ᠵᠢᠷᠭᠤᠳᠤᠭᠠᠷ ᠬᠤᠭᠤᠴᠠᠭᠠᠨ ᠤ ᠥᠪᠥᠷ ᠮᠣᠩᠭᠤᠯ ᠤᠨ ᠮᠠᠯᠵᠢᠬᠤ ᠲᠠᠷᠢᠶᠠᠯᠠᠬᠤ ᠣᠷᠣᠨ ᠤ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠲᠥᠷᠥᠯ ᠵᠦᠢᠯ ᠤᠨ ᠪᠦᠲᠦᠭᠡᠯᠴᠢ ᠰᠡᠳᠬᠢᠮᠵᠢ ᠶᠢᠨ ᠤᠷᠤᠯᠳᠤᠭᠠᠨ ᠠᠮᠵᠢᠯᠲᠠ ᠲᠠᠢ ᠶᠠᠪᠤᠬᠳᠠᠪᠠ
ᠨᠡᠶᠢᠲᠡᠯᠡᠭᠰᠡᠨ ᠴᠠᠭ᠄
2022/9/20
      9 ᠰᠠᠷ᠎ᠠ ᠶᠢᠨ 15 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠠᠴᠠ ᠭᠤᠣᠯᠯᠠᠨ ᠡᠷᠭᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠠᠴᠠ ᠳᠠᠭᠠᠭᠠᠴᠢᠯᠠᠨ ᠡᠷᠭᠢᠯᠡᠭᠰᠡᠨ ᠵᠢᠷᠭᠤᠳᠤᠭᠠᠷ ᠬᠤᠭᠤᠴᠠᠭᠠᠨ ᠤ ᠥᠪᠥᠷ ᠮᠣᠩᠭᠤᠯ ᠤᠨ ᠮᠠᠯᠵᠢᠬᠤ ᠲᠠᠷᠢᠶᠠᠯᠠᠬᠤ ᠣᠷᠣᠨ ᠤ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠲᠥᠷᠥᠯ ᠵᠦᠢᠯ ᠤᠨ ᠪᠦᠲᠦᠭᠡᠯᠴᠢ ᠰᠡᠳᠭᠢᠮᠵᠢ ᠶᠢᠨ ᠤᠷᠤᠯᠳᠤᠭᠠᠨ ᠬᠥᠬᠡᠬᠤᠲᠠ ᠳᠤ ᠠᠮᠵᠢᠯᠲᠠ ᠲᠠᠢ  ᠶᠠᠪᠤᠬᠳᠠᠪᠠ  ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠦ᠋ ᠵᠥᠩ ᠶᠠᠨ ᠤᠷᠤᠯᠳᠤᠭᠠᠨ ᠤ ᠲᠠᠯᠠᠪᠠᠢ ᠳᠤ ᠰᠠᠭᠠᠲᠠᠵᠤ ᠶᠠᠷᠢᠶ᠎ᠠ ᠲᠠᠯᠪᠢᠪᠠ᠃ ᠤᠷᠤᠯᠳᠤᠭᠠᠨ ᠨᠢ ︽ ᠡᠯᠧᠺᠲᠷᠣᠨ ᠬᠤᠳᠠᠯᠳᠤᠭᠠᠨ ᠤ ᠦᠢᠯᠡᠰ ᠤᠨ ᠬᠥᠭᠵᠢᠯᠲᠡ ᠶᠢ ᠬᠠᠪᠰᠤᠷᠴᠤ ᠂ ᠦᠢᠯᠡᠰ ᠪᠣᠰᠬᠠᠬᠤ ᠪᠠᠷ ᠬᠥᠳᠡᠭᠡ ᠲᠣᠰᠬᠤᠨ ᠤ ᠬᠦᠭᠵᠢᠨ ᠮᠠᠨᠳᠣᠯᠲᠠ ᠶᠢ ᠳᠡᠮᠵᠢᠬᠦ ︾  ᠪᠠᠷ ᠭᠤᠣᠯ ᠰᠡᠳᠦᠪ ᠪᠣᠯᠭᠠᠵᠤ ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ ᠂ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠪᠣᠷᠤᠯᠠᠭᠤᠯᠭ᠎ᠠ ᠂ ᠲᠠᠪᠴᠠᠩ ᠤᠨ ᠦᠢᠯᠡᠴᠢᠯᠡᠭᠡ ᠭᠡᠬᠦ ᠬᠤᠶᠠᠷ ᠶᠡᠭᠡ ᠲᠦᠷᠦᠯ ᠢᠶᠠᠷ ᠲᠤᠰ ᠲᠤᠰ ᠤᠷᠤᠯᠳᠤᠭᠠᠨ ᠶᠠᠪᠤᠭᠤᠯᠵᠤ ᠂ ᠨᠡᠶᠢᠳᠡ 10 ᠠᠶᠢᠮᠠᠭ ᠬᠤᠳᠠ ᠶᠢᠨ 28 ᠤᠷᠤᠯᠳᠣᠭᠠᠨ ᠳᠤ ᠤᠷᠤᠯᠴᠠᠭᠴᠢ ᠶᠢ ᠰᠣᠩᠭᠤᠨ ᠲᠠᠨᠢᠯᠴᠠᠭᠤᠯᠵᠤ ᠂ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠪᠣᠷᠤᠯᠠᠭᠤᠯᠭ᠎ᠠ ᠶᠢᠨ ᠲᠦᠷᠦᠯ 24 ᠪᠠᠶᠢᠵᠤ᠂ ᠲᠠᠪᠴᠠᠩ ᠤᠨ ᠦᠢᠯᠡᠴᠢᠯᠡᠭᠡᠨ ᠤ ᠲᠦᠷᠦᠯ 4 ᠪᠤᠢ ᠃
1.png
       ᠤᠷᠤᠯᠳᠤᠭᠠᠨ ᠢ ᠸᠢᠳᠢᠤ᠋ ᠬᠤᠷᠠᠯ ᠤᠨ ᠬᠡᠯᠪᠡᠷᠢ ᠪᠠᠷ ᠶᠠᠪᠤᠭᠳᠠᠭᠤᠯᠵᠤ ᠂ ᠤᠷᠤᠯᠳᠤᠭᠠᠨ ᠢ ᠵᠣᠬᠢᠶᠠᠨ ᠪᠠᠶᠢᠭᠤᠯᠤᠭᠰᠠᠨ ᠺᠣᠮᠢᠰ ᠠᠴᠠ ᠲᠤᠰᠬᠠᠢ ᠮᠡᠷᠭᠡᠵᠢᠯᠲᠡᠨ ᠤ ᠰᠢᠯᠭᠠᠷᠠᠭᠤᠯᠬᠤ ᠺᠣᠮᠢᠰ ᠢ ᠵᠣᠬᠢᠶᠠᠨ ᠪᠠᠶᠢᠭᠤᠯᠵᠤ ᠤᠷᠤᠯᠳᠤᠭᠠᠨ ᠳᠤ ᠣᠷᠤᠯᠴᠠᠬᠤ ᠲᠦᠷᠦᠯ ᠵᠦᠢᠯ ᠤᠨ PPT  ᠢ ᠰᠣᠨᠢᠷᠬᠠᠭᠤᠯᠵᠤ ᠂ ᠰᠢᠯᠭᠠᠷᠠᠭᠤᠯᠬᠤ ᠺᠣᠮᠢᠰ ᠠᠴᠠ ᠲᠦᠷᠦᠯ ᠵᠦᠢᠯ ᠤᠨ ᠭᠤᠣᠯᠯᠠᠬᠤ ᠮᠡᠷᠭᠡᠵᠢᠯ ᠂ ᠠᠵᠢᠯ ᠲᠦᠷᠦᠯ ᠤᠨ ᠡᠪᠡᠷᠰᠢᠶᠡᠯ ᠤᠨ ᠴᠡᠭ ᠂ ᠬᠤᠳᠠᠯᠳᠤᠭᠠᠨ ᠤ ᠵᠠᠭᠪᠤᠷ ᠂ ᠲᠦᠷᠦᠯ ᠵᠦᠢᠯ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠵᠢᠴᠢ ᠲᠥᠯᠦᠪᠵᠢᠭᠦᠯᠭᠡ ᠵᠡᠷᠭᠡ ᠲᠠᠯ᠎ᠠ ᠳᠤ ᠴᠢᠭᠯᠡᠭᠦᠯᠦᠨ ᠠᠰᠠᠭᠤᠯᠲᠠ ᠳᠤᠷᠠᠳᠴᠤ ᠂ ᠤᠷᠤᠯᠳᠤᠭᠠᠨ ᠳᠤ ᠤᠷᠤᠯᠴᠠᠭᠴᠢ ᠨᠢ ᠲᠧᠩ ᠰᠢᠶᠦ᠋ᠨ ᠤ ᠬᠤᠷᠠᠯ ᠢᠶᠠᠷ ᠤᠲᠠᠰᠤ ᠵᠠᠯᠭᠠᠵᠤ ᠲᠤᠬᠠᠢ ᠶᠢᠨ ᠲᠠᠯᠠᠪᠠᠢ ᠳᠤ ᠬᠠᠷᠢᠭᠤᠯᠲᠠ ᠥᠭᠴᠡᠢ ᠃ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠰᠢᠯᠭᠠᠷᠠᠭᠤᠯᠤᠯᠲᠠ ᠪᠠᠷ ᠳᠠᠮᠵᠢᠭᠠᠳ ᠂ ᠬᠠᠮᠤᠭ ᠡᠴᠦᠰ ᠲᠤ ᠨᠢᠭᠡᠳᠦᠭᠡᠷ ᠳᠡᠰ ᠤᠨ ᠱᠠᠩᠨᠠᠯ ᠳᠤ 2 ᠨᠡᠷᠡᠰ᠂ ᠬᠤᠶᠠᠳᠤᠭᠠᠷ ᠳᠡᠰ ᠤᠨ ᠱᠠᠩᠨᠠᠯ ᠳᠤ 4 ᠨᠡᠷᠡᠰ᠂ ᠭᠤᠷᠪᠠᠳᠤᠭᠠᠷ ᠳᠡᠰ ᠤᠨ ᠱᠠᠩᠨᠠᠯ ᠳᠤ 6 ᠨᠡᠷᠡᠰ᠂ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠳᠤ 6 ᠨᠡᠷᠡᠰ ᠰᠢᠯᠭᠠᠷᠠᠭᠤᠯᠪᠠ᠃ ︽ ᠨᠠᠷᠢᠮᠤ ᠶᠢᠨ ᠮᠥᠬᠦᠯᠢᠭ ᠤᠨ ᠶᠡᠭᠡ ᠵᠣᠬᠢᠶᠠᠯ᠂ ᠲᠠᠷᠢᠶᠠᠨ ᠭᠠᠵᠠᠷ ᠠᠴᠠ ᠠᠮᠠᠨ ᠳᠤ ᠬᠦᠷᠬᠦ ᠶᠢᠨ ᠬᠥᠭᠵᠢᠭᠦᠯᠦᠨ ᠮᠠᠨᠳᠤᠭᠤᠯᠬᠤ ᠬᠥᠭᠦᠷᠭᠡ ᠶᠢ ᠪᠠᠶᠢᠭᠤᠯᠤᠶ᠎ᠠ︾ ᠂ ︽ ᠰᠢ ᠰᠢᠶᠠᠨ ᠱᠧᠩ ᠰᠢᠯᠢ ᠶᠢᠨ ᠭᠤᠣᠯ ᠠᠶᠢᠮᠠᠭ ᠤᠨ ᠮᠠᠯᠴᠢᠳ ᠤᠨ ᠥᠪᠡᠷ ᠤᠨ ᠡᠯᠧᠺᠲᠷᠣᠨ ᠬᠤᠳᠠᠯᠳᠤᠭᠠᠨ ᠤ ᠲᠠᠪᠴᠠᠩ ︾  ᠨᠢ ᠲᠤᠰ ᠲᠤᠰ ᠦᠢᠯᠡᠳᠪᠦᠷᠢᠯᠡᠯ ᠪᠣᠷᠤᠯᠠᠭᠤᠯᠭ᠎ᠠ ᠶᠢᠨ ᠤᠷᠤᠯᠳᠤᠭᠠᠨ ᠤ ᠵᠠᠮ ᠪᠠ ᠡᠯᠧᠺᠲᠷᠣᠨ ᠬᠤᠳᠠᠯᠳᠤᠭᠠᠨ ᠤ ᠲᠠᠪᠴᠠᠩ ᠤᠨ ᠦᠢᠯᠡᠴᠢᠯᠡᠭᠡᠨ ᠤ ᠤᠷᠤᠯᠳᠤᠭᠠᠨ ᠤ ᠵᠠᠮ ᠤᠨ ᠨᠢᠭᠡᠳᠦᠭᠡᠷ ᠳᠡᠰ ᠤᠨ ᠱᠠᠩᠨᠠᠯ ᠢ ᠬᠦᠷᠲᠡᠵᠡᠢ ᠃ ᠲᠣᠰ ᠤᠳᠠᠭᠠᠨ ᠤ ᠤᠷᠤᠯᠳᠤᠭᠠᠨ ᠢᠶᠠᠷ ᠳᠡᠮᠵᠢᠨ᠂ 4 ᠰᠢᠯᠢᠳᠡᠭ ᠦᠢᠯᠡᠰ ᠴᠣᠭᠴᠠᠯᠠᠬᠤ ᠲᠥᠷᠥᠯ ᠵᠦᠢᠯ ᠢ ᠰᠣᠩᠭᠤᠨ ᠲᠠᠨᠢᠯᠴᠠᠭᠤᠯᠬᠤ ᠪᠣᠯᠣᠨ᠎ᠠ᠂ ᠡᠭᠦᠨ ᠳᠤ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠪᠣᠷᠤᠯᠠᠭᠤᠯᠭ᠎ᠠ ᠶᠢᠨ ᠲᠥᠷᠥᠯ ᠪᠠ ᠲᠠᠪᠴᠠᠩ ᠤᠨ ᠦᠢᠯᠡᠴᠢᠯᠡᠭᠡᠨ ᠤ ᠲᠥᠷᠥᠯ ᠤᠨ 2 ᠲᠥᠷᠥᠯ ᠨᠢ ᠲᠣᠰ ᠲᠣᠰ ᠪᠥᠬᠦ ᠤᠯᠤᠰ ᠤᠨ ᠤᠷᠤᠯᠳᠤᠭᠠᠨ ᠳᠤ ᠣᠷᠣᠯᠴᠠᠨ᠎ᠠ᠃
2.png
 
3.png
      ᠲᠤᠰ ᠬᠤᠭᠤᠴᠠᠭᠠᠨ ᠤ ᠤᠷᠤᠯᠳᠤᠭᠠᠨ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠠᠷ ᠶᠡᠷᠦᠩᠬᠡᠢ ᠭᠠᠷᠳᠠᠴᠠ ᠪᠣᠯᠭᠠᠵᠤ᠂ ᠮᠠᠯᠵᠢᠬᠤ ᠲᠠᠷᠢᠶᠠᠯᠠᠬᠤ ᠣᠷᠣᠨ ᠤ ᠡᠯᠧᠺᠲᠷᠣᠨ ᠬᠤᠳᠠᠯᠳᠤᠭ᠎ᠠ ᠪᠠᠷ ᠠᠳᠠᠯ ᠦᠢᠯᠡᠰ ᠴᠣᠭᠴᠠᠯᠠᠬᠤ ᠲᠥᠷᠥᠯ ᠵᠦᠢᠯ ᠤᠨ ᠳᠠᠭᠠᠭᠤᠯᠤᠭᠴᠢ ᠶᠢ ᠬᠥᠮᠥᠵᠢᠭᠦᠯᠬᠦ ᠠᠵᠢᠯᠯᠠᠭ᠎ᠠ ᠲᠠᠢ ᠨᠢᠭᠲᠠ ᠤᠶᠠᠯᠳᠤᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠡᠯᠧᠺᠲᠷᠣᠨ ᠬᠤᠳᠠᠯᠳᠤᠭ᠎ᠠ ᠪᠠᠷ ᠲᠠᠷᠢᠶᠠᠯᠠᠩ ᠢ ᠲᠤᠰᠠᠯᠠᠬᠤ ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ᠂ ᠤᠷᠤᠯᠳᠤᠭᠠᠨ ᠤ ᠲᠥᠷᠥᠯ ᠵᠦᠢᠯ ᠨᠢ ᠡᠯᠧᠺᠲᠷᠣᠨ ᠬᠤᠳᠠᠯᠳᠣᠭᠠᠨ ᠤ ᠦᠢᠯᠡᠴᠢᠯᠡᠭᠡᠨ ᠤ ᠴᠢᠳᠠᠪᠤᠷᠢ ᠲᠠᠢ ᠪᠠᠶᠢᠬᠤ ᠶᠢᠨ ᠬᠠᠮᠲᠤ᠂ ᠣᠲᠣ ᠦᠶ᠎ᠡ ᠶᠢᠨ  ᠲᠠᠷᠢᠶᠠᠯᠠᠭ᠎ᠠ  ᠲᠡᠵᠢᠭᠡᠨ ᠦᠷᠡᠵᠢᠭᠦᠯᠦᠭᠡ ᠶᠢᠨ ᠲᠥᠷᠥᠯ ᠵᠦᠢᠯ᠂ ᠬᠠᠮᠤᠭ ᠤᠨ ᠰᠢᠨ᠎ᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠬᠡᠷᠡᠭᠯᠡᠭᠰᠡᠨ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠲᠥᠷᠥᠯ ᠵᠦᠢᠯ᠂ ᠪᠣᠬᠢᠷᠳᠤᠯ ᠦᠭᠡᠢ ᠬᠥᠭᠵᠢᠯᠲᠡ ᠶᠢᠨ ᠣᠷᠴᠢᠯ ᠲᠠᠷᠢᠶᠠᠯᠠᠩ ᠤᠨ ᠲᠥᠷᠥᠯ ᠵᠦᠢᠯ ᠵᠡᠷᠭᠡ ᠶᠢ ᠬᠠᠮᠤᠷᠪᠠ᠃ ᠤᠷᠤᠯᠳᠤᠭᠠᠨ ᠳᠤ ᠣᠷᠣᠯᠴᠠᠭᠰᠠᠳ ᠤᠨ ᠢᠷᠡᠯᠲᠡ ᠨᠢ ᠥᠷᠭᠡᠨ ᠪᠠᠶᠢᠵᠤ᠂ ᠨᠤᠲᠤᠭ ᠲᠤ ᠪᠠᠨ ᠪᠤᠴᠠᠭᠰᠠᠨ ᠬᠥᠯᠥᠰᠦᠨ ᠠᠵᠢᠯᠴᠢᠨ᠂ ᠶᠡᠭᠡ ᠰᠤᠷᠭᠠᠭᠤᠯᠢ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠲᠡᠭᠦᠰᠦᠭᠰᠡᠨ ᠰᠣᠷᠣᠭᠴᠢ᠂ ᠰᠢᠨᠵᠢᠯᠡᠬᠦ ᠤᠬᠠᠭᠠᠨ ᠲᠧᠭᠩ ᠮᠡᠷᠭᠡᠵᠢᠯ ᠤᠨ ᠠᠵᠢᠯᠲᠠᠨ᠂ ᠴᠡᠷᠢᠭ ᠠᠴᠠ ᠬᠠᠯᠠᠭᠳᠠᠭᠰᠠᠳ ᠪᠠᠶᠢᠬᠤ ᠮᠥᠷᠲᠡᠭᠡᠨ ᠪᠠᠰᠠ ᠬᠥᠳᠡᠭᠡ ᠲᠣᠰᠬᠤᠨ ᠤ ᠦᠢᠯᠡᠳᠪᠦᠷᠢᠯᠡᠯ ᠡᠵᠡᠩᠨᠡᠯᠲᠡ ᠶᠢᠨ ᠭᠤᠣᠯᠯᠠᠭᠴᠢ ᠬᠦᠴᠦᠨ᠂ ᠪᠠᠰᠠ ᠦᠢᠯᠡᠳᠪᠦᠷᠢ ᠬᠤᠳᠠᠯᠳᠤᠭᠠᠨ ᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠠᠶᠢᠵᠤ᠂ ᠤᠷᠤᠯᠳᠤᠭᠠᠨ ᠳᠤ ᠣᠷᠣᠯᠴᠠᠭᠰᠠᠳ ᠤᠨ ᠪᠡᠶ᠎ᠡ ᠬᠡᠮ ᠤᠨ ᠣᠯᠠᠨ ᠶᠠᠩᠵᠤᠲᠤ ᠴᠢᠨᠠᠷ ᠢ ᠢᠯᠡᠷᠡᠭᠦᠯᠦᠭᠰᠡᠨ ᠪᠠᠶᠢᠨ᠎ᠠ᠃ ᠤᠷᠤᠯᠳᠤᠭᠠᠨ ᠳᠤ ᠣᠷᠣᠯᠴᠠᠭᠰᠠᠳ ᠪᠦᠲᠦᠭᠡᠯᠴᠢ ᠰᠡᠳᠬᠢᠮᠵᠢ ᠪᠠᠨ ᠦᠵᠡᠯᠴᠡᠵᠦ ᠂ ᠠᠪᠢᠶᠠᠰ ᠪᠢᠯᠢᠭ ᠢᠶᠠᠨ ᠬᠥᠪᠴᠢᠯᠡᠵᠦ ᠂ ᠬᠡᠪ ᠵᠠᠭᠪᠤᠷ ᠢᠶᠠᠨ ᠬᠤᠪᠢᠶᠠᠯᠴᠠᠵᠤ᠂ ᠴᠢᠳᠠᠪᠤᠷᠢᠲᠠᠨ ᠴᠤᠭᠯᠠᠷᠠᠵᠤ᠂ ᠦᠷᠢᠰᠦᠯᠳᠦᠭᠡᠨ ᠬᠤᠷᠴᠠ ᠰᠢᠷᠦᠭᠦᠨ ᠪᠠᠶᠢᠯ᠎ᠠ᠃      ᠮᠠᠯᠵᠢᠬᠤ ᠲᠠᠷᠢᠶᠠᠯᠠᠬᠤ ᠣᠷᠣᠨ ᠤ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠨᠢ ᠨᠢᠭᠡᠨᠲᠡ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠰᠢᠨ᠎ᠡ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠴᠢᠬᠤᠯᠠ ᠭᠠᠷᠳᠠᠴᠠ ᠪᠣᠯᠵᠤ᠂ ᠬᠥᠭᠵᠢᠯᠲᠡ ᠶᠢᠨ ᠣᠷᠣᠨ ᠵᠠᠢ ᠥᠷᠭᠡᠨ ᠠᠭᠤᠳᠠᠮ᠂ ᠳᠠᠯᠳᠠ ᠬᠦᠴᠦᠨ ᠯᠤᠲᠤ ᠶᠡᠭᠡ ᠪᠠᠶᠢᠨ᠎ᠠ᠃ 2022 ᠣᠨ ᠤ ︽ ᠰᠢᠨ᠎ᠡ ᠶᠢ ᠡᠭᠦᠳᠴᠦ ᠬᠦᠳᠡᠯᠭᠡᠬᠦ ᠬᠦᠴᠦᠨ ᠢ ᠨᠡᠮᠡᠭᠳᠡᠭᠦᠯᠬᠦ ᠂ ᠦᠢᠯᠡᠰ ᠪᠣᠰᠬᠠᠵᠤ ᠠᠵᠢᠯ ᠣᠯᠭᠤᠯᠲᠠ ᠶᠢ ᠠᠬᠢᠭᠤᠯᠬᠤ ︾  ᠪᠠᠷ ᠭᠤᠣᠯ ᠰᠡᠳᠦᠪ ᠪᠣᠯᠭᠠᠭᠰᠠᠨ ᠪᠦᠬᠦ ᠤᠯᠤᠰ ᠤᠨ ᠤᠯᠠᠨ ᠢᠶᠠᠷ ᠢᠶᠠᠨ ᠦᠢᠯᠡᠰ ᠪᠣᠰᠬᠠᠵᠤ ᠨᠡᠶᠢᠲᠡ ᠪᠠᠷ ᠢᠶᠠᠨ ᠰᠢᠨ᠎ᠡ ᠶᠢ ᠡᠭᠦᠳᠬᠦ ᠠᠵᠢᠯᠯᠠᠭ᠎ᠠ ᠶᠢᠨ ᠭᠠᠷᠠᠭ 9 ᠰᠠᠷ᠎ᠠ ᠶᠢᠨ 15  ᠤ ᠡᠳᠦᠷ ᠠᠴᠠ 21  ᠤ ᠡᠳᠦᠷ ᠪᠣᠯᠲᠠᠯ᠎ᠠ ᠶᠠᠪᠤᠭᠳᠠᠵᠤ ᠂ ᠪᠦᠬᠦ ᠤᠯᠤᠰ ᠤᠨ ᠬᠤᠣᠰ ᠡᠭᠦᠳᠦᠯᠲᠡ ᠶᠢᠨ ᠲᠠᠰᠢᠷᠠᠮ ᠢᠶᠠᠷ ᠂ ᠪᠢᠳᠡ ᠴᠠᠭ ᠦᠶ᠎ᠡ ᠶᠢᠨ ᠠᠯᠬᠤᠮ ᠠᠴᠠ ᠰᠠᠯᠤᠯ ᠦᠭᠡᠢ ᠳᠠᠭᠠᠵᠤ ᠂ ᠦᠢᠯᠡᠰ ᠪᠣᠰᠬᠠᠵᠤ ᠰᠢᠨ᠎ᠡ ᠶᠢ ᠡᠭᠦᠳᠬᠦ ᠥᠷᠨᠢᠯᠲᠡ ᠶᠢ ᠬᠥᠭᠵᠢᠭᠡᠬᠦ ᠳᠤ ᠬᠦᠴᠦᠨ ᠴᠢᠳᠠᠯ ᠢᠶᠠᠨ ᠡᠷᠭᠦᠶ᠎ᠡ᠃ ᠲᠣᠰ ᠤᠳᠠᠭᠠᠨ ᠤ ᠤᠷᠤᠯᠳᠤᠭᠠᠨ ᠢ ᠡᠷᠭᠢᠯᠡᠭᠰᠡᠨ ᠨᠢ ᠥᠪᠥᠷ ᠮᠣᠩᠭᠤᠯ ᠤᠨ ᠮᠠᠯᠵᠢᠬᠤ ᠲᠠᠷᠢᠶᠠᠯᠠᠬᠤ ᠣᠷᠣᠨ ᠤ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠨ ᠦᠵᠡᠭᠦᠯᠭᠡ ᠶᠢᠨ ᠲᠠᠪᠴᠠᠩ᠂ ᠤᠷᠮᠠᠰᠢᠭᠤᠯᠤᠨ ᠵᠣᠷᠢᠭᠵᠢᠭᠤᠯᠬᠤ ᠥᠯᠢᠭᠡᠷ ᠤᠨ ᠶᠠᠷᠢᠶᠠᠨ ᠤ ᠲᠠᠪᠴᠠᠩ᠂ ᠪᠦᠲᠦᠭᠡᠯᠴᠢ ᠦᠵᠡᠯᠴᠡᠭᠡᠨ ᠤ ᠤᠷᠤᠯᠳᠤᠭᠠᠨ ᠤ ᠲᠠᠪᠴᠠᠩ ᠢ ᠪᠠᠶᠢᠭᠤᠯᠵᠤ᠂ ᠰᠢᠨ᠎ᠡ ᠪᠦᠲᠦᠭᠡᠯᠴᠢ ᠠᠪᠢᠶᠠᠰ ᠪᠢᠯᠢᠭ᠂ ᠰᠢᠨ᠎ᠡ ᠮᠡᠷᠭᠡᠵᠢᠯ ᠤᠨ ᠦᠷ᠎ᠡ ᠪᠦᠲᠦᠭᠡᠯ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠲᠥᠷᠥᠯ ᠬᠡᠯᠪᠡᠷᠢ ᠶᠢ ᠬᠤᠷᠠᠮᠳᠤᠭᠤᠯᠤᠨ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠵᠡᠢ᠃ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠵᠤ ᠂ ︽ ᠢᠨᠲ᠋ᠧᠷ ᠰᠦᠯᠵᠢᠶ᠎ᠡ ︾ + ︽ ᠲᠣᠭᠠᠴᠢᠯᠠᠯᠲᠠ ︾ ᠵᠡᠷᠭᠡ ᠬᠥᠭᠵᠢᠯᠲᠡ ᠶᠢᠨ ᠠᠵᠠ ᠲᠣᠬᠢᠶᠠᠯ ᠢ ᠠᠰᠢᠭᠯᠠᠵᠤ ᠂ ᠤᠯᠠᠮᠵᠢᠯᠠᠯᠲᠤ ᠲᠠᠷᠢᠶᠠᠯᠠᠩ ᠮᠠᠯ ᠠᠵᠤ ᠠᠬᠤᠢ ᠶᠢᠨ ᠣᠶᠤᠨᠴᠢᠯᠠᠯᠲᠠ ᠂ ᠬᠥᠳᠡᠭᠡ ᠲᠣᠰᠬᠤᠨ ᠤ ᠵᠠᠰᠠᠯᠲᠠ ᠶᠢᠨ ᠣᠳᠣᠬᠢᠴᠢᠯᠠᠯᠲᠠ ᠶᠢ ᠪᠦᠲᠦᠮᠵᠢᠲᠡᠢ ᠠᠬᠢᠭᠤᠯᠵᠤ ᠂ ᠬᠥᠳᠡᠭᠡ ᠲᠣᠰᠬᠤᠨ ᠤ ᠠᠵᠤ ᠠᠬᠤᠢ ᠶᠢᠨ ᠬᠥᠭᠵᠢᠯᠲᠡ ᠳᠤ ᠳᠡᠭᠦᠯᠢᠨ ᠨᠢᠰᠬᠦ ᠵᠢᠭᠦᠷ ᠤᠷᠭᠤᠭᠤᠯᠵᠤ ᠂ ᠮᠠᠯᠵᠢᠬᠤ ᠲᠠᠷᠢᠶᠠᠯᠠᠬᠤ ᠣᠷᠣᠨ ᠤ ᠠᠳᠠᠯ ᠦᠢᠯᠡᠰ ᠪᠣᠰᠬᠠᠬᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠵᠦ ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠵᠤ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠨᠢ ᠯᠠᠪᠲᠠᠢ ᠶᠤᠮ ᠃ 
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号