ᠮᠠᠯᠵᠢᠬᠤ ᠲᠠᠷᠢᠶᠠᠯᠠᠬᠤ ᠣᠷᠣᠨ ᠤ ᠬᠤᠷᠰᠢᠭᠰᠠᠨ ᠠᠵᠤ ᠠᠬᠤᠢ ᠶᠢᠨ ᠵᠢᠯᠣᠭᠤᠳᠬᠤ ᠭᠠᠵᠠᠷ
ᠨᠡᠶᠢᠲᠡᠯᠡᠭᠰᠡᠨ ᠴᠠᠭ᠄
2023/1/1
     ᠬᠥᠳᠡᠭᠡ ᠲᠣᠰᠬᠤᠨ ᠤ ᠴᠡᠭᠴᠡᠯᠡᠨ ᠵᠠᠰᠠᠬᠤ ᠰᠢᠰᠲ᠋ᠧᠮ ᠤᠨ ᠪᠠᠶᠢᠭᠤᠯᠤᠯᠲᠠ ᠶᠢ ᠵᠣᠬᠢᠴᠠᠭᠤᠯᠤᠨ ᠠᠬᠢᠭᠤᠯᠤᠨ᠎ᠠ᠃ ᠮᠠᠯᠴᠢᠨ ᠲᠠᠷᠢᠶᠠᠴᠢᠳ ᠤᠨ ᠳᠠᠷᠤᠭᠠᠰᠤ ᠶᠢ ᠬᠥᠩᠭᠡᠷᠡᠭᠦᠯᠬᠦ ᠪᠠ ︽ᠨᠢᠭᠡ ᠶᠠᠪᠤᠳᠠᠯ ᠢ ᠨᠢᠭᠡ ᠵᠥᠪᠯᠡᠬᠦ︾ ᠪᠡᠯᠡ ᠴᠤᠭᠯᠠᠭᠤᠯᠵᠤ ᠬᠥᠳᠡᠯᠮᠦᠷᠢ ᠬᠦᠴᠦ ᠴᠤᠭᠯᠠᠭᠤᠯᠬᠤ ᠬᠠᠮᠢᠶᠠᠷᠤᠯᠲᠠ ᠳᠤ ᠬᠢᠨᠠᠯᠲᠠ ᠲᠠᠯᠪᠢᠨ᠎ᠠ᠃ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠡᠳ᠋ ᠬᠥᠷᠥᠩᠭᠡ ᠪᠣᠯᠤᠨ ᠮᠠᠯᠴᠢᠨ ᠲᠠᠷᠢᠶᠠᠴᠢᠳ ᠤᠨ ᠬᠤᠷᠰᠢᠭᠰᠠᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠣᠯᠤᠨ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠶᠯᠡᠴᠢᠯᠡᠭᠡᠨ  ᠤ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ  ᠶᠢᠨ ᠭᠠᠵᠠᠷ ᠢ ᠬᠤᠪᠢᠶᠠᠷᠢᠯᠠᠬᠤ᠂ ᠬᠡᠷᠡᠭᠯᠡᠬᠦ᠂ ᠰᠢᠯᠵᠢᠭᠦᠯᠬᠦ᠂ ᠵᠢᠭᠤᠷᠠᠯᠳᠤᠭᠠᠨ ᠢ ᠬᠥᠨᠳᠡᠯᠡᠨ ᠠᠴᠠ ᠲᠠᠰᠤᠯᠬᠤ ᠬᠠᠮᠢᠶᠠᠷᠤᠯᠲᠠ ᠪᠣᠯᠤᠨ ᠣᠷᠣᠨ ᠰᠠᠭᠤᠴᠠ ᠶᠢᠨ ᠭᠠᠵᠠᠷ ᠢ ᠵᠦᠶ ᠵᠣᠬᠢᠰᠲᠠᠶ ᠪᠠᠶᠢᠷᠢᠰᠢᠭᠤᠯᠬᠤ᠂ ᠭᠠᠵᠠᠷ ᠬᠡᠷᠡᠭᠯᠡᠬᠦ ᠪᠠᠷᠢᠮᠵᠢᠶ᠎ᠠ᠂ ᠬᠠᠤᠯᠢ ᠠᠴᠠ ᠵᠥᠷᠢᠴᠡᠨ ᠭᠠᠵᠠᠷ ᠬᠡᠷᠡᠭᠯᠡᠭᠰᠡᠨ ᠢ ᠪᠠᠶᠢᠴᠠᠭᠠᠨ ᠰᠢᠶᠳᠪᠦᠷᠢᠯᠡᠬᠦ ᠠᠵᠢᠯ ᠢ ᠰᠠᠶᠢᠲᠤᠷ ᠬᠢᠵᠦ᠂ ᠬᠡᠷᠡᠭᠯᠡᠬᠦ ᠦᠭᠡᠢ ᠰᠡᠯᠡᠭᠦᠦ ᠪᠠᠶᠢᠭ᠎ᠠ ᠣᠷᠣᠨ ᠰᠠᠭᠤᠴᠠ ᠶᠢᠨ ᠭᠠᠵᠠᠷ ᠪᠣᠯᠤᠨ ᠬᠡᠷᠡᠭᠯᠡᠬᠦ ᠦᠭᠡᠢ ᠪᠠᠶᠢᠭ᠎ᠠ ᠲᠠᠷᠢᠶᠠᠴᠢᠳ ᠤᠨ ᠭᠡᠷ ᠪᠠᠶᠢᠰᠢᠩ ᠢ ᠠᠰᠢᠭᠯᠠᠬᠤ ᠶᠢ ᠵᠢᠯᠣᠭᠤᠳᠤᠨ᠎ᠠ᠃       ᠬᠠᠷᠢᠭᠤᠴᠠᠯᠭᠠᠲᠠᠨ᠄ ᠵᠦ ᠰᠢᠶᠣᠣ ᠹᠠᠩ       ᠬᠠᠷᠢᠯᠴᠠᠬᠤ ᠤᠲᠠᠰᠤ᠄ 0471 — 6651843      ᠠᠵᠢᠯᠯᠠᠬᠤ ᠭᠠᠵᠠᠷ᠄ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ᠤᠨ ᠠᠯᠪᠠᠨ ᠠᠰᠠᠷ ᠤᠨ 616 ᠲᠠᠰᠤᠭ       ᠠᠵᠢᠯᠯᠠᠬᠤ ᠴᠠᠭ᠄ 08᠄ 30 — 12᠄ 00᠂ 14᠄ 30 — 17᠄ 30᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠦᠭᠡᠢ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号