ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠦᠢᠯᠡᠰ ᠤᠨ ᠬᠦᠭᠵᠢᠭᠦᠯᠦᠯᠲᠡ ᠶᠢᠨ ᠲᠥᠪ ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠲᠣᠭᠲᠠᠮᠠᠯ ᠠᠵᠢᠭᠯᠠᠯᠲᠠ ᠶᠢᠨ ᠴᠡᠭ ᠤᠨ ᠪᠠᠶᠢᠴᠠᠭᠠᠯᠲᠠ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2022/9/20
      9 ᠰᠠᠷ᠎ᠠ ᠶᠢᠨ 15 ᠤ ᠡᠳᠦᠷ ᠠᠴᠠ 16 ᠤ ᠡᠳᠦᠷ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠦᠢᠯᠡᠰ ᠤᠨ ᠬᠦᠭᠵᠢᠭᠦᠯᠦᠯᠲᠡ ᠶᠢᠨ ᠲᠥᠪ ᠰᠦᠯᠵᠢᠶᠡᠨ ᠳᠡᠭᠡᠷᠡᠬᠢ ᠬᠡᠯᠪᠡᠷᠢ ᠪᠠᠷ ᠬᠤᠶᠠᠷ ᠡᠳᠦᠷ ᠤᠨ ᠬᠤᠭᠤᠴᠠᠭ᠎ᠠ ᠲᠠᠢ ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠲᠣᠭᠲᠠᠮᠠᠯ ᠠᠵᠢᠭᠯᠠᠯᠲᠠ ᠶᠢᠨ ᠴᠡᠭ ᠤᠨ ᠪᠠᠶᠢᠴᠠᠭᠠᠯᠲᠠ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠠᠩᠭᠢ ᠶᠢ ᠡᠷᠭᠢᠯᠡᠪᠡ᠃ ᠪᠣᠯᠪᠠᠰᠤᠷᠠᠭᠤᠯᠤᠯ ᠨᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠵᠣᠣ ᠢᠦᠢ ᠹᠧᠩ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠶᠠᠯᠠᠩ ᠤᠨ ᠰᠤᠳᠤᠯᠭᠠᠨ ᠤ ᠲᠥᠪ ᠤᠨ ᠭᠠᠵᠠᠷ ᠤᠨ ᠳᠡᠳ᠋ ᠳᠠᠷᠤᠭ᠎ᠠ ︵ᠳᠡᠳ᠋ ᠰᠤᠳᠤᠯᠤᠭᠴᠢ︶ ᠭᠤᠸ ᠮᠢᠩ ᠢ ᠤᠷᠢᠵᠤ ᠬᠢᠴᠢᠶᠡᠯ ᠣᠷᠤᠭᠤᠯᠵᠠᠢ ᠃ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠦᠢᠯᠡᠰ ᠤᠨ ᠬᠦᠭᠵᠢᠭᠦᠯᠦᠯᠲᠡ ᠶᠢᠨ ᠲᠥᠪ ᠤᠨ ᠡᠷᠬᠢᠯᠡᠭᠴᠢ ᠳ᠋ᠦ᠋ ᠫᠧᠢ ᠢᠦᠢ ᠬᠤᠷᠠᠯ ᠳᠤ ᠣᠷᠣᠯᠴᠠᠵᠤ᠂ ᠳᠡᠳ᠋ ᠡᠷᠬᠢᠯᠡᠭᠴᠢ ᠸᠠᠩ ᠱᠧᠩ ᠹᠦ᠋ ᠬᠤᠷᠠᠯ ᠢ ᠡᠷᠭᠢᠯᠡᠪᠡ᠃ ᠲᠣᠰ ᠤᠳᠠᠭᠠᠨ ᠤ ᠪᠣᠯᠪᠠᠰᠤᠷᠠᠭᠤᠯᠤᠯ ᠳᠤ ᠣᠷᠣᠯᠴᠠᠭᠰᠠᠳ ᠲᠤ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠠᠵᠢᠯ ᠦᠢᠯᠡᠰ ᠤᠨ ᠬᠦᠭᠵᠢᠭᠦᠯᠦᠯᠲᠡ ᠶᠢᠨ ᠲᠥᠪ ᠤᠨ ᠪᠥᠬᠦ ᠺᠠᠳ᠋ᠷ᠂ ᠡᠯ᠎ᠡ ᠠᠶᠢᠮᠠᠭ ︵ᠬᠤᠲᠠ︶ ᠤᠨ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠣᠪᠴᠢᠶ᠎ᠠ ᠶᠢᠨ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠣᠯᠣᠨ ᠪᠣᠳᠠᠲᠠᠢ ᠠᠵᠢᠯᠲᠠᠨ᠂ ᠠᠵᠢᠭᠯᠠᠯᠲᠠ ᠶᠢᠨ ᠴᠡᠭ ᠤᠨ ᠲᠣᠰᠬᠤᠨ ᠤ ᠲᠤᠰᠠᠯᠠᠬᠤ ᠪᠠᠶᠢᠴᠠᠭᠠᠭᠴᠢ ᠪᠣᠶ᠃
图片1.png
       ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠠᠵᠢᠯ ᠦᠢᠯᠡᠰ ᠤᠨ ᠬᠦᠭᠵᠢᠭᠦᠯᠦᠯᠲᠡ ᠶᠢᠨ ᠲᠥᠪ ᠤᠨ ᠡᠷᠬᠢᠯᠡᠭᠴᠢ ᠳ᠋ᠦ᠋ ᠫᠧᠢ ᠢᠦᠢ ᠪᠥᠬᠦ ᠣᠷᠣᠨ ᠤ ᠲᠣᠭᠲᠠᠮᠠᠯ  ᠠᠵᠢᠭᠯᠠᠯᠲᠠ ᠶᠢᠨ ᠴᠡᠭ ᠤᠨ ᠥᠷᠲᠡᠭᠡᠨ ᠤ ᠱᠤᠭᠤᠮ ᠤᠨ ᠠᠵᠢᠯᠲᠠᠳ ᠲᠤ ᠲᠠᠯᠠᠷᠬᠠᠯ ᠢᠶᠠᠨ ᠢᠯᠡᠳᠬᠡᠬᠦ ᠶᠢᠨ ᠬᠠᠮᠲᠤ ᠲᠤᠬᠤᠨᠢᠭᠤᠯᠤᠯ ᠢᠯᠡᠳᠬᠡᠭᠰᠡᠨ ᠪᠥᠭᠡᠳ ᠮᠠᠯᠵᠢᠬᠤ ᠲᠠᠷᠢᠶᠠᠯᠠᠬᠤ ᠣᠷᠣᠨ ᠤ ᠲᠣᠭᠲᠠᠮᠠᠯ ᠠᠵᠢᠭᠯᠠᠬᠤ ᠴᠡᠭ ᠤᠨ ᠪᠠᠶᠢᠳᠠᠯ ᠪᠠ ᠲᠠᠷᠠᠭᠠᠴᠢ ᠶᠢᠨ ᠱᠠᠲᠤᠨ ᠤ ᠲᠣᠭᠲᠠᠮᠠᠯ ᠠᠵᠢᠭᠯᠠᠯᠲᠠ ᠶᠢᠨ ᠴᠡᠭ ᠤᠨ ᠭᠤᠣᠯᠳᠠᠯᠭ᠎ᠠ ᠲᠠᠢ ᠠᠵᠢᠯ ᠤᠨ ᠲᠤᠬᠠᠢ ᠲᠣᠪᠴᠢ ᠲᠠᠨᠢᠯᠴᠠᠭᠤᠯᠭ᠎ᠠ ᠬᠢᠪᠡ᠃      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠵᠣᠣ ᠢᠦᠢ ᠹᠧᠩ ︽ᠲᠠᠷᠢᠶᠠᠯᠠᠩ ᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠵᠦ ᠲᠠᠷᠢᠶᠠᠴᠢᠳ ᠢ ᠪᠠᠶᠠᠵᠢᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠵᠢᠵᠢᠭ ᠮᠠᠯᠴᠢᠨ ᠡᠷᠦᠬᠡ ᠬᠢᠭᠡᠳ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠤᠨ ᠣᠷᠭᠠᠨᠢᠭ  ᠵᠤᠯᠭᠠᠯᠴᠠᠭ᠎ᠠ ᠶᠢ ᠠᠬᠢᠭᠤᠯᠤᠶ᠎ᠠ︾ ᠭᠡᠬᠦ ᠰᠡᠳᠦᠪ ᠢᠶᠠᠷ ᠬᠥᠳᠡᠭᠡ ᠲᠣᠰᠬᠤᠨ ᠤ ᠥᠭᠡᠷᠡᠴᠢᠯᠡᠯᠲᠡ ᠶᠢᠨ ᠥᠩᠭᠡᠷᠡᠯᠲᠡ ᠶᠢ ᠡᠷᠭᠢᠴᠡᠭᠦᠯᠦᠨ ᠪᠠᠷᠠᠯᠠᠬᠤ ᠪᠠ ᠡᠨᠡ ᠵᠢᠯ ᠤᠨ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠬᠤᠶᠠᠷ ᠲᠠᠯ᠎ᠠ ᠪᠠᠷ ᠲᠠᠶᠢᠯᠤᠮᠵᠢ ᠬᠢᠪᠡ᠃ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠶᠠᠯᠠᠩ ᠤᠨ ᠰᠤᠳᠤᠯᠭᠠᠨ ᠤ ᠲᠥᠪ ᠤᠨ ᠲᠣᠭᠲᠠᠮᠠᠯ ᠠᠵᠢᠭᠯᠠᠯᠲᠠ ᠶᠢᠨ ᠴᠡᠭ ᠤᠨ ᠬᠠᠮᠢᠶᠠᠷᠤᠯᠲᠠ ᠶᠢᠨ ᠭᠠᠵᠠᠷ ᠤᠨ ᠳᠡᠳ᠋ ᠳᠠᠷᠤᠭ᠎ᠠ ︵ᠳᠡᠳ᠋ ᠰᠤᠳᠤᠯᠤᠭᠴᠢ︶ ᠭᠤᠸ ᠮᠢᠩ ︽ᠪᠠᠶᠢᠴᠠᠭᠠᠯᠲᠠ ᠶᠢᠨ ᠵᠢᠷᠤᠮᠵᠢᠯ ᠪᠠ ᠣᠷᠣᠨ ᠨᠤᠲᠤᠭ ᠤᠨ ᠲᠤᠷᠰᠢᠯᠭ᠎ᠠ︾ ᠶᠢᠨ ᠲᠠᠶᠢᠯᠤᠮᠵᠢ ᠬᠢᠪᠡ᠃      ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠠᠵᠢᠯ ᠦᠢᠯᠡᠰ ᠤᠨ ᠬᠦᠭᠵᠢᠭᠦᠯᠦᠯᠲᠡ ᠶᠢᠨ ᠲᠥᠪ ᠤᠨ ᠲᠣᠭᠲᠠᠮᠠᠯ ᠠᠵᠢᠭᠯᠠᠯᠲᠠ ᠶᠢᠨ ᠴᠡᠭ ᠤᠨ ᠰᠠᠯᠠᠭᠠᠨ ᠳᠠᠷᠤᠭ᠎ᠠ ᠮᠠ ᠶᠠᠩ ᠲᠣᠭᠲᠠᠮᠠᠯ ᠠᠵᠢᠭᠯᠠᠯᠲᠠ ᠶᠢᠨ ᠴᠡᠭ ᠤᠨ ᠰᠢᠰᠲ᠋ᠧᠮᠵᠢ ᠶᠢᠨ ᠬᠥᠭᠵᠢᠯᠲᠡ ᠶᠢᠨ ᠪᠠᠶᠢᠳᠠᠯ ᠪᠣᠯᠣᠨ ᠮᠠᠯᠵᠢᠬᠤ ᠲᠠᠷᠢᠶᠠᠯᠠᠬᠤ ᠡᠷᠦᠬᠡ ᠂ ᠮᠠᠯᠵᠢᠬᠤ ᠲᠠᠷᠢᠶᠠᠯᠠᠬᠤ ᠲᠣᠰᠬᠤᠨ ᠤ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠳᠦᠷᠢᠮ ᠢ ᠲᠠᠶᠢᠯᠪᠤᠷᠢᠯᠠᠪᠠ ᠃ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ᠤᠨ ᠢᠨᠵᠧᠨᠧᠷ ᠸᠠᠩ ᠸᠧᠢ ᠢᠦᠢ ᠥᠪᠥᠷ ᠮᠣᠩᠭᠤᠯ ᠤᠨ ᠲᠣᠭᠲᠠᠮᠠᠯ ᠠᠵᠢᠭᠯᠠᠯᠲᠠ ᠶᠢᠨ ᠴᠡᠭ ᠤᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢ ᠠᠵᠢᠯᠯᠠᠵᠤ ᠬᠡᠷᠡᠭᠯᠡᠬᠦ ᠲᠤᠬᠠᠢ ᠲᠠᠶᠢᠯᠤᠮᠵᠢ ᠬᠢᠵᠡᠢ ᠃      ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠠᠵᠢᠯ ᠦᠢᠯᠡᠰ ᠤᠨ ᠬᠦᠭᠵᠢᠭᠦᠯᠦᠯᠲᠡ ᠶᠢᠨ ᠲᠥᠪ ᠤᠨ ᠳᠡᠳ᠋ ᠡᠷᠬᠢᠯᠡᠭᠴᠢ ᠸᠠᠩ ᠱᠧᠩ ᠹᠦ᠋ ᠳ᠋ᠦᠩᠨᠡᠯᠲᠡ ᠶᠢᠨ ᠶᠠᠷᠢᠶᠠᠨ ᠳᠤ ᠪᠠᠨ ᠂ ᠨᠢᠭᠡ ᠳᠤ ᠬᠥᠳᠡᠭᠡ ᠲᠣᠰᠬᠤᠨ ᠤ ᠬᠦᠭᠵᠢᠨ ᠮᠠᠨᠳᠤᠯᠲᠠ ᠶᠢᠨ ᠭᠤᠣᠯᠳᠠᠯᠭ᠎ᠠ ᠲᠠᠢ ᠂ ᠬᠦᠴᠢᠷᠳᠡᠯ ᠲᠠᠢ ᠂ ᠬᠠᠯᠠᠮᠰᠢᠯ ᠠᠰᠠᠭᠤᠳᠠᠯ ᠤᠨ ᠪᠠᠶᠢᠴᠠᠭᠠᠯᠲᠠ ᠶᠢ ᠴᠢᠩᠭᠠᠳᠬᠠᠬᠤ ᠶᠢᠨ ᠬᠠᠮᠲᠤ ᠵᠠᠳᠠᠯᠤᠨ ᠰᠤᠳᠤᠯᠵᠤ ᠮᠠᠭᠠᠳᠯᠠᠬᠤ ᠶᠢ ᠴᠢᠩᠭᠠᠳᠬᠠᠬᠤ ᠬᠡᠷᠡᠭᠲᠡᠢ ᠃ ᠬᠤᠶᠠᠷ ᠲᠤ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠠᠷᠭᠤᠭᠤᠯᠤᠨ ᠪᠠᠶᠢᠴᠠᠭᠠᠬᠤ ᠪᠠ ᠬᠠᠷᠢᠭᠤ ᠲᠤᠰᠬᠠᠬᠤ ᠶᠢ ᠴᠢᠩᠭᠠᠳᠬᠠᠵᠤ᠂ ᠲᠠᠩᠰᠠ ᠲᠡᠮᠳᠡᠭᠯᠡᠬᠦ ᠠᠵᠢᠯ ᠤᠨ ᠬᠤᠭᠤᠴᠠᠭᠠᠲᠤ ᠴᠢᠨᠠᠷ᠂ ᠦᠷᠭᠦᠯᠵᠢᠯᠡᠬᠦ ᠴᠢᠨᠠᠷ ᠢ ᠴᠢᠩᠭᠠᠳᠬᠠᠵᠤ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠡᠯ᠎ᠡ ᠱᠠᠲᠤᠨ ᠤ ᠪᠠᠶᠢᠴᠠᠭᠠᠭᠴᠢ ᠶᠢ ᠪᠣᠯᠪᠠᠰᠤᠷᠠᠭᠤᠯᠬᠤ ᠠᠵᠢᠯ ᠢ ᠦᠨᠡᠨ ᠬᠦ ᠴᠢᠩᠭᠠᠳᠬᠠᠨ ᠰᠠᠢᠲᠤᠷ ᠬᠢᠵᠦ᠂ ᠪᠠᠶᠢᠴᠠᠭᠠᠭᠴᠢ ᠶᠢᠨ ᠣᠨᠣᠯ ᠲᠥᠷᠥ ᠶᠢᠨ ᠪᠣᠳᠣᠯᠭ᠎ᠠ ᠶᠢᠨ ᠬᠢᠷᠢ ᠬᠡᠮᠵᠢᠶ᠎ᠡ ᠪᠠ ᠪᠠᠶᠢᠴᠠᠭᠠᠯᠲᠠ ᠬᠢᠬᠦ ᠲᠣᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号