︽ᠦᠪᠦᠷ ᠮᠣᠩᠭᠤᠯ︾ ᠲᠡᠮᠲᠡᠭᠲᠦ ᠮᠠᠨ ᠤ ᠤᠷᠤᠨ ᠤ ᠴᠢᠨᠠᠷ ᠰᠠᠶᠢᠲᠠᠢ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠬᠡᠭᠳᠡᠬᠦᠨ ᠤ ︽ᠲᠦᠯᠦᠬᠡᠨ ᠤ ᠲᠡᠮᠳᠡᠭ︾ ᠪᠤᠯᠵᠠᠢ
ᠨᠡᠶᠢᠲᠡᠯᠡᠭᠰᠡᠨ ᠴᠠᠭ᠄
2023/1/12
      ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠮᠠᠨ ᠤ ᠤᠷᠤᠨ 2019 ᠤᠨ ᠠᠴᠠ ᠡᠬᠢᠯᠡᠨ ︽ᠦᠪᠦᠷ ᠮᠤᠩᠭᠤᠯ︾ ᠲᠡᠮᠲᠡᠭᠲᠦ ᠶᠢ ᠬᠡᠷᠡᠴᠢᠯᠡᠵᠤ ᠦᠪᠦᠷ ᠮᠤᠩᠭᠤᠯ ᠤᠨ ᠲᠦᠷᠦᠯ ᠲᠡᠮᠲᠡᠭ ᠢ ᠴᠤᠭᠴᠠᠯᠠᠬᠤ ᠠᠵᠢᠯᠯᠠᠭ᠎ᠠ ᠶᠢ ᠦᠷᠨᠢᠭᠦᠯᠦᠭᠰᠡᠨ ᠠᠴᠠ ᠨᠠᠭᠠᠰᠢ᠂ 3 ᠵᠢᠯ ᠭᠠᠷᠤᠶ ᠶᠢᠨ ᠬᠠᠶᠢᠨ ᠰᠦᠪᠡᠭᠴᠢᠯᠡᠯᠲᠡ ᠵᠢᠴᠢ ᠦᠢᠯᠡᠳᠦᠯᠭᠡ ᠪᠠᠷ ᠳᠡᠮᠵᠢᠨ ︽ᠦᠪᠦᠷ ᠮᠤᠩᠭᠤᠯ︾ ᠲᠡᠮᠲᠡᠭᠲᠦ ᠶᠢᠨ ᠪᠠᠷᠢᠮᠵᠢᠶᠠᠨ ᠤ ᠰᠢᠰᠲ᠋ᠧᠮ ᠂ ᠭᠡᠷᠡᠴᠢᠯᠡᠭᠡ ᠶᠢᠨ ᠰᠢᠰᠲ᠋ᠧᠮ ᠂ ᠠᠵᠤ ᠦᠢᠯᠡᠰ ᠤᠨ ᠰᠢᠰᠲ᠋ᠧᠮ ᠂ ᠶᠠᠰᠤ ᠴᠢᠨᠠᠷ ᠤᠨ ᠬᠠᠮᠢᠶᠠᠷᠤᠨ ᠡᠵᠡᠮᠳᠡᠬᠦ ᠰᠢᠰᠲ᠋ᠧᠮ ᠂  ᠶᠡᠷᠦᠩᠭᠡᠶᠢᠯᠡᠭᠰᠡᠨ ᠦᠢᠯᠡᠴᠢᠯᠡᠭᠡᠨ ᠤ ᠰᠢᠰᠲ᠋ᠧᠮ ᠢ ᠪᠦᠷᠢᠯᠳᠤᠬᠦᠯᠵᠤ᠂ ᠮᠠᠨ ᠤ ᠤᠷᠤᠨ ᠤ ᠣᠷᠣᠨ ᠪᠦᠰᠡ ᠶᠢᠨ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ᠂ ᠠᠮᠢ ᠠᠬᠤᠶ ᠶᠢᠨ ᠳᠠᠪᠠᠭᠤᠯᠢᠭ᠂ ᠶᠠᠰᠤ ᠴᠢᠨᠠᠷ ᠤᠨ ᠳᠠᠪᠠᠭᠤᠯᠢᠭ ᠪᠤᠯᠤᠨ ᠰᠤᠶᠤᠯ ᠢᠷᠭᠡᠨᠰᠢᠯ ᠤᠨ ᠳᠠᠪᠠᠭᠤᠯᠢᠭ ᠢ ᠲᠥᠷᠥᠯ ᠲᠡᠮᠳᠡᠭ ᠤᠨ ᠳᠠᠪᠠᠭᠤᠯᠢᠭ ᠪᠣᠯᠭᠠᠨ ᠬᠤᠪᠢᠷᠠᠭᠤᠯᠵᠤ᠂ ᠨᠢᠬᠡᠨᠳᠡ ᠮᠠᠨ ᠤ ᠤᠷᠤᠨ ᠤ ᠴᠢᠨᠠᠷ ᠰᠠᠶᠢᠲᠠᠢ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠬᠡᠭᠳᠡᠬᠦᠨ ᠤ ︽ᠲᠦᠯᠦᠬᠡᠨ ᠤ ᠲᠡᠮᠳᠡᠭ︾ ᠪᠤᠯᠪᠠ᠃      2020 ᠣᠨ ᠳᠤ ᠮᠠᠨ ᠤ ᠤᠷᠤᠨ ᠤ ᠲᠦᠷᠦᠭᠦᠦ ᠪᠦᠯᠦᠭ ᠤᠨ 9 ᠠᠵᠤ ᠠᠬᠤᠶᠢᠯᠠᠯ ︽ᠥᠪᠥᠷ ᠮᠣᠩᠭᠤᠯ︾ ᠲᠡᠮᠲᠡᠭᠲᠦ ᠪᠠᠷ ᠭᠡᠷᠡᠴᠢᠯᠡᠭᠦᠯᠪᠠ᠃ ᠡᠳᠡᠬᠡᠷ ᠠᠵᠤ ᠠᠬᠤᠶᠢᠯᠠᠯ ︽ᠥᠪᠥᠷ ᠮᠣᠩᠭᠤᠯ︾ ᠲᠡᠮᠲᠡᠭᠲᠦ ᠪᠠᠷ ᠭᠡᠷᠡᠴᠢᠯᠡᠭᠳᠡᠭᠰᠡᠨ ᠲᠥᠷᠥᠯ ᠲᠡᠮᠳᠡᠭ ᠤᠨ ᠲᠣᠭᠤᠷᠢᠨ ᠳᠤ ᠠᠵᠤ ᠦᠢᠯᠡᠰ ᠤᠨ ᠬᠡᠯᠬᠢᠶ᠎ᠡ ᠪᠠᠨ ᠴᠢᠨᠠᠬᠰᠢᠳᠠ ᠤᠷᠲᠤᠳᠬᠠᠵᠤ ᠂ ᠦᠳᠲᠡᠷ ᠲᠦᠷᠭᠡᠨ ᠢᠶᠠᠷ ᠪᠠᠷᠢᠮᠵᠢᠶᠠᠵᠢᠭᠰᠠᠨ᠂ ᠬᠡᠪᠴᠢᠶᠡᠵᠢᠭᠰᠡᠨ ᠰᠢᠨᠵᠢᠯᠡᠬᠦ ᠤᠬᠠᠭᠠᠨᠴᠢᠯᠠᠭᠰᠠᠨ ᠬᠦᠭᠵᠢᠯᠲᠡ ᠶᠢᠨ ᠳᠠᠭᠠᠭᠤᠯᠤᠭᠴᠢ ᠠᠵᠤ ᠠᠬᠤᠶᠢᠯᠠᠯ ᠪᠣᠯᠵᠣ᠂ ᠨᠡᠶᠢᠭᠡᠮ ᠤᠨ ᠦᠷ᠎ᠡ ᠠᠰᠢᠭ ᠪᠠ ᠠᠵᠤ ᠠᠬᠤᠶ ᠶᠢᠨ ᠦᠷ᠎ᠡ ᠠᠰᠢᠭ ᠨᠢ ᠢᠯᠡᠳᠲᠡ ᠳᠡᠭᠡᠭᠰᠢᠯᠡᠭᠦᠯᠵᠡᠢ ᠃ ᠥᠪᠥᠷ ᠮᠣᠩᠭᠤᠯ ᠤᠨ ᠵᠠᠯᠠᠶᠢᠳ ᠬᠤᠰᠢᠭᠤᠨ ᠤ ᠴᠤᠤᠯ ᠤᠨ ᠶᠢᠨ ᠵᠦ ᠠᠮᠤ ᠪᠤᠳᠠᠭᠠᠨ ᠤ ᠦᠢᠯᠡᠰ ᠤᠨ ᠬᠢᠵᠠᠭᠠᠷᠲᠤ ᠺᠣᠮᠫᠠᠨᠢ ︽ᠥᠪᠥᠷ ᠮᠣᠩᠭᠤᠯ︾ ᠲᠡᠮᠲᠡᠭᠲᠦ ᠪᠠᠷ ᠭᠡᠷᠡᠴᠢᠯᠡᠭᠳᠡᠭᠰᠡᠨ ᠤ ᠳᠠᠷᠠᠭ᠎ᠠ᠂ ᠣᠷᠭᠠᠨᠢᠭ ᠤᠰᠤᠨ ᠲᠤᠲᠤᠷᠭ᠎ᠠ ᠶᠢᠨ ᠵᠢᠯ ᠤᠨ ᠦᠢᠯᠡᠳᠭᠦᠨ ᠤ ᠥᠷᠲᠡᠭ ᠨᠢ ᠪᠠᠷᠤᠭ 600 ᠲᠦᠮᠡᠨ ᠲᠥᠭᠦᠷᠢᠭ ᠨᠡᠮᠡᠭᠳᠡᠵᠦ᠂ 66.7% ᠪᠠᠷ ᠨᠡᠮᠡᠭᠳᠡᠪᠡ︔ ᠪᠣᠬᠢᠷᠲᠤᠯ ᠦᠭᠡᠢ ᠤᠰᠤᠨ ᠲᠤᠲᠤᠷᠭ᠎ᠠ ᠶᠢᠨ ᠵᠢᠯ ᠤᠨ ᠦᠢᠯᠡᠳᠬᠦᠨ ᠤ ᠥᠷᠲᠡᠭ ᠨᠢ 490 ᠲᠦᠮᠡᠨ ᠲᠥᠭᠦᠷᠢᠭ ᠨᠡᠮᠡᠭᠳᠡᠵᠦ᠂ ᠨᠡᠮᠡᠭᠳᠡᠯ ᠤᠨ ᠨᠤᠷᠮ᠎ᠠ 11.3% ᠳᠤ ᠬᠦᠷᠴᠦ᠂ 2000 ᠭᠠᠷᠤᠢ ᠲᠠᠷᠢᠶᠠᠯᠠᠬᠤ ᠡᠷᠦᠬᠡ ᠶᠢ ᠳᠠᠶᠢᠴᠢᠯᠠᠨ ᠡᠷᠦᠬᠡ ᠳᠤᠮᠳᠠᠴᠢ ᠶᠢᠨ ᠵᠢᠯ ᠤᠨ ᠴᠡᠪᠡᠷ ᠣᠷᠣᠯᠭ᠎ᠠ ᠶᠢ ᠪᠠᠷᠤᠭ 1.4 ᠲᠦᠮᠡᠨ ᠲᠥᠭᠦᠷᠢᠭ ᠨᠡᠮᠡᠭᠳᠡᠭᠦᠯᠵᠠᠢ᠃ 2022 ᠣᠨ ᠳᠤ᠂ ᠾᠧ ᠸᠧᠢ ᠬᠦᠢ ᠲᠠᠷᠢᠶᠠᠯᠠᠩ ᠤᠨ ᠬᠦᠭᠵᠢᠯᠲᠡ ᠶᠢᠨ ᠬᠢᠵᠠᠭᠠᠷᠲᠤ ᠺᠣᠮᠫᠠᠨᠢ ᠶᠢᠨ ︽ᠥᠪᠥᠷ ᠮᠣᠩᠭᠤᠯ︾ ᠲᠡᠮᠲᠡᠭᠲᠦ ᠪᠠᠷ ᠭᠡᠷᠡᠴᠢᠯᠡᠭᠦᠯᠦᠭᠰᠡᠨ ᠨᠠᠷᠢᠮᠤ ᠶᠢᠨ ᠤᠨᠠᠯᠲᠠ 2965 ᠲᠣᠨ ᠳᠤ ᠬᠦᠷᠴᠦ᠂ ᠳᠡᠭᠡᠷ᠎ᠡ ᠵᠢᠯ ᠤᠨ ᠬᠢ ᠠᠴᠠ ᠪᠠᠨ 45% ᠪᠠᠷ ᠨᠡᠮᠡᠭᠳᠡᠵᠦ ᠂ ᠦᠷ᠎ᠡ ᠠᠰᠢᠭ ᠨᠢ ᠢᠯᠡᠳᠲᠡ ᠳᠡᠭᠡᠭᠰᠢᠯᠡᠭᠦᠯᠪᠡ ᠃ ᠡᠳᠡᠬᠡᠷ ᠠᠵᠤ ᠠᠬᠤᠶᠢᠯᠠᠯ ᠤᠨ ᠳᠠᠶᠢᠴᠢᠯᠠᠯᠲᠠ ᠲᠤᠤᠷ᠎ᠠ᠂ 2022 ᠤᠨ ᠳᠤ ᠪᠥᠬᠦ ᠣᠷᠣᠨ ᠠᠴᠠ ︽ᠦᠪᠦᠷ ᠮᠣᠩᠭᠤᠯ︾ ᠲᠡᠮᠲᠡᠭᠲᠦ ᠪᠠᠷ ᠭᠡᠷᠡᠴᠢᠯᠡᠭᠦᠯᠬᠦ ᠪᠠᠷ ᠭᠤᠶᠤᠴᠢᠯᠠᠨ ᠮᠡᠳᠡᠭᠦᠯᠦᠭᠰᠡᠨ ᠠᠵᠤ ᠠᠬᠤᠶᠢᠯᠠᠯ 118 ᠪᠠᠶᠢᠵᠤ ᠂ ᠡᠬᠦᠨ ᠳᠤ 30 ᠠᠵᠤ ᠠᠬᠤᠶᠢᠯᠠᠯ ᠳᠤ ᠬᠡᠷᠡᠴᠢᠯᠡᠭᠡ ᠶᠢᠨ ᠬᠢᠨᠠᠨ ᠬᠠᠷᠭᠤᠭᠤᠯᠤᠯᠳᠠ ᠬᠢᠭᠰᠡᠨ ᠪᠠᠶᠢᠨ᠎ᠠ ᠃ 
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号