ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ | ᠲᠣᠪᠴᠢᠶ᠎ᠠ᠂ ᠮᠠᠨᠵᠤᠤᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠤᠰᠤᠨ ᠠᠰᠢᠭᠯᠠᠯᠲᠠ ᠶᠢᠨ ᠲᠣᠪᠴᠢᠶ᠎ᠠ᠂ | ᠡᠷᠢᠶᠡᠨ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠤᠰᠤᠨ ᠤ ᠶᠠᠪᠤᠳᠠᠯ ᠤᠨ ᠲᠣᠪᠴᠢᠶ᠎ᠠ᠂ ᠬᠤᠯᠪᠣᠭᠳᠠᠯ | ᠪᠦᠬᠦᠢ ᠪᠠᠶᠢᠴᠠᠭᠠᠨ ᠰᠢᠯᠭᠠᠬᠤ ᠪᠠᠶᠢᠭᠤᠯᠤᠮᠵᠢ ᠳᠤ᠄ | ᠪᠦᠬᠦ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ | ᠲᠦᠪᠰᠢᠨ ᠢ ᠰᠢᠯᠭᠠᠨ ᠪᠠᠶᠢᠴᠠᠭᠠᠬᠤ ᠤᠷ᠎ᠠ ᠮᠡᠷᠭᠡᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠰᠢᠯᠢᠳᠡᠭ | ᠰᠢᠯᠭᠠᠨ ᠪᠠᠶᠢᠴᠠᠭᠠᠬᠤ ᠠᠵᠢᠯᠲᠠᠨ ᠢ ᠰᠣᠩᠭᠤᠨ ᠪᠦᠬᠦ ᠤᠯᠤᠰ ᠤᠨ ᠲᠠᠪᠤᠳᠤᠭᠠᠷ ᠬᠤᠭᠤᠴᠠᠭᠠᠨ ᠤ ᠲᠠᠷᠢᠶᠠᠯᠠᠩ ᠤᠨ | ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠰᠢᠯᠭᠠᠨ ᠪᠠᠶᠢᠴᠠᠭᠠᠬᠤ ᠤᠷ᠎ᠠ | ᠮᠡᠷᠭᠡᠵᠢᠯ ᠦᠨᠤᠷᠤᠯᠳᠣᠭᠠᠨ ᠳᠤ ᠤᠷᠤᠯᠴᠠᠭᠤᠯᠬᠤ ᠶᠢᠨ ᠲᠤᠰᠠᠳᠠ᠂ ︽︿ᠠᠷᠪᠠᠨ ᠳᠥᠷᠪᠡᠳᠦᠭᠡᠷ ᠲᠠᠪᠤᠨ ᠵᠢᠯ﹀ ᠤᠨ | ᠬᠤᠭᠤᠴᠠᠭᠠᠨ ᠳᠤ ᠭᠠᠪᠢᠶ᠎ᠠ ᠪᠠᠶᠢᠭᠤᠯᠵᠤ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠬᠰᠢᠯᠠᠶ᠎ᠠ ︾ ᠭᠡᠬᠦ ᠰᠡᠳᠦᠪᠳᠦ | 2022 ᠤᠨ ᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠵᠢᠯᠳᠠᠨ ᠠᠵᠢᠯᠴᠢᠳ ᠤᠨ ᠠᠵᠢᠯ | ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠡᠷᠭᠢᠯᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠵᠢᠯᠲᠠᠨ ᠠᠵᠢᠯᠴᠢᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠤ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ᠂ ᠬᠥᠮᠥᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠮᠡᠳᠡᠭᠳᠡᠯ︾ ︵ᠥᠪᠥᠷ ᠠᠵᠢᠯᠴᠢᠨ ᠲᠠᠷᠬᠠᠭᠠᠭᠰᠠᠨ | ﹇2022﹈ 21 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠣᠰᠣᠭᠠᠷ᠂ 7 ᠰᠠᠷ᠎ᠠ ᠶᠢᠨ ᠰᠡᠭᠦᠯᠴᠢ ᠪᠠᠷ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠬᠤᠭᠤᠴᠠᠭᠠᠨ ᠤ ᠲᠠᠷᠢᠶᠠᠯᠠᠩ ᠮᠠᠯ ᠠᠵᠤ ᠠᠬᠤᠢ | ᠤᠰᠤᠨ ᠭᠠᠷᠤᠯᠲᠠ ᠶᠢᠨ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ ᠤᠷ᠎ᠠ ᠮᠡᠷᠭᠡᠵᠢᠯ ᠤᠨ | ᠤᠷᠤᠯᠳᠤᠭᠠᠨ ᠤ ᠠᠵᠢᠯᠯᠠᠭ᠎ᠠ︾ ︵ᠳᠣᠷᠣᠭᠰᠢ ︽ᠤᠷᠤᠯᠳᠤᠭᠠᠨ︾ ᠭᠡᠵᠦ ᠲᠣᠪᠴᠢᠯᠠᠨ᠎ᠠ︶ ᠶᠢ ᠡᠷᠭᠢᠯᠡᠬᠦ ᠪᠠᠷ ᠪᠣᠶ᠂ | ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠪᠡ ᠃ | ᠨᠢᠭᠡ᠂ ᠤᠷᠤᠯᠳᠤᠭᠠᠨ ᠤ ᠠᠭᠤᠯᠭ᠎ᠠ ᠵᠢᠴᠢ ᠬᠡᠯᠪᠡᠷᠢ | ᠤᠷᠤᠯᠳᠤᠭᠠᠨ ᠢ ᠣᠨᠣᠯ ᠤᠨ ᠰᠢᠯᠭᠠᠯᠲᠠ ᠪᠠ ᠲᠤᠬᠠᠢ ᠶᠢᠨ ᠲᠠᠯᠠᠪᠤᠷ ᠤᠨ ᠠᠵᠢᠯᠯᠠᠭ᠎ᠠ ᠭᠡᠵᠦ ᠬᠤᠪᠢᠶᠠᠵᠤ᠂ | ᠲᠤᠰᠬᠠᠢ ᠮᠡᠷᠭᠡᠵᠢᠯ ᠤᠨ ᠠᠭᠤᠯᠭ᠎ᠠ ᠶᠢ ᠲᠠᠷᠢᠮᠠᠯ ᠤᠨ ᠪᠦᠲᠦᠭᠡᠭᠳᠡᠬᠦᠨ᠂ ᠮᠠᠯ ᠵᠢᠭᠦᠷᠲᠡᠨ ᠤ ᠪᠦᠲᠦᠭᠡᠭᠳᠡᠬᠦᠨ ᠪᠠ | ᠤᠰᠤᠨ ᠭᠠᠷᠤᠯᠲᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠡᠮᠵᠢᠶ᠎ᠡ ᠶᠢ ᠰᠢᠯᠭᠠᠨ ᠬᠡᠮᠵᠢᠬᠦ ᠭᠤᠷᠪᠠᠨ ᠲᠠᠯ᠎ᠠ ᠪᠠᠷ | ᠬᠤᠪᠢᠶᠠᠨ᠎ᠠ᠃ ᠤᠨᠤᠯ ᠤᠨ ᠮᠡᠳᠡᠯᠭᠡ ᠨᠢ ᠭᠤᠣᠯᠳᠠᠭᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ | ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠂ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠰᠠᠭᠤᠷᠢ ᠮᠡᠳᠡᠯᠭᠡ ᠂ | ᠰᠢᠯᠭᠠᠨ ᠬᠡᠮᠵᠢᠬᠦ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠵᠢᠷᠤᠮᠵᠢᠯ ᠂ ᠦᠯᠢᠭᠡᠷ ᠠᠪᠬᠤ ᠦᠨᠳᠦᠰᠦᠨ ᠱᠠᠭᠠᠷᠳᠠᠯᠭ᠎ᠠ | ᠪᠠ ᠤᠷ᠎ᠠ ᠮᠡᠷᠭᠡᠰᠢᠯ᠂ ᠲᠤᠷᠰᠢᠯᠲᠠ ᠶᠢᠨ ᠲᠠᠰᠤᠭ ᠤᠨ ᠠᠵᠢᠯᠯᠠᠬᠤ ᠤᠷ᠎ᠠ ᠴᠢᠳᠠᠪᠤᠷᠢ ᠶᠢᠨ ᠮᠡᠳᠡᠯᠭᠡ ᠵᠡᠷᠭᠡ | ᠠᠭᠤᠯᠭ᠎ᠠ ᠶᠢ ᠬᠢᠨᠠᠨ ᠰᠢᠯᠭᠠᠨ᠎ᠠ ︔ ᠲᠤᠬᠠᠢ ᠶᠢᠨ ᠲᠠᠯᠠᠪᠤᠷ ᠲᠤ ᠠᠵᠢᠯᠯᠠᠭᠤᠯᠬᠤ ᠳᠤ ᠭᠤᠣᠯᠳᠠᠭᠤ ᠲᠠᠷᠢᠶᠠᠨ ᠡᠮ | ᠮᠠᠯ ᠤᠨ ᠡᠮ ᠤᠨ ᠦᠯᠡᠳᠡᠭᠳᠡᠯ ᠪᠠ ᠬᠠᠷ᠎ᠠ ᠮᠢᠬᠠᠯᠠᠭᠤᠯᠬᠤ ᠬᠠᠨᠳᠠ᠂ ᠲᠣᠭᠤᠰ ᠴᠢᠯᠠᠭᠤᠨ ᠤ ᠨᠣᠭᠤᠭᠠᠨ ᠵᠡᠷᠭᠡ | ᠬᠠᠤᠯᠢ ᠪᠤᠰᠤ ᠪᠠᠷ ᠨᠡᠮᠡᠯᠲᠡ ᠡᠳ᠋ ᠨᠡᠮᠡᠭᠰᠡᠨ ᠬᠡᠮᠵᠢᠶ᠎ᠡ ᠶᠢ ᠰᠢᠯᠭᠠᠨ ᠪᠠᠶᠢᠴᠠᠭᠠᠬᠤ ᠮᠡᠷᠭᠡᠵᠢᠯ ᠢ ᠰᠢᠯᠭᠠᠨ ᠬᠢᠨᠠᠨ᠎ᠠ᠃ | ᠬᠤᠶᠠᠷ ᠂ ᠤᠷᠤᠯᠳᠤᠭᠠᠨ ᠳᠤ ᠣᠷᠣᠯᠴᠠᠭᠰᠠᠳ | ᠡᠯ᠎ᠡ ᠠᠶᠢᠮᠠᠭ ᠬᠤᠲᠠ ᠶᠢᠨ ᠬᠢᠨ ᠠᠩᠭᠢ ᠵᠣᠬᠢᠶᠠᠨ ᠪᠠᠶᠢᠭᠤᠯᠵᠤ ᠤᠷᠤᠯᠳᠤᠭᠠᠨ ᠳᠤ ᠤᠷᠤᠯᠴᠠᠭᠤᠯᠤᠨ᠎ᠠ ᠂ | ᠤᠷᠤᠯᠳᠤᠭᠠᠨ ᠳᠤ ᠣᠷᠤᠯᠴᠠᠬᠤ ᠬᠥᠮᠥᠨ ᠤ ᠲᠤᠭ᠎ᠠ ᠶᠢ ᠬᠢᠵᠠᠭᠠᠷᠯᠠᠬᠤ ᠦᠭᠡᠢ᠃ ᠤᠷᠤᠯᠳᠤᠭᠠᠨ ᠳᠤ ᠣᠷᠤᠯᠴᠠᠬᠤ | ᠠᠩᠭᠢ ᠶᠢᠨ ᠭᠡᠰᠢᠭᠦᠨ ᠨᠢ ᠡᠷᠬᠡᠪᠰᠢ ᠲᠤᠰᠬᠠᠢ ᠣᠷᠣᠨ ᠬᠤᠲᠠ ᠪᠤᠶᠤ ᠰᠢᠶᠠᠨ ᠤ ᠱᠠᠲᠤᠨ ᠤ ᠪᠠᠶᠢᠴᠠᠭᠠᠨ ᠰᠢᠯᠭᠠᠬᠤ | ᠪᠠᠶᠢᠭᠤᠯᠤᠮᠵᠢ ᠶᠢᠨ ᠠᠵᠢᠯ ᠤᠨ ᠪᠠᠶᠢᠷᠢᠨ ᠳᠤ ᠪᠠᠶᠢᠬᠤ ︵ᠤᠷᠢᠨ ᠬᠡᠷᠡᠭᠯᠡᠬᠦ᠂ ᠬᠥᠳᠡᠯᠮᠦᠷᠢ ᠦᠢᠯᠡᠴᠢᠯᠡᠭᠡ ᠲᠣᠮᠢᠯᠠᠬᠤ | ᠬᠥᠮᠥᠰ ᠵᠡᠷᠭᠡ ᠪᠠᠭᠲᠠᠨ᠎ᠠ︶᠂ ᠪᠠᠶᠢᠴᠠᠭᠠᠨ ᠰᠢᠯᠭᠠᠬᠤ ᠠᠵᠢᠯ ᠢ 1 ᠵᠢᠯ ᠠᠴᠠ ᠳᠡᠭᠡᠭᠰᠢ ᠬᠢᠵᠦ ᠪᠠᠶᠢᠭ᠎ᠠ ᠬᠥᠮᠥᠰ | ︵2021 ᠣᠨ ᠳᠤ ᠲᠡᠭᠦᠰᠦᠭᠰᠡᠨ ᠪᠠᠶᠢᠴᠠᠭᠠᠨ ᠰᠢᠯᠭᠠᠬᠤ ᠠᠵᠢᠯᠲᠠᠨ ᠠᠵᠢᠯᠯᠠᠭᠰᠠᠨ ᠣᠨ ᠵᠢᠯ ᠳᠤ | ᠬᠢᠵᠠᠭᠠᠷᠯᠠᠭᠳᠠᠬᠤ ᠦᠭᠡᠢ︶ ᠪᠠᠶᠢᠬᠤ ᠬᠡᠷᠡᠭᠲᠡᠢ᠃ ︽ᠥᠪᠡᠷᠲᠡᠭᠡᠨ ᠵᠠᠰᠠᠬᠤ ᠣᠷᠣᠨ ᠤ ᠲᠠᠪᠤᠨ ᠰᠠᠷ᠎ᠠ ᠶᠢᠨ ᠨᠢᠭᠡᠨ ᠤ | ᠬᠥᠳᠡᠯᠮᠦᠷᠢ ᠶᠢᠨ ᠱᠠᠩᠨᠠᠯ ᠤᠨ ᠲᠡᠮᠳᠡᠭ︾ ᠂ ︽ᠪᠥᠬᠦ ᠣᠷᠣᠨ ᠤ ᠮᠡᠷᠭᠡᠵᠢᠯ ᠤᠨ ᠴᠢᠳᠠᠪᠤᠷᠢᠲᠠᠨ︾ ᠤ ᠢᠷᠠᠭᠤ | ᠠᠯᠳᠠᠷ ᠪᠤᠶᠤ ᠠᠳᠠᠯᠢ ᠲᠥᠷᠥᠯ ᠤᠨ ᠠᠵᠢᠯ ᠲᠥᠷᠥᠯ ᠤᠨ ᠤᠷᠤᠯᠳᠤᠭᠠᠨ ᠳᠤ ᠥᠪᠡᠷᠲᠡᠭᠡᠨ ᠵᠠᠰᠠᠬᠤ ᠣᠷᠣᠨ ᠳᠤ | ᠨᠢᠭᠡᠳᠦᠭᠡᠷ ᠲᠤ ᠣᠷᠣᠭᠰᠠᠨ ᠤᠷᠤᠯᠴᠠᠭᠰᠠᠳ ᠵᠢᠴᠢ 2021 ᠣᠨ ᠤ ᠤᠯᠤᠰ ᠤᠨ ᠲᠠᠰ ᠤᠨ ᠨᠢᠭᠡᠳᠦᠭᠡᠷ | ᠲᠥᠷᠥᠯ ᠤᠨ ᠤᠷᠤᠯᠳᠤᠭᠠᠨ ᠳᠤ ᠲᠦᠷᠦᠭᠦᠸ ᠲᠠᠪᠤᠨ ᠨᠡᠷᠡᠰ ᠲᠤ ᠣᠷᠣᠵᠤ᠂ ᠤᠯᠤᠰ ᠤᠨ ᠲᠠᠰ ᠤᠨ ᠬᠤᠶᠠᠳᠤᠭᠠᠷ | ᠲᠥᠷᠥᠯ ᠤᠨ ᠤᠷᠤᠯᠳᠤᠭᠠᠨ ᠳᠤ ᠲᠦᠷᠦᠭᠦᠸ ᠭᠤᠷᠪᠠᠨ ᠨᠡᠷᠡᠰ ᠲᠤ ᠣᠷᠣᠭᠰᠠᠨ ᠪᠥᠭᠡᠳ ᠠᠵᠢᠯᠲᠠᠨ ᠠᠵᠢᠯᠴᠢᠨ ᠤ | ᠬᠢᠷᠢ ᠬᠡᠮ ᠲᠠᠢ ᠬᠥᠮᠥᠰ ᠢ ᠲᠣᠰ ᠬᠤᠭᠤᠴᠠᠭᠠᠨ ᠤ ᠤᠷᠤᠯᠳᠤᠭᠠᠨ ᠳᠤ ᠳᠠᠭᠢᠵᠤ ᠤᠷᠤᠯᠴᠠᠭᠤᠯᠬᠤ ᠦᠭᠡᠢ᠃ | ᠭᠤᠷᠪᠠ ᠂ ᠱᠠᠩᠨᠠᠬᠤ ᠠᠷᠭ᠎ᠠ | ︵ᠨᠢᠭᠡ︶ ᠲᠠᠷᠢᠮᠠᠯ ᠤᠨ ᠦᠢᠯᠡᠰ ᠤᠨ ᠪᠦᠲᠦᠭᠡᠭᠳᠡᠬᠦᠨ᠂ ᠮᠠᠯ ᠵᠢᠭᠦᠷᠲᠡᠨ ᠤ ᠪᠦᠲᠦᠭᠡᠭᠳᠡᠬᠦᠨ ᠢ ᠲᠣᠭᠲᠠᠭᠰᠠᠨ | ᠬᠡᠮᠵᠢᠶ᠎ᠡ ᠪᠠᠷ ᠪᠠᠶᠢᠴᠠᠭᠠᠨ ᠬᠡᠮᠵᠢᠬᠦ ᠬᠤᠶᠠᠷ ᠲᠤᠰᠬᠠᠢ ᠮᠡᠷᠭᠡᠵᠢᠯ ᠤᠨ ᠳᠤᠭᠤᠶᠢᠯᠠᠩ ᠤᠨ ᠲᠦᠷᠦᠭᠦᠸ ᠵᠢᠷᠭᠤᠭᠠᠨ | ᠨᠡᠷᠡᠰ ᠲᠤ ᠣᠷᠣᠭᠰᠠᠳ ᠢ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠡᠪᠯᠡᠯ ᠠᠴᠠ 10000 ︱ 3000 | ᠲᠥᠭᠦᠷᠢᠭ ᠤᠨ ᠠᠳᠠᠯᠢ ᠪᠤᠰᠤ ᠱᠠᠩᠨᠠᠯ ᠤᠨ ᠮᠥᠩᠭᠦ ᠪᠠᠷ ᠱᠠᠩᠨᠠᠨ᠎ᠠ᠃ ᠤᠰᠤᠨ ᠭᠠᠷᠤᠯᠲᠠ ᠶᠢᠨ ᠬᠡᠮᠵᠢᠶ᠎ᠡ ᠶᠢ | ᠰᠢᠯᠭᠠᠨ ᠬᠡᠮᠵᠢᠬᠦ ᠲᠤᠰᠬᠠᠢ ᠮᠡᠷᠭᠡᠵᠢᠯ ᠤᠨ ᠳᠤᠭᠤᠶᠢᠯᠠᠩ ᠤᠨ ᠲᠦᠷᠦᠭᠦᠦ ᠵᠢᠷᠭᠤᠭᠠᠨ ᠨᠡᠷᠡᠰ ᠲᠤ ᠤᠷᠤᠭᠰᠠᠨ | ᠪᠠᠶᠢᠪᠠᠯ ᠂ ᠶᠡᠭᠡ ᠬᠤᠷᠠᠯ ᠤᠨ ᠵᠣᠬᠢᠶᠠᠨ ᠪᠠᠶᠢᠭᠤᠯᠬᠤ ᠺᠣᠮᠢᠰ ᠠᠴᠠ ᠠᠵᠢᠯᠴᠢᠨ ᠤ ᠡᠪᠯᠡᠯ ᠤᠨ ᠱᠠᠩᠨᠠᠯ | ᠬᠥᠬᠢᠭᠦᠯᠦᠯ ᠲᠠᠢ ᠬᠠᠷᠢᠴᠠᠭᠤᠯᠵᠤ ᠪᠠᠶᠢᠭᠠᠳ ᠱᠠᠩᠨᠠᠨ ᠬᠥᠬᠢᠭᠦᠯᠦᠨ᠎ᠡ ᠃ | ︵ᠬᠤᠶᠠᠷ︶ ᠲᠠᠷᠢᠮᠠᠯ ᠤᠨ ᠦᠢᠯᠡᠰ ᠤᠨ ᠪᠦᠲᠦᠭᠡᠭᠳᠡᠬᠦᠨ᠂ ᠮᠠᠯ ᠵᠢᠭᠦᠷᠲᠡᠨ ᠤ ᠪᠦᠲᠦᠭᠡᠭᠳᠡᠬᠦᠨ ᠤ 1 ᠳ᠋ᠦ᠋ᠭᠡᠷ | ᠨᠡᠷᠡᠰ ᠲᠤ ᠣᠷᠣᠭᠰᠠᠨ ᠪᠠᠶᠢᠪᠠᠯ᠂ ᠳᠠᠷᠠᠭ᠎ᠠ ᠨᠢᠭᠡ ᠵᠢᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠠᠪᠤᠨ ᠰᠠᠷ᠎ᠠ ᠶᠢᠨ ᠨᠢᠭᠡᠨ ᠤ ᠬᠥᠳᠡᠯᠮᠦᠷᠢ ᠶᠢᠨ ᠱᠠᠩᠨᠠᠯ ᠤᠨ ᠲᠡᠮᠳᠡᠭ ᠤᠨ ᠰᠢᠯᠭᠠᠷᠠᠭᠤᠯᠤᠯᠲᠠ ᠶᠢᠨ ᠢᠷᠠᠭᠤ | ᠠᠯᠳᠠᠷ ᠤᠨ ᠰᠠᠭᠤᠷᠢ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠢᠶᠠᠷ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ ︽ᠪᠥᠬᠦ ᠣᠷᠣᠨ ᠤ | ᠮᠡᠷᠭᠡᠵᠢᠯ ᠤᠨ ᠴᠢᠳᠠᠪᠤᠷᠢᠲᠠᠨ︾ ᠤ ᠢᠷᠠᠭᠤ ᠠᠯᠳᠠᠷ ᠤᠨ ᠴᠣᠯᠠ ᠣᠯᠭᠤᠨ᠎ᠠ᠃ | ︵ᠭᠤᠷᠪᠠ︶ ᠤᠷ᠎ᠠ ᠮᠡᠷᠭᠡᠵᠢᠯ ᠤᠨ ᠲᠥᠷᠥᠯ ᠤᠨ ᠰᠢᠢᠳᠪᠦᠷᠢᠲᠦ ᠤᠷᠤᠯᠳᠤᠭᠠᠨ ᠤ ᠡᠯ᠎ᠡ ᠠᠵᠢᠯ ᠮᠡᠷᠭᠡᠵᠢᠯ | ︵ᠠᠵᠢᠯ ᠤᠨ ᠲᠥᠷᠥᠯ︶ ᠤᠨ ᠤᠷᠤᠯᠳᠤᠭᠠᠨ ᠤ ᠡᠮᠦᠨ᠎ᠡ 3 ᠨᠡᠷᠡᠰ ᠲᠤ ᠤᠷᠤᠭᠰᠠᠳ ᠢ᠂ ᠬᠠᠮᠢᠶ᠎ᠠ ᠪᠦᠬᠦᠢ | ᠲᠣᠭᠲᠠᠭᠠᠯ ᠶᠣᠰᠣᠭᠠᠷ ᠮᠠᠰᠲ᠋ᠧᠷ ᠤᠨ ᠠᠵᠢᠯ ᠮᠡᠷᠭᠡᠵᠢᠯ ᠤᠨ ᠴᠢᠳᠠᠪᠤᠷᠢ ᠶᠢᠨ ᠵᠡᠷᠭᠡ ᠳᠡᠰ ᠲᠤ ᠳᠡᠪᠰᠢᠭᠦᠯᠦᠨ᠎ᠡ᠂ | ᠨᠢᠭᠡᠨᠲᠡ ᠮᠠᠰᠲ᠋ᠧᠷ ᠤᠨ ᠠᠵᠢᠯ ᠮᠡᠷᠭᠡᠵᠢᠯ ᠤᠨ ᠬᠢᠷᠢ ᠬᠡᠮ ᠪᠤᠶᠤ ᠠᠵᠢᠯ ᠮᠡᠷᠭᠡᠵᠢᠯ ᠤᠨ ᠴᠢᠳᠠᠪᠤᠷᠢ ᠶᠢᠨ ᠵᠡᠷᠭᠡ | ᠳᠡᠰ ᠲᠠᠢ ᠪᠣᠯᠤᠭᠰᠠᠨ ᠪᠠᠶᠢᠪᠠᠯ᠂ ᠳᠡᠭᠡᠳᠦ ᠵᠡᠷᠭᠡ ᠶᠢᠨ ᠮᠠᠰᠲ᠋ᠧᠷ ᠤᠨ ᠠᠵᠢᠯ ᠮᠡᠷᠭᠡᠵᠢᠯ ᠤᠨ ᠴᠢᠳᠠᠪᠤᠷᠢ ᠶᠢᠨ ᠵᠡᠷᠭᠡ | ᠳᠡᠰ ᠲᠤ ᠳᠡᠪᠰᠢᠭᠦᠯᠵᠦ ᠪᠣᠯᠣᠨ᠎ᠠ︔ ᠤᠷ᠎ᠠ ᠮᠡᠷᠭᠡᠵᠢᠯ ᠤᠨ ᠲᠥᠷᠥᠯ ᠤᠨ ᠰᠢᠢᠳᠪᠦᠷᠢᠲᠦ ᠤᠷᠤᠯᠳᠤᠭᠠᠨ ᠤ ᠡᠯ᠎ᠡ | ᠠᠵᠢᠯ ᠮᠡᠷᠭᠡᠵᠢᠯ ︵ᠠᠵᠢᠯ ᠤᠨ ᠲᠥᠷᠥᠯ︶ ᠤᠨ ᠤᠷᠤᠯᠳᠤᠭᠠᠨ ᠤ 4 ︱ 6 ᠳ᠋ᠤᠭᠠᠷ ᠲᠤ ᠤᠷᠤᠭᠰᠠᠳ ᠢ᠂ ᠬᠠᠮᠢᠶ᠎ᠠ | ᠪᠦᠬᠦᠢ ᠲᠣᠭᠲᠠᠭᠠᠯ ᠶᠣᠰᠣᠭᠠᠷ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠲᠠᠰ ᠲᠤ | ᠳᠡᠪᠰᠢᠭᠦᠯᠦᠨ᠎ᠡ᠂ ᠨᠢᠭᠡᠨᠲᠡ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠬᠢᠷᠢ ᠬᠡᠮ ᠪᠤᠶᠤ ᠠᠵᠢᠯ ᠮᠡᠷᠭᠡᠵᠢᠯ ᠤᠨ | ᠤᠷ᠎ᠠ ᠴᠢᠳᠠᠪᠤᠷᠢ ᠶᠢᠨ ᠲᠠᠰ ᠲᠠᠢ ᠪᠣᠯᠤᠭᠰᠠᠨ ᠪᠠᠶᠢᠪᠠᠯ᠂ ᠮᠠᠰᠲ᠋ᠧᠷ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ | ᠲᠠᠰ ᠲᠤ ᠳᠡᠪᠰᠢᠭᠦᠯᠵᠦ ᠪᠣᠯᠣᠨ᠎ᠠ︔ ᠤᠷ᠎ᠠ ᠮᠡᠷᠭᠡᠵᠢᠯ ᠤᠨ ᠲᠥᠷᠥᠯ ᠤᠨ ᠰᠢᠢᠳᠪᠦᠷᠢᠲᠦ ᠤᠷᠤᠯᠳᠤᠭᠠᠨ ᠤ ᠡᠯ᠎ᠡ | ᠠᠵᠢᠯ ᠮᠡᠷᠭᠡᠵᠢᠯ ︵ᠠᠵᠢᠯ ᠤᠨ ᠲᠥᠷᠥᠯ︶ ᠤᠨ 7 ︱ 10 ᠳ᠋ᠤᠭᠠᠷ ᠨᠡᠷᠡᠰ ᠲᠤ ᠤᠷᠤᠭᠰᠠᠳ ᠲᠤ ᠂ ᠬᠠᠮᠢᠶ᠎ᠠ | ᠪᠦᠬᠦᠢ ᠲᠣᠭᠲᠠᠭᠠᠯ ᠶᠣᠰᠣᠭᠠᠷ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠤᠷ᠎ᠠ ᠮᠡᠷᠭᠡᠵᠢᠯ ᠤᠨ ᠲᠠᠰ ᠤᠨ | ᠦᠨᠡᠮᠯᠡᠯ ᠢ ᠬᠢᠨᠠᠨ ᠣᠯᠭᠤᠨ᠎ᠠ᠃ ᠳᠡᠰ ᠳᠡᠪᠰᠢᠭᠦᠯᠬᠦ ᠳᠤ ᠡᠷᠬᠡᠪᠰᠢ ᠤᠷᠤᠯᠳᠤᠭᠠᠨ ᠤ ᠦᠶ᠎ᠡ ᠶᠢᠨ ᠤᠤᠯ ᠤᠨ | ᠳᠡᠰ ᠤᠨ ᠦᠨᠡᠮᠯᠡᠯ ᠢ ᠣᠯᠭᠤᠭᠠᠳ ᠪᠦᠬᠦᠯᠢ ᠨᠢᠭᠡ ᠵᠢᠯ ᠪᠣᠯᠣᠭᠰᠠᠨ ᠪᠠᠶᠢᠬᠤ ᠬᠡᠷᠡᠭᠲᠡᠢ᠃ | ︵ᠳᠥᠷᠪᠡ︶ ᠡᠯ᠎ᠡ ᠲᠤᠰᠬᠠᠢ ᠮᠡᠷᠭᠡᠵᠢᠯ ᠤᠨ ᠳᠤᠭᠤᠶᠢᠯᠠᠩ ᠤᠨ ᠡᠮᠦᠨ᠎ᠡ 3 ᠨᠡᠷᠡᠰ ᠠᠴᠠ ᠭᠠᠳᠠᠨᠠᠬᠢ | ᠪᠣᠯᠪᠠᠴᠤ ᠤᠷᠤᠯᠳᠤᠭᠠᠨ ᠳᠤ ᠣᠷᠣᠯᠴᠠᠭᠰᠠᠨ ᠬᠥᠮᠥᠨ ᠤ ᠲᠣᠭᠠᠨ ᠤ 1/2 ᠠᠴᠠ ᠳᠡᠭᠡᠭᠰᠢ ᠨᠡᠷᠡᠰ ᠲᠤ | ᠵᠢᠭᠰᠠᠭᠠᠭᠳᠠᠭᠰᠠᠳ ᠲᠤ ᠤᠷᠤᠯᠳᠤᠭᠠᠨ ᠤ ᠵᠣᠬᠢᠶᠠᠨ ᠪᠠᠶᠢᠭᠤᠯᠬᠤ ᠺᠣᠮᠢᠰ ᠠᠴᠠ ᠰᠢᠯᠢᠳᠡᠭ ᠱᠠᠩᠨᠠᠯ ᠤᠨ ᠢᠷᠠᠭᠤ | ᠠᠯᠳᠠᠷ ᠤᠨ ᠦᠨᠡᠮᠯᠡᠯ ᠣᠯᠭᠤᠵᠤ᠂ ᠤᠷᠤᠯᠳᠤᠭᠠᠨ ᠳᠤ ᠣᠷᠣᠯᠴᠠᠭᠰᠠᠨ ᠪᠤᠰᠤᠳ ᠤᠷᠤᠯᠴᠠᠭᠰᠠᠳ ᠲᠤ | ᠤᠷᠤᠯᠳᠤᠭᠠᠨ ᠳᠤ ᠣᠷᠣᠯᠴᠠᠭᠰᠠᠨ ᠦᠨᠡᠮᠯᠡᠯ ᠣᠯᠭᠤᠨ᠎ᠠ᠃ | ︵ᠲᠠᠪᠤ︶ ᠰᠢᠢᠳᠪᠦᠷᠢᠲᠦ ᠤᠷᠤᠯᠳᠤᠭᠠᠨ ᠤ ᠪᠦᠯᠬᠦᠮ ᠤᠨ ᠶᠡᠷᠦᠩᠬᠡᠢ ᠬᠢᠷᠢ ᠪᠦᠲᠦᠮᠵᠢ ᠶᠢᠨ ᠡᠮᠦᠨ᠎ᠡ | ᠭᠤᠷᠪᠠ ᠳᠤ ᠣᠷᠣᠭᠰᠠᠨ ᠲᠥᠯᠥᠭᠡᠯᠡᠭᠴᠢᠳ ᠤᠨ ᠠᠩᠭᠢ ᠳᠤ ᠤᠷᠤᠯᠳᠤᠭᠠᠨ ᠤ ᠵᠣᠬᠢᠶᠠᠨ ᠪᠠᠶᠢᠭᠤᠯᠬᠤ ᠺᠣᠮᠢᠰ ᠠᠴᠠ | ︽ᠰᠢᠯᠢᠳᠡᠭ ᠪᠦᠯᠬᠦᠮ ᠤᠨ ᠱᠠᠩᠨᠠᠯ︾ ᠣᠯᠭᠤᠨ᠎ᠠ᠃ ᠤᠷᠤᠯᠳᠤᠭᠠᠨ ᠤ ᠵᠣᠬᠢᠶᠠᠨ ᠪᠠᠶᠢᠭᠤᠯᠤᠯᠲᠠ ᠶᠢᠨ ᠪᠠᠶᠢᠳᠠᠯ ᠢ | ᠦᠨᠳᠦᠰᠦᠯᠡᠨ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠤᠨ ᠬᠡᠳᠦᠨ ᠨᠡᠷᠡᠰ ᠢ ᠠᠰᠲᠠᠭᠠᠨ ᠭᠠᠷᠭᠠᠨ᠎ᠠ ᠃ | ︵ᠵᠢᠷᠭᠤᠭ᠎ᠠ︶ ᠲᠠᠷᠢᠮᠠᠯ ᠤᠨ ᠦᠢᠯᠡᠰ ᠤᠨ ᠪᠦᠲᠦᠭᠡᠭᠳᠡᠬᠦᠨ᠂ ᠮᠠᠯ ᠵᠢᠭᠦᠷᠲᠡᠨ ᠤ ᠪᠦᠲᠦᠭᠡᠭᠳᠡᠬᠦᠨ ᠤ | ᠤᠷᠤᠯᠳᠤᠭᠠᠨ ᠳᠤ ᠣᠷᠣᠯᠴᠠᠭᠰᠠᠨ ᠬᠥᠮᠥᠨ ᠤ ᠲᠤᠭ᠎ᠠ ᠨᠢ 30 ᠬᠥᠮᠥᠨ ᠠᠴᠠ ᠳᠤᠲᠠᠭᠤ ᠪᠠᠶᠢᠪᠠᠯ᠂ ᠳᠡᠭᠡᠷ᠎ᠡ | ᠳᠤᠷᠠᠳᠤᠭᠰᠠᠨ ᠱᠠᠩᠨᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠦᠭᠡᠢ᠃ ᠤᠰᠤᠨ ᠭᠠᠷᠤᠯᠲᠠ ᠶᠢᠨ | ᠤᠷᠤᠯᠳᠤᠭᠠᠨ ᠳᠤ ᠣᠷᠣᠯᠴᠠᠭᠰᠠᠨ ᠬᠥᠮᠥᠨ ᠤ ᠲᠤᠭ᠎ᠠ ᠨᠢ 15 ᠬᠥᠮᠥᠨ ᠠᠴᠠ ᠳᠤᠲᠠᠭᠤ ᠪᠠᠶᠢᠪᠠᠯ᠂ ᠳᠡᠭᠡᠷ᠎ᠡ | ᠳᠤᠷᠠᠳᠤᠭᠰᠠᠨ ᠱᠠᠩᠨᠠᠯ ᠬᠥᠬᠢᠭᠦᠯᠦᠯ ᠢ ᠬᠡᠷᠡᠭᠵᠢᠭᠦᠯᠬᠦ ᠦᠭᠡᠢ᠃ | ᠳᠥᠷᠪᠡ᠂ ᠬᠤᠯᠪᠣᠭᠳᠠᠯ ᠪᠦᠬᠦᠢ ᠱᠠᠭᠠᠷᠳᠠᠯᠭ᠎ᠠ | ︵ᠨᠢᠭᠡ︶ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠨᠢᠮᠪᠠᠢ ᠵᠣᠬᠢᠶᠠᠨ ᠪᠠᠶᠢᠭᠤᠯᠬᠤ ᠬᠡᠷᠡᠭᠲᠡᠢ᠃ | ᠡᠯ᠎ᠡ ᠠᠶᠢᠮᠠᠭ ᠬᠤᠲᠠ ᠶᠢᠨ ᠬᠢᠨ ᠲᠤᠰ ᠤᠳᠠᠭᠠᠨ ᠤ ᠤᠷᠤᠯᠳᠤᠭᠠᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ︽ᠥᠪᠥᠷ ᠠᠵᠢᠯᠴᠢᠨ ᠲᠠᠷᠬᠠᠭᠠᠭᠰᠠᠨ ﹇2022﹈ 21 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠲᠣᠰ | ᠱᠠᠲᠤᠨ ᠤ ᠰᠢᠯᠭᠠᠷᠠᠭᠤᠯᠬᠤ ᠤᠷᠤᠯᠳᠤᠭᠠᠨ ᠪᠠ ᠠᠩᠬᠠᠨ ᠤ ᠤᠷᠤᠯᠳᠤᠭᠠᠨ ᠤ ᠠᠵᠢᠯ ᠢ ᠰᠠᠶᠢᠲᠤᠷ ᠵᠣᠬᠢᠶᠠᠨ | ᠪᠠᠶᠢᠭᠤᠯᠵᠤ᠂ ᠣᠨᠣᠯ ᠤᠨ ᠬᠢᠷᠢ ᠬᠡᠮᠵᠢᠶ᠎ᠡ ᠪᠠᠷ ᠥᠨᠳᠥᠷ᠂ ᠮᠡᠷᠭᠡᠵᠢᠯ ᠤᠨ ᠪᠣᠳᠠᠲᠤ ᠬᠦᠴᠦᠨ ᠢᠶᠠᠷ ᠴᠢᠩᠭ᠎ᠠ | ᠪᠠᠶᠢᠴᠠᠭᠠᠨ ᠰᠢᠯᠭᠠᠬᠤ ᠠᠵᠢᠯᠲᠠᠨ ᠢ ᠰᠣᠩᠭᠤᠨ ᠭᠠᠷᠭᠠᠵᠤ ᠥᠪᠡᠷᠲᠡᠭᠡᠨ ᠵᠠᠰᠠᠬᠤ ᠣᠷᠣᠨ ᠤ ᠤᠷᠤᠯᠳᠤᠭᠠᠨ ᠳᠤ | ᠤᠷᠤᠯᠴᠠᠭᠤᠯᠬᠤ ᠬᠡᠷᠡᠭᠲᠡᠢ ᠃ ᠮᠠᠨ ᠤ ᠲᠢᠩᠬᠢᠮ ᠤᠷᠤᠯᠳᠤᠭᠠᠨ ᠤ ᠳᠤᠮᠳᠠᠬᠢ ᠶᠡᠷᠦᠩᠬᠡᠶᠢᠯᠡᠭᠰᠡᠨ ᠴᠢᠳᠠᠪᠤᠷᠢ ᠪᠠᠷ | ᠴᠢᠩᠭ᠎ᠠ ᠤᠷᠤᠯᠴᠠᠭᠰᠠᠳ ᠢ ᠰᠣᠩᠭᠤᠵᠤ ᠪᠦᠬᠦ ᠤᠯᠤᠰ ᠤᠨ ᠤᠷᠤᠯᠳᠤᠭᠠᠨ ᠳᠤ ᠣᠷᠣᠯᠴᠠᠭᠤᠯᠤᠨ᠎ᠠ ᠃ | ︵ᠬᠤᠶᠠᠷ︶ ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠵᠤ᠂ ᠤᠬᠠᠭᠤᠯᠭ᠎ᠠ ᠶᠢ ᠴᠢᠬᠤᠯᠠᠴᠢᠯᠠᠬᠤ ᠬᠡᠷᠡᠭᠲᠡᠢ᠃ | ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠵᠢᠴᠢ ᠬᠤᠯᠪᠣᠭᠳᠠᠯ ᠪᠦᠬᠦᠢ | ᠶᠠᠰᠤ ᠴᠢᠨᠠᠷ ᠤᠨ ᠪᠠᠶᠢᠴᠠᠭᠠᠯᠲᠠ ᠶᠢᠨ ᠪᠠᠶᠢᠭᠤᠯᠤᠮᠵᠢ ᠨᠤᠭᠤᠳ ᠤᠷᠤᠯᠳᠤᠭᠠᠨ ᠤ ᠠᠵᠢᠯᠯᠠᠭ᠎ᠠ ᠶᠢ ᠡᠳᠦᠷ | ᠲᠤᠲᠤᠮ ᠤᠨ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ ᠪᠠ ᠮᠡᠷᠭᠡᠵᠢᠯ ᠤᠨ ᠰᠢᠯᠭᠠᠨ ᠬᠢᠨᠠᠬᠤ ᠯᠤᠭ᠎ᠠ | ᠤᠶᠠᠯᠳᠤᠭᠤᠯᠵᠤ᠂ ᠤᠷᠤᠯᠳᠤᠭᠠᠨ ᠬᠢᠭᠡᠳ ᠡᠳᠦᠷ ᠲᠤᠲᠤᠮ ᠤᠨ ᠠᠵᠢᠯ ᠤᠨ ᠬᠠᠷᠢᠴᠠᠭ᠎ᠠ ᠶᠢ ᠰᠠᠶᠢᠲᠤᠷ | ᠰᠢᠢᠳᠪᠦᠷᠢᠯᠡᠵᠦ᠂ ᠡᠳᠦᠷ ᠲᠤᠲᠤᠮ ᠤᠨ ᠠᠵᠢᠯ ᠤᠨ ᠳᠤᠮᠳᠠ ᠪᠠᠨ ᠨᠢᠭᠲᠠ ᠠᠴᠠ ᠨᠢᠭᠲᠠ ᠪᠠᠶᠢᠵᠤ᠂ | ᠤᠷᠤᠯᠳᠤᠭᠠᠨ ᠤ ᠠᠵᠢᠯᠯᠠᠭ᠎ᠠ ᠪᠠᠷ ᠳᠠᠮᠵᠢᠭᠤᠯᠤᠨ ᠦᠨᠳᠦᠰᠦᠨ ᠱᠠᠲᠤᠨ ᠤ ᠪᠠᠶᠢᠴᠠᠭᠠᠨ ᠰᠢᠯᠭᠠᠬᠤ ᠮᠡᠷᠭᠡᠵᠢᠯ ᠤᠨ | ᠠᠵᠢᠯᠲᠠᠨ ᠤ ᠴᠢᠳᠠᠪᠤᠷᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠬᠤᠶᠠᠷ ᠢ ᠠᠬᠢᠭᠤᠯᠵᠤ᠂ ᠬᠤᠶᠠᠷ ᠢ | ᠳᠡᠭᠡᠭᠰᠢᠯᠡᠭᠦᠯᠬᠦ ᠬᠠᠷᠠᠯᠲᠠ ᠳᠤ ᠬᠦᠷᠦᠭᠦᠯᠬᠦ ᠬᠡᠷᠡᠭᠲᠡᠢ᠃ ᠡᠯ᠎ᠡ ᠭᠠᠵᠠᠷ ᠤᠨ ᠬᠢᠨ ᠭᠠᠳᠠᠭᠠᠳᠤ ᠳᠤ ᠵᠣᠷᠢᠭᠤᠯᠤᠭᠰᠠᠨ | ᠰᠣᠨᠢᠨ ᠮᠡᠳᠡᠭᠡ ᠤᠬᠠᠭᠤᠯᠭ᠎ᠠ ᠶᠢᠨ ᠠᠵᠢᠯ ᠢᠶᠠᠨ ᠴᠢᠩᠭᠠᠳᠬᠠᠵᠤ᠂ ᠲᠧᠯᠸᠢᠰ᠂ ᠷᠠᠳᠢᠣ᠋ ᠨᠡᠪᠲᠡᠷᠡᠭᠦᠯᠭᠡ᠂ ᠰᠣᠨᠢᠨ | ᠰᠡᠳᠬᠦᠯ᠂ ᠰᠦᠯᠵᠢᠶ᠎ᠡ ᠵᠡᠷᠭᠡ ᠣᠯᠠᠨ ᠵᠦᠢᠯ ᠤᠨ ᠠᠴᠢᠶᠠᠯᠠᠪᠤᠷᠢ ᠪᠠᠷ ᠳᠠᠮᠵᠢᠭᠤᠯᠤᠨ᠂ ᠲᠣᠰ ᠬᠠᠷᠢᠶ᠎ᠠ | ᠣᠷᠣᠨ ᠤ ᠪᠠᠨ ᠤᠷᠤᠯᠳᠤᠭᠠᠨ ᠤ ᠠᠵᠢᠯᠯᠠᠭ᠎ᠠ ᠶᠢᠨ ᠪᠠᠶᠢᠳᠠᠯ ᠢ ᠥᠷᠭᠡᠨ ᠢᠶᠠᠷ ᠤᠬᠠᠭᠤᠯᠵᠤ᠂ ᠰᠠᠶᠢᠨ ᠰᠠᠶᠢᠬᠠᠨ | ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃ | ︵ ᠭᠤᠷᠪᠠ ︶ ᠪᠤᠰᠤᠳ ᠱᠠᠭᠠᠷᠳᠠᠯᠭ᠎ᠠ ᠃ ᠲᠣᠰ ᠬᠤᠭᠤᠴᠠᠭᠠᠨ ᠤ ᠤᠷ᠎ᠠ ᠮᠡᠷᠭᠡᠵᠢᠯ ᠤᠨ ᠤᠷᠤᠯᠳᠤᠭᠠᠨ ᠤ | ᠠᠵᠢᠯᠯᠠᠭ᠎ᠠ ᠶᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ | ᠤᠷᠤᠨ ᠤ ᠲᠢᠩᠬᠢᠮ ᠠᠴᠠ ᠭᠤᠣᠯᠯᠠᠨ ᠡᠷᠭᠢᠯᠡᠵᠦ᠂ ᠪᠣᠳᠠᠲᠠᠢ ᠠᠵᠢᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠶᠠᠰᠤ ᠴᠢᠨᠠᠷ ᠤᠨ ᠠᠮᠤᠷ ᠲᠦᠪᠰᠢᠨ ᠬᠢᠭᠡᠳ ᠪᠠᠶᠢᠴᠠᠭᠠᠨ ᠬᠡᠮᠵᠢᠬᠦ | ᠰᠤᠳᠤᠯᠭᠠᠨ ᠤ ᠭᠠᠵᠠᠷ ᠠᠴᠠ ᠳᠠᠭᠠᠭᠠᠨ ᠭᠦᠢᠴᠡᠳᠭᠡᠨ᠎ᠡ ᠂ ᠤᠷᠤᠯᠳᠤᠭᠠᠨ ᠤ ᠪᠣᠳᠠᠲᠠᠢ ᠬᠡᠷᠡᠭᠵᠢᠭᠦᠯᠬᠦ ᠲᠦᠰᠦᠯ ᠢ | ᠳᠠᠭᠠᠯᠳᠣᠭᠤᠯᠣᠯ 1 ᠳᠤ ᠦᠵᠡᠭᠡᠷᠡᠢ᠃ ᠤᠷᠤᠯᠳᠤᠭᠠᠨ ᠳᠤ ᠤᠷᠤᠯᠴᠠᠭᠰᠠᠳ ᠵᠢᠴᠢ ᠪᠦᠯᠬᠦᠮ ᠳᠠᠭᠠᠭᠤᠯᠤᠭᠴᠢ ᠶᠢᠨ | ᠬᠤᠭᠤᠯᠠ ᠬᠤᠨᠤᠭ ᠢ ᠵᠣᠬᠢᠶᠠᠨ ᠪᠠᠶᠢᠭᠤᠯᠬᠤ ᠺᠣᠮᠢᠰ ᠠᠴᠠ ᠨᠢᠭᠡᠳᠦᠯᠲᠡᠢ ᠲᠣᠬᠢᠷᠠᠭᠤᠯᠵᠤ᠂ ᠵᠠᠮ ᠬᠠᠷᠢᠯᠴᠠᠭᠠᠨ ᠤ | ᠵᠠᠷᠤᠳᠠᠯ ᠢ ᠥᠪᠡᠷ ᠢᠶᠠᠨ ᠰᠢᠢᠳᠪᠦᠷᠢᠯᠡᠨ᠎ᠡ᠃ | ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠬᠠᠷᠢᠶ᠎ᠠ | ᠣᠷᠣᠨ ᠤ ᠪᠠᠨ ᠱᠠᠭᠠᠷᠳᠠᠯᠭ᠎ᠠ ᠳᠤ ᠨᠡᠶᠢᠴᠡᠭᠰᠡᠨ ᠤᠷᠤᠯᠳᠤᠭᠠᠨ ᠳᠤ ᠣᠷᠣᠯᠴᠠᠭᠰᠠᠳ ᠢ ᠵᠣᠬᠢᠶᠠᠨ ᠪᠠᠶᠢᠭᠤᠯᠤᠨ | ︽ᠭᠤᠷᠪᠠᠳᠤᠭᠠᠷ ᠬᠤᠭᠤᠴᠠᠭᠠᠨ ᠤ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠤᠰᠤᠨ ᠭᠠᠷᠤᠯᠲᠠ ᠶᠢᠨ ᠶᠠᠰᠤ | ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ ᠤᠷ᠎ᠠ ᠮᠡᠷᠭᠡᠵᠢᠯ ᠤᠨ ᠤᠷᠤᠯᠳᠤᠭᠠᠨ ᠳᠤ ᠣᠷᠣᠯᠴᠠᠭᠰᠠᠳ ᠢ | ᠲᠠᠨᠢᠯᠴᠠᠭᠤᠯᠬᠤ ᠬᠦᠰᠦᠨᠦᠭᠲᠦ︾ ︵ᠳᠠᠭᠠᠯᠳᠤᠭᠤᠯᠤᠯ 2︶ ᠶᠢ ᠲᠠᠭᠯᠠᠬᠤ ᠶᠢᠨ ᠬᠠᠮᠲᠤ 7 ᠰᠠᠷ᠎ᠠ ᠶᠢᠨ 1 ᠤ | ᠡᠳᠦᠷ ᠠᠴᠠ ᠡᠮᠦᠨ᠎ᠡ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ | ᠵᠢᠭᠠᠨ ᠲᠣᠭᠲᠠᠭᠠᠭᠰᠠᠨ ᠢᠮᠧᠯ ᠳᠤ ᠨᠢᠭᠡᠳᠦᠯᠲᠡᠢ ᠮᠡᠳᠡᠭᠦᠯᠦᠨ ᠬᠦᠷᠭᠡᠵᠦ᠂ ᠴᠠᠭᠠᠰᠤᠨ ᠬᠡᠪᠯᠡᠯ ᠢ ᠵᠢᠭᠠᠨ | ᠲᠣᠭᠲᠠᠭᠠᠭᠰᠠᠨ ᠬᠠᠶ᠋ᠢᠭ ᠲᠤ ᠢᠯᠡᠭᠡᠬᠦ ᠶᠢ ᠬᠦᠰᠡᠵᠦ ᠪᠠᠶᠢᠨ᠎ᠠ᠃ | ᠬᠠᠷᠢᠯᠴᠠᠬᠤ ᠬᠥᠮᠥᠨ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ᠂ ᠹᠦ᠋ ᠬᠤᠶ᠂ 0471 ︱ 6652285︔ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠶᠠᠰᠤ ᠴᠢᠨᠠᠷ ᠤᠨ | ᠠᠮᠤᠷ ᠲᠦᠪᠰᠢᠨ ᠬᠢᠭᠡᠳ ᠪᠠᠶᠢᠴᠠᠭᠠᠨ ᠬᠡᠮᠵᠢᠬᠦ ᠰᠤᠳᠤᠯᠭᠠᠨ ᠤ ᠭᠠᠵᠠᠷ᠂ ᠢᠦᠢ ᠶᠠᠨ᠂ 0471 ︱ | 5904559᠃ | ᠨᠡᠷ᠎ᠡ ᠮᠡᠳᠡᠭᠦᠯᠬᠦ ᠢᠮᠧᠯ ᠄ 465399421@qq.com | ᠰᠢᠤᠳᠠᠨ ᠢᠶᠠᠷ ᠶᠠᠪᠤᠭᠤᠯᠬᠤ ᠬᠠᠶ᠋ᠢᠭ᠄ ᠬᠥᠬᠡᠬᠤᠲᠠ ᠶᠢᠨ ᠢᠦᠢ ᠴᠢᠤᠸᠠᠨ ᠲᠣᠭᠤᠷᠢᠭ ᠤᠨ ᠵᠣᠣ ᠵᠢᠶᠦ᠋ᠨ | ᠵᠠᠮ ᠤᠨ 22 ᠳ᠋ᠤᠭᠠᠷ ᠨᠣᠮᠧᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠶᠢᠨ ᠶᠠᠰᠤ ᠴᠢᠨᠠᠷ ᠤᠨ ᠠᠮᠤᠷ ᠲᠦᠪᠰᠢᠨ ᠬᠢᠭᠡᠳ ᠪᠠᠶᠢᠴᠠᠭᠠᠨ ᠬᠡᠮᠵᠢᠬᠦ ᠰᠤᠳᠤᠯᠭᠠᠨ ᠤ ᠭᠠᠵᠠᠷ | | | ᠳᠠᠭᠠᠯᠳᠤᠭᠤᠯᠤᠯ 1.ᠭᠤᠷᠪᠠᠳᠤᠭᠠᠷ ᠬᠤᠭᠤᠴᠠᠭᠠᠨ ᠤ ᠪᠦᠬᠦ ᠣᠷᠣᠨ ᠤ ᠲᠠᠷᠢᠶᠠᠯᠠᠩ ᠮᠠᠯ ᠠᠵᠤ ᠠᠬᠤᠢ | ᠤᠰᠤᠨ ᠭᠠᠷᠤᠯᠲᠠ ᠶᠢᠨ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ ᠤᠷ᠎ᠠ ᠮᠡᠷᠭᠡᠵᠢᠯ ᠤᠨ | ᠤᠷᠤᠯᠳᠤᠭᠠᠨ ᠤ ᠬᠡᠷᠡᠭᠵᠢᠭᠦᠯᠬᠦ ᠲᠥᠰᠥᠯ | ᠳᠠᠭᠠᠯᠳᠤᠭᠤᠯᠤᠯ 2. ᠭᠤᠷᠪᠠᠳᠤᠭᠠᠷ ᠬᠤᠭᠤᠴᠠᠭᠠᠨ ᠤ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ | ᠤᠰᠤᠨ ᠭᠠᠷᠤᠯᠲᠠ ᠶᠢᠨ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ ᠮᠡᠷᠭᠡᠵᠢᠯ ᠤᠨ | ᠴᠢᠳᠠᠪᠤᠷᠢ ᠶᠢᠨ ᠤᠷᠤᠯᠳᠤᠭᠠᠨ ᠳᠤ ᠣᠷᠣᠯᠴᠠᠭᠰᠠᠳ ᠤᠨ ᠲᠠᠨᠢᠯᠴᠠᠭᠤᠯᠭ᠎ᠠ ᠶᠢᠨ ᠬᠦᠰᠦᠨᠦᠭᠲᠦ | | | ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ | 2022 ᠣᠨ ᠤ 6 ᠰᠠᠷ᠎ᠠ ᠶᠢᠨ 30 ᠤ ᠡᠳᠦᠷ | | | |