ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠬᠤᠯᠪᠤᠭᠠᠯᠠᠨ ᠳᠠᠭᠠᠭᠠᠴᠢᠯᠠᠭᠰᠠᠨ ᠲᠣᠰᠬᠤᠨ ᠲᠠᠷᠢᠶᠠᠯᠠᠭ᠎ᠠ ᠲᠡᠵᠢᠭᠡᠨ ᠦᠷᠡᠵᠢᠭᠦᠯᠭᠡ ᠶᠢᠨ ᠮᠡᠷᠭᠡᠵᠢᠯ ᠤᠨ ᠪᠣᠯᠪᠠᠰᠤᠷᠠᠭᠤᠯᠤᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2022/9/28
      9 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠲᠡᠵᠢᠭᠡᠯ ᠪᠣᠷᠳᠤᠭ᠎ᠠ ᠡᠪᠡᠰᠦ ᠪᠣᠷᠳᠣᠭᠠᠨ ᠤ ᠭᠠᠵᠠᠷ ᠤᠨ  ᠬᠢᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠬᠤᠯᠪᠤᠭᠠᠯᠠᠨ ᠳᠠᠭᠠᠭᠠᠴᠢᠯᠠᠭᠰᠠᠨ ᠲᠣᠰᠬᠤᠨ ᠤ ᠨᠢᠭᠡᠳᠦᠭᠡᠷ ᠱᠦᠵᠢ ᠲᠠᠢ ᠬᠠᠮᠲᠤᠷᠠᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠬᠤᠯᠪᠤᠭᠠᠯᠠᠨ ᠳᠠᠭᠠᠭᠠᠴᠢᠯᠠᠭᠰᠠᠨ ᠲᠣᠰᠬᠤᠨ ᠳᠤ ᠲᠠᠷᠢᠶᠠᠯᠠᠭ᠎ᠠ ᠲᠡᠵᠢᠭᠡᠨ ᠦᠷᠡᠵᠢᠭᠦᠯᠭᠡ ᠶᠢᠨ ᠮᠡᠷᠭᠡᠵᠢᠯ ᠤᠨ ᠪᠣᠯᠪᠠᠰᠤᠷᠠᠭᠤᠯᠤᠯ ᠤᠨ ᠠᠩᠭᠢ ᠡᠷᠭᠢᠯᠡᠪᠡ᠃
1.png
       ᠪᠣᠯᠪᠠᠰᠤᠷᠠᠭᠤᠯᠤᠯ ᠤᠨ ᠠᠩᠭᠢ  ᠶᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠠᠴᠠ ᠲᠣᠮᠢᠯᠠᠨ ᠰᠠᠭᠤᠯᠭᠠᠭᠰᠠᠨ ᠺᠧᠦ ᠾᠧ ᠽᠢ ᠪᠠᠯᠭᠠᠰᠤᠨ ᠤ ᠲᠡᠷᠢᠭᠦᠨ ᠤ ᠲᠣᠰᠬᠤᠨ ᠤ ᠨᠢᠭᠡᠳᠦᠭᠡᠷ ᠱᠦᠵᠢ ᠯᠢᠦ ᠢᠦᠢ ᠡᠷᠭᠢᠯᠡᠵᠦ᠂ ᠲᠦᠩᠯᠢᠶᠣᠣ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠰᠤᠳᠤᠯᠤᠭᠴᠢ ᠬᠠᠨ ᠷᠦᠨ ᠶᠢᠩ ᠢ ᠤᠷᠢᠵᠤ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠬᠤᠯᠪᠤᠭᠠᠯᠠᠨ ᠳᠠᠭᠠᠭᠠᠴᠢᠯᠠᠭᠰᠠᠨ ᠺᠧᠦ ᠾᠧ ᠽᠢ ᠪᠠᠯᠭᠠᠰᠤᠨ ᠤ ᠲᠡᠷᠢᠭᠦᠨ ᠤ ᠲᠣᠰᠬᠤᠨ᠂ ᠺᠧᠦ ᠾᠧ ᠽᠢ ᠲᠣᠰᠬᠤᠨ ᠤ ᠲᠠᠷᠢᠶᠠᠯᠠᠭ᠎ᠠ ᠲᠡᠵᠢᠭᠡᠨ ᠦᠷᠡᠵᠢᠭᠦᠯᠭᠡ ᠶᠢᠨ ᠲᠣᠮᠣ ᠡᠷᠦᠬᠡ ᠳᠤ ᠬᠥᠬᠡ ᠳᠠᠷᠤᠰᠢ ᠶᠢᠨ ᠡᠷᠳᠡᠨᠢ ᠰᠢᠰᠢ ᠳᠠᠷᠢᠬᠤ ᠪᠠ ᠬᠡᠷᠡᠭᠯᠡᠬᠦ ᠮᠡᠷᠭᠡᠵᠢᠯ ᠤᠨ ᠲᠠᠶᠢᠯᠤᠮᠵᠢ ᠬᠢᠯᠭᠡᠵᠡᠢ ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠲᠡᠵᠢᠭᠡᠯ ᠪᠣᠷᠳᠤᠭ᠎ᠠ ᠡᠪᠡᠰᠦ ᠪᠣᠷᠳᠣᠭᠠᠨ ᠤ ᠭᠠᠵᠠᠷ᠂ ᠲᠦᠩᠯᠢᠶᠣᠣ ᠬᠤᠲᠠ ᠶᠢᠨ ᠮᠠᠯ ᠠᠵᠤ ᠠᠬᠤᠢ ᠶᠢᠨ ᠲᠥᠪ᠂ ᠺᠧᠦ ᠾᠧ ᠽᠢ ᠪᠠᠯᠭᠠᠰᠤᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯᠲᠡᠨ ᠵᠢᠴᠢ ᠺᠧᠦ ᠾᠧ ᠽᠢ ᠪᠠᠯᠭᠠᠰᠤᠨ ᠤ ᠲᠡᠷᠢᠭᠦᠨ ᠤ ᠲᠣᠰᠬᠤᠨ ᠺᠧᠦ ᠾᠧ ᠽᠢ ᠲᠣᠰᠬᠤᠨ ᠤ ᠲᠠᠷᠢᠶᠠᠯᠠᠭ᠎ᠠ ᠲᠡᠵᠢᠭᠡᠨ ᠦᠷᠡᠵᠢᠭᠦᠯᠭᠡ ᠶᠢᠨ ᠲᠣᠮᠣ ᠡᠷᠦᠬᠡ 50 ᠭᠠᠷᠤᠢ ᠬᠥᠮᠥᠨ ᠪᠣᠯᠪᠠᠰᠤᠷᠠᠭᠤᠯᠤᠯ ᠳᠤ ᠣᠷᠣᠯᠴᠠᠵᠠᠢ᠃
2.png
       ᠲᠤᠬᠠᠢ ᠶᠢᠨ ᠲᠠᠯᠠᠪᠠᠢ ᠳᠤ ᠪᠠᠰᠠ ︽ᠲᠠᠷᠢᠶᠠᠯᠠᠩ ᠳᠤ ᠬᠡᠷᠡᠭᠯᠡᠬᠦ ᠰᠦᠯᠢᠶᠥᠦ ᠪᠦᠷᠬᠦᠪᠴᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠳᠦᠷᠢᠮ︾᠂ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠳᠦᠷᠢᠮ︾ ᠵᠡᠷᠭᠡ ᠤᠬᠠᠭᠤᠯᠭ᠎ᠠ ᠶᠢᠨ ᠭᠠᠷ ᠳᠡᠪᠲᠡᠷ ᠢ ᠲᠠᠷᠬᠠᠭᠠᠭᠰᠠᠨ ᠪᠠᠶᠢᠨ᠎ᠠ᠃
3.png
       ᠭᠡᠷ ᠳᠣᠲᠣᠷᠠᠬᠢ ᠪᠣᠯᠪᠠᠰᠤᠷᠠᠭᠤᠯᠤᠯ ᠳᠠᠭᠤᠰᠤᠭᠰᠠᠨ ᠤ ᠳᠠᠷᠠᠭ᠎ᠠ᠂ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠤᠨ ᠲᠤᠰᠬᠠᠢ ᠮᠡᠷᠭᠡᠵᠢᠯᠲᠡᠨ ᠮᠠᠯᠴᠢᠨ ᠲᠠᠷᠢᠶᠠᠴᠢᠨ ᠤ ᠡᠷᠦᠬᠡ ᠳᠤ ᠬᠦᠷᠴᠦ᠂ ᠮᠠᠯᠴᠢᠨ ᠲᠠᠷᠢᠶᠠᠴᠢᠨ ᠤ  ᠨᠤᠭᠤᠭᠠᠨ ᠳᠠᠷᠤᠰᠢ ᠶᠢᠨ ᠡᠷᠳᠡᠨᠢ ᠰᠢᠰᠢ ᠦᠶᠯᠡᠳᠬᠦ᠂ ᠬᠠᠮᠢᠶᠠᠷᠬᠤ᠂ ᠬᠡᠷᠡᠭᠯᠡᠬᠦ ᠲᠠᠯ᠎ᠠ ᠪᠠᠷ ᠲᠤᠬᠠᠢ ᠶᠢᠨ ᠭᠠᠵᠠᠷ ᠲᠤ  ᠨᠢ ᠵᠢᠭᠠᠨ ᠵᠢᠯᠣᠭᠤᠳᠪᠠ᠃
4.png
       ᠪᠣᠯᠪᠠᠰᠤᠷᠠᠭᠤᠯᠤᠯ ᠤᠨ ᠠᠵᠢᠯᠯᠠᠭ᠎ᠠ ᠳᠤ ᠣᠷᠣᠯᠴᠠᠭᠰᠠᠨ ᠮᠠᠯᠴᠢᠨ ᠲᠠᠷᠢᠶᠠᠴᠢᠳ ᠢᠯᠡᠷᠬᠡᠶᠢᠯᠡᠬᠦ ᠳᠤ ᠪᠠᠨ ᠂ ᠪᠣᠯᠪᠠᠰᠤᠷᠠᠭᠤᠯᠤᠯ ᠨᠢ ᠮᠠᠯᠴᠢᠨ ᠲᠠᠷᠢᠶᠠᠴᠢᠳ ᠤᠨ ᠲᠠᠷᠢᠶᠠᠯᠠᠭ᠎ᠠ ᠲᠡᠵᠢᠭᠡᠨ ᠦᠷᠡᠵᠢᠭᠦᠯᠭᠡ ᠶᠢᠨ ᠮᠡᠷᠭᠡᠵᠢᠯ ᠢ ᠳᠡᠭᠡᠭᠰᠢᠯᠡᠭᠦᠯᠬᠦ ᠳᠤ ᠠᠰᠢᠭᠲᠠᠢ ᠶᠤᠮ᠂ ᠬᠤᠶᠢᠰᠢᠳᠠ ᠣᠨᠣᠯ ᠢ ᠪᠣᠳᠠᠲᠠᠢ ᠲᠠᠢ ᠪᠠᠨ ᠤᠶᠠᠯᠳᠤᠭᠤᠯᠤᠨ᠂ ᠨᠣᠭᠤᠭᠠᠨ ᠳᠠᠷᠤᠰᠢ ᠶᠢᠨ ᠡᠷᠳᠡᠨᠢ ᠰᠢᠰᠢ ᠳᠠᠷᠢᠬᠤ᠂ ᠬᠡᠷᠡᠭᠯᠡᠬᠦ᠂ ᠳᠠᠷᠢᠵᠤ ᠲᠡᠵᠢᠭᠡᠬᠦ ᠶᠢ ᠤᠶᠠᠯᠳᠤᠭᠤᠯᠬᠤ ᠶᠢ ᠢᠳᠡᠪᠬᠢᠲᠡᠢ ᠥᠷᠨᠢᠭᠦᠯᠵᠦ᠂ ᠥᠪᠡᠷ ᠤᠨ ᠣᠷᠣᠯᠭ᠎ᠠ ᠶᠢᠨ ᠬᠢᠷᠢ ᠬᠡᠮᠵᠢᠶ᠎ᠡ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ ᠭᠡᠵᠡᠢ᠃
5.png
 
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号