ᠪᠦᠬᠦ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2022/9/16
      9 ᠰᠠᠷ᠎ᠠ ᠶᠢᠨ 14 ᠤ ᠡᠳᠦᠷ᠂ ᠦᠪᠡᠷᠳᠡᠭᠡᠨ ᠵᠠᠰᠠᠬᠤ ᠤᠷᠤᠨ ᠤ ᠳᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ ᠲᠢᠩᠬᠢᠮ ᠠᠴᠠ ᠪᠦᠬᠦ ᠣᠷᠣᠨ ᠤ ᠳᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ ᠰᠠᠯᠠᠭ᠎ᠠ ᠮᠥᠴᠢᠷ ᠢ ᠵᠤᠬᠢᠶᠠᠨ ᠪᠠᠶᠢᠭᠤᠯᠵᠤ ᠬᠠᠮᠳᠤᠷᠠᠨ ᠡᠷᠬᠢᠯᠡᠭᠰᠡᠨ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ ᠲᠢᠩᠬᠢᠮ ᠤᠨ ᠭᠤᠣᠯ ᠰᠡᠳᠦᠪᠲᠦ ᠡᠳᠦᠷ ᠵᠢᠴᠢ ︽ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠤᠯᠢ︾ ᠶᠢ ᠤᠬᠠᠭᠤᠯᠬᠤ ᠠᠵᠢᠯᠯᠠᠭ᠎ᠠ ᠶᠠᠪᠤᠭᠳᠠᠪᠠ᠃ ᠳᠤᠰ ᠡᠳᠦᠷ ᠤᠨ ᠠᠵᠢᠯᠯᠠᠭ᠎ᠠ ᠶᠢᠨ ᠭᠤᠤᠯ ᠳᠠᠯᠠᠪᠠᠢ ᠶᠢ ᠬᠦᠬᠡᠬᠤᠳᠠ ᠳᠤ ᠳᠤᠬᠢᠷᠠᠭᠤᠯᠵᠤ᠂ ᠪᠦᠬᠦ ᠤᠷᠤᠨ ᠤ 70 ᠭᠠᠷᠤᠢ ᠬᠤᠪᠢᠶᠠᠷᠢ ᠳᠠᠯᠠᠪᠠᠢ ᠳᠤ ᠵᠡᠷᠭᠡ ᠪᠠᠷ ᠶᠠᠪᠤᠭᠳᠠᠭᠤᠯᠵᠠᠢ᠃      ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠬᠦ ᠪᠣᠯ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠳᠤᠷ ᠬᠢᠬᠦ ᠶᠢᠨ ᠴᠢᠬᠤᠯᠠ ᠨᠢᠭᠡᠨ ᠭᠤᠭᠴᠤᠭ᠎ᠠ ᠪᠣᠯᠬᠤ ᠪᠥᠭᠡᠳ ᠪᠠᠰᠠ ᠴᠦ ᠨᠡᠶᠢᠭᠡᠮ ᠤᠨ ᠡᠯ᠎ᠠ ᠡᠳᠡᠬᠡᠳ ᠪᠣᠯᠤᠨ ᠦᠷᠬᠡᠨ ᠤᠯᠠᠨ ᠬᠡᠷᠡᠭᠯᠡᠭᠴᠢᠳ ᠤᠨ ᠮᠠᠯ  ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠳᠤ ᠬᠢᠨᠠᠯᠲᠠ ᠲᠠᠯᠪᠢᠬᠤ ᠴᠢᠬᠤᠯᠠ ᠠᠷᠭ᠎ᠠ ᠪᠠᠷᠢᠯ ᠪᠣᠯᠤᠨ᠎ᠠ᠃ ᠮᠠᠨ ᠤ ᠤᠷᠤᠨ ᠮᠠᠯ ᠤᠨ ᠠᠰᠢᠭ ᠰᠢᠮ᠎ᠡ ᠳᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠤᠬᠠᠭᠤᠯᠭ᠎ᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠨᠡ ᠵᠢᠯ ᠠᠴᠠ ᠨᠠᠭᠠᠰᠢ ᠮᠠᠯ ᠤᠨ ᠠᠰᠢᠭ ᠰᠢᠮ᠎ᠡ ᠳᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠵᠢᠴᠢ ︽ᠨᠢᠬᠡ ᠳᠤ ᠨᠢᠬᠡ︾ ᠶᠢᠨ ᠰᠢᠭᠤᠳ ᠦᠢᠯᠡᠴᠢᠯᠡᠭᠡ ᠶᠢ 7214 ᠤᠳᠠᠭ᠎ᠠ ᠥᠷᠨᠢᠭᠦᠯᠵᠦ᠂ ᠮᠠᠯ ᠤᠨ ᠠᠰᠢᠭ ᠰᠢᠮ᠎ᠡ ᠳᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠤᠬᠠᠭᠤᠯᠭ᠎ᠠ ᠶᠢᠨ ᠮᠠᠲ᠋ᠧᠷᠢᠶᠠᠯ ᠢ 8.4 ᠲᠦᠮᠡᠨ ᠬᠤᠪᠢ ᠲᠠᠷᠬᠠᠭᠠᠪᠠ᠃ ᠡᠭᠦᠨ ᠤ ᠬᠠᠮᠳᠤ᠂ ᠡᠯ᠎ᠠ ᠵᠦᠢᠯ ᠤᠨ ᠵᠠᠭᠤᠴᠢᠯᠠᠭᠤᠷ ᠢᠶᠠᠷ ᠳᠠᠮᠵᠢᠨ ᠤᠬᠠᠭᠤᠯᠭ᠎ᠠ ᠶᠢᠨ ᠮᠡᠳᠡᠭᠡ ᠵᠠᠩᠭᠢ ᠶᠢ ᠶᠡᠭᠡ ᠬᠡᠮᠵᠢᠶ᠎ᠡ ᠪᠠᠷ ᠨᠡᠶᠢᠲᠡᠯᠡᠵᠤ ᠂ ᠮᠠᠯ ᠤᠨ ᠠᠰᠢᠭ ᠰᠢᠮ᠎ᠡ ᠳᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠵᠥᠪ ᠲᠠᠯ᠎ᠠ ᠶᠢᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠢ ᠪᠣᠯᠭᠠᠵᠤ᠂ ᠠᠷᠠᠳ ᠣᠯᠠᠨ ᠤ ᠮᠠᠯ ᠤᠨ ᠠᠰᠢᠭ ᠰᠢᠮ᠎ᠡ ᠳᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠤᠬᠠᠢ ᠲᠠᠨᠢᠯᠳᠠ ᠶᠢ ᠶᠡᠭᠡ ᠪᠠᠷ ᠲᠠᠬᠡᠭᠰᠢᠯᠡᠬᠦᠯᠦᠭᠰᠡᠨ ᠪᠠᠶᠢᠨ᠎ᠠ᠃ ᠣᠶᠢᠯᠠᠭᠠᠭᠰᠠᠨ ᠢᠶᠠᠷ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠤᠯᠢ︾ ᠶᠢ 2023 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠬᠦ ᠪᠤᠯᠤᠨ᠎ᠠ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号