︽ᠠᠵᠢᠯ ᠡᠷᠭᠢᠯᠡᠬᠦ ᠮᠠᠯ ᠤᠨ ᠡᠮᠴᠢ ᠪᠣᠯᠣᠨ ᠬᠥᠳᠡᠭᠡ ᠲᠣᠰᠬᠤᠨ ᠤ ᠮᠠᠯ ᠤᠨ ᠡᠮᠴᠢ ᠶᠢᠨ ᠬᠠᠮᠢᠶᠠᠷᠤᠯᠲᠠ ᠶᠢᠨ | ᠠᠷᠭ᠎ᠠ︾ ᠪᠣᠯᠣᠨ ᠪᠥᠬᠦ ᠤᠯᠤᠰ ᠤᠨ ᠠᠵᠢᠯ ᠡᠷᠭᠢᠯᠡᠬᠦ ᠮᠠᠯ ᠤᠨ ᠡᠮᠴᠢ ᠶᠢᠨ ᠬᠢᠷᠢ ᠬᠡᠮ ᠤᠨ ᠰᠢᠯᠭᠠᠯᠲᠠ ᠶᠢᠨ | ᠺᠣᠮᠢᠰ ᠤᠨ ᠠᠯᠪᠠᠨ ᠵᠠᠷ ︵ᠲᠠᠷᠢᠶᠠᠯᠠᠩ ᠡᠮᠨᠡᠯᠭᠡ ᠰᠢᠯᠭᠠᠯᠲᠠ ᠠᠯᠪᠠᠨ ᠵᠠᠷ 30 ᠳ᠋ᠤᠭᠠᠷ ᠲᠣᠭᠠᠲᠤ︶ ᠢ | ᠦᠨᠳᠦᠰᠦᠯᠡᠨ᠂ ᠡᠳᠦᠭᠡ ᠥᠪᠥᠷ ᠮᠣᠩᠭᠤᠯ ᠤᠨ ᠰᠢᠯᠭᠠᠯᠲᠠ ᠶᠢᠨ ᠲᠣᠭᠤᠷᠢᠭ ᠤᠨ ᠠᠵᠢᠯ ᠡᠷᠭᠢᠯᠡᠬᠦ ᠮᠠᠯ ᠤᠨ | ᠡᠮᠴᠢ ᠶᠢᠨ ᠬᠢᠷᠢ ᠬᠡᠮ ᠤᠨ ᠭᠤᠶᠤᠴᠢᠯᠠᠯ ᠤᠨ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠪᠠ ᠄ | ᠨᠢᠭᠡ᠂ ᠬᠢᠷᠢ ᠪᠦᠲᠦᠮᠵᠢ ᠶᠢ ᠪᠠᠶᠢᠴᠠᠭᠠᠨ ᠯᠠᠪᠯᠠᠬᠤ | 2022 ᠣᠨ ᠤ ᠪᠥᠬᠦ ᠤᠯᠤᠰ ᠤᠨ ᠠᠵᠢᠯ ᠡᠷᠭᠢᠯᠡᠬᠦ ᠮᠠᠯ ᠤᠨ ᠡᠮᠴᠢ ᠶᠢᠨ ᠬᠢᠷᠢ ᠬᠡᠮ ᠤᠨ ᠰᠢᠯᠭᠠᠯᠲᠠ ᠶᠢᠨ | ᠬᠢᠷᠢ ᠪᠦᠲᠦᠮᠵᠢ ᠶᠢ 2023 ᠣᠨ ᠤ 1 ᠰᠠᠷ᠎ᠠ ᠶᠢᠨ 9 ᠤ ᠡᠳᠦᠷ ᠨᠡᠶᠢᠲᠡᠯᠡᠪᠡ᠂ ᠪᠥᠬᠦ ᠤᠯᠤᠰ ᠤᠨ ᠮᠠᠯ | ᠡᠮᠨᠡᠯᠭᠡ ᠶᠢᠨ ᠶᠡᠷᠦᠩᠬᠡᠢ ᠰᠠᠯᠠᠭᠠᠨ ᠤ ᠲᠥᠷᠥᠯ ᠤᠨ ᠠᠵᠢᠯ ᠡᠷᠭᠢᠯᠡᠬᠦ ᠮᠠᠯ ᠤᠨ ᠡᠮᠴᠢ ᠪᠠ ᠠᠵᠢᠯ ᠡᠷᠭᠢᠯᠡᠬᠦ | ᠲᠤᠰᠠᠯᠠᠬᠤ ᠮᠠᠯ ᠤᠨ ᠡᠮᠴᠢ ᠶᠢᠨ ᠬᠢᠷᠢ ᠲᠡᠩᠴᠡᠭᠦ ᠬᠤᠪᠢ ᠶᠢᠨ ᠱᠤᠭᠤᠮ ᠨᠢ ᠲᠣᠰ ᠲᠣᠰ 237 ᠬᠤᠪᠢ ᠪᠠ 209 | ᠬᠤᠪᠢ ᠪᠣᠯᠣᠨ᠎ᠠ︔ ᠤᠰᠤᠨ ᠤ ᠠᠮᠢᠲᠠᠨ ᠤ ᠲᠥᠷᠥᠯ ᠤᠨ ᠠᠵᠢᠯ ᠡᠷᠭᠢᠯᠡᠬᠦ ᠮᠠᠯ ᠤᠨ ᠡᠮᠴᠢ ᠪᠠ ᠠᠵᠢᠯ ᠡᠷᠭᠢᠯᠡᠬᠦ | ᠲᠤᠰᠠᠯᠠᠬᠤ ᠮᠠᠯ ᠤᠨ ᠡᠮᠴᠢ ᠶᠢᠨ ᠬᠢᠷᠢ ᠲᠡᠩᠴᠡᠭᠦ ᠬᠤᠪᠢ ᠶᠢᠨ ᠱᠤᠭᠤᠮ ᠨᠢ ᠲᠣᠰ ᠲᠣᠰ 213 ᠬᠤᠪᠢ ᠪᠠ 197 | ᠬᠤᠪᠢ ᠪᠣᠯᠣᠨ᠎ᠠ︔ ᠨᠢᠭᠡ ᠤᠳᠠᠭ᠎ᠠ ᠳᠤ ᠪᠦᠬᠦ 4 ᠲᠥᠷᠥᠯ ᠤᠨ ᠬᠢᠴᠢᠶᠡᠯ ᠲᠥᠷᠥᠯ ᠳᠤ ᠨᠡᠷ᠎ᠡ ᠮᠡᠳᠡᠭᠦᠯᠦᠭᠰᠡᠨ | ᠪᠣᠯᠪᠠᠴᠤ ᠳᠡᠭᠡᠷ᠎ᠡ ᠳᠤᠷᠠᠳᠤᠭᠰᠠᠨ ᠬᠢᠷᠢ ᠲᠡᠩᠴᠡᠭᠦ ᠬᠤᠪᠢ ᠶᠢᠨ ᠱᠤᠭᠤᠮ ᠳᠤ ᠬᠦᠷᠦᠭᠰᠡᠨ ᠦᠭᠡᠢ ᠪᠤᠶᠤ ᠬᠡᠰᠡᠭ | ᠬᠢᠴᠢᠶᠡᠯ ᠲᠥᠷᠥᠯ ᠳᠤ ᠨᠡᠷ᠎ᠡ ᠮᠡᠳᠡᠭᠦᠯᠦᠭᠰᠡᠨ ᠦᠭᠡᠢ ᠪᠠᠶᠢᠪᠠᠯ᠂ 60 ᠬᠤᠪᠢ ᠨᠢ ᠲᠠᠩ ᠲᠥᠷᠥᠯ ᠤᠨ ᠬᠢᠷᠢ | ᠲᠡᠩᠴᠡᠭᠦ ᠬᠤᠪᠢ ᠶᠢᠨ ᠱᠤᠭᠤᠮ ᠳᠤ ᠬᠦᠷᠴᠦ᠂ ᠲᠠᠩ ᠲᠥᠷᠥᠯ ᠤᠨ ᠬᠢᠷᠢ ᠲᠡᠩᠴᠡᠭᠰᠡᠨ ᠬᠢᠷᠢ ᠪᠦᠲᠦᠮᠵᠢ ᠨᠢ 3 | ᠵᠢᠯ ᠤᠨ ᠳᠣᠲᠣᠷ᠎ᠠ ᠬᠦᠴᠦᠨ ᠲᠠᠢ ᠪᠠᠶᠢᠵᠤ᠂ ᠬᠦᠴᠦᠨ ᠲᠠᠢ ᠬᠤᠭᠤᠴᠠᠭᠠᠨ ᠳᠤ 4 ᠲᠥᠷᠥᠯ ᠤᠨ ᠬᠢᠴᠢᠶᠡᠯ | ᠲᠥᠷᠥᠯ ᠳᠤ ᠬᠢᠷᠢ ᠲᠡᠩᠴᠡᠭᠰᠡᠨ ᠢ ᠰᠢᠯᠭᠠᠯᠲᠠ ᠳᠤ ᠬᠢᠷᠢ ᠲᠡᠩᠴᠡᠭᠰᠡᠨ ᠢᠶᠠᠷ ᠦᠵᠡᠵᠦ᠂ ᠠᠵᠢᠯ ᠡᠷᠭᠢᠯᠡᠬᠦ ᠮᠠᠯ ᠤᠨ | ᠡᠮᠴᠢ ᠶᠢᠨ ᠬᠢᠷᠢ ᠬᠡᠮ ᠢ ᠭᠤᠶᠤᠴᠢᠯᠠᠵᠤ ᠪᠣᠯᠣᠨ᠎ᠠ᠃ | ᠰᠢᠯᠭᠠᠭᠤᠯᠤᠭᠴᠢ ᠳᠤᠮᠳᠠᠳᠤ ᠤᠯᠤᠰ ᠤᠨ ᠮᠠᠯ ᠡᠮᠨᠡᠯᠭᠡ ᠶᠢᠨ ᠰᠦᠯᠵᠢᠶ᠎ᠡ ︵http://www.cadc. | net.cn︶ ᠶᠢᠨ ︽ᠪᠥᠬᠦ ᠤᠯᠤᠰ ᠤᠨ ᠠᠵᠢᠯ ᠡᠷᠭᠢᠯᠡᠬᠦ ᠮᠠᠯ ᠤᠨ ᠡᠮᠴᠢ ᠶᠢᠨ ᠬᠢᠷᠢ ᠬᠡᠮ ᠤᠨ ᠰᠢᠯᠭᠠᠯᠲᠠ ᠶᠢᠨ | ᠰᠦᠯᠵᠢᠶᠡᠨ ᠳᠡᠭᠡᠷᠡᠬᠢ ᠮᠡᠳᠡᠭᠡ ᠵᠠᠩᠭᠢ ᠶᠢᠨ ᠲᠠᠪᠴᠠᠩ︾ ᠠᠴᠠ ᠬᠢᠷᠢ ᠪᠦᠲᠦᠮᠵᠢ ᠪᠠᠨ ᠯᠠᠪᠯᠠᠵᠤ ᠪᠣᠯᠣᠨ᠎ᠠ᠃ | ᠬᠤᠶᠠᠷ ᠂ ᠬᠢᠷᠢ ᠬᠡᠮ ᠭᠤᠶᠤᠴᠢᠯᠠᠬᠤ | ᠰᠢᠯᠭᠠᠯᠲᠠ ᠶᠢᠨ ᠬᠢᠷᠢ ᠪᠦᠲᠦᠮᠵᠢ ᠨᠢ 2022 ᠣᠨ ᠤ ᠪᠥᠬᠦ ᠤᠯᠤᠰ ᠤᠨ ᠠᠵᠢᠯ ᠡᠷᠭᠢᠯᠡᠬᠦ ᠮᠠᠯ ᠤᠨ | ᠡᠮᠴᠢ ᠶᠢᠨ ᠬᠢᠷᠢ ᠬᠡᠮ ᠤᠨ ᠰᠢᠯᠭᠠᠯᠲᠠ ᠶᠢᠨ ᠬᠢᠷᠢ ᠲᠡᠩᠴᠡᠭᠦ ᠬᠤᠪᠢ ᠶᠢᠨ ᠱᠤᠭᠤᠮ ᠳᠤ ᠭᠦᠷᠦᠭᠰᠡᠨ | ᠰᠢᠯᠭᠠᠭᠤᠯᠤᠭᠴᠢ 2023 ᠣᠨ ᠤ 1 ᠰᠠᠷ᠎ᠠ ᠶᠢᠨ 10 ᠤ ᠡᠳᠦᠷ ᠠᠴᠠ 2 ᠰᠠᠷ᠎ᠠ ᠶᠢᠨ 9 ᠤ ᠡᠳᠦᠷ ᠪᠣᠯᠲᠠᠯ᠎ᠠ | ᠳᠤᠮᠳᠠᠳᠤ ᠤᠯᠤᠰ ᠤᠨ ᠮᠠᠯ ᠡᠮᠨᠡᠯᠭᠡ ᠶᠢᠨ ᠰᠦᠯᠵᠢᠶ᠎ᠡ ︵http://www.cadc.net.cn︶ ᠶᠢᠨ ︽ᠪᠥᠬᠦ | ᠤᠯᠤᠰ ᠤᠨ ᠠᠵᠢᠯ ᠡᠷᠭᠢᠯᠡᠬᠦ ᠮᠠᠯ ᠤᠨ ᠡᠮᠴᠢ ᠶᠢᠨ ᠬᠢᠷᠢ ᠬᠡᠮ ᠤᠨ ᠰᠢᠯᠭᠠᠯᠲᠠ ᠶᠢᠨ ᠰᠦᠯᠵᠢᠶᠡᠨ ᠳᠡᠭᠡᠷᠡᠬᠢ ᠮᠡᠳᠡᠭᠡ | ᠵᠠᠩᠭᠢ ᠶᠢᠨ ᠲᠠᠪᠴᠠᠩ︾ ᠳᠤ ᠭᠠᠷᠴᠤ ᠂ ᠱᠠᠭᠠᠷᠳᠠᠯᠭ᠎ᠠ ᠶᠣᠰᠣᠭᠠᠷ ᠠᠵᠢᠯ ᠡᠷᠭᠢᠯᠡᠬᠦ ᠮᠠᠯ ᠤᠨ ᠡᠮᠴᠢ ᠶᠢᠨ ᠬᠢᠷᠢ | ᠬᠡᠮ ᠤᠨ ᠭᠤᠶᠤᠴᠢᠯᠠᠯ ᠭᠠᠷᠭᠠᠬᠤ ᠬᠡᠷᠡᠭᠲᠡᠢ᠃ | ᠭᠤᠷᠪᠠ᠂ ᠬᠢᠷᠢ ᠬᠡᠮ ᠢ ᠬᠢᠨᠠᠨ ᠬᠠᠷᠭᠤᠭᠤᠯᠬᠤ | ︵ᠨᠢᠭᠡ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠭᠠᠯᠲᠠ ᠶᠢᠨ ᠲᠣᠭᠤᠷᠢᠭ ᠤᠨ | ᠤᠳᠤᠷᠢᠳᠬᠤ ᠳᠤᠭᠤᠶᠢᠯᠠᠩ 2023 ᠣᠨ ᠤ 2 ᠰᠠᠷ᠎ᠠ ᠶᠢᠨ 10 ᠤ ᠡᠳᠦᠷ ᠠᠴᠠ 16 ᠤ ᠡᠳᠦᠷ ᠪᠣᠯᠲᠠᠯ᠎ᠠ | ᠭᠤᠶᠤᠴᠢᠯᠠᠯ ᠭᠠᠷᠭᠠᠭᠰᠠᠨ ᠬᠢᠷᠢ ᠪᠦᠲᠦᠮᠵᠢ ᠨᠢ ᠬᠢᠷᠢ ᠲᠡᠩᠴᠡᠭᠰᠡᠨ ᠰᠢᠯᠭᠠᠭᠤᠯᠤᠭᠴᠢ ᠶᠢ ᠬᠢᠨᠠᠨ ᠬᠠᠷᠭᠤᠭᠤᠯᠤᠨ᠎ᠠ᠃ | | ︵ᠬᠤᠶᠠᠷ︶ ᠥᠩᠭᠡᠷᠡᠭᠰᠡᠨ ᠵᠢᠯ ᠤᠳ ᠤᠨ ᠦᠨᠡᠮᠯᠡᠯ ᠣᠯᠣᠭᠰᠠᠨ ᠬᠥᠮᠥᠰ ᠦᠨᠡᠮᠯᠡᠯ ᠨᠢ ᠭᠡᠭᠡᠭᠳᠡᠭᠰᠡᠨ᠂ | ᠰᠦᠢᠳᠦᠭᠰᠡᠨ ᠵᠡᠷᠭᠡ ᠰᠢᠯᠲᠠᠭᠠᠨ ᠠᠴᠠ ᠪᠣᠯᠵᠤ ᠦᠨᠡᠮᠯᠡᠯ ᠨᠥᠬᠦᠵᠦ ᠣᠯᠭᠤᠬᠤ ᠪᠠᠷ ᠭᠤᠶᠤᠴᠢᠯᠠᠭᠰᠠᠳ 2022 | ᠣᠨ ᠤ 8 ᠰᠠᠷ᠎ᠠ ᠶᠢᠨ 31 ᠤ ᠡᠳᠦᠷ ᠠᠴᠠ 9 ᠰᠠᠷ᠎ᠠ ᠶᠢᠨ 30 ᠤ ᠡᠳᠦᠷ ᠪᠣᠯᠲᠠᠯ᠎ᠠ ᠳᠤᠮᠳᠠᠳᠤ ᠤᠯᠤᠰ ᠤᠨ ᠮᠠᠯ | ᠡᠮᠨᠡᠯᠭᠡ ᠶᠢᠨ ᠰᠦᠯᠵᠢᠶ᠎ᠡ ᠶᠢᠨ ᠪᠥᠬᠦ ᠤᠯᠤᠰ ᠤᠨ ᠠᠵᠢᠯ ᠡᠷᠭᠢᠯᠡᠬᠦ ᠮᠠᠯ ᠤᠨ ᠡᠮᠴᠢ ᠶᠢᠨ ᠬᠢᠷᠢ ᠬᠡᠮ ᠤᠨ | ᠰᠢᠯᠭᠠᠯᠲᠠ ᠶᠢᠨ ᠰᠦᠯᠵᠢᠶᠡᠨ ᠳᠡᠭᠡᠷᠡᠬᠢ ᠮᠡᠳᠡᠭᠡ ᠵᠠᠩᠭᠢ ᠶᠢᠨ ᠲᠠᠪᠴᠠᠩ ᠤᠨ ᠰᠦᠯᠵᠢᠶᠡᠨ ᠳᠡᠭᠡᠷ᠎ᠡ ᠭᠤᠶᠤᠴᠢᠯᠠᠭᠰᠠᠨ | ᠪᠠᠶᠢᠪᠠᠯ᠂ 2023 ᠣᠨ ᠤ 2 ᠰᠠᠷ᠎ᠠ ᠶᠢᠨ 10 ᠤ ᠡᠳᠦᠷ ᠠᠴᠠ 16 ᠤ ᠡᠳᠦᠷ ᠪᠣᠯᠲᠠᠯ᠎ᠠ ᠲᠣᠰ ᠬᠥᠮᠥᠨ ᠤ | ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ ᠵᠢᠴᠢ ᠬᠠᠭᠤᠯᠪᠤᠷᠢ᠂ ᠦᠨᠡᠮᠯᠡᠯ ᠨᠥᠬᠦᠵᠦ ᠣᠯᠭᠤᠬᠤ ᠭᠤᠶᠤᠴᠢᠯᠠᠯ ᠤᠨ | ᠬᠦᠰᠦᠨᠦᠭᠲᠦ ᠪᠠᠨ ᠠᠪᠴᠤ᠂ ᠭᠤᠶᠤᠴᠢᠯᠠᠭᠰᠠᠨ ᠭᠠᠵᠠᠷ ᠤᠨ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ | ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠳᠤ ᠬᠦᠷᠴᠦ ᠬᠢᠨᠠᠨ ᠬᠠᠷᠭᠤᠭᠤᠯᠤᠨ᠎ᠠ᠃ | ᠳᠥᠷᠪᠡ ᠂ ᠬᠢᠷᠢ ᠬᠡᠮ ᠤᠨ ᠦᠨᠡᠮᠯᠡᠯ ᠠᠪᠬᠤ | ᠬᠢᠨᠠᠨ ᠬᠠᠷᠭᠤᠭᠤᠯᠤᠭᠠᠳ ᠨᠥᠬᠦᠴᠡᠯ ᠳᠤ ᠨᠡᠶᠢᠴᠡᠬᠦ ᠰᠢᠯᠭᠠᠭᠤᠯᠤᠭᠴᠢ ᠪᠣᠯᠣᠨ ᠦᠨᠡᠮᠯᠡᠯ ᠨᠥᠬᠦᠵᠦ | ᠣᠯᠭᠤᠬᠤ ᠪᠠᠷ ᠭᠤᠶᠤᠴᠢᠯᠠᠭᠰᠠᠳ ᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ | ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠠᠵᠢᠯ ᠡᠷᠭᠢᠯᠡᠬᠦ ᠮᠠᠯ ᠤᠨ ᠡᠮᠴᠢ ᠶᠢᠨ | ᠬᠢᠷᠢ ᠬᠡᠮ ᠤᠨ ᠦᠨᠡᠮᠯᠡᠯ ᠣᠯᠭᠤᠨ᠎ᠠ᠃ ᠬᠢᠷᠢ ᠬᠡᠮ ᠤᠨ ᠦᠨᠡᠮᠯᠡᠯ ᠠᠪᠬᠤ ᠴᠠᠭ ᠨᠢ 2023 ᠣᠨ ᠤ 3 | ᠰᠠᠷ᠎ᠠ ᠶᠢᠨ 1 ᠤ ᠡᠳᠦᠷ ᠠᠴᠠ 15 ᠤ ᠡᠳᠦᠷ ︵ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠮᠠᠷᠠᠨ᠎ᠠ ︶ | ᠪᠣᠯᠲᠠᠯ᠎ᠠ ᠪᠣᠯᠣᠨ᠎ᠠ᠃ ᠦᠨᠡᠮᠯᠡᠯ ᠠᠪᠬᠤ ᠭᠠᠵᠠᠷ ᠪᠣᠯ ᠰᠢᠯᠭᠠᠭᠤᠯᠤᠭᠴᠢ ᠶᠢᠨ ᠰᠣᠩᠭᠤᠨ ᠲᠣᠭᠲᠠᠭᠠᠭᠰᠠᠨ ᠦᠨᠡᠮᠯᠡᠯ | ᠠᠪᠬᠤ ᠭᠠᠵᠠᠷ ︵ᠦᠨᠡᠮᠯᠡᠯ ᠨᠥᠬᠦᠵᠦ ᠣᠯᠭᠤᠭᠰᠠᠨ ᠬᠥᠮᠥᠰ ᠤᠨ ᠦᠨᠡᠮᠯᠡᠯ ᠠᠪᠬᠤ ᠭᠠᠵᠠᠷ ᠪᠣᠯ ᠠᠶᠢᠮᠠᠭ | ᠬᠤᠲᠠ ᠶᠢᠨ ᠭᠤᠶᠤᠴᠢᠯᠠᠭᠰᠠᠨ ᠭᠠᠵᠠᠷ︶ ᠪᠣᠯᠣᠨ᠎ᠠ᠂ ᠦᠪᠡᠰᠦᠪᠡᠨ ᠪᠡᠶ᠎ᠡ ᠶᠢᠨ ᠦᠨᠡᠮᠯᠡᠯ ᠢᠶᠠᠨ ᠠᠪᠴᠤ ᠲᠤᠬᠠᠢ ᠶᠢᠨ | ᠭᠠᠵᠠᠷ ᠲᠤ ᠪᠠᠨ ᠬᠦᠷᠴᠦ ᠠᠪᠬᠤ ᠬᠡᠷᠡᠭᠲᠡᠢ᠃ | | | ᠳᠠᠭᠠᠯᠳᠤᠭᠤᠯᠤᠯ᠄ ᠦᠨᠡᠮᠯᠡᠯ ᠠᠪᠬᠤ ᠭᠠᠵᠠᠷ ᠤᠨ ᠨᠠᠷᠢᠨ ᠬᠠᠶ᠋ᠢᠭ ᠵᠢᠴᠢ ᠠᠰᠠᠭᠤᠨ ᠯᠠᠪᠯᠠᠬᠤ ᠤᠲᠠᠰᠤ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠵᠢᠯ ᠡᠷᠭᠢᠯᠡᠬᠦ ᠮᠠᠯ ᠤᠨ ᠡᠮᠴᠢ ᠶᠢᠨ ᠬᠢᠷᠢ ᠬᠡᠮ ᠤᠨ | ᠰᠢᠯᠭᠠᠯᠲᠠ ᠶᠢᠨ ᠲᠤᠭᠤᠷᠢᠭ ᠤᠨ ᠤᠳᠤᠷᠢᠳᠬᠤ ᠳᠤᠭᠤᠶᠢᠯᠠᠩ | 2023 ᠣᠨ ᠤ 1 ᠰᠠᠷ᠎ᠠ ᠶᠢᠨ 9 ᠤ ᠡᠳᠦᠷ | |