ᠨᠠᠷᠢᠴᠠ ᠶᠢᠨ ᠬᠡᠮᠵᠢᠶ᠎ᠡ 13.56 ᠮᠢᠺᠷᠤᠮᠧᠲᠷ ᠂ ᠨᠤᠤᠯᠤᠭᠤᠷ ᠤᠨ ᠭᠠᠷᠤᠯᠳᠠ 1510 ᠭᠷᠠᠮ — ᠤᠳᠤᠭ | ᠬᠤᠰᠢᠭᠤᠨ ᠤ ᠠᠷᠪᠠᠰ ᠰᠤᠮᠤ ᠶᠢᠨ ᠨᠤᠭᠤᠭᠠᠨᠳᠠᠢ ᠭᠠᠴᠠᠭᠠᠨ ᠤ ᠮᠠᠯᠴᠢᠨ ᠬᠤᠤᠰᠴᠢᠯᠠᠭᠤ ᠶᠢᠨ ᠤᠬᠤᠨ᠎ᠠ ᠪᠦᠬᠦ | ᠬᠤᠰᠢᠭᠤᠨ ᠤ ᠪᠠᠨ ᠵᠢᠷᠭᠤᠳᠤᠭᠠᠷ ᠬᠤᠭᠤᠴᠠᠭᠠᠨ ᠤ ᠠᠷᠪᠠᠰ ᠤᠨ ᠨᠤᠤᠯᠤᠭᠤᠷ ᠤᠨ ᠴᠠᠭᠠᠨ ᠢᠮᠠᠭᠠᠨ ᠤ ᠦᠷ᠎ᠡ ᠶᠢᠨ | ᠮᠠᠯ ᠢ ᠠᠳᠠᠯᠢᠳᠬᠠᠨ ᠰᠢᠯᠭᠠᠷᠠᠭᠤᠯᠬᠤ ᠤᠷᠤᠯᠳᠤᠭᠠᠨ ᠳᠤ ᠲᠦᠷᠦᠬᠦᠯᠡᠪᠡ᠃ | ᠡᠨᠡ ᠵᠢᠯ᠂ ᠤᠲᠤᠭ ᠬᠤᠰᠢᠭᠤ ᠠᠷᠪᠠᠰ ᠤᠨ ᠨᠤᠤᠯᠤᠭᠤᠷ ᠤᠨ ᠴᠠᠭᠠᠨ ᠢᠮᠠᠭᠠᠨ ᠤ ᠦᠷ᠎ᠠ ᠶᠢᠨ ᠮᠠᠯ ᠢ | ᠠᠳᠠᠯᠢᠳᠬᠠᠨ ᠰᠢᠯᠭᠠᠷᠠᠭᠤᠯᠬᠤ ᠤᠷᠤᠯᠳᠤᠭᠠᠨ ᠢ ᠦᠵᠦᠭᠦᠷ ᠪᠠᠯᠭᠠᠰᠤ ᠶᠢᠨ ᠤᠷᠠᠨ ᠳᠦᠰᠢ ᠭᠠᠴᠠᠭᠠᠨ ᠳᠤ | ᠶᠠᠪᠤᠭᠳᠠᠭᠤᠯᠵᠤ᠂ ᠮᠠᠯᠴᠢᠳ ᠲᠤᠬᠠᠢ ᠶᠢᠨ ᠲᠠᠯᠠᠪᠤᠷ ᠲᠤ ᠢᠮᠠᠭ᠎ᠠ ᠪᠠᠨ ᠰᠠᠮᠨᠠᠨ ᠬᠠᠮᠢᠶ᠎ᠠ ᠪᠦᠬᠦᠢ ᠮᠡᠷᠬᠡᠵᠢᠯ ᠤᠨ | ᠠᠵᠢᠯᠳᠠᠳ ᠤᠨ ᠬᠢᠨᠠᠯᠳᠠ ᠳᠤᠤᠷ᠎ᠠ ᠨᠤᠤᠯᠤᠭᠤᠷ ᠤᠨ ᠨᠠᠷᠢᠴᠠ ᠶᠢᠨ ᠬᠡᠮᠵᠢᠶ᠎ᠡ᠂ ᠨᠤᠤᠯᠤᠭᠤᠷ ᠤᠨ ᠭᠠᠷᠤᠯᠳᠠ ᠪᠠ | ᠴᠡᠪᠡᠷ ᠨᠤᠤᠯᠤᠭᠤᠷ ᠤᠨ ᠭᠠᠷᠤᠯᠳᠠ ᠶᠢ ᠬᠡᠮᠵᠢᠨ ᠰᠢᠯᠭᠠᠷᠠᠭᠤᠯᠵᠠᠢ᠃ ᠳᠡᠭᠡᠭᠡᠳ ᠬᠤᠤᠰᠴᠢᠯᠠᠭᠤ ᠶᠢᠨ ᠤᠬᠤᠨ᠎ᠠ | ︽ᠠᠷᠪᠠᠰ ᠤᠨ ᠨᠤᠤᠯᠤᠭᠤᠷ ᠤᠨ ᠴᠠᠭᠠᠨ ᠢᠮᠠᠭᠠᠨ ᠤ ᠰᠢᠯᠢᠳᠡᠭ ᠡᠭᠦᠯᠳᠡᠷ ᠤᠨ ᠮᠠᠩᠯᠠᠢ︾ ᠪᠠᠷ ᠲᠤᠳᠤᠷᠠᠵᠤ᠂ | 8000 ᠲᠦᠭᠦᠷᠢᠭ ᠢᠶᠠᠷ ᠱᠠᠩᠨᠠᠭᠳᠠᠭᠰᠠᠨ ᠪᠢᠯᠡ᠃ | ᠨᠤᠤᠯᠤᠭᠤᠷ ᠤᠨ ᠢᠮᠠᠭ᠎ᠠ ᠪᠠᠨ ᠡᠭᠦᠯᠳᠡᠷ ᠰᠠᠶᠢᠵᠢᠷᠠᠭᠤᠯᠤᠭᠰᠠᠨ ᠦᠡᠭᠭᠡᠷᠡᠯᠳᠡ ᠪᠠᠨ ᠶᠠᠷᠢᠬᠤ ᠳᠤ | ᠬᠤᠤᠰᠴᠢᠯᠠᠭᠤ ᠭᠤᠸᠠᠢ ᠪᠠᠶᠠᠷᠯᠠᠵᠤ ᠤᠮᠤᠭᠰᠢᠭᠰᠠᠨ ᠰᠡᠳᠬᠢᠯ ᠢᠶᠠᠨ ᠳᠠᠷᠤᠵᠤ ᠶᠠᠳᠠᠨ᠎ᠠ᠃ ᠲᠡᠷᠡ᠄ ︽ᠦᠡᠭᠭᠡᠷᠡᠭᠰᠡᠨ | ᠨᠢᠬᠡ ᠦᠶ᠎ᠠ ᠪᠢᠳᠡ ᠨᠤᠤᠯᠤᠭᠤᠷ ᠤᠨ ᠭᠠᠷᠤᠯᠳᠠ ᠶᠢ ᠰᠤᠬᠤᠷ ᠪᠠᠯᠠᠢ ᠪᠠᠷ ᠬᠦᠭᠡᠭᠡᠴᠡᠯᠳᠦᠵᠦ᠂ ᠭᠠᠳᠠᠨ᠎ᠠ ᠠᠴᠠ | ᠨᠤᠤᠯᠤᠭᠤᠷ ᠤᠨ ᠤᠬᠤᠨ᠎ᠠ ᠤᠷᠤᠭᠤᠯᠵᠤ ᠲᠠᠯᠪᠢᠭᠠᠳ ᠶᠡᠭᠡ ᠬᠤᠬᠢᠷᠠᠯ ᠠᠮᠰᠠᠭᠰᠠᠨ ᠰᠢᠦ︕ ᠡᠨᠡ ᠬᠡᠳᠦᠨ | ᠵᠢᠯ ᠠᠴᠠ ᠪᠢ ᠳᠠᠬᠢᠨ ᠨᠤᠲᠤᠭ ᠤᠨ ᠡᠭᠦᠯᠳᠡᠷ ᠤᠨ ᠢᠮᠠᠭ᠎ᠠ ᠪᠠᠨ ᠰᠡᠷᠭᠦᠭᠡᠨ ᠮᠠᠯᠵᠢᠵᠤ᠂ ᠬᠡᠳᠦᠨ ᠵᠢᠯ ᠤᠨ ᠡᠭᠦᠯᠳᠡᠷ | ᠰᠠᠶᠢᠵᠢᠷᠠᠭᠤᠯᠤᠯᠲᠠ ᠶᠢ ᠦᠡᠭᠭᠡᠷᠡᠭᠡᠳ ᠤᠳᠤ ᠮᠢᠨᠤ ᠵᠠᠷᠤᠵᠤ ᠪᠠᠶᠢᠭ᠎ᠠ ᠤᠬᠤᠨ᠎ᠠ ᠶᠢᠨ ᠨᠤᠤᠯᠤᠭᠤᠷ ᠤᠨ ᠨᠠᠷᠢᠴᠠ ᠶᠢᠨ | ᠬᠡᠮᠵᠢᠶ᠎ᠡ ᠪᠦᠷ 14 ᠮᠢᠺᠷᠤᠮᠧᠲᠷ ᠤᠨ ᠲᠤᠳᠤᠷ᠎ᠠ ᠪᠠᠶᠢᠨ᠎ᠠ ︾ ᠭᠡᠵᠦ ᠤᠴᠢᠷᠯᠠᠨ᠎ᠠ᠃ ᠳᠡᠳᠡᠨ ᠤ ᠬᠢᠨ ᠣᠶᠢᠷ᠎ᠠ ᠶᠢᠨ | ᠬᠡᠳᠤᠨ ᠵᠢᠯ ᠳᠤ ᠬᠤᠰᠢᠭᠤᠨ ᠤ ᠪᠠᠨ ᠠᠷᠪᠠᠰ ᠤᠨ ᠨᠤᠤᠯᠤᠭᠤᠷ ᠤᠨ ᠴᠠᠭᠠᠨ ᠢᠮᠠᠭᠠᠨ ᠤ ᠮᠠᠯᠵᠢᠯ ᠤᠨ ᠳᠤᠮᠤ | ᠡᠷᠦᠭᠡ ᠠᠴᠠ ᠢᠰᠢᠭᠡ ᠠᠪᠴᠦ ᠮᠠᠯᠵᠢᠨ᠂ ᠭᠠᠷ ᠬᠡᠬᠡᠯᠳᠦᠬᠦᠯᠭᠡ ᠬᠢᠵᠤ᠂ ᠨᠤᠤᠯᠤᠭᠤᠷ ᠤᠨ ᠨᠠᠷᠢᠴᠠ ᠨᠢ | ᠪᠠᠷᠢᠮᠵᠢᠶ᠎ᠠ ᠳᠤ ᠬᠦᠷᠬᠦ ᠦᠭᠡᠢ ᠡᠬᠡ ᠮᠠᠯ ᠢᠶᠠᠨ ᠬᠤᠳᠠᠯᠳᠤᠨ ᠠᠯᠬᠤᠮ ᠠᠯᠬᠤᠮ ᠢᠶᠠᠷ ᠡᠭᠦᠯᠳᠡᠷ ᠰᠠᠶᠢᠵᠢᠷᠠᠭᠤᠯᠵᠠᠢ ᠃ | ᠤᠷᠴᠢᠮ ᠤᠨ ᠬᠡᠳᠦᠨ ᠵᠢᠯ ᠳᠤ ᠤᠷᠳᠤᠰ ᠬᠤᠳᠠ ᠶᠢᠨ ᠬᠢᠨ ᠢᠮᠠᠭᠠᠨ ᠨᠤᠤᠯᠤᠭᠤᠷ ᠤᠨ ᠠᠵᠤ ᠠᠬᠤᠶᠢᠯᠠᠯ ᠲᠠᠢ | ᠬᠠᠮᠳᠤᠷᠠᠨ ︽ ᠰᠠᠶᠢᠨ ᠨᠤᠤᠯᠤᠭᠤᠷ ᠲᠤ ᠰᠠᠶᠢᠨ ᠦᠨ᠎ᠡ ᠥᠭᠬᠦ︾ ᠲᠦᠷᠦᠯ ᠵᠦᠢᠯ ᠢ ᠬᠡᠷᠡᠭᠵᠢᠭᠦᠯᠵᠦ᠂ ᠢᠮᠠᠭᠠᠨ | ᠨᠤᠤᠯᠤᠭᠤᠷ ᠢ ᠳᠠᠪᠤᠨ ᠳᠡᠰ ᠬᠤᠪᠢᠶᠠᠨ᠂ ᠳᠡᠰ ᠪᠦᠷᠢ ᠳᠤ ᠬᠠᠷᠠᠭᠠᠯᠵᠠᠭᠰᠠᠨ ᠨᠦᠬᠦᠪᠦᠷᠢ ᠤᠯᠭᠤᠵᠤ᠂ ᠮᠠᠯᠴᠢᠳ ᠤᠨ | ᠠᠷᠪᠠᠰ ᠤᠨ ᠨᠤᠤᠯᠤᠭᠤᠷ ᠤᠨ ᠴᠠᠭᠠᠨ ᠢᠮᠠᠭ᠎ᠠ ᠮᠠᠯᠵᠢᠬᠤ ᠶᠢ ᠵᠤᠷᠢᠭᠵᠢᠭᠤᠯᠤᠭᠰᠠᠨ ᠪᠠᠶᠢᠨ᠎ᠠ ᠃ | ᠬᠤᠤᠰᠴᠢᠯᠠᠭᠤ ᠶᠢᠨ ᠬᠢᠨ ᠡᠨᠡ ᠵᠢᠯ ᠨᠡᠶᠢᠲᠡ 750 ᠺᠢᠯᠦᠭᠷᠡᠮ ᠨᠤᠤᠯᠤᠭᠤᠷ ᠰᠠᠮᠨᠠᠵᠤ᠂ ᠭᠠᠴᠠᠭ᠎ᠠ ᠠᠴᠠ ᠪᠠᠨ | ᠣᠶᠢᠷᠠᠬᠠᠨ ᠪᠠᠶᠢᠳᠠᠭ ᠣᠷᠳᠣᠰ ᠬᠤᠲᠠ ᠶᠢᠨ ᠲᠠᠷᠢᠶᠠᠯᠠᠩ ᠤᠨ ᠪᠡᠯᠡ ᠣᠷᠣᠭᠤᠯᠤᠯᠲᠠ ᠶᠢᠨ ᠺᠣᠮᠫᠠᠨᠢ ᠶᠢ ᠨᠤᠤᠯᠤᠭᠤᠷ | ᠬᠤᠳᠠᠯᠳᠤᠨ ᠠᠪᠬᠤ ᠴᠡᠭ ᠲᠤ ᠬᠦᠷᠭᠡᠨ᠂ ᠳᠤᠬᠠᠢ ᠶᠢᠨ ᠲᠠᠯᠠᠪᠤᠷ ᠲᠤ ᠰᠢᠷᠬᠡᠭᠯᠢᠭ ᠤᠨ ᠬᠢᠨᠠᠨ ᠬᠡᠮᠵᠢᠯᠳᠡ ᠬᠢᠯᠬᠡᠪᠡ᠃ | ᠲᠠᠬᠡᠬᠡᠳ ᠪᠠᠷᠤᠭ 80 ᠺᠢᠯᠦᠭᠷᠡᠮ ᠨᠤᠤᠯᠤᠭᠤᠷ ᠨᠢ A ᠳᠡᠰ ᠤᠨ ᠪᠠᠷᠢᠮᠵᠢᠶ᠎ᠠ ᠳᠤ ᠬᠦᠷᠴᠦ᠂ ᠳᠤᠮᠳᠠᠴᠢ ᠪᠠᠷ | ᠺᠢᠯᠦᠭᠷᠡᠮ ᠪᠦᠷᠢ ᠳᠤᠨᠢ 500 ᠲᠦᠭᠦᠷᠢᠭ ᠤᠨ ᠦᠨ᠎ᠠ ᠦᠭᠴᠦ᠂ ᠬᠤᠤᠰᠴᠢᠯᠠᠭᠤ ᠡᠨᠡ 80 ᠺᠢᠯᠦᠭᠷᠡᠮ | ᠨᠤᠤᠯᠤᠭᠤᠷ ᠠᠴᠠ ᠪᠠᠨ 4 ᠳᠦᠮᠡᠨ ᠳᠦᠭᠦᠷᠢᠭ ᠤᠨ ᠤᠷᠤᠯᠭ᠎ᠠ ᠤᠯᠵᠠᠢ᠃ | ᠬᠤᠤᠰᠴᠢᠯᠠᠭᠤ ᠬᠤᠰᠢᠭᠤᠨ ᠤ ᠪᠠᠨ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠪᠰᠤᠷᠤᠯᠭ᠎ᠠ ᠲᠠᠮᠵᠢᠯᠬᠡ ᠪᠠᠷ | ᠢᠵᠢᠯ ᠬᠤᠭᠤᠴᠠᠭᠠᠨ ᠳᠤ ᠤᠷᠤᠭ᠎ᠠ ᠤᠷᠤᠭᠤᠯᠵᠦ᠂ ᠢᠵᠢᠯ ᠬᠤᠭᠤᠴᠠᠭᠠᠨ ᠳᠤ ᠬᠡᠬᠡᠯᠳᠦᠬᠦᠯᠭᠡ ᠬᠢᠵᠦ᠂ ᠢᠵᠢᠯ | ᠬᠤᠭᠤᠴᠠᠭᠠᠨ ᠳᠤ ᠲᠦᠯ ᠲᠤᠰᠴᠦ ᠪᠣᠶᠢᠵᠢᠭᠤᠯᠬᠤ ᠮᠡᠷᠬᠡᠵᠢᠯ ᠢ ᠡᠵᠡᠮᠰᠢᠵᠤ ᠠᠪᠤᠭᠠᠳ ᠨᠤᠤᠯᠤᠭᠤᠷ ᠤᠨ | ᠢᠮᠠᠭ᠎ᠠ ᠪᠠᠨ ᠡᠬᠦᠯᠳᠡᠷ ᠰᠠᠶᠢᠵᠢᠷᠠᠭᠤᠯᠬᠤ ᠶᠢ ᠰᠢᠯᠤᠭᠤᠳᠬᠠᠭᠰᠠᠨ ᠪᠠᠶᠢᠨ᠎ᠠ ᠃ ︽ᠪᠢ ᠦᠪᠡᠷ ᠢᠶᠠᠨ ᠭᠠᠷ | ᠬᠡᠬᠡᠯᠳᠦᠭᠦᠯᠭᠡ ᠬᠢᠵᠤ ᠪᠠᠶᠢᠨ᠎ᠠ ᠃ ᠢᠵᠢᠯ ᠬᠤᠭᠤᠴᠠᠭᠠᠨ ᠳᠤ ᠤᠷᠤᠭ᠎ᠠ ᠤᠷᠤᠭᠤᠯᠵᠦ᠂ ᠢᠵᠢᠯ ᠬᠤᠭᠤᠴᠠᠭᠠᠨ ᠳᠤ | ᠬᠡᠬᠡᠯᠳᠦᠬᠦᠯᠭᠡ ᠬᠢᠳᠡᠭ ᠪᠤᠯᠬᠤᠷ ᠮᠢᠨᠤ 300 ᠰᠢᠬᠠᠮ ᠢᠮᠠᠭ᠎ᠠ ᠪᠠᠷᠤᠭ ᠨᠢᠭᠡ ᠭᠠᠷᠠᠭ ᠤᠨ ᠳᠤᠳᠤᠷ᠎ᠠ ᠢᠰᠢᠭᠡᠯᠡᠭᠡᠳ | ᠪᠠᠷᠠᠴᠢᠬᠠᠨ᠎ᠠ᠃ ᠲᠡᠷᠡ ᠮᠦᠷᠳᠡᠬᠡᠨ ᠢᠰᠢᠭᠡ ᠶᠢᠨ ᠦᠰᠦᠯᠳᠡ ᠨᠢ ᠵᠢᠭᠳᠡ᠂ ᠳᠡᠵᠢᠭᠡᠵᠦ ᠪᠤᠷᠤᠯᠠᠭᠤᠯᠬᠤ ᠳᠤ ᠠᠮᠠᠷ︾ | ᠭᠡᠵᠦ ᠬᠤᠤᠰᠴᠢᠯᠠᠭᠤ ᠶᠠᠷᠢᠨ᠎ᠠ᠃ ᠲᠡᠷᠡ ᠨᠤᠤᠯᠤᠭᠤᠷ ᠤᠨ ᠢᠮᠠᠭ᠎ᠠ ᠪᠠᠨ ᠡᠭᠦᠯᠳᠡᠷ ᠰᠠᠶᠢᠵᠢᠷᠠᠭᠤᠯᠤᠭᠠᠳ ᠠᠰᠢᠭ | ᠤᠷᠤᠯᠭ᠎ᠠ ᠪᠠᠨ ᠨᠡᠮᠡᠭᠳᠡᠬᠦᠯᠦᠭᠰᠡᠨ ᠴᠦ ᠠᠮᠢ ᠬᠤᠪᠢ ᠪᠠᠨ ᠪᠤᠳᠤᠵᠤ ᠰᠠᠭᠤᠭᠰᠠᠨ ᠦᠭᠡᠢ᠂ ᠬᠠᠷᠢᠨ ᠦᠢ ᠤᠯᠠᠨ | ᠨᠤᠲᠤᠭ ᠤᠨ ᠮᠠᠯᠴᠢᠳ ᠲᠠᠢ ᠪᠠᠨ ᠬᠠᠮᠳᠤ ᠪᠠᠷ ᠪᠠᠶᠡᠵᠢᠬᠤ ᠶᠢ ᠵᠤᠷᠢᠵᠤ᠂ ᠭᠠᠴᠠᠭᠠᠨ ᠤ ᠪᠠᠨ ᠭᠠᠴᠢᠭᠳᠠᠵᠤ | ᠲᠦᠪᠡᠭᠳᠡᠭᠰᠡᠨ ᠡᠷᠦᠬᠡ ᠨᠦᠭᠦᠳ ᠲᠤ ᠰᠠᠶᠢᠨ ᠡᠭᠦᠯᠳᠡᠷ ᠤᠨ ᠤᠬᠤᠨ᠎ᠠ ᠪᠠᠨ ᠦᠭᠴᠦ ᠦᠨ᠎ᠠ ᠲᠦᠯᠦᠪᠤᠷᠢ ᠦᠬᠡᠢ ᠪᠠᠷ | ᠵᠠᠷᠤᠭᠤᠯᠵᠤ ᠪᠤᠢ᠃ | ᠡᠨᠡ ᠵᠢᠯ ᠬᠤᠤᠰᠴᠢᠯᠠᠭᠤ 300 ᠭᠠᠷᠤᠢ ᠢᠮᠠᠭ᠎ᠠ ᠠᠴᠠ ᠪᠠᠨ 750 ᠺᠢᠯᠦᠭᠷᠡᠮ ᠨᠤᠤᠯᠤᠭᠤᠷ ᠰᠠᠮᠨᠠᠵᠤ᠂ | ᠲᠡᠭᠰᠢᠳᠬᠡᠬᠡᠤᠨ ᠢᠮᠠᠭ᠎ᠠ ᠪᠦᠷᠢ ᠶᠢᠨ ᠨᠤᠤᠯᠤᠭᠤᠷ ᠤᠨ ᠭᠠᠷᠤᠯᠳᠠ ᠨᠢ 2.5 ᠺᠢᠯᠦᠭᠷᠡᠮ ᠤᠷᠴᠢᠮ ᠪᠠᠶᠢᠵᠤ ᠂ | ᠨᠤᠤᠯᠤᠭᠤᠷ ᠤᠨ ᠪᠦᠬᠦ ᠤᠷᠤᠯᠭ᠎ᠠ ᠨᠢ 40 ᠳᠦᠮᠡᠨ ᠲᠦᠭᠦᠷᠢᠭ ᠢ ᠲᠠᠪᠠᠪᠠ᠃ ᠳᠠᠭᠤᠷᠢᠶᠠᠯ ᠤᠨ ᠬᠦᠴᠦᠨ | ᠬᠡᠮᠵᠢᠶᠡᠯᠡᠰᠢ ᠦᠭᠡᠢ ᠶᠤᠮ᠂ ᠬᠤᠤᠰᠴᠢᠯᠠᠭᠤ ᠶᠢᠨ ᠤᠷᠤᠨ ᠨᠤᠳᠤᠭ ᠤᠨ ᠰᠠᠶᠢᠨ ᠡᠬᠦᠯᠳᠡᠷ ᠤᠨ ᠠᠷᠪᠠᠰ ᠤᠨ | ᠨᠤᠤᠯᠤᠭᠤᠷ ᠤᠨ ᠴᠠᠭᠠᠨ ᠢᠮᠠᠭ᠎ᠠ ᠮᠠᠯᠵᠢᠵᠤ ᠤᠷᠤᠯᠭ᠎ᠠ ᠪᠠᠨ ᠨᠡᠮᠡᠭᠳᠡᠬᠦᠯᠦᠭᠰᠡᠨ ᠢ ᠬᠠᠷᠠᠭᠠᠳ ᠠᠶᠢᠯ | ᠰᠠᠭᠠᠬᠠᠯᠳᠠ ᠶᠢᠨ ᠬᠢᠨ ᠴᠦᠮ ᠳᠡᠭᠦᠨ ᠠᠴᠠ ᠤᠬᠤᠨ᠎ᠠ ᠬᠤᠳᠠᠯᠳᠤᠨ ᠠᠪᠴᠤ ᠨᠤᠤᠯᠤᠭᠤᠷ ᠤᠨ ᠢᠮᠠᠭ᠎ᠠ ᠪᠠᠨ | ᠡᠭᠦᠯᠳᠡᠷ ᠢᠶᠠᠨ ᠰᠠᠶᠢᠵᠢᠷᠠᠭᠤᠯᠵᠤ ᠪᠠᠶᠢᠨ᠎ᠠ ᠃ |