1.ᠲᠡᠵᠢᠭᠡᠯ ᠪᠣᠷᠳᠤᠭ᠎ᠠ ᠶᠢ ᠰᠣᠩᠭᠤᠬᠤ ᠳᠤ ᠪᠠᠨ ᠪᠡᠶ᠎ᠡ ᠶᠢᠨ ᠬᠦᠨᠳᠦ ᠶᠢᠨ ᠬᠤᠪᠢᠷᠠᠯᠲᠠ ᠶᠢ ᠦᠨᠳᠦᠰᠦᠯᠡᠨ | ᠲᠤᠬᠳᠠᠭᠠᠬᠤ ᠬᠡᠷᠡᠭᠳᠡᠢ᠂ ᠨᠢᠭᠡ ᠯᠡ ᠠᠳᠠᠯᠢ ᠪᠠᠷ ᠱᠠᠭᠠᠷᠳᠠᠵᠤ ᠪᠣᠯᠬᠤ ᠦᠭᠡᠢ ᠂ ᠬᠠᠷᠢᠨ ᠡᠳᠦᠷ ᠬᠤᠭᠤᠴᠠᠭ᠎ᠠ ᠲᠠᠢ | ᠬᠠᠷᠠᠭᠠᠯᠵᠠᠭᠰᠠᠨ ᠲᠡᠵᠢᠭᠡᠯ ᠪᠣᠷᠳᠣᠭᠠᠨ ᠤ ᠪᠠᠷᠢᠮᠵᠢᠶᠠᠲᠤ ᠪᠡᠶ᠎ᠡ ᠶᠢᠨ ᠬᠦᠨᠳᠦ ᠶᠢ ᠦᠨᠳᠦᠰᠦᠯᠡᠨ ᠪᠦᠲᠦᠭᠡᠭᠳᠡᠬᠦᠨ ᠢᠶᠠᠨ | ᠴᠠᠭ ᠲᠤᠬᠠᠢ ᠳᠤ ᠨᠢ ᠰᠣᠯᠢᠬᠤ ᠬᠡᠷᠡᠭᠲᠡᠢ ᠃ ᠪᠡᠶ᠎ᠡ ᠶᠢᠨ ᠬᠦᠨᠳᠦ ᠨᠢ ᠳᠣᠣᠷ᠎ᠠ ᠪᠣᠯ ᠪᠣᠷᠳᠤᠭ᠎ᠠ ᠰᠣᠯᠢᠬᠤ ᠪᠠᠨ | ᠬᠤᠶᠢᠰᠢᠯᠠᠭᠤᠯᠤᠨ᠎ᠠ ︔ ᠪᠡᠶ᠎ᠡ ᠶᠢᠨ ᠬᠦᠨᠳᠦ ᠨᠢ ᠬᠡᠲᠦᠷᠡᠪᠡᠯ ᠤᠷᠢᠳ ᠢᠶᠠᠷ ᠪᠣᠷᠳᠤᠭ᠎ᠠ ᠪᠠᠨ ᠰᠣᠯᠢᠵᠤ ᠪᠣᠯᠣᠨ᠎ᠠ ᠃ | 2.ᠠᠳᠠᠯᠢ ᠪᠤᠰᠤ ᠡᠭᠦᠯᠳᠡᠷ ᠢ ᠦᠨᠳᠦᠰᠦᠯᠡᠨ ᠪᠣᠷᠳᠤᠭ᠎ᠠ ᠬᠡᠷᠡᠭᠯᠡᠬᠦ ᠴᠠᠭ ᠢ ᠵᠣᠬᠢᠰᠲᠠᠢ ᠤᠷᠲᠤᠳᠬᠠᠨ᠎ᠠ ᠂ | ᠣᠳᠣᠬᠠᠨ ᠳᠤ ᠤᠯᠤᠰ ᠤᠨ ᠳᠣᠲᠣᠭᠠᠳᠤ ᠳᠤ ᠭᠤᠣᠯ ᠲᠡᠵᠢᠭᠡᠵᠦ ᠪᠠᠶᠢᠭ᠎ᠠ ᠡᠭᠦᠯᠳᠡᠷ ᠪᠣᠯ ᠬᠦᠷᠡᠩ ᠬᠠᠯᠢᠰᠤ ᠶᠢᠨ | ᠬᠦᠨᠳᠦ ᠬᠡᠯᠪᠡᠷᠢ ᠂ ᠨᠤᠨᠳᠠᠭ ᠤᠨ ᠬᠠᠯᠢᠰᠤ ᠶᠢᠨ ᠳᠤᠮᠳᠠ ᠬᠡᠯᠪᠡᠷᠢ ᠂ ᠴᠠᠭᠠᠨ ᠬᠠᠯᠢᠰᠤ ᠶᠢᠨ ᠬᠥᠩᠭᠡᠨ ᠬᠡᠯᠪᠡᠷᠢ ᠭᠡᠬᠦ | ᠭᠤᠷᠪᠠᠨ ᠶᠡᠭᠡ ᠲᠦᠷᠦᠯ ᠪᠣᠯᠣᠨ᠎ᠠ ᠃ ᠠᠳᠠᠯᠢ ᠪᠤᠰᠤ ᠡᠭᠦᠯᠳᠡᠷ ᠤᠨ ᠴᠤᠷᠪᠠᠭ᠎ᠠ ᠶᠢᠨ ᠰᠢᠮ᠎ᠡ ᠲᠡᠵᠢᠭᠡᠯ ᠤᠨ | ᠱᠠᠭᠠᠷᠳᠠᠯᠭ᠎ᠠ ᠨᠢ ᠠᠳᠠᠯᠢ ᠪᠤᠰᠤ ᠪᠠᠶᠢᠳᠠᠭ᠃ ᠴᠠᠭᠠᠨ ᠬᠠᠯᠢᠰᠤ ᠶᠢᠨ ᠬᠥᠩᠭᠡᠨ ᠬᠡᠯᠪᠡᠷᠢ ᠨᠢ ᠡᠩ ᠤᠨ ᠪᠠᠶᠢᠳᠠᠯ ᠳᠤ | ᠨᠢᠭᠡᠳᠦᠭᠡᠷ ᠱᠠᠲᠤᠨ ᠤ ᠪᠣᠷᠳᠤᠭ᠎ᠠ ᠶᠢ ᠬᠠᠮᠤᠭ ᠰᠠᠶᠢᠨ ᠨᠢ 35 ᠡᠳᠦᠷ ᠣᠷᠴᠢᠮ ᠬᠡᠷᠡᠭᠯᠡᠬᠦ ᠶᠢ ᠰᠠᠨᠠᠭᠠᠴᠢᠯᠠᠨ᠎ᠠ᠃ | 3. ᠠᠳᠠᠯᠢ ᠪᠤᠰᠤ ᠤᠯᠠᠷᠢᠯ ᠳᠤ ᠲᠡᠵᠢᠭᠡᠬᠦ ᠨᠢ ᠢᠯᠭᠠᠭ᠎ᠠ ᠲᠠᠢ ᠪᠦᠭᠡᠳ ᠪᠠᠶᠢᠳᠠᠯ ᠨᠢ ᠠᠳᠠᠯᠢ ᠪᠤᠰᠤ ᠪᠠᠶᠢᠳᠠᠭ᠃ | ᠬᠠᠬᠢᠷ ᠬᠦᠢᠲᠡᠨ ᠤᠯᠠᠷᠢᠯ ᠳᠤ᠂ ᠣᠯᠠᠩᠬᠢ ᠲᠠᠬᠢᠶᠠᠨ ᠤ ᠡᠭᠦᠷ ᠨᠢ 30 ᠡᠳᠦᠷ ᠠᠴᠠ ᠳᠡᠭᠡᠭᠰᠢ ᠲᠠᠬᠢᠶ᠎ᠠ ᠳᠣᠣᠷ᠎ᠠ | ᠳᠤᠯᠠᠭᠠᠨ ᠤ ᠰᠡᠷᠡᠯᠵᠢᠬᠦ ᠲᠤᠰᠬᠠᠯ ᠭᠠᠷᠳᠠᠭ᠂ ᠡᠨᠡ ᠦᠶ᠎ᠡ ᠳᠤ ᠲᠠᠬᠢᠶ᠎ᠠ ᠶᠢᠨ ᠢᠳᠡᠰᠢᠯᠡᠬᠦ ᠬᠡᠮᠵᠢᠶ᠎ᠡ ᠨᠢ ᠳᠣᠣᠷ᠎ᠠ | ᠪᠠᠶᠢᠳᠠᠭ᠂ ᠡᠶᠢᠮᠦ ᠠᠴᠠ ᠨᠢᠭᠡ ᠬᠤᠶᠠᠳᠤᠭᠠᠷ ᠱᠠᠲᠤᠨ ᠤ ᠪᠣᠷᠳᠣᠭᠠᠨ ᠤ ᠲᠡᠵᠢᠭᠡᠪᠦᠷᠢ ᠶᠢᠨ ᠴᠠᠭ ᠢ ᠵᠣᠬᠢᠬᠤ | ᠬᠡᠮᠵᠢᠶ᠎ᠡ ᠪᠠᠷ ᠤᠷᠲᠤᠳᠬᠠᠵᠤ᠂ ᠴᠤᠷᠪᠠᠭ᠎ᠠ ᠶᠢᠨ ᠬᠡᠪ ᠤᠨ ᠥᠰᠦᠯᠲᠡ ᠪᠤᠶᠢᠵᠢᠯᠲᠠ ᠶᠢ ᠪᠠᠲᠤᠯᠠᠨ᠎ᠠ᠃ | ᠥᠨᠳᠡᠭᠡᠯᠡᠬᠦ ᠤᠷᠬᠢᠯ ᠤᠨ ᠰᠡᠭᠦᠯᠴᠢ ᠶᠢᠨ ᠬᠤᠭᠤᠴᠠᠭᠠᠨ ᠳᠤ ᠡᠮᠡᠭᠴᠢᠨ ᠲᠠᠬᠢᠶ᠎ᠠ ᠶᠢᠨ ᠨᠡᠪᠴᠢᠭᠡᠭᠰᠡᠨ | ᠴᠤᠷᠪᠠᠭ᠎ᠠ ᠶᠢᠨ ᠪᠡᠶ᠎ᠡ ᠶᠢᠨ ᠬᠦᠨᠳᠦ ᠨᠢ ᠡᠬᠢᠨ ᠤ ᠦᠶ᠎ᠡ ᠳᠤ ᠪᠠᠨ ᠪᠠᠭ᠋ᠠᠨ ᠶᠡᠭᠡ ᠪᠠᠶᠢᠵᠤ ᠂ ᠶᠡᠷᠦ ᠳᠤ ᠪᠠᠨ 37 | ᠭᠷᠡᠮ/ ᠲᠣᠯᠣᠭᠠᠢ ᠠᠴᠠ ᠳᠡᠭᠡᠭᠰᠢ ᠪᠠᠶᠢᠳᠠᠭ ᠂ ᠡᠶᠢᠮᠦᠷᠬᠦᠦ ᠴᠤᠷᠪᠠᠭ᠎ᠠ ᠶᠢᠨ ᠡᠬᠡ ᠶᠢᠨ ᠡᠭᠡᠯᠢᠯᠡᠭᠡ ᠶᠢᠨ ᠴᠢᠳᠠᠪᠤᠷᠢ ᠨᠢ | ᠨᠡᠯᠢᠶᠡᠳ ᠳᠣᠣᠷ᠎ᠠ ᠪᠠᠶᠢᠳᠠᠭ ᠂ ᠡᠶᠢᠮᠦ ᠠᠴᠠ ᠡᠭᠡᠯᠢᠯᠡᠭᠡ ᠶᠢᠨ ᠴᠢᠳᠠᠪᠤᠷᠢ ᠶᠢᠨ ᠳᠡᠭᠡᠭᠰᠢᠯᠡᠯᠲᠡ ᠶᠢᠨ ᠨᠢᠭᠡ | ᠬᠤᠶᠠᠳᠤᠭᠠᠷ ᠬᠤᠭᠤᠴᠠᠭᠠᠨ ᠳᠤ ᠲᠤᠰ ᠲᠤᠰ 2 ~ 4 ᠡᠳᠦᠷ ᠢᠯᠡᠭᠦᠦ ᠢᠳᠡᠭᠦᠯᠪᠡᠯ ᠵᠣᠬᠢᠨ᠎ᠠ ᠃ | |