ᠲᠦᠩᠯᠢᠶᠣᠣ ᠬᠤᠲᠠ ᠶᠢᠨ ᠠᠵᠢᠯᠯᠠᠬᠤ ᠳᠤᠭᠤᠶᠢᠯᠠᠩ ᠪᠠᠶᠠᠨᠨᠠᠭᠤᠷ ᠬᠤᠲᠠ ᠳᠤ ᠬᠦᠷᠴᠦ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠰᠣᠯᠪᠢᠴᠠᠭᠤᠯᠤᠨ ᠦᠨᠡᠯᠡᠬᠦ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2022/9/19
      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ 9 ᠰᠠᠷ᠎ᠠ ᠶᠢᠨ 15 ᠤ ᠡᠳᠦᠷ᠂ ᠲᠦᠩᠯᠢᠶᠣᠣ ᠬᠤᠲᠠ ᠶᠢᠨ ᠠᠵᠢᠯᠯᠠᠬᠤ ᠳᠤᠭᠤᠶᠢᠯᠠᠩ ᠪᠠᠶᠠᠨᠨᠠᠭᠤᠷ ᠬᠤᠲᠠ ᠳᠤ ᠬᠦᠷᠴᠦ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠰᠣᠯᠪᠢᠴᠠᠭᠤᠯᠤᠨ ᠦᠨᠡᠯᠡᠬᠦ ᠠᠵᠢᠯ ᠢ ᠥᠷᠨᠢᠭᠦᠯᠪᠡ᠃ ᠪᠠᠶᠠᠨᠨᠠᠭᠤᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠣᠪᠴᠢᠶ᠎ᠠ ᠶᠢᠨ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠸᠠᠩ ᠬᠤᠩ ᠺᠦᠢ᠂ ᠪᠠᠶᠠᠨᠨᠠᠭᠤᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠳᠠᠷᠤᠭ᠎ᠠ ᠳ᠋ᠠᠨ ᠬᠠᠢ ᠴᠢᠩ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠪᠠ ᠥᠭᠡᠷᠡᠴᠢᠯᠡᠯᠲᠡ ᠶᠢᠨ ᠰᠠᠯᠠᠭ᠎ᠠ ᠶᠢᠨ ᠬᠠᠷᠢᠭᠤᠴᠠᠯᠭᠠᠲᠠᠨ ᠪᠠᠷ᠎ᠠ ᠪᠣᠯᠪᠠ᠃
图片1.png
       ᠠᠵᠢᠯᠯᠠᠬᠤ ᠳᠤᠭᠤᠶᠢᠯᠠᠩ ᠤᠨ ᠬᠢᠨ ᠤᠷᠢᠳ ᠬᠤᠵᠢᠳ ᠪᠠᠶᠠᠨᠨᠠᠭᠤᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ᠂ ᠤᠷᠠᠳ ᠤᠨ ᠡᠮᠦᠨᠡᠲᠦ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ᠂ ᠦᠶᠤᠸᠠᠨ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠳᠤ ᠬᠦᠷᠴᠦ ᠲᠤᠬᠠᠢ ᠶᠢᠨ ᠭᠠᠵᠠᠷ ᠲᠤ ᠨᠢ ᠰᠤᠷᠪᠤᠯᠵᠢᠯᠠᠪᠠ᠃ ᠲᠦᠩᠯᠢᠶᠣᠣ ᠬᠤᠲᠠ ᠶᠢᠨ ᠠᠵᠢᠯᠯᠠᠬᠤ ᠳᠤᠭᠤᠶᠢᠯᠠᠩ ᠨᠢ ᠪᠠᠶᠠᠨᠨᠠᠭᠤᠷ ᠬᠤᠲᠠ᠂ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭᠠᠲᠠᠨ ᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ ᠲᠠᠷᠢᠶᠠᠯᠠᠩ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ︽ ᠭᠤᠷᠪᠠ ᠶᠢ ᠲᠣᠭᠲᠠᠭᠠᠬᠤ ︾ ᠲᠣᠭᠲᠠᠭᠠᠯ ᠂ ᠠᠵᠢᠯᠲᠠᠨ ᠢ ᠬᠤᠪᠢᠶᠠᠷᠢᠯᠠᠨ ᠰᠢᠯᠵᠢᠭᠦᠯᠬᠦ ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠂ ᠲᠤᠨᠤᠭ ᠲᠥᠬᠦᠭᠡᠷᠦᠮᠵᠢ ᠶᠢᠨ ᠲᠣᠬᠢᠷᠠᠭᠤᠯᠤᠯᠲᠠ᠂ ᠬᠠᠤᠯᠢ ᠬᠡᠷᠡᠭᠵᠢᠭᠦᠯᠬᠦ ᠬᠤᠪᠴᠠᠰᠤ ᠡᠮᠦᠰᠭᠡᠯ᠂ ᠪᠣᠯᠪᠠᠰᠤᠷᠠᠭᠤᠯᠤᠯ ᠬᠢᠨᠠᠨ ᠰᠢᠯᠭᠠᠬᠤ ᠵᠡᠷᠭᠡ ᠵᠢᠷᠭᠤᠭᠠᠨ ᠲᠠᠯ᠎ᠠ ᠪᠠᠷ ᠦᠨᠡᠯᠡᠨ ᠪᠠᠶᠢᠴᠠᠭᠠᠯᠲᠠ ᠬᠢᠭᠰᠡᠨ ᠪᠥᠭᠡᠳ ᠲᠠᠷᠢᠶᠠᠯᠠᠩ ᠤᠨ ᠬᠠᠤᠯᠢ ᠬᠡᠷᠡᠭᠵᠢᠭᠦᠯᠬᠦ ᠠᠵᠢᠯ ᠤᠨ ᠳᠤᠮᠳᠠᠬᠢ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠬᠠᠤᠯᠢ ᠬᠡᠷᠡᠭᠵᠢᠭᠦᠯᠦᠯᠲᠡ ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠵᠡᠷᠭᠡ ᠠᠰᠠᠭᠤᠳᠠᠯ ᠤᠨ ᠲᠤᠬᠠᠢ ᠭᠦᠨᠵᠡᠭᠡᠢ ᠰᠣᠯᠢᠯᠴᠠᠪᠠ ᠃      ᠲᠤᠬᠠᠢ ᠶᠢᠨ ᠭᠠᠵᠠᠷ ᠲᠤ ᠪᠠᠶᠢᠴᠠᠭᠠᠬᠤ ᠪᠠ ᠶᠠᠷᠢᠯᠴᠠᠬᠤ ᠬᠤᠷᠠᠯ ᠬᠤᠷᠠᠯᠳᠤᠭᠤᠯᠬᠤ ᠪᠠᠷ ᠳᠠᠮᠵᠢᠭᠤᠯᠤᠨ᠂ ᠲᠦᠩᠯᠢᠶᠣᠣ ᠬᠤᠲᠠ ᠶᠢᠨ ᠠᠵᠢᠯᠯᠠᠬᠤ ᠳᠤᠭᠤᠶᠢᠯᠠᠩ ᠨᠢ ᠪᠠᠶᠠᠨᠨᠠᠭᠤᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠬᠠᠤᠯᠢ ᠬᠡᠷᠡᠭᠵᠢᠭᠦᠯᠬᠦ ᠠᠵᠢᠯ ᠤᠨ ᠣᠯᠣᠭᠰᠠᠨ ᠦᠷ᠎ᠡ ᠪᠦᠲᠦᠮᠵᠢ ᠶᠢ ᠭᠦᠢᠴᠡᠳ ᠨᠤᠲᠠᠯᠠᠬᠤ ᠶᠢᠨ ᠬᠠᠮᠲᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠳᠤ ᠣᠨᠣᠪᠴᠢᠲᠠᠶ ᠰᠠᠨᠠᠯ ᠰᠠᠨᠠᠭᠤᠯᠭ᠎ᠠ ᠳᠤᠷᠠᠳᠪᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号