ᠠᠮᠢᠲᠠᠨ ᠤ ᠭᠡᠮ ᠬᠢᠵᠢᠭ ᠢ ᠰᠡᠷᠭᠡᠶᠢᠯᠡᠨ ᠵᠠᠰᠠᠬᠤ ᠠᠵᠢᠯᠳᠠᠨ ᠤ ᠤᠷᠤᠯᠳᠤᠭᠠᠨ ᠬᠥᠬᠡᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2022/9/20
      ᠥᠪᠡᠷᠲᠡᠭᠡᠨ ᠵᠠᠰᠠᠬᠤ ᠣᠷᠣᠨ ᠤ ᠲᠠᠪᠤᠳᠤᠭᠠᠷ ᠬᠤᠭᠤᠴᠠᠭᠠᠨ ᠤ ᠠᠮᠢᠲᠠᠨ ᠤ ᠭᠡᠮ ᠬᠢᠵᠢᠭ ᠢ ᠰᠡᠷᠭᠡᠶᠢᠯᠡᠨ ᠵᠠᠰᠠᠬᠤ ᠠᠵᠢᠯᠳᠠᠨ ᠤ ᠤᠷᠤᠯᠳᠤᠭᠠᠨ ᠲᠦᠷᠦᠬᠦᠬᠡᠨ ᠬᠥᠬᠡᠬᠤᠲᠠ ᠳᠤ ᠶᠠᠪᠤᠭᠳᠠᠪᠠ᠃ ᠣᠶᠢᠯᠠᠭᠠᠭᠰᠠᠨ ᠢᠶᠠᠷ᠂ ᠲᠤᠰ ᠤᠷᠤᠯᠳᠤᠭᠠᠨ ᠤ ᠲᠦᠷᠦᠭᠦᠦ ᠭᠤᠷᠪᠠ ᠳᠤ ᠤᠷᠤᠭᠰᠠᠳ ᠨᠢ ᠥᠪᠡᠷᠲᠡᠭᠡᠨ ᠵᠠᠰᠠᠬᠤ ᠣᠷᠣᠨ ᠢ ᠲᠥᠯᠥᠭᠡᠯᠡᠨ ᠪᠦᠬᠦ ᠤᠯᠤᠰ ᠤᠨ ᠰᠢᠢᠳᠪᠦᠷᠢᠲᠦ ᠤᠷᠤᠯᠳᠤᠭᠠᠨ ᠳᠤ ᠣᠷᠣᠯᠴᠠᠬᠤ ᠪᠤᠯᠤᠨ᠎ᠠ᠃      ᠲᠤᠰ ᠤᠳᠠᠭ᠎ᠠ ᠶᠢᠨ ᠤᠷ᠎ᠠ ᠮᠡᠷᠭᠡᠵᠢᠯ ᠤᠨ ᠤᠷᠤᠯᠳᠤᠭᠠᠨ ᠪᠣᠯ ᠮᠠᠨ ᠤ ᠣᠷᠣᠨ ᠤ ᠡᠷᠬᠢᠯᠡᠭᠰᠡᠨ ᠨᠢᠭᠡ ᠤᠳᠠᠭ᠎ᠠ ᠶᠢᠨ ᠡᠷᠬᠡ ᠰᠦᠷᠲᠦ ᠴᠢᠨᠠᠷᠲᠠᠢ᠂ ᠲᠤᠰᠬᠠᠢ ᠮᠡᠷᠭᠡᠵᠢᠯ ᠤᠨ ᠴᠢᠨᠠᠷᠲᠠᠢ ᠤᠷᠤᠯᠳᠤᠭᠠᠨ ᠪᠤᠯᠤᠨ᠎ᠠ᠂ ᠬᠡᠪᠴᠢᠶ᠎ᠡ ᠨᠢ ᠦᠷᠬᠡᠨ ᠲᠠᠯᠬᠡᠷ ᠤᠷᠤᠯᠳᠤᠭᠠᠨ ᠤ ᠳᠡᠰ ᠨᠢ ᠦᠨᠳᠤᠷ ᠪᠠᠶᠢᠵᠤ ᠂ ᠪᠦᠷ ᠤᠷᠢᠳᠤ ᠡᠮᠦᠨ᠎ᠡ ᠪᠠᠶᠢᠭ᠎ᠠ ᠦᠭᠡᠢ ᠲᠦᠪᠰᠢᠨ ᠳᠤ ᠬᠦᠷᠴᠠᠢ᠃ ᠤᠷᠤᠯᠳᠤᠭᠠᠨ ᠤ ᠠᠬᠤᠢ ᠲᠠᠯᠠᠪᠤᠷ ᠲᠤ ᠂ ᠤᠷᠤᠯᠳᠤᠭᠠᠨ ᠳᠤ ᠣᠷᠣᠯᠴᠠᠭᠰᠠᠳ ᠯᠠᠪᠳᠠᠭᠤᠨ ᠪᠠᠲᠤᠲᠠᠢ ᠮᠡᠷᠭᠡᠵᠢᠯ ᠤᠨ ᠰᠠᠭᠤᠷᠢ᠂ ᠬᠡᠲᠦᠶᠢᠲᠦᠭᠰᠡᠨ ᠮᠡᠷᠭᠡᠵᠢᠯ ᠤᠨ ᠲᠦᠪᠰᠢᠨ ᠵᠢᠴᠢ ᠡᠯᠪᠡᠭ ᠪᠠᠶᠠᠯᠢᠭ ᠠᠵᠢᠯ ᠤᠨ ᠲᠤᠷᠰᠢᠯᠭ᠎ᠠ ᠪᠠ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠢᠯᠡᠷᠡᠭᠦᠯᠵᠦ᠂ ᠮᠠᠨ ᠤ ᠣᠷᠣᠨ ᠤ ᠠᠮᠢᠲᠠᠨ ᠤ ᠭᠡᠮ ᠬᠢᠵᠢᠭ ᠢ ᠰᠡᠷᠭᠡᠶᠢᠯᠡᠨ ᠵᠠᠰᠠᠬᠤ ᠠᠵᠢᠯᠳᠠᠨ ᠤ ᠴᠤᠭ ᠵᠢᠪᠬᠤᠭ᠎ᠠ ᠶᠢ ᠭᠦᠢᠴᠡᠳ ᠢᠯᠡᠷᠡᠭᠦᠯᠪᠡ᠃ ᠳᠤᠰ ᠤᠷᠤᠯᠳᠤᠭᠠᠨ ᠢ ᠶᠠᠪᠤᠭᠳᠠᠭᠤᠯᠤᠭᠰᠠᠨ ᠵᠣᠷᠢᠯᠭ᠎ᠠ ᠪᠣᠯ ᠤᠷᠠᠨ ᠳᠠᠷᠬᠠᠨ ᠤ ᠵᠣᠷᠢᠭ ᠰᠠᠨᠠᠭ᠎ᠠ ᠶᠢ ᠰᠠᠶᠢᠳᠤᠷ ᠪᠠᠳᠠᠷᠠᠭᠤᠯᠵᠤ᠂ ᠮᠠᠯ ᠠᠵᠤ ᠠᠬᠤᠢ ᠲᠠᠷᠢᠶᠠᠯᠠᠩ ᠤᠨ ᠳᠡᠭᠡᠳᠦ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠪᠠ ᠰᠣᠩᠭᠤᠨ ᠳᠡᠪᠰᠢᠭᠦᠯᠬᠦ ᠶᠢ ᠴᠢᠨᠠᠭᠰᠢᠲᠠ ᠲᠦᠷᠭᠡᠳᠭᠡᠨ᠂ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠪᠦᠬᠦᠢ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠬᠤ ᠶᠢᠨ ᠲᠥᠯᠥᠭᠡ ᠶᠤᠮ ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号