︽ᠲᠣᠮᠣ ᠤᠯᠤᠰ ᠤᠨ ᠲᠠᠷᠢᠶᠠᠯᠠᠩ ᠤᠨ ᠳᠠᠷᠬᠠᠨ︾  ᠪᠥᠬᠦ ᠤᠯᠤᠰ ᠤᠨ ᠲᠠᠷᠢᠶᠠᠴᠢᠨ ᠤ ᠤᠷ᠎ᠠ ᠮᠡᠷᠭᠡᠵᠢᠯ ᠤᠨ ᠤᠷᠤᠯᠳᠤᠭᠠᠨ ᠳᠤ ᠣᠷᠣᠯᠴᠠᠭᠰᠠᠳ ᠢ ᠰᠣᠩᠭᠤᠨ ᠲᠠᠨᠢᠯᠴᠠᠭᠤᠯᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2022/7/6
ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ ᠳᠤ᠄      ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ ᠂ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ ᠂ ᠳᠤᠮᠳᠠᠳᠤ ᠤᠯᠤᠰ ᠤᠨ ᠲᠠᠷᠢᠶᠠᠴᠢᠨ ᠤ ᠡᠯᠪᠡᠭ ᠬᠤᠷᠢᠶᠠᠯᠲᠠ ᠶᠢᠨ ᠪᠠᠶᠠᠷ ᠢ ᠦᠨᠡᠨ ᠬᠦ ᠰᠠᠶᠢᠲᠤᠷ ᠡᠷᠬᠢᠯᠡᠬᠦ ᠶᠢᠨ ᠲᠤᠰᠠᠳᠠ ᠂ ᠳᠤᠮᠳᠠᠳᠤ ᠤᠯᠤᠰ ᠤᠨ ᠲᠠᠷᠢᠶᠠᠴᠢᠨ ᠤ ᠡᠯᠪᠡᠭ ᠬᠤᠷᠢᠶᠠᠯᠲᠠ ᠶᠢᠨ ᠪᠠᠶᠠᠷ ᠢ ᠵᠣᠬᠢᠶᠠᠨ ᠪᠠᠶᠢᠭᠤᠯᠵᠤ ᠵᠢᠯᠤᠭᠤᠳᠬᠤ ᠺᠣᠮᠢᠰ ᠤᠨ ᠠᠯᠪᠠᠨ ᠭᠡᠷ ᠤᠨ ︽ ︿ ᠲᠣᠮᠣ ᠤᠯᠤᠰ ᠤᠨ ᠲᠠᠷᠢᠶᠠᠯᠠᠩ ᠤᠨ ᠳᠠᠷᠬᠠᠨ ﹀  ᠪᠦᠬᠦ ᠤᠯᠤᠰ ᠤᠨ ᠲᠠᠷᠢᠶᠠᠴᠢᠨ ᠤ ᠤᠷ᠎ᠠ ᠮᠡᠷᠭᠡᠵᠢᠯ ᠤᠨ ᠤᠷᠤᠯᠳᠤᠭᠠᠨ ︵ ᠲᠠᠷᠢᠵᠦ ᠲᠡᠵᠢᠭᠡᠬᠦ ᠴᠢᠳᠠᠪᠤᠷᠢᠲᠠᠨ ᠤ ᠲᠦᠷᠦᠯ ᠪᠠ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠴᠢᠳᠠᠪᠤᠷᠢᠲᠠᠨ ᠤ ᠲᠦᠷᠦᠯ ︶ ᠢ ᠡᠷᠬᠢᠯᠡᠬᠦ ᠲᠤᠬᠠᠢ ᠮᠡᠳᠡᠭᠳᠡᠯ ︾ ᠢ ᠦᠨᠳᠦᠰᠦᠯᠡᠨ ᠂ ᠳᠤᠮᠳᠠᠳᠤ ᠤᠯᠤᠰ ᠤᠨ ᠲᠠᠷᠢᠶᠠᠴᠢᠨ ᠤ ᠡᠯᠪᠡᠭ ᠬᠤᠷᠢᠶᠠᠯᠲᠠ ᠶᠢᠨ ᠪᠠᠶᠠᠷ ᠢ ᠵᠣᠬᠢᠶᠠᠨ ᠪᠠᠶᠢᠭᠤᠯᠵᠤ ᠵᠢᠯᠤᠭᠤᠳᠬᠤ ᠺᠤᠮᠢᠰ ᠠᠴᠠ 2022 ᠣᠨ ᠤ 6 ᠰᠠᠷ᠎ᠠ ᠠᠴᠠ 9 ᠰᠠᠷ᠎ᠠ ᠪᠣᠯᠲᠠᠯ᠎ᠠ ︽ ᠲᠣᠮᠣ ᠤᠯᠤᠰ ᠤᠨ ᠲᠠᠷᠢᠶᠠᠯᠠᠩ ᠤᠨ ᠳᠠᠷᠬᠠᠨ ︾  ᠪᠦᠬᠦ ᠤᠯᠤᠰ ᠤᠨ ᠲᠠᠷᠢᠶᠠᠴᠢᠨ ᠤ ᠤᠷ᠎ᠠ ᠮᠡᠷᠭᠡᠵᠢᠯ ᠤᠨ ᠤᠷᠤᠯᠳᠤᠭᠠᠨ ᠢ ᠵᠢᠯᠣᠭᠤᠳᠤᠨ ᠡᠷᠬᠢᠯᠡᠬᠦ ᠪᠠᠷ ᠪᠣᠢ᠃ ︽ᠲᠣᠮᠣ ᠤᠯᠤᠰ ᠤᠨ ᠲᠠᠷᠢᠶᠠᠯᠠᠩ ᠤᠨ ᠳᠠᠷᠬᠠᠨ ︾ ᠪᠥᠬᠦ ᠤᠯᠤᠰ ᠤᠨ ᠲᠠᠷᠢᠶᠠᠴᠢᠨ ᠤ ᠤᠷ᠎ᠠ ᠮᠡᠷᠭᠡᠵᠢᠯ ᠤᠨ ᠤᠷᠤᠯᠳᠤᠭᠠᠨ ᠤ ᠤᠷᠤᠯᠳᠤᠭᠠᠨ ᠳᠤ ᠣᠷᠣᠯᠴᠠᠭᠰᠠᠳ ᠢ ᠰᠣᠩᠭᠤᠨ ᠲᠠᠨᠢᠯᠴᠠᠭᠤᠯᠬᠤ ᠠᠵᠢᠯ ᠢ ᠰᠠᠶᠢᠲᠤᠷ ᠬᠢᠬᠦ ᠲᠤᠬᠠᠢ ᠡᠳᠦᠭᠡ ᠳᠣᠣᠷᠠᠬᠢ ᠮᠡᠲᠦ ᠮᠡᠳᠡᠭᠳᠡᠪᠡ᠄      ᠨᠢᠭᠡ᠂ ᠪᠥᠬᠦ ᠤᠯᠤᠰ ᠤᠨ ᠲᠠᠷᠢᠶᠠᠴᠢᠨ ᠤ ᠤᠷ᠎ᠠ ᠮᠡᠷᠭᠡᠵᠢᠯ ᠤᠨ ᠤᠷᠤᠯᠳᠤᠭᠠᠨ ︵ᠳᠠᠷᠢᠵᠤ ᠲᠡᠵᠢᠭᠡᠬᠦ ᠴᠢᠳᠠᠪᠤᠷᠢᠲᠠᠨ ᠤ ᠲᠦᠷᠦᠯ ︶ ᠤ ᠰᠢᠯᠢᠨ ᠰᠣᠩᠭᠤᠬᠤ ᠱᠠᠭᠠᠷᠳᠠᠯᠭ᠎ᠠ      ︽ᠲᠣᠮᠣ ᠤᠯᠤᠰ ᠤᠨ ᠲᠠᠷᠢᠶᠠᠯᠠᠩ ᠤᠨ ᠳᠠᠷᠬᠠᠨ ︾  ᠪᠥᠬᠦ ᠤᠯᠤᠰ ᠤᠨ ᠲᠠᠷᠢᠶᠠᠴᠢᠨ ᠤ ᠤᠷ᠎ᠠ ᠮᠡᠷᠭᠡᠵᠢᠯ ᠤᠨ ᠤᠷᠤᠯᠳᠤᠭᠠᠨ ᠤ ᠳᠠᠷᠢᠵᠤ ᠲᠡᠵᠢᠭᠡᠬᠦ ᠴᠢᠳᠠᠪᠤᠷᠢᠲᠠᠨ ᠤ ᠲᠦᠷᠦᠯ ᠳᠤ ᠲᠠᠷᠢᠮᠠᠯ ᠳᠠᠷᠢᠬᠤ᠂ ᠮᠠᠯ  ᠲᠡᠵᠢᠭᠡᠪᠦᠷᠢ ᠲᠡᠵᠢᠭᠡᠨ ᠦᠷᠡᠵᠢᠭᠦᠯᠬᠦ᠂ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠵᠡᠷᠭᠡ 3 ᠤᠷᠤᠯᠳᠤᠭᠠᠨ ᠤ ᠲᠦᠷᠦᠯ ᠢ ᠪᠠᠭᠲᠠᠭᠠᠵᠤ᠂ ᠮᠠᠨ ᠤ ᠣᠷᠣᠨ ᠳᠤ ᠬᠤᠪᠢᠶᠠᠵᠤ ᠦᠭᠭᠦᠭᠰᠡᠨ ᠤᠷᠤᠯᠳᠤᠭᠠᠨ ᠳᠤ ᠤᠷᠤᠯᠴᠠᠭᠰᠠᠳ ᠤᠨ ᠣᠷᠣᠨ ᠲᠤᠭ᠎ᠠ  ᠨᠢ ᠲᠣᠰ ᠲᠣᠰ 5᠂ 4 ᠪᠠ 2 ᠪᠣᠯᠣᠨ᠎ᠠ ᠃ ᠲᠤᠰ ᠤᠷᠤᠯᠳᠤᠭᠠᠨ ᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠵᠠᠬ᠎ᠠ ᠳᠡᠯᠭᠡᠭᠦᠷ ᠪᠠ ᠮᠡᠳᠡᠭᠡ ᠵᠠᠩᠭᠢᠵᠢᠯᠲᠠ ᠶᠢᠨ ᠵᠤᠷᠭᠠᠨ ᠂ ᠠᠵᠢᠯᠲᠠᠨ ᠤ ᠶᠠᠪᠤᠳᠠᠯ ᠬᠥᠳᠡᠯᠮᠦᠷᠢ ᠶᠢᠨ ᠵᠤᠷᠭᠠᠨ ᠂ ᠲᠠᠷᠢᠮᠠᠯ ᠤᠨ ᠦᠢᠯᠡᠰ ᠤᠨ ᠬᠠᠮᠢᠶᠠᠷᠤᠯᠲᠠ ᠶᠢᠨ ᠵᠤᠷᠭᠠᠨ ᠂ ᠮᠠᠯ ᠠᠵᠤ ᠠᠬᠤᠢ ᠮᠠᠯ ᠡᠮᠨᠡᠯᠭᠡ ᠶᠢᠨ ᠲᠣᠪᠴᠢᠶ᠎ᠠ ᠂ ᠵᠢᠭᠠᠰᠤᠨ ᠠᠵᠤ ᠠᠬᠤᠢ ᠵᠢᠭᠠᠰᠤᠨ ᠶᠠᠪᠤᠳᠠᠯ ᠤᠨ ᠲᠣᠪᠴᠢᠶ᠎ᠠ ᠠᠴᠠ ᠵᠢᠯᠣᠭᠤᠳᠤᠨ᠎ᠠ ᠃ ᠪᠥᠬᠦ ᠤᠯᠤᠰ ᠤᠨ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠦᠢᠯᠡᠴᠢᠯᠡᠭᠡᠨ ᠤ ᠲᠥᠪ ᠨᠢ ᠲᠠᠷᠢᠮᠠᠯ ᠳᠠᠷᠢᠬᠤ ᠤᠷᠤᠯᠳᠤᠭᠠᠨ ᠤ ᠲᠦᠷᠦᠯ ᠢ ᠳᠠᠭᠠᠭᠠᠴᠢᠯᠠᠨ ᠡᠷᠭᠢᠯᠡᠵᠦ᠂ ᠪᠥᠬᠦ ᠤᠯᠤᠰ ᠤᠨ ᠮᠠᠯ ᠠᠵᠤ ᠠᠬᠤᠢ ᠶᠢᠨ ᠶᠡᠷᠦᠩᠬᠡᠢ ᠥᠷᠲᠡᠭᠡ ᠨᠢ ᠮᠠᠯ ᠲᠡᠵᠢᠭᠡᠪᠦᠷᠢ ᠶᠢᠨ ᠤᠷᠤᠯᠳᠤᠭᠠᠨ ᠤ ᠲᠦᠷᠦᠯ ᠢ ᠳᠠᠭᠠᠭᠠᠴᠢᠯᠠᠨ ᠡᠷᠭᠢᠯᠡᠵᠦ᠂ ᠪᠥᠬᠦ ᠤᠯᠤᠰ ᠤᠨ ᠤᠰᠤᠨ ᠭᠠᠷᠤᠯᠲᠠ ᠶᠢᠨ ᠮᠡᠷᠭᠡᠵᠢᠯ ᠳᠡᠯᠭᠡᠷᠡᠭᠦᠯᠬᠦ ᠶᠡᠷᠦᠩᠬᠡᠢ ᠥᠷᠲᠡᠭᠡ ᠨᠢ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠤᠷᠤᠯᠳᠤᠭᠠᠨ ᠤ ᠲᠦᠷᠦᠯ ᠢ ᠳᠠᠭᠠᠭᠠᠴᠢᠯᠠᠨ ᠡᠷᠭᠢᠯᠡᠵᠦ᠂ ︽ ᠭᠤᠴᠤ ᠡᠷᠳᠡᠮ︾ ᠢᠶᠠᠨ  ᠦᠵᠡᠭᠦᠯᠬᠦ᠂ ᠮᠠᠲ᠋ᠧᠷᠢᠶᠠᠯ ᠢ ᠬᠢᠨᠠᠨ ᠲᠣᠭᠲᠠᠭᠠᠬᠤ᠂ ᠠᠰᠠᠭᠤᠯᠲᠠ ᠬᠠᠷᠢᠭᠤᠯᠲᠠ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ︽ᠲᠣᠮᠣ ᠤᠯᠤᠰ ᠤᠨ ᠲᠠᠷᠢᠶᠠᠯᠠᠩ ᠤᠨ ᠳᠠᠷᠬᠠᠨ ︾  ᠪᠥᠬᠦ ᠤᠯᠤᠰ ᠤᠨ ᠲᠠᠷᠢᠶᠠᠴᠢᠨ ᠤ ᠤᠷ᠎ᠠ ᠮᠡᠷᠭᠡᠵᠢᠯ ᠤᠨ ᠤᠷᠤᠯᠳᠤᠭᠠᠨ ᠤ ᠳᠠᠷᠢᠵᠤ ᠲᠡᠵᠢᠭᠡᠬᠦ ᠴᠢᠳᠠᠪᠤᠷᠢᠲᠠᠨ ᠤ ᠲᠥᠷᠥᠯ ᠤᠨ ᠱᠠᠩᠨᠠᠯ ᠣᠯᠭᠤᠬᠤ ᠨᠡᠷᠡᠰ ᠢ ᠲᠣᠭᠲᠠᠭᠠᠨ᠎ᠠ᠃ ᠱᠠᠩᠨᠠᠯ ᠬᠦᠷᠲᠡᠭᠰᠡᠳ ᠲᠤ ᠳᠤᠮᠳᠠᠳᠤ ᠤᠯᠤᠰ ᠤᠨ ᠲᠠᠷᠢᠶᠠᠴᠢᠨ ᠤ ᠡᠯᠪᠡᠭ ᠬᠤᠷᠢᠶᠠᠯᠲᠠ ᠶᠢᠨ ᠪᠠᠶᠠᠷ ᠤᠨ ᠵᠣᠬᠢᠶᠠᠨ ᠪᠠᠶᠢᠭᠤᠯᠵᠤ ᠵᠢᠯᠤᠭᠤᠳᠬᠤ ᠺᠣᠮᠢᠰ ᠠᠴᠠ ︽ᠲᠣᠮᠣ ᠤᠯᠤᠰ ᠤᠨ ᠲᠠᠷᠢᠶᠠᠯᠠᠩ ᠤᠨ ᠳᠠᠷᠬᠠᠨ︾  ᠪᠥᠬᠦ ᠤᠯᠤᠰ ᠤᠨ ᠲᠠᠷᠢᠶᠠᠴᠢᠨ ᠤ ᠤᠷ᠎ᠠ ᠮᠡᠷᠭᠡᠵᠢᠯ ᠤᠨ ᠤᠷᠤᠯᠳᠤᠭᠠᠨ ᠤ ᠨᠢᠭᠡ ᠬᠤᠶᠠᠷ ᠭᠤᠷᠪᠠᠳᠤᠭᠠᠷ ᠳᠡᠰ ᠤᠨ ᠱᠠᠩᠨᠠᠯ ᠣᠯᠭᠤᠬᠤ ᠶᠢᠨ ᠬᠠᠮᠲᠤ 2022 ᠣᠨ ᠤ ᠳᠤᠮᠳᠠᠳᠤ ᠤᠯᠤᠰ ᠤᠨ ᠲᠠᠷᠢᠶᠠᠴᠢᠨ ᠤ ᠡᠯᠪᠡᠭ ᠬᠤᠷᠢᠶᠠᠯᠲᠠ ᠶᠢᠨ ᠪᠠᠶᠠᠷ ᠤᠨ ᠭᠤᠣᠯ ᠲᠠᠯᠠᠪᠤᠷ ᠤᠨ ᠠᠵᠢᠯᠯᠠᠭ᠎ᠠ ᠳᠤ ᠰᠢᠯᠢᠳᠡᠭ ᠢ ᠨᠢ ᠰᠣᠩᠭᠤᠵᠤ ᠤᠷ᠎ᠠ ᠮᠡᠷᠭᠡᠵᠢᠯ ᠤᠨ ᠦᠵᠡᠭᠦᠯᠭᠡ ᠬᠢᠯᠭᠡᠨ᠎ᠡ᠃      ︵ᠨᠢᠭᠡ︶ ᠤᠷᠤᠯᠳᠤᠭᠠᠨ ᠳᠤ ᠣᠷᠤᠯᠴᠠᠬᠤ ᠱᠠᠭᠠᠷᠳᠠᠯᠭ᠎ᠠ      ᠤᠷᠤᠯᠳᠤᠭᠠᠨ ᠳᠤ ᠣᠷᠣᠯᠴᠠᠭᠰᠠᠳ ᠤᠷᠲᠤ ᠬᠤᠭᠤᠴᠠᠭ᠎ᠠ  ᠪᠠᠷ ᠬᠥᠳᠡᠭᠡ ᠲᠣᠰᠬᠤᠨ ᠳᠤ ᠲᠠᠷᠢᠮᠠᠯ ᠤᠨ ᠦᠢᠯᠡᠰ᠂ ᠮᠠᠯ ᠠᠵᠤ ᠠᠬᠤᠢ᠂ ᠵᠢᠭᠠᠰᠤᠨ ᠠᠵᠤ ᠠᠬᠤᠢ ᠶᠢᠨ ᠦᠢᠯᠡᠳᠪᠦᠷᠢᠯᠡᠯ ︵ᠲᠤᠲᠤᠷᠭ᠎ᠠ ᠵᠢᠭᠠᠰᠤᠨ ᠠᠵᠤ ᠠᠬᠤᠢ ᠶᠢᠨ ᠶᠡᠷᠦᠩᠬᠡᠶᠢᠯᠡᠭᠰᠡᠨ ᠳᠠᠷᠢᠵᠤ ᠲᠡᠵᠢᠭᠡᠬᠦ  ᠶᠢ ᠪᠠᠭᠲᠠᠭᠠᠨ᠎ᠠ︶ ᠢ ᠡᠷᠭᠢᠯᠡᠵᠦ᠂ ᠮᠡᠷᠭᠡᠵᠢᠯ ᠨᠢ ᠨᠠᠷᠢᠯᠢᠭ᠂ ᠦᠷ᠎ᠡ ᠠᠰᠢᠭ ᠨᠢ ᠢᠯᠡᠷᠬᠡᠢ᠂ ᠵᠢᠱᠢᠶ᠎ᠡ ᠦᠵᠡᠭᠦᠯᠦᠨ ᠳᠠᠶᠢᠴᠢᠯᠠᠬᠤ ᠴᠢᠨᠠᠷ ᠢᠶᠠᠷ ᠴᠢᠩᠭ᠎ᠠ ᠳᠠᠷᠢᠵᠤ ᠲᠡᠵᠢᠭᠡᠬᠦ ᠲᠣᠮᠣ ᠡᠷᠦᠬᠡ᠂ ᠥᠨᠳᠥᠷ ᠬᠡᠪ ᠪᠣᠯᠪᠠᠰᠤᠷᠠᠯ ᠪᠦᠬᠦᠢ ᠲᠠᠷᠢᠶᠠᠴᠢᠨ ᠵᠢᠴᠢ ᠭᠡᠷ ᠪᠦᠯᠢ ᠶᠢᠨ ᠲᠠᠷᠢᠶᠠᠯᠠᠩ ᠤᠨ ᠲᠠᠯᠠᠪᠠᠶ᠂ ᠮᠠᠯ ᠲᠡᠵᠢᠭᠡᠪᠦᠷᠢ ᠶᠢᠨ ᠲᠡᠵᠢᠭᠡᠨ ᠦᠷᠡᠵᠢᠭᠦᠯᠬᠦ ᠲᠠᠯᠠᠪᠠᠶ᠂ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠲᠠᠯᠠᠪᠠᠶ᠂ ᠳᠠᠷᠢᠵᠤ ᠲᠡᠵᠢᠭᠡᠬᠦ ᠲᠤᠰᠬᠠᠢ ᠬᠤᠷᠰᠢᠶ᠎ᠠ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠨᠢᠭᠡᠳᠦᠭᠡᠷ ᠹᠷᠣᠨᠲ ᠤᠨ ᠦᠢᠯᠡᠳᠪᠦᠷᠢᠯᠡᠯ ᠤᠨ ᠦᠢᠯᠡᠴᠢᠯᠡᠭᠡᠨ ᠤ ᠠᠵᠢᠯᠲᠠᠨ ᠪᠠᠶᠢᠵᠤ᠂ ᠨᠠᠰᠤ ᠨᠢ ᠶᠡᠷᠦᠳᠡ ᠶᠢᠨ ᠪᠠᠶᠢᠳᠠᠯ ᠳᠤ 18 ︱ 65 ᠪᠦᠬᠦᠯᠢ ᠨᠠᠰᠤ ᠪᠠᠶᠢᠬᠤ ᠬᠡᠷᠡᠭᠲᠡᠢ᠃ ᠡᠭᠦᠨ ᠳᠤ ᠳᠣᠣᠷᠠᠬᠢ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ ᠃      1. ᠤᠯᠤᠰ ᠲᠦᠷᠦ ᠦᠵᠡᠯ ᠰᠠᠨᠠᠭᠠᠨ ᠤ ᠤᠬᠠᠮᠰᠠᠷ ᠢᠶᠠᠷ ᠥᠨᠳᠥᠷ ᠪᠠᠶᠢᠬᠤ ᠬᠡᠷᠡᠭᠲᠡᠢ ᠃ ᠡᠬᠡ ᠤᠯᠤᠰ ᠢᠶᠠᠨ ᠬᠠᠶᠢᠷᠠᠯᠠᠵᠤ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠬᠦᠷᠢᠶᠡᠯᠡᠨ᠂ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠢᠳᠡᠪᠬᠢᠲᠡᠢ ᠪᠠᠷ ᠦᠢᠯᠡᠳᠦᠯᠭᠡᠵᠢᠭᠦᠯᠵᠦ ᠂ ᠰᠠᠬᠢᠯᠭ᠎ᠠ ᠪᠠᠲᠤ ᠶᠢ ᠵᠢᠷᠤᠮᠯᠠᠨ ᠬᠠᠤᠯᠢ ᠶᠢ ᠰᠠᠬᠢᠨ᠂ ᠡᠷᠬᠢᠮ ᠳᠡᠭᠡᠳᠦ ᠶᠣᠰᠣ ᠮᠣᠷᠠᠯ ᠲᠠᠢ ᠪᠠᠶᠢᠵᠤ ᠂ ᠲᠠᠷᠢᠶᠠᠯᠠᠩ ᠬᠥᠳᠡᠭᠡ ᠲᠣᠰᠬᠤᠨ ᠢ ᠬᠠᠶᠢᠷᠠᠯᠠᠨ᠂ ᠰᠠᠶᠢᠨ ᠰᠠᠶᠢᠬᠠᠨ ᠨᠡᠶᠢᠭᠡᠮ ᠤᠨ ᠢᠲᠡᠭᠡᠮᠵᠢ ᠲᠠᠢ ᠪᠠᠶᠢᠵᠤ ᠂ ᠡᠷᠡᠭᠦᠯ ᠪᠣᠰᠤ ᠲᠡᠮᠳᠡᠭᠯᠡᠯ ᠦᠭᠡᠢ ᠪᠠᠶᠢᠬᠤ ᠬᠡᠷᠡᠭᠲᠡᠢ᠃      2. ᠲᠠᠷᠢᠶᠠᠯᠠᠩ ᠤᠨ ᠦᠢᠯᠡᠳᠪᠦᠷᠢᠯᠡᠯ ᠢ ᠤᠷᠳᠤ ᠬᠤᠭᠤᠴᠠᠭ᠎ᠠ ᠪᠠᠷ ᠡᠷᠬᠢᠯᠡᠭᠰᠡᠨ ᠪᠠᠶᠢᠬᠤ ᠬᠡᠷᠡᠭᠲᠡᠢ᠃ ᠤᠰᠤᠨ ᠲᠤᠲᠤᠷᠭ᠎ᠠ ᠂ ᠪᠤᠭᠤᠳᠠᠢ ᠂ ᠡᠷᠳᠡᠨᠢ ᠰᠢᠰᠢ ᠂ ᠲᠥᠮᠥᠰᠥ ᠂ ᠰᠢᠷ᠎ᠠ ᠪᠤᠷᠴᠠᠭ ᠂ ᠰᠢᠯᠢᠮᠳᠡᠭ ᠵᠡᠷᠭᠡ ᠭᠤᠣᠯ ᠪᠣᠯᠬᠤ ᠠᠮᠤ ᠳᠤᠰᠤᠨ ᠤ ᠲᠠᠷᠢᠮᠠᠯ ᠪᠤᠶᠤ ᠵᠢᠮᠢᠰ ᠂ ᠢᠳᠡᠰᠢᠨ ᠨᠣᠭᠤᠭ᠎ᠠ ᠂ ᠴᠠᠢ ᠵᠡᠷᠭᠡ ᠭᠤᠣᠯ ᠪᠣᠯᠬᠤ ᠠᠵᠤ ᠠᠬᠤᠢ ᠶᠢᠨ ᠲᠠᠷᠢᠮᠠᠯ ᠢ 5 ᠵᠢᠯ ᠠᠴᠠ ᠳᠡᠭᠡᠭᠰᠢ ᠰᠢᠭᠤᠳ ᠦᠢᠯᠡᠳᠪᠦᠷᠢᠯᠡᠬᠦ ᠶᠢᠨ ᠬᠠᠮᠲᠤ ᠵᠣᠬᠢᠬᠤ ᠬᠡᠮᠵᠢᠶᠡᠨ ᠤ ᠦᠢᠯᠡᠳᠪᠦᠷᠢᠯᠡᠯ ᠡᠵᠡᠩᠨᠡᠯᠲᠡ ᠶᠢᠨ ᠬᠡᠪᠴᠢᠶ᠎ᠡ ᠲᠠᠢ ᠪᠠᠶᠢᠬᠤ ︔ ᠬᠡᠭᠡᠯᠲᠦᠭᠦᠯᠬᠦ ᠂ ᠲᠡᠵᠢᠭᠡᠬᠦ  ᠡᠪᠡᠰᠦ ᠪᠣᠷᠳᠤᠭ᠎ᠠ ᠶᠢ ᠡᠳ᠋ᠰᠢᠭᠦᠯᠬᠦ ᠵᠡᠷᠭᠡ ᠮᠠᠯ ᠠᠵᠤ ᠠᠬᠤᠢ ᠶᠢᠨ ᠦᠢᠯᠡᠳᠪᠦᠷᠢᠯᠡᠯ ᠪᠤᠶᠤ ᠮᠡᠷᠭᠡᠵᠢᠯ ᠤᠨ ᠦᠢᠯᠡᠴᠢᠯᠡᠭᠡᠨ ᠤ ᠠᠵᠢᠯ ᠢ 5 ᠵᠢᠯ ᠠᠴᠠ ᠳᠡᠭᠡᠭᠰᠢ ᠰᠢᠭᠤᠳ ᠬᠢᠭᠰᠡᠨ︔ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠦᠢᠯᠡᠳᠪᠦᠷᠢᠯᠡᠯ ᠢ ᠰᠢᠭᠤᠳ ᠡᠷᠭᠢᠯᠡᠵᠦ᠂ ᠦᠷ᠎ᠡ ᠵᠢᠷᠠᠭᠠᠬᠠᠢ ᠶᠢ 5 ᠵᠢᠯ ᠠᠴᠠ ᠳᠡᠭᠡᠭᠰᠢ ᠦᠷᠡᠵᠢᠭᠦᠯᠦᠨ ᠪᠣᠶᠢᠵᠢᠭᠤᠯᠣᠭᠰᠠᠨ ᠪᠠᠶᠢᠬᠤ ᠬᠡᠷᠡᠭᠲᠡᠢ ᠃      3. ᠲᠡᠷᠢᠵᠦ ᠲᠡᠵᠢᠭᠡᠬᠦ ᠮᠡᠷᠭᠡᠵᠢᠯ ᠤᠨ ᠤᠷ᠎ᠠ‌ᠮᠡᠷᠭᠡᠵᠢᠯ ᠨᠢ ᠨᠠᠷᠢᠯᠢᠭ ᠭᠦᠨᠵᠡᠭᠡᠢ ᠪᠠᠶᠢᠬᠤ ᠬᠡᠷᠡᠭᠲᠡᠢ᠃ ᠰᠢᠨ᠎ᠡ ᠲᠥᠷᠥᠯ ᠵᠦᠢᠯ᠂ ᠰᠢᠨ᠎ᠡ ᠮᠡᠷᠭᠡᠵᠢᠯ᠂ ᠰᠢᠨ᠎ᠡ ᠲᠣᠨᠤᠭ ᠲᠥᠬᠦᠭᠡᠷᠦᠮᠵᠢ ᠶᠢ ᠢᠳᠡᠪᠬᠢᠲᠡᠢ ᠪᠠᠷ ᠣᠷᠣᠭᠤᠯᠤᠨ ᠠᠪᠴᠢᠷᠠᠬᠤ ᠪᠠ ᠬᠡᠷᠡᠭᠯᠡᠵᠦ᠂ ᠡᠯᠪᠡᠭ ᠪᠠᠶᠠᠯᠢᠭ ᠦᠢᠯᠡᠳᠪᠦᠷᠢᠯᠡᠯ ᠤᠨ ᠦᠢᠯᠡᠳᠦᠯᠭᠡ ᠶᠢᠨ ᠲᠤᠷᠰᠢᠯᠭ᠎ᠠ  ᠲᠠᠢ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠮᠡᠷᠭᠡᠵᠢᠯ ᠢᠶᠠᠨ ᠰᠠᠶᠢᠵᠢᠷᠠᠭᠤᠯᠵᠤ᠂ ᠦᠢᠯᠡᠳᠪᠦᠷᠢᠯᠡᠯ ᠤᠨ ᠳᠤᠮᠳᠠᠬᠢ ᠠᠰᠠᠭᠤᠳᠠᠯ ᠢ ᠪᠦᠲᠦᠭᠡᠯᠴᠢ ᠴᠢᠨᠠᠷᠲᠠᠢ ᠪᠠᠷ ᠰᠢᠢᠳᠪᠦᠷᠢᠯᠡᠵᠦ ᠂ ᠰᠠᠶᠢᠨ ᠡᠭᠦᠯᠳᠡᠷ ᠰᠠᠶᠢᠨ ᠠᠷᠭ᠎ᠠ ᠶᠢ ᠢᠵᠢ ᠪᠦᠷᠢᠳᠦᠭᠦᠯᠬᠦ ᠂ ᠲᠠᠷᠢᠶᠠᠯᠠᠩ ᠤᠨ ᠮᠠᠰᠢᠨ ᠪᠠ ᠲᠠᠷᠢᠶᠠᠯᠠᠩ ᠤᠨ ᠮᠡᠷᠭᠡᠵᠢᠯ ᠢ ᠨᠡᠶᠢᠯᠡᠭᠦᠯᠬᠦ ᠂ ᠲᠠᠷᠢᠮᠠᠯ ᠤᠨ ᠭᠤᠤᠷᠰᠤ ᠶᠢ ᠲᠣᠬᠢᠷᠠᠭᠤᠯᠬᠤ ᠂ ᠤᠰᠤ ᠪᠣᠷᠳᠣᠭᠤᠷ ᠤᠨ ᠬᠠᠮᠢᠶᠠᠷᠤᠯᠲᠠ ᠂ ᠲᠠᠷᠢᠮᠠᠯ ᠤᠨ ᠡᠪᠡᠳᠴᠢᠨ ᠬᠤᠷᠣᠬᠠᠢ ᠶᠢ ᠰᠡᠷᠭᠡᠶᠢᠯᠡᠨ ᠡᠵᠡᠮᠳᠡᠬᠦ ᠂ ᠮᠠᠯ ᠵᠢᠭᠦᠷᠲᠡᠨ ᠢ ᠦᠷᠡᠵᠢᠭᠦᠯᠬᠦ ᠂ ᠡᠭᠦᠯᠳᠡᠷ  ᠰᠠᠶᠢᠵᠢᠷᠠᠭᠤᠯᠬᠤ ᠂ ᠲᠡᠵᠢᠭᠡᠯ ᠡᠪᠡᠰᠦ ᠪᠣᠷᠳᠤᠭ᠎ᠠ ᠶᠢ ᠪᠣᠯᠪᠠᠰᠤᠷᠠᠭᠤᠯᠬᠤ ᠂ ᠲᠡᠵᠢᠭᠡᠨ ᠠᠷᠠᠴᠢᠯᠠᠬᠤ ᠂ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠮᠡᠷᠭᠡᠵᠢᠯ ᠪᠠ ᠵᠠᠭᠪᠤᠷ ᠤᠨ ᠰᠢᠨ᠎ᠡ ᠶᠢ ᠡᠭᠦᠳᠬᠦ ᠂ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠡᠭᠦᠯᠳᠡᠷ ᠢ ᠰᠠᠶᠢᠵᠢᠷᠠᠭᠤᠯᠬᠤ ᠂ ᠲᠡᠵᠢᠭᠡᠨ ᠦᠷᠡᠵᠢᠭᠦᠯᠬᠦ ᠦᠢᠯᠡᠳᠪᠦᠷᠢᠯᠡᠯ ᠢ ᠬᠠᠮᠢᠶᠠᠷᠬᠤ ᠂ ᠦᠷ᠎ᠡ ᠵᠢᠷᠠᠭᠠᠬᠠᠢ ᠶᠢ ᠦᠷᠡᠵᠢᠭᠦᠯᠦᠨ ᠪᠣᠶᠢᠵᠢᠭᠤᠯᠬᠤ ᠵᠡᠷᠭᠡ ᠲᠠᠯ᠎ᠠ ᠪᠠᠷ ᠥᠪᠡᠷᠮᠢᠴᠡ ︽ ᠭᠤᠴᠤ ᠡᠷᠳᠡᠮ ︾ ᠲᠠᠢ ᠪᠠᠶᠢᠬᠤ ᠬᠡᠷᠡᠭᠲᠡᠢ᠃      4. ᠠᠵᠤ ᠠᠬᠤᠢ ᠨᠡᠶᠢᠭᠡᠮ ᠤᠨ ᠦᠷ᠎ᠡ ᠠᠰᠢᠭ ᠢᠯᠡᠷᠬᠡᠢ ᠪᠠᠶᠢᠬᠤ ᠬᠡᠷᠡᠭᠲᠡᠢ᠃ ᠳᠤᠮᠳᠠᠳᠤ ᠶᠢᠨ ᠲᠠᠷᠢᠶᠠᠯᠠᠬᠤ ᠰᠣᠶᠣᠯ ᠢ ᠪᠠᠳᠠᠷᠠᠭᠤᠯᠤᠨ ᠤᠯᠠᠮᠵᠢᠯᠠᠵᠤ ᠂ ᠲᠠᠷᠢᠶᠠᠯᠠᠩ ᠤᠨ ᠪᠣᠬᠢᠷᠳᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ ᠂ ᠲᠠᠷᠢᠶᠠᠯᠠᠩ ᠤᠨ ᠡᠵᠡᠩᠨᠡᠯᠲᠡ ᠶᠢᠨ ᠵᠠᠭᠪᠤᠷ ᠪᠠ ᠲᠠᠷᠢᠶᠠᠯᠠᠩ ᠤᠨ ᠮᠡᠷᠭᠡᠵᠢᠯ ᠲᠠᠷᠢᠶᠠᠯᠠᠩ ᠤᠨ ᠤᠷᠠᠯᠢᠭ ᠤᠨ ᠰᠢᠨ᠎ᠡ ᠡᠭᠦᠳᠦᠯᠲᠡ ᠶᠢ ᠬᠥᠭᠵᠢᠭᠦᠯᠵᠦ ᠂ ᠲᠦᠷᠦᠯ ᠵᠦᠢᠯ ᠢ ᠰᠢᠯᠢᠳᠡᠭᠵᠢᠭᠦᠯᠬᠦ ᠂ ᠶᠠᠰᠤ ᠴᠢᠨᠠᠷ ᠢ ᠳᠡᠭᠡᠭᠰᠢᠯᠡᠭᠦᠯᠬᠦ ᠂ ᠲᠦᠷᠦᠯ ᠲᠡᠮᠳᠡᠭ ᠢ ᠡᠭᠦᠳᠬᠦ ᠪᠠ ᠪᠠᠷᠢᠮᠵᠢᠶᠠᠵᠢᠭᠤᠯᠤᠨ ᠦᠢᠯᠡᠳᠪᠦᠷᠢᠯᠡᠬᠦ ᠶᠢ ᠠᠬᠢᠭᠤᠯᠵᠤ ᠂ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠂ ᠰᠠᠶᠢᠨ ᠰᠠᠶᠢᠬᠠᠨ ᠠᠵᠤ ᠠᠬᠤᠢ ᠨᠡᠶᠢᠭᠡᠮ ᠤᠨ ᠦᠷ᠎ᠡ ᠠᠰᠢᠭ ᠢ ᠪᠡᠶᠡᠯᠡᠭᠦᠯᠦᠭᠰᠡᠨ ᠪᠠᠶᠢᠬᠤ ᠬᠡᠷᠡᠭᠲᠡᠢ᠃      5. ᠵᠢᠱᠢᠶ᠎ᠡ ᠦᠵᠡᠭᠦᠯᠦᠨ ᠳᠠᠶᠢᠴᠢᠯᠠᠬᠤ ᠦᠷ᠎ᠡ ᠪᠦᠲᠦᠮᠵᠢ ᠪᠠᠷ ᠲᠣᠪᠣᠶᠢᠮ᠎ᠠ ᠪᠠᠶᠢᠬᠤ ᠬᠡᠷᠡᠭᠲᠡᠢ ᠃ ᠰᠢᠨ᠎ᠡ ᠮᠡᠷᠭᠡᠵᠢᠯ ᠰᠢᠨ᠎ᠡ ᠵᠠᠭᠪᠤᠷ ᠢ ᠰᠠᠨᠠᠭᠠᠴᠢᠯᠠᠭ᠎ᠠ ᠠᠴᠠ ᠪᠠᠨ ᠵᠢᠱᠢᠶ᠎ᠡ ᠦᠵᠡᠭᠦᠯᠦᠨ ᠳᠡᠯᠭᠡᠷᠡᠭᠦᠯᠵᠦ ᠂ ᠡᠷᠬᠢᠨ ᠲᠣᠭᠤᠷᠢᠨ ᠤ ᠲᠠᠷᠢᠶᠠᠴᠢᠨ ᠡᠷᠦᠬᠡ ᠂ ᠮᠠᠯ  ᠲᠡᠵᠢᠭᠡᠪᠦᠷᠢ ᠲᠡᠵᠢᠭᠡᠨ ᠦᠷᠡᠵᠢᠭᠦᠯᠬᠦ ᠡᠷᠦᠬᠡ ᠂ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠡᠷᠦᠬᠡ ᠶᠢ ᠨᠥᠯᠥᠭᠡᠯᠡᠨ ᠳᠠᠶᠢᠴᠢᠯᠠᠭᠠᠳ ᠢᠯᠡᠳᠲᠡ ᠦᠷ᠎ᠡ ᠪᠦᠲᠦᠮᠵᠢ ᠣᠯᠵᠤ ᠂ ᠠᠮᠤ ᠳᠤᠰᠤᠨ ᠤ ᠲᠠᠷᠢᠮᠠᠯ ᠂ ᠠᠵᠤ ᠠᠬᠤᠢ ᠶᠢᠨ ᠲᠠᠷᠢᠮᠠᠯ ᠂ ᠮᠠᠯ  ᠲᠡᠵᠢᠭᠡᠪᠦᠷᠢ ᠂ ᠵᠢᠭᠠᠰᠤᠨ ᠠᠵᠤ ᠠᠬᠤᠢ ᠶᠢᠨ ᠦᠢᠯᠡᠳᠪᠦᠷᠢᠯᠡᠯ ᠪᠠ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢ ᠠᠬᠢᠭᠤᠯᠬᠤ ᠵᠡᠷᠭᠡ ᠲᠠᠯ᠎ᠠ ᠪᠠᠷ ᠢᠳᠡᠪᠬᠢᠲᠡᠢ ᠬᠤᠪᠢ ᠨᠡᠮᠡᠷᠢ ᠦᠵᠡᠭᠦᠯᠵᠦ ᠂ ᠲᠤᠬᠠᠢ ᠶᠢᠨ ᠭᠠᠵᠠᠷ ᠤᠨ ᠲᠠᠷᠢᠶᠠᠴᠢᠨ ᠲᠦᠮᠡᠨ ᠤ ᠥᠷᠭᠡᠨ ᠳᠡᠯᠭᠡᠷ ᠮᠠᠭᠲᠠᠭᠠᠯ ᠰᠠᠶᠢᠰᠢᠶᠠᠯ ᠢ ᠣᠯᠵᠤ ᠂ ᠲᠠᠷᠢᠶᠠᠯᠠᠩ ᠬᠥᠳᠡᠭᠡ ᠲᠣᠰᠬᠤᠨ ᠤ ᠰᠠᠯᠠᠭ᠎ᠠ ᠮᠥᠴᠢᠷ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠢᠨ ᠤ ᠭᠦᠢᠴᠡᠳ ᠵᠥᠪᠰᠢᠶᠡᠷᠡᠯ ᠢ  ᠤᠯᠤᠭᠰᠠᠨ ᠪᠠᠶᠢᠬᠤ ᠬᠡᠷᠡᠭᠲᠡᠢ᠃       ︵ᠬᠤᠶᠠᠷ︶ ᠰᠢᠯᠢᠨ ᠰᠣᠩᠭᠤᠬᠤ ᠠᠷᠭ᠎ᠠ      1. ᠠᠶᠢᠮᠠᠭ ᠬᠤᠲᠠ ᠠᠴᠠ ᠰᠢᠯᠢᠨ ᠰᠣᠩᠭᠤᠬᠤ᠃ ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ ᠠᠴᠠ ᠵᠢᠯᠤᠭᠤᠳᠴᠤ᠂ ᠠᠶᠢᠮᠠᠭ ᠬᠤᠲᠠ ᠶᠢᠨ ᠱᠠᠲᠤᠨ ᠤ ᠠᠮᠤ ᠲᠣᠰᠣ᠂ ᠠᠵᠤ ᠠᠬᠤᠢ ᠶᠢᠨ ᠲᠠᠷᠢᠮᠠᠯ᠂ ᠮᠠᠯ  ᠲᠡᠵᠢᠭᠡᠪᠦᠷᠢ ᠂ ᠤᠰᠤᠨ ᠭᠠᠷᠤᠯᠲᠠ ᠶᠢᠨ ᠮᠡᠷᠭᠡᠵᠢᠯ ᠳᠡᠯᠭᠡᠷᠡᠭᠦᠯᠬᠦ ᠰᠠᠯᠠᠭ᠎ᠠ ᠮᠥᠴᠢᠷ ᠤᠳ ᠲᠣᠰ ᠭᠠᠵᠠᠷ ᠤᠨ ᠤᠷᠤᠯᠳᠤᠭᠠᠨ ᠤ ᠶᠠᠪᠤᠳᠠᠯ ᠢ ᠬᠠᠷᠢᠭᠤᠴᠠᠨ ᠵᠣᠬᠢᠶᠠᠨ ᠪᠠᠶᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠤᠷᠤᠯᠳᠤᠭᠠᠨ ᠳᠤ ᠣᠷᠤᠯᠴᠠᠬᠤ ᠱᠠᠭᠠᠷᠳᠠᠯᠭ᠎ᠠ ᠶᠣᠰᠣᠭᠠᠷ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠵᠡᠷᠭᠡ ᠠᠷᠭ᠎ᠠ ᠮᠠᠶ᠋ᠢᠭ ᠢᠶᠠᠷ ᠤᠷᠤᠯᠳᠤᠭᠠᠨ ᠳᠤ ᠣᠷᠣᠯᠴᠠᠭᠰᠠᠳ ᠢ ᠰᠣᠩᠭᠤᠨ ᠲᠠᠨᠢᠯᠴᠠᠭᠤᠯᠬᠤ ᠬᠡᠷᠡᠭᠲᠡᠢ᠃ 7 ᠰᠠᠷ᠎ᠠ ᠶᠢᠨ 22 ᠤᠨ ᠡᠳᠦᠷ ᠠᠴᠠ ᠡᠮᠦᠨ᠎ᠡ ᠲᠠᠨᠢᠯᠴᠠᠭᠤᠯᠬᠤ ᠪᠢᠴᠢᠭ ᠮᠠᠲ᠋ᠧᠷᠢᠶᠠᠯ᠂ ᠲᠠᠨᠢᠯᠴᠠᠭᠤᠯᠬᠤ ᠤᠷᠤᠯᠳᠤᠭᠠᠨ ᠳᠤ ᠣᠷᠣᠯᠴᠠᠭᠰᠠᠳ ᠤᠨ ᠮᠡᠳᠡᠭᠡ ᠵᠠᠩᠭᠢ ᠶᠢᠨ ᠬᠦᠰᠦᠨᠦᠭᠲᠦ ︵ᠳᠠᠭᠠᠯᠳᠤᠭᠤᠯᠤᠯ 2᠂ 3 ᠂ 4  ᠶᠢᠨ ᠴᠠᠭᠠᠰᠤᠨ ᠬᠡᠪᠯᠡᠯ ᠢ ᠨᠢᠭᠡ ᠬᠡᠯᠪᠡᠷᠢ ᠶᠢᠨ ᠭᠤᠷᠪᠠᠨ ᠬᠤᠪᠢ︶ ᠪᠣᠯᠣᠨ ᠤᠷ᠎ᠠ‌ᠮᠡᠷᠭᠡᠵᠢᠯ ᠤᠨ ᠸᠢᠳᠢᠤ᠋ ᠶᠢ ᠤᠷᠤᠯᠳᠤᠭᠠᠨ ᠤ ᠲᠥᠷᠥᠯ ᠵᠦᠢᠯ ᠢᠶᠠᠷ ᠲᠣᠰ ᠲᠣᠰ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠬᠠᠮᠢᠶ᠎ᠠ ᠪᠦᠬᠦᠢ ᠬᠠᠷᠢᠭᠤᠴᠠᠬᠤ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠬᠦ ᠬᠡᠷᠡᠭᠲᠡᠢ ᠂ ᠠᠶᠢᠮᠠᠭ ᠬᠤᠲᠠ ᠨᠢᠭᠡᠪᠦᠷᠢ  ᠨᠢ ᠠᠳᠠᠭ ᠲᠤ ᠪᠠᠨ 2 ᠨᠡᠷᠡᠰ ᠤᠷᠤᠯᠳᠤᠭᠠᠨ ᠳᠤ ᠣᠷᠣᠯᠴᠠᠭᠰᠠᠳ ᠢ ᠲᠠᠨᠢᠯᠴᠠᠭᠤᠯᠬᠤ ᠶᠢ ᠱᠠᠭᠠᠷᠳᠠᠨ᠎ᠠ ᠂ ᠬᠠᠮᠢᠶ᠎ᠠ ᠪᠦᠬᠦᠢ ᠮᠠᠲ᠋ᠧᠷᠢᠶᠠᠯ ᠤᠨ ᠡᠯᠧᠺᠲᠷᠣᠨ ᠬᠡᠪᠯᠡᠯ ᠢ ᠬᠠᠮᠲᠤ ᠳᠤ  ᠨᠢ ᠲᠤᠭᠲᠠᠭᠰᠠᠨ ᠢᠮᠧᠯ ᠳᠤ ᠶᠠᠪᠤᠭᠤᠯᠬᠤ ᠬᠡᠷᠡᠭᠲᠡᠢ᠃ ᠤᠷ᠎ᠠ‌ᠮᠡᠷᠭᠡᠵᠢᠯ ᠤᠨ ᠦᠵᠡᠭᠦᠯᠭᠡ ᠶᠢᠨ ᠸᠢᠳᠢᠤ᠋ ᠶᠢ ᠬᠦᠳᠡᠯᠮᠦᠷᠢᠯᠡᠵᠦ ᠪᠠᠶᠢᠭ᠎ᠠ ᠲᠠᠯᠠᠪᠤᠷ ᠭᠠᠵᠠᠷ ᠪᠤᠶᠤ ᠤᠷᠤᠯᠳᠤᠭᠠᠨ ᠤ ᠠᠬᠤᠢ ᠲᠠᠯᠠᠪᠠᠶ ᠳᠤ ᠰᠢᠩᠭᠡᠬᠡᠨ ᠦᠢᠯᠡᠳᠴᠦ ᠂ 2 ᠮᠢᠨᠦ᠋ᠲ ᠠᠴᠠ ᠬᠡᠲᠦᠷᠡᠭᠦᠯᠵᠦ ᠪᠣᠯᠬᠤ ᠦᠭᠡᠢ ᠮᠦᠷᠲᠡᠭᠡᠨ ᠬᠤᠪᠢ ᠬᠥᠮᠥᠨ ᠤ ᠦᠢᠯᠡᠳᠪᠦᠷᠢᠯᠡᠯ ᠤᠨ ᠤᠷ᠎ᠠ‌ᠮᠡᠷᠭᠡᠵᠢᠯ ᠂ ᠭᠤᠴᠣ ᠡᠷᠳᠡᠮ ᠭᠤᠴᠤ ᠮᠡᠷᠭᠡᠵᠢᠯ ᠢ ᠭᠦᠢᠴᠡᠳ ᠳᠡᠯᠭᠡᠨ ᠦᠵᠡᠭᠦᠯᠵᠦ ᠂ ᠸᠢᠳᠢᠤ᠋ ᠶᠢ MP4 ᠬᠡᠯᠪᠡᠷᠢ ᠪᠠᠷ ᠰᠢᠩᠭᠡᠬᠡᠨ ᠦᠢᠯᠡᠳᠴᠦ᠂ ᠬᠥᠨᠳᠡᠯᠡᠨ ᠳᠡᠯᠭᠡᠴᠡ ᠲᠠᠢ ᠵᠢᠷᠤᠭ ᠢ ᠬᠡᠷᠡᠭᠯᠡᠨ᠂ ᠵᠢᠷᠤᠭ ᠤᠨ ᠴᠢᠨᠠᠷ ᠨᠢ ᠲᠣᠳᠣᠷᠬᠠᠢ ᠪᠠᠶᠢᠬᠤ ᠬᠡᠷᠡᠭᠲᠡᠢ᠃      2. ᠥᠪᠡᠷᠲᠡᠭᠡᠨ ᠵᠠᠰᠠᠬᠤ ᠣᠷᠣᠨ ᠠᠴᠠ ᠰᠢᠯᠢᠨ ᠰᠣᠩᠭᠤᠵᠣ ᠲᠠᠨᠢᠯᠴᠠᠭᠤᠯᠬᠤ ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠠᠮᠤ ᠪᠤᠳᠠᠭ᠎ᠠ ᠢᠳᠡᠰᠢᠨ ᠲᠣᠰᠣᠨ ᠤ ᠲᠠᠷᠢᠮᠠᠯ ᠤᠨ ᠮᠡᠷᠭᠡᠵᠢᠯ ᠤᠨ ᠭᠠᠵᠠᠷ᠂ ᠠᠵᠤ ᠠᠬᠤᠢ ᠶᠢᠨ ᠲᠠᠷᠢᠮᠠᠯ ᠤᠨ ᠮᠡᠷᠭᠡᠵᠢᠯ ᠤᠨ ᠭᠠᠵᠠᠷ ᠠᠴᠠ ᠲᠠᠷᠢᠮᠠᠯ ᠳᠠᠷᠢᠬᠤ ᠤᠷᠤᠯᠳᠤᠭᠠᠨ ᠤ ᠲᠥᠷᠥᠯ ᠤᠨ ᠤᠷᠤᠯᠳᠤᠭᠠᠨ ᠳᠤ ᠣᠷᠣᠯᠴᠠᠭᠰᠠᠳ ᠢ ᠰᠢᠯᠢᠨ ᠰᠣᠩᠭᠤᠵᠣ ᠲᠠᠨᠢᠯᠴᠠᠭᠤᠯᠬᠤ ᠠᠵᠢᠯ ᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠮᠠᠯ ᠠᠵᠤ ᠠᠬᠤᠢ ᠶᠢᠨ ᠮᠡᠷᠭᠡᠵᠢᠯ ᠤᠨ ᠭᠠᠵᠠᠷ ᠠᠴᠠ ᠮᠠᠯ  ᠲᠡᠵᠢᠭᠡᠪᠦᠷᠢ ᠲᠡᠵᠢᠭᠡᠨ ᠦᠷᠡᠵᠢᠭᠦᠯᠬᠦ ᠤᠷᠤᠯᠳᠤᠭᠠᠨ ᠤ ᠲᠦᠷᠦᠯ ᠤᠨ ᠤᠷᠤᠯᠳᠤᠭᠠᠨ ᠳᠤ ᠣᠷᠣᠯᠴᠠᠭᠰᠠᠳ ᠢ ᠰᠢᠯᠢᠨ ᠰᠣᠩᠭᠤᠵᠣ ᠲᠠᠨᠢᠯᠴᠠᠭᠤᠯᠬᠤ ᠠᠵᠢᠯ ᠢ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠤᠰᠤᠨ ᠭᠠᠷᠤᠯᠲᠠ ᠶᠢᠨ ᠮᠡᠷᠭᠡᠵᠢᠯ ᠤᠨ ᠭᠠᠵᠠᠷ ᠨᠢ ᠤᠰᠤᠨ ᠭᠠᠷᠤᠯᠲᠠ ᠶᠢᠨ ᠤᠷᠤᠯᠳᠤᠭᠠᠨ ᠤ ᠲᠥᠷᠥᠯ ᠳᠤ ᠣᠷᠣᠯᠴᠠᠭᠰᠠᠳ ᠢ ᠰᠢᠯᠢᠨ ᠰᠣᠩᠭᠤᠵᠣ ᠲᠠᠨᠢᠯᠴᠠᠭᠤᠯᠬᠤ ᠠᠵᠢᠯ ᠢ ᠬᠠᠷᠢᠭᠤᠴᠠᠵᠤ ᠂ ᠤᠷᠤᠯᠳᠤᠭᠠᠨ ᠤ ᠲᠥᠷᠥᠯ ᠤᠨ ᠶᠣᠰᠣᠭᠠᠷ ᠪᠥᠬᠦ ᠤᠯᠤᠰ ᠤᠨ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠦᠢᠯᠡᠴᠢᠯᠡᠭᠡᠨ ᠤ ᠲᠥᠪ ᠂ ᠪᠥᠬᠦ ᠤᠯᠤᠰ ᠤᠨ ᠮᠠᠯ ᠠᠵᠤ ᠠᠬᠤᠢ ᠶᠢᠨ ᠶᠡᠷᠦᠩᠬᠡᠢ ᠥᠷᠳᠡᠭᠡ ᠪᠣᠯᠣᠨ ᠪᠥᠬᠦ ᠤᠯᠤᠰ ᠤᠨ ᠤᠰᠤᠨ ᠭᠠᠷᠤᠯᠲᠠ ᠶᠢᠨ ᠮᠡᠷᠭᠡᠵᠢᠯ ᠳᠡᠯᠭᠡᠷᠡᠭᠦᠯᠬᠦ ᠶᠡᠷᠦᠩᠬᠡᠢ ᠥᠷᠳᠡᠭᠡ ᠳᠤ ᠲᠤᠰ ᠲᠤᠰ ᠮᠡᠳᠡᠭᠦᠯᠦᠨ᠎ᠡ ᠃      ︵ ᠭᠤᠷᠪᠠ︶ ᠬᠠᠷᠢᠯᠴᠠᠬᠤ ᠬᠥᠮᠥᠨ ᠵᠢᠴᠢ ᠬᠠᠷᠢᠯᠴᠠᠬᠤ ᠠᠷᠭ᠎ᠠ      1. ᠲᠠᠷᠢᠮᠠᠯ ᠳᠠᠷᠢᠬᠤ ᠤᠷᠤᠯᠳᠤᠭᠠᠨ ᠤ ᠲᠦᠷᠦᠯ      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠠᠮᠤ ᠲᠣᠰᠣ ᠲᠠᠷᠢᠮᠠᠯ ᠤᠨ ᠮᠡᠷᠭᠡᠵᠢᠯ ᠤᠨ ᠭᠠᠵᠠᠷ      ᠵᠧᠦ ᠰᠢᠤᠸᠠᠨ ᠄ 13347124312  ᠢᠮᠧᠯ ᠄ nntlsk@163.com      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠠᠵᠤ ᠠᠬᠤᠢ ᠶᠢᠨ ᠲᠠᠷᠢᠮᠠᠯ ᠤᠨ ᠮᠡᠷᠭᠡᠵᠢᠯ ᠤᠨ ᠭᠠᠵᠠᠷ      ᠯᠢᠦᠢ ᠶᠠᠨ ᠰᠢᠶᠠ᠄ 13947102272ᠢᠮᠧᠯ ᠄ 30101892@qq.com      2. ᠮᠠᠯ  ᠲᠡᠵᠢᠭᠡᠪᠦᠷᠢ ᠲᠡᠵᠢᠭᠡᠨ ᠦᠷᠡᠵᠢᠭᠦᠯᠬᠦ ᠤᠷᠤᠯᠳᠤᠭᠠᠨ ᠤ ᠲᠦᠷᠦᠯᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠮᠠᠯ ᠠᠵᠤ ᠠᠬᠤᠢ ᠶᠢᠨ ᠮᠡᠷᠭᠡᠵᠢᠯ ᠤᠨ ᠭᠠᠵᠠᠷ      ᠭᠤᠣ ᠪᠥᠸᠧ᠄ 18686029234 ᠢᠮᠧᠯ ᠄ nmglzgaobo@163.com      3. ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠤᠷᠤᠯᠳᠤᠭᠠᠨ ᠤ ᠲᠦᠷᠦᠯ      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠤᠰᠤᠨ ᠭᠠᠷᠤᠯᠲᠠ ᠶᠢᠨ ᠮᠡᠷᠭᠡᠵᠢᠯ ᠤᠨ ᠭᠠᠵᠠᠷ      ᠹᠧᠩ ᠸᠧᠢ ᠶᠧ᠄ 13848810348  ᠢᠮᠧᠯ ᠄ fengweiye805@126.com      ᠬᠤᠶᠠᠷ᠂ ︽ᠪᠥᠬᠦ ᠤᠯᠤᠰ ᠤᠨ ᠲᠠᠷᠢᠶᠠᠴᠢᠨ ᠤ ᠤᠷ᠎ᠠ ᠮᠡᠷᠭᠡᠵᠢᠯ ᠤᠨ ᠤᠷᠤᠯᠳᠤᠭᠠᠨ ︵ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠴᠢᠳᠠᠪᠤᠷᠢᠲᠠᠨ ᠤ ᠲᠥᠷᠥᠯ︶ ᠢ ᠰᠢᠯᠢᠨ ᠰᠣᠩᠭᠤᠬᠤ ᠱᠠᠭᠠᠷᠳᠠᠯᠭ᠎ᠠ      ︽ᠲᠣᠮᠣ ᠤᠯᠤᠰ ᠤᠨ ᠲᠠᠷᠢᠶᠠᠯᠠᠩ ᠤᠨ ᠳᠠᠷᠬᠠᠨ︾ ᠤ ᠪᠥᠬᠦ ᠤᠯᠤᠰ ᠤᠨ ᠲᠠᠷᠢᠶᠠᠴᠢᠨ ᠤ ᠤᠷ᠎ᠠ ᠮᠡᠷᠭᠡᠵᠢᠯ ᠤᠨ ᠤᠷᠤᠯᠳᠤᠭᠠᠨ ︵ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠴᠢᠳᠠᠪᠤᠷᠢᠲᠠᠨ ᠤ ᠲᠦᠷᠦᠯ ︶ ᠳᠤ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠠᠵᠢᠯ ᠲᠥᠷᠥᠯ ᠤᠨ ᠴᠢᠳᠠᠪᠤᠷᠢᠲᠠᠨ ᠤ ᠤᠷᠤᠯᠳᠤᠭᠠᠨ ᠪᠠ ᠬᠥᠳᠡᠭᠡ ᠲᠣᠰᠬᠤᠨ ᠤ ᠣᠳᠣᠨ ᠨᠡᠪᠲᠡᠷᠡᠭᠦᠯᠦᠭᠴᠢ ᠶᠢᠨ ᠤᠷᠤᠯᠳᠤᠭᠠᠨ ᠭᠡᠬᠦ 2 ᠤᠷᠤᠯᠳᠤᠭᠠᠨ ᠤ ᠲᠦᠷᠦᠯ ᠪᠠᠭᠲᠠᠨ᠎ᠠ᠂ ᠡᠭᠦᠨ ᠳᠤ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠠᠵᠢᠯ ᠲᠥᠷᠥᠯ ᠤᠨ ᠴᠢᠳᠠᠪᠤᠷᠢᠲᠠᠨ ᠤ ᠤᠷᠤᠯᠳᠤᠭᠠᠨ ᠢ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠪᠠᠶᠠᠵᠢᠯ ᠤᠨ ᠬᠤᠰᠢᠭᠤᠴᠢ ᠪᠠ ᠲᠠᠷᠢᠶᠠᠯᠠᠩ ᠤᠨ ᠪᠦᠲᠦᠭᠡᠭᠳᠡᠬᠦᠨ ᠤ ᠴᠠᠬᠢᠯᠭᠠᠨ ᠲᠠᠸᠠᠷ ᠤᠨ ᠫᠠᠶᠢᠰᠠ ᠴᠣᠭᠴᠠᠯᠠᠭᠴᠢ ᠭᠡᠬᠦ 2 ᠲᠦᠷᠦᠯ ᠵᠦᠢᠯ ᠳᠤ ᠬᠤᠪᠢᠶᠠᠨ᠎ᠠ᠂ ︽ᠲᠣᠮᠣ ᠤᠯᠤᠰ ᠤᠨ ᠲᠠᠷᠢᠶᠠᠯᠠᠩ ᠤᠨ ᠳᠠᠷᠬᠠᠨ ︾  ᠪᠥᠬᠦ ᠤᠯᠤᠰ ᠤᠨ ᠲᠠᠷᠢᠶᠠᠴᠢᠨ ᠤ ᠤᠷ᠎ᠠ ᠮᠡᠷᠭᠡᠵᠢᠯ ᠤᠨ ᠤᠷᠤᠯᠳᠤᠭᠠᠨ ︵ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠴᠢᠳᠠᠪᠤᠷᠢᠲᠠᠨ ᠤ ᠲᠦᠷᠦᠯ ︶ ᠢ ᠳᠤᠮᠳᠠᠳᠤ ᠤᠯᠤᠰ ᠤᠨ ᠲᠠᠷᠢᠶᠠᠴᠢᠨ ᠤ ᠡᠯᠪᠡᠭ ᠬᠤᠷᠢᠶᠠᠯᠲᠠ ᠶᠢᠨ ᠪᠠᠶᠠᠷ ᠤᠨ ᠵᠣᠬᠢᠶᠠᠨ ᠪᠠᠶᠢᠭᠤᠯᠵᠤ ᠵᠢᠯᠤᠭᠤᠳᠬᠤ ᠺᠣᠮᠢᠰ ᠤᠨ ᠠᠯᠪᠠᠨ ᠭᠡᠷ ᠠᠴᠠ ᠵᠢᠯᠤᠭᠤᠳᠴᠤ᠂ ᠳᠤᠮᠳᠠᠳᠤ ᠤᠯᠤᠰ ᠤᠨ ᠬᠥᠳᠡᠭᠡ ᠲᠣᠰᠬᠤᠨ ᠤ ᠰᠡᠳᠬᠦᠯ ᠤᠨ ᠬᠤᠷᠢᠶ᠎ᠠ ᠠᠴᠠ ᠳᠠᠭᠠᠭᠠᠨ ᠡᠷᠭᠢᠯᠡᠵᠦ᠂ ᠮᠤᠵᠢ ᠪᠦᠷᠢ ᠠᠴᠠ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠪᠠᠶᠠᠵᠢᠯ ᠤᠨ ᠬᠤᠰᠢᠭᠤᠴᠢ ᠶᠢ 3 ᠬᠥᠮᠥᠨ᠂ ᠲᠠᠷᠢᠶᠠᠯᠠᠩ ᠤᠨ ᠪᠦᠲᠦᠭᠡᠭᠳᠡᠬᠦᠨ ᠤ ᠴᠠᠬᠢᠯᠭᠠᠨ ᠲᠠᠸᠠᠷ ᠤᠨ ᠫᠠᠶᠢᠰᠠ ᠴᠣᠭᠴᠠᠯᠠᠭᠴᠢ ᠶᠢ 3 ᠬᠥᠮᠥᠨ ᠪᠠ ᠬᠥᠳᠡᠭᠡ ᠲᠣᠰᠬᠤᠨ ᠤ ᠣᠳᠣᠨ ᠨᠡᠪᠲᠡᠷᠡᠭᠦᠯᠦᠭᠴᠢ ᠶᠢᠨ ᠤᠷᠤᠯᠳᠤᠭᠠᠨ ᠳᠤ ᠤᠷᠤᠯᠴᠠᠭᠰᠠᠳ ᠢ 3 ᠬᠥᠮᠥᠨ ᠲᠠᠨᠢᠯᠴᠠᠭᠤᠯᠵᠤ ᠪᠣᠯᠣᠨ᠎ᠠ᠃ ᠱᠠᠩᠨᠠᠯ ᠬᠦᠷᠲᠡᠭᠰᠡᠳ ᠲᠤ ᠳᠤᠮᠳᠠᠳᠤ ᠤᠯᠤᠰ ᠤᠨ ᠲᠠᠷᠢᠶᠠᠴᠢᠨ ᠤ ᠡᠯᠪᠡᠭ ᠬᠤᠷᠢᠶᠠᠯᠲᠠ ᠶᠢᠨ ᠪᠠᠶᠠᠷ ᠤᠨ ᠵᠣᠬᠢᠶᠠᠨ ᠪᠠᠶᠢᠭᠤᠯᠵᠤ ᠵᠢᠯᠤᠭᠤᠳᠬᠤ ᠺᠣᠮᠢᠰ ᠠᠴᠠ ︽ᠲᠣᠮᠣ ᠤᠯᠤᠰ ᠤᠨ ᠲᠠᠷᠢᠶᠠᠯᠠᠩ ᠤᠨ ᠳᠠᠷᠬᠠᠨ ︾  ᠪᠥᠬᠦ ᠤᠯᠤᠰ ᠤᠨ ᠲᠠᠷᠢᠶᠠᠴᠢᠨ ᠤ ᠤᠷ᠎ᠠ ᠮᠡᠷᠭᠡᠵᠢᠯ ᠤᠨ ᠤᠷᠤᠯᠳᠤᠭᠠᠨ ︵ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠴᠢᠳᠠᠪᠤᠷᠢᠲᠠᠨ ᠤ ᠲᠦᠷᠦᠯ ︶ ᠳᠤ ᠨᠢᠭᠡ ᠬᠤᠶᠠᠷ ᠭᠤᠷᠪᠠᠳᠤᠭᠠᠷ ᠳᠡᠰ ᠤᠨ ᠱᠠᠩᠨᠠᠯ ᠣᠯᠭᠤᠬᠤ ᠶᠢᠨ ᠬᠠᠮᠲᠤ 2022 ᠣᠨ ᠤ ᠳᠤᠮᠳᠠᠳᠤ ᠤᠯᠤᠰ ᠤᠨ ᠲᠠᠷᠢᠶᠠᠴᠢᠨ ᠤ ᠡᠯᠪᠡᠭ ᠬᠤᠷᠢᠶᠠᠯᠲᠠ ᠶᠢᠨ ᠪᠠᠶᠠᠷ ᠤᠨ ᠭᠤᠣᠯ ᠲᠠᠯᠠᠪᠤᠷ ᠤᠨ ᠠᠵᠢᠯᠯᠠᠭ᠎ᠠ ᠳᠤ ᠰᠢᠯᠢᠳᠡᠭ ᠢ ᠨᠢ ᠰᠣᠩᠭᠤᠨ ᠦᠵᠡᠭᠦᠯᠦᠨ ᠲᠠᠨᠢᠯᠴᠠᠭᠤᠯᠬᠤ ᠪᠣᠯᠣᠨ᠎ᠠ᠃      ︵ᠨᠢᠭᠡ︶ ᠤᠷᠤᠯᠳᠤᠭᠠᠨ ᠳᠤ ᠣᠷᠤᠯᠴᠠᠬᠤ ᠱᠠᠭᠠᠷᠳᠠᠯᠭ᠎ᠠ      ᠤᠷᠤᠯᠳᠤᠭᠠᠨ ᠳᠤ ᠣᠷᠣᠯᠴᠠᠭᠰᠠᠳ  ᠨᠢ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠡᠵᠡᠩᠨᠡᠯᠲᠡ ᠬᠢᠵᠦ ᠪᠠᠶᠢᠭ᠎ᠠ ᠲᠠᠷᠢᠶᠠᠴᠢᠨ ᠪᠤᠶᠤ ᠨᠤᠲᠤᠭ ᠲᠤ ᠪᠠᠨ ᠪᠤᠴᠠᠭᠰᠠᠳ ᠪᠠ ᠬᠥᠳᠡᠭᠡ ᠪᠠᠭᠤᠭᠰᠠᠳ ᠤᠨ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠨᠢ ᠲᠠᠷᠢᠶᠠᠯᠠᠩ ᠤᠨ ᠪᠦᠲᠦᠭᠡᠭᠳᠡᠬᠦᠨ᠂  ᠪᠣᠯᠪᠠᠰᠤᠷᠠᠭᠤᠯᠤᠭᠰᠠᠨ ᠪᠦᠲᠦᠭᠡᠭᠳᠡᠬᠦᠨ᠂ ᠬᠥᠳᠡᠭᠡ ᠲᠣᠰᠬᠤᠨ ᠤ ᠭᠠᠷ ᠤᠷᠠᠯᠠᠯ ᠤᠨ ᠪᠦᠲᠦᠭᠡᠭᠳᠡᠬᠦᠨ᠂ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠤᠨ ᠡᠵᠡᠩᠨᠡᠯᠲᠡ ᠵᠡᠷᠭᠡ ᠪᠠᠶᠢᠵᠤ᠂ ᠡᠩ ᠤᠨ ᠪᠠᠶᠢᠳᠠᠯ ᠳᠤ 18 ︱ 65 ᠪᠦᠬᠦᠯᠢ ᠨᠠᠰᠤ ᠪᠠᠶᠢᠬᠤ ᠬᠡᠷᠡᠭᠲᠡᠢ᠃ ᠡᠭᠦᠨ ᠳᠤ ᠳᠣᠣᠷᠠᠬᠢ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ ᠃      1. ᠤᠯᠤᠰ ᠲᠦᠷᠦ ᠦᠵᠡᠯ ᠰᠠᠨᠠᠭᠠᠨ ᠤ ᠤᠬᠠᠮᠰᠠᠷ ᠢᠶᠠᠷ ᠥᠨᠳᠥᠷ ᠪᠠᠶᠢᠬᠤ ᠬᠡᠷᠡᠭᠲᠡᠢ ᠃ ᠡᠬᠡ ᠤᠯᠤᠰ ᠢᠶᠠᠨ ᠬᠠᠶᠢᠷᠠᠯᠠᠵᠤ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠬᠦᠷᠢᠶᠡᠯᠡᠵᠦ ᠂ ᠨᠡᠶᠢᠭᠡᠮ ᠵᠢᠷᠤᠮ ᠤᠨ ᠭᠤᠣᠯᠯᠠᠬᠤ ᠦᠷᠲᠡᠭ ᠤᠨ ᠦᠵᠡᠯᠲᠡ ᠶᠢ ᠢᠳᠡᠪᠬᠢᠲᠡᠢ ᠪᠠᠷ ᠦᠢᠯᠡᠳᠦᠯᠭᠡᠵᠢᠭᠦᠯᠵᠦ ᠂ ᠰᠠᠬᠢᠯᠭ᠎ᠠ ᠪᠠᠲᠤ ᠶᠢ ᠵᠢᠷᠤᠮᠯᠠᠨ ᠬᠠᠤᠯᠢ ᠶᠢ ᠰᠠᠬᠢᠵᠤ ᠂ ᠡᠷᠬᠢᠮ ᠳᠡᠭᠡᠳᠦ ᠶᠣᠰᠣ ᠮᠣᠷᠠᠯ ᠲᠠᠢ ᠂ ᠲᠠᠷᠢᠶᠠᠯᠠᠩ ᠬᠥᠳᠡᠭᠡ ᠲᠣᠰᠬᠤᠨ ᠢ ᠬᠠᠶᠢᠷᠠᠯᠠᠵᠤ ᠂ ᠰᠠᠶᠢᠨ ᠰᠠᠶᠢᠬᠠᠨ ᠨᠡᠶᠢᠭᠡᠮ ᠤᠨ ᠦᠨᠡᠨᠴᠢ ᠢᠲᠡᠭᠡᠮᠵᠢ ᠲᠠᠢ ᠪᠠᠶᠢᠵᠤ ᠂ ᠡᠷᠡᠭᠦᠯ ᠪᠤᠰᠤ ᠲᠡᠮᠳᠡᠭᠯᠡᠯ ᠦᠭᠡᠢ ︵ ᠵᠢᠱᠢᠶᠡᠯᠡᠪᠡᠯ ᠦᠢᠯᠡᠳᠪᠦᠷᠢ ᠬᠤᠳᠠᠯᠳᠤᠭ᠎ᠠ ᠂ ᠭᠠᠶᠢᠯᠢ ᠶᠢᠨ ᠶᠠᠪᠤᠳᠠᠯ ᠂ ᠦᠢᠯᠡᠳᠪᠦᠷᠢᠯᠡᠯ ᠤᠨ ᠠᠮᠤᠷ ᠲᠦᠪᠰᠢᠨ᠂ ᠢᠳᠡᠭᠡᠨ ᠤ ᠠᠮᠤᠷ ᠲᠦᠪᠰᠢᠨ᠂ ᠠᠵᠢᠯᠲᠠᠨ ᠠᠵᠢᠯᠴᠢᠨ ᠤ ᠠᠰᠢᠭ ᠲᠤᠰᠠ ᠂ ᠲᠠᠷᠢᠶᠠᠴᠢᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠬᠡᠷᠡᠭ ᠶᠠᠪᠤᠳᠠᠯ ᠭᠠᠷᠤᠭᠰᠠᠨ ᠦᠭᠡᠢ ᠵᠡᠷᠭᠡ ︶ ᠃      2. ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠢ ᠣᠷᠳᠣ ᠬᠤᠭᠤᠴᠠᠭ᠎ᠠ ᠪᠠᠷ ᠡᠷᠬᠢᠯᠡᠭᠰᠡᠨ ᠪᠠᠶᠢᠬᠤ ᠬᠡᠷᠡᠭᠲᠡᠢ ᠃ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠪᠠᠶᠠᠵᠢᠯ ᠤᠨ ᠬᠤᠰᠢᠭᠤᠴᠢ ᠶᠢᠨ ᠤᠷᠤᠯᠳᠤᠭᠠᠨ ᠳᠤ ᠣᠷᠣᠯᠴᠠᠭᠰᠠᠳ ᠰᠢᠭᠤᠳ ᠲᠠᠷᠢᠶᠠᠯᠠᠩ ᠤᠨ ᠦᠢᠯᠡᠳᠪᠦᠷᠢᠯᠡᠯ᠂ ᠪᠣᠯᠪᠠᠰᠤᠷᠠᠭᠤᠯᠤᠯᠲᠠ᠂ ᠡᠵᠡᠩᠨᠡᠯᠲᠡ ᠵᠢᠴᠢ ᠬᠥᠳᠡᠭᠡ ᠲᠣᠰᠬᠤᠨ ᠤ ᠦᠢᠯᠡᠴᠢᠯᠡᠭᠡᠨ ᠤ ᠦᠢᠯᠡᠰ ᠵᠡᠷᠭᠡ ᠬᠠᠮᠢᠶ᠎ᠠ ᠪᠦᠬᠦᠢ ᠠᠵᠢᠯ ᠲᠥᠷᠥᠯ ᠢ 3 ᠵᠢᠯ ᠠᠴᠠ ᠳᠡᠭᠡᠭᠰᠢ ᠡᠷᠭᠢᠯᠡᠬᠦ ᠶᠢᠨ ᠬᠠᠮᠲᠤ ᠵᠣᠬᠢᠬᠤ ᠬᠡᠮᠵᠢᠶᠡᠨ ᠤ ᠦᠢᠯᠡᠳᠪᠦᠷᠢᠯᠡᠯ ᠡᠵᠡᠩᠨᠡᠯᠲᠡ ᠶᠢᠨ ᠬᠡᠪᠴᠢᠶ᠎ᠡ ᠲᠠᠢ ᠪᠠᠶᠢᠬᠤ ᠬᠡᠷᠡᠭᠲᠡᠢ︔ ᠲᠠᠷᠢᠶᠠᠯᠠᠩ ᠤᠨ ᠪᠦᠲᠦᠭᠡᠭᠳᠡᠬᠦᠨ ᠤ ᠴᠠᠬᠢᠯᠭᠠᠨ ᠲᠠᠸᠠᠷ ᠤᠨ ᠫᠠᠶᠢᠰᠠ ᠴᠣᠭᠴᠠᠯᠠᠭᠴᠢ ᠶᠢᠨ ᠤᠷᠤᠯᠳᠤᠭᠠᠨ ᠳᠤ ᠣᠷᠣᠯᠴᠠᠭᠰᠠᠳ ᠲᠠᠷᠢᠶᠠᠯᠠᠩ ᠤᠨ ᠪᠦᠲᠦᠭᠡᠭᠳᠡᠬᠦᠨ ᠤ ᠴᠠᠬᠢᠯᠭᠠᠨ ᠲᠠᠸᠠᠷ ᠤᠨ ᠫᠠᠶᠢᠰᠠ ᠶᠢ ᠡᠭᠦᠳᠦᠨ ᠪᠠᠶᠢᠭᠤᠯᠬᠤ᠂ ᠡᠵᠡᠩᠨᠡᠬᠦ ᠵᠢᠴᠢ ᠬᠠᠮᠢᠶ᠎ᠠ ᠪᠦᠬᠦᠢ ᠠᠵᠢᠯ ᠢ 3 ᠵᠢᠯ ᠠᠴᠠ ᠳᠡᠭᠡᠭᠰᠢ ᠬᠢᠵᠦ᠂ ᠨᠠᠷᠠᠲᠤ ᠲᠡᠮᠳᠡᠭ ᠢ ᠡᠭᠦᠳᠦᠨ ᠪᠠᠶᠢᠭᠤᠯᠤᠭᠰᠠᠨ ᠠᠮᠵᠢᠯᠲᠠᠲᠠᠢ ᠬᠡᠷᠡᠭ ᠤᠨ ᠵᠢᠱᠢᠶ᠎ᠡ ᠲᠠᠢ ᠪᠠᠶᠢᠬᠤ ᠬᠡᠷᠡᠭᠲᠡᠢ︔ ᠬᠥᠳᠡᠭᠡ ᠲᠣᠰᠬᠤᠨ ᠤ ᠣᠳᠣᠨ ᠨᠡᠪᠲᠡᠷᠡᠭᠦᠯᠦᠭᠴᠢ ᠶᠢᠨ ᠤᠷᠤᠯᠳᠤᠭᠠᠨ ᠳᠤ ᠣᠷᠣᠯᠴᠠᠭᠰᠠᠳ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠪᠠᠷᠠᠭᠠᠨ ᠤ ᠭᠤᠣᠯ ᠨᠡᠪᠲᠡᠷᠡᠭᠦᠯᠭᠡ ᠶᠢᠨ ᠠᠵᠢᠯ ᠢ 1 ᠵᠢᠯ ᠠᠴᠠ ᠳᠡᠭᠡᠭᠰᠢ ᠡᠷᠭᠢᠯᠡᠵᠦ᠂ ᠳᠦᠷᠢ ᠲᠥᠷᠬᠦ ᠨᠢ ᠡᠷᠡᠭᠦᠯ ᠴᠢᠭᠢᠷᠠᠭ᠂ ᠪᠦᠯᠬᠦᠮ ᠨᠡᠶᠢᠲᠡ ᠨᠢ ᠪᠣᠯᠪᠠᠰᠤᠷᠠᠩᠭᠤᠢ ᠪᠠᠶᠢᠵᠤ᠂ ᠪᠡᠶ᠎ᠡ ᠪᠠᠨ ᠳᠠᠭᠠᠭᠠᠵᠤ ᠬᠤᠳᠠᠯᠳᠤᠭᠠᠴᠢᠨ ᠤᠷᠢᠵᠤ ᠪᠦᠲᠦᠭᠡᠭᠳᠡᠬᠦᠨ ᠰᠣᠩᠭᠤᠬᠤ᠂ ᠣᠬᠤᠷ ᠬᠠᠷᠠᠭᠠᠨ ᠳᠠᠪᠲᠠᠮᠵᠢ ᠪᠠᠷ ᠵᠣᠬᠢᠶᠠᠨ ᠪᠦᠲᠦᠭᠡᠵᠦ ᠨᠡᠶᠢᠲᠡᠯᠡᠬᠦ ᠵᠡᠷᠭᠡ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠲᠤᠬᠠᠶᠢᠯᠠᠭᠰᠠᠨ ᠠᠵᠢᠯ ᠤᠨ ᠬᠠᠮᠢᠶ᠎ᠠ ᠪᠦᠬᠦᠢ ᠬᠡᠷᠡᠭ ᠶᠠᠪᠤᠳᠠᠯ ᠢ ᠪᠡᠶ᠎ᠡ ᠪᠠᠨ ᠳᠠᠭᠠᠭᠠᠨ ᠪᠡᠶᠡᠯᠡᠭᠦᠯᠵᠦ᠂ ᠵᠣᠬᠢᠬᠤ ᠲᠣᠭᠠᠨ ᠤ ᠪᠠᠭ᠋ᠠᠷᠬᠠᠭᠴᠢᠳ ᠤᠨ ᠰᠠᠭᠤᠷᠢ ᠶᠢ ᠪᠦᠷᠢᠯᠳᠦᠭᠦᠯᠦᠭᠰᠡᠨ ᠪᠠᠶᠢᠬᠤ ᠬᠡᠷᠡᠭᠲᠡᠢ ᠃      3. ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠡᠵᠡᠩᠨᠡᠯᠲᠡ ᠬᠠᠮᠢᠶᠠᠷᠤᠯᠲᠠ ᠶᠢᠨ ᠡᠯᠪᠡᠭ ᠪᠠᠶᠠᠯᠢᠭ ᠦᠢᠯᠡᠳᠦᠯᠭᠡ ᠶᠢᠨ ᠲᠤᠷᠰᠢᠯᠭ᠎ᠠ ᠲᠠᠢ ᠪᠠᠶᠢᠬᠤ ᠬᠡᠷᠡᠭᠲᠡᠢ᠃ ᠤᠷᠤᠯᠳᠤᠭᠠᠨ ᠳᠤ ᠣᠷᠣᠯᠴᠠᠭᠰᠠᠳ ᠤᠨ ᠡᠵᠡᠩᠨᠡᠵᠦ ᠪᠠᠶᠢᠭ᠎ᠠ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠭᠤᠣᠯ ᠴᠣᠭᠴᠠ ᠨᠢ ᠲᠠᠷᠢᠶᠠᠯᠠᠩ ᠦᠢᠯᠡᠳᠪᠦᠷᠢᠯᠡᠯ ᠤᠨ ᠭᠤᠭᠴᠤᠭ᠎ᠠ ᠳᠤ ᠵᠢᠯᠣᠭᠤᠳᠤᠯᠭ᠎ᠠ ᠦᠢᠯᠡᠴᠢᠯᠡᠭᠡ ᠬᠠᠩᠭᠠᠵᠤ ᠂ ᠦᠢᠯᠡᠳᠪᠦᠷᠢᠯᠡᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠂ ᠡᠵᠡᠩᠨᠡᠯᠲᠡ ᠶᠢᠨ ᠵᠠᠭᠪᠤᠷ ᠤᠨ ᠰᠢᠨ᠎ᠡ ᠶᠢ ᠡᠭᠦᠳᠬᠦ ᠂ ᠲᠠᠷᠢᠶᠠᠯᠠᠩ ᠤᠨ ᠪᠦᠲᠦᠭᠡᠭᠳᠡᠬᠦᠨ ᠤ ᠲᠦᠷᠦᠯ ᠲᠡᠮᠳᠡᠭ ᠢ ᠡᠭᠦᠳᠬᠦ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠬᠦ ᠵᠡᠷᠭᠡ ᠲᠠᠯ᠎ᠠ ᠪᠠᠷ ᠲᠣᠪᠣᠶᠢᠮ᠎ᠠ ᠢᠯᠡᠷᠡᠯ ᠲᠠᠢ ᠪᠠᠶᠢᠵᠤ ᠂ ᠪᠦᠲᠦᠭᠡᠭᠳᠡᠬᠦᠨ ᠤ ᠶᠠᠰᠤ ᠴᠢᠨᠠᠷ ᠤᠨ ᠪᠦᠬᠦ ᠬᠡᠯᠬᠢᠶ᠎ᠡ ᠶᠢ ᠬᠠᠮᠢᠶᠠᠷᠤᠨ ᠡᠵᠡᠮᠳᠡᠬᠦ ᠴᠢᠳᠠᠪᠤᠷᠢ ᠂ ᠵᠣᠬᠢᠬᠤ ᠬᠡᠮᠵᠢᠶᠡᠨ ᠤ ᠡᠳ᠋ᠰᠢᠭᠦᠯᠦᠨ ᠪᠣᠭᠤᠳᠠᠯᠯᠠᠵᠤ ᠬᠥᠮᠥᠷᠭᠡᠯᠡᠨ ᠬᠠᠳᠠᠭᠠᠯᠠᠬᠤ ᠴᠢᠳᠠᠪᠤᠷᠢ ᠲᠠᠢ ᠪᠠᠶᠢᠬᠤ ᠬᠡᠷᠡᠭᠲᠡᠢ︔ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠭᠤᠣᠯ ᠨᠡᠪᠲᠡᠷᠡᠭᠦᠯᠦᠭᠴᠢ ᠶᠢᠨ ᠤᠷ᠎ᠠ ᠮᠡᠷᠭᠡᠵᠢᠯ  ᠨᠢ ᠨᠠᠷᠢᠯᠢᠭ ᠭᠦᠨᠵᠡᠭᠡᠢ᠂ ᠢᠯᠡᠳᠬᠡᠬᠦ ᠴᠢᠳᠠᠪᠤᠷᠢ ᠪᠠᠷ ᠴᠢᠩᠭ᠎ᠠ ᠂ ᠵᠣᠬᠢᠬᠤ ᠪᠣᠷᠤᠯᠠᠭᠤᠯᠭ᠎ᠠ ᠶᠢᠨ ᠤᠷ᠎ᠠ ᠮᠡᠷᠭᠡᠵᠢᠯ ᠢ ᠪᠦᠷᠢᠳᠦᠭᠦᠯᠵᠦ ᠂ ᠦᠩᠭᠡᠷᠡᠭᠰᠡᠨ ᠤ ᠰᠢᠭᠤᠳ ᠨᠡᠪᠲᠡᠷᠡᠭᠦᠯᠦᠨ ᠪᠠᠷᠠᠭ᠎ᠠ ᠪᠣᠷᠣᠯᠠᠭᠤᠯᠤᠭᠰᠠᠨ ᠦᠷ᠎ᠡ ᠪᠦᠲᠦᠮᠵᠢ ᠲᠣᠪᠣᠶᠢᠮ᠎ᠠ ᠪᠠᠶᠢᠵᠤ ᠂ ᠲᠤᠬᠠᠢ ᠶᠢᠨ ᠭᠠᠵᠠᠷ ᠤᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠢ ᠤᠶᠢᠯᠠᠭᠠᠬᠤ ᠬᠡᠷᠡᠭᠲᠡᠢ᠃       4. ᠠᠵᠤ ᠠᠬᠤᠢ ᠨᠡᠶᠢᠭᠡᠮ ᠤᠨ ᠦᠷ᠎ᠡ ᠠᠰᠢᠭ ᠢᠯᠡᠷᠬᠡᠢ ᠪᠠᠶᠢᠬᠤ ᠬᠡᠷᠡᠭᠲᠡᠢ᠃ ᠦᠢᠯᠡᠳᠪᠦᠷᠢᠯᠡᠯ ᠡᠵᠡᠩᠨᠡᠯᠲᠡ ᠶᠢᠨ ᠬᠡᠪᠴᠢᠶ᠎ᠡ ᠪᠠᠷ ᠨᠡᠯᠢᠶᠡᠳ ᠶᠡᠭᠡ ᠂ ᠲᠦᠷᠭᠡᠨ ᠪᠣᠶᠢᠵᠢᠵᠤ ᠂ ᠲᠠᠷᠢᠶᠠᠯᠠᠩ ᠤᠨ ᠪᠦᠲᠦᠭᠡᠭᠳᠡᠬᠦᠨ ᠢ ᠪᠣᠷᠣᠯᠠᠭᠤᠯᠬᠤ ᠴᠢᠳᠠᠪᠤᠷᠢ ᠪᠠᠷ ᠨᠡᠯᠢᠶᠡᠳ ᠴᠢᠩᠭ᠎ᠠ ᠪᠠᠶᠢᠵᠤ ᠂ ᠲᠤᠬᠠᠢ ᠶᠢᠨ ᠭᠠᠵᠠᠷ ᠤᠨ ᠲᠠᠷᠢᠶᠠᠯᠠᠩ ᠤᠨ ᠣᠨᠴᠠ ᠭᠠᠷᠤᠯᠲᠠ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠂ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠵᠤ ᠂ ᠠᠵᠤ ᠠᠬᠤᠢ ᠨᠡᠶᠢᠭᠡᠮ ᠤᠨ ᠰᠠᠶᠢᠨ ᠦᠷ᠎ᠡ ᠠᠰᠢᠭ ᠢ ᠪᠡᠶᠡᠯᠡᠭᠦᠯᠦᠭᠰᠡᠨ ᠪᠠᠶᠢᠬᠤ ᠬᠡᠷᠡᠭᠲᠡᠢ᠃      5. ᠵᠢᠱᠢᠶ᠎ᠡ ᠦᠵᠡᠭᠦᠯᠦᠨ ᠳᠠᠶᠢᠴᠢᠯᠠᠬᠤ ᠦᠷ᠎ᠡ ᠪᠦᠲᠦᠮᠵᠢ ᠪᠠᠷ ᠲᠣᠪᠣᠶᠢᠮ᠎ᠠ ᠪᠠᠶᠢᠬᠤ ᠬᠡᠷᠡᠭᠲᠡᠢ ᠃ ᠲᠤᠬᠠᠢ ᠶᠢᠨ ᠭᠠᠵᠠᠷ ᠲᠤ ᠨᠡᠯᠢᠶᠡᠳ ᠴᠢᠩᠭ᠎ᠠ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠲᠠᠢ ᠪᠠᠶᠢᠵᠤ ᠂ ᠨᠡᠷᠡᠲᠦ ᠲᠡᠮᠳᠡᠭ ᠤᠨ ᠨᠡᠷ᠎ᠡ ᠠᠯᠳᠠᠷ ᠢᠶᠠᠷ ᠥᠨᠳᠥᠷ ᠂ ᠮᠠᠭᠲᠠᠭᠠᠯ ᠪᠠ ᠨᠥᠯᠥᠭᠡᠯᠡᠬᠦ ᠬᠦᠴᠦᠨ ᠢᠶᠠᠷ ᠰᠠᠶᠢᠨ ᠂ ᠲᠠᠷᠢᠶᠠᠴᠢᠨ ᠲᠦᠮᠡᠨ ᠢ ᠰᠢᠭᠤᠳ ᠪᠤᠶᠤ ᠳᠠᠮ ᠢᠶᠠᠷ ᠳᠠᠭᠠᠭᠤᠯᠤᠨ ᠬᠠᠮᠲᠤ ᠪᠠᠷ ᠪᠠᠶᠠᠵᠢᠭᠰᠠᠨ ᠠᠴᠠ ᠲᠠᠷᠢᠶᠠᠯᠠᠩ ᠬᠥᠳᠡᠭᠡ ᠲᠣᠰᠬᠤᠨ ᠤ ᠰᠠᠯᠠᠭ᠎ᠠ ᠮᠥᠴᠢᠷ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠢᠨ ᠤ ᠭᠦᠢᠴᠡᠳ ᠵᠥᠪᠰᠢᠶᠡᠷᠡᠯ ᠢ ᠣᠯᠣᠭᠰᠠᠨ ᠪᠠᠶᠢᠬᠤ ᠬᠡᠷᠡᠭᠲᠡᠢ᠃      ︵ ᠬᠤᠶᠠᠷ ︶ ᠰᠢᠯᠢᠨ ᠰᠣᠩᠭᠤᠬᠤ ᠠᠷᠭ᠎ᠠ ᠮᠠᠶ᠋ᠢᠭ      1. ᠠᠶᠢᠮᠠᠭ ᠬᠤᠲᠠ ᠠᠴᠠ ᠰᠢᠯᠢᠨ ᠰᠣᠩᠭᠤᠬᠤ ᠃ ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠣᠰᠬᠤᠨ ᠮᠠᠯᠵᠢᠬᠤ ᠤᠷᠤᠨ ᠤ ᠲᠣᠪᠴᠢᠶ᠎ᠠ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠤᠷᠤᠯᠳᠤᠭᠠᠨ ᠳᠤ ᠣᠷᠤᠯᠴᠠᠬᠤ ᠱᠠᠭᠠᠷᠳᠠᠯᠭ᠎ᠠ ᠶᠣᠰᠣᠭᠠᠷ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠵᠡᠷᠭᠡ ᠠᠷᠭ᠎ᠠ ᠮᠠᠶ᠋ᠢᠭ ᠢᠶᠠᠷ ᠤᠷᠤᠯᠳᠤᠭᠠᠨ ᠳᠤ ᠣᠷᠣᠯᠴᠠᠭᠰᠠᠳ ᠢ ᠰᠣᠩᠭᠤᠨ ᠲᠠᠨᠢᠯᠴᠠᠭᠤᠯᠬᠤ ᠬᠡᠷᠡᠭᠲᠡᠢ᠃ 7 ᠰᠠᠷ᠎ᠠ ᠶᠢᠨ 22 ᠤᠨ ᠡᠳᠦᠷ ᠠᠴᠠ ᠡᠮᠦᠨ᠎ᠡ ᠲᠠᠨᠢᠯᠴᠠᠭᠤᠯᠬᠤ ᠪᠢᠴᠢᠭ ᠮᠠᠲ᠋ᠧᠷᠢᠶᠠᠯ᠂ ᠲᠠᠨᠢᠯᠴᠠᠭᠤᠯᠬᠤ ᠤᠷᠤᠯᠳᠤᠭᠠᠨ ᠳᠤ ᠣᠷᠣᠯᠴᠠᠭᠰᠠᠳ ᠤᠨ ᠮᠡᠳᠡᠭᠡ ᠵᠠᠩᠭᠢ ᠶᠢᠨ ᠬᠦᠰᠦᠨᠦᠭᠲᠦ ︵ᠳᠠᠭᠠᠯᠳᠤᠭᠤᠯᠤᠯ 1 ᠶᠢᠨ ᠴᠠᠭᠠᠰᠤᠨ ᠬᠡᠪᠯᠡᠯ ᠶᠢᠨ ᠨᠢᠭᠡ ᠬᠡᠯᠪᠡᠷᠢ ᠶᠢ ᠭᠤᠷᠪᠠᠨ ᠬᠤᠪᠢ︶ ᠪᠣᠯᠣᠨ ᠬᠠᠮᠢᠶ᠎ᠠ ᠪᠦᠬᠦᠢ ᠤᠷᠤᠯᠳᠤᠭᠠᠨ ᠳᠤ ᠣᠷᠤᠯᠴᠠᠬᠤ ᠮᠠᠲ᠋ᠧᠷᠢᠶᠠᠯ ᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠵᠠᠬ᠎ᠠ ᠳᠡᠯᠭᠡᠭᠦᠷ ᠬᠢᠭᠡᠳ ᠭᠠᠳᠠᠭᠠᠳᠤ ᠬᠠᠮᠲᠤᠷᠠᠯᠴᠠᠭᠠᠨ ᠤ ᠭᠠᠵᠠᠷ ᠲᠤ ᠮᠡᠳᠡᠭᠦᠯᠦᠨ ᠬᠦᠷᠭᠡᠵᠦ᠂ ᠠᠶᠢᠮᠠᠭ ᠬᠤᠲᠠ ᠨᠢᠭᠡᠪᠦᠷᠢ  ᠨᠢ ᠨᠠᠭᠠᠲᠤ ᠵᠠᠬ᠎ᠠ ᠳᠤ ᠪᠠᠨ 2 ᠨᠡᠷᠡᠰ ᠤᠷᠤᠯᠳᠤᠭᠠᠨ ᠳᠤ ᠣᠷᠣᠯᠴᠠᠭᠰᠠᠳ ᠲᠠᠨᠢᠯᠴᠠᠭᠤᠯᠵᠤ ᠶᠢ  ᠱᠠᠭᠠᠷᠳᠠᠨ᠎ᠠ ᠂ ᠬᠠᠮᠢᠶ᠎ᠠ ᠪᠦᠬᠦᠢ ᠮᠠᠲ᠋ᠧᠷᠢᠶᠠᠯ ᠤᠨ ᠡᠯᠧᠺᠲᠷᠣᠨ ᠬᠡᠪᠯᠡᠯ ᠢ ᠬᠠᠮᠲᠤ ᠳᠤ  ᠨᠢ ᠵᠢᠭᠠᠨ ᠲᠣᠭᠲᠠᠭᠠᠭᠰᠠᠨ ᠢᠮᠧᠯ ᠢᠶᠠᠷ ᠶᠠᠪᠤᠭᠤᠯᠬᠤ ᠬᠡᠷᠡᠭᠲᠡᠢ ᠃ ᠬᠥᠳᠡᠭᠡ ᠲᠣᠰᠬᠤᠨ ᠤ ᠣᠳᠣᠨ ᠨᠡᠪᠲᠡᠷᠡᠭᠦᠯᠦᠭᠴᠢ ᠶᠢᠨ ᠤᠷᠤᠯᠳᠤᠭᠠᠨ ᠢ ᠨᠢᠭᠡᠳᠦᠯᠲᠡᠢ ᠲᠠᠪᠴᠠᠩ ᠳᠤ ᠶᠠᠪᠤᠭᠳᠠᠭᠤᠯᠤᠨ᠎ᠠ᠂ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠶᠣᠰᠣᠭᠠᠷ᠂ ᠪᠣᠶ ᠪᠦᠬᠦᠢ ᠤᠷᠤᠯᠳᠤᠭᠠᠨ ᠳᠤ ᠣᠷᠣᠯᠴᠠᠭᠰᠠᠳ ᠲᠤᠭ᠎ᠠ ᠪᠠᠷᠢᠮᠲᠠ ᠶᠢᠨ ᠡᠷᠬᠡ ᠣᠯᠭᠤᠬᠤ ᠪᠢᠴᠢᠭ ᠲᠤ ᠭᠠᠷ ᠤᠨ ᠥᠰᠥᠭ ᠵᠢᠷᠤᠬᠤ ᠬᠡᠷᠡᠭᠲᠡᠢ᠃      2. ᠥᠪᠡᠷᠲᠡᠭᠡᠨ ᠵᠠᠰᠠᠬᠤ ᠣᠷᠣᠨ ᠠᠴᠠ ᠰᠢᠯᠢᠨ ᠰᠣᠩᠭᠤᠵᠣ ᠲᠠᠨᠢᠯᠴᠠᠭᠤᠯᠬᠤ ᠃ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠱᠠᠭᠠᠷᠳᠠᠯᠭ᠎ᠠ ᠶᠣᠰᠣᠭᠠᠷ᠂ ᠤᠯᠤᠰ ᠲᠥᠷᠥ ᠶᠢᠨ ᠬᠡᠪ ᠴᠢᠨᠠᠷ᠂ ᠠᠵᠤ ᠦᠢᠯᠡᠰ ᠤᠨ ᠦᠷ᠎ᠡ ᠠᠰᠢᠭ᠂ ᠮᠡᠷᠭᠡᠵᠢᠯ ᠤᠷ᠎ᠠ ᠴᠢᠳᠠᠪᠤᠷᠢ᠂ ᠰᠣᠶᠣᠯ ᠤᠨ ᠠᠭᠤᠯᠤᠭᠳᠠᠬᠤᠨ ᠪᠠ ᠵᠢᠱᠢᠶ᠎ᠡ ᠦᠵᠡᠭᠦᠯᠦᠨ ᠳᠠᠶᠢᠴᠢᠯᠠᠬᠤ ᠦᠷ᠎ᠡ ᠪᠦᠲᠦᠮᠵᠢ ᠵᠡᠷᠭᠡ ᠲᠠᠪᠤᠨ ᠲᠠᠯ᠎ᠠ ᠠᠴᠠ ᠤᠷᠤᠯᠳᠤᠭᠠᠨ ᠳᠤ ᠣᠷᠣᠯᠴᠠᠭᠰᠠᠳ ᠢ ᠰᠣᠩᠭᠤᠨ ᠲᠠᠨᠢᠯᠴᠠᠭᠤᠯᠵᠤ᠂ ᠳᠤᠮᠳᠠᠳᠤ ᠤᠯᠤᠰ ᠤᠨ ᠲᠠᠷᠢᠶᠠᠴᠢᠨ ᠤ ᠡᠯᠪᠡᠭ ᠬᠤᠷᠢᠶᠠᠯᠲᠠ ᠶᠢᠨ ᠪᠠᠶᠠᠷ ᠤᠨ ᠵᠣᠬᠢᠶᠠᠨ ᠪᠠᠶᠢᠭᠤᠯᠵᠤ ᠵᠢᠯᠤᠭᠤᠳᠬᠤ ᠺᠣᠮᠢᠰ ᠤᠨ ᠠᠯᠪᠠᠨ ᠭᠡᠷ ᠲᠤ ᠮᠡᠳᠡᠭᠦᠯᠦᠨ᠎ᠡ᠃      ︵ ᠭᠤᠷᠪᠠ︶ ᠬᠠᠷᠢᠯᠴᠠᠬᠤ ᠬᠥᠮᠥᠨ ᠵᠢᠴᠢ ᠬᠠᠷᠢᠯᠴᠠᠬᠤ ᠠᠷᠭ᠎ᠠ ᠬᠡᠯᠪᠡᠷᠢ      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠵᠠᠬ᠎ᠠ ᠳᠡᠯᠭᠡᠭᠦᠷ ᠬᠢᠭᠡᠳ ᠭᠠᠳᠠᠭᠠᠳᠤ ᠬᠠᠮᠲᠤᠷᠠᠯᠴᠠᠭᠠᠨ ᠤ ᠭᠠᠵᠠᠷ      ᠬᠠᠷᠢᠯᠴᠠᠬᠤ ᠬᠥᠮᠥᠨ᠄ ᠱᠠᠨ ᠫᠧᠩ 0471- 6652068      ᠢᠮᠧᠯ᠄ nmnmyt@126.com      ᠭᠤᠷᠪᠠ ᠂ ᠬᠤᠯᠪᠣᠭᠳᠠᠯ ᠪᠦᠬᠦᠢ ᠱᠠᠭᠠᠷᠳᠠᠯᠭ᠎ᠠ      ︵ᠨᠢᠭᠡ︶ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠣᠰ ᠤᠳᠠᠭᠠᠨ ᠤ ᠤᠷᠤᠯᠳᠤᠭᠠᠨ ᠢ ᠵᠣᠬᠢᠶᠠᠨ ᠪᠠᠶᠢᠭᠤᠯᠬᠤ ᠶᠢ ᠮᠠᠯᠴᠢᠨ ᠲᠠᠷᠢᠶᠠᠴᠢᠨ ᠤ ᠤᠷ᠎ᠠ ᠮᠡᠷᠭᠡᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ᠂ ᠠᠮᠤ ᠪᠤᠳᠠᠭ᠎ᠠ ᠪᠠ ᠴᠢᠬᠤᠯᠠ ᠪᠣᠯᠬᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠢ ᠠᠬᠢᠭᠤᠯᠬᠤ᠂ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠳᠡᠭᠡᠭᠰᠢᠯᠡᠯᠲᠡ ᠶᠢ ᠠᠬᠢᠭᠤᠯᠬᠤ ᠪᠦᠲᠦᠮᠵᠢᠲᠡᠶ ᠠᠷᠭ᠎ᠠ ᠬᠡᠮᠵᠢᠶ᠎ᠡ ᠪᠣᠯᠭᠠᠵᠤ᠂ ᠥᠷᠭᠡᠨ ᠢᠶᠠᠷ ᠵᠣᠬᠢᠶᠠᠨ ᠪᠠᠶᠢᠭᠤᠯᠤᠨ ᠳᠠᠶᠢᠴᠢᠯᠠᠵᠤ ᠪᠠᠶᠢᠭᠠᠳ ᠤᠷᠤᠯᠳᠤᠭᠠᠨ ᠳᠤ ᠣᠷᠣᠯᠴᠠᠭᠤᠯᠤᠨ᠎ᠠ᠃ ᠤᠷᠤᠯᠳᠤᠭᠠᠨ ᠪᠣᠯᠪᠠᠰᠤᠷᠠᠭᠤᠯᠤᠯ ᠢ ᠤᠶᠠᠯᠳᠤᠭᠤᠯᠬᠤ ᠂ ᠤᠷᠤᠯᠳᠤᠭᠠᠨ ᠢᠶᠠᠷ ᠪᠣᠯᠪᠠᠰᠤᠷᠠᠭᠤᠯᠤᠯ ᠢ ᠳᠠᠶᠢᠴᠢᠯᠠᠬᠤ ᠂ ᠪᠣᠯᠪᠠᠰᠤᠷᠠᠭᠤᠯᠤᠯ ᠢᠶᠠᠷ ᠤᠷᠤᠯᠳᠤᠭᠠᠨ ᠢ ᠲᠤᠰᠠᠯᠠᠬᠤ ᠶᠢ ᠪᠠᠷᠢᠮᠲᠠᠯᠠᠵᠤ ᠂ ᠴᠢᠭᠯᠡᠭᠦᠯᠬᠦ ᠴᠢᠨᠠᠷᠲᠠᠢ ᠪᠣᠯᠪᠠᠰᠤᠷᠠᠭᠤᠯᠤᠯ ᠢ ᠶᠡᠬᠡᠪᠡᠷ ᠥᠷᠨᠢᠭᠦᠯᠵᠦ ᠂ ᠤᠷᠤᠯᠳᠤᠭᠠᠨ ᠳᠤ ᠣᠷᠣᠯᠴᠠᠭᠰᠠᠳ ᠢ ᠬᠠᠪᠰᠤᠷᠤᠨ ᠮᠠᠯ ᠠᠵᠤ ᠠᠬᠤᠢ ᠲᠠᠷᠢᠶᠠᠯᠠᠩ ᠤᠨ ᠦᠢᠯᠡᠳᠪᠦᠷᠢᠯᠡᠯ ᠤᠨ ᠤᠷ᠎ᠠ ᠮᠡᠷᠭᠡᠵᠢᠯ ᠪᠣᠯᠣᠨ ᠡᠯᠧᠺᠲᠷᠣᠨ ᠬᠤᠳᠠᠯᠳᠤᠭᠠᠨ ᠤ ᠤᠷ᠎ᠠ ᠮᠡᠷᠭᠡᠰᠢᠯ ᠢ  ᠨᠢ ᠳᠡᠭᠡᠭᠰᠢᠯᠡᠭᠦᠯᠬᠦ ᠬᠡᠷᠡᠭᠲᠡᠢ ᠃      ︵ᠬᠤᠶᠠᠷ︶ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠢᠯᠡ᠂ ᠡᠷᠬᠡ ᠲᠡᠭᠰᠢ᠂ ᠲᠥᠪ ᠭᠤᠥᠯᠴᠢ ᠪᠠᠶᠢᠬᠤ ᠵᠠᠷᠴᠢᠮ ᠢ ᠪᠠᠷᠢᠮᠲᠠᠯᠠᠵᠤ᠂ ᠲᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠬᠠᠷᠢᠯᠴᠠᠨ ᠤᠶᠠᠯᠳᠤᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠤᠷᠤᠯᠳᠤᠭᠠᠨ ᠳᠤ ᠣᠷᠣᠯᠴᠠᠭᠰᠠᠳ ᠢ ᠰᠣᠩᠭᠤᠨ ᠲᠠᠨᠢᠯᠴᠠᠭᠤᠯᠵᠤ᠂ ᠴᠢᠬᠤᠯᠠ ᠪᠤᠰᠤ ᠬᠥᠮᠥᠰ ᠤᠨ ᠴᠤᠭᠯᠠᠷᠠᠬᠤ  ᠠᠴᠠ ᠵᠠᠶᠢᠯᠠᠰᠬᠢᠵᠦ᠂ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠲᠦᠭᠰᠢᠭᠦᠷᠢ ᠶᠢᠨ ᠳᠠᠯᠳᠠ ᠬᠡᠮ ᠢ ᠦᠨᠡᠨ ᠬᠦ ᠠᠷᠢᠯᠭᠠᠬᠤ ᠬᠡᠷᠡᠭᠲᠡᠢ᠃      ᠳᠠᠭᠠᠯᠳᠤᠭᠤᠯᠤᠯ 1᠄ ︽ᠲᠣᠮᠣ ᠤᠯᠤᠰ ᠤᠨ ᠲᠠᠷᠢᠶᠠᠯᠠᠩ ᠤᠨ ᠳᠠᠷᠬᠠᠨ︾  ᠪᠥᠬᠦ ᠤᠯᠤᠰ ᠤᠨ ᠲᠠᠷᠢᠶᠠᠴᠢᠨ ᠤ ᠤᠷ᠎ᠠ ᠮᠡᠷᠭᠡᠵᠢᠯ ᠤᠨ ᠤᠷᠤᠯᠳᠤᠭᠠᠨ ︵ᠳᠠᠷᠢᠵᠤ ᠲᠡᠵᠢᠭᠡᠬᠦ ᠴᠢᠳᠠᠪᠤᠷᠢᠲᠠᠨ ᠤ ᠲᠥᠷᠥᠯ ︶ ᠤ ᠤᠷᠤᠯᠳᠤᠭᠠᠨ ᠳᠤ ᠣᠷᠣᠯᠴᠠᠭᠰᠠᠳ ᠤᠨ ᠮᠡᠳᠡᠭᠡ ᠵᠠᠩᠭᠢ ᠶᠢᠨ ᠬᠦᠰᠦᠨᠦᠭᠲᠦ      ᠳᠠᠭᠠᠯᠳᠤᠭᠤᠯᠤᠯ 2᠄ ︽ᠲᠣᠮᠣ ᠤᠯᠤᠰ ᠤᠨ ᠲᠠᠷᠢᠶᠠᠯᠠᠩ ᠤᠨ ᠳᠠᠷᠬᠠᠨ︾  ᠪᠥᠬᠦ ᠤᠯᠤᠰ ᠤᠨ ᠲᠠᠷᠢᠶᠠᠴᠢᠨ ᠤ ᠤᠷ᠎ᠠ ᠮᠡᠷᠭᠡᠵᠢᠯ ᠤᠨ ᠤᠷᠤᠯᠳᠤᠭᠠᠨ ᠤ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠴᠢᠳᠠᠪᠤᠷᠢᠲᠠᠨ ︵ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠪᠠᠶᠠᠵᠢᠯ ᠤᠨ ᠬᠤᠰᠢᠭᠤᠴᠢ︶ ᠤ ᠤᠷᠤᠯᠳᠤᠭᠠᠨ ᠳᠤ ᠣᠷᠣᠯᠴᠠᠭᠰᠠᠳ ᠤᠨ ᠮᠡᠳᠡᠭᠡ ᠵᠠᠩᠭᠢ ᠶᠢᠨ ᠬᠦᠰᠦᠨᠦᠭᠲᠦ      ᠳᠠᠭᠠᠯᠳᠤᠭᠤᠯᠤᠯ 3᠄ ︽ᠲᠣᠮᠣ ᠤᠯᠤᠰ ᠤᠨ ᠲᠠᠷᠢᠶᠠᠯᠠᠩ ᠤᠨ ᠳᠠᠷᠬᠠᠨ︾  ᠪᠥᠬᠦ ᠤᠯᠤᠰ ᠤᠨ ᠲᠠᠷᠢᠶᠠᠴᠢᠨ ᠤ ᠤᠷ᠎ᠠ ᠮᠡᠷᠭᠡᠵᠢᠯ ᠤᠨ ᠤᠷᠤᠯᠳᠤᠭᠠᠨ ᠤ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠴᠢᠳᠠᠪᠤᠷᠢᠲᠠᠨ ︵ᠲᠠᠷᠢᠶᠠᠯᠠᠩ ᠤᠨ ᠪᠦᠲᠦᠭᠡᠭᠳᠡᠬᠦᠨ ᠤ ᠴᠠᠬᠢᠯᠭᠠᠨ ᠲᠠᠸᠠᠷ ᠤᠨ ᠫᠠᠶᠢᠰᠠ ᠴᠣᠭᠴᠠᠯᠠᠭᠴᠢ︶ ᠤ ᠤᠷᠤᠯᠳᠤᠭᠠᠨ ᠳᠤ ᠣᠷᠣᠯᠴᠠᠭᠰᠠᠳ ᠤᠨ ᠮᠡᠳᠡᠭᠡ ᠵᠠᠩᠭᠢ ᠶᠢᠨ ᠬᠦᠰᠦᠨᠦᠭᠲᠦ      ᠳᠠᠭᠠᠯᠳᠤᠭᠤᠯᠤᠯ 4᠄ ︽ᠲᠣᠮᠣ ᠤᠯᠤᠰ ᠤᠨ ᠲᠠᠷᠢᠶᠠᠯᠠᠩ ᠤᠨ ᠳᠠᠷᠬᠠᠨ︾ ᠤ ᠪᠥᠬᠦ ᠤᠯᠤᠰ ᠤᠨ ᠲᠠᠷᠢᠶᠠᠴᠢᠨ ᠤ ᠮᠡᠷᠭᠡᠵᠢᠯ ᠴᠢᠳᠠᠪᠤᠷᠢ ᠶᠢᠨ ᠤᠷᠤᠯᠳᠤᠭᠠᠨ ᠤ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠴᠢᠳᠠᠪᠤᠷᠢᠲᠠᠨ ︵ᠬᠥᠳᠡᠭᠡ ᠲᠣᠰᠬᠤᠨ ᠤ ᠣᠳᠣᠨ ᠨᠡᠪᠲᠡᠷᠡᠭᠦᠯᠦᠭᠴᠢ︶ ᠤ ᠤᠷᠤᠯᠳᠤᠭᠠᠨ ᠳᠤ ᠣᠷᠣᠯᠴᠠᠭᠰᠠᠳ ᠤᠨ ᠮᠡᠳᠡᠭᠡ ᠵᠠᠩᠭᠢ ᠶᠢᠨ ᠬᠦᠰᠦᠨᠦᠭᠲᠦ                        ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                       ᠮᠠᠯ ᠠᠵᠤ ᠠᠬᠤᠢ ᠪᠠ ᠬᠦᠳᠡᠭᠡ ᠲᠰᠤᠬᠤᠨ ᠮᠠᠯᠵᠢᠬᠤ ᠤᠷᠤᠨ ᠤ ᠲᠢᠩᠬᠢᠮ                                       2022 ᠣᠨ ᠤ 7 ᠰᠠᠷ᠎ᠠ ᠶᠢᠨ 5 ᠤ ᠡᠳᠦᠷ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号