ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠢᠳᠡᠭᠡᠨ ᠤ ᠢᠨᠵᠧᠨᠧᠷᠢᠩ ᠤᠨ ᠳᠡᠭᠡᠳᠦ ᠰᠤᠷᠭᠠᠭᠤᠯᠢ ᠶᠢᠨ ᠲᠡᠭᠦᠰᠬᠦ ᠤᠶᠤᠳᠠᠳ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠦᠪ ᠤᠨ ᠵᠢᠭᠠᠨ ᠰᠤᠷᠭᠠᠯᠲᠠ ᠶᠢᠨ ᠦᠢᠯᠡᠳᠦᠯᠭᠡ ᠶᠢᠨ ᠰᠠᠭᠤᠷᠢᠨ ᠭᠠᠵᠠᠷ ᠢ ᠲᠣᠭᠤᠷᠢᠨ ᠦᠵᠡᠵᠦ ᠰᠤᠷᠤᠯᠴᠠᠪᠠ
ᠨᠡᠶᠢᠲᠡᠯᠡᠭᠰᠡᠨ ᠴᠠᠭ᠄
2022/9/28
      2022 ᠣᠨ ᠤ 9 ᠰᠠᠷ᠎ᠠ ᠶᠢᠨ 13 ᠤ ᠡᠳᠦᠷ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠢᠳᠡᠭᠡᠨ ᠤ ᠢᠨᠵᠧᠨᠧᠷᠢᠩ ᠤᠨ ᠳᠡᠭᠡᠳᠦ ᠰᠤᠷᠭᠠᠭᠤᠯᠢ ᠶᠢᠨ ᠢᠳᠡᠭᠡᠨ ᠤ ᠲᠤᠰᠬᠠᠢ ᠮᠡᠷᠭᠡᠵᠢᠯ ᠤᠨ ᠲᠡᠭᠦᠰᠬᠦ ᠠᠩᠭᠢ ᠶᠢᠨ ᠪᠥᠬᠦ ᠤᠶᠤᠳᠠᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠤᠨ ᠵᠢᠭᠠᠨ ᠰᠤᠷᠭᠠᠯᠲᠠ ᠶᠢᠨ ᠦᠢᠯᠡᠳᠦᠯᠭᠡ ᠶᠢᠨ ᠰᠠᠭᠤᠷᠢᠨ ᠭᠠᠵᠠᠷ ᠢ ᠲᠣᠭᠤᠷᠢᠨ ᠦᠵᠡᠵᠦ ᠰᠤᠷᠤᠯᠴᠠᠪᠠ᠃
1.png
       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ  ᠨᠢ 2021 ᠣᠨ ᠤ 5 ᠰᠠᠷ᠎ᠠ ᠳᠤ ᠪᠠᠶᠢᠭᠤᠯᠤᠭᠳᠠᠭᠰᠠᠨ ᠠᠴᠠ ᠨᠠᠭᠠᠰᠢ ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠲᠥᠷᠥᠯᠬᠢ ᠶᠢᠨ ᠮᠡᠷᠭᠡᠵᠢᠯ ᠤᠨ ᠳᠠᠪᠠᠭᠤᠯᠢᠭ ᠲᠤ ᠪᠠᠨ ᠰᠠᠭᠤᠷᠢᠯᠠᠨ᠂ ᠣᠷᠣᠨ ᠤ ᠳᠣᠲᠣᠷᠠᠬᠢ ᠳᠡᠭᠡᠳᠦ ᠰᠤᠷᠭᠠᠭᠤᠯᠢ ᠵᠢᠴᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠯᠤᠭ᠎ᠠ ᠶᠢᠨ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠬᠠᠮᠲᠤᠷᠠᠨ ᠠᠵᠢᠯᠯᠠᠬᠤ ᠲᠣᠭᠲᠠᠴᠠ ᠶᠢ ᠬᠠᠶᠢᠨ ᠰᠦᠪᠡᠭᠴᠢᠯᠡᠵᠦ᠂ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠬᠢᠭᠡᠳ ᠠᠵᠤ ᠠᠬᠤᠶᠢᠯᠠᠯ ᠤᠨ ︽ᠬᠤᠯᠪᠤᠭᠠᠯᠠᠨ ᠨᠡᠪᠲᠡᠷᠡᠯᠴᠡᠬᠦ ᠬᠥᠭᠦᠷᠭᠡ︾ ᠶᠢ ᠪᠠᠶᠢᠭᠤᠯᠤᠭᠰᠠᠨ ᠪᠠᠶᠢᠨ᠎ᠠ᠃ ᠬᠤᠶᠠᠷ ᠲᠠᠯ᠎ᠠ ᠶᠢᠨ ᠲᠠᠰᠤᠷᠠᠯᠲᠠ ᠦᠭᠡᠢ ᠴᠢᠷᠮᠠᠶᠢᠯᠭ᠎ᠠ ᠪᠠᠷ ᠳᠠᠮᠵᠢᠨ ᠂ ᠦᠢᠯᠡᠳᠦᠯᠭᠡᠵᠢᠭᠦᠯᠬᠦ ︱ ᠰᠤᠷᠤᠯᠴᠠᠬᠤ ᠬᠠᠮᠲᠤᠷᠠᠯᠴᠠᠭ᠎ᠠ ᠶᠢᠨ ᠬᠦᠷᠢᠶ᠎ᠡ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠵᠦ ᠂ ᠬᠡᠪ ᠵᠠᠭᠪᠤᠷ ᠢ ᠲᠠᠰᠤᠷᠠᠯᠲᠠ ᠦᠭᠡᠢ ᠲᠡᠭᠦᠯᠳᠡᠷᠵᠢᠭᠦᠯᠪᠡ ᠃      ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ  ᠨᠢ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠲᠠᠢ ᠬᠠᠮᠲᠤ  ᠪᠠᠷ ᠵᠢᠭᠠᠨ ᠰᠤᠷᠭᠠᠯᠲᠠ ᠶᠢᠨ ᠦᠢᠯᠡᠳᠦᠯᠭᠡ ᠶᠢᠨ ᠰᠠᠭᠤᠷᠢᠨ ᠪᠠᠶᠢᠭᠤᠯᠬᠤ ᠪᠠᠷ ᠳᠡᠮᠵᠢᠨ᠂ ᠬᠠᠷᠢᠯᠴᠠᠨ ᠰᠤᠷᠪᠤᠯᠵᠢᠯᠠᠵᠤ ᠰᠣᠯᠢᠯᠴᠠᠬᠤ ᠪᠠ ᠡᠷᠳᠡᠮ ᠰᠢᠨᠵᠢᠯᠡᠭᠡᠨ ᠤ ᠶᠠᠷᠢᠯᠴᠠᠬᠤ ᠬᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠰᠤᠷᠤᠭᠴᠢᠳ ᠢ ᠲᠤᠷᠰᠢᠯᠲᠠ ᠶᠢᠨ ᠲᠠᠰᠤᠭ ᠲᠤ ᠣᠷᠣᠭᠤᠯᠬᠤ ᠪᠠᠷ ᠳᠠᠮᠵᠢᠭᠤᠯᠤᠨ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠠᠵᠢᠯ ᠤᠨ ᠶᠠᠪᠤᠴᠠ ᠵᠢᠴᠢ ᠲᠠᠷᠢᠶᠠᠯᠠᠩ ᠮᠠᠯ ᠠᠵᠤ ᠠᠬᠤᠢ ᠤᠰᠤᠨ ᠭᠠᠷᠤᠯᠲᠠ ᠶᠢ ᠪᠠᠶᠢᠴᠠᠭᠠᠨ ᠬᠡᠮᠵᠢᠬᠦ ᠦᠨᠳᠦᠰᠦᠨ ᠠᠵᠢᠯᠯᠠᠭ᠎ᠠ ᠶᠢ ᠡᠵᠡᠮᠰᠢᠨ᠂ ᠲᠠᠷᠢᠶᠠᠯᠠᠩ ᠮᠠᠯ ᠠᠵᠤ ᠠᠬᠤᠢ ᠤᠰᠤᠨ ᠭᠠᠷᠤᠯᠲᠠ ᠶᠢ ᠪᠠᠶᠢᠴᠠᠭᠠᠨ ᠰᠢᠯᠭᠠᠬᠤ ᠠᠵᠢᠯ ᠤᠨ ᠢᠳᠡᠭᠡᠨ ᠤ ᠠᠮᠤᠷ ᠲᠦᠪᠰᠢᠨ ᠢ ᠪᠠᠲᠤᠯᠠᠬᠤ ᠠᠵᠢᠯ ᠤᠨ ᠳᠤᠮᠳᠠᠬᠢ ᠴᠢᠬᠤᠯᠠ ᠴᠢᠨᠠᠷ ᠤᠨ ᠲᠠᠨᠢᠯᠲᠠ ᠶᠢ ᠭᠦᠨᠵᠡᠭᠡᠶᠢᠷᠡᠭᠦᠯᠵᠦ᠂ ᠲᠡᠭᠦᠨ ᠳᠤ ᠪᠣᠯᠪᠠᠰᠤᠷᠠᠬᠤ ᠲᠣᠬᠢᠶᠠᠯ ᠬᠠᠩᠭᠠᠬᠤ ᠶᠢᠨ ᠬᠠᠮᠲᠤ᠂ ᠵᠢᠩᠬᠢᠨᠢ ᠠᠩᠭᠢ ᠶᠢᠨ ᠲᠡᠭᠦᠰᠬᠦ ᠤᠶᠤᠳᠠᠳ ᠤᠨ ᠳᠠᠳᠤᠯᠭ᠎ᠠ ᠶᠢᠨ ᠪᠣᠯᠪᠠᠰᠤᠷᠠᠭᠤᠯᠤᠯ ᠤᠨ ᠬᠢᠴᠢᠶᠡᠯ ᠤᠨ ᠲᠠᠩᠬᠢᠮ ᠢ ᠬᠠᠮᠲᠤ ᠪᠠᠷ ᠪᠠᠶᠢᠭᠤᠯᠵᠤ᠂ ᠶᠡᠭᠡ ᠰᠤᠷᠭᠠᠭᠤᠯᠢ ᠲᠡᠭᠦᠰᠬᠦ ᠤᠶᠤᠳᠠᠳ ᠤᠨ ᠠᠵᠢᠯ ᠲᠥᠷᠥᠯ ᠤᠨ ᠬᠥᠭᠵᠢᠯᠲᠡ ᠶᠢᠨ ᠬᠥᠳᠡᠯᠦᠯ ᠪᠠᠶᠢᠳᠠᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠶᠢ ᠡᠭᠦᠳᠬᠦ ᠵᠡᠷᠭᠡ ᠲᠠᠯ᠎ᠠ ᠶᠢᠨ ᠮᠡᠳᠡᠯᠭᠡ ᠶᠢ ᠭᠦᠨᠵᠡᠭᠡᠢ ᠣᠶᠢᠯᠠᠭᠠᠬᠤ ᠳᠤ ᠰᠤᠷᠤᠯᠴᠠᠯᠭ᠎ᠠ ᠪᠠ ᠦᠢᠯᠡᠳᠦᠯᠭᠡ ᠶᠢᠨ ᠲᠠᠪᠴᠠᠩ ᠬᠠᠩᠭᠠᠪᠠ ᠃      ᠳᠠᠷᠠᠭᠠᠴᠢ ᠶᠢᠨ ᠠᠯᠬᠤᠮ ᠳᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ  ᠨᠢ ᠦᠷᠭᠦᠯᠵᠢᠯᠡᠨ ᠪᠠᠶᠢᠴᠠᠭᠠᠬᠤ ︱ ᠰᠤᠷᠤᠯᠴᠠᠬᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠡᠯ᠎ᠡ ᠵᠦᠢᠯ ᠤᠨ ᠠᠵᠢᠯ ᠪᠣᠯᠣᠨ ᠡᠳᠦᠷ ᠳᠤᠳᠤᠮ ᠤᠨ ᠰᠢᠯᠭᠠᠨ ᠪᠠᠶᠢᠴᠠᠭᠠᠬᠤ ᠡᠭᠦᠷᠭᠡ ᠶᠢ ᠣᠷᠭᠠᠨᠢᠭ ᠢᠶᠠᠷ ᠤᠶᠠᠯᠳᠤᠭᠤᠯᠵᠤ ᠂ ᠦᠢᠯᠡᠳᠦᠯᠭᠡᠵᠢᠭᠦᠯᠬᠦ ︱ ᠰᠤᠷᠤᠯᠴᠠᠬᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠲᠣᠭᠲᠠᠴᠠ ᠶᠢᠨ ᠰᠢᠨ᠎ᠡ ᠶᠢ ᠡᠭᠦᠳᠴᠦ ᠂ ᠵᠢᠭᠠᠨ ᠰᠤᠷᠭᠠᠯᠲᠠ ᠶᠢᠨ ᠦᠢᠯᠡᠳᠦᠯᠭᠡ ᠶᠢᠨ ᠰᠠᠭᠤᠷᠢᠨ ᠭᠠᠵᠠᠷ ᠤᠨ ᠴᠢᠳᠠᠮᠵᠢ ᠶᠢᠨ ᠪᠠᠶᠢᠷᠢ ᠲᠣᠭᠲᠠᠭᠠᠯᠲᠠ ᠪᠣᠯᠣᠨ ᠪᠣᠯᠪᠠᠰᠤᠷᠠᠭᠤᠯᠤᠯ ᠤᠨ ᠶᠠᠰᠤ ᠴᠢᠨᠠᠷ ᠢ ᠴᠢᠩᠭᠠᠳᠬᠠᠵᠤ ᠂ ᠨᠡᠶᠢᠭᠡᠮ ᠳᠤ ᠨᠡᠩ ᠤᠯᠠᠨ ᠥᠨᠳᠥᠷ ᠬᠡᠪ ᠪᠣᠯᠪᠠᠰᠤᠷᠠᠯ ᠲᠠᠢ ᠬᠡᠷᠡᠭᠯᠡᠭᠡᠨ ᠤ ᠬᠡᠯᠪᠡᠷᠢ ᠶᠢᠨ ᠴᠢᠳᠠᠪᠤᠷᠢᠲᠠᠨ ᠢ ᠬᠦᠮᠦᠵᠢᠭᠦᠯᠬᠦ ᠪᠣᠯᠣᠨ᠎ᠠ᠃ 
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号