ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠪᠥᠬᠦ ᠣᠷᠣᠨ ᠤ ᠲᠠᠷᠢᠮᠠᠯ ᠤᠨ ᠦᠢᠯᠡᠰ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠲᠤᠰᠬᠠᠢ ᠰᠡᠳᠦᠪᠲᠦ ᠸᠢᠳᠢᠤ᠋ ᠶᠢᠨ ᠪᠣᠯᠪᠠᠰᠤᠷᠠᠭᠤᠯᠤᠯ ᠡᠷᠬᠢᠯᠡᠪᠡ
ᠨᠡᠶᠢᠲᠡᠯᠡᠭᠰᠡᠨ ᠴᠠᠭ᠄
2022/8/4
      2022 ᠣᠨ ᠤ 8 ᠰᠠᠷ᠎ᠠ ᠶᠢᠨ 3 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠠᠴᠠ ᠪᠥᠬᠦ ᠣᠷᠣᠨ ᠤ ᠲᠠᠷᠢᠮᠠᠯ ᠤᠨ ᠦᠢᠯᠡᠰ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠲᠤᠰᠬᠠᠢ ᠰᠡᠳᠦᠪᠲᠦ ᠸᠢᠳᠢᠤ᠋ ᠶᠢᠨ ᠪᠣᠯᠪᠠᠰᠤᠷᠠᠭᠤᠯᠤᠯ ᠡᠷᠬᠢᠯᠡᠪᠡ᠃ ᠪᠣᠯᠪᠠᠰᠤᠷᠠᠭᠤᠯᠤᠯ ᠢ ᠶᠡᠷᠦᠩᠬᠡᠢ ᠲᠠᠷᠢᠶᠠᠯᠠᠩ ᠤᠨ ᠮᠡᠷᠭᠡᠵᠢᠯᠲᠡᠨ ᠯᠢᠦ ᠶᠦᠩ ᠮᠢᠩ ᠡᠷᠬᠢᠯᠡᠵᠦ᠂ ᠲᠢᠩᠬᠢᠮ ᠤᠨ ᠦᠷ᠎ᠡ ᠶᠢᠨ ᠦᠢᠯᠡᠰ ᠤᠨ ᠬᠠᠮᠢᠶᠠᠷᠤᠯᠲᠠ ᠶᠢᠨ ᠭᠠᠵᠠᠷ᠂ ᠬᠠᠤᠯᠢ ᠲᠣᠭᠲᠠᠭᠠᠯ ᠤᠨ ᠭᠠᠵᠠᠷ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠦᠷ᠎ᠡ ᠶᠢᠨ ᠦᠢᠯᠡᠰ ᠤᠨ ᠬᠦᠭᠵᠢᠭᠦᠯᠦᠯᠲᠡ ᠶᠢᠨ ᠭᠠᠵᠠᠷ᠂ ᠦᠷ᠎ᠡ ᠶᠢᠨ ᠨᠡᠶᠢᠭᠡᠮᠯᠢᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠣᠯᠪᠠᠰᠤᠷᠠᠭᠤᠯᠤᠯ ᠳᠤ ᠣᠷᠣᠯᠴᠠᠪᠠ᠃ ᠸᠢᠳᠢᠤ᠋ ᠶᠢᠨ ᠪᠣᠯᠪᠠᠰᠤᠷᠠᠭᠤᠯᠤᠯ ᠤᠨ ᠭᠤᠣᠯ ᠬᠤᠷᠠᠯ ᠤᠨ ᠲᠠᠯᠠᠪᠠᠶ ᠶᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠳᠤ ᠪᠠᠶᠢᠷᠢᠯᠠᠭᠤᠯᠵᠤ᠂ 12 ᠠᠶᠢᠮᠠᠭ ᠬᠤᠲᠠ ᠳᠤ ᠬᠤᠪᠢᠶᠠᠷᠢ ᠪᠣᠯᠪᠠᠰᠤᠷᠠᠭᠤᠯᠤᠯ ᠤᠨ ᠲᠠᠯᠠᠪᠠᠶ ᠭᠠᠷᠭᠠᠵᠤ᠂ 230 ᠭᠠᠷᠤᠢ ᠬᠥᠮᠥᠨ ᠰᠦᠯᠵᠢᠶᠡᠨ ᠳᠡᠭᠡᠷ᠎ᠡ ᠪᠣᠯᠪᠠᠰᠤᠷᠠᠭᠤᠯᠤᠯ ᠳᠤ ᠣᠷᠤᠯᠴᠠᠪᠠ᠃ 
图片1.png
       ᠲᠣᠰ ᠤᠳᠠᠭᠠᠨ ᠤ ᠪᠣᠯᠪᠠᠰᠤᠷᠠᠭᠤᠯᠤᠯ ᠳᠤ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠦᠷ᠎ᠡ ᠶᠢᠨ ᠦᠢᠯᠡᠰ ᠤᠨ ᠬᠠᠮᠢᠶᠠᠷᠤᠯᠲᠠ ᠶᠢᠨ ᠵᠤᠷᠭᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠾᠧ ᠴᠢᠩ ᠰᠢᠤᠸᠠᠢ ᠶᠢ ᠲᠤᠰᠬᠠᠶᠢᠯᠠᠨ ᠤᠷᠢᠵᠤ ᠰᠦᠯᠵᠢᠶᠡᠨ ᠳᠡᠭᠡᠷ᠎ᠡ ᠬᠢᠴᠢᠶᠡᠯ ᠣᠷᠣᠭᠤᠯᠪᠠ᠃ ᠪᠣᠯᠪᠠᠰᠤᠷᠠᠭᠤᠯᠤᠯ ᠤᠨ ᠠᠩᠭᠢ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠶᠢᠨ ᠲᠠᠷᠢᠮᠠᠯ ᠤᠨ ᠦᠢᠯᠡᠰ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ  ᠶᠢ ᠰᠢᠰᠲ᠋ᠧᠮ ᠲᠠᠢ ᠰᠤᠷᠤᠯᠴᠠᠵᠤ᠂ ᠦᠷ᠎ᠡ ᠶᠢᠨ ᠦᠢᠯᠡᠰ ᠤᠨ ᠬᠥᠭᠵᠢᠯᠲᠡ ᠶᠢᠨ ᠶᠠᠪᠤᠴᠠ ᠪᠣᠯᠣᠨ ᠦᠷ᠎ᠡ ᠶᠢᠨ ᠦᠢᠯᠡᠰ ᠤᠨ ᠴᠢᠬᠤᠯᠠ ᠶᠡᠭᠡ ᠲᠦᠷᠦ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠡᠮᠬᠢᠯᠡᠵᠦ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠦᠷ᠎ᠡ ᠶᠢᠨ ᠬᠠᠤᠯᠢ︾ ᠵᠢᠴᠢ ᠢᠵᠢ ᠪᠦᠷᠢᠳᠦᠭᠰᠡᠨ ᠬᠠᠤᠯᠢ ᠲᠣᠭᠲᠠᠭᠠᠯ ᠢ ᠨᠠᠷᠢᠨ ᠲᠠᠶᠢᠯᠪᠤᠷᠢᠯᠠᠵᠤ᠂ ᠦᠷ᠎ᠡ ᠶᠢᠨ ᠦᠢᠯᠡᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠤᠣᠯᠳᠠᠯᠭ᠎ᠠ ᠵᠡᠷᠭᠡ ᠠᠭᠤᠯᠭ᠎ᠠ ᠳᠤ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠤᠮᠵᠢ ᠬᠢᠵᠦ᠂ ᠮᠠᠨ ᠤ ᠣᠷᠣᠨ ᠤ ᠦᠷ᠎ᠡ ᠶᠢᠨ ᠦᠢᠯᠡᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠳᠤ ᠮᠠᠰᠢ ᠴᠢᠩᠭ᠎ᠠ ᠵᠢᠯᠤᠭᠤᠳᠬᠤ ᠠᠴᠢ ᠬᠤᠯᠪᠣᠭᠳᠠᠯ ᠲᠠᠢ ᠪᠣᠯᠪᠠ᠃ 
图片2.png
       ᠪᠣᠯᠪᠠᠰᠤᠷᠠᠭᠤᠯᠤᠯ ᠤᠨ ᠡᠴᠦᠰ ᠲᠤ᠂ ᠲᠠᠷᠢᠶᠠᠯᠠᠩ ᠤᠨ ᠶᠡᠷᠦᠩᠬᠡᠢ ᠮᠡᠷᠭᠡᠵᠢᠯᠲᠡᠨ ᠯᠢᠦ ᠶᠦᠩ ᠮᠢᠩ ᠪᠦᠬᠦ ᠣᠷᠣᠨ ᠤ ᠲᠠᠷᠢᠮᠠᠯ ᠤᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠠᠵᠢᠯ ᠳᠤ ᠲᠣᠳᠣᠷᠬᠠᠢ ᠱᠠᠭᠠᠷᠳᠠᠯᠭ᠎ᠠ ᠳᠤᠷᠠᠳᠴᠤ᠂ ᠡᠯ᠎ᠡ ᠱᠠᠲᠤᠨ ᠤ ᠦᠷ᠎ᠡ ᠶᠢᠨ ᠦᠢᠯᠡᠰ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠤᠨ ᠲᠠᠨᠢᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠷ᠎ᠡ ᠭᠡᠬᠦ ᠡᠨᠡ ᠬᠦ ︽ᠠᠮᠢᠨ ᠭᠠᠵᠠᠷ︾ ᠤᠨ ᠠᠵᠢᠯ ᠢ ᠦᠨᠡᠨ ᠬᠦ ᠰᠠᠶᠢᠲᠤᠷ ᠠᠳᠬᠤᠵᠤ᠂ ᠦᠷ᠎ᠡ ᠶᠢᠨ ᠦᠢᠯᠡᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠪᠣᠯᠣᠨ ᠬᠢᠷᠢ ᠬᠡᠮᠵᠢᠶ᠎ᠡ ᠪᠠᠨ ᠦᠨᠡᠨ ᠬᠦ ᠳᠡᠭᠡᠭᠰᠢᠯᠡᠭᠦᠯᠵᠦ᠂ ᠦᠷ᠎ᠡ ᠶᠢᠨ ᠦᠢᠯᠡᠰ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠣᠯᠣᠨ ᠪᠡᠯᠡ ᠮᠥᠩᠭᠦ ᠰᠠᠯᠭᠠᠨ ᠥᠭᠬᠦ ᠡᠷᠴᠢᠮ ᠢᠶᠠᠨ ᠦᠨᠡᠨ ᠬᠦ ᠲᠦᠷᠭᠡᠳᠬᠡᠵᠦ᠂ ᠮᠠᠨ ᠤ ᠣᠷᠣᠨ ᠤ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ ᠬᠡᠷᠡᠭᠲᠡᠢ  ᠭᠡᠵᠦ ᠱᠠᠭᠠᠷᠳᠠᠪᠠ᠃
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号