ᠰᠢᠨᠵᠢᠯᠡᠭᠡ ᠮᠡᠷᠭᠡᠵᠢᠯ ᠰᠤᠷᠭᠠᠨ ᠬᠥᠮᠦᠵᠢᠯ ᠤᠨ ᠭᠠᠵᠠᠷ
ᠨᠡᠶᠢᠲᠡᠯᠡᠭᠰᠡᠨ ᠴᠠᠭ᠄
2023/1/1
     ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠭᠡ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠵᠢᠴᠢ ᠬᠠᠮᠢᠶ᠎ᠠ ᠪᠦᠬᠦᠢ ᠰᠢᠰᠲ᠋ᠧᠮᠵᠢ ᠶᠢᠨ ᠪᠠᠶᠢᠭᠤᠯᠤᠯᠲᠠ᠂ ᠰᠤᠳᠣᠯᠭᠠᠨ᠂ ᠮᠡᠷᠭᠡᠵᠢᠯ ᠣᠷᠣᠭᠤᠯᠬᠤ᠂ ᠦᠷ᠎ᠡ ᠪᠦᠲᠦᠭᠡᠯ ᠢ ᠬᠤᠪᠢᠷᠠᠭᠤᠯᠬᠤ ᠪᠠ ᠮᠡᠷᠭᠡᠵᠢᠯ ᠳᠡᠯᠭᠡᠷᠡᠭᠦᠯᠬᠦ ᠠᠵᠢᠯ ᠢ ᠲᠦᠯᠬᠢᠨ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ  ᠶᠢᠨ ᠭᠧᠨ ᠰᠢᠯᠵᠢᠭᠦᠯᠦᠭᠰᠡᠨ ᠠᠮᠢᠳᠤ ᠪᠣᠳᠠᠰ ᠤᠨ ᠠᠮᠤᠷ ᠲᠦᠪᠰᠢᠨ ᠪᠠ ᠭᠠᠳᠠᠨ᠎ᠠ ᠠᠴᠠ ᠢᠷᠡᠭᠰᠡᠨ ᠡᠭᠦᠯᠳᠡᠷ ᠤᠨ ᠬᠠᠮᠢᠶᠠᠷᠤᠯᠲᠠ ᠶᠢᠨ ᠠᠵᠢᠯ ᠢ ᠬᠢᠨᠠᠨ ᠬᠠᠮᠢᠶᠠᠷᠤᠨ᠎ᠠ᠃ ᠲᠠᠷᠢᠶᠠᠯᠠᠩ ᠮᠠᠯ ᠠᠵᠤ ᠠᠬᠤᠶ ᠳᠤ ᠬᠡᠷᠡᠭᠯᠡᠬᠦ ᠭᠠᠵᠠᠷ᠂ ᠠᠮᠢᠳᠤ ᠪᠣᠳᠠᠰ ᠤᠨ ᠳᠦᠷᠰᠦ ᠶᠢᠨ ᠡᠬᠢ ᠪᠠᠶᠠᠯᠢᠭ ᠬᠢᠭᠡᠳ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢᠨ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠪᠠ ᠬᠠᠮᠢᠶᠠᠷᠤᠯᠲᠠ ᠶᠢ ᠵᠢᠯᠣᠭᠤᠳᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠳᠠᠬᠢᠨ ᠡᠭᠦᠰᠴᠦ ᠪᠣᠯᠬᠤ ᠡᠨᠧᠷᠭᠢ ᠶᠢ ᠨᠡᠭᠡᠭᠡᠨ ᠠᠰᠢᠭᠯᠠᠬᠤ᠂ ᠡᠨᠧᠷᠭᠢ ᠠᠷᠪᠢᠯᠠᠨ ᠪᠣᠬᠢᠷᠲᠤᠯ ᠤᠨ ᠭᠠᠳᠠᠭᠰᠢᠯᠠᠯᠲᠠ ᠶᠢ ᠪᠠᠭᠠᠰᠬᠠᠬᠤ᠂ ᠠᠷᠢᠭᠤᠨ ᠴᠡᠪᠡᠷ ᠦᠶᠯᠡᠳᠪᠦᠷᠢᠯᠡᠯ ᠪᠣᠯᠤᠨ ᠠᠮᠢ ᠠᠬᠤᠢ ᠶᠢᠨ ᠡᠷᠭᠢᠯᠳᠡᠲᠦ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠤᠨ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢ ᠬᠦᠮᠦᠵᠢᠭᠦᠯᠬᠦ ᠶᠢ ᠵᠢᠯᠣᠭᠤᠳᠤᠨ᠎ᠠ᠃      ᠬᠠᠷᠢᠭᠤᠴᠠᠯᠭᠠᠲᠠᠨ᠄ ᠮᠠ ᠰᠢᠶᠣᠣ ᠶᠦᠨ      ᠬᠠᠷᠢᠯᠴᠠᠬᠤ ᠤᠲᠠᠰᠤ᠄ 0471 — 6652033      ᠠᠵᠢᠯᠯᠠᠬᠤ ᠭᠠᠵᠠᠷ᠄ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠠᠯᠪᠠᠨ ᠠᠰᠠᠷ ᠤᠨ 710 ᠲᠠᠰᠤᠭ      ᠠᠵᠢᠯᠯᠠᠬᠤ ᠴᠠᠭ᠄ 08᠄ 30 — 12᠄ 00᠂ 14᠄ 30 — 17᠄ 30᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠦᠭᠡᠢ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号