᠢᠷ ᠪᠠ ᠠᠵᠤ ᠠᠬᠤᠶᠢᠯᠠᠯ ᠤᠳ ᠢᠳᠡᠪᠬᠢᠲᠡᠢ ᠪᠠᠷ ᠭᠤᠶᠤᠴᠢᠯᠠᠨ ᠮᠡᠳᠡᠭᠦᠯᠵᠦ᠂ 2022 ᠣᠨ ᠤ 8 ᠰᠠᠷ᠎ᠠ ᠶᠢᠨ 30 ᠤ ᠡᠳᠦᠷ ᠠᠴᠠ ᠡᠮᠦᠨ᠎ᠡ᠂ ᠳᠣᠣᠷᠠᠬᠢ ᠠᠷᠭ᠎ᠠ ᠵᠠᠮ ᠪᠤᠶᠤ ᠠᠷᠭ᠎ᠠ ᠮᠠᠶ᠋ᠢᠭ ᠢᠶᠠᠷ ᠰᠠᠨᠠᠯ ᠢᠶᠠᠨ ᠮᠠᠨ ᠤ ᠥᠷᠲᠡᠭᠡ ᠳᠤ ᠮᠡᠳᠡᠭᠦᠯᠦᠨ ᠬᠦᠷᠭᠡᠭᠡᠷᠡᠢ ᠂ ᠮᠠᠨ ᠤ ᠥᠷᠲᠡᠭᠡ ᠬᠤᠷᠢᠶᠠᠩᠭᠤᠶᠢᠯᠠᠨ ᠵᠠᠳᠠᠯᠤᠭᠰᠠᠨ ᠤ ᠳᠠᠷᠠᠭ᠎ᠠ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ ᠲᠤᠰᠬᠠᠢ ᠵᠦᠢᠯ ᠤᠨ ᠬᠢᠨᠠᠨ ᠲᠣᠭᠲᠠᠭᠠᠯᠲᠠ ᠶᠢᠨ ᠬᠥᠲᠥᠯᠪᠦᠷᠢ ᠶᠢ ᠲᠣᠭᠲᠠᠭᠠᠬᠤ ᠪᠠ ᠵᠠᠰᠠᠪᠤᠷᠢ ᠣᠷᠣᠭᠤᠯᠬᠤ ᠠᠵᠢᠯ ᠢ ᠦᠷᠨᠢᠭᠦᠯᠦᠨ᠎ᠡ ᠃      1.ᠢᠮᠧᠯ ᠢᠶᠠᠷ ᠳᠠᠮᠵᠢᠭᠤᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠤ ᠰᠢᠨ᠎ᠡ ᠶᠢ ᠡᠭᠦᠳᠬᠦ ᠴᠢᠨᠠᠷᠲᠠᠢ ᠦᠢᠯᠡᠳᠬᠦᠨ ᠴᠤᠭᠯᠠᠭᠤᠯᠬᠤ ᠰᠠᠨᠠᠯ ᠤᠨᠬᠦᠰᠦᠨᠦᠭᠲᠦ︾ ᠪᠣᠯᠣᠨ ᠦᠢᠯᠡᠳᠬᠦᠨ ᠤ ᠬᠡᠷᠡᠯ ᠵᠢᠷᠤᠭ ᠵᠡᠷᠭᠡ ᠮᠠᠲ᠋ᠧᠷᠢᠶᠠᠯ  ᠢᠶᠠᠨ 65409362@qq.com ᠳᠤ ᠬᠦᠷᠭᠡᠭᠡᠷᠡᠢ ᠃     2. ᠵᠠᠬᠢᠳᠠᠯ ᠤᠨ ᠠᠷᠭ᠎ᠠ ᠪᠠᠷ ᠳᠠᠮᠵᠢᠭᠤᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠤ ᠰᠢᠨ᠎ᠡ ᠶᠢ ᠡᠭᠦᠳᠬᠦ ᠴᠢᠨᠠᠷᠲᠠᠢ ᠦᠢᠯᠡᠳᠬᠦᠨ ᠴᠤᠭᠯᠠᠭᠤᠯᠬᠤ ᠰᠠᠨᠠᠯ ᠤᠨ ᠬᠦᠰᠦᠨᠦᠭᠲᠦ︾ ᠪᠣᠯᠣᠨ ᠦᠢᠯᠡᠳᠬᠦᠨ ᠤ ᠬᠡᠷᠡᠯ ᠵᠢᠷᠤᠭ ᠵᠡᠷᠭᠡ ᠮᠠᠲ᠋ᠧᠷᠢᠶᠠᠯ ᠢᠶᠠᠨ ᠬᠥᠬᠡᠬᠤᠲᠠ ᠶᠢᠨ ᠰᠠᠶᠢᠬᠠᠨ ᠲᠣᠭᠤᠷᠢᠭ ᠤᠨ ᠣᠷᠳᠣᠰ ᠵᠡᠭᠦᠨ ᠵᠡᠭᠡᠯᠢ ᠶᠢᠨ 60 ᠳ᠋ᠤᠭᠠᠷ ᠨᠣᠮᠧᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠢ ᠲᠤᠷᠰᠢᠯᠲᠠ ᠪᠠᠷ ᠬᠢᠨᠠᠨ ᠲᠣᠭᠲᠠᠭᠠᠬᠤ ᠥᠷᠲᠡᠭᠡ᠂ ᠰᠢᠤᠳᠠᠨ ᠳ᠋ᠤᠭᠠᠷ᠄ 010010᠂ ᠭᠥᠯᠢᠶᠡᠨ ᠠᠪᠤᠭᠴᠢ᠄ ᠦ᠋ ᠮᠢᠩ ᠶᠤᠸᠠᠨ᠂ ᠬᠠᠷᠢᠯᠴᠠᠬᠤ ᠤᠲᠠᠰᠤ᠄ 18104711223 ᠳᠤ ᠶᠠᠪᠤᠭᠤᠯᠤᠭᠠᠷᠠᠢ᠃       ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠤ ᠰᠢᠨ᠎ᠡ ᠶᠢ ᠡᠭᠦᠳᠬᠦ ᠴᠢᠨᠠᠷᠲᠠᠢ ᠦᠢᠯᠡᠳᠬᠦᠨ ᠴᠤᠭᠯᠠᠭᠤᠯᠬᠤ ᠰᠠᠨᠠᠯ ᠤᠨ ᠬᠦᠰᠦᠨᠦᠭᠲᠦ                           ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ                          ᠠᠬᠤᠢ ᠶᠢᠨ ᠮᠠᠰᠢᠨ ᠢ ᠲᠤᠷᠰᠢᠯᠲᠠ ᠪᠠᠷ ᠬᠢᠨᠠᠨ ᠲᠣᠭᠲᠠᠭᠠᠬᠤ ᠥᠷᠲᠡᠭᠡ                                          2022 ᠣᠨ ᠤ 6 ᠰᠠᠷ᠎ᠠ ᠶᠢᠨ 30 ᠤ ᠡᠳᠦᠷ 
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号