ᠲᠣᠮᠣ ᠤᠯᠤᠰ ᠤᠨ ᠲᠠᠷᠢᠶᠠᠴᠢᠨ ᠳᠠᠷᠬᠠᠨ ᠪᠣᠯᠬᠤ ᠪᠠᠷ ᠴᠢᠷᠮᠠᠶᠢᠶ᠎ᠠ ︱ ᠮᠠᠨ ᠤ ᠣᠷᠣᠨ ᠤ ᠤᠷᠤᠯᠳᠤᠭᠠᠨ ᠳᠤ ᠣᠷᠣᠯᠴᠠᠭᠴᠢ ︽ᠲᠣᠮᠣ ᠤᠯᠤᠰ ᠤᠨ ᠲᠠᠷᠢᠶᠠᠴᠢᠨ ᠳᠠᠷᠬᠠᠨ︾ ᠤ ᠪᠥᠬᠦ ᠤᠯᠤᠰ ᠤᠨ ᠲᠠᠷᠢᠶᠠᠴᠢᠨ ᠤ ᠤᠷ᠎ᠠ ᠮᠡᠷᠭᠡᠵᠢᠯ ᠤᠨ ᠤᠷᠤᠯᠳᠤᠭᠠᠨ ᠳᠤ ᠰᠢᠯᠢᠳᠡᠭ ᠬᠢᠷᠢ ᠪᠦᠲᠦᠮᠵᠢ ᠣᠯᠪᠠ
ᠨᠡᠶᠢᠲᠡᠯᠡᠭᠰᠡᠨ ᠴᠠᠭ᠄
2022/9/16
      9 ᠰᠠᠷ᠎ᠠ ᠶᠢᠨ 14  ᠤ ᠡᠳᠦᠷ ᠂ ︽ ᠲᠣᠮᠣ ᠤᠯᠤᠰ ᠤᠨ ᠲᠠᠷᠢᠶᠠᠴᠢᠨ ᠳᠠᠷᠬᠠᠨ ︾ ᠤ ᠪᠦᠬᠦ ᠤᠯᠤᠰ ᠤᠨ ᠲᠠᠷᠢᠶᠠᠴᠢᠨ ᠤ ᠤᠷ᠎ᠠ ᠮᠡᠷᠭᠡᠵᠢᠯ ᠤᠨ ᠤᠷᠤᠯᠳᠤᠭᠠᠨ ︵ ᠲᠠᠷᠢᠮᠠᠯ ᠤᠨ ᠴᠢᠳᠠᠪᠤᠷᠢᠲᠠᠨ ︶ ᠱᠠᠨᠳᠦ᠋ᠩ ᠮᠤᠵᠢ ᠶᠢᠨ ᠯᠧ ᠯᠢᠩ ᠬᠤᠳᠠ ᠳᠤ ᠶᠠᠪᠤᠭᠳᠠᠪᠠ᠂ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ 40 ᠲᠠᠷᠢᠮᠠᠯ ᠤᠨ ᠴᠢᠳᠠᠪᠤᠷᠢᠲᠠᠨ 100 ᠤᠷᠤᠯᠴᠠᠭᠴᠢ ᠶᠢᠨ ᠳᠤᠮᠳᠠ ᠠᠴᠠ ᠴᠣᠯᠭᠤᠷᠠᠨ ᠭᠠᠷᠴᠤ ᠰᠢᠢᠳᠪᠦᠷᠢᠲᠦ ᠤᠷᠤᠯᠳᠤᠭᠠᠨ ᠤ ᠭᠤᠭᠴᠤᠭ᠎ᠠ ᠳᠤ ᠣᠷᠣᠵᠤ ᠂ ᠮᠠᠨ ᠤ ᠣᠷᠣᠨ ᠤ ᠵᠤᠤ ᠯᠢ ᠵᠢᠶᠧ ᠂ ᠳ᠋ᠦ᠋ ᠭᠠᠩ ᠬᠤᠶᠠᠷ ᠰᠢᠢᠳᠪᠦᠷᠢᠲᠦ ᠤᠷᠤᠯᠳᠤᠭᠠᠨ ᠳᠤ ᠳᠡᠪᠰᠢᠪᠡ ᠃ ᠵᠣᠣ ᠯᠢ ᠵᠢᠶᠧ ᠶᠢᠨ ᠢᠯᠡᠷᠡᠯ ᠨᠢ ᠭᠠᠷᠮᠠᠭᠠᠢ ᠪᠠᠶᠢᠵᠤ᠂ ᠪᠦᠬᠦ ᠤᠯᠤᠰ ᠤᠨ ᠬᠤᠶᠠᠳᠤᠭᠠᠷ ᠲᠤ ᠣᠷᠣᠭᠰᠠᠨ ᠪᠠᠶᠠᠷᠯᠠᠭᠤᠰᠢᠲᠠᠢ ᠬᠢᠷᠢ ᠪᠦᠲᠦᠮᠵᠢ ᠶᠢ ᠣᠯᠵᠤ᠂ ᠳ᠋ᠦ᠋ ᠭᠠᠩ ᠴᠤ ᠪᠦᠬᠦ ᠤᠯᠤᠰ ᠤᠨ 35 ᠳ᠋ᠤᠭᠠᠷ ᠲᠤ ᠣᠷᠣᠵᠠᠢ᠃
1.png
       ᠤᠷᠤᠯᠳᠤᠭᠠᠨ ᠤ ᠲᠤᠬᠠᠢ ᠶᠢᠨ ᠲᠠᠯᠠᠪᠠᠢ ᠳᠤ ᠂ ᠬᠤᠶᠠᠷ ᠤᠷᠤᠯᠴᠠᠭᠴᠢ ᠮᠡᠳᠡᠯᠭᠡ ᠶᠢᠨ ᠤᠷᠤᠯᠳᠤᠭᠠᠨ ᠪᠣᠯᠣᠨ ᠤᠷ᠎ᠠ ᠮᠡᠷᠭᠡᠵᠢᠯ ᠤᠨ ᠮᠥᠷᠥᠶᠢᠴᠡᠭᠡᠨ ᠢᠶᠠᠷ ᠳᠠᠮᠵᠢᠨ ᠂ ᠤᠯᠠᠭᠠᠨᠬᠠᠳᠠ ᠶᠢᠨ ᠡᠯᠳᠡᠪ ᠠᠮᠤ ᠪᠣᠯᠣᠨ ᠬᠢᠩᠭᠠᠨ ᠠᠶᠢᠮᠠᠭ ᠤᠨ ᠲᠤᠲᠤᠷᠭ᠎ᠠ ᠲᠠᠷᠢᠬᠤ ᠲᠤᠷᠰᠢᠯᠭ᠎ᠠ ᠪᠠᠨ ᠬᠤᠪᠢᠶᠠᠯᠴᠠᠵᠤ ᠂ ᠪᠦᠬᠦ ᠤᠯᠤᠰ ᠤᠨ ᠠᠷᠠᠳ ᠲᠦᠮᠡᠨ ᠳᠤ ᠤᠯᠠᠭᠠᠨᠬᠠᠳᠠ ᠶᠢᠨ ᠡᠯᠳᠡᠪ ᠠᠮᠤ ᠪᠣᠯᠣᠨ ᠬᠢᠩᠭᠠᠨ ᠠᠶᠢᠮᠠᠭ ᠤᠨ ᠲᠤᠲᠤᠷᠭ᠎ᠠ ᠵᠡᠷᠭᠡ ᠣᠨᠴᠠᠯᠢᠭᠲᠤ ᠭᠠᠵᠠᠷ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠤ ᠣᠨᠴᠠᠯᠢᠭ ᠪᠣᠯᠣᠨ ᠳᠠᠪᠠᠭᠤᠯᠢᠭ ᠢ ᠭᠦᠢᠴᠡᠳ ᠳᠡᠯᠭᠡᠨ ᠦᠵᠡᠭᠦᠯᠵᠡᠢ ᠃ ᠵᠢᠯᠣᠭᠤᠴᠢ ᠦᠭᠡᠢ ᠨᠢᠰᠬᠡᠯ ᠤᠨ ᠲᠣᠭᠯᠠᠯᠲᠠ ᠶᠢᠨ ᠶᠠᠪᠤᠴᠠ ᠳᠤ ᠂ ᠵᠤᠤ ᠯᠢ ᠵᠢᠶᠧ ᠴᠤᠷ ᠤᠨ ᠭᠠᠭᠴᠠ ᠡᠮᠡᠭᠲᠡᠢ ᠲᠠᠮᠢᠷᠴᠢᠨ ᠤ ᠬᠤᠪᠢ ᠪᠠᠷ ᠲᠠᠯᠠᠪᠠᠢ ᠳᠤ ᠭᠠᠷᠴᠤ ᠂ ᠨᠠᠶᠠᠭᠠᠳ ᠣᠨ ᠳᠤ ᠲᠦᠷᠦᠭᠰᠡᠨ ᠲᠠᠷᠢᠶᠠᠴᠢᠨ ᠡᠮᠡᠭᠲᠡᠶᠢᠴᠦᠳ ᠤᠨ ᠰᠦᠰᠦ  ᠵᠤᠷᠢᠭ᠂ ᠴᠤᠭ ᠵᠢᠪᠬᠤᠭ᠎ᠠ ᠶᠢ  ᠬᠠᠷᠠᠭᠤᠯᠵᠠᠢ ᠃ ᠲᠥᠪ ᠤᠨ ᠲᠧᠯᠸᠢᠰ ᠬᠤᠷᠢᠶᠠᠨ ᠤ ᠰᠣᠷᠪᠤᠯᠵᠢᠯᠠᠭ᠎ᠠ ᠶᠢ ᠬᠦᠯᠢᠶᠡᠬᠦ ᠳᠤ ᠪᠠᠨ ᠲᠡᠷᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯᠵᠢᠭᠦᠯᠬᠦ ᠪᠣᠯ ᠢᠷᠡᠭᠡᠳᠦᠢ ᠶᠢᠨ ᠬᠥᠭᠵᠢᠯᠲᠡ ᠶᠢᠨ ᠨᠢᠭᠡᠨ ᠮᠠᠰᠢ ᠴᠢᠬᠤᠯᠠ ᠴᠢᠭᠯᠡᠯ ᠮᠥᠨ᠂ ᠲᠠᠷᠠᠭᠠᠴᠢ ᠶᠢᠨ ᠠᠯᠬᠤᠮ ᠳᠤ ᠪᠠᠰᠠ ᠲᠤᠰᠬᠠᠶᠢᠵᠢᠭᠰᠠᠨ ᠲᠠᠷᠢᠶᠠᠯᠠᠩ ᠤᠨ ᠮᠡᠳᠡᠯᠭᠡ ᠶᠢ ᠨᠠᠩ ᠴᠢᠷᠮᠠᠶᠢᠨ ᠰᠤᠷᠤᠯᠴᠠᠨ᠎ᠠ ᠭᠡᠵᠦ ᠢᠯᠡᠷᠬᠡᠶᠢᠯᠡᠪᠡ ᠃
1212.jpg
       ᠲᠤᠰ ᠬᠤᠶᠠᠷ ᠤᠷᠤᠯᠴᠠᠭᠴᠢ ᠪᠣᠯ ᠴᠥᠮ ᠮᠠᠨ ᠤ ᠣᠷᠣᠨ ᠤ ᠨᠠᠶᠠᠭᠠᠳ ᠣᠨ ᠳᠤ ᠲᠦᠷᠦᠭᠰᠡᠳ ᠤᠨ ᠰᠢᠨ᠎ᠡ ᠲᠠᠷᠢᠶᠠᠴᠢᠨ ᠤ ᠰᠢᠯᠢᠳᠡᠭ ᠲᠥᠯᠥᠭᠡᠯᠡᠭᠴᠢ ᠮᠦᠷᠲᠡᠭᠡᠨ ︽ ᠭᠠᠵᠠᠷ ᠰᠢᠷᠣᠢ ᠪᠠᠷ ᠠᠮᠤ ᠲᠠᠷᠢᠶ᠎ᠠ ᠶᠢ ᠪᠠᠲᠤᠯᠠᠵᠤ᠂ ᠤᠷ᠎ᠠ ᠮᠡᠷᠭᠡᠵᠢᠯ ᠢᠶᠠᠷ ᠠᠮᠤ ᠪᠤᠳᠠᠭᠠᠨ ᠤ ᠤᠨᠠᠯᠲᠠ ᠶᠢ ᠳᠡᠭᠡᠭᠰᠢᠯᠡᠭᠦᠯᠬᠦ︾ ᠦᠢᠯᠡᠳᠦᠯᠭᠡᠵᠢᠭᠦᠯᠦᠭᠴᠢ ᠪᠣᠯᠣᠨ᠎ᠠ ᠃ ᠲᠡᠳᠡᠨ ᠳᠤ ᠨᠡᠩ ᠣᠳᠣᠬᠢᠴᠢᠯᠠᠭᠰᠠᠨ ᠲᠠᠷᠢᠶᠠᠯᠠᠩ ᠤᠨ ᠦᠢᠯᠡᠳᠪᠦᠷᠢᠯᠡᠯ ᠤᠨ ᠮᠡᠷᠭᠡᠵᠢᠯ ᠲᠠᠢ ᠪᠠᠶᠢᠵᠤ ᠂ ᠲᠣᠰᠬᠤᠨ ᠤ ᠠᠷᠠᠳ ᠢ ᠵᠣᠬᠢᠶᠠᠨ ᠪᠠᠶᠢᠭᠤᠯᠵᠤ ᠬᠠᠮᠲᠤ ᠪᠠᠷ   ᠲᠤᠯᠠᠭᠠᠴᠠᠬᠤ ᠂ ᠬᠦᠴᠦ ᠪᠠᠨ ᠬᠠᠮᠲᠤᠳᠬᠠᠨ ᠦᠢᠯᠡᠰ  ᠪᠤᠰᠬᠠᠬᠤ ᠶᠢ ᠤᠶᠢᠯᠠᠭᠠᠵᠦ ᠂ ᠤᠯᠠᠮᠵᠢᠯᠠᠯᠲᠤ ᠲᠠᠷᠢᠶᠠᠯᠠᠩ ᠳᠤ ᠴᠣ᠋ ᠰᠢᠨ᠎ᠡ ᠠᠮᠢᠵᠢᠷᠠᠯ ᠤᠨ ᠬᠦᠴᠦᠨ  ᠤᠯᠭᠤᠵᠦ ᠴᠢᠳᠠᠬᠤ ᠶᠤᠮ ᠃ ᠲᠡᠳᠡ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠤᠰᠢᠭᠤᠴᠢ ᠮᠥᠨ ᠂ ᠲᠠᠷᠢᠶᠠᠯᠠᠩ ᠤᠨ ᠬᠥᠭᠵᠢᠯᠲᠡ ᠶᠢᠨ ᠵᠠᠮ ᠢᠶᠠᠷ ᠡᠷᠡᠮᠡᠬᠡᠶᠢᠯᠡᠨ ᠤᠷᠤᠭᠰᠢᠯᠠᠵᠤ ᠂ ᠡᠴᠦᠰ ᠲᠤ ᠪᠠᠨ ︽ ᠰᠢᠨ᠎ᠡ ᠲᠠᠷᠢᠶᠠᠴᠢᠨ ︾  ᠠᠴᠠ  ︽ ᠲᠠᠷᠢᠶᠠᠴᠢᠨ ᠢ ᠮᠠᠨᠳᠤᠭᠤᠯᠬᠤ ︾  ᠲᠡᠰ   ᠲᠡᠪᠰᠢᠯᠳᠡ ᠶᠢ ᠪᠡᠶᠡᠯᠡᠭᠦᠯᠬᠦ ᠶᠢᠨ ᠲᠥᠯᠥᠭᠡ ᠲᠡᠮᠡᠴᠡᠵᠦ ᠪᠠᠶᠢᠭ᠎ᠠ ᠶᠤᠮ︕    
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号