ᠮᠠᠯ ᠤᠨ ᠡᠮ ᠤᠨ GMP ᠶᠢᠨ ᠬᠢᠷᠢ ᠲᠡᠩᠴᠡᠭᠰᠡᠨ ᠦᠢᠯᠡᠳᠪᠦᠷᠢᠯᠡᠯ ᠤᠨ ᠱᠤᠭᠤᠮ ᠢ ᠵᠥᠪᠰᠢᠶᠡᠷᠡᠬᠦ ᠪᠠᠷ ᠪᠠᠶᠢᠭ᠎ᠠ ᠲᠤᠬᠠᠢ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2022/9/28
      ︽ᠮᠠᠯ ᠤᠨ ᠡᠮ ᠤᠨ ᠦᠢᠯᠡᠳᠪᠦᠷᠢᠯᠡᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ︵2020 ᠣᠨ ᠳᠤ ᠵᠠᠰᠠᠪᠤᠷᠢ ᠣᠷᠤᠭᠤᠯᠤᠭᠰᠠᠨ︶︾᠂ ︽ᠮᠠᠯ ᠤᠨ ᠡᠮ ᠤᠨ ᠦᠢᠯᠡᠳᠪᠦᠷᠢᠯᠡᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ᠢ ᠪᠠᠶᠢᠴᠠᠭᠠᠵᠤ ᠰᠢᠯᠭᠠᠨ ᠠᠪᠬᠤ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠤᠨ ᠡᠮ ᠤᠨ GMP ᠶᠢ ᠪᠠᠶᠢᠴᠠᠭᠠᠵᠤ ᠰᠢᠯᠭᠠᠨ ᠠᠪᠬᠤ ᠠᠵᠢᠯ ᠤᠨ ᠳᠦᠷᠢᠮ︾ ᠵᠡᠷᠭᠡ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠥᠪᠥᠷ ᠮᠣᠩᠭᠤᠯ ᠤᠨ ᠯᠢᠶᠠᠨ ᠪᠠᠩ ᠠᠮᠢᠲᠠᠨ ᠤ ᠬᠠᠮᠠᠭᠠᠯᠠᠯᠲᠠ ᠶᠢᠨ ᠡᠮ ᠤᠨ ᠵᠦᠢᠯ ᠤᠨ ᠬᠢᠵᠠᠭᠠᠷᠲᠤ ᠺᠣᠮᠫᠠᠨᠢ ᠶᠢᠨ ᠮᠠᠯ ᠤᠨ ᠡᠮ ᠦᠢᠯᠡᠳᠪᠦᠷᠢᠯᠡᠬᠦ ᠠᠵᠤ ᠠᠬᠤᠶᠢᠯᠠᠯ  ᠨᠢ ᠲᠤᠰᠬᠠᠢ ᠮᠡᠷᠭᠡᠵᠢᠯᠲᠡᠨ ᠤ ᠰᠢᠯᠭᠠᠨ ᠠᠪᠬᠤ ᠳᠤ ᠬᠢᠷᠢ ᠲᠡᠩᠴᠡᠵᠦ᠂ ᠮᠠᠯ ᠤᠨ ᠡᠮ ᠤᠨ GMP  ᠶᠢᠨ ᠬᠢᠷᠢ ᠲᠡᠩᠴᠡᠭᠰᠡᠨ ᠦᠢᠯᠡᠳᠪᠦᠷᠢᠯᠡᠯ ᠤᠨ ᠱᠤᠭᠤᠮ ᠢᠶᠠᠷ ᠵᠥᠪᠰᠢᠶᠡᠷᠡᠬᠦ ᠪᠠᠷ ᠪᠣᠶ᠃ ᠡᠳᠦᠭᠡ ᠢᠯᠡ ᠨᠡᠶᠢᠲᠡᠯᠡᠪᠡ᠃      ᠢᠯᠡ ᠨᠡᠶᠢᠲᠡᠯᠡᠬᠦ ᠴᠠᠭ ᠨᠢ 2022 ᠣᠨ ᠤ 9 ᠰᠠᠷ᠎ᠠ ᠶᠢᠨ 27 ᠤ ᠡᠳᠦᠷ ᠠᠴᠠ 10 ᠰᠠᠷ᠎ᠠ ᠶᠢᠨ 4 ᠤ ᠡᠳᠦᠷ ᠪᠣᠯᠲᠠᠯ᠎ᠠ᠃ ᠬᠡᠷᠪᠡ ᠰᠠᠨᠠᠯ ᠲᠠᠢ ᠪᠣᠯ᠂ ᠢᠯᠡ ᠨᠡᠶᠢᠲᠡᠯᠡᠬᠦ ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠤᠨ ᠮᠠᠯ ᠡᠮᠨᠡᠯᠭᠡ ᠶᠢᠨ ᠲᠣᠪᠴᠢᠶ᠎ᠠ ᠳᠤ ᠬᠠᠷᠢᠭᠤ ᠳᠤᠰᠬᠠᠭᠠᠷᠠᠢ᠃      ᠬᠠᠷᠢᠯᠴᠠᠬᠤ ᠬᠥᠮᠥᠨ᠄ ᠴᠧᠨ ᠬᠠᠢ ᠫᠢᠩ      ᠬᠢᠨᠠᠯᠲᠠ ᠲᠠᠯᠪᠢᠬᠤ ᠤᠲᠠᠰᠤ᠄ 0471-6651798      ᠹᠠᠺᠰ᠄ 0471-6652269      ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠤᠯᠠᠭᠠᠨᠴᠠᠪ ᠵᠡᠭᠦᠨ ᠵᠠᠮ ᠤᠨ 70 ᠳ᠋ᠤᠭᠠᠷ ᠨᠣᠮᠧᠷ       ᠳᠠᠭᠠᠯᠳᠤᠭᠤᠯᠤᠯ ᠄ ᠮᠠᠯ ᠤᠨ ᠡᠮ ᠦᠢᠯᠡᠳᠪᠦᠷᠢᠯᠡᠬᠦ ᠠᠵᠤ ᠠᠬᠤᠶᠢᠯᠠᠯ ᠤᠨ GMP ᠶᠢᠨ ᠲᠤᠬᠠᠢ ᠶᠢᠨ ᠲᠠᠯᠠᠪᠤᠷ ᠲᠤ ᠪᠠᠶᠢᠴᠠᠭᠠᠵᠤ ᠰᠢᠯᠭᠠᠨ ᠠᠪᠤᠭᠰᠠᠨ ᠪᠠᠶᠢᠳᠠᠯ ᠤᠨ ᠢᠯᠡ ᠨᠡᠶᠢᠲᠡᠯᠡᠬᠦ ᠬᠦᠰᠦᠨᠦᠭᠲᠦ                                ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                               ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ                               2022 ᠣᠨ ᠤ 9 ᠰᠠᠷ᠎ᠠ ᠶᠢᠨ 27 ᠤ ᠡᠳᠦᠷ 
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号