ᠥᠪᠥᠷ ᠮᠣᠩᠭᠤᠯ ᠤᠨ ᠮᠠᠯᠵᠢᠬᠤ ᠲᠠᠷᠢᠶᠠᠯᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠲᠤᠰᠬᠠᠢ ᠠᠩᠭᠢ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/1/10
      ᠲᠥᠷᠥ ᠶᠢᠨ ᠶᠠᠪᠤᠳᠠᠯ ᠤᠨ ᠬᠤᠷᠢᠶᠠᠨ ᠤ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠢ ᠠᠷᠭᠠᠴᠠᠭᠠᠬᠤ ᠬᠢᠵᠢᠭ ᠤᠨ ᠪᠠᠶᠢᠳᠠᠯ ᠢ ᠬᠠᠮᠲᠤᠷᠠᠨ ᠰᠡᠷᠭᠡᠶᠢᠯᠡᠵᠦ ᠬᠠᠮᠲᠤᠷᠠᠨ ᠬᠢᠵᠠᠭᠠᠷᠯᠠᠬᠤ ᠲᠣᠭᠲᠠᠴᠠ᠂ ᠲᠥᠪ ᠤᠨ ᠬᠥᠳᠡᠭᠡ ᠲᠣᠰᠬᠤᠨ ᠤ ᠠᠵᠢᠯ ᠤᠨ ᠤᠳᠤᠷᠢᠳᠬᠤ ᠳᠤᠭᠤᠶᠢᠯᠠᠩ ᠤᠨ ︽ᠣᠳᠣᠬᠠᠨ ᠤ ᠬᠥᠳᠡᠭᠡ ᠲᠣᠰᠬᠤᠨ ᠤ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠴᠢᠩᠭᠠᠳᠬᠠᠬᠤ ᠲᠥᠰᠥᠯ︾ ᠤᠨ ᠱᠠᠭᠠᠷᠳᠠᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ 2023 ᠣᠨ ᠤ 1 ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠳᠡᠳ᠋ ᠡᠷᠬᠢᠯᠡᠭᠴᠢ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠵᠣᠣ ᠢᠦᠢ ᠱᠧᠩ ᠮᠠᠯᠵᠢᠬᠤ ᠲᠠᠷᠢᠶᠠᠯᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠲᠤᠰᠬᠠᠢ ᠠᠩᠭᠢ ᠶᠢᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠷᠬᠢᠯᠡᠭᠴᠢ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠠᠷᠤᠭ᠎ᠠ ᠮᠦ ᠶᠤᠸᠠᠨ ᠨᠥᠬᠦᠷ ᠤᠨ ᠳᠤᠷᠠᠳᠤᠭᠰᠠᠨ ᠭᠤᠷᠪᠠᠨ ᠰᠠᠨᠠᠯ ᠢ ᠳᠠᠮᠵᠢᠭᠤᠯᠪᠠ ᠂ ᠨᠢᠭᠡ ᠳᠤ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠶᠡᠭᠡ ᠲᠠᠯ᠎ᠠ ᠶᠢᠨ ᠤᠬᠠᠮᠰᠠᠷ᠂ ᠪᠥᠬᠦ ᠲᠠᠯ᠎ᠠ ᠶᠢᠨ ᠦᠵᠡᠯᠲᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠵᠦ᠂ ᠠᠮᠤᠷ ᠲᠦᠪᠰᠢᠨ ᠲᠣᠭᠲᠠᠭᠤᠨ ᠪᠠᠶᠢᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠠᠳᠬᠤᠵᠤ᠂ ᠪᠠᠲᠤᠲᠠᠢ ᠠᠳᠬᠤᠬᠤ ᠬᠡᠷᠡᠭᠲᠡᠢ᠃ ᠬᠤᠶᠠᠷ ᠲᠤ ᠠᠵᠢᠯ ᠤᠨ ᠪᠠᠶᠢᠷᠢ ᠳᠤ ᠪᠠᠶᠢᠬᠤ ᠶᠢ ᠪᠠᠷᠢᠮᠲᠠᠯᠠᠵᠤ᠂ ᠠᠵᠢᠯ ᠤᠨ ᠪᠠᠶᠢᠷᠢ  ᠶᠢᠨ ᠬᠠᠷᠢᠭᠤᠴᠠᠯᠭ᠎ᠠ ᠪᠠᠨ ᠦᠷᠭᠦᠯᠵᠢᠯᠡᠭᠦᠯᠬᠦ ᠶᠢ ᠪᠠᠷᠢᠮᠲᠠᠯᠠᠵᠤ᠂ ᠲᠤᠰᠬᠠᠢ ᠠᠩᠭᠢ ᠶᠢᠨ ᠠᠵᠢᠯ ᠢ ᠥᠨᠳᠥᠷ ᠪᠦᠲᠦᠮᠵᠢᠲᠡᠶ ᠪᠠᠷ ᠠᠬᠢᠭᠤᠯᠬᠤ ᠶᠢ ᠦᠨᠡᠨ ᠬᠦ ᠪᠠᠲᠤᠯᠠᠨ᠎ᠠ᠃ ᠭᠤᠷᠪᠠ ᠳᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠵᠡᠷᠭᠡ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠵᠣᠯᠭᠠᠯᠴᠠᠭ᠎ᠠ ᠶᠢ ᠴᠢᠩᠭᠠᠳᠬᠠᠵᠤ᠂ ᠲᠣᠰ ᠤᠳᠠᠭᠠᠨ ᠤ ᠬᠥᠳᠡᠭᠡ ᠲᠣᠰᠬᠤᠨ ᠤ ᠭᠠᠵᠠᠷ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠲᠦᠯᠬᠢᠨ ᠠᠬᠢᠭᠤᠯᠤᠨ᠎ᠠ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠲᠤᠰᠬᠠᠢ ᠠᠩᠭᠢ ᠶᠢ ᠪᠠᠶᠢᠭᠤᠯᠬᠤ ᠪᠠᠷ ᠵᠠᠷᠯᠠᠵᠤ ᠂ ᠵᠣᠬᠢᠴᠠᠭᠤᠯᠤᠨ ᠬᠠᠷᠢᠯᠴᠠᠬᠤ ᠳᠤᠭᠤᠶᠢᠯᠠᠩ ᠂ ᠬᠢᠵᠢᠭ ᠢ ᠰᠡᠷᠭᠡᠶᠢᠯᠡᠬᠦ ᠵᠢᠯᠤᠭᠤᠳᠬᠤ ᠳᠤᠭᠤᠶᠢᠯᠠᠩ ᠂ ᠮᠡᠳᠡᠭᠡ ᠵᠠᠩᠭᠢ ᠶᠢᠨ ᠲᠣᠪᠴᠢ ᠮᠡᠳᠡᠭᠡᠨ ᠤ ᠳᠤᠭᠤᠶᠢᠯᠠᠩ ᠪᠣᠯᠣᠨ ᠪᠠᠶᠢᠴᠠᠭᠠᠨ ᠰᠤᠳᠤᠯᠤᠯᠲᠠ ᠶᠢᠨ ᠵᠢᠯᠤᠭᠤᠳᠬᠤ ᠳᠤᠭᠤᠶᠢᠯᠠᠩ ᠢ ᠪᠠᠶᠢᠭᠤᠯᠵᠤ ᠂ ᠠᠵᠢᠯᠯᠠᠬᠤ ᠭᠠᠵᠠᠷ ᠢ ᠲᠦᠪ ᠤᠨ ᠬᠥᠷᠥᠰᠥ ᠰᠢᠷᠣᠢ ᠶᠢᠨ ᠪᠣᠷᠳᠣᠭᠤᠷ ᠤᠨ ᠭᠠᠵᠠᠷ ᠤᠨ ᠬᠤᠷᠠᠯ ᠤᠨ ᠭᠡᠷ ᠲᠤ ᠪᠠᠶᠢᠷᠢᠯᠠᠭᠤᠯᠵᠠᠢ᠃ ᠬᠤᠷᠠᠯ ᠠᠴᠠ ᠲᠣᠰ ᠡᠳᠦᠷ ᠠᠴᠠ ᠡᠬᠢᠯᠡᠨ ᠲᠤᠰᠬᠠᠢ ᠠᠩᠭᠢ ᠶᠢᠨ ᠠᠵᠢᠯ ᠤᠨ ᠵᠠᠭᠪᠤᠷ ᠢ ᠠᠯᠪᠠᠨ ᠭᠡᠷ ᠬᠤᠷᠢᠨ ᠳᠥᠷᠪᠡᠨ ᠴᠠᠭ ᠤᠨ ᠳᠣᠲᠣᠷ᠎ᠠ ᠠᠵᠢᠯ ᠤᠨ ᠪᠠᠶᠢᠷᠢ ᠳᠤ ᠭᠠᠷᠭᠠᠨ᠎ᠠ ᠭᠡᠵᠦ ᠲᠣᠳᠣᠷᠬᠠᠢ ᠲᠣᠭᠲᠠᠭᠠᠵᠠᠢ᠃ ᠳᠤᠭᠤᠶᠢᠯᠠᠩ ᠪᠦᠷᠢ ᠲᠤᠰᠬᠠᠢ ᠬᠥᠮᠥᠨ ᠲᠣᠬᠢᠷᠠᠭᠤᠯᠵᠤ ᠦᠷᠭᠦᠯᠵᠢᠯᠡᠨ ᠠᠯᠪᠠᠨ ᠭᠡᠷ ᠲᠤ ᠬᠤᠶᠠᠷ ᠭᠠᠷᠠᠭ ᠠᠵᠢᠯᠯᠠᠭᠤᠯᠤᠨ᠎ᠠ᠃ ᠪᠤᠰᠤᠳ ᠴᠠᠭ ᠲᠤ ᠲᠤᠰᠬᠠᠢ ᠠᠩᠭᠢ ᠶᠢᠨ ᠪᠦᠷᠢᠯᠳᠦᠭᠦᠨ ᠨᠢ ᠳᠤᠭᠤᠶᠢᠯᠠᠩ ᠤᠨ ᠳᠠᠷᠤᠭ᠎ᠠ ᠶᠢᠨ ᠲᠣᠬᠢᠷᠠᠭᠤᠯᠤᠯᠲᠠ ᠪᠠᠷ ᠲᠣᠰ ᠲᠣᠰ ᠤᠨ ᠠᠯᠪᠠᠨ ᠭᠡᠷ ᠲᠤ ᠪᠠᠨ ᠠᠵᠢᠯᠯᠠᠨ᠎ᠠ᠃ ᠡᠮᠦᠨ᠎ᠡ ᠬᠤᠶᠠᠷ ᠭᠠᠷᠠᠭ ᠲᠤ ᠳᠤᠭᠤᠶᠢᠯᠠᠩ ᠤᠨ ᠳᠠᠷᠤᠭ᠎ᠠ ᠶᠠᠩ ᠴᠠᠩ ᠴᠦᠨ ᠵᠣᠬᠢᠴᠠᠭᠤᠯᠤᠨ ᠬᠤᠯᠪᠣᠭ᠎ᠠ ᠠᠪᠬᠤ ᠳᠤᠭᠤᠶᠢᠯᠠᠩ ᠢ ᠳᠠᠭᠠᠭᠤᠯᠤᠨ ᠣᠷᠣᠵᠤ ᠰᠠᠭᠤᠨ ᠠᠵᠢᠯᠯᠠᠵᠠᠢ᠃ ᠲᠤᠰᠬᠠᠢ ᠠᠩᠭᠢ ᠶᠢᠨ ᠡᠯ᠎ᠡ ᠳᠤᠭᠤᠶᠢᠯᠠᠩ ᠤᠨ ᠳᠠᠷᠤᠭ᠎ᠠ᠂ ᠳᠤᠭᠤᠶᠢᠯᠠᠩ ᠤᠨ ᠳᠡᠳ᠋ ᠳᠠᠷᠤᠭ᠎ᠠ ᠵᠢᠴᠢ ᠨᠠᠷᠢᠨ ᠪᠢᠴᠢᠭ ᠤᠨ ᠭᠠᠵᠠᠷ᠂ ᠠᠯᠪᠠᠨ ᠭᠡᠷ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠬᠤᠷᠠᠯ ᠳᠤ ᠣᠷᠣᠯᠴᠠᠵᠠᠢ᠃ 
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号