7 ᠰᠠᠷ᠎ᠠ ᠶᠢᠨ 29 ᠤ ᠡᠳᠦᠷ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠮᠠᠯ ᠤᠨ ᠦᠢᠯᠡᠰ ᠤᠨ | ᠬᠠᠮᠢᠶᠠᠷᠤᠯᠲᠠ ᠶᠢᠨ ᠵᠤᠷᠭᠠᠨ ᠠᠴᠠ ᠵᠣᠬᠢᠶᠠᠨ ᠪᠠᠶᠢᠭᠤᠯᠤᠭᠰᠠᠨ ᠪᠦᠬᠦ ᠤᠯᠤᠰ ᠤᠨ ᠪᠣᠬᠢᠷᠳᠤᠯ ᠦᠭᠡᠢ ᠴᠢᠨᠠᠷ ᠰᠠᠶᠢᠲᠠᠢ | ᠥᠨᠳᠥᠷ ᠪᠦᠲᠦᠮᠵᠢᠲᠡᠶ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠶᠢᠨ ᠦᠵᠡᠭᠦᠯᠦᠯᠭᠡ ᠵᠢᠴᠢ ᠡᠷᠳᠡᠨᠢ ᠰᠢᠰᠢ ᠶᠢᠨ | ᠦᠢᠯᠡᠳᠪᠦᠷᠢᠯᠡᠯ ᠤᠨ ᠪᠣᠯᠪᠠᠰᠤᠷᠠᠭᠤᠯᠤᠯ ᠲᠦᠩᠯᠢᠶᠣᠣ ᠬᠤᠳᠠ ᠳᠤ ᠶᠠᠪᠤᠭᠳᠠᠪᠠ ᠃ ᠲᠠᠷᠢᠶᠠᠯᠠᠩ ᠬᠥᠳᠡᠭᠡ | ᠲᠣᠰᠬᠤᠨ ᠤ ᠶᠠᠮᠤᠨ ᠤ ᠲᠠᠷᠢᠮᠠᠯ ᠤᠨ ᠦᠢᠯᠡᠰ ᠤᠨ ᠬᠠᠮᠢᠶᠠᠷᠤᠯᠲᠠ ᠶᠢᠨ ᠵᠤᠷᠭᠠᠨ ᠤ ᠳᠡᠳ᠋ ᠳᠠᠷᠤᠭ᠎ᠠ ᠯᠢᠦᠢ ᠰᠢᠸ | ᠲᠤᠸ᠂ ᠳᠡᠳ᠋ ᠳᠠᠷᠤᠭ᠎ᠠ ᠼᠤᠤ ᠬᠦᠶ ᠯᠢᠩ᠂ ᠲᠦᠩᠯᠢᠶᠣᠣ ᠬᠤᠲᠠ ᠶᠢᠨ ᠠᠷᠠᠳ ᠤᠨ ᠵᠠᠰᠠᠭ ᠤᠨ ᠣᠷᠳᠣᠨ᠂ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ | ᠲᠢᠩᠬᠢᠮ ᠤᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠭᠤᠣᠯ ᠬᠠᠷᠢᠭᠤᠴᠠᠯᠭᠠᠲᠠᠨ ᠨᠥᠬᠦᠳ ᠲᠣᠰ ᠤᠳᠠᠭᠠᠨ ᠤ | ᠬᠤᠷᠠᠯ ᠳᠤ ᠣᠷᠣᠯᠴᠠᠪᠠ᠃ | | | | | ᠪᠣᠯᠪᠠᠰᠤᠷᠠᠭᠤᠯᠤᠯ ᠤᠨ ᠬᠤᠷᠠᠯ ᠨᠢ ᠲᠦᠩᠯᠢᠶᠣᠣ ᠬᠤᠲᠠ ᠶᠢᠨ ᠮᠡᠷᠭᠡᠵᠢᠯ ᠤᠨ ᠨᠡᠭᠡᠭᠡᠯᠲᠡ ᠶᠢᠨ | ᠲᠣᠭᠤᠷᠢᠭ ᠤᠨ ᠡᠷᠳᠡᠨᠢ ᠰᠢᠰᠢ ᠶᠢᠨ ᠰᠢᠨ᠎ᠡ ᠮᠡᠷᠭᠡᠵᠢᠯ ᠤᠨ ᠬᠤᠷᠠᠮᠠᠯ ᠪᠠ ᠳᠡᠯᠭᠡᠷᠡᠭᠦᠯᠦᠯᠲᠡ ᠶᠢᠨ ᠵᠢᠱᠢᠶ᠎ᠡ ᠦᠵᠡᠭᠦᠯᠬᠦ | ᠰᠠᠭᠤᠷᠢᠨ ᠭᠠᠵᠠᠷ᠂ ᠰᠢᠷ᠎ᠠ ᠪᠤᠷᠴᠠᠭ ᠤᠨ ᠡᠷᠳᠡᠨᠢ ᠰᠢᠰᠢ ᠶᠢᠨ ᠪᠦᠰᠡᠯᠢᠭ ᠬᠡᠯᠪᠡᠷᠢ ᠲᠠᠢ ᠰᠤᠯᠢᠪᠴᠠᠯ | ᠲᠠᠷᠢᠶᠠᠯᠠᠭ᠎ᠠ ᠶᠢᠨ ᠮᠢᠩᠭᠠᠨ ᠮᠦ ᠬᠡᠰᠡᠭ ᠂ ᠺᠠᠶᠢᠯᠤ ᠰᠢᠶᠠᠨ ᠤ ᠪᠣᠬᠢᠷᠳᠤᠯ ᠦᠭᠡᠢ ᠴᠢᠨᠠᠷ ᠰᠠᠶᠢᠲᠠᠢ ᠥᠨᠳᠥᠷ | ᠪᠦᠲᠦᠮᠵᠢᠲᠡᠶ ᠠᠵᠢᠯᠯᠠᠭ᠎ᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠠ ᠡᠷᠳᠡᠨᠢ ᠰᠢᠰᠢ ᠶᠢᠨ ᠠᠮᠢᠳᠤ ᠪᠣᠳᠠᠰ ᠤᠨ | ᠡᠮ ᠡᠮᠨᠡᠯᠭᠡ ᠶᠢᠨ ᠠᠵᠤ ᠦᠢᠯᠡᠰ ᠤᠨ ᠦᠵᠡᠭᠦᠯᠦᠯᠭᠡ ᠶᠢᠨ ᠲᠢᠩᠬᠢᠮ ᠢ ᠲᠤᠬᠠᠢ ᠶᠢᠨ ᠭᠠᠵᠠᠷ ᠲᠤ ᠨᠢ ᠲᠣᠭᠤᠷᠢᠨ | ᠦᠵᠡᠪᠡ᠃ ᠦᠵᠡᠭᠦᠯᠦᠯᠭᠡ ᠶᠢᠨ ᠠᠭᠤᠯᠭ᠎ᠠ ᠨᠢ ᠲᠦᠩᠯᠢᠶᠣᠣ ᠬᠤᠲᠠ ᠶᠢᠨ ᠡᠷᠳᠡᠨᠢ ᠰᠢᠰᠢ ᠶᠢᠨ ᠰᠢᠨ᠎ᠡ ᠡᠭᠦᠯᠳᠡᠷ᠂ | ᠰᠢᠨ᠎ᠡ ᠮᠡᠷᠭᠡᠵᠢᠯ᠂ ᠰᠢᠨ᠎ᠡ ᠵᠠᠭᠪᠤᠷ ᠤᠨ ᠲᠠᠯ᠎ᠠ ᠪᠠᠷ ᠬᠢ ᠡᠯ᠎ᠡ ᠵᠦᠢᠯ ᠤᠨ ᠠᠵᠢᠯ ᠢ ᠭᠦᠢᠴᠡᠳ ᠳᠡᠯᠭᠡᠨ ᠦᠵᠡᠭᠦᠯᠵᠦ᠂ | ᠥᠨᠳᠥᠷ ᠬᠢᠷᠢ ᠲᠦᠪᠰᠢᠨ ᠪᠦᠬᠦᠢ ᠮᠡᠷᠭᠡᠵᠢᠯ ᠤᠨ ᠠᠭᠤᠰᠤᠯᠴᠠᠯ ᠢᠶᠠᠷ ᠳᠡᠮᠵᠢᠨ᠂ ᠥᠪᠡᠷ ᠤᠨ ᠥᠷᠲᠡᠭ ᠢᠶᠠᠨ | ᠠᠷᠪᠢᠯᠠᠨ ᠭᠠᠷᠤᠯᠲᠠ ᠪᠠᠨ ᠨᠡᠮᠡᠭᠳᠡᠭᠦᠯᠵᠦ ᠦᠷ᠎ᠡ ᠠᠰᠢᠭ ᠢᠶᠠᠨ ᠨᠡᠮᠡᠭᠳᠡᠭᠦᠯᠬᠦ ᠶᠢ ᠪᠡᠶᠡᠯᠡᠭᠦᠯᠬᠦ ᠶᠢᠨ ᠬᠠᠮᠲᠤ᠂ ᠡᠷᠳᠡᠨᠢ | ᠰᠢᠰᠢ ᠶᠢ ᠨᠠᠷᠢᠯᠢᠭ ᠭᠦᠨᠵᠡᠭᠡᠢ ᠡᠳ᠋ᠰᠢᠭᠦᠯᠬᠦ ᠶᠢ ᠳᠠᠶᠢᠴᠢᠯᠠᠨ᠂ ᠡᠷᠳᠡᠨᠢ ᠰᠢᠰᠢ ᠶᠢᠨ ᠪᠥᠬᠦ ᠠᠵᠤ ᠦᠢᠯᠡᠰ ᠤᠨ | ᠬᠡᠯᠬᠢᠶ᠎ᠡ ᠶᠢᠨ ᠬᠥᠭᠵᠢᠯᠲᠡ ᠶᠢ ᠠᠬᠢᠭᠤᠯᠪᠠ᠃ | | | | | ᠪᠣᠯᠪᠠᠰᠤᠷᠠᠭᠤᠯᠤᠯ ᠤᠨ ᠠᠩᠭᠢ ᠳᠤ ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ | ᠬᠦᠷᠢᠶᠡᠯᠡᠩ ᠤᠨ ᠫᠷᠦᠹᠧᠰᠰᠤᠷ ᠯᠢ ᠱᠤᠤ ᠺᠦᠨ ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ | ᠫᠷᠦᠹᠧᠰᠰᠤᠷ ᠢᠦᠢ ᠰᠢᠶᠣᠣ ᠹᠠᠩ ᠪᠣᠯᠣᠨ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ | ᠫᠷᠦᠹᠧᠰᠰᠤᠷ ᠶᠠᠩ ᠾᠧᠩ ᠱᠠᠨ ᠡᠷᠳᠡᠨᠢ ᠰᠢᠰᠢ ᠶᠢᠨ ᠤᠨᠠᠯᠲᠠ ᠶᠢ ᠨᠡᠮᠡᠭᠳᠡᠭᠦᠯᠬᠦ ᠮᠡᠷᠭᠡᠵᠢᠯ ᠤᠨ ᠲᠤᠬᠠᠢ ᠠᠳᠠᠯᠢ | ᠪᠤᠰᠤ ᠲᠠᠯ᠎ᠠ ᠪᠠᠷ ᠲᠠᠶᠢᠯᠤᠮᠵᠢ ᠬᠢᠪᠡ᠃ ᠥᠪᠥᠷ ᠮᠣᠩᠭᠤᠯ ᠂ ᠯᠢᠶᠣᠤᠨᠢᠩ ᠂ ᠡᡁᠥᠪᠸᠢ ᠵᠡᠷᠭᠡ 7 ᠮᠤᠵᠢ ᠣᠷᠣᠨ ᠤ | ᠬᠢᠨ ᠪᠣᠬᠢᠷᠳᠤᠯ ᠦᠭᠡᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠠᠵᠢᠯᠯᠠᠭ᠎ᠠ ᠶᠢ ᠡᠭᠦᠳᠦᠨ ᠪᠠᠶᠢᠭᠤᠯᠤᠭᠰᠠᠨ | ᠲᠤᠷᠰᠢᠯᠭ᠎ᠠ ᠪᠠᠨ ᠰᠣᠯᠢᠯᠴᠠᠪᠠ ᠃ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠮᠠᠯ ᠤᠨ ᠦᠢᠯᠡᠰ ᠤᠨ | ᠵᠤᠷᠭᠠᠨ ᠤ ᠳᠡᠳ᠋ ᠳᠠᠷᠤᠭ᠎ᠠ ᠯᠢᠦᠢ ᠰᠢᠸ ᠲᠤᠸ ᠥᠪᠥᠷ ᠮᠣᠩᠭᠤᠯ ᠳᠤ ᠠᠮᠤ ᠪᠤᠳᠠᠭᠠᠨ ᠤ ᠪᠠᠶᠢᠷᠢ ᠰᠠᠭᠤᠷᠢ ᠪᠠᠷ | ᠥᠨᠳᠥᠷ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠭᠤᠯᠤᠭᠳᠠᠴᠠ ᠪᠠᠷ ᠥᠨᠳᠥᠷ᠂ ᠵᠠᠰᠠᠭ ᠵᠠᠬᠢᠷᠭᠠᠨ ᠤ | ᠠᠬᠢᠭᠤᠯᠤᠯ ᠢᠶᠠᠷ ᠰᠠᠶᠢᠨ᠂ ᠵᠢᠱᠢᠶ᠎ᠡ ᠦᠵᠡᠭᠦᠯᠬᠦ ᠦᠷ᠎ᠡ ᠪᠦᠲᠦᠭᠡᠯ ᠢᠶᠠᠷ ᠰᠠᠶᠢᠨ ᠦᠨᠡᠯᠡᠯᠲᠡ ᠦᠭᠪᠡ ᠃ | | | | | ᠬᠤᠷᠠᠯ ᠠᠴᠠ ᠱᠠᠭᠠᠷᠳᠠᠭᠰᠠᠨ ᠨᠢ᠂ ᠭᠠᠷᠤᠯᠲᠠ ᠶᠢ ᠳᠡᠭᠡᠭᠰᠢᠯᠡᠭᠦᠯᠬᠦ ᠂ ᠪᠣᠬᠢᠷᠳᠤᠯ ᠦᠭᠡᠢ ᠬᠥᠭᠵᠢᠭᠦᠯᠬᠦ ᠂ | ᠠᠵᠤ ᠦᠢᠯᠡᠰ ᠢ ᠠᠭᠤᠰᠤᠯᠴᠠᠭᠤᠯᠬᠤ ᠶᠢᠨ ᠲᠣᠭᠤᠷᠢᠨ ᠳᠤ ᠴᠢᠨᠠᠷ ᠰᠠᠶᠢᠲᠠᠢ ᠵᠢᠱᠢᠶ᠎ᠡ ᠦᠵᠡᠭᠦᠯᠬᠦ ᠣᠷᠣᠨ ᠢ | ᠬᠦᠴᠦᠯᠡᠨ ᠪᠠᠶᠢᠭᠤᠯᠵᠤ ᠂ ᠮᠡᠷᠭᠡᠵᠢᠯ ᠤᠨ ᠦᠢᠯᠡᠴᠢᠯᠡᠭᠡ ᠶᠢ ᠰᠠᠶᠢᠲᠤᠷ ᠬᠢᠵᠦ ᠂ ᠵᠢᠱᠢᠶ᠎ᠡ ᠦᠵᠡᠭᠦᠯᠬᠦ ᠨᠡᠶᠢᠲᠡᠯᠢᠭ | ᠵᠢᠱᠢᠶ᠎ᠡ ᠶᠢ ᠰᠠᠶᠢᠲᠤᠷ ᠠᠳᠬᠤᠵᠤ ᠂ ᠡᠭᠦᠷᠭᠡ ᠂ ᠪᠡᠯᠡ ᠮᠥᠩᠭᠦ ᠂ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ | ᠪᠠᠲᠤᠯᠠᠵᠤ ᠂ ᠥᠨᠳᠥᠷ ᠪᠠᠷᠢᠮᠵᠢᠶ᠎ᠠ ᠪᠠᠷ ᠪᠣᠬᠢᠷᠳᠤᠯ ᠦᠭᠡᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠠᠵᠢᠯᠯᠠᠭ᠎ᠠ ᠶᠢ | ᠰᠠᠶᠢᠲᠤᠷ ᠬᠡᠷᠡᠭᠵᠢᠭᠦᠯᠬᠦ ᠬᠡᠷᠡᠭᠲᠡᠢ ᠃ ᠨᠢᠭᠲᠠᠴᠠ ᠶᠢ ᠳᠡᠭᠡᠭᠰᠢᠯᠡᠭᠦᠯᠬᠦ᠂ ᠵᠢᠭᠳᠡ ᠪᠣᠯᠭᠠᠬᠤ᠂ ᠪᠣᠯᠪᠠᠰᠤᠷᠠᠩᠭᠤᠢ | ᠪᠣᠯᠭᠠᠬᠤ ᠬᠡᠮᠵᠢᠶ᠎ᠡ ᠶᠢ ᠳᠡᠭᠡᠭᠰᠢᠯᠡᠭᠦᠯᠬᠦ ᠪᠠᠷ ᠳᠠᠮᠵᠢᠭᠤᠯᠤᠨ᠂ ᠨᠠᠯᠠᠨ ᠤᠨᠠᠬᠤ ᠶᠢ ᠰᠡᠷᠭᠡᠶᠢᠯᠡᠬᠦ᠂ ᠡᠷᠲᠡ | ᠮᠠᠭᠤᠳᠠᠬᠤ ᠶᠢ ᠰᠡᠷᠭᠡᠶᠢᠯᠡᠬᠦ᠂ ᠡᠷᠲᠡ ᠬᠢᠷᠠᠭᠤ ᠤᠨᠠᠬᠤ ᠶᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ | ᠰᠠᠶᠢᠲᠤᠷ ᠠᠳᠬᠤᠵᠤ᠂ ᠬᠠᠮᠢᠶᠠᠷᠤᠯᠲᠠ ᠶᠢ ᠨᠠᠷᠢᠯᠢᠭ ᠣᠨᠣᠴᠠᠲᠠᠢ ᠪᠣᠯᠭᠠᠬᠤ᠂ ᠤᠰᠤ ᠪᠣᠷᠳᠣᠭᠤᠷ ᠢ ᠨᠢᠭᠡ | ᠴᠣᠭᠴᠠᠵᠢᠭᠤᠯᠬᠤ᠂ ᠪᠥᠬᠦ ᠶᠠᠪᠤᠴᠠ ᠶᠢᠨ ᠮᠠᠰᠢᠨᠴᠢᠯᠠᠯᠳᠠ ᠶᠢ ᠳᠡᠯᠭᠡᠷᠡᠭᠦᠯᠦᠨ᠂ ᠡᠪᠡᠳᠴᠢᠨ ᠬᠤᠷᠣᠬᠠᠢ ᠶᠢᠨ | ᠬᠤᠬᠢᠷᠠᠯ ᠤᠨ ᠨᠣᠷᠮ᠎ᠠ᠂ ᠮᠧᠬᠠᠨᠢᠭ ᠤᠨ ᠬᠤᠬᠢᠷᠠᠯ ᠤᠨ ᠨᠣᠷᠮ᠎ᠠ᠂ ᠸᠠᠯᠠᠬᠤ ᠨᠣᠷᠮ᠎ᠠ ᠶᠢ ᠪᠠᠭᠤᠷᠠᠭᠤᠯᠵᠤ᠂ ᠡᠷᠳᠡᠨᠢ | ᠰᠢᠰᠢ ᠶᠢᠨ ᠦᠢᠯᠡᠳᠪᠦᠷᠢᠯᠡᠯ ᠢ ᠥᠨᠳᠥᠷ ᠡᠬᠢᠯᠡᠯᠲᠡ ᠲᠠᠢ᠂ ᠥᠨᠳᠥᠷ ᠬᠦᠴᠦᠯᠡᠴᠡ ᠲᠠᠢ ᠰᠠᠶᠢᠲᠤᠷ ᠠᠳᠬᠤᠬᠤ | ᠬᠡᠷᠡᠭᠲᠡᠢ ᠭᠡᠪᠡ ᠃ | | | | | ᠪᠦᠬᠦ ᠤᠯᠤᠰ ᠤᠨ 25 ᠮᠤᠵᠢ ᠣᠷᠣᠨ ᠪᠣᠯᠣᠨ ᠰᠢᠨᠵᠢᠶᠠᠩ ᠤᠨ ᠪᠦᠲᠦᠭᠡᠨ ᠪᠠᠶᠢᠭᠤᠯᠤᠯᠲᠠ ᠶᠢᠨ | ᠪᠢᠩᠲ᠋ᠤᠸᠠᠨ ᠤ ᠲᠠᠷᠢᠮᠠᠯ ᠤᠨ ᠦᠢᠯᠡᠰ ᠤᠨ ᠬᠠᠮᠢᠶᠠᠷᠤᠯᠲᠠ ᠶᠢᠨ ᠭᠠᠵᠠᠷ ᠤᠨ ᠬᠠᠷᠢᠭᠤᠴᠠᠯᠭᠠᠲᠠᠨ ᠨᠥᠬᠦᠳ ᠪᠣᠯᠣᠨ | ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠲᠥᠪ ᠤᠨ ᠬᠠᠷᠢᠭᠤᠴᠠᠯᠭᠠᠲᠠᠨ ᠨᠥᠬᠦᠳ ᠂ ᠤᠮᠠᠷᠠᠲᠤ ᠶᠢᠨ ᠠᠲᠠᠷ | ᠬᠠᠭᠠᠯᠪᠤᠷᠢᠯᠠᠯᠲᠠ ᠶᠢᠨ ᠪᠦᠯᠦᠭᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠵᠡᠷᠭᠡ 80 ᠭᠠᠷᠤᠢ | ᠬᠥᠮᠥᠨ ᠲᠤᠰ ᠤᠳᠠᠭᠠᠨ ᠤ ᠪᠣᠯᠪᠠᠰᠤᠷᠠᠭᠤᠯᠤᠯ ᠳᠤ ᠣᠷᠣᠯᠴᠠᠪᠠ ᠃ | | |