ᠱᠠᠳᠤᠨ ᠲᠠᠷᠢᠶᠠᠨ ᠤ ᠥᠭᠡᠷᠡᠴᠢᠯᠡᠯᠲᠠ ᠮᠦ ᠨᠢᠭᠡᠴᠢ ᠶᠢᠨ ᠤᠷᠤᠯᠭ᠎ᠠ ᠶᠢ 500 ᠲᠥᠭᠦᠷᠢᠭ ᠠᠴᠠ ᠳᠡᠭᠡᠭᠰᠢ ᠨᠡᠮᠡᠭᠳᠡᠭᠦᠯᠵᠡᠢ
ᠨᠡᠶᠢᠲᠡᠯᠡᠭᠰᠡᠨ ᠴᠠᠭ᠄
2022/9/29
      ᠰᠤᠷᠪᠤᠯᠵᠢᠯᠠᠭᠴᠢ ᠣᠶᠢᠷ᠎ᠠ ᠳᠤ ᠂ ᠨᠠᠢᠮᠠᠨ ᠬᠤᠰᠢᠭᠤᠨ ᠤ ᠴᠢᠩ ᠯᠦᠩ ᠱᠠᠨ ᠪᠠᠯᠭᠠᠰᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠣᠷᠤᠨ ᠳᠤ ᠬᠥᠷᠬᠦ ᠳᠤ᠂ ᠠᠭᠤᠯᠠ ᠨᠢ ᠳᠠᠪᠬᠤᠷᠯᠠᠨ ᠰᠥᠨᠳᠡᠷᠯᠡᠵᠤ᠂ ᠳᠠᠷᠢᠶ᠎ᠠ ᠨᠢ ᠳᠡᠭᠳᠡᠷᠯᠡᠭᠡᠳ᠂ ᠬᠥᠬᠡᠷᠡᠵᠤ ᠬᠡᠰᠡᠭᠷᠡᠭᠰᠡᠨ ᠱᠠᠲᠤᠨ ᠲᠠᠷᠢᠶ᠎ᠠ ᠵᠢᠷᠤᠬ ᠴᠦ ᠬᠡᠮᠡᠷ ᠪᠠᠭ᠋ᠠᠷᠤᠯ ᠢ ᠳᠠᠳᠠᠨ᠎ᠠ᠃      ︽ᠤᠤᠯ ᠨᠢ ᠡᠨᠡ ᠠᠭᠤᠯᠠᠨ ᠬᠢᠷ᠎ᠠ ᠨᠡᠯᠢᠶᠡᠳ ᠡᠭᠴᠡ ᠪᠤᠯᠬᠤᠷ ᠠᠭᠤᠯᠠᠨ ᠳᠤ ᠭᠠᠷᠬᠤ ᠵᠠᠮ  ᠨᠢ ᠶᠠᠪᠤᠬᠤ ᠳᠤ ᠬᠦᠴᠢᠷ ᠪᠠᠶᠢᠵᠠᠢ ᠂ ᠲᠡᠷᠡ ᠦᠶ᠎ᠡ ᠳᠤ ᠡᠯᠵᠢᠭᠡ ᠪᠠᠷ ᠲᠠᠷᠢᠶ᠎ᠠ ᠲᠠᠷᠢᠬᠤ ᠠᠴᠠ ᠥᠭᠡᠷ᠎ᠡ ᠠᠷᠭ᠎ᠠ ᠦᠭᠡᠢ᠂ ᠡᠳᠦᠷ ᠲᠤ ᠬᠡᠳᠦᠬᠡᠨ ᠮᠦ ᠳᠠᠷᠢᠵᠤ᠂ ᠴᠠᠭ ᠵᠠᠷᠤᠴᠠᠭᠤᠯᠵᠤ ᠪᠠᠶᠢᠯ᠎ᠠ ᠂ ᠭᠠᠵᠠᠷ ᠨᠢ ᠪᠠᠰᠠ ᠬᠥᠴᠥ ᠥᠭᠡᠢ ᠪᠤᠯᠬᠤᠷ ᠳᠡᠮᠡᠢ ᠠᠰᠢᠭ ᠣᠷᠣᠯᠭ᠎ᠠ ᠣᠯᠳᠠᠭ ᠦᠭᠡᠢ︾ ᠭᠡᠵᠦ ᠴᠢᠩ ᠯᠦᠩ ᠱᠠᠨ ᠪᠠᠯᠭᠠᠰᠤᠨ ᠤ ᠴᠢᠩ ᠯᠦᠩ ᠱᠠᠨ ᠲᠤᠰᠬᠤᠨ ᠤ ᠲᠠᠷᠢᠶᠠᠴᠢᠨ ᠭᠤᠤ ᠭᠤᠸᠠᠩ ᠹᠠ ᠦᠩᠭᠡᠷᠡᠭᠰᠡᠨ ᠤ ᠲᠠᠷᠢᠶ᠎ᠠ ᠳᠠᠷᠢᠵᠤ ᠪᠠᠶᠢᠭᠰᠠᠨ ᠬᠦᠴᠢᠷ ᠪᠡᠷᠬᠡᠰᠢᠶᠡᠯ ᠢᠶᠠᠨ ᠡᠷᠭᠢᠴᠡᠭᠦᠯᠵᠤ ᠪᠠᠶᠢᠯ᠎ᠠ ᠃ ᠭᠤᠤ ᠭᠤᠸᠠᠩ ᠹᠠ ᠨᠠᠰᠤᠲᠠᠨ ᠤ ᠬᠤᠶᠠᠷ ᠬᠦᠦ ᠨᠢ ᠨᠢᠭᠡᠨᠲᠡ ᠪᠥᠷ ᠠᠶᠢᠯ ᠭᠡᠷ ᠪᠣᠰᠬᠠᠵᠤ᠂ ᠭᠠᠳᠠᠨ᠎ᠠ ᠭᠠᠵᠠᠷ ᠠᠵᠢᠯᠯᠠᠨ᠂ ᠭᠡᠷ ᠲᠡᠭᠡᠨ ᠵᠥᠪᠬᠡᠨ ᠳᠡᠳᠡ ᠡᠷ᠎ᠡ ᠡᠮ᠎ᠡ ᠬᠤᠶᠠᠭᠤᠯᠠ ᠥᠯᠡᠳᠡᠵᠤ᠂ ᠵᠢᠯ ᠪᠦᠷᠢ ᠶᠢᠨ ᠬᠠᠪᠤᠷ ᠤᠨ ᠤᠯᠠᠷᠢᠯ ᠳᠤ ᠲᠠᠷᠢᠶ᠎ᠠ ᠲᠠᠷᠢᠬᠤ ᠨᠢ ᠳᠡᠳᠡᠨᠡᠷ ᠤᠨ ᠬᠠᠮᠤᠬ ᠤᠨ ᠶᠡᠭᠡ ᠬᠦᠴᠢᠷ ᠠᠰᠠᠭᠤᠳᠠᠯ ᠪᠣᠯᠣᠭᠰᠠᠨ ᠪᠠᠶᠢᠵᠠᠢ ᠃ ᠭᠡᠶ᠎ᠡ ᠱᠠᠲᠤᠨ ᠲᠠᠷᠢᠶ᠎ᠠ ᠶᠢ ᠵᠠᠰᠠᠵᠤ ᠳᠠᠭᠤᠰᠬᠠᠬᠤ ᠶᠢ ᠳᠠᠭᠠᠯᠳᠤᠨ᠂ ᠡᠨᠡ ᠠᠰᠠᠭᠤᠳᠠᠯ ᠨᠢ ᠠᠶᠠᠨᠳᠠᠭᠠᠨ ᠰᠢᠢᠳᠪᠦᠷᠢᠯᠡᠭᠳᠡᠪᠠ᠃ ᠡᠨᠡ ᠬᠡᠳᠦᠨ ᠡᠳᠦᠷ ᠬᠤᠶᠠᠷ ᠨᠠᠰᠤᠳᠠᠨ ᠪᠠᠶᠢᠩᠭᠤ ᠠᠭᠤᠯᠠᠨ ᠳᠤ ᠭᠠᠷᠴᠤ ᠲᠠᠷᠢᠶ᠎ᠠ ᠪᠠᠨ ᠪᠠᠭ᠋ᠠᠷᠤᠨ ᠥᠵᠡᠵᠤ ᠡᠯᠪᠡᠭ ᠬᠤᠷᠢᠶᠠᠯᠲᠠ ᠶᠢᠨ ᠪᠠᠶᠠᠰᠤᠯ ᠳᠤ ᠰᠤᠭᠲᠤᠭᠤᠷᠠᠨ ᠪᠠᠶᠢᠯ᠎ᠠ ᠃      ᠴᠢᠩ ᠯᠦᠩ ᠱᠠᠨ ᠲᠣᠰᠬᠤᠨ ᠠᠭᠤᠯᠠᠷᠬᠠᠭ ᠣᠷᠤᠨ ᠳᠤ ᠪᠠᠶᠢᠷᠢᠯᠠᠵᠤ ᠂ ᠳᠡᠭᠷᠢ ᠳᠤ ᠲᠥᠰᠢᠭᠯᠡᠭᠰᠡᠨ ᠲᠠᠷᠢᠶᠠᠯᠠᠩ ᠳᠤ ᠬᠠᠷᠢᠶᠠᠯᠠᠭᠳᠠᠨ᠎ᠠ᠃ ᠣᠨᠴᠠᠭᠠᠢ ᠭᠠᠵᠠᠷ ᠤᠨ ᠪᠠᠶᠢᠴᠠ ᠠᠴᠠ ᠪᠣᠯᠵᠤ ᠮᠠᠰᠢ ᠤᠯᠠᠨ ᠲᠠᠷᠢᠶᠠᠨ ᠭᠠᠵᠠᠷ ᠨᠢ ᠲᠡᠭᠰᠢ ᠦᠭᠡᠢ ᠪᠦᠭᠡᠳ ᠬᠡᠰᠡᠭ ᠪᠤᠰᠠᠭ ᠰᠠᠯᠤᠩᠬᠢ ᠪᠤᠳᠠᠷᠬᠠᠢ ᠲᠠᠷᠬᠠᠨ᠂ ᠠᠭᠤᠯᠠᠨ ᠬᠢᠷ᠎ᠡ ᠳᠡᠭᠡᠷᠡᠬᠢ ᠲᠠᠷᠢᠶᠠᠨ ᠭᠠᠵᠠᠷ ᠨᠢ ᠤᠰᠤ ᠬᠠᠳᠠᠭᠠᠯᠠᠵᠤ ᠳᠡᠶᠢᠯᠬᠦ ᠦᠭᠡᠢ ᠪᠣᠯᠬᠤᠷ ᠲᠠᠷᠢᠶᠠᠯᠠᠩ ᠤᠨ ᠣᠷᠣᠯᠭ᠎ᠠ ᠨᠢ ᠨᠡᠯᠢᠶᠡᠳ ᠳᠣᠣᠷ᠎ᠠ ᠪᠠᠶᠢᠪᠠ ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠦᠭᠰᠡᠨ ᠠᠴᠠ ᠲᠤᠰᠬᠤᠨ ᠤ ︽ᠵᠢᠵᠢᠭ ᠲᠠᠷᠢᠶᠠᠨ ᠭᠠᠵᠠᠷ︾ ᠨᠢ ᠲᠣᠮᠣ ᠲᠠᠷᠢᠶᠠᠨ ᠭᠠᠵᠠᠷ᠂ ᠰᠠᠯᠤᠩᠬᠢ ᠲᠠᠷᠢᠶᠠᠨ ᠭᠠᠵᠠᠷ ᠨᠢ ᠬᠡᠰᠡᠭᠷᠡᠭᠰᠡᠨ ᠲᠠᠷᠢᠶᠠᠨ ᠭᠠᠵᠠᠷ ᠪᠣᠯᠤᠬᠰᠠᠨ ᠪᠠᠶᠢᠨ᠎ᠠ ᠃      ︽ᠡᠨᠡ ᠬᠦ ᠲᠥᠷᠥᠯ ᠵᠦᠢᠯ ᠮᠠᠨ ᠤ ᠲᠤᠰᠬᠤᠨ ᠤ 315 ᠡᠷᠦᠬᠡ ᠶᠢᠨ 8000 ᠭᠠᠷᠤᠢ ᠮᠦ ᠲᠠᠷᠢᠶᠠᠨ ᠭᠠᠵᠠᠷ ᠲᠠᠢ ᠬᠤᠯᠪᠣᠭᠳᠠᠵᠤ᠂ ᠱᠠᠲᠤᠨ ᠲᠠᠷᠢᠶ᠎ᠠ ᠶᠢ ᠵᠠᠰᠠᠵᠤ ᠠᠰᠢᠬᠯᠠᠯᠲᠠ ᠳᠤ ᠣᠷᠤᠭᠤᠯᠤᠭᠰᠠᠨ ᠤ ᠳᠠᠷᠠᠭ᠎ᠠ᠂ ᠮᠠᠰᠢᠨ ᠬᠡᠷᠡᠭᠯᠡᠬᠦ ᠨᠣᠷᠮ᠎ᠠ ᠶᠢ ᠤᠷᠢᠳ ᠭᠠᠷᠤᠭ᠎ᠠ ᠥᠭᠡᠢ ᠳᠡᠭᠡᠭᠰᠢᠯᠡᠭᠦᠯᠥᠯ᠎ᠡ︾ ᠭᠡᠵᠦ ᠴᠢᠩ ᠯᠦᠩ ᠱᠠᠨ ᠲᠤᠰᠬᠤᠨ ᠤ ᠨᠠᠮ ᠤᠨ ᠡᠭᠦᠷ ᠤᠨ ᠱᠦᠵᠢ ᠭᠤᠸᠠᠨ ᠴᠧᠩ ᠯᠦᠩ ᠬᠡᠯᠡᠨ᠎ᠡ᠃      ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠨᠢ ᠭᠠᠵᠠᠷ ᠰᠢᠷᠤᠢ ᠶᠢ ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠪᠠ᠃ ᠴᠢᠩ ᠯᠥᠩ ᠱᠠᠨ ᠪᠠᠯᠭᠠᠰᠤᠨ ᠤ ᠱᠠ ᠽᠢ ᠯᠢᠶᠠᠩ ᠲᠤᠰᠬᠤᠨ ᠤ ᠲᠠᠷᠢᠶᠠᠴᠢᠨ ᠯᠢ ᠮᠣᠣ ᠢᠦᠢ ᠡᠭᠢᠨ ᠳᠡᠭᠡᠨ ᠪᠤᠰᠤᠳ ᠲᠤᠰᠬᠤᠨ ᠤ ᠬᠢᠨ ᠱᠠᠲᠤᠨ ᠲᠠᠷᠢᠶᠠᠨ ᠳᠤ ᠠᠰᠢᠬ ᠤᠷᠤᠯᠭ᠎ᠠ ᠶᠢ ᠨᠡᠮᠡᠭᠳᠡᠭᠦᠯᠬᠦ ᠲᠥᠷᠥᠯ ᠵᠥᠢᠯ ᠢ ᠬᠡᠷᠡᠭᠵᠢᠭᠦᠯᠵᠤ ᠪᠠᠶᠢᠨ᠎ᠠ ᠭᠡᠰᠡᠨ ᠢ ᠰᠤᠨᠤᠰᠤᠭᠠᠳ ᠢᠳᠡᠭᠡᠵᠦ ᠶᠠᠳᠠᠬᠰᠠᠨ ᠪᠠᠶᠢᠯ᠎ᠠ ᠃ ᠭᠡᠶ᠎ᠡ ᠵᠠᠰᠠᠭᠰᠠᠨ ᠤ ᠳᠠᠷᠠᠭᠠᠬᠢ ᠱᠠᠲᠤᠨ ᠲᠠᠷᠢᠶ᠎ᠠ ᠶᠢᠨ ᠤᠷᠭᠤᠯᠳᠠ ᠪᠠ ᠤᠨᠠᠯᠳᠠ ᠶᠢ ᠥᠩᠬᠡᠷᠡᠭᠰᠡᠨ ᠵᠢᠯ ᠤᠨ ᠬᠢ ᠲᠠᠢ ᠬᠠᠷᠢᠴᠠᠭᠤᠯᠤᠭᠠᠳ ᠱᠠᠲᠤᠨ ᠲᠠᠷᠢᠶᠠᠨ ᠤ ᠪᠦᠳᠦᠭᠡᠨ ᠪᠠᠶᠢᠭᠤᠯᠤᠯᠲᠠ ᠶᠢᠨ ᠲᠤᠬᠠᠢ ᠰᠢᠨ᠎ᠡ ᠲᠠᠨᠢᠯᠲᠠ  ᠲᠠᠢ ᠪᠣᠯᠵᠠᠢ᠃ ︽ᠱᠠᠲᠤᠨ ᠲᠠᠷᠢᠶ᠎ᠠ ᠶᠢ ᠵᠠᠰᠠᠬᠤ ᠨᠢ ᠥᠨᠡᠭᠡᠷ ᠰᠠᠶᠢᠨ ᠶᠠᠪᠤᠳᠠᠯ ᠡ᠂ ᠠᠷᠠᠳ ᠣᠯᠠᠨ ᠤ ᠣᠷᠣᠯᠭ᠎ᠠ ᠶᠢ ᠦᠨᠡᠬᠡᠷ ᠨᠡᠮᠡᠭᠳᠡᠭᠦᠯᠦᠨ᠎ᠡ᠂ ᠱᠠᠲᠤᠨ ᠲᠠᠷᠢᠶ᠎ᠠ ᠶᠢᠨ ᠥᠭᠡᠷᠡᠴᠢᠯᠡᠯᠲᠠ ᠮᠦ ᠨᠢᠭᠡᠴᠢ ᠶᠢᠨ ᠤᠷᠤᠯᠭ᠎ᠠ ᠶᠢ 500 ᠲᠥᠭᠦᠷᠢᠭ ᠠᠴᠠ ᠳᠡᠭᠡᠭᠰᠢ ᠨᠡᠮᠡᠭᠳᠡᠭᠦᠯᠵᠡᠢ︾ ᠭᠡᠵᠤ ᠯᠢ ᠮᠣᠣ ᠢᠦᠢ ᠱᠠᠲᠤᠨ ᠲᠠᠷᠢᠶ᠎ᠠ ᠶᠢ ᠵᠠᠰᠠᠭᠰᠠᠨ ᠤ ᠳᠠᠷᠠᠭᠠᠬᠢ ᠰᠠᠶᠢᠨ ᠲᠠᠢ ᠲᠠᠯ᠎ᠠ ᠶᠢ ᠲᠤᠶᠢᠯᠪᠤᠷᠢᠲᠠᠢ ᠲᠠᠨᠢᠵᠤ ᠣᠯᠪᠠ᠃ ᠡᠶᠢᠨ ᠬᠦ ᠡᠨᠡ ᠵᠢᠯ ᠤᠨ ᠬᠠᠪᠤᠷ ᠲᠤᠰᠬᠤᠨ ᠳᠤ ᠱᠠᠲᠤᠨ ᠲᠠᠷᠢᠶ᠎ᠠ ᠵᠠᠰᠠᠵᠤ ᠡᠬᠢᠯᠡᠬᠦ ᠦᠶ᠎ᠡ ᠳᠤ ᠯᠢ ᠮᠣᠣ ᠢᠦᠢ ᠬᠡᠨ ᠠᠴᠠ ᠴᠦ  ᠢᠳᠡᠪᠬᠢᠲᠠᠢ ᠨᠡᠷ᠎ᠡ ᠮᠡᠳᠡᠭᠦᠯᠥᠭᠰᠡᠨ ᠪᠠᠶᠢᠯ᠎ᠠ ᠃      ᠱᠠ ᠽᠢ ᠯᠢᠶᠠᠩ ᠲᠤᠰᠬᠤᠨ ᠤ ᠨᠠᠮ ᠤᠨ ᠡᠭᠦᠷ ᠤᠨ ᠱᠦᠵᠢ ᠵᠢᠶᠠ ᠼᠦᠨ᠄ ︽ᠡᠨᠡ ᠵᠢᠯ ᠬᠤᠷ᠎ᠠ ᠪᠣᠷᠣᠭᠠᠨ ᠡᠯᠪᠡᠭ᠂ ᠬᠡᠷᠪᠡ ᠬᠠᠪᠤᠷ ᠤᠨ ᠤᠯᠠᠷᠢᠯ ᠳᠤ ᠱᠠᠲᠤᠨ ᠲᠠᠷᠢᠶ᠎ᠠ ᠶᠢ ᠵᠠᠰᠠᠭᠰᠠᠨ ᠦᠭᠡᠢ ᠪᠣᠯ ᠲᠠᠷᠢᠶᠠᠨ ᠭᠠᠵᠠᠷ ᠲᠤ ᠯᠠᠪᠲᠠᠢ ᠮᠠᠰᠢ ᠣᠯᠠᠨ ᠶᠡᠭᠡ ᠢᠳᠡᠭᠳᠡᠮᠡᠯ ᠭᠤᠤ ᠭᠠᠷᠬᠤ ᠨᠢ ᠲᠡᠷᠡ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠨᠢ ᠤᠰᠤ ᠠᠭᠠᠷ ᠢ ᠬᠠᠮᠠᠭᠠᠯᠠᠨ᠂ ᠭᠠᠵᠠᠷ ᠳᠣᠣᠷᠠᠬᠢ ᠤᠰᠤ ᠶᠢ ᠬᠠᠳᠠᠭᠠᠯᠠᠵᠤ᠂ ᠣᠯᠠᠨ ᠲᠦᠮᠡᠨ ᠳᠤ ᠦᠨᠡᠨ ᠪᠣᠳᠠᠲᠠᠢ ᠠᠰᠢᠭ ᠲᠤᠰᠠ ᠠᠪᠴᠢᠷᠠᠵᠤ ᠥᠭᠬᠦᠯ᠎ᠡ︾ ᠭᠡᠵᠤ ᠪᠠᠶᠠᠷᠯᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠨᠢ ᠴᠢᠩ ᠯᠦᠩ ᠱᠠᠨ ᠪᠠᠯᠭᠠᠰᠤᠨ ᠤ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ᠂ ᠲᠠᠷᠢᠶᠠᠯᠠᠩ ᠤᠨ ᠮᠠᠰᠢᠨᠴᠢᠯᠠᠭᠰᠠᠨ ᠦᠢᠯᠡᠳᠪᠦᠷᠢᠯᠡᠯ ᠪᠠ ᠬᠡᠪᠴᠢᠶᠡᠵᠢᠭᠰᠡᠨ ᠬᠦᠭᠵᠢᠯᠲᠡ ᠶᠢ ᠠᠬᠢᠭᠤᠯᠬᠤ ᠳᠤ ᠪᠠᠲᠤᠯᠠᠭ᠎ᠠ ᠬᠠᠩᠭᠠᠭᠰᠠᠨ ᠪᠠᠶᠢᠨ᠎ᠠ ᠃      ᠣᠶᠢᠷ᠎ᠠ ᠶᠢᠨ ᠵᠢᠯ ᠠᠴᠠ ᠨᠠᠭᠠᠰᠢ᠂ ᠴᠢᠩ ᠯᠦᠩ ᠱᠠᠨ ᠪᠠᠯᠭᠠᠰᠤ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠲᠠᠷᠢᠶᠠᠯᠠᠩ ᠤᠨ ᠤᠨᠠᠯᠲᠠ ᠶᠢ ᠨᠡᠮᠡᠭᠳᠡᠭᠦᠯᠵᠤ ᠠᠮᠤ ᠪᠤᠳᠠᠭᠠᠨ ᠤ ᠠᠮᠤᠷ ᠲᠤᠪᠰᠢᠨ ᠢ ᠪᠠᠳᠤᠯᠠᠬᠤ ᠪᠠᠷ ᠭᠤᠣᠯ ᠭᠠᠷᠳᠠᠴᠠ ᠪᠣᠯᠭᠠᠨ᠂ ᠣᠳᠤᠬᠠᠨ ᠳᠤ ᠨᠢᠭᠡᠨᠲᠡ 5.2 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠵᠤ ᠂ ᠡᠨᠡ ᠵᠢᠯ ᠤᠨ ᠨᠠᠮᠤᠷ ᠪᠠᠰᠠ 3.85 ᠲᠦᠮᠡᠨ ᠮᠦ ᠲᠠᠷᠢᠶᠠᠯᠠᠩ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号