2022 ᠣᠨ ᠤ 8 ᠰᠠᠷ᠎ᠠ ᠶᠢᠨ 23 ᠤ ᠡᠳᠦᠷ ᠂ ᠲᠠᠪᠤᠳᠠᠭᠢ ᠳᠤᠮᠳᠠᠳᠤ ᠤᠯᠤᠰ ᠤᠨ ᠲᠠᠷᠢᠶᠠᠴᠢᠳ ᠤᠨ | ᠡᠯᠪᠡᠭ ᠬᠤᠷᠢᠶᠠᠯᠲᠠ ᠶᠢᠨ ᠪᠠᠶᠠᠷ ᠤᠨ ᠲᠠᠰᠢᠷᠠᠮ ᠢᠶᠠᠷ ᠂ ᠪᠦᠬᠦ ᠣᠷᠣᠨ ᠤ ︽ ᠴᠢᠬᠢ ᠦᠵᠡᠵᠦ ᠦᠷ᠎ᠡ ᠰᠣᠩᠭᠤᠬᠤ ︾ | ᠲᠤᠬᠠᠢ ᠶᠢᠨ ᠲᠠᠯᠠᠪᠠᠢ ᠶᠢᠨ ᠦᠵᠡᠭᠦᠯᠭᠡ ᠶᠢᠨ ᠪᠣᠯᠪᠠᠰᠤᠷᠠᠭᠤᠯᠤᠯ ᠤᠨ ᠠᠩᠭᠢ ᠲᠦᠩᠯᠢᠶᠣᠣ ᠬᠤᠳᠠ ᠳᠤ ᠶᠠᠪᠤᠭᠳᠠᠪᠠ ᠃ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ | ᠡᠷᠬᠢᠯᠡᠭᠴᠢ ᠬᠤ᠋ ᠶᠢᠤ ᠯᠢᠨ ᠬᠤᠷᠠᠯ ᠳᠤ ᠣᠷᠣᠯᠴᠠᠭᠰᠠᠨ ᠪᠥᠭᠡᠳ ᠪᠣᠯᠪᠠᠰᠤᠷᠠᠭᠤᠯᠤᠯ ᠤᠨ ᠵᠢᠯᠣᠭᠤᠳᠤᠯᠭ᠎ᠠ ᠬᠢᠵᠦ᠂ | ᠲᠦᠩᠯᠢᠶᠣᠣ ᠬᠤᠲᠠ ᠶᠢᠨ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ ᠵᠥᠩ ᠸᠧᠢ ᠬᠤᠸᠠ ᠲᠤᠬᠠᠢ ᠶᠢᠨ | ᠲᠠᠯᠠᠪᠠᠢ ᠶᠢᠨ ᠦᠵᠡᠭᠦᠯᠭᠡ ᠳᠤ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ ᠵᠢᠴᠢ ᠡᠯ᠎ᠡ ᠠᠶᠢᠮᠠᠭ ᠬᠤᠲᠠ ᠶᠢᠨ | ᠦᠷ᠎ᠡ ᠶᠢᠨ ᠦᠢᠯᠡᠰ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠬᠠᠮᠢᠶ᠎ᠠ ᠪᠦᠬᠦᠢ ᠲᠥᠪ ︵ᠥᠷᠲᠡᠭᠡ᠂ | ᠭᠠᠵᠠᠷ︶ ᠤᠨ ᠬᠠᠷᠢᠭᠤᠴᠠᠯᠭᠠᠲᠠᠨ᠂ ᠦᠷ᠎ᠡ ᠶᠢᠨ ᠦᠢᠯᠡᠰ ᠤᠨ ᠲᠤᠰᠬᠠᠢ ᠮᠡᠷᠭᠡᠵᠢᠯᠲᠡᠨ᠂ ᠠᠵᠤ ᠠᠬᠤᠶᠢᠯᠠᠯ᠂ | ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠵᠢᠴᠢ ᠲᠠᠷᠢᠶᠠᠴᠢᠨ ᠤ ᠲᠥᠯᠥᠭᠡᠯᠡᠭᠴᠢ ᠵᠡᠷᠭᠡ ᠲᠤᠬᠠᠢ ᠶᠢᠨ ᠲᠠᠯᠠᠪᠠᠢ ᠶᠢᠨ | ᠦᠵᠡᠭᠦᠯᠭᠡ ᠪᠠ ᠪᠣᠯᠪᠠᠰᠤᠷᠠᠭᠤᠯᠤᠯ ᠳᠤ ᠣᠷᠣᠯᠴᠠᠵᠤ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ | ︽ᠪᠧᠨ ᠲᠧᠩ ᠬᠠᠮ ᠵᠠᠭᠤᠴᠢᠯᠠᠭᠤᠷ︾ ᠢᠶᠠᠷ ᠳᠠᠮᠵᠢᠭᠤᠯᠤᠨ ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ ᠶᠢᠨ | ᠦᠵᠡᠭᠦᠯᠭᠡ ᠣᠷᠣᠯᠴᠠᠭᠰᠠᠨ ᠬᠥᠮᠥᠨ ᠤ ᠲᠤᠭ᠎ᠠ 2.6 ᠲᠦᠮᠡᠨ ᠬᠥᠮᠥᠨ ᠤᠳᠠᠭ᠎ᠠ ᠶᠢ ᠳᠠᠪᠠᠵᠤ᠂ ᠥᠨᠥᠳᠥᠷ ᠤᠨ | ᠲᠡᠷᠢᠭᠦᠨ ᠵᠤᠷᠪᠤᠰ ᠪᠠ ᠪᠢᠴᠢᠯ ᠪᠦᠷᠬᠡ ᠶᠢᠨ ᠭᠦᠶᠦᠯᠭᠡᠨ ᠦᠵᠡᠭᠰᠡᠨ ᠬᠥᠮᠥᠨ ᠤ ᠲᠤᠭ᠎ᠠ 24 ᠲᠦᠮᠡᠨ ᠬᠥᠮᠥᠨ | ᠤᠳᠠᠭ᠎ᠠ ᠶᠢ ᠳᠠᠪᠠᠵᠠᠢ᠃ | | | | | | ᠦᠵᠡᠭᠦᠯᠭᠡ ᠶᠢᠨ ᠲᠤᠬᠠᠢ ᠶᠢᠨ ᠲᠠᠯᠠᠪᠠᠶ ᠳᠤ᠂ ᠪᠡᠭᠡᠵᠢᠩ ᠬᠤᠲᠠ ᠶᠢᠨ ᠲᠠᠷᠢᠶᠠᠯᠠᠩ ᠣᠶ ᠰᠢᠭᠤᠢ ᠶᠢᠨ | ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠷᠳᠡᠨᠢ ᠰᠢᠰᠢ ᠶᠢᠨ ᠰᠤᠳᠤᠯᠭᠠᠨ ᠤ ᠲᠥᠪ ᠤᠨ ᠡᠷᠬᠢᠯᠡᠭᠴᠢ ᠵᠣᠣ ᠵᠢᠦ ᠷᠠᠨ | ᠰᠤᠳᠤᠯᠤᠭᠴᠢ ᠪᠣᠯᠣᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ | ᠤᠬᠠᠭᠠᠨ ᠤ ᠬᠦᠷᠢᠶᠡᠯᠡᠩ ᠤᠨ ᠰᠤᠳᠤᠯᠤᠭᠴᠢ ᠰᠦᠨ ᠹᠧᠩ ᠴᠧᠩ ᠲᠣᠰ ᠲᠣᠰ ᠤᠨᠠᠯᠲᠠ ᠶᠢ ᠬᠡᠷᠬᠢᠨ ᠵᠦᠢ | ᠵᠣᠬᠢᠰᠲᠠᠢ ᠬᠡᠮᠵᠢᠬᠦ᠂ ᠬᠡᠷᠬᠢᠨ ︽ ᠴᠢᠬᠢ ᠦᠵᠡᠵᠦ ᠦᠷ᠎ᠡ ᠰᠣᠩᠭᠤᠬᠤ︾ ᠲᠠᠪᠴᠠᠩ ᠢᠶᠠᠷ ᠳᠠᠮᠵᠢᠭᠤᠯᠤᠨ ᠰᠢᠯᠢᠳᠡᠭ | ᠡᠭᠦᠯᠳᠡᠷ ᠢ ᠰᠣᠩᠭᠤᠬᠤ ᠲᠤᠬᠠᠢ ᠮᠡᠷᠭᠡᠵᠢᠯ ᠤᠨ ᠵᠢᠯᠣᠭᠤᠳᠤᠯᠭ᠎ᠠ ᠬᠢᠭᠰᠡᠨ ᠪᠥᠭᠡᠳ ᠲᠤᠰᠬᠠᠢ ᠮᠡᠷᠭᠡᠵᠢᠯᠲᠡᠨ ᠢᠶᠠᠷ | ᠰᠢᠯᠭᠠᠨ ᠦᠨᠡᠯᠡᠭᠦᠯᠬᠦ᠂ ᠲᠠᠷᠢᠶᠠᠴᠢᠳ ᠪᠢᠯᠧᠲ ᠥᠭᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ 10 ᠡᠷᠳᠡᠨᠢ | ᠰᠢᠰᠢ ᠶᠢᠨ ᠰᠢᠯᠢᠳᠡᠭ ᠡᠭᠦᠯᠳᠡᠷ ᠢ ᠰᠢᠯᠭᠠᠷᠠᠭᠤᠯᠤᠨ ᠭᠠᠷᠭᠠᠪᠠ︔ ᠬᠤᠷᠠᠯ ᠳᠡᠭᠡᠷ᠎ᠡ ᠪᠠᠰᠠ ᠤᠯᠤᠰ ᠤᠨ ᠲᠠᠷᠢᠮᠠᠯ ᠤᠨ | ᠡᠭᠦᠯᠳᠡᠷ ᠢ ᠳᠡᠯᠭᠡᠨ ᠦᠵᠡᠭᠦᠯᠵᠦ ᠦᠨᠡᠯᠡᠬᠦ ᠰᠠᠭᠤᠷᠢᠨ ᠭᠠᠵᠠᠷ ᠢᠶᠠᠷ ᠰᠣᠩᠭᠤᠭᠳᠠᠭᠰᠠᠨ ᠲᠦᠩᠯᠢᠶᠣᠣ ᠬᠤᠳᠠ ᠶᠢᠨ | ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠲᠥᠪ ᠂ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠲᠠᠷᠢᠶᠠᠯᠠᠩ | ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠤᠨ ᠬᠦᠭᠵᠢᠭᠦᠯᠦᠯᠲᠡ ᠶᠢᠨ ᠲᠥᠪ ᠂ | ᠥᠪᠥᠷ ᠮᠣᠩᠭᠤᠯ ᠤᠨ ᠬᠤᠸᠠ ᠰᠦᠩ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ | ᠺᠣᠮᠫᠠᠨᠢ ᠶᠢᠨ ᠭᠤᠷᠪᠠᠨ ᠨᠢᠭᠡᠴᠢ ᠳᠤ ︽ ᠤᠯᠤᠰ ᠤᠨ ᠲᠠᠷᠢᠮᠠᠯ ᠤᠨ ᠡᠭᠦᠯᠳᠡᠷ ᠢ ᠳᠡᠯᠭᠡᠨ ᠦᠵᠡᠭᠦᠯᠵᠦ ᠦᠨᠡᠯᠡᠬᠦ | ᠰᠠᠭᠤᠷᠢᠨ ᠭᠠᠵᠠᠷ︾ ᠭᠡᠬᠦ ᠫᠠᠶᠢᠰᠠ ᠣᠯᠭᠤᠵᠠᠢ ︔ ᠲᠤᠬᠠᠢ ᠶᠢᠨ ᠭᠠᠵᠠᠷ ᠤᠨ ᠲᠠᠷᠢᠶᠠᠴᠢᠨ ᠡᠷᠦᠬᠡ ︽ ᠴᠢᠬᠢ | ᠦᠵᠡᠵᠦ ᠦᠷ᠎ᠡ ᠰᠣᠩᠭᠤᠬᠤ ︾ ᠰᠢᠯᠭᠠᠷᠠᠭᠤᠯᠤᠯᠲᠠ ᠶᠢᠨ ᠦᠷ᠎ᠡ ᠳ᠋ᠦᠩ ᠢ ᠦᠨᠳᠦᠰᠦᠯᠡᠨ ᠂ ᠲᠤᠬᠠᠢ ᠶᠢᠨ | ᠲᠠᠯᠠᠪᠠᠢ ᠳᠤ ᠠᠵᠤ ᠠᠬᠤᠶᠢᠯᠠᠯ ᠲᠠᠢ ᠬᠠᠮᠲᠤᠷᠠᠯᠴᠠᠬᠤ ᠰᠠᠨᠠᠮᠵᠢ ᠶᠢᠨ ᠪᠢᠴᠢᠭ ᠲᠤ ᠭᠠᠷ ᠤᠨ ᠦᠰᠦᠭ ᠵᠢᠷᠤᠵᠠᠢ ᠃ | | | | | ᠭᠡᠷ ᠳᠣᠲᠣᠷᠠᠬᠢ ᠪᠣᠯᠪᠠᠰᠤᠷᠠᠭᠤᠯᠤᠯ ᠤᠨ ᠬᠤᠷᠠᠯ ᠳᠡᠭᠡᠷ᠎ᠡ᠂ ᠳᠤᠮᠳᠠᠳᠤ ᠤᠯᠤᠰ ᠤᠨ ᠲᠠᠷᠢᠶᠠᠯᠠᠩ ᠤᠨ | ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠤᠳᠤᠯᠤᠭᠴᠢ ᠸᠠᠩ ᠺᠧ ᠷᠦ ᠂ ᠰᠤᠳᠤᠯᠤᠭᠴᠢ ᠯᠢ ᠰᠢᠨ ᠬᠠᠢ ᠪᠣᠯᠣᠨ | ᠪᠡᠭᠡᠵᠢᠩ ᠬᠤᠳᠠ ᠶᠢᠨ ᠲᠠᠷᠢᠶᠠᠯᠠᠩ ᠤᠢ ᠰᠢᠭᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠤᠳᠤᠯᠤᠭᠴᠢ | ᠵᠤᠤ ᠵᠢᠦ ᠷᠠᠨ ᠲᠤᠰ ᠲᠤᠰ ᠡᠷᠳᠡᠨᠢ ᠰᠢᠰᠢ ᠶᠢᠨ ᠦᠷ᠎ᠡ ᠶᠢᠨ ᠦᠢᠯᠡᠰ ᠤᠨ ᠬᠥᠭᠵᠢᠯᠲᠡ ᠂ ᠰᠢᠨ᠎ᠡ ᠲᠠᠷᠢᠵᠤ | ᠪᠣᠶᠢᠵᠢᠭᠤᠯᠬᠤ ᠮᠡᠷᠭᠡᠵᠢᠯ ᠤᠨ ᠳᠡᠯᠭᠡᠷᠡᠭᠦᠯᠦᠯᠲᠡ ᠵᠡᠷᠭᠡ ᠲᠠᠯ᠎ᠠ ᠪᠠᠷ ᠤᠯᠠᠨ ᠳᠤ ᠪᠣᠯᠪᠠᠰᠤᠷᠠᠭᠤᠯᠤᠯ ᠬᠦᠷᠲᠡᠭᠡᠵᠦ ᠂ | ᠲᠦᠩᠯᠢᠶᠣᠣ ᠬᠤᠳᠠ ᠂ ᠪᠠᠶᠠᠨᠨᠠᠭᠤᠷ ᠬᠤᠳᠠ ᠶᠢᠨ ᠦᠷ᠎ᠡ ᠶᠢᠨ ᠦᠢᠯᠡᠰ ᠤᠨ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ︽ ᠴᠢᠬᠢ ᠦᠵᠡᠵᠦ ᠦᠷ᠎ᠡ ᠰᠣᠩᠭᠤᠬᠤ ︾ ᠠᠵᠢᠯ ᠤᠨ ᠲᠠᠯ᠎ᠠ ᠪᠠᠷ ᠨᠡᠶᠢᠲᠡᠯᠢᠭ | ᠲᠤᠷᠰᠢᠯᠭ᠎ᠠ ᠶᠢᠨ ᠲᠠᠨᠢᠯᠴᠠᠭᠤᠯᠭ᠎ᠠ ᠬᠢᠵᠡᠢ ᠃ | | | | | ᠡᠷᠬᠢᠯᠡᠭᠴᠢ ᠬᠤ᠋ ᠶᠢᠦ ᠯᠢᠨ ︽ ᠴᠢᠬᠢ ᠦᠵᠡᠵᠦ ᠦᠷ᠎ᠡ ᠰᠣᠩᠭᠤᠬᠤ︾ ᠲᠠᠪᠴᠠᠩ ᠤᠨ ︽ᠶᠠᠭᠠᠬᠢᠵᠤ | ᠦᠵᠡᠬᠦ︾ ᠂ ︽ᠶᠠᠭᠠᠬᠢᠵᠤ ᠬᠢᠬᠦ︾ ᠂ ︽ᠶᠠᠭᠠᠬᠢᠵᠤ ᠬᠡᠷᠡᠭᠯᠡᠬᠦ︾ ᠭᠤᠷᠪᠠᠨ ᠲᠠᠯ᠎ᠠ ᠶᠢᠨ ᠲᠣᠭᠤᠷᠢᠨ ᠳᠤ | ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃ ᠨᠢᠭᠡ ᠳᠤ ︽ ᠴᠢᠬᠢ ᠦᠵᠡᠬᠦ ︾ ᠂ ︽ ᠦᠷ᠎ᠡ ᠰᠣᠩᠭᠤᠬᠤ ︾ ᠶᠢᠨ | ᠲᠣᠭᠲᠠᠭᠠᠬᠤ ᠡᠷᠬᠡ ᠶᠢ ᠲᠠᠷᠢᠶᠠᠴᠢᠳ ᠲᠤ ᠲᠤᠰᠢᠶᠠᠨ ᠥᠭᠴᠦ ᠂ ᠬᠡᠷᠡᠭᠴᠡᠭᠡ ᠪᠠᠷ ᠤᠳᠤᠷᠢᠳᠤᠮᠵᠢ ᠪᠣᠯᠭᠠᠨ ᠂ ᠭᠤᠣᠯ | ᠪᠣᠯᠬᠤ ᠲᠠᠷᠢᠮᠠᠯ ᠤᠨ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ ᠂ ᠲᠠᠪᠴᠠᠩ ᠤᠨ ᠪᠠᠶᠢᠭᠤᠯᠤᠯᠲᠠ ᠶᠢᠨ | ᠡᠷᠴᠢᠮ ᠢᠶᠠᠨ ᠴᠢᠩᠭᠠᠷᠠᠭᠤᠯᠤᠨ᠂ ᠲᠠᠷᠢᠶᠠᠴᠢᠳ ᠤᠨ ᠵᠥᠪᠰᠢᠶᠡᠷᠡᠯ ᠢ ᠣᠯᠬᠤ ᠪᠠᠷ ᠬᠠᠷᠠᠯᠲᠠ ᠪᠣᠯᠭᠠᠵᠤ ᠂ ᠠᠷᠠᠳ | ᠲᠦᠮᠡᠨ ᠳᠤ ᠬᠡᠷᠡᠭᠯᠡᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠢ ᠃ ᠬᠤᠶᠠᠷ ᠲᠤ ᠲᠦᠷᠦᠯ ᠵᠦᠢᠯ ᠢ ᠬᠡᠷᠬᠢᠨ ᠰᠣᠩᠭᠤᠬᠤ ᠂ | ᠵᠢᠱᠢᠶ᠎ᠡ ᠦᠵᠡᠭᠦᠯᠬᠦ ᠹᠢᠯᠢᠮ ᠢ ᠬᠡᠷᠬᠢᠨ ᠨᠠᠶᠢᠳᠠᠪᠤᠷᠢᠵᠢᠭᠤᠯᠬᠤ ᠵᠢᠴᠢ ᠵᠢᠱᠢᠶ᠎ᠡ ᠦᠵᠡᠭᠦᠯᠬᠦ ᠲᠣᠭᠤᠷᠢᠭ ᠤᠨ | ᠴᠢᠳᠠᠮᠵᠢ ᠶᠢ ᠬᠡᠷᠬᠢᠨ ᠲᠡᠭᠦᠯᠳᠡᠷᠵᠢᠭᠦᠯᠬᠦ ᠵᠡᠷᠭᠡ ᠭᠤᠷᠪᠠᠨ ᠲᠠᠯ᠎ᠠ ᠠᠴᠠ ᠭᠠᠷᠳᠠᠵᠤ ᠂ ᠲᠠᠪᠴᠠᠩ ᠤᠨ | ᠪᠠᠶᠢᠭᠤᠯᠤᠯᠲᠠ ᠶᠢ ᠨᠠᠷᠢᠯᠢᠭ ᠨᠠᠶᠢᠳᠠᠪᠤᠷᠢᠵᠢᠭᠤᠯᠵᠤ ᠂ ᠲᠠᠪᠴᠠᠩ ᠤᠨ ᠦᠢᠯᠡᠳᠦᠯ ᠢ ᠬᠠᠮᠤᠭ ᠤᠨ ᠶᠡᠭᠡ ᠬᠡᠮᠵᠢᠶ᠎ᠡ ᠪᠠᠷ | ᠪᠠᠳᠠᠷᠠᠭᠤᠯᠬᠤ ᠬᠡᠷᠡᠭᠲᠡᠢ ᠃ ᠭᠤᠷᠪᠠ ᠳᠤ ︽ᠰᠠᠶᠢᠨ ᠡᠭᠦᠯᠳᠡᠷ︾ ᠂ ︽ᠰᠠᠶᠢᠨ ᠠᠷᠭ᠎ᠠ ︾ ᠶᠢ ᠤᠶᠠᠯᠳᠤᠭᠤᠯᠵᠤ᠂ | ᠰᠣᠩᠭᠤᠨ ᠭᠠᠷᠭᠠᠭᠰᠠᠨ ᠰᠠᠶᠢᠨ ᠡᠭᠦᠯᠳᠡᠷ ᠢ ᠴᠢᠬᠤᠯᠠ ᠶᠡᠭᠡ ᠮᠡᠷᠭᠡᠵᠢᠯ ᠂ ᠲᠠᠷᠢᠶᠠᠯᠠᠩ ᠤᠨ ᠭᠤᠣᠯᠳᠠᠯᠭ᠎ᠠ ᠲᠠᠢ | ᠵᠦᠢᠯᠡᠰ ᠤᠨ ᠪᠦᠲᠦᠭᠡᠨ ᠪᠠᠶᠢᠭᠤᠯᠤᠯᠲᠠ ᠵᠢᠴᠢ ᠲᠠᠷᠢᠶᠠᠯᠠᠩ ᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠲᠠᠢ | ᠤᠶᠠᠯᠳᠤᠭᠤᠯᠵᠤ ᠂ ᠲᠦᠷᠦᠯ ᠵᠦᠢᠯ ᠢ ᠳᠡᠯᠭᠡᠷᠡᠭᠦᠯᠬᠦ ᠠᠯᠬᠤᠴᠠ ᠶᠢ ᠲᠦᠷᠭᠡᠳᠬᠡᠨ ᠂ ᠠᠵᠤ ᠠᠬᠤᠶᠢᠯᠠᠯ ᠤᠨ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠢᠳᠡᠪᠬᠢᠵᠢᠯ ᠢ ᠠᠬᠢᠭᠤᠯᠵᠤ ᠂ ᠡᠷᠬᠡ ᠰᠦᠷ ᠲᠠᠢ ᠪᠠᠷ ᠲᠠᠷᠢᠶᠠᠴᠢᠳ ᠤᠨ | ᠰᠢᠨᠵᠢᠯᠡᠬᠦ ᠤᠬᠠᠭᠠᠨᠴᠢ ᠪᠠᠷ ᠦᠷ᠎ᠡ ᠬᠡᠷᠡᠭᠯᠡᠬᠦ ᠶᠢ ᠵᠢᠯᠤᠭᠤᠳᠬᠤ ᠶᠢ ᠦᠨᠡᠨ ᠬᠦ ᠪᠡᠶᠡᠯᠡᠭᠦᠯᠵᠦ ᠂ ᠲᠠᠷᠢᠶᠠᠯᠠᠩ ᠤᠨ | ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ ᠲᠠᠷᠢᠶᠠᠴᠢᠳ ᠤᠨ | ᠣᠷᠣᠯᠭ᠎ᠠ ᠶᠢ ᠨᠡᠮᠡᠭᠳᠡᠭᠦᠯᠬᠦ ᠶᠢ ᠪᠡᠶᠡᠯᠡᠭᠦᠯᠬᠦ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠪᠡ᠃ | |