ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ︽ᠲᠠᠪᠤᠨ ᠦᠨᠳᠦᠰᠦᠨ ᠵᠦᠢᠯ ᠢ ᠶᠡᠭᠡ ᠪᠠᠷ ᠡᠬᠢᠯᠡᠭᠦᠯᠬᠦ︾ ᠠᠵᠢᠯᠯᠠᠭ᠎ᠠ ᠶᠢ ᠠᠬᠢᠭᠤᠯᠤᠭᠰᠠᠨ ᠪᠠᠶᠢᠳᠠᠯ ᠳᠤ ᠲᠤᠰᠬᠠᠢ ᠲᠣᠭᠤᠷᠢᠨ ᠪᠠᠶᠢᠴᠠᠭᠠᠯᠲᠠ ᠦᠷᠨᠢᠭᠦᠯᠦᠨ᠎ᠡ
ᠨᠡᠶᠢᠲᠡᠯᠡᠭᠰᠡᠨ ᠴᠠᠭ᠄
2022/9/20
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠯᠲᠡᠢ ᠲᠣᠬᠢᠷᠠᠭᠤᠯᠭ᠎ᠠ ᠪᠠᠷ ᠂ 2022 ᠣᠨ ᠤ 9 ᠰᠠᠷ᠎ᠠ ᠶᠢᠨ 17  ᠤ ᠡᠳᠦᠷ ᠠᠴᠠ 10 ᠰᠠᠷ᠎ᠠ ᠶᠢᠨ 16  ᠤ ᠡᠳᠦᠷ ᠪᠣᠯᠲᠠᠯ᠎ᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ︽ ᠲᠠᠪᠤᠨ ᠦᠨᠳᠦᠰᠦᠨ ᠵᠦᠢᠯ ᠢ ᠶᠡᠭᠡ ᠪᠠᠷ ᠡᠬᠢᠯᠡᠭᠦᠯᠬᠦ ︾ ᠠᠵᠢᠯᠯᠠᠭ᠎ᠠ ᠶᠢ ᠠᠬᠢᠭᠤᠯᠤᠭᠰᠠᠨ ᠪᠠᠶᠢᠳᠠᠯ ᠳᠤ ᠲᠤᠰᠬᠠᠢ ᠲᠣᠭᠤᠷᠢᠨ ᠪᠠᠶᠢᠴᠠᠭᠠᠯᠲᠠ ᠦᠷᠨᠢᠭᠦᠯᠦᠨ᠎ᠡ ᠃ ᠲᠣᠭᠤᠷᠢᠨ ᠪᠠᠶᠢᠴᠠᠭᠠᠬᠤ ᠬᠤᠭᠤᠴᠠᠭᠠᠨ ᠳᠤ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ︽ᠲᠠᠪᠤᠨ ᠦᠨᠳᠦᠰᠦᠨ ᠵᠦᠢᠯ ᠢ ᠶᠡᠭᠡ ᠪᠠᠷ ᠡᠬᠢᠯᠡᠭᠦᠯᠬᠦ︾ ᠠᠵᠢᠯᠯᠠᠭ᠎ᠠ ᠶᠢᠨ ᠠᠵᠢᠯ ᠢ ᠠᠬᠢᠭᠤᠯᠤᠭᠰᠠᠨ ᠪᠠᠶᠢᠳᠠᠯ᠂ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ᠂ ᠡᠭᠦᠷᠭᠡᠯᠡᠨ ᠭᠦᠢᠴᠡᠳᠬᠡᠭᠰᠡᠨ ᠪᠠᠶᠢᠳᠠᠯ ᠵᠡᠷᠭᠡ ᠶᠢ ᠭᠤᠣᠯᠳᠠᠯᠭ᠎ᠠ ᠲᠠᠢ ᠣᠶᠢᠯᠠᠭᠠᠵᠤ᠂ ᠭᠤᠣᠯᠳᠠᠭᠤ ︽ᠲᠠᠪᠤᠨ ᠦᠨᠳᠦᠰᠦᠨ ᠵᠦᠢᠯ ᠢ ᠶᠡᠭᠡ ᠪᠠᠷ ᠡᠬᠢᠯᠡᠭᠦᠯᠬᠦ︾ ᠠᠵᠢᠯᠯᠠᠭ᠎ᠠ ᠶᠢᠨ ᠬᠠᠮᠢᠶ᠎ᠠ ᠪᠦᠬᠦᠢ ᠠᠰᠠᠭᠤᠳᠠᠯ ᠤᠨ ᠲᠤᠰᠬᠠᠯ ᠢ ᠭᠥᠯᠢᠶᠡᠨ ᠠᠪᠴᠤ ᠰᠢᠢᠳᠪᠦᠷᠢᠯᠡᠬᠦ ᠪᠣᠯᠣᠨ᠎ᠠ ᠃ ᠲᠣᠭᠤᠷᠢᠨ ᠪᠠᠶᠢᠴᠠᠭᠠᠯᠲᠠ ᠶᠢᠨ ᠭᠥᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠪᠠᠭᠲᠠᠬᠤ ᠦᠭᠡᠢ ᠪᠤᠰᠤᠳ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠲᠠᠯ᠎ᠠ ᠶᠢᠨ ᠬᠢᠨ ᠳᠤ ᠲᠤᠰᠢᠶᠠᠵᠤ ᠨᠠᠷᠢᠨ ᠬᠢᠨᠠᠮᠠᠭᠠᠢ ᠰᠢᠢᠳᠪᠦᠷᠢᠯᠡᠭᠦᠯᠦᠨ᠎ᠡ ᠃      ᠲᠣᠭᠤᠷᠢᠨ ᠪᠠᠶᠢᠴᠠᠭᠠᠬᠤ ᠬᠤᠭᠤᠴᠠᠭᠠᠨ ᠳᠤ ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠲᠤᠰᠬᠠᠢ ᠵᠢᠵᠢᠭᠦᠷᠯᠡᠬᠦ ᠤᠲᠠᠰᠤ ᠲᠣᠬᠢᠷᠠᠭᠤᠯᠪᠠ ᠄ 0471 - 3250097 ᠂ ᠡᠳᠦᠷ ᠪᠦᠷᠢ ᠶᠢᠨ ᠭᠥᠯᠢᠶᠡᠨ ᠠᠪᠴᠤ ᠰᠢᠢᠳᠪᠦᠷᠢᠯᠡᠬᠦ ᠴᠠᠭ ᠨᠢ 8 ᠄ 00  ᠠᠴᠠ 18 ᠄ 00 ᠪᠣᠯᠣᠨ᠎ᠠ ︔ ᠰᠢᠤᠳᠠᠨ ᠢᠶᠠᠷ ᠢᠯᠡᠭᠡᠬᠦ ᠵᠠᠬᠢᠳᠠᠯ ᠤᠨ ᠬᠠᠶᠢᠷᠴᠠᠭ᠄ ᠥᠪᠥᠷ ᠮᠣᠩᠭᠤᠯ ᠤᠨ ᠬᠥᠬᠡᠬᠤᠲᠠ ᠶᠢᠨ A928 ᠳ᠋ᠤᠭᠠᠷ ᠨᠣᠮᠧᠷ︔ ᠢᠮᠧᠯ ᠄ xssz2002@163.com  ︔ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠰᠣᠷᠪᠤᠯᠵᠢᠯᠠᠭ᠎ᠠ ᠶᠢ ᠭᠥᠯᠢᠶᠡᠨ ᠠᠪᠬᠤ ᠭᠠᠵᠠᠷ ᠄ ᠬᠥᠬᠡᠬᠤᠲᠠ ᠶᠢᠨ ᠤᠯᠠᠭᠠᠨ ᠶᠡᠭᠡ ᠪᠠᠭᠤᠳᠠᠯ ᠤᠨ A8008 ᠦᠷᠦᠭᠡ ᠃ ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠠᠯᠪᠠᠯᠠᠬᠤ ᠠᠰᠠᠷ ᠤᠨ ᠭᠤᠣᠯ ᠡᠭᠦᠳᠡᠨ ᠤ ᠪᠠᠷᠠᠭᠤᠨ ᠲᠠᠯ᠎ᠠ ᠳᠤ ᠂ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠤᠨ ᠠᠯᠪᠠᠯᠠᠬᠤ ᠠᠰᠠᠷ ᠤᠨ ᠬᠤᠶᠠᠳᠤᠭᠠᠷ ᠳᠠᠪᠬᠤᠷᠯᠢᠭ ᠠᠴᠠ ᠭᠤᠷᠪᠠᠳᠤᠭᠠᠷ ᠳᠠᠪᠬᠤᠷᠯᠢᠭ ᠲᠡᠶᠢᠰᠢ ᠡᠷᠭᠢᠬᠦ ᠭᠠᠵᠠᠷ ᠲᠤ ᠂ ᠥᠪᠡᠷᠲᠡᠭᠡᠨ ᠵᠠᠰᠠᠬᠤ ᠣᠷᠣᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠤᠨ ᠠᠯᠪᠠᠯᠠᠬᠤ ᠠᠰᠠᠷ ᠤᠨ ᠨᠢᠭᠡᠳᠦᠭᠡᠷ ᠳᠠᠪᠬᠤᠷᠯᠢᠭ   ᠠᠴᠠ ᠬᠤᠶᠠᠳᠤᠭᠠᠷ ᠳᠠᠪᠬᠤᠷᠯᠢᠭ ᠲᠡᠶᠢᠰᠢ ᠡᠷᠭᠢᠬᠦ ᠭᠠᠵᠠᠷ ᠲᠤ ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠠᠯᠪᠠᠯᠠᠬᠤ ᠠᠰᠠᠷ ᠤᠨ ᠨᠢᠭᠡᠳᠦᠭᠡᠷ ᠳᠠᠪᠬᠤᠷᠯᠢᠭ ᠤᠨ ᠶᠡᠭᠡ ᠲᠢᠩᠬᠢᠮ ᠤᠨ ᠪᠠᠷᠠᠭᠤᠨ ᠲᠠᠯ᠎ᠠ ᠳᠤ ᠬᠠᠷᠢᠯᠴᠠᠬᠤ ᠵᠠᠬᠢᠳᠠᠯ ᠤᠨ ᠬᠠᠶᠢᠷᠴᠠᠭ ᠲᠣᠬᠢᠷᠠᠭᠤᠯᠤᠨ᠎ᠠ᠃ ᠵᠠᠬᠢᠳᠠᠯ ᠰᠣᠷᠪᠤᠯᠵᠢᠯᠠᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠴᠠᠭ ᠨᠢ 10 ᠰᠠᠷ᠎ᠠ ᠶᠢᠨ 16 ᠤ ᠡᠳᠦᠷ ᠳᠠᠭᠤᠰᠣᠨ᠎ᠠ᠃ 
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号