ᠪᠦᠬᠦ ᠣᠷᠣᠨ ᠤ ᠵᠢᠭᠠᠰᠤᠨ ᠤ ᠦᠢᠯᠡᠰ ᠤᠨ ᠠᠶᠤᠯᠭᠦᠢ ᠦᠢᠯᠡᠳᠪᠦᠷᠢᠯᠡᠯ ᠤᠨ ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠠᠵᠢᠯᠯᠠᠭᠠᠨ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2022/9/16
      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ ᠲᠢᠩᠬᠢᠮ ᠠᠴᠠ ᠣᠶᠢᠯᠠᠭᠠᠭᠰᠠᠨ ᠢᠶᠠᠷ᠂ 9 ᠰᠠᠷ᠎ᠠ ᠶᠢᠨ 1 ᠤ ᠡᠳᠦᠷ ᠠᠴᠠ ᠡᠬᠢᠯᠡᠭᠰᠡᠨ ᠪᠦᠬᠦ ᠣᠷᠣᠨ ᠤ ᠵᠢᠭᠠᠰᠤᠨ ᠤ ᠦᠢᠯᠡᠰ ᠤᠨ ᠠᠶᠤᠯᠭᠦᠢ ᠦᠢᠯᠡᠳᠪᠦᠷᠢᠯᠡᠯ ᠤᠨ ︽ᠵᠠᠭᠤᠨ ᠡᠳᠦᠷ ᠤᠨ ᠪᠣᠭᠤᠮᠲᠠ ᠰᠢᠪᠲᠤᠯᠬᠤ ︾ ᠠᠵᠢᠯᠯᠠᠭᠠᠨ ᠡᠮᠬᠢ ᠵᠢᠷᠤᠮ ᠲᠠᠢ ᠶᠠᠪᠤᠭᠳᠠᠵᠤ ᠪᠤᠢ᠃      ︽ᠵᠠᠭᠤᠨ ᠡᠳᠦᠷ ᠤᠨ ᠪᠣᠭᠤᠮᠲᠠ ᠰᠢᠪᠲᠤᠯᠬᠤ ︾ ᠠᠵᠢᠯᠯᠠᠭᠠᠨ ᠨᠢ ᠮᠠᠨ ᠤ ᠣᠷᠣᠨ ᠤ ᠵᠢᠭᠠᠰᠤᠨ ᠤ ᠦᠢᠯᠡᠰ ᠤᠨ ᠣᠩᠭᠤᠴᠠ ᠰᠠᠯ ᠤᠨ ︽ᠬᠠᠭᠤᠴᠢᠨ᠂ ᠵᠢᠵᠢᠭ︾ ᠪᠥᠭᠡᠳ ᠲᠠᠷᠠᠬᠠᠢ ᠪᠤᠲᠠᠷᠬᠠᠢ᠂ ᠵᠢᠭᠠᠰᠤ ᠠᠩᠨᠠᠵᠤ ᠱᠦᠭᠦᠬᠦ ᠳᠤ ᠬᠤᠯᠪᠣᠭᠳᠠᠭᠰᠠᠨ ︽ᠭᠤᠷᠪᠠ ᠦᠭᠡᠢ︾ ᠣᠩᠭᠤᠴᠠ ᠰᠠᠯ᠂ ᠡᠪᠦᠯ ᠤᠨ ᠤᠯᠠᠷᠢᠯ ᠤᠨ ᠠᠩᠨᠠᠵᠤ ᠱᠦᠭᠦᠬᠦ ᠠᠵᠢᠯ ᠵᠡᠷᠭᠡ ᠵᠢᠭᠠᠰᠤᠨ ᠤ ᠦᠢᠯᠡᠰ ᠤᠨ ᠠᠶᠤᠯᠭᠦᠢ ᠦᠢᠯᠡᠳᠪᠦᠷᠢᠯᠡᠯ ᠤᠨ ᠪᠠᠭᠤᠷᠠᠢ ᠭᠤᠭᠴᠤᠭ᠎ᠠ ᠪᠣᠯᠤᠨ ᠳᠣᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠬᠠᠨᠳᠤᠭᠤᠯᠪᠠ᠃ ᠲᠤᠰ ᠠᠵᠢᠯᠯᠠᠭᠠᠨ ᠢ ᠱᠠᠲᠤ ᠬᠤᠪᠢᠶᠠᠨ ᠶᠠᠪᠤᠭᠳᠠᠭᠤᠯᠵᠤ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠳᠦᠷᠢᠮ᠂ ᠬᠡᠷᠡᠭᠯᠡᠭᠡᠨ ᠤ ᠮᠡᠳᠡᠯᠭᠡ ᠴᠢᠳᠠᠪᠤᠷᠢ ᠬᠢᠭᠡᠳ ᠬᠦᠨᠳᠦ ᠶᠡᠭᠡ ᠳᠠᠯᠳᠠ ᠭᠡᠮ ᠰᠣᠭᠤᠭ ᠡᠭᠦᠰᠭᠦ ᠶᠢ ᠰᠡᠷᠭᠡᠶᠢᠯᠡᠬᠦ ᠪᠠᠷ ᠭᠤᠣᠯᠳᠠᠯᠭ᠎ᠠ ᠪᠣᠯᠭᠠᠨ᠂ ︽ᠶᠡᠭᠡ ᠪᠠᠷ ᠤᠬᠠᠭᠤᠯᠬᠤ︾ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠦᠮᠦᠰ ᠤᠨ ᠦᠵᠡᠯ ᠤᠬᠠᠮᠰᠠᠷ ᠢᠶᠠᠨ ᠳᠡᠭᠡᠭᠰᠢᠯᠡᠭᠦᠯᠦᠨ ᠬᠠᠮᠢᠶ᠎ᠠ ᠪᠦᠬᠦᠢ ᠭᠡᠮ ᠰᠣᠭᠤᠭ ᠢ ᠠᠷᠢᠯᠭᠠᠨ᠎ᠠ︔ ᠦᠨᠳᠦᠰᠦᠨ ᠱᠠᠲᠤᠨ ᠳᠤ ᠭᠦᠨᠵᠡᠭᠡᠶᠢᠷᠡᠨ ︽ᠶᠡᠭᠡ ᠪᠠᠷ ᠰᠤᠷᠪᠤᠯᠵᠢᠯᠠᠬᠤ︾ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠦᠢᠯᠡᠳᠪᠦᠷᠢᠯᠡᠯ ᠤᠨ ᠭᠤᠣᠯ ᠴᠣᠭᠴᠠ ᠶᠢᠨ ᠠᠶᠤᠯᠭᠦᠢ ᠦᠢᠯᠡᠳᠪᠦᠷᠢᠯᠡᠯ ᠤᠨ ᠲᠠᠯ᠎ᠠ ᠪᠠᠷ ᠬᠢ ᠪᠣᠳᠠᠲᠠᠢ ᠬᠦᠴᠢᠷᠳᠡᠯ ᠢ ᠪᠦᠬᠦ ᠲᠠᠯ᠎ᠠ ᠪᠠᠷ ᠣᠶᠢᠯᠠᠭᠠᠬᠤ ᠶᠢᠨ ᠬᠠᠮᠲᠤ ᠢᠳᠡᠪᠬᠢᠲᠡᠢ ᠪᠠᠷ ᠵᠣᠬᠢᠴᠠᠭᠤᠯᠤᠨ ᠰᠢᠢᠳᠪᠦᠷᠢᠯᠡᠵᠦ ᠂ ᠵᠢᠭᠠᠰᠤᠨ ᠤ ᠦᠢᠯᠡᠰ ᠤᠨ ᠠᠶᠤᠯᠬᠦᠢ ᠦᠢᠯᠡᠳᠪᠦᠷᠢᠯᠡᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠦᠷᠭᠦᠯᠵᠢᠯᠡᠨ ᠣᠶᠢᠯᠠᠭᠠᠨ ᠠᠷᠢᠯᠭᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠨ ᠂ ᠠᠶᠤᠯ ᠲᠦᠭᠰᠢᠭᠦᠷᠢ ᠶᠢᠨ ᠭᠡᠮ ᠰᠣᠭᠤᠭ ᠢ ᠠᠷᠢᠯᠭᠠᠬᠤ ᠶᠢ ᠱᠠᠯᠠᠪᠳᠠᠭᠤᠯᠤᠨ ᠵᠢᠯᠣᠭᠤᠳᠬᠤ ᠪᠤᠯᠤᠨ᠎ᠠ᠃      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ ᠲᠢᠩᠬᠢᠮ ᠠᠴᠠ᠂ ᠡᠯ᠎ᠡ ᠠᠶᠢᠮᠠᠭ ᠬᠤᠲᠠ ᠶᠢᠨ ᠬᠢᠨ ︽ᠵᠠᠭᠤᠨ ᠡᠳᠦᠷ ᠤᠨ ᠪᠣᠭᠤᠮᠲᠠ ᠰᠢᠪᠲᠤᠯᠬᠤ ︾ ᠠᠵᠢᠯᠯᠠᠭᠠᠨ ᠢ ᠳᠣᠣᠷ᠎ᠠ ᠬᠠᠭᠠᠰ ᠵᠢᠯ ᠤᠨ ᠪᠦᠬᠦ ᠣᠷᠣᠨ ᠤ ᠵᠢᠭᠠᠰᠤᠨ ᠤ ᠦᠢᠯᠡᠰ ᠤᠨ ᠠᠶᠤᠯᠭᠦᠢ ᠦᠢᠯᠡᠳᠪᠦᠷᠢᠯᠡᠯ ᠤᠨ ᠶᠡᠭᠡ ᠶᠠᠪᠤᠳᠠᠯ ᠴᠢᠬᠤᠯᠠ ᠶᠠᠪᠤᠳᠠᠯ ᠪᠣᠯᠭᠠᠨ ᠠᠳᠬᠤᠵᠤ ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ ᠂ ᠰᠠᠯᠠᠭ᠎ᠠ ᠮᠥᠴᠢᠷ ᠤᠨ ᠬᠠᠮᠵᠢᠯᠴᠠᠭ᠎ᠠ ᠪᠠᠨ ᠴᠢᠩᠭᠠᠳᠬᠠᠵᠤ ᠂ ︽ᠵᠠᠭᠤᠨ ᠡᠳᠦᠷ ᠤᠨ ᠪᠣᠭᠤᠮᠲᠠ ᠰᠢᠪᠲᠤᠯᠬᠤ ︾ ᠠᠵᠢᠯᠯᠠᠭᠠᠨ ᠤ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号