ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ︽ᠨᠠᠮ ᠤᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠨ ᠰᠢᠨ᠎ᠡ ᠴᠠᠭ ᠦᠶ᠎ᠡ ᠳᠤ ᠭᠠᠪᠢᠶ᠎ᠠ ᠵᠢᠳᠬᠦᠯ ᠢᠶᠠᠨ ᠨᠡᠮᠡᠷᠢᠯᠡᠶ᠎ᠡ︾ ᠭᠡᠬᠦ ᠭᠤᠤᠯ ᠰᠡᠳᠦᠪᠳᠦ ᠮᠡᠳᠡᠯᠭᠡ ᠶᠢᠨ ᠤᠷᠤᠯᠳᠤᠭᠠᠨ ᠶᠠᠪᠤᠭᠤᠯᠪᠠ
ᠨᠡᠶᠢᠲᠡᠯᠡᠭᠰᠡᠨ ᠴᠠᠭ᠄
2022/9/26
      ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠵᠤ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠤᠨ ᠰᠢᠰᠲ᠋ᠧᠮ ᠤᠨ ᠥᠷᠭᠡᠨ ᠣᠯᠠᠨ ᠺᠠᠳ᠋ᠷᠴᠤᠳ ᠢ ᠤᠯᠠᠮ ᠨᠢᠭᠡ ᠠᠯᠬᠤᠮ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠶᠡᠷᠦᠩᠬᠡᠢ ᠱᠦᠵᠢ ᠰᠢ ᠶᠢᠨ ᠫᠢᠩ ᠤᠨ ︽ ᠲᠠᠷᠢᠶᠠᠯᠠᠩ ᠲᠠᠷᠢᠶᠠᠯᠠᠬᠤ ᠣᠷᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠬᠤ ᠶᠢᠨ ᠲᠥᠯᠥᠭᠡ᠂ 9 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠤᠨ ᠪᠠᠶᠢᠭᠤᠯᠭ᠎ᠠ ᠶᠢᠨ ᠨᠠᠮ ᠤᠨ ᠬᠤᠷᠢᠶ᠎ᠠ᠂ ᠡᠪᠯᠡᠯ ᠤᠨ ᠬᠤᠷᠢᠶ᠎ᠠ᠂ ᠵᠠᠯᠠᠭᠤᠴᠤᠳ ᠤᠨ ᠠᠵᠢᠯ ᠤᠨ ᠬᠤᠷᠢᠶ᠎ᠠ ︽ ᠨᠠᠮ ᠤᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠨ  ᠰᠢᠨ᠎ᠡ ᠴᠠᠭ ᠦᠶ᠎ᠡ ᠳᠤ ᠭᠠᠪᠢᠶ᠎ᠠ ᠵᠢᠳᠬᠦᠯ ᠢᠶᠠᠨ ᠨᠡᠮᠡᠷᠢᠯᠡᠶ᠎ᠡ︾ ᠭᠡᠬᠦ ᠭᠤᠤᠯ ᠰᠡᠳᠦᠪᠳᠦ ᠮᠡᠳᠡᠯᠭᠡ ᠶᠢᠨ ᠤᠷᠤᠯᠳᠤᠭᠠᠨ ᠶᠠᠪᠤᠭᠤᠯᠪᠠ᠃
图片1.png
 
图片2.png
 ᠲᠤᠰ ᠤᠳᠠᠭᠠᠨ ᠤ ᠮᠡᠳᠡᠯᠭᠡ ᠶᠢᠨ ᠤᠷᠤᠯᠳᠤᠭᠠᠨ ᠨᠢ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠂ ᠰᠢ ᠶᠢᠨ ᠫᠢᠩ ᠨᠥᠬᠦᠷ ᠤᠨ︽ ︿ ᠲᠠᠷᠢᠶᠠᠯᠠᠩ ᠲᠠᠷᠢᠶᠠᠯᠠᠬᠤ ᠣᠷᠤᠨ ᠲᠠᠷᠢᠶᠠᠴᠢᠨ ﹀ ᠤ ᠠᠵᠢᠯ ᠤᠨ ᠲᠤᠬᠠᠢ ᠥᠭᠦᠯᠡᠬᠦ ᠨᠢ ︾ ᠪᠠ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠤᠨ ᠮᠠᠯᠴᠢᠨ ᠲᠠᠷᠢᠶᠠᠴᠢᠨ ᠤ ᠠᠵᠢᠯ ᠵᠡᠷᠭᠡ ᠠᠭᠤᠯᠭ᠎ᠠ ᠪᠠᠷ ᠭᠤᠣᠯᠳᠠᠭᠤᠯᠵᠤ ᠂ ᠵᠠᠪᠠᠯ ᠬᠠᠷᠢᠭᠤᠯᠬᠤ ᠰᠡᠳᠦᠪ ᠂ ᠥᠷᠢᠰᠦᠯᠳᠦᠬᠦ ᠰᠡᠳᠦᠪ ᠂ ᠵᠠᠪᠳᠤᠨ ᠬᠠᠷᠢᠭᠤᠯᠬᠤ ᠰᠡᠳᠦᠪ ᠂ ᠲᠦᠭᠰᠢᠭᠦᠷᠢ ᠶᠢᠨ ᠰᠡᠳᠦᠪ ᠤᠨ ᠤᠷᠤᠯᠳᠤᠭᠠᠨ ᠤ ᠭᠤᠭᠴᠤᠭ᠎ᠠ ᠶᠢ ᠶᠠᠪᠤᠭᠳᠠᠭᠤᠯᠵᠤ ᠂ ᠨᠡᠶᠢᠳᠡ 12 ᠡᠩᠨᠡᠭᠡ ᠤᠷᠤᠯᠳᠤᠭᠠᠨ ᠳᠤ ᠣᠷᠣᠯᠴᠠᠵᠠᠢ ᠃ ᠤᠷᠤᠯᠳᠤᠭᠠᠨ ᠤ ᠲᠠᠯᠠᠪᠠᠢ ᠳᠤ ᠂ ᠭᠡᠰᠢᠭᠦᠳ ᠪᠦᠯᠬᠦᠮᠳᠡᠨ ᠬᠠᠮᠵᠢᠯᠴᠠᠵᠤ ᠂ ᠯᠠᠪᠳᠠᠭᠤᠨ ᠲᠣᠭᠲᠠᠭᠤᠨ ᠢᠶᠠᠷ ᠰᠡᠳᠬᠢᠵᠦ ᠂ ᠯᠠᠪᠳᠠᠭᠤᠨ ᠲᠣᠭᠲᠠᠭᠤᠨ ᠢᠶᠠᠷ ᠬᠠᠷᠢᠭᠤᠯᠵᠤ ᠂ ᠭᠤᠶᠢᠳᠠ ᠰᠠᠶᠢᠬᠠᠨ ᠦᠵᠡᠭᠳᠡᠯ ᠤᠳᠠᠭ᠎ᠠ ᠳᠠᠷᠠᠭᠠᠯᠠᠨ ᠢᠯᠡᠷᠡᠨ ᠂ ᠦᠵᠡᠭᠴᠢᠳ ᠴᠦ ᠢᠳᠡᠪᠬᠢᠲᠡᠢ ᠣᠷᠣᠯᠴᠠᠵᠤ ᠂ ᠬᠦᠷ ᠬᠥᠭᠵᠢᠶᠡᠨᠲᠡᠢ ᠬᠥᠳᠡᠯᠦᠯᠴᠡᠵᠦ ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠪᠠᠴᠢᠮ ᠶᠠᠭᠠᠷᠠᠯᠲᠠᠢ ᠡᠮᠬᠢ ᠳᠢᠭᠯᠢᠮ ᠲᠠᠢ ᠪᠠᠶᠢᠯ᠎ᠠ᠃ ᠡᠯ᠎ᠡ ᠲᠥᠯᠥᠭᠡᠯᠡᠭᠴᠢᠳ ᠤᠨ ᠠᠩᠭᠢ ᠰᠢᠷᠦᠭᠦᠨ ᠥᠷᠢᠰᠦᠯᠳᠦᠭᠡᠨ ᠢᠶᠠᠷ ᠳᠠᠮᠵᠢᠨ ᠂ ᠬᠠᠮᠤᠭ ᠡᠴᠦᠰ ᠲᠤ ᠨᠢᠭᠡᠳᠦᠭᠡᠷ ᠳᠡᠰ ᠤᠨ ᠱᠠᠩᠨᠠᠯ 1 ᠨᠡᠷᠡᠰ ᠂ ᠬᠤᠶᠠᠳᠤᠭᠠᠷ ᠳᠡᠰ ᠤᠨ ᠱᠠᠩᠨᠠᠯ 2 ᠨᠡᠷᠡᠰ ᠂ ᠭᠤᠷᠪᠠᠳᠤᠭᠠᠷ ᠳᠡᠰ ᠤᠨ ᠱᠠᠩᠨᠠᠯ 3 ᠨᠡᠷᠡᠰ ᠳᠤᠳᠤᠷᠠᠵᠠᠢ ᠃ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠬᠤᠶᠠᠳᠤᠭᠠᠷ ᠠᠩᠭᠢ ᠨᠢᠭᠡᠳᠦᠭᠡᠷ ᠳᠡᠰ ᠤᠨ ᠱᠠᠩᠨᠠᠯ ᠬᠦᠷᠲᠡᠵᠦ᠂ ᠲᠢᠩᠬᠢᠮ ᠤᠨ ᠪᠠᠶᠢᠭᠤᠯᠭ᠎ᠠ ᠶᠢᠨ ᠨᠢᠭᠡᠳᠦᠭᠡᠷ ᠠᠩᠭᠢ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠬᠤᠶᠠᠳᠤᠭᠠᠷ ᠳᠡᠰ ᠤᠨ ᠱᠠᠩᠨᠠᠯ ᠬᠦᠷᠲᠡᠵᠦ᠂ ᠲᠢᠩᠬᠢᠮ ᠤᠨ ᠪᠠᠶᠢᠭᠤᠯᠭ᠎ᠠ ᠶᠢᠨ ᠬᠤᠶᠠᠳᠤᠭᠠᠷ ᠠᠩᠭᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠤᠳᠤᠯᠭᠠᠨ ᠤ ᠲᠥᠪ᠂ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠨᠢᠭᠡᠳᠦᠭᠡᠷ ᠠᠩᠭᠢ ᠭᠤᠷᠪᠠᠳᠤᠭᠠᠷ ᠳᠡᠰ ᠤᠨ ᠱᠠᠩᠨᠠᠯ ᠭᠥᠷᠳᠡᠪᠡ᠃
图片3.png
 
图片4.png
图片5.png
      ᠲᠣᠰ ᠤᠳᠠᠭᠠᠨ ᠤ ᠮᠡᠳᠡᠯᠭᠡ ᠶᠢᠨ ᠤᠷᠤᠯᠳᠤᠭᠠᠨ ᠢᠶᠠᠷ ᠳᠠᠮᠵᠢᠭᠤᠯᠤᠨ ᠂ ᠥᠷᠭᠡᠨ ᠣᠯᠠᠨ ᠺᠠᠳ᠋ᠷᠴᠤᠳ ᠤᠨ ᠶᠡᠷᠦᠩᠬᠡᠢ ᠱᠦᠵᠢ ᠰᠢ ᠶᠢᠨ ᠫᠢᠩ ᠤᠨ ︽ ᠲᠠᠷᠢᠶᠠᠯᠠᠩ ᠲᠠᠷᠢᠶᠠᠯᠠᠬᠤ ᠣᠷᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠬᠤ ᠬᠡᠯᠪᠡᠷᠢ ᠶᠢ ᠪᠠᠶᠠᠯᠢᠭᠵᠢᠭᠤᠯᠵᠤ᠂ ᠤᠷᠤᠯᠳᠤᠭᠠᠨ ᠢᠶᠠᠷ ᠰᠤᠷᠤᠯᠴᠠᠯᠭ᠎ᠠ ᠶᠢ ᠠᠬᠢᠭᠤᠯᠬᠤ᠂ ᠰᠤᠷᠤᠯᠴᠠᠯᠭ᠎ᠠ ᠪᠠᠷ ᠬᠡᠷᠡᠭᠵᠢᠭᠦᠯᠦᠯᠲᠡ ᠶᠢ ᠠᠬᠢᠭᠤᠯᠬᠤ ᠵᠣᠷᠢᠯᠭ᠎ᠠ ᠳᠤ ᠪᠠᠨ ᠭᠦᠷᠦᠭᠰᠡᠨ ᠪᠠᠶᠢᠨ᠎ᠠ᠃ ᠲᠢᠩᠬᠢᠮ ᠤᠨ ᠤᠳᠤᠷᠢᠳᠤᠯᠭ᠎ᠠ᠂ ᠲᠢᠩᠬᠢᠮ ᠤᠨ ᠪᠠᠶᠢᠭᠤᠯᠭ᠎ᠠ ᠶᠢᠨ ᠭᠠᠵᠠᠷ ᠭᠡᠷ ᠲᠣᠪᠴᠢᠶ᠎ᠠ᠂ ᠲᠢᠩᠬᠢᠮ ᠤᠨ ᠬᠠᠷᠢᠶ᠎ᠠ ᠨᠢᠭᠡᠴᠢ ᠶᠢᠨ 100 ᠭᠠᠷᠤᠢ ᠬᠥᠮᠥᠨ ᠲᠤᠬᠠᠢ ᠶᠢᠨ ᠲᠠᠯᠠᠪᠤᠷ ᠲᠤ ᠤᠷᠤᠯᠳᠤᠭᠠᠨ ᠢ ᠰᠣᠨᠢᠷᠬᠠᠪᠠ᠃
图片6.png
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号